ᠪᠠᠶᠢᠭᠠᠯᠢ ᠶᠢᠨ ᠣᠷᠴᠢᠨ ᠳᠣᠭᠤᠷᠢᠨ — ᠨᠠᠷᠨ ᠰᠠᠯᠬᠢᠨ ᠤ ᠡᠬᠢ ᠪᠠᠶᠠᠯᠢᠭ
ᠨᠡᠶᠢᠲᠡᠯᠡᠭᠰᠡᠨ ᠴᠠᠭ᠄
2020/1/2
       ᠠᠯᠠᠱᠨ ᠠᠶᠢᠮᠠᠭ ᠨᠢ ᠦᠨᠲᠤᠷ ᠤᠭᠳᠠᠷᠭᠤᠢ ᠶᠢᠨ ᠪᠠᠷᠠᠭᠤᠨ ᠰᠠᠯᠬᠢᠨ ᠤ ᠤᠷᠴᠢᠯᠲᠤ ᠤᠷᠤᠰᠬᠠᠯ ᠤᠨ ᠤᠷᠤᠨ ᠪᠠᠶᠢᠵᠦ᠂ ᠪᠦᠬᠦ ᠤᠯᠤᠰ ᠲᠤ ᠭᠡᠷᠡᠯ ᠢᠯᠴᠢ ᠰᠠᠯᠬᠢᠨ ᠤ ᠡᠨᠧᠷᠬᠢ ᠪᠠᠷ ᠬᠠᠮᠤᠭ ᠤᠨ ᠡᠯᠪᠡᠭ ᠭᠠᠵᠠᠷ ᠤᠷᠤᠨ  ᠤ ᠨᠢᠭᠡ ᠨᠢ ᠶᠤᠮ᠂ ᠵᠢᠯ ᠤᠨ ᠨᠠᠷᠠᠨ ᠤ ᠲᠤᠰᠤᠯᠳᠠ ᠶᠢᠨ ᠴᠠᠭ ᠤᠨ ᠲᠤᠭ᠎ᠠ ᠨᠢ 3000 ᠴᠠᠭ ᠠᠴᠠ ᠢᠯᠡᠬᠦᠦ ᠪᠠᠶᠢᠵᠦ᠂ ᠰᠠᠯᠬᠢᠨ ᠤ ᠡᠨᠧᠷᠬᠢ ᠶᠢᠨ ᠬᠠᠳᠠᠭᠠᠯᠠᠭᠳᠠᠭᠰᠠᠨ ᠡᠨᠧᠷᠬᠢ ᠨᠢ ᠪᠠᠷᠤᠭ 2.1 ᠳ᠋ᠦᠩᠰᠢᠭᠤᠷ ᠺᠢᠯᠤᠸ᠋ᠨᠲ᠂ ᠨᠠᠷᠠᠨ ᠤ ᠡᠨᠧᠷᠬᠢ ᠶᠢ ᠨᠡᠭᠡᠭᠡᠨ ᠠᠰᠢᠭᠯᠠᠵᠦ ᠪᠤᠯᠬᠤ ᠭᠡᠮᠵᠢᠶ᠎ᠠ ᠨᠢ 6 ᠳ᠋ᠦᠩᠰᠢᠭᠤᠷ ᠺᠢᠯᠤᠸᠠᠲ ᠪᠤᠯᠤᠨ᠎ᠠ᠃ ᠠᠯᠠᠱᠨ  ᠪᠠᠷ ᠭᠤᠤᠯ ᠪᠤᠯᠭᠠᠭᠰᠠᠨ ᠮᠢᠩᠭᠠᠨ ᠲᠦᠮᠠᠨ ᠺᠢᠯᠤᠸᠠᠲ ᠤᠨ ᠲᠡᠰ ᠤᠨ ᠰᠠᠯᠬᠢ ᠭᠡᠷᠡᠯ ᠢᠯᠴᠢ ᠶᠢᠨ ᠶᠠᠷᠤᠩᠭᠡᠶᠢᠯᠡᠭᠰᠡᠨ ᠰᠢᠨ᠎ᠠ ᠡᠨᠧᠷᠬᠢ ᠶᠢᠨ ᠰᠠᠭᠤᠷᠢᠨ ᠭᠠᠵᠠᠷ ᠪᠤᠯᠤᠨ ᠲᠤᠭᠳᠠᠮᠠᠯ ᠬᠦᠶᠦᠳᠡᠯᠲᠤ ᠭᠡᠲᠤ ᠦᠨᠲᠤᠷ ᠲᠠᠷᠤᠴᠠᠲᠤ ᠴᠠᠬᠢᠯᠭᠠᠨ ᠬᠦᠴᠤᠨ ᠢ ᠭᠠᠳᠠᠭᠰᠢ ᠬᠦᠷᠭᠡᠬᠦ ᠵᠠᠮ ᠢ ᠲᠦᠷᠭᠡᠳᠭᠡᠨ ᠪᠠᠶᠢᠭᠤᠯᠵᠦ᠂ ᠰᠢᠨ᠎ᠠ ᠡᠨᠧᠷᠬᠢ ᠶᠢᠨ ᠬᠦᠭᠵᠢᠯᠳᠡ ᠶᠢᠨ ᠪᠠᠶᠢᠳᠠᠯ ᠴᠢᠩᠭ᠎ᠠ ᠡᠷᠴᠢᠮ ᠲᠠᠢ ᠪᠠᠶᠢᠵᠦ᠂ ᠢᠷᠡᠭᠡᠲᠤᠢ ᠭᠡᠭᠡᠨ ᠰᠠᠷᠠᠭᠤᠯ ᠪᠠᠶᠢᠨ᠎ᠠ᠃ ᠤᠲᠤᠬᠠᠨ ᠳᠤ᠂ ᠪᠦᠬᠦ ᠠᠶᠢᠮᠠᠭ  ᠲᠤ ᠰᠢᠨ᠎ᠠ ᠡᠨᠧᠷᠬᠢ ᠶᠢᠨ ᠠᠵᠤ ᠠᠬᠤᠶᠢᠯᠠᠯ ᠨᠢ 26 ᠡᠷᠤᠭᠡ ᠪᠠᠶᠢᠵᠦ᠂ ᠲᠠᠬᠢᠨ ᠡᠬᠦᠰᠴᠦ ᠪᠤᠯᠬᠤ ᠡᠨᠧᠷᠬᠢ ᠶᠢᠨ ᠲᠤᠨᠤᠭᠯᠠᠯ ᠮᠠᠰᠢᠨ ᠤ ᠪᠠᠭᠳᠠᠭᠠᠮᠵᠢ ᠨᠢ 131 ᠲᠦᠮᠠᠨ ᠺᠢᠯᠤᠸᠠᠲ ᠪᠠᠶᠢᠨ᠎ᠠ᠃ ᠡᠬᠦᠨ ᠳᠤ᠂ ᠰᠠᠯᠬᠢᠨ ᠴᠠᠬᠢᠯᠭᠠᠨ ᠤ ᠲᠤᠨᠤᠭᠯᠠᠯ ᠮᠠᠰᠢᠨ ᠤ ᠪᠠᠭᠳᠠᠭᠠᠮᠵᠢ ᠨᠢ 65 ᠲᠦᠮᠠᠨ ᠺᠢᠯᠤᠸᠠᠲ ᠪᠠᠶᠢᠨ᠎ᠠ︔ ᠭᠡᠷᠡᠯ ᠴᠡᠨᠡᠭᠯᠠᠯ ᠤᠨ ᠲᠤᠨᠤᠭᠯᠠᠯ ᠮᠠᠰᠢᠨ ᠤ ᠪᠠᠭᠳᠠᠭᠠᠮᠵᠢ ᠨᠢ 66 ᠲᠦᠮᠠᠨ ᠺᠢᠯᠤᠸᠠᠲ ᠪᠠᠶᠢᠨ᠎ᠠ᠃ ᠪᠦᠬᠦ ᠠᠶᠢᠮᠠᠭ ᠤᠨ ᠴᠠᠬᠢᠯᠭᠠᠨ ᠲᠤᠤᠷᠵᠢᠯ ᠨᠢ ᠨᠢᠭᠡᠨᠳᠡ ᠵᠢᠷᠠᠲᠠᠢ ᠪᠠ ᠬᠤᠯᠠᠳᠠᠬᠢᠨ ᠢ ᠲᠤᠭᠳᠠᠭᠠᠭᠴᠢ ᠬᠤᠷᠢᠶ᠎ᠠ ᠶᠢᠨ ᠬᠤᠶᠠᠷ ᠰᠠᠭᠤᠷᠢ 500 ᠺᠢᠯᠤᠸᠤᠯᠲ ᠤᠨ ᠴᠠᠬᠢᠯᠭᠠᠨ ᠬᠤᠪᠢᠰᠬᠠᠭᠤᠷ ᠤᠨ ᠦᠷᠳᠡᠭᠡ ᠪᠠᠷ ᠲᠦᠪ ᠪᠤᠯᠭᠠᠵᠦ᠂ 10 ᠰᠠᠭᠤᠷᠢ 220 ᠺᠢᠯᠤᠸᠤᠯᠲ ᠤᠨ ᠴᠠᠬᠢᠯᠭᠠᠨ ᠬᠤᠪᠢᠰᠬᠠᠭᠤᠷ ᠤᠨ ᠦᠷᠳᠡᠭᠡ ᠶᠢᠨ ᠰᠠᠴᠤᠷᠠᠯᠳᠠ ᠪᠠᠷ ᠭᠤᠤᠯ ᠲᠤᠤᠷᠵᠢᠯ ᠤᠨ ᠱᠤᠭᠤᠮ ᠪᠤᠯᠭᠠᠭᠰᠠᠨ ᠴᠠᠬᠢᠯᠭᠠᠨ ᠬᠠᠩᠭᠠᠬᠤ ᠲᠤᠤᠷ ᠪᠤᠢ ᠪᠤᠯᠵᠦ᠂ ᠴᠠᠬᠢᠯᠭᠠᠨ ᠱᠤᠭᠤᠮ ᠤᠨ ᠪᠦᠬᠦ ᠤᠷᠲᠤ ᠨᠢ 5713 ᠺᠢᠯᠤᠮᠧᠲᠷ ᠶᠤᠮ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号