| ᠡᠯᠪᠡᠭ ᠬᠤᠷᠢᠶᠠᠯᠳᠠ ᠶᠢᠨ ᠪᠠᠶᠠᠰᠤᠯ᠃ ︵ᠳ᠋ᠤᠸᠠᠨ ᠰᠢᠶᠤᠤ ᠢᠤᠢ ᠰᠠᠬᠦᠳᠠᠷᠯᠠᠪᠠ︶ | | | | | 9 ᠰᠠᠷ᠎ᠠ ᠶᠢᠨ 23 ᠤ ᠡᠳᠦᠷ᠂ ᠠᠶᠢᠮᠠᠭ ᠪᠤᠯᠤᠨ ᠠᠯᠠᠱᠠ ᠵᠡᠬᠦᠨ ᠬᠤᠰᠢᠭᠤᠨ ᠤ ᠬᠠᠨᠭ᠍ᠭᠠᠨ ᠪᠤᠷᠤᠯᠠᠭᠤᠯᠬᠤ | ᠬᠤᠷᠰᠢᠶᠠᠨ ᠤ ᠬᠢᠨ ᠪᠠᠷᠠᠭᠤᠨ ᠪᠠᠯ ᠪᠠᠯᠭᠠᠰᠤᠨ ᠳᠤ ᠭᠤᠷᠪᠠᠳᠤᠭᠠᠷ ᠬᠤᠭᠤᠴᠠᠭᠠᠨ ᠤ ᠲᠤᠮᠳᠠᠲᠦ ᠤᠯᠤᠰ ᠤᠨ | ᠲᠠᠷᠢᠶᠠᠴᠢᠳ ᠤᠨ ᠡᠯᠪᠡᠭ ᠬᠤᠷᠢᠶᠠᠯᠳᠠ ᠶᠢᠨ ᠪᠡᠶᠡᠷ ᠢᠶᠠᠨ ᠪᠡᠯᠬᠡᠯᠡᠬᠦ ᠵᠢᠴᠢ ᠡᠷᠳᠡᠨᠢ ᠰᠢᠰᠢ ᠶᠢ ᠰᠢᠯᠭᠠᠨ ᠦᠵᠡᠬᠦ | ᠠᠵᠢᠯᠯᠠᠭ᠎ᠠ ᠦᠷᠨᠢᠬᠦᠯᠦᠭᠰᠡᠨ ᠪᠠᠶᠢᠨ᠎ᠠ᠃ | ᠲᠤᠮᠳᠠᠲᠦ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠳᠠ ᠶᠢᠨ ᠪᠡᠶᠡᠷ ᠪᠤᠯ ᠤᠯᠤᠰ ᠠᠴᠠ | ᠲᠠᠷᠢᠶᠠᠴᠢᠳ ᠲᠤ ᠲᠤᠰᠬᠠᠢ ᠵᠤᠷᠢᠭᠤᠯᠤᠭᠰᠠᠨ ᠪᠡᠶᠡᠷ ᠤᠨ ᠡᠳᠦᠷ ᠪᠤᠯᠤᠨ᠎ᠠ᠃ ᠪᠠᠷᠠᠭᠤᠨ ᠪᠠᠯ ᠪᠠᠯᠭᠠᠰᠤᠨ ᠤ | ᠲᠠᠷᠢᠶᠠᠴᠢᠳ ᠡᠷᠳᠡᠨᠢ ᠰᠢᠰᠢ ᠲᠠᠷᠢᠬᠤ ᠪᠠᠷ ᠭᠤᠤᠯᠯᠠᠵᠦ᠂ ᠡᠷᠳᠡᠨᠢ ᠰᠢᠰᠢ ᠰᠢᠯᠭᠠᠨ ᠦᠵᠡᠬᠦ ᠠᠵᠢᠯᠯᠠᠭ᠎ᠠ ᠳᠤ 23 | ᠲᠦᠷᠦᠯ ᠤᠨ ᠡᠷᠳᠡᠨᠢ ᠰᠢᠰᠢ ᠶᠢᠨ ᠤᠷᠭᠤᠯᠳᠠ ᠤᠨᠠᠯᠳᠠ ᠶᠢᠨ ᠪᠠᠶᠢᠳᠠᠯ ᠢ ᠲᠠᠨᠢᠯᠴᠠᠭᠤᠯᠵᠦ᠂ ᠲᠠᠷᠢᠶᠠᠴᠢᠳ ᠪᠤᠯᠤᠨ | ᠲᠤᠰᠬᠠᠢ ᠮᠡᠷᠬᠡᠵᠢᠯᠳᠠᠳ ᠦᠪᠡᠷ ᠦᠪᠡᠷ ᠤᠨ ᠲᠤᠷᠰᠢᠯᠭ᠎ᠠ ᠪᠠᠨ ᠰᠤᠯᠢᠯᠴᠠᠵᠠᠢ᠃ ᠰᠢᠯᠭᠠᠨ ᠦᠵᠡᠬᠦ ᠠᠵᠢᠯᠯᠠᠭᠠᠨ ᠤ | ᠲᠠᠷᠠᠭ᠎ᠠ᠂ ᠠᠶᠢᠮᠠᠭ ᠪᠤᠯᠤᠨ ᠠᠯᠠᠱᠠ ᠵᠡᠬᠦᠨ ᠬᠤᠰᠢᠭᠤᠨ ᠤ ᠬᠠᠨᠭ᠍ᠭᠠᠨ ᠪᠤᠷᠤᠯᠠᠭᠤᠯᠬᠤ ᠬᠤᠷᠰᠢᠶᠠᠨ ᠤ ᠬᠢᠨ | ᠲᠤᠬᠠᠢ ᠶᠢᠨ ᠭᠠᠵᠡᠷ ᠤᠨ ᠲᠠᠷᠢᠶᠠᠴᠢᠳ ᠢ ᠵᠤᠬᠢᠶᠠᠨ ᠪᠠᠶᠢᠭᠤᠯᠵᠦ ᠦᠵᠦᠮ ᠮᠠᠯᠴᠢᠨ ᠲᠠᠷᠢᠶᠠᠴᠢᠳ ᠤᠨ ᠲᠤᠰᠬᠠᠢ | ᠬᠤᠷᠰᠢᠶᠠᠵᠢᠯ ᠢᠶᠠᠷ ᠬᠦᠷᠴᠦ᠂ ᠤᠨᠴᠠᠯᠢᠠᠠᠲᠦ ᠲᠠᠷᠢᠶᠠᠯᠠᠩ ᠤᠨ ᠦᠢᠯᠡᠰ ᠤᠨ ᠲᠤᠬᠠᠢ ᠤᠢᠢᠯᠠᠭᠠᠨ ᠰᠤᠷᠤᠯᠴᠠᠭᠰᠠᠨ | ᠪᠠᠶᠢᠨ᠎ᠠ᠃ | ᠲᠤᠰ ᠤᠳᠠᠭᠠᠨ ᠤ ᠪᠡᠶᠡᠷ ᠨᠢᠭᠡ ᠰᠠᠷ᠎ᠠ ᠶᠢᠨ ᠬᠤᠭᠤᠴᠠᠭ᠎ᠠ ᠲᠠᠢ ᠶᠠᠪᠤᠭᠳᠠᠵᠦ᠂ ᠠᠶᠢᠮᠠᠭ ᠤᠨ ᠬᠠᠨᠭ᠍ᠭᠠᠨ | ᠪᠤᠷᠤᠯᠠᠭᠤᠯᠬᠤ ᠬᠤᠷᠰᠢᠶᠠᠨ ᠤ ᠬᠢᠨ ᠲᠤᠭᠤᠷᠢᠨ ᠰᠤᠷᠤᠯᠴᠠᠬᠤ᠂ ᠦᠵᠡᠬᠦᠯᠦᠯᠭᠡ ᠡᠷᠬᠢᠯᠡᠬᠦ᠂ ᠰᠢᠯᠭᠠᠨ ᠦᠵᠡᠬᠦ | ᠵᠡᠷᠬᠡ ᠰᠢᠷᠢᠰ ᠠᠵᠢᠯᠯᠠᠭ᠎ᠠ ᠶᠢ ᠦᠷᠨᠢᠬᠦᠯᠬᠦ ᠪᠠᠷ ᠲᠠᠮᠵᠢᠨ᠂ ᠪᠦᠬᠦ ᠠᠶᠢᠮᠠᠭ ᠤᠨ ᠤᠨᠴᠠᠯᠢᠠᠠᠲᠦ ᠲᠠᠷᠢᠶᠠᠯᠡᠩ ᠤᠨ | ᠦᠢᠯᠡᠰ ᠤᠨ ᠬᠦᠭᠵᠢᠯᠳᠠ ᠪᠤᠯᠤᠨ ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠳᠠ ᠶᠢᠨ ᠦᠷ᠎ᠠ ᠪᠦᠲᠦᠬᠡᠯ ᠢ | ᠤᠯᠠᠨ ᠳᠤ ᠲᠠᠨᠢᠭᠤᠯᠬᠤ ᠪᠤᠯᠤᠨ᠎ᠠ᠃ | |