ᠰ᠊ · ᠫᠦᠷᠪᠦ — ᠠᠯᠠᠱᠠ ᠤᠯᠠᠭᠠᠨᠮᠦ᠋ᠴᠢᠷ ᠤᠨ ᠰᠠᠭᠤᠷᠢᠯᠠᠬᠴᠢ
ᠨᠡᠶᠢᠲᠡᠯᠡᠭᠰᠡᠨ ᠴᠠᠭ᠄
2020/1/6
        ᠰ᠊ · ᠫᠦᠷᠪᠦ( 1928 — 1989 ᠤᠨ)ᠪᠤᠯ ᠠᠯᠠᠱᠠ ᠶᠢᠨ ᠰᠢᠨ᠎ᠠ ᠴᠠᠭ ᠦᠶ᠎ᠠ ᠶᠢᠨ ᠲᠠᠭᠤᠤ ᠬᠦᠭᠵᠢᠮ ᠤᠨ ᠰᠤᠶᠤᠯ ᠤᠨ ᠰᠠᠭᠤᠷᠢᠯᠠᠬᠴᠢ᠂ ᠦᠪᠨᠷᠳᠡᠬᠡᠨ ᠵᠠᠰᠠᠬᠤ ᠤᠷᠤᠨ ᠤ ᠰᠢᠭᠤᠳ ᠬᠠᠷᠢᠶ᠎ᠠ ᠤᠯᠠᠭᠠᠨᠮᠦ᠋ᠴᠢᠷ ᠤᠨ ᠠᠩᠬᠠᠨ ᠤ ᠲᠠᠷᠤᠭ᠎ᠠ᠂ ᠮᠦᠨᠴᠤ ᠠᠯᠠᠱᠠ ᠶᠢᠨ ᠤᠯᠠᠭᠠᠨᠮᠦ᠋ᠴᠢᠷ ᠤᠨ ᠠᠩᠬᠠᠨ ᠤ ᠲᠠᠷᠤᠭ᠎ᠠ᠂ ᠦᠪᠡᠷᠳᠡᠬᠡᠨ ᠵᠠᠰᠠᠬᠤ ᠤᠷᠤᠨ ᠤ ᠤᠯᠠᠭᠠᠨᠮᠦ᠋ᠴᠢᠷ ᠤᠨ ᠪᠦᠬᠦ ᠤᠯᠤᠰ ᠲᠤ ᠲᠤᠭᠤᠷᠢᠨ ᠲᠤᠬᠯᠠᠬᠤ ᠭᠤᠷᠪᠠᠳᠤᠭᠠᠷ ᠠᠩᠬᠢ ᠶᠢᠨ ᠲᠠᠷᠤᠭ᠎ᠠ᠂ ᠲᠠᠷᠠ ᠮᠠᠤ ᠴᠧ ᠳ᠋ᠦᠡᠭ ᠲᠠᠷᠢᠬᠦᠯᠡᠭᠴᠢ᠂ ᠵᠸᠤ ᠡᠸ᠋ᠨ ᠯᠠᠢ ᠶᠠᠷᠦᠩᠬᠡᠢ ᠰᠠᠶᠢᠳ ᠵᠡᠷᠭᠡ ᠨᠠᠮ ᠪᠠ ᠤᠯᠤᠰ ᠤᠨ ᠤᠳᠤᠷᠢᠳᠬᠤ ᠬᠦᠮᠦᠰ ᠤᠨ ᠲᠦᠷᠪᠡᠨ ᠤᠳᠠᠭᠠᠨ ᠤ ᠠᠭᠤᠯᠵᠠᠯᠳᠠ ᠶᠢ ᠬᠦᠯᠢᠶᠠᠵᠠᠢ︔ ᠲᠡᠬᠦᠨ ᠤ ᠲᠠᠭᠤᠤ ᠪᠦᠵᠢᠭ ᠨᠢ ᠰᠢᠨ᠎ᠠ ᠮᠠᠯᠵᠢᠬᠤ ᠤᠷᠤᠨ ᠤ ᠬᠤᠪᠢᠷᠠᠯᠳᠠ ᠬᠦᠭᠵᠢᠯᠳᠡ ᠶᠢ ᠲᠡᠮᠳᠡᠭᠯᠡᠵᠤ᠂ ᠤᠳᠤ ᠴᠤ ᠬᠡᠰᠡᠨ ᠠᠷᠠᠳ ᠤᠨ ᠲᠤᠮᠳᠠ ᠦᠷᠬᠡᠨ ᠢᠶᠠᠷ ᠲᠠᠮᠵᠢᠨ ᠤᠯᠠᠮᠵᠢᠯᠠᠬᠳᠠᠬᠰᠠᠭᠠᠷ ᠁      ᠰ᠊ · ᠫᠦᠷᠪᠦ 1957 ᠤᠨ ᠳᠤ ᠠᠯᠠᠱᠠ ᠶᠢᠨ ᠰᠤᠶᠤᠯ ᠤᠨ ᠠᠵᠢᠯ ᠤᠨ ᠠᠩᠬᠢ ᠶᠢ ᠠᠩᠬ᠎ᠠ ᠪᠠᠶᠢᠭᠤᠯᠵᠤ᠂ ᠬᠤᠶᠠᠳᠤᠭᠠᠷ ᠵᠢᠯ ᠳᠤᠨᠢ ᠠᠯᠠᠱᠠ ᠤᠯᠠᠭᠠᠨᠮᠦ᠋ᠴᠢᠷ ᠢ ᠡᠬᠦᠰᠬᠡᠨ ᠪᠠᠶᠢᠭᠤᠯᠬᠤ ᠶᠢᠨ ᠬᠠᠮᠳᠤ ᠲᠠᠷᠤᠭ᠎ᠠ ᠶᠢᠨ ᠲᠤᠰᠢᠶᠠᠯ ᠢ ᠬᠠᠷᠢᠭᠤᠴᠠᠵᠠᠢ᠃ ᠠᠯᠠᠱᠠ ᠤᠯᠠᠭᠠᠨᠮᠦ᠋ᠴᠢᠷ ᠤᠨ ᠰᠠᠭᠤᠷᠢ ᠲᠠᠯᠪᠢᠬᠴᠢ ᠪᠤᠯᠤᠬᠰᠠᠨ ᠤ ᠬᠤᠪᠢ ᠳᠤ᠂ ᠰ᠊ · ᠫᠥᠷᠪᠦ ᠠᠯᠠᠱᠠ ᠤᠯᠠᠭᠠᠨᠮᠦ᠋ᠴᠢᠷ ᠤᠨ ᠪᠦᠳᠦᠬᠡᠨ ᠪᠠᠶᠢᠭᠤᠯᠤᠯᠳᠠ ᠪᠠ ᠬᠦᠭᠵᠢᠯᠳᠡ ᠶᠢᠨ ᠲᠦᠯᠦᠬᠡ ᠨᠠᠰᠤ ᠪᠠᠷ ᠢᠶᠠᠨ ᠲᠠᠮᠠᠴᠠᠪᠡ᠃        1965 ᠤᠨ ᠳᠤ ᠰ᠊ · ᠫᠦᠷᠪᠦ ᠤᠯᠠᠭᠠᠨᠮᠦ᠋ᠴᠢᠷ ᠤᠨ ᠪᠦᠬᠦ ᠤᠯᠤᠰ ᠲᠤ ᠲᠤᠭᠤᠷᠢᠨ ᠲᠤᠬᠯᠠᠬᠤ ᠭᠤᠷᠪᠠᠳᠤᠭᠠᠷ ᠠᠩᠬᠢ ᠶᠢᠨ ᠲᠠᠷᠤᠭ᠎ᠠ ᠪᠤᠯᠵᠤ ᠲᠤᠬᠯᠠᠬᠴᠢᠳ ᠢᠶᠠᠨ ᠲᠠᠭᠠᠭᠤᠯᠤᠨ᠂ ᠨᠢᠩᠰᠢᠶᠠ᠂ ᠭᠠᠨᠰᠦ᠂ ᠬᠦᠬᠡᠨᠠᠭᠤᠷ᠂ ᠰᠢᠨᠵᠢᠶᠠᠩ᠂ ᠲᠦᠪᠡᠳ ᠵᠡᠷᠭᠡ ᠭᠠᠵᠠᠷ ᠢᠶᠠᠷ ᠶᠠᠪᠤᠵᠤ ᠲᠤᠬᠯᠠᠯᠳᠠ ᠭᠠᠷᠭᠠᠵᠤ᠂ ᠲᠡᠬᠦᠨ ᠤ ᠵᠤᠬᠢᠶᠠᠨ ᠪᠦᠳᠦᠬᠡᠭᠰᠡᠨ《ᠨᠢᠬᠡᠳᠦᠯ ᠤᠨ ᠲᠡᠮᠡᠭᠡᠴᠢᠨ》《ᠤᠨᠤᠭᠠᠨ ᠳᠠᠭᠠᠨ ᠰᠢᠷᠦᠬᠦᠨ ᠬᠦᠮᠦᠨ》ᠵᠡᠷᠭᠡ ᠨᠢ ᠤᠯᠠᠨ ᠲᠥᠮᠡᠨ ᠳᠤ ᠶᠡᠭᠡᠳᠡ ᠲᠠᠭᠠᠯᠠᠬᠳᠠᠵᠡᠢ᠃      ᠰ᠊ · ᠫᠦᠷᠪᠦ ᠤᠯᠠᠭᠠᠨᠮᠦ᠋ᠴᠢᠷ ᠲᠤ ᠠᠵᠢᠯᠯᠠᠵᠤ ᠪᠠᠶᠢᠬᠤ ᠳᠠᠭᠠᠨ《ᠲᠦᠷᠪᠡᠨ ᠠᠩᠬᠠᠨ ᠤ》 ᠶᠢ ᠡᠬᠦᠳᠪᠡ᠃ ᠲᠠᠷᠤᠢ ᠠᠯᠠᠱᠠ ᠤᠯᠠᠭᠠᠨᠮᠦ᠋ᠴᠢᠷ ᠶᠢ ᠡᠬᠦᠰᠬᠡᠨ ᠪᠠᠶᠢᠭᠤᠯᠤᠬᠰᠠᠨ ᠠᠩᠬᠠᠨ ᠤ ᠬᠦᠮᠦᠨ᠂ ᠵᠸᠤ ᠡᠸ᠋ᠨ ᠯᠠᠢ ᠶᠠᠷᠦᠩᠬᠡᠢ ᠰᠠᠶᠢᠳ ᠲᠤ ᠠᠯᠠᠱᠠ ᠤᠷᠳᠤ ᠶᠢᠨ ᠲᠠᠭᠤᠤ ᠶᠢ ᠲᠠᠭᠤᠯᠠᠬᠰᠠᠨ ᠠᠩᠬᠠᠨ ᠤ ᠬᠦᠮᠦᠨ᠂ ᠠᠯᠠᠱᠠ ᠠᠷᠠᠳ ᠤᠨ ᠲᠠᠭᠤᠤ ᠶᠢ ᠴᠤᠬᠯᠠᠭᠤᠯᠤᠬᠰᠠᠨ ᠠᠩᠬᠠᠨ ᠤ ᠬᠦᠮᠦᠨ᠂ ᠦᠪᠡᠷᠳᠡᠬᠡᠨ ᠵᠠᠰᠠᠬᠤ ᠤᠷᠤᠨ ᠤ ᠰᠢᠭᠤᠳ ᠬᠠᠷᠢᠶ᠎ᠠ ᠤᠯᠠᠭᠠᠨᠮᠦ᠋ᠴᠢᠷ ᠤᠨ ᠲᠠᠷᠤᠭ᠎ᠠ ᠪᠤᠯᠤᠬᠰᠠᠨ ᠠᠩᠬᠠᠨ ᠤ ᠬᠦᠮᠦᠨ᠃ ᠲᠠᠷᠠ ᠡᠬᠦᠨ ᠠᠴᠠ ᠪᠤᠯᠵᠤ᠂ ᠪᠦᠬᠦ ᠤᠷᠤᠨ ᠤ ᠨᠢᠬᠡᠳᠦᠬᠡᠷ ᠦᠶ᠎ᠠ ᠶᠢᠨ ᠭᠠᠪᠢᠶᠠᠳᠤ ᠲᠤᠬᠯᠠᠬᠴᠢ ᠶᠢᠨ ᠢᠷᠠᠭᠤ ᠠᠯᠳᠠᠷ ᠢ ᠬᠥᠷᠳᠡᠵᠡᠢ᠃        ᠲᠡᠬᠦᠨ ᠤ ᠵᠤᠬᠢᠶᠠᠨ ᠪᠦᠳᠦᠬᠡᠭᠰᠡᠨ ᠪᠦᠳᠦᠬᠡᠯ ᠢ ᠵᠢᠬᠰᠠᠭᠠᠪᠠᠯ᠄《ᠨᠤᠮᠤᠨ ᠪᠦᠵᠢᠭ》《ᠨᠢᠬᠡᠳᠦᠯ ᠤᠨ ᠲᠡᠮᠡᠬᠡᠴᠢᠨ》《ᠤᠨᠤᠭᠠᠨ ᠳᠠᠭᠠᠨ ᠰᠢᠷᠦᠬᠦᠨ ᠬᠦᠮᠦᠨ》《ᠵᠸᠤ ᠶᠠᠷᠦᠩᠬᠡᠢ ᠰᠠᠶᠢᠳ ᠲᠠ ᠬᠠᠮᠢᠭ᠎ᠠ ᠪᠠᠶᠢᠨ᠎ᠠ》《ᠦᠨᠢᠷ ᠪᠠᠶᠠᠨ ᠠᠯᠠᠱᠠ》《ᠦᠡᠭᠳᠦᠭᠤᠤᠯ》《ᠰᠠᠭᠠᠯᠢᠴᠢᠨ ᠤ ᠲᠠᠭᠤᠤ》《ᠨᠠᠶᠢᠷ ᠤᠨ ᠲᠠᠭᠤᠤ》ᠵᠡᠷᠭᠡ ᠲᠠᠭᠤᠤ᠂ ᠬᠦᠭᠵᠢᠮ᠂ ᠰᠢᠯᠥᠭ᠂ ᠪᠦᠵᠢᠭ᠂ ᠱᠤᠭ ᠵᠦᠴᠦᠬᠡ ᠪᠠᠶᠢᠵᠤ᠂ ᠡᠳᠡᠬᠡᠷ ᠪᠦᠳᠦᠬᠡᠯ ᠤᠳ ᠨᠢ ᠤᠯᠤᠰ ᠲᠠᠶᠠᠭᠠᠷ ᠲᠤ ᠲᠠᠷᠬᠠᠨ᠂ ᠤᠯᠠᠨ ᠲᠦᠮᠠᠨ ᠤ ᠰᠡᠳᠬᠢᠯ ᠳᠤ ᠲᠠᠭᠠᠯᠠᠬᠳᠠᠵᠤ᠂ ᠤᠳᠤ ᠪᠤᠯᠳᠠᠯ᠎ᠠ ᠦᠷᠬᠡᠨ ᠢᠶᠠᠷ ᠲᠠᠭᠤᠯᠠᠬᠳᠠᠨ ᠲᠡᠯᠬᠡᠷᠡᠵᠤ ᠪᠠᠶᠢᠨ᠎ᠠ᠃ ᠰ᠊ · ᠫᠦᠷᠪᠦ ᠨᠦᠬᠦᠷ ᠤᠨ ᠲᠠᠷᠢᠬᠦᠨ ᠤ ᠦᠢᠯᠠ ᠠᠵᠢᠯᠯᠠᠭ᠎ᠠ ᠶᠢ ᠤᠷᠢᠳ ᠬᠤᠵᠢᠳ《ᠠᠷᠠᠳ ᠤᠨ ᠤᠳᠬ᠎ᠠ ᠵᠤᠬᠢᠶᠠᠯ》《ᠦᠨᠢᠷ ᠴᠡᠴᠡᠭ》《ᠬᠤᠨ ᠭᠠᠯᠠᠭᠤ》《ᠤᠯᠠᠭᠠᠨᠮᠦ᠋ᠴᠢᠷ》《ᠠᠯᠠᠱᠠ ᠶᠢᠨ ᠡᠳᠦᠷ ᠤᠨ ᠰᠤᠨᠢᠨ》 ᠵᠡᠷᠭᠡ ᠰᠤᠨᠢᠨ ᠰᠡᠳᠬᠦᠯ ᠲᠡᠬᠡᠷ᠎ᠠ ᠨᠠᠶᠢᠳᠠᠯᠠᠵᠤ ᠦᠡᠭᠬᠡᠷᠡᠪᠡ᠃
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号