ᠠᠯᠠᠱᠠ ᠪᠠᠷᠠᠭᠤᠨ ᠬᠤᠰᠢᠭᠤ ︽ᠤᠯᠠᠭᠠᠨᠮᠥ᠋ᠴᠢᠷ +︾ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/1/17
      ᠣᠶᠢᠷ᠎ᠠ ᠶᠢᠨ ᠡᠳᠦᠷ ᠤᠳ ᠲᠤ᠂ ᠠᠯᠠᠱᠠ ᠪᠠᠷᠠᠭᠤᠨ ᠬᠤᠰᠢᠭᠤᠨ ᠤ ᠤᠯᠠᠭᠠᠨᠮᠥ᠋ᠴᠢᠷ ᠤᠨ ᠭᠡᠰᠢᠭᠦᠳ ᠬᠠᠬᠢᠷ ᠬᠦᠢᠲᠡᠨ ᠢ ᠬᠠᠶᠢᠬᠤᠷᠤᠯ ᠥᠬᠡᠶ ᠪᠠᠷ᠂ ︽ᠤᠯᠠᠭᠠᠨᠮᠥ᠋ᠴᠢᠷ +︾ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠨᠠᠮ ᠤᠨ ᠲᠥᠷᠥ ᠶᠢᠨ ᠪᠣᠳᠣᠯᠭ᠎ᠠ ᠪᠠ ᠠᠷᠠᠳ ᠲᠤ ᠠᠰᠢᠭ ᠬᠦᠷᠲᠡᠭᠡᠬᠦ ᠡᠯ᠎ᠡ ᠵᠦᠶᠯ ᠤᠨ ᠦᠶᠯᠡᠴᠢᠯᠡᠭᠡ ᠶᠢ ᠮᠠᠯᠴᠢᠨ ᠲᠠᠷᠢᠶᠠᠴᠢᠨ ᠤ ᠳᠤᠮᠳᠠ ᠬᠦᠷᠭᠡᠵᠦ᠂ ᠦᠨᠳᠦᠰᠦᠨ ᠱᠠᠳᠣᠨ ᠤ ᠣᠯᠠᠨ ᠲᠦᠮᠡᠨ ᠳᠤ ᠨᠠᠮ ᠪᠠ ᠵᠠᠰᠠᠭ ᠤᠨ ᠬᠠᠶᠢᠷ᠎ᠠ ᠬᠠᠯᠠᠮᠵᠢ ᠶᠢ ᠦᠨᠡᠨᠬᠦ ᠮᠡᠳᠡᠷᠡᠭᠦᠯᠪᠡ᠃       ᠠᠯᠠᠱᠠ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ᠂ ᠤᠯᠠᠭᠠᠨᠮᠥ᠋ᠴᠢᠷ᠂ ᠮᠣᠩᠭᠤᠯ ᠡᠮᠨᠡᠯᠭᠡ  ᠶᠢᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠠᠵᠢᠯᠲᠠᠨ ᠢᠶᠠᠷ ᠪᠦᠷᠢᠯᠳᠦᠭᠰᠡᠨ ᠰᠠᠶᠢᠨ ᠳᠣᠷ᠎ᠠ ᠶᠢᠨ ᠦᠶᠯᠡᠴᠢᠯᠡᠭᠡᠨ ᠤ ᠠᠩᠭᠢ ᠪᠠᠶᠠᠨᠭᠤᠤᠯ ᠰᠣᠮᠣᠨ ᠳᠤ ᠬᠦᠷᠴᠦ᠂ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠲᠤᠬᠠᠶ ᠶᠢᠨ ᠭᠠᠵᠠᠷ ᠤᠨ ᠣᠯᠠᠨ ᠳᠦᠮᠡᠨ ᠳᠤ ᠡᠪᠦᠯ ᠤᠨ ᠡᠳᠦᠷ ᠤᠨ ᠬᠠᠶᠢᠷ᠎ᠠ ᠬᠠᠯᠠᠮᠵᠢ ᠶᠢ ᠬᠦᠷᠲᠡᠭᠡᠪᠡ᠃       ᠲᠣᠰ ᠤᠳᠠᠭᠠᠨ ᠤ ᠠᠵᠢᠯᠯᠠᠭ᠎ᠠ ᠨᠢ ᠣᠨᠣᠯ ᠢ ᠤᠬᠠᠭᠤᠯᠤᠨ ᠲᠠᠶᠢᠯᠪᠤᠷᠢᠯᠠᠬᠤ᠂ ᠲᠥᠷᠥ ᠶᠢᠨ ᠪᠣᠳᠣᠯᠭ᠎ᠠ  ᠶᠢᠨ ᠯᠠᠪᠯᠠᠯᠭ᠎ᠠ ᠥᠭᠬᠦ᠂ ᠰᠢᠨᠵᠢᠯᠡᠭᠡ ᠮᠡᠷᠭᠡᠵᠢᠯ ᠤᠨ ᠪᠣᠯᠪᠠᠰᠤᠷᠠᠯ᠂ ᠡᠮᠴᠢᠯᠡᠭᠡ ᠡᠷᠡᠭᠦᠯᠵᠢᠯ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠵᠡᠷᠭᠡ ᠦᠶᠯᠡᠴᠢᠯᠡᠭᠡᠨ ᠤ ᠲᠥᠷᠥᠯ ᠵᠦᠶᠯ ᠢ ᠡᠮᠬᠢᠯᠡᠨ ᠨᠡᠶᠢᠯᠡᠭᠦᠯᠵᠦ᠂ ᠠᠳᠠᠯᠢ ᠪᠤᠰᠤ ᠨᠢᠭᠡᠴᠡ ᠶᠢᠨ ᠠᠵᠢᠯᠲᠠᠳ ᠨᠢ ᠲᠣᠰ ᠲᠣᠰ ᠤᠨ ᠢᠶᠠᠨ ᠲᠤᠰᠬᠠᠶ ᠮᠡᠷᠭᠡᠵᠢᠯ ᠤᠨ ᠣᠨᠴᠠ ᠴᠢᠳᠠᠪᠤᠷᠢ ᠲᠠᠢ ᠪᠠᠨ ᠤᠶᠠᠯᠳᠣᠭᠤᠯᠣᠨ ᠮᠠᠯᠴᠢᠨ ᠲᠠᠷᠢᠶᠠᠴᠢᠨ ᠣᠯᠠᠨ ᠲᠦᠮᠡᠨ ᠳᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠦᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ᠂ ᠬᠠᠤᠯᠢ ᠴᠠᠭᠠᠵᠠ ᠶᠢᠨ ᠮᠡᠳᠡᠯᠭᠡ ᠶᠢᠨ ᠤᠬᠠᠭᠤᠯᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠮᠡᠳᠡᠯᠭᠡ ᠶᠢᠨ ᠯᠠᠪᠯᠠᠯᠭ᠎ᠠ ᠵᠡᠷᠭᠡ ᠶᠡᠷᠦᠩᠬᠡᠶᠢᠯᠡᠭᠰᠡᠨ ᠦᠶᠯᠡᠴᠢᠯᠡᠭᠡ ᠶᠢ ᠥᠷᠨᠢᠭᠦᠯᠬᠦ ᠶᠢᠨ ᠬᠠᠮᠲᠤ᠂ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠳᠣᠬᠠᠢ 66 ᠵᠤᠷᠪᠤᠰ᠂ ᠬᠠᠤᠯᠢ ᠴᠠᠭᠠᠵᠠ ᠶᠢᠨ ᠤᠬᠠᠭᠤᠯᠭ᠎ᠠ ᠶᠢᠨ ᠲᠦᠷᠭᠡᠨ ᠮᠡᠳᠡᠭᠡ ᠵᠡᠷᠭᠡ ᠤᠬᠠᠭᠤᠯᠭ᠎ᠠ ᠶᠢᠨ ᠭᠠᠷ ᠳᠡᠪᠲᠡᠷ ᠢ 1000 ᠬᠤᠪᠢ ᠲᠠᠷᠬᠠᠭᠠᠪᠠ᠃       2019 ᠣᠨ ᠤ 11 ᠰᠠᠷ᠎ᠠ ᠳᠤ᠂ ᠠᠯᠠᠱᠠ ᠪᠠᠷᠠᠭᠤᠨ ᠬᠤᠰᠢᠭᠤ ︽ᠤᠯᠠᠭᠠᠨᠮᠥ᠋ᠴᠢᠷ ᠤᠨ ᠵᠣᠷᠢᠭ ᠰᠠᠨᠠᠭ᠎ᠠ  ᠶᠢ ᠪᠠᠳᠠᠷᠠᠭᠤᠯᠵᠦ᠂ ᠠᠷᠠᠳ ᠲᠦᠮᠡᠨ ᠤ ᠳᠤᠮᠳᠠ ᠬᠦᠨᠵᠡᠭᠡᠶᠢᠷᠡᠬᠦ︾ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠦᠶᠯᠡᠴᠢᠯᠡᠭᠡᠨ ᠤ ᠠᠵᠢᠯᠯᠠᠭ᠎ᠠ ᠶᠢ ᠡᠬᠢᠯᠡᠭᠦᠯᠵᠦ᠂ ︽ᠤᠯᠠᠭᠠᠨᠮᠥ᠋ᠴᠢᠷ +︾ ᠠᠷᠭ᠎ᠠ ᠮᠠᠶ᠋ᠢᠭ ᠢᠶᠠᠷ ᠣᠯᠠᠨ ᠰᠠᠯᠠᠭ᠎ᠠ ᠮᠥᠴᠢᠷ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ︽ᠲᠠᠯ᠎ᠠ ᠨᠤᠲᠤᠭ ᠤᠨ ᠶᠡᠷᠦᠩᠬᠡᠶᠢᠯᠡᠭᠰᠡᠨ ᠦᠶᠯᠡᠴᠢᠯᠡᠭᠡᠨ  ᠤ ᠬᠥᠩᠭᠡᠨ ᠮᠣᠷᠢᠲᠤ ᠴᠡᠷᠢᠭ︾ ᠢ ᠵᠣᠬᠢᠶᠠᠨ ᠪᠠᠶᠢᠭᠤᠯᠵᠤ᠂ 3 ᠰᠠᠷ᠎ᠠ ᠶᠢᠨ ᠴᠠᠭ ᠢ ᠠᠰᠢᠭᠯᠠᠨ ᠡᠯ᠎ᠡ ᠰᠤᠮᠤ ᠪᠠᠯᠭᠠᠰᠤ ᠭᠠᠴᠠᠭ᠎ᠠ᠂ ᠬᠢᠯᠢ ᠶᠢᠨ ᠰᠡᠷᠭᠡᠶᠢᠯᠡᠯᠲᠡ ᠶᠢᠨ ᠬᠠᠷᠠᠭᠤᠯ ᠤᠨ ᠭᠠᠵᠠᠷ ᠵᠡᠷᠭᠡ ᠣᠯᠠᠨ ᠦᠶᠯᠡᠴᠢᠯᠡᠭᠡᠨ ᠤ ᠴᠡᠭ  ᠲᠤ ᠬᠦᠷᠴᠦ ᠦᠨᠳᠦᠰᠦᠨ ᠱᠠᠲᠤᠨ ᠳᠤ ᠤᠳᠬ᠎ᠠ ᠤᠷᠠᠯᠢᠭ ᠤᠨ ᠲᠣᠭᠯᠠᠯᠲᠠ᠂ ᠣᠨᠣᠯ ᠤᠨ ᠤᠬᠠᠭᠤᠯᠤᠨ ᠲᠠᠶᠢᠯᠪᠤᠷᠢᠯᠠᠯᠲᠠ᠂ ᠲᠠᠷᠢᠶᠠᠯᠠᠩ ᠮᠠᠯ ᠠᠵᠤ ᠠᠬᠤᠶ ᠵᠢᠴᠢ ᠰᠢᠨᠵᠢᠯᠡᠭᠡ ᠮᠡᠷᠭᠡᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠤᠯᠤᠰ ᠲᠥᠷᠥ ᠬᠠᠤᠯᠢ ᠴᠠᠭᠠᠵᠠ᠂ ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠳᠠ ᠶᠢᠨ ᠠᠵᠢᠯ ᠵᠡᠷᠭᠡ ᠶᠡᠷᠦᠩᠬᠡᠶᠢᠯᠡᠭᠰᠡᠨ ᠦᠶᠯᠡᠴᠢᠯᠡᠭᠡ ᠶᠢ  ᠬᠠᠩᠭᠠᠪᠠ᠃       1 ᠰᠠᠷ᠎ᠠ ᠶᠢᠨ 12 ᠤᠨ ᠡᠳᠦᠷ᠂ ᠠᠯᠠᠱᠠ ᠪᠠᠷᠠᠭᠤᠨ ᠬᠤᠰᠢᠭᠤᠨ ᠤ ᠤᠯᠠᠭᠠᠨᠮᠥ᠋ᠴᠢᠷ ᠤᠨ ᠠᠷᠪᠠᠨ ᠬᠡᠳᠦᠨ ᠭᠡᠰᠢᠭᠦᠨ ᠳᠠᠬᠢᠨᠲᠠ ᠮᠣᠷᠳᠠᠵᠤ᠂ ᠭᠤᠶᠢᠳᠠ ᠰᠠᠶᠢᠬᠠᠨ ᠲᠣᠭᠯᠠᠯᠲᠠ ᠶᠢ ᠪᠠᠳᠠᠶ ᠶᠢᠨ ᠵᠢᠷᠠᠨ ᠪᠠᠯᠭᠠᠰᠤᠨ ᠤ ᠪᠠᠶᠠᠨ ᠪᠦᠭᠡᠷᠡᠭ ᠭᠠᠴᠠᠭᠠᠨ ᠤ ᠳᠡᠮᠡᠭᠡᠴᠢᠨ  ᠠᠶᠢᠯ ᠶᠦᠩ ᠬᠤᠩ ᠤᠨ ᠳᠤ᠂ ᠳᠠᠭᠤᠤ ᠪᠥᠵᠢᠭ ︽ᠬᠠᠨ ᠲᠩᠷᠢ ᠠᠯᠠᠱᠨ︾᠂ ︽ᠲᠠᠯ᠎ᠠ ᠨᠤᠲᠤᠭ ᠤᠨ ᠳᠠᠭᠤᠤ︾᠂ ᠭᠤᠴᠣᠯᠠᠯ ᠳᠠᠭᠤᠤ ︽ᠬᠠᠷ᠎ᠠ ᠨᠢᠳᠦᠨ ᠪᠦᠰᠡᠬᠦᠢ︾᠂ ︽ᠠᠪᠤ︾ ᠵᠡᠷᠭᠡ ᠭᠤᠶᠢᠳᠠ ᠰᠠᠶᠢᠬᠠᠨ ᠲᠣᠭᠯᠠᠯᠲᠠ ᠪᠠᠷ ᠶᠦᠩ ᠬᠤᠩ ᠤᠨ ᠬᠡᠷ ᠪᠦᠯᠢ ᠳᠤ ᠰᠠᠷ᠎ᠠ ᠰᠢᠨ᠎ᠡ ᠶᠢᠨ ᠰᠠᠶᠢᠬᠠᠨ ᠵᠥᠩᠨᠡᠯ ᠢ ᠳᠡᠪᠰᠢᠭᠦᠯᠵᠡᠶ᠃        ᠠᠯᠠᠱᠠ ᠪᠠᠷᠠᠭᠤᠨ ᠬᠤᠰᠢᠭᠤᠨ ᠤ ᠤᠯᠠᠭᠠᠨᠮᠥ᠋ᠴᠢᠷ ᠪᠠᠰᠠ ᠪᠥᠬᠦ ᠬᠤᠰᠢᠭᠤᠨ ᠤ ︽ᠳᠥᠷᠪᠡᠨ ᠬᠤᠷᠠᠯ︾  ᠤᠨ ᠵᠣᠷᠢᠭ ᠰᠠᠨᠠᠭ᠎ᠠ ᠶᠢ ᠴᠠᠭ ᠲᠤᠬᠠᠶ ᠳᠤᠨᠢ ᠤᠬᠠᠭᠤᠯᠵᠤ᠂ ᠴᠠᠭᠠᠨ ᠰᠠᠷ᠎ᠠ ᠠᠴᠠ ᠡᠮᠦᠨᠡᠬᠡᠨ᠂ ᠠᠯᠠᠱᠠ ᠪᠠᠷᠠᠭᠤᠨ ᠬᠤᠰᠢᠭᠤᠨ ᠤ ᠤᠯᠠᠭᠠᠨᠮᠥ᠋ᠴᠢᠷ ᠨᠡᠶᠢᠲᠡ 20 ᠭᠠᠷᠤᠶ ᠲᠠᠯᠠᠪᠠᠶ ᠲᠣᠭᠯᠠᠯᠲᠠ ᠭᠠᠷᠭᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号