ᠠᠯᠠᠱᠠ ᠶᠢᠨ ᠪᠠᠭᠠᠳᠤᠷᠴᠤᠳ ᠤᠨ ᠴᠤᠭᠯᠠᠭᠠᠨ᠄ ︽ᠤᠷᠤᠯᠳᠤᠭᠠᠨ + ᠵᠢᠭᠤᠯᠴᠢᠯᠠᠯ︾ ᠢᠶᠠᠷ ︽ᠪᠦᠬᠦ ᠬᠢᠵᠠᠭᠠᠷ ᠤᠨ ᠵᠢᠭᠤᠯᠴᠢᠯᠠᠯ︾  ᠤᠨ ᠰᠢᠨ᠎ᠡ ᠬᠡᠯᠪᠡᠷᠢ ᠶᠢ ᠪᠤᠢ ᠪᠤᠯᠭᠠᠪᠠ
ᠨᠡᠶᠢᠲᠡᠯᠡᠭᠰᠡᠨ ᠴᠠᠭ᠄
2020/10/10
      2020 ᠤᠨ ᠳᠤ ᠪᠤᠯᠤᠭᠰᠠᠨ ᠠᠷᠪᠠᠨ ᠳᠠᠪᠣᠳᠣᠭᠠᠷ ᠬᠤᠭᠤᠴᠠᠭᠠᠨ ᠤ ᠬᠡᠬᠡᠷᠡᠯᠡᠨ ᠠᠶᠠᠯᠠᠬᠤ e ᠠᠩᠬᠢ  ᠶᠢᠨ ᠠᠯᠠᠱᠠ ᠶᠢᠨ ᠪᠠᠭᠠᠳᠤᠷᠴᠤᠳ ᠤᠨ ᠴᠤᠭᠯᠠᠭᠠᠨ ᠨᠢ 10  ᠰᠠᠷ᠎ᠠ ᠶᠢᠨ 4 ᠤ ᠡᠳᠤᠷ ᠠᠯᠠᠱᠠ ᠵᠡᠭᠦᠨ ᠬᠤᠰᠢᠭᠤᠨ  ᠳᠤ ᠦᠨᠳᠦᠷᠯᠡᠵᠦ᠂ ᠬᠡᠳᠤᠨ ᠲᠦᠮᠡᠨ ᠬᠦᠮᠤᠨ ᠬᠦᠷᠦᠯᠴᠡᠨ ᠢᠷᠡᠵᠦ ᠤᠷᠤᠯᠴᠠᠵᠠᠢ᠃ ᠠᠯᠠᠱᠠ ᠶᠢᠨ ᠪᠠᠭᠠᠳᠤᠷᠴᠤᠳ  ᠤᠨ ᠴᠤᠭᠯᠠᠭᠠᠨ ᠨᠢ ᠲᠠᠩ ᠭᠠᠭᠴᠠ ᠬᠡᠭᠡᠷ᠎ᠡ ᠶᠢᠨ ᠤᠷᠤᠯᠳᠤᠭᠠᠨ ᠠᠴᠠ ᠪᠠᠨ ᠮᠠᠰᠢᠨ ᠳᠡᠷᠭᠡ᠂ ᠠᠭᠠᠷ ᠠᠶᠠᠯᠠᠯ ᠤᠨ ᠰᠤᠶᠤᠯ᠂ ᠳᠠᠭᠤᠤ ᠬᠦᠭᠵᠢᠮ ᠤᠨ ᠦᠪᠡᠳᠡᠭᠰᠢ ᠨᠠᠶᠢᠷ᠂ ᠨᠢᠳᠤᠷᠭᠠᠨ ᠲᠡᠮᠡᠴᠡᠭᠡᠨ᠂ ᠤᠨᠴᠠᠯᠢᠭᠳᠤ ᠲᠠᠩᠰᠤᠭ ᠢᠳᠡᠭᠡᠨ  ᠢ ᠠᠮᠳᠠᠷᠬᠠᠬᠤ ᠵᠡᠷᠭᠡ ᠶᠢ ᠨᠢᠭᠡ ᠴᠤᠭᠴᠠᠵᠢᠭᠤᠯᠤᠭᠰᠠᠨ ᠶᠡᠷᠤᠩᠬᠡᠶᠢᠯᠡᠭᠰᠡᠨ ᠴᠢᠨᠠᠷᠲᠠᠢ ᠤᠯᠠᠨ ᠤᠯᠤᠰ ᠤᠨ ᠨᠡᠷᠡᠳᠤ ᠤᠷᠤᠯᠳᠤᠭᠠᠨ ᠤ ᠰᠤᠳᠤᠨ ᠲᠡᠮᠳᠡᠭ ᠪᠤᠯᠤᠭᠰᠠᠨ ᠪᠠᠶᠢᠨ᠎ᠠ᠃       ︽ᠠᠯᠠᠱᠠ ᠶᠢᠨ ᠪᠠᠭᠠᠳᠤᠷᠴᠤᠳ ᠤᠨ ᠴᠤᠭᠯᠠᠭᠠᠨ  ᠪᠤᠯ ᠤᠯᠤᠰ ᠤᠨ ᠲᠤᠲᠤᠭᠠᠳᠤ ᠭᠠᠳᠠᠭᠠᠳᠤ ᠶᠢᠨ ᠬᠡᠭᠡᠷᠡᠯᠡᠨ ᠳᠠᠪᠬᠢᠬᠤ ᠮᠠᠰᠢᠨ ᠲᠡᠷᠭᠡᠨ ᠤ ᠡᠵᠡᠳ ᠤᠨ ᠦᠪᠡᠳᠡᠭᠰᠢ ᠴᠤᠭᠯᠠᠭᠠᠨ᠂ ᠮᠦᠨᠴᠤ ᠤᠶᠢᠷ᠎ᠠ ᠶᠢᠨ ᠵᠢᠯ ᠳᠤ ᠠᠯᠠᠱᠠ ᠵᠡᠭᠦᠨ ᠬᠤᠰᠢᠭᠤᠨ ᠤ ᠴᠢᠷᠮᠠᠶᠢᠨ ᠡᠭᠦᠳᠦᠭᠰᠡᠨ ᠤᠯᠠᠨ ᠤᠯᠤᠰ ᠤᠨ ᠵᠢᠭᠤᠯᠴᠢᠯᠠᠯ ᠤᠨ ᠬᠠᠷᠠᠯᠳᠠᠳᠣ ᠣᠷᠣᠨ ᠪᠠᠶᠢᠵᠦ᠂ ᠠᠯᠠᠱᠠ ᠶᠢᠨ ᠰᠤᠶᠤᠯ ᠵᠢᠭᠤᠯᠴᠢᠯᠠᠯ ᠤᠨ ᠠᠭᠤᠰᠤᠯᠴᠠᠯ ᠤᠨ ᠭᠠᠳᠠᠭᠰᠢ ᠤᠬᠠᠭᠤᠯᠭ᠎ᠠ ᠶᠢᠨ ᠭᠢᠯᠠᠯᠵᠠᠭᠰᠠᠨ ᠠᠮᠵᠢᠯᠳᠠ ᠪᠦᠳᠦᠮᠵᠢ ᠶᠢᠨ ᠨᠢᠭᠡ ᠨᠢ ᠪᠤᠯᠤᠨ᠎ᠠ︾ ᠭᠡᠵᠦ ᠠᠯᠠᠱᠠ ᠠᠶᠢᠮᠠᠭ ᠤᠨ ᠳᠡᠳ᠋ ᠳᠠᠷᠤᠭ᠎ᠠ ᠰᠡᠴᠡᠨ ᠬᠡᠯᠡᠨ᠎ᠡ᠃       ᠤᠶᠢᠷ᠎ᠠ ᠶᠢᠨ ᠵᠢᠯ ᠤᠳ ᠲᠤ᠂ ᠠᠯᠠᠱᠠ ᠠᠶᠢᠮᠠᠭ ᠨᠢ ᠤᠯᠤᠰ ᠤᠨ ᠪᠠᠶᠠᠷ ᠤᠨ ᠬᠤᠭᠤᠴᠠᠭᠠᠨ ᠳᠤ ᠵᠠᠯᠭᠠᠪᠠᠷ ᠠᠯᠠᠱᠠ ᠶᠢᠨ ᠪᠠᠭᠠᠳᠤᠷᠴᠤᠳ ᠤᠨ ᠴᠤᠭᠯᠠᠭᠠᠨ᠂ ᠡᠵᠡᠨ᠎ᠡ ᠶᠢᠨ ᠲᠤᠤᠷᠠᠢ ᠶᠢᠨ ᠠᠮᠢ ᠠᠬᠤᠢ ᠶᠢᠨ ᠵᠢᠭᠤᠯᠴᠢᠯᠠᠯ ᠤᠨ ᠨᠠᠶᠢᠷ᠂ ᠪᠠᠲᠠᠢ ᠶᠢᠨ ᠵᠢᠷᠠᠨ ᠤ ᠡᠯᠡᠰᠤ ᠮᠠᠩᠬᠠᠨ ᠤ ᠰᠤᠶᠤᠯ ᠵᠢᠭᠤᠯᠴᠢᠯᠠᠯ ᠤᠨ ᠨᠠᠶᠢᠷ ᠵᠡᠷᠭᠡ ᠭᠤᠤᠯ ᠰᠡᠳᠤᠪᠳᠤ ᠠᠵᠢᠯᠯᠠᠭ᠎ᠠ ᠦᠷᠨᠢᠭᠦᠯᠵᠦ᠂ ᠡᠯᠡᠰᠤ  ᠮᠠᠩᠬᠠᠨ ᠤ ᠠᠯᠲᠠᠨ ᠨᠠᠮᠤᠷ ᠤᠨ ᠭᠤᠴᠤ ᠦᠵᠡᠮᠵᠢ ᠪᠠᠷ ᠤᠯᠤᠰ ᠤᠨ ᠲᠤᠲᠤᠭᠠᠳᠤ ᠭᠠᠳᠠᠭᠠᠳᠤ ᠶᠢᠨ ᠵᠤᠭᠠᠴᠠᠭᠰᠠᠳ ᠤᠨ ᠪᠠᠭ᠋ᠠᠷᠬᠠᠯ ᠢ ᠲᠠᠲᠠᠵᠠᠢ᠃ ᠠᠯᠠᠱᠠ ᠶᠢᠨ ᠪᠠᠭᠠᠳᠤᠷᠴᠤᠳ ᠤᠨ ᠴᠤᠭᠯᠠᠭᠠᠨ ᠢ ᠡᠷᠬᠢᠯᠡᠭᠰᠡᠨ ᠭᠠᠵᠠᠷ ᠪᠠᠶᠠᠨᠬᠤᠲᠠ ᠪᠠᠯᠭᠠᠰᠤᠨ ᠳᠤ ᠭᠠᠳᠠᠨᠠᠬᠢ ᠮᠠᠰᠢᠨ ᠲᠡᠷᠭᠡ ᠨᠦᠭᠦᠳ ᠵᠡᠭᠡᠯᠢ ᠳᠦᠭᠦᠷᠡᠩ ᠳᠠᠪᠬᠢᠯᠳᠤᠵᠦ᠂ ᠪᠠᠯᠭᠠᠰᠤᠨ ᠳᠠᠬᠢ ᠪᠠᠭᠤᠳᠠᠯ ᠬᠤᠭᠤᠯᠠᠨ ᠭᠡᠷ ᠬᠦᠷ ᠨᠠᠷᠬᠢᠶᠠᠨ ᠢᠶᠠᠷ ᠪᠢᠯᠬᠠᠵᠦ᠂ ᠲᠤᠰ ᠭᠠᠵᠠᠷ ᠲᠤ ᠬᠡᠳᠤᠨ ᠳ᠋ᠦᠩᠰᠢᠭᠤᠷ ᠲᠦᠭᠦᠷᠢᠭ ᠤᠨ ᠣᠷᠣᠯᠭ᠎ᠠ ᠶᠢ ᠪᠣᠢ ᠪᠣᠯᠭᠠᠵᠠᠢ᠃       ᠪᠠᠶᠠᠨᠬᠤᠲᠠ ᠪᠠᠯᠭᠠᠰᠤᠨ ᠤ 68 ᠨᠠᠰᠤᠲᠠᠢ ᠮᠠᠯᠴᠢᠨ ᠦᠯᠵᠠᠶᠢᠪᠠᠶᠠᠷ ᠡᠯᠡᠰᠤ ᠮᠠᠩᠬᠠᠨ ᠳᠤ  ᠵᠠᠮᠴᠢᠯᠠᠳᠠᠭ᠂ ︽ᠮᠠᠩᠬᠠᠨ ᠳᠤ ᠢᠷᠡᠵᠦ ᠵᠣᠭᠠᠴᠠᠬᠤ ᠬᠦᠮᠤᠰ ᠤᠯᠠᠮ ᠠᠴᠠ ᠤᠯᠠᠮ ᠤᠯᠠᠰᠢᠷᠠᠵᠦ᠂ ᠮᠠᠰᠢ ᠤᠯᠠᠨ ᠬᠦᠮᠤᠨ ᠡᠯᠡᠰᠤᠨ  ᠳᠤ  ᠭᠤᠯᠭᠤᠬᠤ  ᠲᠤᠷᠠᠲᠠᠢ  ᠶᠤᠮ᠃︾ ᠦᠯᠵᠠᠶᠢᠪᠠᠶᠠᠷ ᠬᠡᠯᠡᠬᠦ ᠳᠡᠭᠡᠨ᠂ 40 ᠵᠢᠯ ᠤᠨ ᠡᠮᠤᠨ᠎ᠡ ᠡᠯᠡᠰᠤᠨ ᠳᠤ ᠠᠶᠠᠯᠠᠬᠤ ᠳᠤ ᠲᠡᠮᠡᠭᠡᠨ ᠳᠤ ᠲᠦᠰᠢᠭᠯᠡᠳᠡᠭ ᠪᠠᠶᠢᠪᠠ᠂ ᠰᠡᠭᠦᠯᠡᠷ ᠨᠢ ᠲᠷᠠᠺᠲ᠋ᠤᠷ ᠲᠠᠢ ᠪᠤᠯᠵᠦ᠂ ᠤᠳᠤ ᠪᠦᠷ ᠮᠠᠰᠢᠨ ᠲᠡᠷᠭᠡ ᠪᠤᠯᠤᠭᠠᠳ ᠤᠨᠤᠭ᠎ᠠ ᠬᠦᠯᠭᠡ ᠶᠢᠨ ᠬᠤᠪᠢᠷᠠᠯᠲᠠ ᠨᠢ ᠮᠠᠯᠴᠢᠳ ᠤᠨ ᠤᠷᠤᠯᠭ᠎ᠠ᠂ ᠬᠡᠷᠡᠭᠯᠡᠭᠡᠨ ᠤ ᠳᠡᠭᠡᠭᠰᠢᠯᠡᠯᠲᠡ ᠶᠢ ᠬᠠᠷᠠᠭᠤᠯᠵᠦ ᠪᠠᠶᠢᠨ᠎ᠠ ᠭᠡᠯ᠎ᠡ᠃       ᠮᠠᠰᠢᠨ ᠪᠠᠷᠢᠵᠦ ᠵᠤᠭᠠᠴᠠᠵᠦ ᠶᠠᠪᠤᠭ᠎ᠠ ᠪᠡᠭᠡᠵᠢᠩ ᠤᠨ ᠴᠧᠨ ᠠᠪᠠᠭ᠋ᠠᠢ ᠨᠠᠶᠢᠵᠠ ᠶᠢᠨ ᠬᠤᠯᠪᠤᠭᠠᠨ ᠳᠠᠭᠠᠨ᠄   ︽ᠢᠰᠬᠢᠷᠤᠨ ᠲᠠᠪᠬᠢᠬᠤ ᠬᠡᠭᠡᠷ᠎ᠡ ᠶᠢᠨ ᠮᠠᠰᠢᠨ᠂  ᠴᠢᠬᠢ  ᠳᠦᠨᠡᠷᠡᠬᠦᠯᠬᠦ ᠡᠭᠴᠡ ᠨᠢᠰᠭᠡᠯ ᠪᠤᠯ ᠠᠯᠠᠱᠠ ᠶᠢᠨ ᠪᠠᠭᠠᠳᠤᠷᠴᠤᠳ ᠤᠨ ᠴᠤᠭᠯᠠᠭᠠᠨ ᠠᠴᠠ ᠤᠯᠤᠭᠰᠠᠨ ᠰᠤᠨᠤᠷ ᠤᠨ ᠬᠦᠷᠲᠡᠭᠡᠯ︔ ᠦᠷᠭᠡᠨ ᠠᠭᠤᠳᠠᠮ ᠡᠯᠡᠰᠤᠨ ᠴᠦᠯ᠂ ᠦᠷᠭᠦᠯᠵᠢᠯᠡᠨ ᠰᠤᠨᠤᠯᠵᠠᠭᠰᠠᠨ ᠮᠠᠩᠬ᠎ᠠ ᠲᠤᠪᠤ ᠪᠤᠯᠤᠨ ᠬᠢᠵᠠᠭᠠᠷ ᠦᠭᠡᠢ ᠨᠡᠯᠤᠭᠡᠷ ᠶᠡᠭᠡ ᠲᠡᠭᠷᠢ ᠶᠢᠨ ᠤᠶᠤᠳᠠᠯ ᠡᠨᠡ ᠪᠦᠬᠦᠨ ᠪᠤᠯ ᠠᠯᠠᠱᠠ ᠠᠴᠠ ᠣᠯᠣᠭᠰᠠᠨ ᠬᠠᠷᠠᠭᠠᠨ ᠤ ᠬᠦᠷᠲᠡᠭᠡᠯ ᠮᠥᠨ︾ ᠭᠡᠵᠦ ᠲᠦᠷᠰᠦᠯᠡᠵᠡᠢ᠃       ᠤᠶᠢᠯᠠᠭᠠᠭᠰᠠᠨ ᠢᠶᠠᠷ᠂ ᠬᠡᠬᠡᠷᠡᠯᠡᠨ ᠠᠶᠠᠯᠠᠬᠤ e ᠠᠩᠬᠢ ᠶᠢᠨ ᠠᠯᠠᠱᠠ ᠶᠢᠨ ᠪᠠᠭᠠᠳᠤᠷᠴᠤᠳ ᠤᠨ ᠴᠤᠭᠯᠠᠭᠠᠨ  ᠢ 2006  ᠤᠨ ᠠᠴᠠ ᠡᠬᠢᠯᠡᠵᠦ᠂ 2013 ᠤᠨ ᠠᠴᠠ ᠠᠯᠠᠱᠠ ᠠᠶᠢᠮᠠᠭ ᠲᠤ ᠰᠠᠭᠠᠳᠠᠭᠰᠠᠨ ᠠᠴᠠ ᠨᠠᠰᠢ᠂ ᠲᠤᠰ ᠭᠠᠵᠠᠷ ᠨᠢ ᠵᠢᠭᠤᠯᠴᠢᠯᠠᠯ ᠤᠨ ᠲᠦᠬᠦᠭᠡᠷᠤᠮᠵᠢ ᠶᠢᠨ ᠢᠵᠢ ᠪᠦᠷᠢᠳᠣᠯ ᠢ ᠶᠡᠬᠡᠪᠡᠷ ᠲᠡᠭᠦᠯᠳᠡᠷᠵᠢᠭᠦᠯᠵᠦ᠂ ᠪᠠᠶᠠᠨᠬᠤᠲᠠ ᠪᠠᠯᠭᠠᠰᠤ ᠠᠴᠠ ᠶᠡᠭᠡ ᠴᠠᠶᠢᠵᠠ ᠳᠤ ᠬᠦᠷᠬᠦ ᠨᠢᠭᠡᠳᠤᠭᠡᠷ ᠲᠠᠰ ᠤᠨ ᠵᠠᠰᠠᠮᠠᠯ ᠵᠠᠮ ᠢ ᠵᠠᠰᠠᠵᠦ᠂ ᠤᠯᠤᠰ ᠤᠨ A ᠲᠡᠰ  ᠤᠨ ᠦᠵᠡᠮᠵᠢ ᠶᠢᠨ ᠤᠷᠤᠨ ᠤ ᠪᠡᠷᠢᠮᠵᠢᠶ᠎ᠡ ᠪᠠᠷ ᠲᠡᠭᠷᠢ ᠡᠯᠡᠰᠤᠨ ᠤ ᠬᠦᠰᠡᠯᠡᠩᠳᠤ ᠴᠡᠴᠡᠷᠯᠢᠭ ᠢ ᠡᠭᠦᠳᠦᠨ ᠪᠠᠶᠢᠭᠤᠯᠵᠦ᠂ ᠵᠤᠭᠠᠴᠠᠭᠰᠠᠳ ᠢ ᠲᠦᠪᠯᠡᠷᠡᠭᠦᠯᠦᠨ ᠲᠠᠷᠬᠠᠭᠠᠬᠤ ᠤᠯᠠᠨ ᠶᠠᠩᠵᠣᠴᠢᠯᠠᠭᠰᠠᠨ ᠲᠦᠪ᠂ ᠬᠤᠳᠠᠯᠳᠤᠭᠠᠨ  ᠤ ᠬᠠᠮ ᠴᠤᠭᠴᠠ᠂ ᠦᠪᠡᠷ ᠢᠶᠠᠨ ᠮᠠᠰᠢᠨ ᠪᠠᠷᠢᠵᠦ ᠵᠢᠭᠤᠯᠴᠢᠯᠠᠬᠤ ᠪᠠᠭᠤᠳᠠᠯ ᠪᠤᠯᠤᠨ ᠦᠪᠡᠰᠦᠪᠡᠨ ᠦᠢᠯᠡᠴᠢᠯᠡᠬᠦ ᠦᠷᠲᠡᠭᠡ ᠵᠡᠷᠭᠡ ᠶᠢ ᠪᠠᠶᠢᠭᠤᠯᠵᠦ᠂ ︽ᠠᠯᠠᠱᠠ ᠶᠢᠨ ᠪᠠᠭᠠᠳᠤᠷᠴᠤᠳ ᠤᠨ ᠴᠤᠭᠯᠠᠭᠠᠨ +  ᠪᠦᠬᠦ ᠬᠢᠵᠠᠭᠠᠷ ᠤᠨ ᠵᠢᠭᠤᠯᠴᠢᠯᠠᠯ︾ ᠤᠨ ᠰᠢᠨ᠎ᠡ ᠬᠡᠯᠪᠡᠷᠢ ᠶᠢ ᠪᠦᠷᠢᠯᠳᠦᠬᠦᠯᠦᠭᠰᠡᠨ ᠪᠠᠶᠢᠨ᠎ᠠ᠃ ᠤᠳᠤᠬᠠᠨ ᠳᠤ᠂ ᠪᠦᠬᠦ ᠠᠶᠢᠮᠠᠭ ᠲᠤ 30 ᠭᠠᠷᠤᠢ ᠵᠢᠭᠤᠯᠴᠢᠯᠠᠯ ᠤᠨ ᠦᠵᠡᠮᠵᠢ ᠶᠢᠨ ᠤᠷᠤᠨ ᠢ ᠨᠡᠭᠡᠭᠡᠵᠦ᠂ ᠵᠢᠭᠤᠯᠴᠢᠯᠠᠯ ᠵᠢᠴᠢ ᠬᠤᠯᠪᠤᠭᠳᠠᠯ ᠪᠦᠬᠦᠢ ᠠᠵᠢᠯ ᠲᠦᠷᠦᠯ ᠳᠤ ᠤᠷᠤᠯᠴᠠᠭᠰᠠᠨ ᠮᠠᠯᠴᠢᠨ ᠲᠠᠷᠢᠶᠠᠴᠢᠨ 1.7 ᠲᠦᠮᠡᠨ ᠬᠦᠮᠤᠨ ᠳᠤ ᠬᠦᠷᠴᠤ᠂  ᠵᠢᠭᠤᠯᠴᠢᠯᠠᠯ ᠵᠢᠴᠢ ᠬᠤᠯᠪᠤᠭᠳᠠᠯ ᠪᠦᠬᠦᠢ ᠠᠵᠢᠯ ᠲᠦᠷᠦᠯ ᠢ ᠲᠠᠶᠢᠴᠢᠯᠠᠨ ᠲᠦᠷᠭᠡᠨ ᠬᠤᠷᠳᠤᠴᠠ ᠪᠠᠷ ᠬᠦᠭᠵᠢᠪᠡ᠂ ᠡᠭᠦᠨ ᠳᠤ ᠠᠮᠠᠷᠠᠯᠳᠠ ᠶᠢᠨ ᠬᠦᠭᠵᠢᠶᠡᠨᠳᠦ ᠬᠤᠭᠤᠴᠠᠭᠠᠨ ᠤ  ᠵᠢᠭᠤᠯᠴᠢᠯᠠᠯ ᠤᠨ ᠶᠡᠷᠤᠩᠬᠡᠶᠢᠯᠡᠭᠰᠡᠨ ᠨᠡᠮᠡᠷᠢ ᠦᠵᠡᠬᠦᠯᠦᠭᠰᠡᠨ ᠨᠤᠷᠮ᠎ᠠ ᠨᠢ 70 % ᠤᠷᠴᠢᠮ ᠳᠤ ᠬᠦᠷᠦᠭᠰᠡᠨ ᠪᠠᠶᠢᠨ᠎ᠠ᠃       ᠠᠭᠤᠯᠭ᠎ᠠ ᠶᠢᠨ ᠢᠷᠡᠯᠳᠡ᠄  http://mongol.people.com.cn/15826045.html
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号