ᠠᠯᠠᠱᠠ ᠵᠡᠬᠦᠨ ᠬᠤᠰᠢᠭᠤ ᠨᠠᠶᠢᠷ ᠨᠠᠭᠠᠳᠤᠮ ᠤᠨ ᠬᠤᠭᠤᠴᠠᠭᠠᠨ ᠤ ᠡᠯ᠎ᠠ ᠲᠦᠷᠦᠯ ᠤᠨ ᠪᠠᠳᠤᠯᠠᠭᠠᠨ ᠤ ᠠᠵᠢᠯ ᠢ ᠬᠦᠴᠦᠯᠠᠨ ᠠᠳᠬᠤᠵᠦ ᠪᠤᠢ
ᠨᠡᠶᠢᠲᠡᠯᠡᠭᠰᠡᠨ ᠴᠠᠭ᠄
2020/10/12
      ᠠᠷᠪᠠᠨ ᠳᠠᠪᠣᠳᠣᠭᠠᠷ ᠬᠤᠭᠤᠴᠠᠭᠠᠨ ᠤ ᠠᠯᠠᠱᠠ ᠶᠢᠨ ᠪᠠᠭᠠᠲᠤᠷᠴᠤᠳ ᠤᠨ ᠴᠤᠭᠯᠠᠭᠠᠨ ᠤᠯᠤᠰ ᠤᠨ ᠪᠡᠶᠡᠷ ᠤᠨ ᠠᠮᠠᠷᠠᠯᠳᠠ ᠶᠢᠨ ᠬᠤᠭᠤᠴᠠᠭᠠᠨ ᠳᠤ ᠲᠡᠭᠷᠢ ᠡᠯᠡᠰᠦᠨ ᠳᠤ ᠶᠠᠪᠤᠭᠳᠠᠵᠦ᠂ ᠡᠯ᠎ᠠ ᠲᠦᠷᠦᠯ ᠤᠨ ᠨᠠᠶᠢᠷ ᠨᠠᠭᠠᠳᠤᠮ ᠤᠨ ᠤᠷᠤᠭᠰᠢᠳᠡᠢ ᠶᠠᠪᠤᠭᠳᠠᠬᠤ ᠶᠢ ᠪᠠᠲᠤᠯᠠᠬᠤ ᠶᠢᠨ ᠲᠦᠯᠦᠭᠡ ᠠᠯᠠᠱᠠ ᠵᠡᠬᠦᠨ ᠬᠤᠰᠢᠭᠤᠨ ᠤ ᠵᠠᠰᠠᠭ ᠤᠨ ᠤᠷᠳᠤᠨ ᠠᠴᠠ ᠵᠤᠬᠢᠴᠠᠭᠤᠯᠤᠨ ᠪᠠᠳᠤᠯᠠᠬᠤ ᠠᠵᠢᠯ ᠢᠶᠠᠨ ᠨᠠᠷᠢᠯᠢᠭ ᠲᠤᠬᠢᠷᠠᠭᠤᠯᠤᠨ᠂ ᠨᠡᠩ ᠴᠦ ᠠᠮᠦᠷ ᠢ ᠬᠠᠮᠠᠭᠠᠯᠠᠬᠤ᠂ ᠵᠠᠮ ᠬᠠᠷᠢᠯᠴᠠᠭ᠎ᠠ᠂ ᠡᠮ ᠡᠮᠨᠡᠯᠬᠡ᠂ ᠤᠰᠤ ᠴᠠᠬᠢᠯᠭᠠᠨ᠂ ᠮᠡᠳᠡᠭᠡ ᠵᠠᠭᠤᠴᠢᠯᠠᠭᠤᠷ ᠤᠨ ᠬᠢᠨ ᠠᠵᠢᠯ ᠤᠨ ᠪᠠᠶᠢᠷᠢ ᠪᠠᠨ ᠪᠠᠳᠤ ᠰᠠᠬᠢᠵᠦ᠂ ᠠᠷᠦ ᠦᠢᠯᠡᠴᠢᠯᠡᠬᠡᠨ ᠤ ᠲᠠᠯ᠎ᠠ ᠪᠠᠷ ᠬᠦᠴᠦᠲᠦ ᠪᠠᠳᠤᠯᠠᠭ᠎ᠠ ᠬᠠᠨᠭ᠍ᠭᠠᠨ᠂ ᠤᠯᠠᠨ ᠲᠦᠮᠡᠨ ᠳᠤ ᠦᠢᠯᠡᠴᠢᠯᠡᠭᠰᠡᠨ ᠪᠠᠶᠢᠨ᠎ᠠ᠃       ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠠᠯ᠎ᠠ ᠪᠠᠷ᠂ ᠠᠯᠠᠱᠠ ᠵᠡᠭᠦᠨ ᠬᠤᠰᠢᠭᠤᠨ ᠤ ᠬᠡᠪᠴᠢᠶᠠᠨ ᠲᠤᠳᠤᠷ᠎ᠠ 3 ᠰᠡᠷᠭᠡᠶᠢᠯᠡᠯᠲᠡ ᠶᠢᠨ ᠴᠡᠭ᠂ ᠤᠷᠤᠯᠳᠤᠭᠠᠨ ᠤ ᠲᠠᠯᠠᠪᠤᠷ ᠲᠤ ᠡᠮᠨᠡᠯᠭᠡ ᠶᠢᠨ ᠪᠠᠲᠤᠯᠠᠭ᠎ᠠ ᠬᠠᠨᠭ᠍ᠭᠠᠬᠤ 4 ᠴᠡᠭ᠂ ᠪᠡᠶ᠎ᠠ ᠶᠢᠨ ᠳᠣᠯᠠᠭᠠᠨ ᠢ ᠠᠩᠬ᠎ᠠ ᠬᠡᠮᠵᠢᠬᠦ ᠪᠠ ᠲᠠᠬᠢᠨ ᠬᠡᠮᠵᠢᠬᠦ ᠴᠡᠭ ᠢ ᠲᠤᠬᠢᠷᠠᠭᠤᠯᠵᠦ᠂ ᠤᠷᠤᠯᠳᠤᠭᠠᠨ ᠳᠤ ᠤᠷᠤᠯᠴᠠᠭᠰᠠᠳ ᠪᠤᠯᠤᠨ ᠲᠤᠭᠤᠷᠢᠨ ᠵᠤᠭᠠᠴᠠᠭᠰᠠᠳ ᠤᠨ ᠪᠡᠶ᠎ᠠ ᠶᠢᠨ ᠡᠷᠡᠬᠦᠯ ᠮᠡᠨᠲᠦ ᠳᠤ ᠪᠠᠳᠤᠯᠠᠭ᠎ᠠ ᠬᠠᠨᠭ᠍ᠭᠠᠵᠠᠢ᠃       ᠪᠠᠭᠠᠲᠤᠷᠴᠤᠳ ᠤᠨ ᠴᠤᠭᠯᠠᠭᠠᠨ ᠤ ᠲᠠᠯᠠᠪᠠᠢ ᠶᠢᠨ ᠦᠵᠡᠮᠵᠢ ᠪᠠ ᠣᠷᠴᠢᠨ ᠲᠤᠭᠤᠷᠢᠨ ᠢ ᠬᠠᠮᠠᠭᠠᠯᠠᠬᠤ ᠲᠠᠯ᠎ᠠ ᠪᠠᠷ᠂ ᠠᠯᠠᠱᠠ ᠵᠠᠬᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠪᠴᠢᠶᠠᠨ ᠤ ᠬᠢᠨ ᠭᠤᠣᠯ ᠵᠠᠮ ᠪᠤᠯᠤᠨ ᠴᠢᠬᠤᠯᠠ ᠭᠠᠵᠡᠷ ᠤᠷᠤᠨ ᠢᠶᠠᠷ ᠲᠤᠭᠤᠷᠢᠨ ᠪᠠᠶᠢᠴᠠᠭᠠᠬᠤ ᠬᠦᠴᠦᠯᠠᠴᠠ ᠪᠠᠨ ᠨᠡᠮᠡᠭᠳᠡᠬᠦᠯᠵᠦ᠂ ᠠᠷᠠᠯᠵᠢᠶ᠎ᠠ ᠮᠠᠶᠢᠮᠠᠢ ᠶᠢᠨ ᠡᠵᠡᠩᠨᠡᠯᠳᠠ ᠶᠢ ᠲᠦᠷᠢᠮᠵᠢᠬᠦᠯᠦᠨ᠂ ᠪᠠᠷᠠᠭ᠎ᠠ ᠲᠠᠸᠡᠷ ᠢᠶᠠᠨ ᠲᠤᠷ᠎ᠠ ᠲᠠᠪᠠ ᠪᠠᠷ ᠲᠡᠯᠬᠡᠨ ᠪᠤᠷᠤᠯᠠᠭᠤᠯᠬᠤ ᠵᠡᠷᠬᠡ ᠦᠵᠡᠭᠳᠡᠯ ᠢ ᠰᠡᠷᠬᠡᠶᠢᠯᠡᠵᠦ᠂ ᠵᠠᠬ᠎ᠠ ᠲᠡᠯᠬᠡᠬᠦᠷ ᠤᠨ ᠡᠮᠬᠢ ᠲᠢᠭᠯᠢᠮ ᠢ ᠪᠠᠳᠤᠯᠠᠵᠠᠢ᠃
                              ᠢᠳᠠᠭᠡᠨ ᠤᠮᠳᠠᠭᠠᠨ ᠤ ᠶᠠᠰᠤ ᠴᠢᠨᠠᠷ ᠢ ᠪᠠᠶᠢᠴᠠᠭᠠᠨ᠎ᠠ᠃      ᠢᠳᠡᠬᠡᠨ ᠤᠮᠳᠠᠭᠠᠨ ᠤ ᠠᠮᠦᠷ ᠲᠦᠪᠰᠢᠨ ᠤ ᠲᠠᠯ᠎ᠠ ᠪᠠᠷ᠂ ᠠᠯᠠᠱᠠ ᠵᠡᠬᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠤᠪᠴᠢᠶᠠᠨ ᠤ ᠬᠢᠨ ᠨᠠᠶᠢᠷ ᠤᠨ ᠲᠠᠯᠠᠪᠠᠢ ᠳᠤ ᠬᠤᠳᠠᠯᠳᠤᠵᠦ ᠪᠠᠶᠢᠭ᠎ᠠ ᠢᠳᠡᠭᠡᠨ ᠤᠮᠳᠠᠭᠠᠨ᠂ ᠡᠮ ᠤᠨ ᠵᠦᠢᠯᠡᠰ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠶᠠᠰᠤ ᠴᠢᠨᠡᠷ᠂ ᠦᠨ᠎ᠡ ᠬᠠᠩᠰᠢ ᠶᠢᠨ ᠪᠠᠶᠢᠳᠠᠯ ᠢ ᠴᠢᠩᠭ᠎ᠠ ᠪᠠᠶᠢᠴᠠᠭᠠᠵᠦ᠂ ᠬᠤᠳᠠᠯ ᠬᠠᠭᠤᠷᠮᠠᠭ᠂ ᠬᠤᠭᠤᠴᠠᠭ᠎ᠠ ᠨᠢ ᠦᠡᠭᠬᠡᠷᠡᠭᠰᠡᠨ ᠢᠳᠡᠬᠡᠨ ᠤᠮᠳᠠᠭᠠᠨ ᠪᠤᠶᠤ ᠬᠡᠲᠦ ᠦᠨ᠎ᠠ ᠲᠠᠢ ᠪᠠᠷᠠᠭ᠎ᠠ ᠲᠠᠸᠡᠷ ᠢ  ᠪᠤᠷᠤᠯᠠᠭᠤᠯᠬᠤ ᠵᠡᠷᠬᠡ ᠲᠦᠷᠢᠮ ᠢ ᠵᠦᠷᠢᠴᠡᠭᠰᠡᠨ ᠠᠵᠢᠯᠯᠠᠭ᠎ᠠ ᠳᠤ ᠬᠦᠨᠲᠦ ᠴᠤᠬᠢᠯᠳᠠ ᠦᠭᠴᠠᠢ᠃ ᠡᠬᠦᠨ ᠤ ᠬᠠᠮᠲᠦ᠂ ᠬᠤᠪᠢ ᠶᠢᠨ ᠡᠵᠡᠩᠨᠡᠯᠳᠠ ᠶᠢᠨ ᠡᠷᠦᠬᠡ ᠶᠢᠨ ᠡᠵᠡᠩᠨᠡᠯᠳᠠ ᠶᠢᠨ ᠪᠠᠶᠢᠳᠠᠯ ᠢ ᠪᠦᠬᠦ ᠲᠠᠯ᠎ᠠ ᠪᠠᠷ ᠲᠠᠩᠰᠠᠯᠠᠨ ᠲᠡᠮᠳᠡᠭᠯᠡᠵᠦ᠂ ᠲᠦᠪ ᠭᠤᠤᠯᠴᠢ ᠪᠠᠷ ᠠᠷᠠᠯᠵᠢᠶ᠎ᠠ ᠡᠷᠬᠢᠯᠡᠬᠦ ᠲᠤᠬᠠᠢ ᠬᠡᠯᠡᠯᠴᠡᠬᠡᠷ ᠲᠤᠭᠳᠠᠨ᠂ ᠨᠠᠶᠢᠷ ᠨᠠᠭᠠᠳᠤᠮ ᠤᠨ ᠬᠤᠭᠤᠴᠠᠭᠠᠨ ᠤ ᠪᠠᠷᠠᠭ᠎ᠠ ᠲᠠᠸᠡᠷ ᠤᠨ ᠶᠠᠰᠤ ᠴᠢᠨᠡᠷ ᠪᠤᠯᠤᠨ ᠵᠠᠬ᠎ᠠ ᠲᠡᠯᠬᠡᠬᠦᠷ ᠤᠨ ᠡᠮᠬᠢ ᠲᠢᠭᠯᠢᠮ ᠢ ᠪᠠᠳᠤᠯᠠᠵᠠᠢ᠃      ᠭᠠᠯ ᠤᠨ ᠠᠶᠤᠯ ᠪᠠ ᠠᠶᠣᠯ ᠦᠬᠡᠢ ᠦᠢᠯᠡᠳᠪᠤᠷᠢᠯᠡᠯ ᠤᠨ ᠲᠠᠯ᠎ᠠ ᠪᠠᠷ᠂ ᠠᠶᠢᠮᠠᠭ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠪᠤᠷᠢ ᠠᠩᠭᠢ ᠶᠢᠨ ᠬᠢᠨ ᠲᠤᠰᠬᠠᠢ ᠵᠢᠯᠤᠭᠤᠳᠬᠤ ᠭᠠᠵᠡᠷ ᠪᠠᠶᠢᠭᠤᠯᠵᠦ᠂ 24 ᠴᠠᠭ ᠤᠨ ᠵᠢᠵᠢᠬᠦᠷ ᠪᠤᠯᠤᠨ ᠴᠠᠭᠳᠠᠨ ᠪᠠᠶᠢᠴᠠᠭᠠᠬᠤ ᠠᠵᠢᠯ ᠢ ᠦᠷᠨᠢᠬᠦᠯᠬᠦ ᠶᠢᠨ ᠬᠠᠮᠲᠦ᠂ ᠤᠷᠤᠯᠳᠤᠭᠠᠨ ᠳᠤ ᠤᠷᠤᠯᠴᠠᠭᠰᠠᠳ ᠪᠤᠯᠤᠨ ᠲᠤᠭᠤᠷᠢᠨ ᠵᠤᠭᠠᠴᠠᠭᠰᠠᠳ ᠲᠤ ᠭᠠᠯ ᠤᠨ ᠠᠶᠤᠯ ᠢ ᠰᠡᠷᠬᠡᠶᠢᠯᠡᠬᠦ ᠲᠤᠬᠠᠢ ᠤᠬᠠᠭᠤᠯᠭ᠎ᠠ ᠬᠢᠵᠦ᠂ ᠨᠠᠶᠢᠷ ᠨᠠᠭᠠᠳᠤᠮ ᠤᠨ ᠬᠤᠭᠤᠴᠠᠭᠠᠨ ᠤ ᠭᠠᠯ ᠤᠨ ᠠᠶᠤᠯ ᠪᠤᠯᠤᠨ ᠠᠶᠣᠯ ᠦᠬᠡᠢ ᠦᠢᠯᠡᠳᠪᠤᠷᠢᠯᠡᠯ ᠤᠨ ᠲᠠᠯ᠎ᠠ ᠪᠠᠷ ᠪᠠᠳᠤᠯᠠᠭ᠎ᠠ ᠬᠠᠨᠭ᠍ᠭᠠᠵᠠᠢ᠃      ᠵᠠᠮ ᠬᠠᠷᠢᠯᠴᠠᠭᠠᠨ ᠤ ᠡᠮᠬᠢ ᠲᠢᠭᠯᠢᠮ ᠪᠤᠯᠤᠨ ᠠᠮᠦᠷ ᠲᠦᠪᠰᠢᠨ ᠤ ᠲᠠᠯ᠎ᠠ ᠪᠠᠷ᠂ ᠠᠯᠠᠱᠠ ᠵᠡᠬᠦᠨ ᠬᠤᠰᠢᠭᠤᠨ ᠤ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠶᠢᠨ ᠬᠢᠨ ᠵᠠᠮ ᠬᠠᠷᠢᠯᠴᠠᠭᠠᠨ ᠤ ᠵᠢᠯᠤᠭᠤᠳᠤᠯᠭ᠎ᠠ ᠪᠤᠯᠤᠨ ᠪᠠᠶᠢᠴᠠᠭᠠᠯᠳᠠ ᠪᠠᠨ ᠴᠢᠩᠭᠠᠳᠬᠠᠵᠦ᠂ 24 ᠴᠠᠭ ᠤᠨ ᠵᠢᠵᠢᠬᠦᠷ ᠲᠤᠬᠢᠷᠠᠭᠤᠯᠤᠨ᠂ ᠵᠠᠮ ᠲᠦᠭᠵᠢᠷᠡᠬᠦ ᠪᠠ ᠡᠯ᠎ᠠ ᠲᠦᠷᠦᠯ ᠤᠨ ᠵᠠᠮ ᠬᠠᠷᠢᠯᠴᠠᠭᠠᠨ ᠤ ᠡ᠊ᠡᠳᠠᠯ ᠭᠠᠷᠬᠤ ᠶᠢ ᠬᠦᠴᠦᠯᠠᠨ ᠰᠡᠷᠬᠡᠶᠢᠯᠡᠵᠠᠢ᠃
               ᠬᠤᠪᠢ ᠶᠢᠨ ᠡᠵᠡᠩᠨᠠᠯᠳᠠ ᠶᠢᠨ ᠡᠷᠤᠭᠡ ᠶᠢᠨ ᠠᠷᠠᠯᠵᠢᠶ᠎ᠠ ᠶᠢ ᠲᠦᠷᠢᠮᠵᠢᠬᠦᠯᠵᠤ ᠪᠠᠶᠢᠨ᠎ᠠ᠃     ︵ᠭᠡᠷᠠᠯ ᠵᠢᠷᠤᠭ ᠢ ᠨᠠᠷᠠᠨᠲᠤᠶᠠᠭ᠎ᠠ     ᠭᠥᠸᠧ ᠰᠢᠨ ᠶᠦᠸᠧ     ᠫᠠᠨ ᠸᠧᠨ ᠲᠢᠩ    ᠰᠥᠩ ᠶᠢᠨ ᠸᠧᠢ      ᠵᠣᠨ᠎ᠠ ᠰᠠᠬᠦᠳᠠᠷᠯᠠᠪᠠ︶       ᠪᠠᠭᠠᠲᠤᠷᠴᠤᠳ ᠤᠨ ᠴᠤᠭᠯᠠᠭᠠᠨ ᠤ ᠡᠷᠬᠢᠨ ᠲᠤᠭᠤᠷᠢᠨ ᠳᠠᠬᠢ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠯ᠎ᠠ ᠪᠠᠷ᠂ ᠠᠯᠠᠱᠠ ᠵᠡᠭᠦᠨ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠤᠪᠴᠢᠶᠠᠨ ᠤ ᠬᠢᠨ ᠨᠡᠶᠢᠲᠡ 17 ᠠᠵᠢᠯ ᠤᠨ ᠳᠤᠭᠤᠶᠢᠯᠠᠩ ᠢ ᠲᠣᠬᠢᠷᠠᠭᠤᠯᠵᠤ᠂ ᠭᠤᠣᠯᠳᠠᠯᠭ᠎ᠠ ᠲᠠᠢ ᠵᠠᠮ ᠤᠨ ᠬᠡᠰᠡᠭ᠂ ᠭᠤᠣᠯᠳᠠᠯᠭ᠎ᠠ ᠲᠠᠢ ᠭᠠᠵᠡᠷ ᠣᠷᠣᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠬᠦᠴᠦᠯᠠᠴᠠ ᠪᠠᠨ ᠴᠢᠩᠭᠠᠳᠬᠠᠨ᠂ ᠬᠤᠳᠠᠯᠳᠤᠭᠠᠴᠢᠨ ᠡᠷᠦᠬᠡ ᠶᠢ ᠵᠢᠯᠣᠭᠤᠳᠤᠨ ᠳᠡᠯᠭᠡᠭᠦᠷ ᠤᠨ ᠢᠶᠠᠨ ᠬᠤᠭ ᠨᠣᠪᠰᠢ ᠶᠢ ᠰᠠᠨᠠᠭᠠᠴᠢᠯᠠᠭ᠎ᠠ ᠠᠴᠠ ᠪᠠᠨ ᠴᠡᠪᠡᠷᠯᠡᠬᠦ᠂ ᠪᠤᠯᠪᠠᠰᠤᠨ ᠢᠶᠠᠷ ᠲᠤᠭᠤᠷᠢᠨ ᠵᠤᠭᠠᠯᠠᠬᠤ ᠲᠤᠬᠠᠢ ᠤᠬᠠᠭᠤᠯᠭ᠎ᠠ ᠪᠠᠨ ᠴᠢᠩᠭᠠᠳᠬᠠᠵᠦ᠂ ᠨᠠᠶᠢᠷ ᠨᠠᠭᠠᠳᠤᠮ ᠠᠴᠠ ᠪᠤᠯᠤᠭᠰᠠᠨ ᠠᠮᠢ ᠠᠬᠤᠢ ᠶᠢ ᠪᠤᠬᠢᠷᠳᠤᠭᠤᠯᠬᠤ ᠠᠵᠢᠯᠯᠠᠭ᠎ᠠ ᠶᠢ ᠪᠦᠲᠦᠮᠵᠢᠳᠡᠢ ᠰᠡᠷᠬᠡᠶᠢᠯᠡᠵᠠᠢ᠃       ᠪᠠᠭᠠᠲᠤᠷᠴᠤᠳ ᠤᠨ ᠴᠤᠭᠯᠠᠭᠠᠨ ᠤ ᠲᠠᠯᠠᠪᠠᠢ ᠶᠢᠨ ᠠᠷᠢᠭᠤᠨ ᠴᠡᠪᠡᠷ ᠢ ᠪᠠᠳᠤᠯᠠᠬᠤ ᠠᠵᠢᠯ ᠤᠨ ᠲᠠᠯ᠎ᠠ ᠪᠠᠷ᠂ ᠠᠯᠠᠱᠠ ᠵᠡᠭᠦᠨ ᠬᠤᠰᠢᠭᠤᠨ ᠤ ᠬᠤᠲᠠ ᠶᠢᠨ ᠦᠵᠡᠮᠵᠢ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠲᠠ ᠶᠢᠨ ᠲᠣᠪᠴᠢᠶᠠᠨ ᠤ ᠬᠢᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ 31 ᠲᠡᠷᠭᠡ᠂ ᠬᠤᠭ ᠨᠣᠪᠰᠢ ᠰᠠᠪᠠᠯᠠᠬᠤ 76 ᠰᠠᠪᠠ ᠪᠣᠯᠤᠨ 106 ᠬᠤᠭ ᠤᠨ ᠬᠠᠶᠢᠷᠴᠠᠭ ᠢ ᠲᠤᠬᠢᠷᠠᠭᠤᠯᠵᠦ᠂ ᠴᠤᠭᠯᠠᠭᠠᠨ ᠤ ᠲᠠᠯᠠᠪᠠᠶ ᠶᠢᠨ ᠳᠣᠲᠣᠨ᠎ᠠ ᠭᠠᠳᠠᠨᠠᠬᠢ 112 ᠨᠡᠶᠢᠲᠡ ᠶᠢᠨ ᠵᠣᠷᠯᠣᠩ ᠤᠨ ᠠᠷᠢᠭᠤᠨ ᠴᠡᠪᠡᠷ ᠢ ᠴᠠᠭ ᠲᠤᠬᠠᠢ ᠳᠤᠨᠢ ᠴᠡᠪᠡᠷᠯᠡᠨ᠂ ᠤᠯᠠᠨ ᠲᠦᠮᠡᠨ ᠳᠤ ᠴᠡᠪᠡᠷ ᠴᠡᠮᠴᠡᠬᠡᠷ ᠲᠠᠭᠠᠯᠠᠮᠵᠢᠳᠡᠢ ᠤᠷᠴᠢᠨ ᠲᠤᠭᠤᠷᠢᠨ ᠢ ᠬᠠᠨᠭ᠍ᠭᠠᠵᠦ ᠦᠭᠬᠦᠭᠰᠡᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号