ᠠᠯᠠᠱᠠ ᠵᠡᠬᠦᠨ ᠬᠤᠰᠢᠭᠤᠨ ᠤ 2019 ᠤᠨ ᠤ ᠠᠵᠢᠯᠳᠠᠳ ᠤᠨ ᠪᠡᠶ᠎ᠠ ᠶᠢᠨ ᠲᠠᠮᠢᠷ ᠤᠨ ᠤᠷᠤᠯᠳᠤᠭᠠᠨ ᠡᠬᠢᠯᠡᠯ᠎ᠠ
ᠨᠡᠶᠢᠲᠡᠯᠡᠭᠰᠡᠨ ᠴᠠᠭ᠄
2019/9/4
                 ᠵᠢᠷᠤᠭ ᠪᠤᠯ᠂ ᠲᠠᠮᠢᠷᠴᠢᠳ ᠠᠯᠠᠭᠠᠳᠠᠬᠤ ᠪᠦᠮᠪᠦᠬᠡᠨ ᠤ ᠤᠷᠤᠯᠳᠤᠭᠠᠨ ᠳᠤ ᠤᠷ᠎ᠠ ᠠᠪᠢᠶᠡᠰ ᠢᠶᠠᠨ ᠭᠠᠶᠢᠬᠠᠭᠤᠯᠤᠨ᠎ᠠ᠃           ᠪᠦᠬᠦᠳᠠ ᠨᠠᠶᠢᠷᠠᠮᠳᠠᠬᠤ ᠲᠤᠮᠳᠠᠳᠤ ᠠᠷᠠᠤᠨ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠬᠡᠯᠡᠬᠦ ᠶᠢᠨ ᠲᠤᠰᠠᠳᠠ᠂ ᠠᠯᠠᠱᠠ ᠵᠡᠬᠦᠨ ᠬᠤᠰᠢᠭᠤᠨ ᠤ ᠨᠠᠮ ᠪᠠ ᠤᠯᠠᠨ ᠳᠦᠮᠡᠨ ᠤ ᠶᠡᠷᠦᠩᠬᠡᠶᠢᠯᠡᠭᠰᠡᠨ ᠦᠢᠯᠡᠴᠢᠯᠡᠬᠡᠨ ᠤ ᠲᠦᠪ ᠠᠴᠠ ᠭᠤᠤᠯᠯᠡᠨ ᠡᠷᠬᠢᠯᠡᠭᠰᠡᠨ᠂ 2019 ᠤᠨ ᠤ ᠪᠦᠬᠦ ᠬᠤᠰᠢᠭᠤᠨ ᠤ ᠠᠵᠢᠯᠳᠠᠳ ᠤᠨ ᠪᠡᠶ᠎ᠠ ᠶᠢᠨ ᠲᠠᠮᠢᠷ ᠤᠨ ᠤᠷᠤᠯᠳᠤᠭᠠᠨ 9 ᠰᠠᠷ᠎ᠠ ᠶᠢᠨ 2 ᠤᠨ ᠡᠳᠦᠷ ᠪᠠᠶᠠᠨᠬᠤᠳᠠ ᠳᠤ ᠡᠬᠢᠯᠡᠵᠦ᠂ ᠠᠶᠢᠮᠠᠭ ᠤᠨ ᠨᠠᠮ ᠤᠨ ᠬᠤᠷᠢᠶᠠᠨ ᠤ ᠲᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠪᠠᠳᠠᠷᠠᠩᠭᠤᠶᠢᠴᠣᠭᠳᠣ ᠡᠬᠢᠯᠡᠯᠳᠠ ᠶᠢᠨ ᠶᠤᠰᠤᠯᠠᠯ ᠳᠤ ᠤᠷᠤᠯᠴᠠᠭᠰᠠᠨ ᠪᠠᠶᠢᠨ᠎ᠠ᠃           ᠶᠤᠰᠤᠯᠠᠯ ᠳᠤ᠂ ᠠᠯᠠᠱᠠ ᠵᠡᠬᠦᠨ ᠬᠤᠰᠢᠭᠤᠨ ᠤ ᠡᠯ᠎ᠠ ᠰᠤᠮᠤ ᠪᠠᠯᠭᠠᠰᠤ᠂ ᠡᠯ᠎ᠠ ᠰᠠᠯᠠᠭ᠎ᠠ ᠮᠦᠴᠢᠷ᠂ ᠡᠯ᠎ᠠ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ ᠪᠤᠯᠤᠨ ᠡᠯ᠎ᠠ ᠠᠵᠦ ᠠᠬᠤᠢᠢᠯᠠᠯ ᠵᠡᠷᠬᠡ ᠠᠴᠠ ᠬᠦᠷᠦᠯᠴᠡᠨ ᠢᠷᠡᠭᠰᠡᠨ 5000 ᠭᠠᠷᠤᠢ ᠬᠦᠮᠦᠨ ᠤᠷᠤᠯᠴᠠᠵᠠᠢ᠃ ᠲᠤᠰ ᠤᠳᠠᠭᠠᠨ ᠤ ᠤᠷᠤᠯᠳᠤᠭᠠᠨ ᠪᠤᠯ ᠨᠢᠬᠡ ᠤᠳᠠᠭᠠᠨ ᠤ ᠶᠡᠷᠦᠩᠬᠡᠶᠢᠯᠡᠭᠰᠡᠨ ᠴᠢᠨᠡᠷᠳᠡᠢ ᠪᠡᠶ᠎ᠠ ᠶᠢᠨ ᠲᠠᠮᠢᠷ ᠤᠨ ᠤᠷᠤᠯᠳᠤᠭᠠᠨ ᠪᠤᠯᠬᠤᠷ᠂ ᠨᠠᠶᠢᠳᠠ 7 ᠡᠳᠦᠷ ᠤᠨ ᠬᠤᠭᠤᠴᠠᠭ᠎ᠠ ᠲᠠᠢ ᠶᠠᠪᠤᠭᠳᠠᠵᠦ᠂ 77 ᠲᠦᠯᠦᠬᠡᠯᠡᠭᠴᠢᠳ ᠤᠨ ᠠᠩᠬᠢ ᠶᠢᠨ 900 ᠭᠠᠷᠤᠢ ᠲᠠᠮᠢᠷᠴᠢᠳ ᠠᠯᠠᠭᠠᠳᠠᠬᠤ ᠪᠦᠮᠪᠦᠭᠡ᠂ ᠬᠦᠯ ᠪᠦᠮᠪᠦᠭᠡ᠂ ᠫᠢᠡᠭᠫᠠᠨᠭ᠌ ᠪᠦᠮᠪᠦᠭᠡ ᠵᠡᠷᠬᠡ 10 ᠭᠠᠷᠤᠢ ᠲᠦᠷᠦᠯ ᠤᠨ ᠤᠷᠤᠯᠳᠤᠭᠠᠨ ᠳᠤ ᠰᠢᠨᠳᠠᠰᠦ ᠪᠠᠨ ᠰᠢᠯᠭᠠᠬᠤ ᠪᠤᠯᠤᠨ᠎ᠠ᠃                                                        (ᠵᠣᠬᠢᠶᠠᠭᠴᠢ᠄ ᠪᠤᠤ ᠶᠦᠨ ᠹᠸᠡᠭ)
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号