ᠠᠯᠠᠱᠠ ᠠᠶᠢᠮᠠᠭ ᠤᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠠᠶᠢᠮᠠᠭ ᠤᠨ ᠱᠠᠳᠣᠨ  ᠠᠴᠠ ᠨᠢᠭᠡᠳᠦᠯᠳᠡᠢ ᠲᠥᠯᠥᠪᠯᠡᠨ ᠬᠠᠮᠢᠶᠠᠷᠬᠤ ᠠᠷᠭ᠎ᠠ
ᠨᠡᠶᠢᠲᠡᠯᠡᠭᠰᠡᠨ ᠴᠠᠭ᠄
2020/10/10
              ᠨᠢᠭᠡᠳᠦᠭᠡᠷ ᠪᠦᠯᠦᠭ   ᠶᠡᠷᠦᠩᠬᠡᠶ ᠲᠦᠷᠢᠮ         ᠨᠢᠭᠡᠳᠦᠭᠡᠷ ᠵᠦᠢᠯ    ︽ᠡᠮ ᠡᠮᠨᠡᠯᠬᠡ ᠶᠢᠨ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠪ ᠲᠠᠷᠬᠠᠭᠠᠭᠰᠠᠨ︹2020︺5 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠦᠨᠳᠦᠰᠦᠨ ᠡᠮ ᠡᠮᠨᠡᠯᠬᠡ ᠶᠢᠨ ᠳᠠᠭᠠᠳᠬᠠᠯ ᠤᠨ ᠲᠦᠷᠢᠮ︾ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠠᠶᠢᠮᠠᠭ ᠤᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ︵ᠳᠣᠷᠣᠭᠰᠢ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠭᠡᠵᠦ ᠲᠣᠪᠴᠢᠯᠠᠨ᠎ᠠ︶ ᠶᠢ ᠠᠶᠢᠮᠠᠭ ᠤᠨ ᠱᠠᠲᠤᠨ ᠠᠴᠠ ᠨᠢᠭᠡᠳᠦᠯᠲᠡᠶ ᠲᠥᠯᠥᠪᠯᠡᠬᠦ ᠶᠢ ᠪᠦᠬᠦ ᠲᠠᠯ᠎ᠠ ᠪᠠᠷ ᠪᠣᠳᠠᠳᠠᠶᠢᠵᠢᠭᠤᠯᠵᠦ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠠᠷᠢᠯᠴᠠᠨ ᠲᠤᠰᠠᠯᠠᠯᠴᠠᠬᠤ ᠴᠢᠳᠠᠪᠤᠷᠢ ᠶᠢ ᠪᠠᠳᠠᠷᠠᠭᠤᠯᠵᠦ᠂ ᠡᠮ ᠡᠮᠨᠡᠯᠬᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠠᠶᠢᠮᠠᠭ ᠤᠨ ᠱᠠᠲᠤᠨ ᠠᠴᠠ ᠨᠢᠭᠡᠳᠦᠯᠲᠡᠶ ᠲᠥᠯᠥᠪᠯᠡᠨ ᠠᠮᠤᠷ ᠳᠦᠪᠰᠢᠨ ᠠᠵᠢᠯᠯᠠᠭᠤᠯᠬᠤ ᠶᠢ ᠦᠨᠡᠨᠬᠦ ᠪᠠᠳᠣᠯᠠᠬᠤ ᠶᠢᠨ ᠳᠣᠰᠠᠳᠠ᠂ ᠣᠨᠴᠣᠭᠤᠶᠢᠯᠠᠨ ᠲᠣᠰ ︽ᠠᠷᠭ᠎ᠠ︾ ᠶᠢ ᠲᠣᠭᠲᠠᠭᠠᠪᠠ᠃         ᠬᠤᠶᠠᠳᠤᠭᠠᠷ ᠵᠦᠢᠯ   ᠲᠣᠰ ︽ᠠᠷᠭ᠎ᠠ︾ ᠳᠤ ᠵᠢᠭᠠᠵᠤ ᠪᠠᠶᠢᠭ᠎ᠠ ᠡᠮ ᠡᠮᠨᠡᠯᠬᠡ ᠶᠢᠨ ᠳᠠᠭᠠᠳᠬᠠᠯ ᠤᠨ ᠰᠠᠭᠤᠷᠢ ᠮᠥᠩᠭᠦ ᠳᠤ ᠬᠤᠲᠠ ᠪᠠᠯᠭᠠᠰᠣᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠬᠡ ᠶᠢᠨ ᠳᠠᠭᠠᠳᠬᠠᠯ ︵ᠦᠷᠡᠵᠢᠯ ᠤᠨ ᠳᠠᠭᠠᠳᠬᠠᠯ ᠪᠠᠭᠲᠠᠨ᠎ᠠ︶ ᠤᠨ ᠰᠠᠭᠤᠷᠢ ᠮᠥᠩᠭᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠬᠡ ᠶᠢᠨ ᠳᠠᠭᠠᠳᠬᠠᠯ ᠤᠨ ᠰᠠᠭᠤᠷᠢ ᠮᠥᠩᠭᠦ᠂ ᠶᠡᠭᠡ ᠲᠣᠭᠠᠨ ᠤ ᠡᠮ ᠡᠮᠨᠡᠯᠬᠡ ᠶᠢᠨ ᠳᠠᠭᠠᠳᠬᠠᠯ ᠤᠨ ᠰᠠᠭᠤᠷᠢ ᠮᠥᠩᠭᠦ ᠪᠠᠭᠲᠠᠨ᠎ᠠ᠃         ᠭᠤᠷᠪᠠᠳᠤᠭᠠᠷ ᠵᠦᠢᠯ   ᠳᠦᠷᠢᠮ ᠲᠥᠷᠥ ᠶᠢᠨ ᠪᠣᠳᠣᠯᠭ᠎ᠠ ᠶᠢ ᠨᠢᠭᠡᠳᠦᠯᠲᠡᠶ ᠪᠠᠶᠢᠯᠭᠠᠬᠤ᠂ ᠰᠠᠭᠤᠷᠢ ᠮᠥᠩᠭᠦ ᠶᠢ ᠨᠢᠭᠡᠳᠦᠯᠳᠡᠢ ᠬᠤᠷᠢᠶᠠᠵᠤ ᠨᠢᠭᠡᠳᠦᠯᠲᠡᠶ ᠵᠠᠷᠤᠬᠤ᠂ ᠬᠠᠮᠢᠶᠠᠷᠤᠯᠲᠠ ᠦᠢᠯᠡᠴᠢᠯᠡᠭᠡ ᠶᠢ ᠨᠢᠭᠡ ᠴᠣᠭᠴᠠᠵᠢᠭᠤᠯᠬᠤ ᠪᠠᠷᠢᠮᠵᠢᠶ᠎ᠠ ᠶᠣᠰᠣᠭᠠᠷ᠂ ᠠᠶᠢᠮᠠᠭ ᠤᠨ ᠱᠠᠳᠣᠨ ᠠᠴᠠ ᠨᠢᠭᠡᠳᠦᠯᠲᠡᠶ ᠳᠦᠯᠦᠪᠯᠡᠬᠦ ᠶᠢ ᠪᠦᠬᠦ ᠳᠠᠯ᠎ᠠ  ᠪᠠᠷ ᠪᠣᠳᠠᠳᠠᠢ ᠬᠢᠨ᠎ᠡ᠃ ᠰᠠᠭᠤᠷᠢ ᠮᠥᠩᠭᠦ ᠶᠢᠨ ᠬᠢᠨᠠᠠ ᠬᠠᠮᠢᠶᠠᠷᠤᠯᠲᠠ᠂ ᠨᠢᠭᠡᠳᠦᠯᠲᠡᠶ ᠲᠥᠯᠥᠪᠯᠡᠨ ᠬᠠᠮᠲᠤ ᠳᠠᠭᠠᠨ ᠳᠡᠮᠵᠢᠬᠦ᠂ ᠳᠦᠰᠦᠪ ᠤᠨ ᠬᠢᠨᠠᠨ ᠰᠢᠯᠭᠠᠯᠲᠠ ᠶᠢ ᠴᠢᠩᠭᠠᠳᠬᠠᠵᠤ᠂ ᠲᠣᠭᠲᠠᠭᠤᠨ ᠪᠥᠭᠡᠳ  ᠦᠷᠭᠦᠯᠵᠢᠯᠡᠭᠰᠡᠨ ᠪᠡᠯᠡ ᠬᠤᠷᠠᠮᠳᠤᠭᠤᠯᠬᠤ᠂ ᠠᠵᠢᠯᠯᠠᠭᠠᠨ ᠤ ᠲᠣᠭᠲᠠᠴᠠ ᠶᠢ ᠪᠦᠷᠢᠡᠰᠢᠬᠦᠯᠵᠤ᠂ ᠠᠶᠢᠮᠠᠭ᠂ ᠬᠤᠰᠢᠭᠤ ︵ᠨᠡᠭᠡᠭᠡᠯᠳᠡ ᠶᠢᠨ ᠣᠷᠣᠨ︶ ᠬᠤᠶᠠᠷ ᠱᠠᠲᠤᠨ ᠤ ᠠᠶᠤᠯ ᠲᠦᠭᠰᠢᠭᠦᠷᠢ ᠶᠢ ᠬᠠᠮᠳᠣ ᠪᠠᠷ ᠡᠭᠦᠷᠭᠡᠯᠡᠬᠦ ᠲᠣᠭᠲᠠᠴᠠ ᠶᠢ ᠪᠠᠶᠢᠭᠤᠯᠵᠦ᠂ ᠰᠠᠭᠤᠷᠢ ᠮᠥᠩᠭᠦ ᠶᠢ ᠪᠦᠬᠦ ᠲᠠᠯ᠎ᠠ ᠪᠠᠷ ᠲᠡᠩᠴᠡᠭᠦᠯᠬᠦ ᠶᠢ ᠴᠢᠷᠮᠠᠶᠢᠨ ᠪᠡᠶᠡᠯᠡᠭᠦᠯᠦᠨ᠎ᠡ᠃         ᠬᠤᠶᠠᠳᠤᠭᠠᠷ ᠪᠦᠯᠦᠭ    ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠬᠠᠮᠢᠶᠠᠷᠣᠯᠳᠠ         ᠳᠥᠷᠪᠡᠳᠦᠭᠡᠷ ᠵᠦᠢᠯ   ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠠᠶᠢᠮᠠᠭ ᠤᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠡᠳ᠋ ᠤᠨ ᠵᠠᠰᠠᠭ ᠤᠨ ᠲᠤᠰᠬᠠᠶ ᠳᠠᠩᠰᠠᠨ ᠳᠤ ᠣᠷᠣᠭᠤᠯᠤᠨ ᠬᠠᠮᠢᠶᠠᠷᠴᠤ᠂ ᠣᠷᠣᠯᠭ᠎ᠠ ᠵᠠᠷᠤᠯᠭ᠎ᠠ ᠶᠢ ᠠᠰ ᠠᠰ ᠲᠤᠨᠢ ᠪᠠᠶᠢᠯᠭᠠᠬᠤ ᠶᠢ ᠬᠡᠷᠡᠭᠵᠢᠭᠦᠯᠦᠨ᠎ᠡ᠃ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠳᠤ ᠨᠢᠭᠡᠳᠦᠯᠲᠡᠶ ᠬᠤᠷᠢᠶᠠᠵᠤ ᠨᠢᠭᠡᠳᠦᠯᠲᠡᠶ ᠵᠠᠷᠤᠬᠤ ᠶᠢ ᠬᠡᠷᠡᠭᠵᠢᠬᠦᠯᠵᠦ᠂ ᠪᠦᠬᠦ ᠠᠶᠢᠮᠠᠭ ᠠᠴᠠ ᠨᠢᠭᠡᠳᠦᠯᠲᠡᠶ ᠬᠠᠮᠢᠶᠠᠷᠴᠤ᠂ ᠨᠢᠭᠡᠳᠦᠯᠲᠡᠶ  ᠬᠠᠷᠭᠤᠭᠤᠯᠣᠨ ᠪᠣᠳᠣᠵᠦ᠂ ᠨᠢᠭᠡᠳᠦᠯᠲᠡᠶ ᠰᠢᠯᠵᠢᠬᠦᠯᠦᠨ ᠥᠭᠴᠦ ᠬᠡᠷᠡᠭᠯᠡᠭᠦᠯᠦᠨ᠎ᠡ᠃ ᠡᠮ ᠡᠮᠨᠡᠯᠬᠡ ᠶᠢᠨ ᠳᠠᠭᠠᠳᠬᠠᠯ ᠤᠨ ᠰᠠᠭᠤᠷᠢ ᠮᠥᠩᠭᠦ ᠳᠤ ᠤᠯᠤᠰ ᠤᠨ ᠨᠢᠭᠡᠳᠦᠯᠲᠡᠶ ᠰᠠᠭᠤᠷᠢ ᠮᠥᠩᠭᠦ ᠶᠢᠨ ᠡᠳ᠋ ᠤᠨ ᠶᠠᠪᠣᠳᠠᠯ ᠤᠨ ᠲᠦᠷᠢᠮ᠂ ᠨᠢᠭᠲᠠᠯᠠᠨ ᠪᠤᠳᠤᠬᠤ ᠲᠦᠷᠢᠮ ᠢ ᠬᠡᠷᠡᠭᠵᠢᠭᠦᠯᠦᠨ᠎ᠡ᠃         ᠲᠠᠪᠤᠳᠤᠭᠠᠷ ᠵᠦᠢᠯ   ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠲᠠᠲᠠᠪᠤᠷᠢᠯᠠᠨ ᠲᠤᠰᠢᠶᠠᠬᠤ ᠶᠢ ᠴᠢᠩᠭᠠᠳᠬᠠᠨ᠎ᠠ᠃ ︽ᠵᠠᠰᠠᠭ ᠤᠨ ᠣᠷᠳᠣᠨ ᠠᠴᠠ ᠨᠢᠭᠡᠳᠦᠯᠲᠡᠶ ᠵᠣᠬᠢᠶᠠᠨ ᠪᠠᠶᠢᠭᠤᠯᠬᠤ᠂ ᠣᠯᠠᠨ ᠲᠠᠯ᠎ᠠ ᠠᠴᠠ ᠬᠠᠮᠵᠢᠯᠴᠠᠬᠤ᠂ ᠳᠦᠪᠯᠡᠷᠡᠬᠦᠯᠦᠨ ᠲᠠᠲᠠᠪᠤᠷᠢᠯᠠᠬᠤ ᠪᠤᠶᠤ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠰᠤᠷᠭᠠᠭᠤᠯᠢ ᠳᠤ ᠨᠠᠶᠢᠳᠠᠵᠦ ᠲᠥᠪᠯᠡᠷᠡᠭᠦᠯᠦᠨ ᠣᠷᠣᠯᠠᠨ ᠬᠤᠷᠢᠶᠠᠬᠤ︾ ᠵᠡᠷᠭᠡ ᠠᠷᠭ᠎ᠠ ᠮᠠᠶ᠋ᠢᠭ ᠢ ᠠᠪᠴᠤ᠂ ᠳᠠᠭᠠᠳᠬᠠᠯ ᠳᠤ ᠣᠷᠣᠯᠴᠠᠭᠰᠠᠳ ᠤᠨ ᠰᠦᠢᠳᠬᠡᠯ ᠲᠤᠰᠢᠶᠠᠬᠤ ᠳᠤᠨᠢ ᠳᠥᠭᠦᠮ ᠦᠵᠡᠭᠦᠯᠬᠦ᠂  ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠤᠷᠢᠶᠠᠪᠠᠰᠤ ᠵᠣᠬᠢᠬᠤ ᠶᠢ ᠨᠢ ᠪᠦᠬᠦᠨ ᠢ ᠬᠤᠷᠢᠶᠠᠬᠤ ᠶᠢ ᠦᠨᠡᠨᠬᠦ ᠪᠠᠲᠤᠯᠠᠨ᠎ᠠ᠃         ᠵᠢᠷᠭᠤᠳᠤᠭᠠᠷ ᠵᠦᠢᠯ   ᠠᠶᠢᠮᠠᠭ ᠤᠨ ᠱᠠᠲᠤ ᠵᠢᠴᠢ ᠬᠤᠰᠢᠭᠤ ︵ᠨᠡᠭᠡᠭᠡᠯᠳᠡ ᠶᠢᠨ ᠣᠷᠣᠨ︶ ᠠᠴᠠ ᠲᠠᠲᠠᠪᠤᠷᠢᠯᠠᠨ ᠲᠤᠰᠢᠶᠠᠭᠰᠠᠨ ᠬᠤᠲᠠ ᠪᠠᠯᠭᠠᠰᠤᠨ ᠤ ᠠᠵᠢᠯᠲᠠᠨ ᠠᠵᠢᠯᠴᠢᠨ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠵᠢᠴᠢ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠷᠡᠵᠢᠯ ᠤᠨ ᠳᠠᠭᠠᠳᠬᠠᠯ ᠪᠠ ᠶᠡᠭᠡ ᠲᠣᠭᠠᠨ ᠤ ᠡᠮ ᠡᠮᠨᠡᠯᠭᠡ ᠶᠢᠨ ᠳᠠᠭᠠᠳᠬᠠᠯ ᠢ ᠠᠳᠠᠯᠢ ᠱᠠᠲᠤᠨ ᠤ ᠡᠮ ᠡᠮᠨᠡᠯᠭᠡ  ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠡᠳ᠋ ᠤᠨ ᠵᠠᠰᠠᠭ ᠤᠨ ᠲᠤᠰᠬᠠᠢ ᠳᠠᠩᠰᠠᠨ ᠳᠤ ᠣᠷᠣᠭᠤᠯᠵᠦ᠂ ᠰᠠᠷ᠎ᠠ ᠪᠦᠷᠢ ᠠᠶᠢᠮᠠᠭ ᠤᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠠᠷᠠᠭᠠᠯᠵᠠᠭᠰᠠᠨ ᠡᠳ᠋ ᠤᠨ ᠵᠠᠰᠠᠭ  ᠤᠨ ᠲᠤᠰᠬᠠᠶ ᠳᠠᠩᠰᠠᠨ ᠳᠤ ᠰᠢᠯᠵᠢᠬᠦᠯᠦᠨ ᠣᠷᠣᠭᠤᠯᠵᠤ᠂ ᠰᠠᠷ᠎ᠠ ᠪᠦᠷᠢ ᠶᠢᠨ 10 ᠤ ᠡᠳᠦᠷ ᠠᠴᠠ ᠡᠮᠦᠨ᠎ᠡ ᠳᠡᠭᠡᠷ᠎ᠡ ᠰᠠᠷ᠎ᠠ ᠶᠢᠨ ᠲᠠᠲᠠᠪᠤᠷᠢᠯᠠᠨ ᠲᠤᠰᠢᠶᠠᠭᠰᠠᠨ ᠵᠠᠷᠤᠳᠠᠯ ᠢ  ᠳᠡᠭᠡᠭᠰᠢ ᠲᠤᠰᠢᠶᠠᠬᠤ ᠬᠡᠷᠡᠭᠲᠡᠶ᠃         ᠳᠣᠯᠣᠳᠤᠭᠠᠷ ᠵᠦᠢᠯ    ᠠᠶᠢᠮᠠᠭ ᠤᠨ ᠱᠠᠲᠤ ᠵᠢᠴᠢ ᠡᠯ᠎ᠡ ᠬᠤᠰᠢᠭᠤ ︵ᠨᠡᠭᠡᠭᠡᠯᠳᠡ ᠶᠢᠨ ᠣᠷᠣᠨ︶ ᠶᠢᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠶᠢ ᠳᠣᠬᠠᠢ ᠶᠢᠨ ᠴᠠᠭ ᠲᠤᠨᠢ ᠲᠠᠲᠠᠪᠤᠷᠢᠯᠠᠨ ᠲᠤᠰᠢᠶᠠᠬᠤ᠂ ᠥᠩᠭᠡᠷᠡᠭᠰᠡᠨ ᠵᠢᠯ ᠤᠨ ᠦᠯᠡᠳᠡᠪᠦᠷᠢ ᠶᠢ ᠪᠦᠬᠦᠨ ᠢ ᠠᠶᠢᠮᠠᠭ ᠤᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠡᠳ᠋ ᠤᠨ ᠵᠠᠰᠠᠭ ᠤᠨ ᠲᠤᠰᠬᠠᠶ ᠳᠠᠩᠰᠠᠨ ᠳᠤ ᠳᠣᠰᠢᠶᠠᠬᠤ ᠶᠣᠰᠣᠭᠠᠷ᠂ ᠲᠣᠰ ᠲᠣᠰ ᠤᠨ ᠳᠠᠩᠰᠠᠨ ᠳᠤᠨᠢ ᠲᠡᠮᠳᠡᠭᠯᠡᠵᠦ᠂ ᠳᠠᠩᠰᠠ ᠬᠤᠪᠢᠶᠠᠨ ᠬᠠᠷᠭᠤᠭᠤᠯᠣᠨ ᠪᠣᠳᠣᠬᠤ ᠬᠡᠷᠡᠭᠲᠡᠶ᠃         ᠨᠠᠢᠮᠠᠳᠤᠭᠠᠷ ᠵᠦᠢᠯ   ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠠᠶᠢᠮᠠᠭ ᠤᠨ ᠱᠠᠲᠤᠨ ᠠᠴᠠ ᠨᠢᠭᠡᠳᠦᠯᠳᠡᠢ ᠲᠥᠯᠥᠪᠯᠡᠭᠰᠡᠨ ᠤ ᠳᠠᠷᠠᠭ᠎ᠠ᠂ ᠠᠶᠢᠮᠠᠭ᠂ ᠬᠤᠰᠢᠭᠤ ︵ᠨᠡᠭᠡᠭᠡᠯᠳᠡ ᠶᠢᠨ ᠣᠷᠣᠨ︶ ᠬᠤᠶᠠᠷ ᠱᠠᠲᠤᠨ ᠤ ᠡᠳ᠋ ᠤᠨ ᠵᠠᠰᠠᠭ ᠠᠴᠠ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ᠂ ᠦᠷᠡᠵᠢᠯ ᠤᠨ ᠳᠠᠭᠠᠳᠬᠠᠯ᠂ ᠶᠡᠭᠡ ᠲᠣᠭᠠᠨ ᠤ ᠡᠮ ᠡᠮᠨᠡᠯᠭᠡ ᠶᠢᠨ ᠳᠠᠭᠠᠳᠬᠠᠯ ᠵᠢᠴᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠡᠳ᠋ ᠤᠨ ᠵᠠᠰᠠᠭ ᠤᠨ ᠨᠥᠬᠦᠪᠥᠷᠢ ᠶᠢᠨ ᠢᠵᠢ ᠪᠥᠷᠢᠳᠦᠭᠦᠯᠬᠦ ᠪᠠᠯᠠ ᠮᠥᠩᠭᠦ ᠶᠢ ᠳᠠᠭᠠᠭᠠᠴᠢᠯᠠᠵᠦ᠂ ᠠᠶᠢᠮᠠᠭ᠂ ᠬᠤᠰᠢᠭᠤ      ︵ᠨᠡᠭᠡᠭᠡᠯᠳᠡ ᠶᠢᠨ ᠣᠷᠣᠨ︶ ᠬᠤᠶᠠᠷ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠳᠤᠭ᠎ᠠ ᠶᠣᠰᠣᠭᠠᠷ ᠨᠢ ᠣᠷᠣᠭᠤᠯᠤᠨ᠎ᠠ︔ ᠠᠵᠤ ᠠᠬᠤᠶᠢᠯᠠᠯ ᠵᠢᠴᠢ ᠬᠤᠪᠢ ᠬᠥᠮᠦᠨ ᠲᠣᠭᠲᠠᠭᠠᠯ ᠶᠣᠰᠣᠭᠠᠷ  ᠬᠠᠷᠠᠭᠠᠯᠵᠠᠭᠰᠠᠨ ᠡᠮ ᠡᠮᠨᠡᠯᠭᠡ ᠶᠢᠨ ᠳᠠᠭᠠᠳᠬᠠᠯ ᠢ ᠲᠤᠭ᠎ᠠ ᠶᠣᠰᠣᠭᠠᠷ ᠨᠢ ᠲᠤᠰᠢᠶᠠᠬᠤ ᠬᠡᠷᠡᠭᠲᠡᠶ᠃         ᠶᠢᠰᠦᠳᠦᠭᠡᠷ ᠵᠦᠢᠯ    ᠰᠠᠭᠤᠷᠢ ᠮᠥᠩᠭᠦᠨ  ᠤ ᠵᠠᠷᠤᠯᠭ᠎ᠠ  ᠶᠢ ᠳᠦᠷᠢᠮᠵᠢᠬᠦᠯᠦᠨ ᠲᠡᠭᠦᠯᠳᠡᠷᠵᠢᠭᠦᠯᠦᠨ᠎ᠡ᠃ ᠬᠤᠲᠠ ᠪᠠᠯᠭᠠᠰᠤᠨ  ᠤ ᠠᠵᠢᠯᠲᠠᠨ ᠠᠵᠢᠯᠴᠢᠨ  ᠤ ᠡᠮ ᠡᠮᠨᠡᠯᠭᠡ  ᠶᠢᠨ ᠳᠠᠭᠠᠳᠬᠠᠯ  ᠤᠨ ᠰᠠᠭᠤᠷᠢ ᠮᠥᠩᠭᠦ  ᠶᠢᠨ ᠵᠠᠷᠣᠯᠭ᠎ᠠ ᠬᠢᠭᠡᠳ ᠦᠨᠳᠦᠰᠦᠨ ᠡᠮ ᠡᠮᠨᠡᠯᠭᠡ  ᠶᠢᠨ ᠳᠠᠭᠠᠳᠬᠠᠯ  ᠤᠨ ᠨᠢᠭᠡᠳᠦᠯᠲᠡᠶ ᠲᠥᠯᠥᠪᠯᠡᠬᠦ ᠵᠠᠷᠤᠯᠭ᠎ᠠ᠂ ᠬᠤᠪᠢ ᠬᠥᠮᠦᠨ   ᠤ ᠳᠠᠩᠰᠠᠨ ᠡᠷᠦᠬᠡ  ᠶᠢᠨ ᠵᠠᠷᠤᠯᠭ᠎ᠠ᠂ ᠦᠷᠡᠵᠢᠯ  ᠤᠨ ᠳᠠᠭᠠᠳᠬᠠᠯ  ᠤᠨ ᠵᠠᠷᠤᠯᠭ᠎ᠠ   ᠶᠢ ᠬᠠᠷᠢᠯᠴᠠᠨ ᠵᠣᠬᠢᠴᠠᠯᠳᠣᠭᠤᠯᠣᠨ᠎ᠠ︔ ᠬᠤᠲᠠ ᠬᠥᠳᠡᠭᠡ  ᠶᠢᠨ ᠰᠠᠭᠤᠭᠠᠯᠢ ᠠᠷᠠᠳ  ᠤᠨ ᠡᠮ ᠡᠮᠨᠡᠯᠭᠡ  ᠶᠢᠨ ᠳᠠᠭᠠᠳᠬᠠᠯ  ᠤᠨ ᠰᠠᠭᠤᠷᠢ ᠮᠥᠩᠭᠦ  ᠶᠢᠨ ᠵᠠᠷᠤᠯᠭ᠎ᠠ ᠬᠢᠭᠡᠳ ᠦᠨᠳᠦᠰᠦᠨ ᠡᠮ ᠡᠮᠨᠡᠯᠭᠡ  ᠶᠢᠨ ᠳᠠᠭᠠᠳᠬᠠᠯ  ᠤᠨ ᠬᠠᠷᠠᠮᠵᠢ   ᠶᠢᠨ ᠵᠠᠷᠤᠯᠭ᠎ᠠ᠂ ᠬᠤᠲᠠ ᠬᠥᠳᠡᠭᠡ  ᠶᠢᠨ ᠰᠠᠭᠤᠭᠠᠯᠢ ᠠᠷᠠᠳ  ᠤᠨ ᠬᠦᠨᠳᠦ ᠡᠪᠡᠳᠴᠢᠨ  ᠤ ᠳᠠᠭᠠᠳᠬᠠᠯ  ᠤᠨ ᠵᠠᠷᠤᠯᠭ᠎ᠠ   ᠶᠢ ᠬᠠᠷᠢᠯᠴᠠᠨ ᠵᠣᠬᠢᠴᠠᠯᠳᠣᠭᠤᠯᠣᠨ᠎ᠠ︔ ᠬᠤᠲᠠ ᠪᠠᠯᠭᠠᠰᠤᠨ  ᠤ ᠠᠵᠢᠯᠲᠠᠨ ᠠᠵᠢᠯᠴᠢᠨ  ᠤ ᠶᠡᠭᠡ ᠲᠣᠭᠠᠨ  ᠤ ᠡᠮ ᠡᠮᠨᠡᠯᠭᠡ  ᠶᠢᠨ ᠳᠠᠭᠠᠳᠬᠠᠯ  ᠤᠨ ᠰᠠᠭᠤᠷᠢ ᠮᠥᠩᠭᠦ   ᠶᠢ ᠲᠣᠭᠲᠠᠭᠠᠯ ᠶᠣᠰᠣᠭᠠᠷ ᠠᠰ ᠲᠤᠨᠢ ᠲᠥᠷᠥᠯ ᠵᠦᠢᠯ ᠳᠣᠬᠢᠷᠠᠭᠤᠯᠵᠦ ᠬᠠᠷᠭᠤᠭᠤᠯᠣᠨ ᠪᠣᠳᠣᠬᠤ ᠬᠡᠷᠡᠭᠲᠡᠶ᠃         ᠠᠷᠪᠠᠳᠤᠭᠠᠷ ᠵᠦᠢᠯ   ᠡᠯ᠎ᠡ ᠱᠠᠲᠤᠨ  ᠤ ᠡᠮ ᠡᠮᠨᠡᠯᠬᠡ  ᠶᠢᠨ ᠳᠠᠭᠠᠳᠬᠠᠯ  ᠤᠨ ᠰᠠᠭᠤᠷᠢ ᠮᠥᠩᠭᠦ  ᠶᠢᠨ ᠲᠥᠰᠦᠪ  ᠤᠨ ᠬᠠᠮᠢᠶᠠᠷᠣᠯᠳᠠ  ᠶᠢ ᠴᠢᠩᠭᠠᠳᠬᠠᠵᠤ᠂ ᠣᠷᠣᠯᠭ᠎ᠠ ᠵᠠᠷᠤᠯᠭ᠎ᠠ  ᠶᠢᠨ ᠲᠡᠩᠴᠡᠭᠦᠷᠢ  ᠶᠢ ᠦᠨᠡᠨᠬᠦ ᠪᠠᠲᠤᠯᠠᠨ᠎ᠠ᠃ ᠠᠶᠢᠮᠠᠭ  ᠤᠨ ᠱᠠᠲᠤ ᠵᠢᠴᠢ ᠡᠯ᠎ᠡ ᠬᠤᠰᠢᠭᠤ ︵ᠨᠡᠭᠡᠭᠡᠯᠳᠡ  ᠶᠢᠨ ᠣᠷᠣᠨ︶  ᠶᠢᠨ ᠡᠮ ᠡᠮᠨᠡᠯᠬᠡ   ᠶᠢᠨ ᠳᠠᠭᠠᠳᠬᠠᠯ  ᠤᠨ ᠰᠠᠭᠤᠷᠢ ᠮᠦᠩᠬᠦ  ᠶᠢ ᠲᠠᠲᠠᠪᠤᠷᠢᠯᠠᠬᠤ᠂ ᠵᠠᠷᠤᠯᠭ᠎ᠠ  ᠶᠢᠨ ᠬᠠᠮᠢᠶᠠᠷᠤᠯᠲᠠ  ᠪᠠ ᠬᠢᠨᠠᠨ ᠰᠢᠯᠭᠠᠯᠳᠠ  ᠶᠢ ᠴᠢᠩᠭᠠᠳᠬᠠᠵᠤ᠂ ᠡᠮ ᠡᠮᠨᠡᠯᠭᠡ   ᠶᠢᠨ ᠳᠠᠭᠠᠳᠬᠠᠯ  ᠤᠨ ᠰᠠᠭᠤᠷᠢ ᠮᠥᠩᠭᠦ  ᠶᠢᠨ ᠠᠵᠢᠯᠯᠠᠭᠠᠨ  ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃         ᠠᠷᠪᠠᠨ ᠨᠢᠭᠡᠳᠦᠭᠡᠷ ᠵᠦᠢᠯ     ᠰᠠᠭᠤᠷᠢ ᠮᠥᠩᠭᠦ ᠶᠢ ᠰᠢᠯᠵᠢᠭᠦᠯᠦᠨ ᠥᠭᠬᠦ ᠶᠠᠪᠣᠴᠠ ᠶᠢ ᠳᠦᠷᠢᠮᠵᠢᠬᠦᠯᠦᠨ᠎ᠡ᠃ ᠠᠶᠢᠮᠠᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠨᠢ ᠪᠦᠬᠦ ᠠᠶᠢᠮᠠᠭ ᠤᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠳᠣᠭᠠᠴᠠᠭᠠᠯᠠᠨ ᠥᠭᠭᠦᠭᠰᠡᠨ ᠪᠠᠶᠢᠳᠠᠯ ᠢ ᠦᠨᠳᠦᠰᠦᠯᠡᠵᠦ᠂ ᠵᠢᠯ  ᠤᠨ ᠲᠥᠰᠦᠪ ᠪᠣᠯᠤᠨ ᠰᠠᠷ᠎ᠠ ᠶᠢᠨ ᠰᠢᠯᠵᠢᠬᠦᠯᠦᠨ ᠥᠭᠬᠦ ᠲᠥᠯᠥᠪᠯᠡᠭᠡ ᠶᠢ ᠵᠢᠭᠰᠠᠭᠠᠵᠦ᠂ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠪᠠᠷ ᠬᠢᠨᠠᠨ ᠬᠠᠷᠭᠤᠭᠤᠯᠵᠤ ᠨᠤᠲᠠᠯᠠᠭᠤᠯᠤᠭᠰᠠᠨ ᠤ ᠳᠠᠷᠠᠭ᠎ᠠ ᠰᠠᠷ᠎ᠠ ᠶᠢᠨ ᠰᠢᠯᠵᠢᠬᠦᠯᠥᠨ ᠥᠭᠬᠦ ᠲᠥᠯᠥᠪᠯᠡᠭᠡ ᠶᠣᠰᠣᠭᠠᠷ ᠠᠶᠢᠮᠠᠭ ᠤᠨ ᠡᠮ ᠡᠮᠨᠡᠯᠬᠡ ᠶᠢᠨ ᠳᠠᠭᠠᠳᠬᠠᠯ ᠤᠨ ᠬᠠᠮᠢᠶᠠᠷᠣᠯᠳᠠ ᠶᠢᠨ ᠲᠥᠪ ᠵᠢᠴᠢ ᠡᠯ᠎ᠡ ᠬᠤᠰᠢᠭᠤ ︵ᠨᠡᠭᠡᠭᠡᠯᠳᠡ ᠶᠢᠨ ᠣᠷᠣᠨ︶ ᠶᠢᠨ ᠡᠮ ᠡᠮᠨᠡᠯᠬᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠡᠳ᠋ ᠤᠨ ᠵᠠᠰᠠᠭ ᠤᠨ ᠲᠤᠰᠬᠠᠶ ᠳᠠᠩᠰᠠᠨ ᠳᠤ ᠰᠠᠷ᠎ᠠ ᠳᠠᠷᠠᠭᠠᠯᠠᠨ ᠨᠢᠭᠡᠳᠦᠯᠲᠡᠶ ᠰᠢᠯᠵᠢᠬᠦᠯᠦᠨ ᠥᠭᠬᠦ ᠬᠡᠷᠡᠭᠲᠡᠶ᠃          ᠭᠤᠷᠪᠠᠳᠤᠭᠠᠷ ᠪᠦᠯᠦᠭ    ᠲᠦᠭᠰᠢᠭᠦᠷᠢ ᠶᠢ ᠠᠷᠭᠠᠴᠠᠭᠠᠬᠤ ᠬᠠᠷᠢᠯᠴᠠᠨ ᠳᠣᠰᠠᠯᠠᠯᠴᠠᠬᠤ ᠮᠥᠩᠭᠦ ᠶᠢ ᠳᠣᠬᠢᠷᠠᠭᠤᠯᠬᠤ          ᠠᠷᠪᠠᠨ ᠬᠤᠶᠠᠳᠤᠭᠠᠷ ᠵᠦᠢᠯ     ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦᠨ ᠤ ᠳᠣᠳᠠᠭᠳᠠᠭᠰᠠᠨ ᠬᠡᠰᠡᠭ ᠢ ᠡᠭᠦᠷᠭᠡᠯᠡᠬᠦ ᠲᠣᠭᠲᠠᠴᠠ ᠶᠢ ᠪᠠᠶᠢᠭᠤᠯᠵᠤ᠂ ᠪᠦᠬᠦ ᠠᠶᠢᠮᠠᠭ ᠤᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠳᠣᠭᠳᠠᠭᠤᠨ ᠠᠮᠤᠷ ᠲᠦᠪᠰᠢᠨ ᠠᠵᠢᠯᠯᠠᠭᠠᠨ ᠢ ᠪᠠᠳᠣᠯᠠᠵᠦ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ᠃          ᠠᠷᠪᠠᠨ ᠭᠤᠷᠪᠠᠳᠤᠭᠠᠷ ᠵᠦᠢᠯ    ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠲᠦᠭᠰᠢᠭᠦᠷᠢ ᠶᠢ ᠠᠷᠭᠠᠴᠠᠭᠠᠬᠤ ᠬᠠᠷᠢᠯᠴᠠᠨ ᠳᠣᠰᠠᠯᠠᠯᠴᠠᠬᠤ ᠮᠥᠩᠭᠦ ︵ᠳᠣᠷᠣᠭᠰᠢ ᠬᠠᠷᠢᠯᠴᠠᠨ ᠳᠣᠰᠠᠯᠠᠯᠴᠠᠬᠤ ᠮᠥᠩᠭᠦ ᠭᠡᠵᠦ ᠲᠣᠪᠴᠢᠯᠠᠨ᠎ᠠ︶ ᠶᠢ ᠳᠣᠬᠢᠷᠠᠭᠤᠯᠣᠨ᠎ᠠ᠃ ᠬᠠᠷᠢᠯᠴᠠᠨ ᠳᠣᠰᠠᠯᠠᠯᠴᠠᠬᠤ ᠮᠥᠩᠭᠦ ᠳᠤ ︽ᠨᠢᠭᠡᠳᠦᠯᠲᠡᠶ ᠭᠠᠷᠭᠠᠨ ᠠᠪᠬᠤ᠂ ᠨᠢᠭᠡᠳᠦᠯᠲᠡᠶ ᠬᠠᠮᠢᠶᠠᠷᠬᠤ᠂ ᠨᠢᠭᠡᠳᠦᠯᠲᠡᠶ ᠲᠣᠬᠢᠷᠠᠭᠤᠯᠬᠤ︾ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠦᠨ᠎ᠡ᠃ ᠬᠠᠷᠢᠯᠴᠠᠨ ᠲᠤᠰᠠᠯᠠᠯᠴᠠᠬᠤ ᠮᠥᠩᠭᠦ ᠨᠢ ᠲᠦᠭᠰᠢᠭᠦᠷᠢ ᠶᠢ ᠬᠠᠮᠲᠤ ᠪᠠᠷ ᠲᠤᠭᠤᠯᠬᠤ᠂ ᠬᠠᠷᠢᠭᠤᠴᠠᠯᠭ᠎ᠠ ᠶᠢ ᠬᠠᠮᠳᠣ ᠪᠠᠷ ᠡᠭᠦᠷᠭᠡᠯᠡᠬᠦ ᠶᠢ ᠪᠠᠷᠢᠮᠲᠠᠯᠠᠨ᠎ᠠ᠃          ᠠᠷᠪᠠᠨ ᠳᠥᠷᠪᠡᠳᠦᠭᠡᠷ ᠵᠦᠢᠯ       ᠬᠠᠷᠢᠯᠴᠠᠨ ᠳᠣᠰᠠᠯᠠᠯᠴᠠᠬᠤ ᠮᠥᠩᠭᠦ ᠶᠢ ᠬᠤᠲᠠ ᠪᠠᠯᠭᠠᠰᠤᠨ ᠤ ᠠᠵᠢᠯᠲᠠᠨ ᠠᠵᠢᠯᠴᠢᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠲᠣᠰ ᠲᠣᠰ ᠤᠨ ᠬᠢᠨᠢ ᠳᠠᠩᠰᠠᠨ ᠳᠤ ᠲᠡᠮᠳᠡᠭᠯᠡᠵᠦ᠂ ᠳᠠᠩᠰᠠ ᠬᠤᠪᠢᠶᠠᠨ ᠬᠠᠷᠭᠤᠭᠤᠯᠣᠨ ᠪᠣᠳᠣᠵᠦ᠂ ᠲᠤᠰᠬᠠᠶ ᠵᠣᠭᠤᠰ ᠢ ᠲᠤᠰᠬᠠᠶ ᠬᠡᠷᠡᠭᠯᠡᠨ ᠬᠠᠷᠢᠯᠴᠠᠨ ᠲᠤᠰᠠᠯᠠᠯᠴᠠᠬᠤ ᠮᠦᠩᠬᠦᠨ ᠤ ᠬᠤᠷᠠᠮᠳᠣᠭᠰᠠᠨ ᠦᠯᠡᠳᠡᠪᠦᠷᠢ ᠶᠢ ᠦᠯᠡᠳᠡᠭᠡᠨ ᠬᠡᠷᠡᠭᠯᠡᠨ᠎ᠡ᠃ ᠬᠠᠷᠢᠯᠴᠠᠨ ᠳᠣᠰᠠᠯᠠᠯᠴᠠᠬᠤ ᠮᠥᠩᠭᠦ ᠶᠢ ᠭᠤᠤᠯᠳᠠᠭᠤ ᠠᠶᠢᠮᠠᠭ ᠤᠨ ᠱᠠᠲᠤ ᠵᠢᠴᠢ ᠡᠯ᠎ᠡ ᠬᠤᠰᠢᠭᠤ ︵ ᠨᠡᠬᠡᠬᠡᠯᠳᠡ ᠶᠢᠨ ᠣᠷᠣᠨ︶ ᠶᠢᠨ ᠲᠤᠬᠠᠶ ᠶᠢᠨ ᠵᠢᠯ ᠤᠨ ᠡᠮ ᠡᠮᠨᠡᠯᠬᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠳᠣᠳᠠᠭᠳᠠᠭᠰᠠᠨ ᠬᠡᠰᠡᠭ ᠢ ᠲᠣᠬᠢᠷᠠᠭᠤᠯᠬᠤ ᠳᠤ ᠬᠡᠷᠡᠭᠯᠡᠨ᠎ᠡ᠃          ᠠᠷᠪᠠᠨ ᠲᠠᠪᠤᠳᠤᠭᠠᠷ ᠵᠦᠢᠯ       ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠬᠠᠷᠢᠯᠴᠠᠨ ᠳᠣᠰᠠᠯᠠᠯᠴᠠᠬᠤ ᠮᠥᠩᠭᠦ ᠶᠢ ᠲᠤᠰ ᠵᠢᠯ ᠤᠨ ᠪᠦᠬᠦ ᠠᠶᠢᠮᠠᠭ ᠤᠨ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠨᠢᠭᠡᠳᠦᠯᠲᠡᠶ ᠳᠦᠯᠦᠪᠯᠡᠭᠰᠡᠨ ᠰᠠᠭᠤᠷᠢ ᠮᠥᠩᠭᠦ ᠶᠢᠨ ᠣᠷᠣᠯᠭ᠎ᠠ ᠶᠢᠨ ᠶᠡᠷᠦᠩᠬᠡᠶ ᠲᠣᠭᠠᠨ ᠤ 10% ᠪᠠᠷ ᠬᠤᠷᠠᠮᠳᠣᠭᠤᠯᠣᠨ ᠴᠣᠭᠯᠠᠭᠤᠯᠵᠦ᠂ ᠬᠠᠷᠢᠯᠴᠠᠨ ᠳᠣᠰᠠᠯᠠᠯᠴᠠᠬᠤ ᠮᠦᠩᠬᠦᠨ ᠤ ᠬᠤᠷᠠᠮᠳᠣᠭᠰᠠᠨ ᠦᠯᠡᠳᠡᠪᠦᠷᠢ ᠶᠢᠨ ᠪᠦᠬᠦ ᠲᠤᠭ᠎ᠠ ᠨᠢ ᠪᠦᠬᠦ ᠠᠶᠢᠮᠠᠭ ᠤᠨ ᠲᠣᠰ ᠵᠢᠯ ᠤᠨ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠨᠢᠭᠡᠳᠦᠯᠳᠡᠢ ᠳᠦᠯᠦᠪᠯᠡᠭᠰᠡᠨ ᠰᠠᠭᠤᠷᠢ ᠮᠥᠩᠭᠦ ᠶᠢᠨ ᠣᠷᠣᠯᠭ᠎ᠠ ᠶᠢᠨ ᠶᠡᠷᠦᠩᠬᠡᠶ ᠲᠤᠭ᠎ᠠ ᠳᠤ ᠬᠦᠷᠦᠭᠰᠡᠨ ᠪᠣᠯ᠂ ᠬᠠᠷᠢᠯᠴᠠᠨ ᠲᠤᠰᠠᠯᠠᠯᠴᠠᠬᠤ ᠮᠥᠩᠭᠦ ᠶᠢ ᠭᠠᠷᠭᠠᠨ ᠠᠪᠬᠤ ᠶᠢ ᠵᠣᠭᠰᠣᠭᠠᠨ᠎ᠠ᠃          ᠠᠷᠪᠠᠨ ᠵᠢᠷᠭᠤᠳᠤᠭᠠᠷ ᠵᠦᠢᠯ      ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠠᠷᠢᠯᠴᠠᠨ ᠲᠤᠰᠠᠯᠠᠯᠴᠠᠬᠤ ᠮᠥᠩᠭᠦ ᠨᠢ ᠪᠦᠬᠦ ᠠᠶᠢᠮᠠᠭ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠦᠩᠬᠦ ᠶᠢᠨ ᠥᠩᠭᠡᠷᠡᠭᠰᠡᠨ ᠵᠢᠯ ᠤᠳ ᠤᠨ ᠬᠤᠷᠠᠮᠳᠣᠭᠰᠠᠨ ᠦᠯᠡᠳᠡᠪᠦᠷᠢ ᠪᠠᠷ ᠰᠠᠭᠤᠷᠢ ᠪᠣᠯᠭᠠᠵᠤ᠂ ᠲᠣᠰ ᠵᠢᠯ ᠤᠨ ᠪᠦᠬᠦ ᠠᠶᠢᠮᠠᠭ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠶᠢᠨ ᠶᠡᠷᠦᠩᠬᠡᠶ ᠲᠣᠭᠠᠨ ᠤ 10% ᠪᠠᠷ ᠬᠤᠷᠠᠮᠳᠤᠭᠤᠯᠤᠨ ᠴᠣᠭᠯᠠᠭᠤᠯᠵᠦ᠂ ᠬᠠᠷᠢᠯᠴᠠᠨ ᠳᠣᠰᠠᠯᠠᠯᠴᠠᠬᠤ ᠮᠥᠩᠭᠦᠨ ᠤ ᠬᠤᠷᠠᠮᠳᠣᠭᠰᠠᠨ ᠦᠯᠡᠳᠡᠪᠦᠷᠢ ᠶᠢᠨ ᠶᠡᠷᠦᠩᠬᠡᠶ ᠲᠤᠭ᠎ᠠ ᠨᠢ ᠲᠤᠰ ᠵᠢᠯ ᠤᠨ ᠪᠦᠬᠦ ᠠᠶᠢᠮᠠᠭ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠦᠩᠬᠦ ᠶᠢᠨ ᠣᠷᠣᠯᠭ᠎ᠠ ᠶᠢᠨ ᠶᠡᠷᠦᠩᠬᠡᠶ ᠲᠣᠭᠠᠨ ᠳᠤ ᠬᠦᠷᠦᠭᠰᠡᠨ ᠪᠣᠯ᠂ ᠬᠠᠷᠢᠯᠴᠠᠨ ᠲᠤᠰᠠᠯᠠᠯᠴᠠᠬᠤ ᠮᠥᠩᠭᠦ ᠶᠢ ᠭᠠᠷᠭᠠᠨ ᠠᠪᠬᠤ ᠶᠢ ᠵᠣᠭᠰᠣᠭᠠᠨ᠎ᠠ᠃          ᠠᠷᠪᠠᠨ ᠳᠣᠯᠣᠳᠤᠭᠠᠷ ᠵᠦᠢᠯ    ᠠᠶᠢᠮᠠᠭ ᠤᠨ ᠱᠠᠲᠤ ᠵᠢᠴᠢ ᠡᠯ᠎ᠡ ᠬᠤᠰᠢᠭᠤ ︵ᠨᠡᠭᠡᠭᠡᠯᠳᠡ ᠶᠢᠨ ᠣᠷᠣᠨ︶ ᠶᠢᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠨᠢ ᠡᠷᠬᠡᠪᠰᠢ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠲᠥᠰᠦᠪ ᠢ ᠳᠡᠩᠴᠡᠭᠦᠷᠢᠳᠡᠢ ᠪᠠᠶᠢᠯᠭᠠᠬᠤ ᠶᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠠᠶᠢᠮᠠᠭ ᠤᠨ ᠱᠠᠲᠤ ᠵᠢᠴᠢ ᠡᠯ᠎ᠡ ᠬᠤᠰᠢᠭᠤ ︵ᠨᠡᠭᠡᠭᠡᠯᠳᠡ ᠶᠢᠨ ᠣᠷᠣᠨ︶ ᠶᠢᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠲᠤᠰ ᠵᠢᠯ ᠤᠨ ᠣᠷᠣᠯᠭ᠎ᠠ ᠵᠠᠷᠤᠯᠭ᠎ᠠ ᠳᠤ ᠳᠤᠲᠠᠭᠳᠠᠯ ᠲᠠᠢ ᠪᠠᠶᠢᠪᠠᠯ᠂ ᠳᠣᠣᠷᠠᠬᠢ ᠳᠡᠰ ᠳᠠᠷᠠᠭᠠᠯᠠᠯ ᠢᠶᠠᠷ ᠲᠣᠬᠢᠷᠠᠭᠤᠯᠤᠯᠲᠠ ᠬᠢᠨ᠎ᠡ᠄          ︵ᠨᠢᠭᠡ︶ ᠡᠩ ᠲᠡᠷᠢᠭᠦᠨ ᠳᠤ ᠡᠮ ᠡᠮᠨᠡᠯᠬᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠤᠷᠠᠮᠳᠣᠭᠰᠠᠨ ᠦᠯᠡᠳᠡᠪᠦᠷᠢ ᠪᠠᠷ ᠲᠣᠬᠢᠷᠠᠭᠤᠯᠤᠯᠲᠠ ᠬᠢᠨ᠎ᠠ︔          ︵ᠬᠤᠶᠠᠷ︶ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠤᠷᠠᠮᠳᠣᠭᠰᠠᠨ ᠦᠯᠡᠳᠡᠪᠦᠷᠢ  ᠪᠠᠷ ᠳᠣᠬᠢᠷᠠᠭᠤᠯᠣᠯᠳᠠ ᠬᠢᠭᠰᠡᠨ ᠤ ᠳᠠᠷᠠᠭ᠎ᠠ ᠮᠥᠨ ᠬᠦ ᠳᠣᠳᠠᠭᠳᠠᠵᠦ ᠪᠠᠶᠢᠪᠠᠯ᠂ ᠬᠠᠷᠢᠯᠴᠠᠨ ᠲᠤᠰᠠᠯᠠᠯᠴᠠᠬᠤ ᠮᠥᠩᠭᠦ ᠪᠠᠷ ᠲᠣᠬᠢᠷᠠᠭᠤᠯᠤᠨ᠎ᠠ︔          ︵ᠭᠤᠷᠪᠠ︶ ᠬᠠᠷᠢᠯᠴᠠᠨ ᠳᠣᠰᠠᠯᠠᠯᠴᠠᠬᠤ ᠮᠥᠩᠭᠦ ᠪᠠᠷ ᠳᠠᠮᠵᠢᠭᠤᠯᠤᠨ ᠲᠣᠬᠢᠷᠠᠭᠤᠯᠤᠯᠲᠠ ᠬᠢᠭᠰᠡᠨ ᠤ ᠳᠠᠷᠠᠭ᠎ᠠ ᠮᠥᠨ ᠬᠦ ᠳᠤᠲᠠᠭᠳᠠᠵᠤ ᠪᠠᠶᠢᠪᠠᠯ᠂ ᠠᠶᠢᠮᠠᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠠᠴᠠ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠲᠠᠢ ᠬᠠᠮᠳᠣᠷᠠᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠲᠡᠩᠴᠡᠭᠦᠷᠢᠲᠡᠶ ᠠᠵᠢᠯᠯᠠᠭᠤᠯᠬᠤ ᠳᠣᠬᠠᠢ ᠨᠠᠷᠢᠨ ᠪᠣᠳᠣᠵᠦ᠂ ᠲᠤᠰᠢᠶᠠᠬᠤ ᠬᠠᠷᠢᠴᠠᠯ ᠪᠤᠶᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠳᠣᠬᠢᠷᠠᠭᠤᠯᠣᠨ᠎ᠠ︔          ︵ᠳᠥᠷᠪᠡ︶ ᠡᠮ ᠡᠮᠨᠡᠯᠬᠡ ᠶᠢᠨ ᠳᠠᠭᠠᠳᠬᠠᠯ ᠤᠨ ᠰᠠᠭᠤᠷᠢ ᠮᠥᠩᠭᠦ ᠨᠢ ᠪᠥᠬᠦ ᠲᠠᠯ᠎ᠠ ᠪᠠᠷ ᠬᠦᠷᠦᠯᠴᠡᠬᠦ ᠦᠬᠡᠢ ᠪᠣᠯᠣᠭᠰᠠᠨ ᠦᠶ᠎ᠡ ᠳᠤ ᠠᠶᠢᠮᠠᠭ᠂ ᠬᠤᠰᠢᠭᠤ ︵ ᠨᠡᠭᠡᠭᠡᠯᠳᠡ ᠶᠢᠨ ᠣᠷᠣᠨ︶ ᠬᠤᠶᠠᠷ ᠱᠠᠲᠤᠨ ᠤ ᠡᠳ᠋ ᠤᠨ ᠵᠠᠰᠠᠭ ᠠᠴᠠ ᠡᠳ᠋ ᠤᠨ ᠵᠠᠰᠠᠭ ᠤᠨ ᠡᠷᠬᠡ᠂ ᠠᠵᠢᠯ ᠶᠠᠪᠣᠳᠠᠯ ᠤᠨ ᠡᠷᠬᠡ ᠶᠢᠨ ᠬᠠᠷᠢᠭᠤᠴᠠᠯᠭ᠎ᠠ ᠶᠣᠰᠣᠭᠠᠷ ᠬᠤᠪᠢᠶᠠᠨ ᠡᠭᠦᠷᠭᠡᠯᠡᠵᠦ ᠨᠥᠬᠦᠪᠥᠷᠢ ᠥᠭᠭᠦᠨ᠎ᠡ᠃          ᠠᠷᠪᠠᠨ ᠨᠠᠢᠮᠠᠳᠣᠭᠠᠷ ᠵᠦᠢᠯ     ᠬᠠᠷᠢᠯᠴᠠᠨ ᠳᠣᠰᠠᠯᠠᠯᠴᠠᠬᠤ ᠮᠥᠩᠭᠦ ᠶᠢᠨ ᠬᠡᠷᠡᠭᠯᠡᠯᠳᠡ᠃ ᠠᠶᠢᠮᠠᠭ ᠤᠨ ᠱᠠᠲᠤ ᠵᠢᠴᠢ ᠡᠯ᠎ᠡ ᠬᠤᠰᠢᠭᠤ ︵ᠨᠡᠭᠡᠭᠡᠯᠳᠡ ᠶᠢᠨ ᠣᠷᠣᠨ︶ ᠶᠢᠨ ᠲᠣᠰ ᠵᠢᠯ ᠤᠨ ᠡᠮ ᠡᠮᠨᠡᠯᠬᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠳᠣᠳᠠᠭᠳᠠᠭᠰᠠᠨ ᠬᠡᠰᠡᠭ ᠢ ᠠᠶᠢᠮᠠᠭ ᠤᠨ ᠡᠮ ᠡᠮᠨᠡᠯᠬᠡ ᠶᠢᠨ ᠪᠠᠲᠤᠯᠠᠭ᠎ᠠ ᠶᠢᠨ ᠲᠣᠪᠴᠢᠶ᠎ᠠ ᠠᠴᠠ ᠡᠮ ᠡᠮᠨᠡᠯᠬᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ ᠬᠦᠢᠴᠡᠳᠬᠡᠯ ᠢ ᠬᠡᠷᠡᠭᠵᠢᠬᠦᠯᠦᠭᠰᠡᠨ ᠪᠠᠶᠢᠳᠠᠯ ᠢ ᠦᠨᠳᠦᠰᠦᠯᠡᠨ ᠠᠶᠢᠮᠠᠭ ᠤᠨ ᠵᠠᠬᠢᠷᠭ᠎ᠠ ᠳᠤ ᠭᠤᠶᠤᠴᠢᠯᠠᠯ ᠳᠡᠪᠰᠢᠬᠦᠯᠵᠦ᠂ ᠠᠶᠢᠮᠠᠭ ᠤᠨ ᠵᠠᠬᠢᠷᠭ᠎ᠠ ᠠᠴᠠ ᠬᠠᠷᠢᠯᠴᠠᠨ ᠳᠣᠰᠠᠯᠠᠯᠴᠠᠬᠤ ᠮᠦᠩᠬᠦᠨ ᠤ ᠬᠡᠷᠡᠭᠯᠡᠯᠳᠡ ᠶᠢ ᠬᠢᠨᠠᠨ ᠬᠠᠷᠭᠤᠭᠤᠯᠵᠦ ᠵᠦᠪᠰᠢᠶᠡᠷᠡᠨ᠎ᠡ᠃         ᠳᠥᠷᠪᠡᠳᠦᠭᠡᠷ ᠪᠦᠯᠦᠭ     ᠬᠠᠷᠢᠭᠤᠴᠠᠯᠭ᠎ᠠ ᠶᠢᠨ ᠬᠤᠪᠢᠶᠠᠷᠢᠯᠠᠯ         ᠠᠷᠪᠠ ᠶᠢᠰᠦᠳᠦᠭᠡᠷ ᠵᠦᠢᠯ      ᠠᠶᠢᠮᠠᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠨᠢ ᠪᠦᠬᠦ ᠠᠶᠢᠮᠠᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠪᠠ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ ᠨᠠᠶᠢᠷᠠᠭᠤᠯᠬᠤ  ᠶᠢ ᠬᠠᠷᠢᠭᠤᠴᠠᠵᠦ᠂ ᠡᠯ᠎ᠡ ᠬᠤᠰᠢᠭᠤ ︵ᠨᠡᠭᠡᠭᠡᠯᠳᠡ ᠶᠢᠨ ᠣᠷᠣᠨ︶ ᠪᠠ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠣᠨ ᠡᠮ ᠡᠮᠨᠡᠯᠬᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠠᠶᠢᠮᠠᠭ ᠤᠨ ᠱᠠᠳᠣᠨ ᠠᠴᠠ ᠨᠢᠭᠡᠳᠦᠯᠲᠡᠶ ᠳᠦᠯᠦᠪᠯᠡᠬᠦ ᠠᠵᠢᠯ ᠢ ᠰᠠᠶᠢᠲᠤᠷ ᠬᠢᠬᠦ ᠶᠢ ᠬᠠᠷᠢᠭᠤᠴᠠᠵᠦ᠂ ᠡᠮ ᠡᠮᠨᠡᠯᠬᠡ  ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠲᠣᠭᠲᠠᠭᠤᠨ ᠪᠥᠭᠡᠳ ᠠᠮᠤᠷ ᠲᠦᠪᠰᠢᠨ ᠠᠵᠢᠯᠯᠠᠬᠤ ᠶᠢ ᠦᠨᠡᠨᠬᠦ ᠪᠠᠲᠤᠯᠠᠨ᠎ᠠ᠃         ᠬᠤᠷᠢᠳᠤᠭᠠᠷ ᠵᠦᠢᠯ       ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠨᠢ ᠪᠦᠬᠦ ᠠᠶᠢᠮᠠᠭ ᠤᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠠ ᠬᠠᠮᠢᠶᠠᠷᠤᠯᠲᠠ ᠪᠠ ᠲᠥᠰᠦᠪ᠂ ᠲᠥᠰᠦᠪ ᠤᠨ ᠭᠦᠢᠴᠡᠳᠬᠡᠯ ᠢ ᠬᠢᠨᠠᠨ ᠬᠠᠷᠭᠤᠭᠤᠯᠬᠤ᠂ ᠬᠤᠷᠢᠶᠠᠩᠭᠤᠶᠢᠯᠠᠬᠤ᠂ ᠳᠡᠭᠡᠭᠰᠢ ᠮᠡᠳᠡᠭᠦᠯᠬᠦ ᠠᠵᠢᠯ ᠢ ᠬᠠᠷᠢᠭᠤᠴᠠᠵᠤ᠂ ᠡᠯ᠎ᠡ ᠳᠦᠷᠦᠯ ᠤᠨ ᠰᠠᠭᠤᠷᠢ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠰᠢᠯᠵᠢᠬᠦᠯᠦᠨ ᠥᠭᠴᠦ ᠪᠠᠭᠤᠯᠭᠠᠬᠤ ᠪᠠ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠠᠮᠤᠷ ᠲᠦᠪᠰᠢᠨ᠂ ᠥᠨᠳᠥᠷ ᠪᠦᠲᠦᠮᠵᠢᠲᠡᠶ ᠠᠵᠢᠯᠯᠠᠭᠤᠯᠬᠤ ᠶᠢ ᠦᠨᠡᠨᠬᠦ ᠪᠠᠲᠤᠯᠠᠨ᠎ᠠ᠃         ᠬᠤᠷᠢᠨ ᠨᠢᠭᠡᠳᠦᠭᠡᠷ ᠵᠦᠢᠯ      ᠠᠶᠢᠮᠠᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠢ ᠬᠠᠮᠢᠶ᠎ᠠ ᠪᠦᠬᠦᠢ ᠲᠣᠭᠲᠠᠭᠠᠯ ᠶᠣᠰᠣᠭᠠᠷ ᠰᠠᠭᠤᠷᠢ ᠮᠥᠩᠭᠦ ᠶᠢ ᠳᠠᠳᠠᠪᠣᠷᠢᠯᠠᠬᠤ ᠠᠵᠢᠯ ᠢ ᠰᠠᠶᠢᠲᠤᠷ ᠬᠢᠵᠦ᠂ ᠠᠶᠢᠮᠠᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢ ᠬᠠᠮᠵᠢᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠠᠵᠢᠯ ᠢ ᠰᠠᠶᠢᠲᠤᠷ ᠬᠢᠬᠦ ᠬᠡᠷᠡᠭᠲᠡᠶ᠃         ᠬᠤᠷᠢᠨ ᠬᠤᠶᠠᠳᠤᠭᠠᠷ ᠵᠦᠢᠯ       ᠡᠯ᠎ᠡ ᠬᠤᠰᠢᠭᠤ ︵ᠨᠡᠭᠡᠭᠡᠯᠳᠡ ᠶᠢᠨ ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠨᠢ ᠲᠣᠰ ᠭᠠᠵᠠᠷ ᠣᠷᠣᠨ ᠤ ᠪᠠᠨ ᠡᠮ ᠡᠮᠨᠡᠯᠭᠡ ᠶᠢᠨ ᠪᠠᠲᠤᠯᠠᠭ᠎ᠠ ᠶᠢᠨ ᠠᠵᠢᠯ ᠢ ᠬᠠᠷᠢᠭᠤᠴᠠᠵᠤ᠂ ᠲᠣᠰ ᠭᠠᠵᠠᠷ ᠣᠷᠣᠨ ᠤ ᠡᠮ ᠡᠮᠨᠡᠯᠬᠡ ᠶᠢᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠲᠠᠲᠠᠪᠤᠷᠢᠯᠠᠬᠤ ᠪᠠ ᠬᠠᠮᠢᠶᠠᠷᠬᠤ᠂ ᠳᠣᠭᠳᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃         ᠬᠤᠷᠢᠨ ᠭᠤᠷᠪᠠᠳᠤᠭᠠᠷ ᠵᠦᠢᠯ     ᠡᠯ᠎ᠡ ᠬᠤᠰᠢᠭᠤ ︵ᠨᠡᠭᠡᠭᠡᠯᠳᠡ ᠶᠢᠨ ᠣᠷᠣᠨ︶ ᠶᠢᠨ ᠡᠮ ᠡᠮᠨᠡᠯᠬᠡ  ᠶᠢᠨ ᠪᠠᠲᠤᠯᠠᠭ᠎ᠠ᠂ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠨᠢ ᠡᠭᠦᠷᠭᠡ ᠴᠢᠳᠠᠮᠵᠢ ᠶᠣᠰᠣᠭᠠᠷ ᠬᠠᠷᠠᠭᠠᠯᠵᠠᠭᠰᠠᠨ ᠠᠵᠢᠯ ᠢ ᠬᠠᠷᠢᠭᠤᠴᠠᠵᠦ᠂ ᠡᠮ ᠡᠮᠨᠡᠯᠬᠡ ᠶᠢᠨ ᠪᠠᠲᠤᠯᠠᠭ᠎ᠠ ᠪᠠ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠨᠢ ᠰᠠᠨᠠᠯ ᠪᠣᠳᠣᠯ ᠢᠶᠠᠨ ᠣᠯᠣᠯᠴᠠᠵᠦ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠪᠠ ᠡᠮ ᠡᠮᠨᠡᠯᠬᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠳᠠᠳᠠᠪᠣᠷᠢᠯᠠᠬᠤ ᠵᠡᠷᠭᠡ ᠠᠵᠢᠯ ᠢ ᠬᠠᠮᠳᠣ ᠪᠠᠷ ᠠᠬᠢᠭᠤᠯᠤᠨ᠎ᠠ᠃         ᠬᠤᠷᠢᠨ ᠳᠥᠷᠪᠡᠳᠦᠭᠡᠷ ᠵᠦᠢᠯ      ᠡᠮ ᠡᠮᠨᠡᠯᠭᠡ ᠶᠢᠨ ᠪᠠᠲᠤᠯᠠᠭ᠎ᠠ ᠶᠢᠨ ᠠᠵᠢᠯ ᠤᠨ ᠬᠠᠷᠠᠯᠲᠠ ᠶᠢ ᠬᠢᠨᠠᠨ ᠰᠢᠯᠭᠠᠬᠤ ᠳᠦᠷᠢᠮ ᠢ ᠪᠠᠶᠢᠭᠤᠯᠣᠨ᠎ᠠ᠃ ᠵᠢᠯ ᠪᠦᠷᠢ ᠠᠶᠢᠮᠠᠭ ᠤᠨ ᠡᠮ ᠡᠮᠨᠡᠯᠬᠡ ᠶᠢᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠠᠴᠠ ᠬᠠᠮᠳᠣᠷᠠᠨ ᠬᠤᠰᠢᠭᠤ ︵ᠨᠡᠭᠡᠭᠡᠯᠳᠡ ᠶᠢᠨ ᠣᠷᠣᠨ︶ ᠳᠤ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠡᠭᠦᠷᠭᠡ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠳᠠᠳᠠᠪᠣᠷᠢᠯᠠᠬᠤ ᠡᠭᠦᠷᠭᠡ ᠪᠠ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ ᠶᠢᠨ ᠲᠥᠯᠥᠪᠯᠡᠭᠡ ᠶᠢ ᠪᠠᠭᠤᠯᠭᠠᠵᠤ᠂ ᠬᠡᠪᠴᠢᠶ᠎ᠡ ᠶᠢ ᠥᠷᠭᠡᠳᠬᠡᠨ ᠳᠠᠳᠠᠪᠣᠷᠢᠯᠠᠬᠤ᠂ ᠲᠥᠰᠦᠪ ᠤᠨ ᠬᠠᠮᠢᠶᠠᠷᠤᠯᠲᠠ᠂ ᠦᠷᠢᠳᠦᠭᠰᠡᠨ ᠵᠠᠷᠤᠳᠠᠯ ᠢ  ᠨᠦᠬᠦᠪᠦᠷᠢᠯᠡᠨ ᠲᠤᠰᠢᠶᠠᠬᠤ᠂ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠵᠡᠷᠭᠡ ᠠᠵᠢᠯ ᠳᠤ ᠵᠢᠯ ᠤᠨ ᠡᠴᠦᠰ ᠤᠨ ᠪᠠᠷᠢᠮᠵᠢᠶᠠᠯᠠᠭᠰᠠᠨ ᠬᠢᠨᠠᠨ ᠰᠢᠯᠭᠠᠯᠲᠠ ᠶᠢ ᠬᠡᠷᠡᠭᠵᠢᠬᠦᠯᠵᠦ᠂ ᠡᠯ᠎ᠡ ᠬᠤᠰᠢᠭᠤ ︵ᠨᠡᠭᠡᠭᠡᠯᠳᠡ ᠶᠢᠨ ᠣᠷᠣᠨ︶ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠣᠨ᠎ᠠ᠃ ᠪᠣᠳᠠᠲᠠᠶ ᠬᠢᠨᠠᠨ ᠰᠢᠯᠭᠠᠬᠤ ᠠᠷᠭ᠎ᠠ ᠶᠢ ᠠᠰᠳᠠᠭᠠᠨ ᠲᠣᠭᠲᠠᠭᠠᠨ᠎ᠠ᠃         ᠲᠠᠪᠤᠳᠤᠭᠠᠷ ᠪᠦᠯᠦᠭ      ᠰᠠᠭᠤᠷᠢ ᠮᠥᠩᠭᠦ ᠶᠢᠨ ᠬᠢᠨᠠᠨ ᠬᠠᠮᠢᠶᠠᠷᠣᠯᠳᠠ         ᠬᠤᠷᠢᠨ ᠲᠠᠪᠤᠳᠤᠭᠠᠷ ᠵᠦᠢᠯ       ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠵᠤ᠂ ᠳᠠᠭᠠᠳᠬᠠᠯ  ᠢ ᠵᠠᠯᠢᠯᠠᠨ ᠮᠡᠭᠡᠯᠡᠵᠦ ᠠᠪᠬᠤ ᠶᠠᠪᠤᠳᠠᠯ ᠳᠤ ᠴᠢᠩᠭ᠎ᠠ ᠴᠣᠬᠢᠯᠲᠠ ᠥᠭᠴᠦ᠂ ᠡᠮ ᠡᠮᠨᠡᠯᠬᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠢᠶᠠᠷ ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠶ᠃ ︽ᠬᠤᠶᠠᠷ ᠢ ᠳᠣᠬᠢᠶᠠᠯᠳᠣᠭᠤᠯᠣᠯ ᠢᠶᠠᠷ᠂ ᠨᠢᠭᠡ ᠶᠢ ᠢᠯᠡ ᠪᠠᠶᠢᠯᠭᠠᠬᠤ︾ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠦᠩᠬᠦᠨ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠠᠶᠢᠮᠠᠭ ᠤᠨ ᠳᠣᠲᠣᠷᠠᠬᠢ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ᠂ ᠭᠠᠷᠲᠠᠨ ᠬᠦᠢᠴᠡᠳᠬᠡᠬᠦ ᠪᠠᠶᠢᠭᠤᠯᠤᠮᠵᠢ ᠵᠢᠴᠢ ᠠᠵᠢᠯᠲᠠᠨ᠂ ᠳᠠᠭᠠᠳᠬᠠᠯ ᠳᠤ ᠣᠷᠣᠯᠴᠠᠭᠰᠠᠳ ᠵᠡᠷᠭᠡ ᠨᠢᠭᠡᠴᠡ ᠪᠠ ᠬᠤᠪᠢ ᠬᠥᠮᠦᠨ ᠤ ᠡᠮ ᠡᠮᠨᠡᠯᠬᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠬᠡᠷᠡᠭᠯᠡᠬᠦ ᠦᠢᠯᠡ ᠠᠵᠢᠯᠯᠠᠭ᠎ᠠ ᠳᠤ ᠬᠢᠨᠠᠯᠲᠠ ᠳᠠᠯᠪᠢᠬᠤ ᠶᠢ ᠪᠦᠷᠢᠨ ᠬᠠᠮᠣᠷᠣᠭᠤᠯᠬᠤ ᠶᠢ ᠬᠡᠷᠡᠭᠵᠢᠭᠦᠯᠵᠦ᠂ ᠬᠢᠨᠠᠯᠲᠠ ᠲᠠᠯᠪᠢᠵᠤ ᠪᠠᠶᠢᠴᠠᠭᠠᠬᠤ ᠶᠢ ᠪᠠᠶᠢᠩᠭᠤ ᠥᠷᠨᠢᠭᠦᠯᠦᠨ᠎ᠡ᠃         ᠬᠤᠷᠢᠨ ᠵᠢᠷᠭᠤᠳᠤᠭᠠᠷ ᠵᠦᠢᠯ       ᠣᠯᠠᠨ ᠲᠦᠮᠡᠨ ᠠᠴᠠ ᠬᠢᠨᠠᠯᠲᠠ ᠲᠠᠯᠪᠢᠬᠤ ᠪᠠ ᠨᠡᠶᠢᠭᠡᠮ ᠨᠡᠶᠢᠳᠡ  ᠠᠴᠠ ᠬᠢᠨᠠᠯᠲᠠ ᠲᠠᠯᠪᠢᠬᠤ ᠠᠵᠢᠯ ᠢ ᠴᠢᠩᠭᠠᠳᠬᠠᠵᠤ᠂ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠳᠠᠭᠠᠳᠬᠠᠯ ᠢ ᠵᠠᠯᠢᠯᠠᠨ ᠮᠡᠭᠡᠯᠡᠵᠦ ᠠᠪᠣᠭᠰᠠᠨ ᠠᠵᠢᠯᠯᠠᠭ᠎ᠠ ᠳᠤ ᠴᠣᠬᠢᠯᠲᠠ ᠥᠭᠴᠦ ᠵᠠᠭᠠᠯᠳᠤᠬᠤ ᠢᠯᠡᠴᠢᠯᠡᠨ ᠮᠡᠳᠡᠭᠦᠯᠬᠦ ᠤᠲᠠᠰᠤ ᠶᠢ ᠨᠡᠶᠢᠲᠡᠯᠡᠵᠦ᠂ ᠵᠠᠭᠠᠯᠳᠣᠵᠦ ᠢᠯᠡᠴᠢᠯᠡᠨ ᠮᠡᠳᠡᠭᠦᠯᠦᠭᠰᠡᠨ ᠠᠰᠠᠭᠤᠳᠠᠯ ᠤᠨ ᠰᠦᠪᠡᠭᠴᠢ ᠶᠢ ᠴᠠᠭ ᠲᠤᠬᠠᠶ ᠳᠤᠨᠢ ᠰᠢᠢᠳᠪᠦᠷᠢᠯᠡᠵᠦ᠂ ᠢᠯᠡᠴᠢᠯᠡᠨ ᠮᠡᠳᠡᠭᠦᠯᠦᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠎ᠠ᠃         ᠬᠤᠷᠢᠨ ᠳᠣᠯᠣᠳᠤᠭᠠᠷ ᠵᠦᠢᠯ      ᠳᠣᠭᠳᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠦᠢᠯᠡᠴᠢᠯᠡᠬᠡᠨ ᠤ ᠵᠦᠪᠯᠡᠯᠴᠡᠭᠡᠷ ᠤᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂  ᠵᠦᠪᠯᠡᠯᠴᠡᠭᠡᠷ ᠤᠨ ᠠᠭᠤᠯᠭ᠎ᠠ ᠶᠢ ᠰᠢᠨᠵᠢᠯᠡᠬᠦ ᠣᠬᠠᠭᠠᠨᠴᠢ ᠪᠠᠷ ᠲᠣᠭᠲᠠᠭᠠᠵᠤ᠂ ᠵᠥᠪᠯᠡᠯᠴᠡᠭᠡᠷ ᠢ ᠬᠡᠷᠡᠭᠵᠢᠭᠦᠯᠬᠦ᠂ ᠣᠶᠤᠨᠴᠢ ᠪᠠᠷ ᠬᠢᠨᠠᠨ ᠡᠵᠡᠮᠳᠡᠬᠦ᠂ ᠬᠢᠨᠠᠯᠲᠠ ᠲᠠᠯᠪᠢᠵᠤ ᠰᠢᠨᠵᠢᠯᠡᠨ ᠪᠠᠶᠢᠴᠠᠭᠠᠬᠤ ᠶᠢ ᠠᠬᠢᠭᠤᠯᠵᠤ᠂ ᠡᠮ ᠡᠮᠨᠡᠯᠭᠡ ᠶᠢᠨ ᠦᠢᠯᠡᠴᠢᠯᠡᠬᠡᠨ ᠤ ᠠᠵᠢᠯᠯᠠᠭ᠎ᠠ ᠶᠢ ᠳᠦᠷᠢᠮᠵᠢᠬᠦᠯᠵᠦ᠂ ᠡᠮ ᠡᠮᠨᠡᠯᠭᠡ ᠶᠢᠨ ᠦᠢᠯᠡᠴᠢᠯᠡᠬᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠢ ᠪᠠᠳᠣᠯᠠᠨ᠎ᠠ᠃         ᠬᠤᠷᠢᠨ ᠨᠠᠢᠮᠠᠳᠣᠭᠠᠷ ᠵᠦᠢᠯ      ᠡᠮ ᠡᠮᠨᠡᠯᠭᠡ  ᠶᠢᠨ ᠳᠠᠭᠠᠳᠬᠠᠯ  ᠤᠨ ᠰᠠᠭᠤᠷᠢ ᠮᠥᠩᠭᠦ  ᠶᠢᠨ ᠬᠢᠨᠠᠠ ᠬᠠᠮᠢᠶᠠᠷᠤᠯᠲᠠ  ᠶᠢᠨ ᠡᠩᠨᠡᠭᠡ  ᠶᠢ ᠪᠠᠶᠢᠭᠤᠯᠵᠤ᠂ ᠬᠦᠴᠦᠨ  ᠢᠶᠠᠨ ᠲᠥᠪᠯᠡᠷᠡᠭᠦᠯᠦᠨ᠂ ᠭᠤᠤᠯᠳᠠᠯᠭ᠎ᠠ  ᠳᠤ ᠠᠩᠬᠠᠷᠤᠯ  ᠢᠶᠠᠨ ᠳᠦᠪᠯᠡᠷᠡᠬᠦᠯᠵᠦ᠂ ᠲᠥᠷᠥᠯ ᠬᠤᠪᠢᠶᠠᠨ ᠴᠣᠬᠢᠯᠲᠠ ᠥᠭᠴᠦ᠂ ᠭᠠᠷᠲᠠᠨ ᠬᠦᠢᠴᠡᠳᠬᠡᠬᠦ ᠬᠠᠮᠢᠶᠠᠷᠣᠯᠳᠠ   ᠶᠢᠨ ᠪᠠᠶᠢᠭᠤᠯᠤᠮᠵᠢ ᠲᠠᠢ ᠲᠣᠰ ᠲᠣᠰ  ᠤᠨ ᠡᠭᠦᠷᠭᠡ ᠬᠠᠷᠢᠭᠤᠴᠠᠯᠭ᠎ᠠ   ᠪᠠᠨ ᠬᠦᠢᠴᠡᠳᠬᠡᠬᠦ᠂ ᠬᠠᠷᠢᠯᠴᠠᠨ ᠨᠥᠬᠦᠪᠥᠷᠢᠯᠡᠵᠦ ᠬᠠᠷᠢᠯᠴᠠᠨ ᠬᠠᠪᠰᠤᠷᠤᠯᠴᠠᠬᠤ ᠬᠢᠨᠠᠠ ᠬᠠᠮᠢᠶᠠᠷᠤᠯᠲᠠ  ᠶᠢᠨ ᠰᠢᠰᠲ᠋ᠧᠮᠵᠢ  ᠶᠢ ᠪᠤᠢ ᠪᠣᠯᠭᠠᠬᠤ ᠬᠡᠷᠡᠭᠲᠡᠶ᠃         ᠬᠤᠷᠢ ᠶᠢᠰᠦᠳᠦᠭᠡᠷ ᠵᠦᠢᠯ       ᠶᠡᠷᠦᠩᠬᠡᠶᠢᠯᠡᠭᠰᠡᠨ ᠬᠢᠨᠠᠠ ᠬᠠᠮᠢᠶᠠᠷᠤᠯᠲᠠ ᠶᠢᠨ ᠠᠵᠢᠯ ᠤᠨ ᠵᠣᠬᠢᠴᠠᠭᠤᠯᠬᠤ ᠳᠣᠭᠳᠠᠴᠠ ᠶᠢ ᠪᠦᠷᠢᠨᠰᠢᠬᠦᠯᠵᠦ᠂ ᠡᠮ ᠡᠮᠨᠡᠯᠭᠡ ᠶᠢᠨ ᠳᠠᠭᠠᠳᠬᠠᠯ᠂ ᠡᠷᠡᠭᠦᠯ ᠬᠠᠮᠠᠭᠠᠯᠠᠯ᠂ ᠳᠣᠲᠣᠭᠠᠳᠤ ᠶᠢ ᠬᠠᠮᠠᠭᠠᠯᠠᠬᠤ᠂ ᠬᠠᠤᠯᠢ ᠪᠠᠷᠢᠬᠤ᠂ ᠵᠠᠬ᠎ᠠ ᠳᠡᠯᠭᠡᠭᠦᠷ ᠤᠨ ᠬᠢᠨᠠᠠ ᠬᠠᠮᠢᠶᠠᠷᠤᠯᠲᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠵᠡᠷᠭᠡ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠶᠡᠷᠦᠩᠬᠡᠶᠢᠯᠡᠭᠰᠡᠨ ᠬᠢᠨᠠᠠ ᠬᠠᠮᠢᠶᠠᠷᠤᠯᠲᠠ ᠶᠢ ᠪᠦᠷᠢᠯᠳᠦᠭᠦᠯᠦᠨ᠎ᠡ᠃         ᠭᠤᠴᠢᠳᠣᠭᠠᠷ ᠵᠦᠢᠯ        ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠠ ᠬᠠᠮᠢᠶᠠᠷᠤᠯᠲᠠ ᠶᠢᠨ ᠢᠲᠡᠭᠡᠮᠵᠢ ᠶᠢᠨ ᠳᠣᠭᠳᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠡᠳᠡᠭᠡ ᠵᠠᠩᠭᠢ ᠶᠢ ᠢᠯᠡᠴᠢᠯᠡᠨ ᠨᠡᠶᠢᠲᠡᠯᠡᠬᠦ ᠳᠦᠷᠢᠮ ᠢ ᠲᠡᠭᠦᠯᠳᠡᠷᠵᠢᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠬᠠᠷ᠎ᠠ ᠳᠠᠩᠰᠠᠨ ᠳᠤ ᠣᠷᠣᠭᠰᠠᠨ ᠨᠡᠷᠡᠰ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠵᠦ᠂ ᠳᠠᠭᠠᠳᠬᠠᠯ ᠢ ᠵᠠᠯᠢᠯᠠᠨ ᠮᠡᠭᠡᠯᠡᠵᠦ ᠠᠪᠣᠭᠰᠠᠨ ᠠᠵᠢᠯᠯᠠᠭ᠎ᠠ ᠳᠤ ᠬᠤᠯᠪᠣᠭᠳᠠᠭᠰᠠᠨ ᠵᠦᠢᠯ ᠢ ᠢᠲᠡᠭᠡᠮᠵᠢ ᠶᠢᠨ ᠳᠣᠭᠳᠠᠯᠴᠠᠭ᠎ᠠ ᠳᠤ ᠣᠷᠣᠭᠤᠯᠵᠦ᠂ ᠠᠶᠢᠮᠠᠭ ᠤᠨ ᠳᠣᠳᠣᠭᠠᠳᠣ ᠳᠤ ᠨᠢᠬᠡ ᠳᠠᠯ᠎ᠠ ᠪᠠᠷ ᠳᠦᠷᠢᠮ ᠢ ᠵᠦᠷᠢᠴᠡᠭᠰᠡᠨ ᠪᠣᠯ ᠭᠠᠵᠠᠷ ᠪᠣᠯᠭᠠᠨ ᠳᠤ ᠬᠢᠵᠠᠭᠠᠷᠯᠠᠬᠤ ᠶᠠᠪᠣᠳᠠᠯ ᠢ ᠪᠡᠶᠡᠯᠡᠬᠦᠯᠬᠦ ᠶᠢ ᠠᠬᠢᠭᠤᠯᠣᠨ᠎ᠠ᠃         ᠵᠢᠷᠭᠤᠳᠤᠭᠠᠷ ᠪᠦᠯᠦᠭ    ᠳᠠᠭᠠᠯᠳᠤᠭᠤᠯᠤᠭᠰᠠᠨ ᠲᠦᠷᠢᠮ         ᠭᠤᠴᠢᠨ ᠨᠢᠭᠡᠳᠦᠭᠡᠷ ᠵᠦᠢᠯ       ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦᠨ ᠤ ᠣᠷᠣᠯᠭ᠎ᠠ ᠵᠠᠷᠤᠯᠭ᠎ᠠ ᠶᠢ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠤᠨ ᠳᠠᠭᠠᠳᠬᠠᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ︾᠂ ︽ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠬᠦᠨ ᠤ ᠡᠳ᠋ ᠤᠨ ᠶᠠᠪᠤᠳᠠᠯ ᠤᠨ ᠳᠦᠷᠢᠮ︾᠂ ︽ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠷᠭ᠎ᠠ ᠬᠡᠮᠵᠢᠶ᠎ᠡ︾ ᠵᠢᠴᠢ ᠲᠤᠰ ︽ᠠᠷᠭ᠎ᠠ︾ ᠶᠢᠨ ᠲᠣᠭᠲᠠᠭᠠᠯ ᠢ ᠴᠢᠩᠭ᠎ᠠ ᠵᠢᠷᠤᠮᠯᠠᠨ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠵᠢᠯᠯᠠᠭᠠᠨ ᠤ ᠲᠦᠭᠰᠢᠭᠦᠷᠢ ᠶᠢ ᠴᠠᠭ ᠲᠤᠬᠠᠶ ᠳᠤᠨᠢ ᠪᠦᠲᠦᠮᠵᠢᠲᠡᠶ ᠰᠡᠷᠭᠡᠶᠢᠯᠡᠨ ᠡᠵᠡᠮᠳᠡᠬᠦ ᠪᠠ ᠠᠷᠢᠯᠭᠠᠵᠤ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ  ᠳᠡᠭᠡᠭᠰᠢᠯᠡᠬᠦᠯᠦᠨ᠎ᠡ᠃         ᠭᠤᠴᠢᠨ ᠬᠤᠶᠠᠳᠤᠭᠠᠷ ᠵᠦᠢᠯ        ᠲᠣᠰ ︽ᠠᠷᠭ᠎ᠠ︾ ᠶᠢ ᠬᠡᠷᠡᠭᠵᠢᠭᠦᠯᠬᠦ ᠠᠴᠠ ᠡᠮᠦᠨ᠎ᠡ᠂ ᠠᠶᠢᠮᠠᠭ ᠤᠨ ᠬᠢᠨᠠᠨ ᠪᠣᠳᠣᠬᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠮ ᠡᠮᠨᠡᠯᠭᠡ ᠶᠢᠨ ᠪᠠᠳᠣᠯᠠᠭ᠎ᠠ ᠶᠢᠨ ᠲᠣᠪᠴᠢᠶ᠎ᠠ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ  ᠢᠯᠭᠠᠷᠠᠭᠤᠯᠤᠨ ᠪᠣᠳᠣᠬᠤ ᠲᠤᠰᠬᠠᠶ ᠳᠤᠭᠤᠶᠢᠯᠠᠩ ᠢ ᠪᠠᠶᠢᠭᠤᠯᠵᠤ᠂ ᠠᠶᠢᠮᠠᠭ ᠤᠨ ᠱᠠᠲᠤ ᠵᠢᠴᠢ ᠡᠯ᠎ᠡ ᠬᠤᠰᠢᠭᠤ ︵ᠨᠡᠭᠡᠭᠡᠯᠳᠡ ᠶᠢᠨ ᠣᠷᠣᠨ︶ ᠶᠢᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠥᠩᠭᠡᠷᠡᠭᠰᠡᠨ ᠵᠢᠯ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠢᠯᠭᠠᠷᠠᠭᠤᠯᠤᠨ ᠪᠣᠳᠣᠵᠤ ᠨᠤᠲᠠᠯᠠᠨ ᠳᠣᠭᠳᠠᠭᠠᠵᠦ ᠬᠤᠯᠪᠣᠭᠳᠠᠯ ᠪᠦᠬᠦᠢ ᠤᠴᠢᠷ ᠶᠠᠪᠤᠳᠠᠯ ᠢ ᠬᠤᠯᠪᠣᠭᠳᠠᠯ ᠪᠦᠬᠦᠢ ᠬᠤᠷᠠᠯ ᠳᠤ ᠮᠡᠳᠡᠭᠦᠯᠦᠨ ᠰᠤᠳᠤᠯᠤᠨ ᠰᠢᠢᠳᠪᠦᠷᠢᠯᠡᠬᠦᠯᠦᠨ᠎ᠡ᠃         ᠭᠤᠴᠢᠨ ᠭᠤᠷᠪᠠᠳᠤᠭᠠᠷ ᠵᠦᠢᠯ       ᠲᠣᠰ ︽ᠠᠷᠭ᠎ᠠ︾ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠬᠦᠯᠦᠨ᠎ᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号