ᠨᠢᠭᠡᠳᠦᠭᠡᠷ ᠵᠦᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠭᠰᠡᠨ ︽ᠠᠯᠠᠱᠨ ᠠᠶᠢᠮᠠᠭ ᠤᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠲᠥᠰᠦᠯ︾ ᠪᠠ ᠠᠯᠠᠱᠨ ᠠᠶᠢᠮᠠᠭ ᠤᠨ ᠳᠠᠷᠤᠮᠠᠯᠯᠠᠨ ᠲᠠᠷᠬᠠᠭᠠᠭᠰᠠᠨ ︽ᠠᠯᠠᠱᠨ ᠠᠶᠢᠮᠠᠭ ᠤᠨ | ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠤᠰ ᠲᠣᠭᠲᠠᠭᠠᠯ ᠢ | ᠲᠣᠭᠲᠠᠭᠠᠪᠠ᠃ | ᠬᠤᠶᠠᠳᠤᠭᠠᠷ ᠵᠦᠢᠯ ᠠᠯᠠᠱᠠ ᠠᠶᠢᠮᠠᠭ ᠤᠨ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠪᠣᠯ | ᠠᠶᠢᠮᠠᠭ ᠤᠨ ᠵᠠᠬᠢᠷᠭ᠎ᠠ ᠶᠢᠨ ᠠᠵᠢᠯ ᠤᠨ ᠰᠠᠯᠠᠭ᠎ᠠ ᠮᠥᠴᠢᠷ ᠪᠠᠶᠢᠵᠦ᠂ ᠵᠢᠩᠬᠢᠨᠢ ᠭᠠᠵᠠᠷ ᠤᠨ ᠲᠠᠰ ᠤᠨ ᠪᠠᠶᠢᠭᠤᠯᠣᠯᠭ᠎ᠠ | ᠪᠣᠯᠣᠨ᠎ᠠ᠂ ᠠᠯᠠᠱᠠ ᠠᠶᠢᠮᠠᠭ ᠤᠨ ᠡᠯᠡᠰᠦᠨ ᠤ ᠠᠵᠤ ᠦᠢᠯᠡᠰ ᠤᠨ ᠲᠣᠪᠴᠢᠶᠠᠨ ᠤ ᠫᠠᠶᠢᠰᠠ ᠶᠢ ᠨᠡᠮᠡᠵᠦ ᠡᠯᠭᠦᠨ᠂ | ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠨᠢᠭᠡᠳᠦᠯᠲᠡᠶ ᠬᠠᠮᠢᠶᠠᠷᠴᠣ ᠵᠣᠬᠢᠴᠠᠭᠤᠯᠤᠨ᠎ᠠ᠃ | ᠭᠤᠷᠪᠠᠳᠤᠭᠠᠷ ᠵᠦᠢᠯ ᠠᠶᠢᠮᠠᠭ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠨᠢ ᠣᠶ | ᠰᠢᠭᠤᠶ ᠪᠠ ᠨᠤᠲᠤᠭ ᠪᠡᠯᠴᠢᠭᠡᠷ ᠤᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ | ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ | ᠬᠠᠮᠢᠶ᠎ᠠ ᠪᠦᠬᠦᠢ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠣᠷᠢᠵᠢᠭᠤᠯᠵᠦ᠂ | ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠶᠠᠪᠤᠴᠠ ᠳᠤ ᠣᠶ ᠰᠢᠭᠤᠶ ᠪᠠ ᠨᠤᠲᠤᠭ ᠪᠡᠯᠴᠢᠭᠡᠷ ᠤᠨ ᠠᠵᠢᠯ ᠳᠠᠬᠢ | ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ | ᠬᠠᠷᠢᠭᠤᠴᠠᠯᠭ᠎ᠠ ᠪᠣᠯ᠄ | ︵ᠨᠢᠭᠡ︶ ᠣᠢ ᠰᠢᠭᠤᠶ ᠪᠠ ᠨᠤᠲᠤᠭ ᠪᠡᠯᠴᠢᠭᠡᠷ ᠵᠢᠴᠢ ᠲᠡᠭᠦᠨ ᠤ ᠠᠮᠢ ᠠᠬᠤᠢ ᠶᠢᠨ ᠬᠠᠮᠠᠭᠠᠯᠠᠯᠲᠠ | ᠪᠦᠲᠦᠭᠡᠨ ᠪᠠᠶᠢᠭᠤᠯᠣᠯᠳᠠ ᠰᠡᠷᠭᠦᠭᠡᠯᠲᠡ ᠶᠢᠨ ᠳᠣᠬᠠᠢ ᠬᠢᠨᠠᠠ ᠬᠠᠮᠢᠶᠠᠷᠤᠯᠲᠠ ᠶᠢ ᠬᠠᠷᠢᠭᠤᠴᠠᠨ᠎ᠠ᠃ ᠣᠢ ᠰᠢᠭᠤᠶ ᠪᠠ | ᠨᠤᠲᠤᠭ ᠪᠡᠯᠴᠢᠭᠡᠷ ᠵᠢᠴᠢ ᠲᠡᠭᠦᠨ ᠤ ᠠᠮᠢ ᠠᠬᠤᠢ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠰᠡᠷᠭᠦᠭᠡᠯᠲᠡ ᠶᠢᠨ | ᠲᠥᠷᠥ ᠶᠢᠨ ᠪᠣᠳᠣᠯᠭ᠎ᠠ᠂ ᠳᠦᠯᠦᠪᠵᠢᠬᠦᠯᠬᠡ᠂ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ | ᠬᠡᠷᠡᠭᠵᠢᠬᠦᠯᠬᠦ ᠶᠢ ᠵᠣᠬᠢᠶᠠᠨ ᠪᠠᠶᠢᠭᠤᠯᠵᠦ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠴᠢᠨᠠᠷᠲᠠᠶ | ᠬᠤᠯᠪᠣᠭᠳᠠᠯ ᠪᠦᠬᠦᠢ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠦᠨ᠎ᠡ᠃ ᠣᠢ | ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ᠂ ᠡᠯᠡᠰᠦᠨ ᠴᠦᠯ ᠪᠠ ᠬᠠᠭᠤᠷᠠᠶ ᠶᠢᠨ ᠬᠡᠭᠡᠷ᠎ᠡ ᠶᠢᠨ ᠠᠮᠢᠲᠠᠨ | ᠤᠷᠭᠤᠮᠠᠯ ᠤᠨ ᠡᠬᠢ ᠪᠠᠶᠠᠯᠢᠭ ᠤᠨ ᠬᠥᠳᠡᠯᠦᠩᠭᠦᠶ ᠬᠢᠨᠠᠨ ᠬᠡᠮᠵᠢᠯᠲᠡ ᠪᠠ ᠦᠨᠡᠯᠡᠯᠲᠡ ᠶᠢ ᠵᠣᠬᠢᠶᠠᠨ ᠪᠠᠶᠢᠭᠤᠯᠤᠨ | ᠦᠷᠨᠢᠬᠦᠯᠦᠨ᠎ᠡ᠃ | ︵ᠬᠤᠶᠠᠷ︶ ᠣᠢ ᠰᠢᠭᠤᠶ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠪᠦᠲᠦᠭᠡᠨ | ᠪᠠᠶᠢᠭᠤᠯᠣᠯᠳᠠ ᠰᠡᠷᠭᠦᠭᠡᠯᠳᠡ ᠪᠠ ᠣᠶᠢᠵᠢᠭᠤᠯᠵᠤ ᠡᠪᠡᠰᠦ ᠲᠠᠷᠢᠬᠤ ᠨᠣᠭᠤᠭᠠᠷᠠᠭᠤᠯᠤᠯᠲᠠ ᠶᠢᠨ ᠠᠵᠢᠯ ᠢ ᠵᠣᠬᠢᠶᠠᠨ | ᠪᠠᠶᠢᠭᠤᠯᠤᠨ ᠦᠷᠨᠢᠬᠦᠯᠦᠨ᠎ᠡ᠃ ᠪᠦᠬᠦ ᠠᠶᠢᠮᠠᠭ ᠤᠨ ᠣᠢ ᠰᠢᠭᠤᠶ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ | ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠰᠡᠷᠭᠦᠭᠡᠯᠳᠡ ᠶᠢᠨ ᠭᠤᠣᠯᠳᠠᠯᠭ᠎ᠠ ᠲᠠᠢ ᠢᠨᠵᠧᠨᠧᠷᠢᠩ ᠢ ᠬᠡᠷᠡᠭᠵᠢᠭᠦᠯᠵᠦ᠂ | ᠡᠯ᠎ᠡ ᠲᠥᠷᠥᠯ ᠤᠨ ᠨᠡᠶᠢᠲᠡ ᠳᠤ ᠠᠰᠢᠭ ᠬᠦᠷᠳᠡᠭᠡᠬᠦ ᠣᠢ᠂ ᠲᠠᠸᠠᠷ ᠤᠨ ᠤᠢ ᠶᠢ ᠪᠤᠶᠢᠵᠢᠭᠤᠯᠤᠨ ᠡᠵᠡᠩᠨᠡᠬᠦ ᠶᠢ | ᠵᠢᠯᠣᠭᠤᠳᠴᠦ᠂ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ᠂ ᠡᠪᠡᠰᠦ ᠳᠠᠷᠢᠬᠤ᠂ ᠬᠤᠳᠠ ᠬᠦᠳᠡᠭᠡ | ᠶᠢᠨ ᠨᠣᠭᠤᠭᠠᠷᠠᠭᠤᠯᠣᠯᠳᠠ ᠪᠠ ᠣᠢ ᠰᠢᠭᠤᠢ ᠶᠢᠨ ᠪᠦᠷᠭᠦᠴᠡ ᠪᠦᠬᠦᠢ ᠬᠤᠳᠠ ᠶᠢᠨ ᠪᠠᠶᠢᠭᠤᠯᠣᠯᠳᠠ ᠶᠢᠨ ᠠᠵᠢᠯ ᠢ | ᠵᠢᠯᠣᠭᠤᠳᠤᠨ ᠬᠢᠨᠠᠯᠲᠠ ᠲᠠᠯᠪᠢᠨ᠎ᠠ᠃ ᠨᠡᠶᠢᠭᠡᠮ ᠤᠨ ᠳᠠᠯ᠎ᠠ ᠶᠢᠨ ᠬᠢᠨ ᠤ ᠣᠶᠢᠵᠢᠭᠤᠯᠤᠯᠲᠠ ᠶᠢᠨ ᠠᠵᠢᠯ ᠢ ᠵᠣᠬᠢᠶᠠᠨ | ᠪᠠᠶᠢᠭᠤᠯᠬᠤ ᠪᠠ ᠵᠣᠬᠢᠴᠠᠭᠤᠯᠤᠨ ᠦᠢᠯᠡᠴᠢᠯᠡᠬᠦ ᠶᠢ ᠵᠢᠯᠣᠭᠤᠳᠣᠨ᠎ᠠ᠃ ᠣᠢ ᠰᠢᠭᠤᠶ ᠪᠠ ᠨᠤᠲᠤᠭ ᠪᠡᠯᠴᠢᠭᠡᠷ ᠤᠨ | ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠵᠠᠰᠠᠬᠤ᠂ ᠬᠢᠵᠢᠭ ᠢ ᠪᠠᠶᠢᠴᠠᠭᠠᠬᠤ ᠠᠵᠢᠯ ᠢ ᠵᠢᠯᠣᠭᠤᠳᠤᠨ᠎ᠠ᠃ ᠣᠢ | ᠰᠢᠭᠤᠶ ᠪᠠ ᠨᠤᠲᠤᠭ ᠪᠡᠯᠴᠢᠭᠡᠷ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠬᠤᠯᠪᠣᠭᠳᠠᠯ ᠪᠦᠬᠦᠢ | ᠠᠵᠢᠯ ᠢ ᠡᠭᠦᠷᠭᠡᠯᠡᠨ᠎ᠡ᠃ | ︵ᠭᠤᠷᠪᠠ︶ ᠣᠢ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ ᠤᠨ ᠡᠬᠢ ᠪᠠᠶᠠᠯᠢᠭ ᠤᠨ ᠳᠣᠬᠠᠢ ᠬᠢᠨᠠᠠ | ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠠᠶᠢᠮᠠᠭ ᠤᠨ ᠣᠢ ᠮᠣᠳᠣ ᠶᠢ ᠣᠭᠲᠣᠯᠬᠤ ᠬᠢᠵᠠᠭᠠᠷ ᠲᠤᠭ᠎ᠠ ᠶᠢ | ᠨᠠᠶᠢᠷᠠᠭᠤᠯᠬᠤ ᠶᠢ ᠵᠣᠬᠢᠶᠠᠨ ᠪᠠᠶᠢᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠣᠶᠢᠲᠤ ᠭᠠᠵᠠᠷ ᠤᠨ | ᠬᠠᠮᠢᠶᠠᠷᠤᠯᠲᠠ ᠶᠢ ᠬᠠᠷᠢᠭᠤᠴᠠᠵᠤ᠂ ᠣᠶᠢᠲᠤ ᠭᠠᠵᠠᠷ ᠢ ᠬᠠᠮᠠᠭᠠᠯᠠᠨ ᠠᠰᠢᠭᠯᠠᠬᠤ ᠳᠦᠯᠦᠪᠵᠢᠬᠦᠯᠬᠡ ᠶᠢ ᠲᠣᠭᠲᠠᠭᠠᠯ | ᠶᠣᠰᠣᠭᠠᠷ ᠨᠠᠶᠢᠷᠠᠭᠤᠯᠬᠤ ᠶᠢᠨ ᠬᠠᠮᠲᠤ ᠭᠡᠷᠡᠭᠵᠢᠬᠦᠯᠬᠦ ᠶᠢ ᠵᠣᠬᠢᠶᠠᠨ ᠪᠠᠶᠢᠭᠤᠯᠤᠨ᠂ ᠨᠡᠶᠢᠲᠡ ᠳᠤ ᠠᠰᠢᠭ ᠬᠦᠷᠳᠡᠭᠡᠬᠦ | ᠤᠢ ᠶᠢ ᠬᠤᠪᠢᠶᠠᠷᠢᠯᠠᠨ ᠲᠣᠭᠲᠠᠭᠠᠬᠤ ᠪᠠ ᠬᠠᠮᠢᠶᠠᠷᠬᠤ ᠠᠵᠢᠯ ᠢ ᠬᠠᠷᠢᠭᠤᠴᠠᠵᠤ᠂ ᠤᠯᠤᠰ ᠤᠨ ᠦᠮᠴᠢᠯᠡᠯᠳᠦ | ᠭᠤᠣᠯᠳᠠᠯᠭ᠎ᠠ ᠲᠠᠢ ᠰᠢᠭᠤᠶᠢᠲᠤ ᠣᠷᠣᠨ ᠤ ᠤᠢ ᠰᠢᠭᠤᠶ ᠶᠢᠨ ᠡᠬᠢ ᠪᠠᠶᠠᠯᠢᠭ ᠢ ᠬᠠᠮᠢᠶᠠᠷᠤᠨ᠎ᠠ᠃ ᠨᠤᠲᠤᠭ ᠪᠡᠯᠴᠢᠭᠡᠷ | ᠤᠨ ᠪᠡᠯᠴᠢᠭᠡᠷᠯᠡᠭᠦᠯᠬᠦ ᠶᠢ ᠴᠠᠭᠠᠵᠠᠯᠠᠬᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠨᠤᠲᠤᠭ ᠪᠡᠯᠴᠢᠭᠡᠷ | ᠤᠨ ᠠᠮᠢ ᠠᠬᠤᠢ ᠶᠢ ᠰᠡᠷᠭᠦᠭᠡᠨ ᠵᠠᠰᠠᠬᠤ ᠠᠵᠢᠯ ᠢ ᠬᠠᠷᠢᠭᠤᠴᠠᠵᠤ᠂ ᠨᠤᠲᠤᠭ ᠪᠡᠯᠴᠢᠭᠡᠷ ᠢ ᠨᠡᠭᠡᠭᠡᠨ ᠠᠰᠢᠭᠯᠠᠬᠤ ᠶᠢ | ᠬᠢᠨᠠᠠ ᠬᠠᠮᠢᠶᠠᠷᠤᠨ᠎ᠠ᠃ ᠨᠤᠭᠤ ᠭᠠᠵᠠᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠠᠵᠢᠯ ᠢ ᠬᠠᠷᠢᠭᠤᠴᠠᠵᠤ᠂ ᠪᠦᠬᠦ | ᠠᠶᠢᠮᠠᠭ ᠤᠨ ᠨᠤᠭᠤ ᠭᠠᠵᠠᠷ ᠢ ᠬᠠᠮᠠᠭᠠᠯᠠᠬᠤ ᠲᠥᠯᠥᠪᠵᠢᠭᠦᠯᠭᠡ ᠶᠢ ᠳᠣᠭᠤᠷᠪᠢᠬᠤ ᠪᠠ ᠥᠪᠡᠷᠲᠡᠭᠡᠨ ᠵᠠᠰᠠᠬᠤ | ᠣᠷᠣᠨ ᠤ ᠣᠷᠣᠨ ᠨᠤᠲᠤᠭ ᠤᠨ ᠬᠤᠯᠪᠣᠭᠳᠠᠯ ᠪᠦᠬᠦᠢ ᠪᠠᠷᠢᠮᠵᠢᠶ᠎ᠠ ᠶᠢ ᠨᠠᠶᠢᠳᠠᠪᠣᠷᠢᠵᠢᠭᠤᠯᠵᠦ᠂ ᠨᠤᠭᠤ ᠭᠠᠵᠠᠷ ᠢ | ᠨᠡᠭᠡᠭᠡᠨ ᠠᠰᠢᠭᠯᠠᠬᠤ ᠶᠢ ᠬᠢᠨᠠᠨ ᠬᠠᠮᠢᠶᠠᠷᠤᠨ᠎ᠠ᠃ | ︵ᠳᠦᠷᠪᠡ︶ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠠᠵᠢᠯ ᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ | ᠡᠯᠡᠰᠦᠨ ᠴᠥᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯᠡᠰᠦᠷᠭᠡᠭᠵᠢᠯ ᠢ ᠰᠡᠷᠭᠡᠶᠢᠯᠡᠨ | ᠵᠠᠰᠠᠬᠤ᠂ ᠡᠯᠡᠰᠦᠷᠭᠡᠭᠵᠢᠭᠰᠡᠨ ᠭᠠᠵᠠᠷ ᠢ ᠪᠢᠳᠡᠬᠦᠮᠵᠢᠯᠡᠭᠰᠡᠨ ᠬᠠᠮᠠᠭᠠᠯᠠᠯᠲᠠ ᠶᠢᠨ ᠣᠷᠣᠨ ᠤ ᠪᠦᠲᠦᠭᠡᠨ | ᠪᠠᠶᠢᠭᠤᠯᠤᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠬᠤ ᠶᠢ ᠵᠣᠬᠢᠶᠠᠨ ᠪᠠᠶᠢᠭᠤᠯᠬᠤ ᠪᠠ ᠥᠪᠡᠷᠲᠡᠭᠡᠨ ᠵᠠᠰᠠᠬᠤ | ᠣᠷᠣᠨ ᠤ ᠣᠷᠣᠨ ᠨᠤᠲᠤᠭ ᠤᠨ ᠬᠠᠮᠢᠶ᠎ᠠ ᠪᠦᠬᠦᠢ ᠪᠠᠷᠢᠮᠵᠢᠶ᠎ᠠ ᠶᠢ ᠨᠠᠶᠢᠳᠠᠪᠣᠷᠢᠵᠢᠭᠤᠯᠵᠦ᠂ ᠴᠦᠯᠯᠡᠷᠭᠡᠭᠵᠢᠭᠰᠡᠨ ᠪᠠ | ᠡᠯᠡᠰᠦᠷᠭᠡᠭᠵᠢᠭᠰᠡᠨ ᠭᠠᠵᠠᠷ ᠤᠨ ᠨᠡᠭᠡᠭᠡᠨ ᠠᠰᠢᠭᠯᠠᠯᠲᠠ ᠶᠢ ᠬᠢᠨᠠᠨ ᠬᠠᠮᠢᠶᠠᠷᠴᠦ᠂ ᠡᠯᠡᠰᠦᠨ ᠰᠢᠭᠤᠷᠭ᠎ᠠ ᠶᠢᠨ | ᠭᠠᠮᠰᠢᠭ ᠢ ᠳᠦᠰᠦᠭᠡᠯᠡᠨ ᠮᠡᠳᠡᠭᠡᠯᠡᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠢ ᠵᠣᠬᠢᠶᠠᠨ | ᠪᠠᠶᠢᠭᠤᠯᠣᠨ᠎ᠠ᠃ | ︵ᠲᠠᠪᠤ︶ ᠬᠠᠭᠤᠷᠠᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠬᠢᠨᠠᠠ | ᠬᠠᠮᠢᠶᠠᠷᠣᠯᠳᠠ ᠶᠢ ᠬᠠᠷᠢᠭᠤᠴᠠᠨ᠎ᠠ᠃ ᠬᠠᠭᠤᠷᠠᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ | ᠪᠠᠶᠢᠴᠠᠭᠠᠯᠲᠠ ᠶᠢ ᠵᠣᠬᠢᠶᠠᠨ ᠪᠠᠶᠢᠭᠤᠯᠵᠦ᠂ ᠠᠶᠢᠮᠠᠭ ᠤᠨ ᠭᠤᠤᠯᠳᠠᠯᠭ᠎ᠠ ᠲᠠᠢ ᠬᠠᠮᠠᠭᠠᠯᠠᠬᠤ ᠬᠠᠭᠤᠷᠠᠶ ᠶᠢᠨ | ᠬᠡᠭᠡᠷ᠎ᠡ ᠶᠢᠨ ᠬᠠᠮᠠᠭᠠᠯᠠᠯᠲᠠ ᠶᠢᠨ ᠠᠮᠢᠲᠠᠨ ᠤᠷᠭᠤᠮᠠᠯ ᠤᠨ ᠨᠡᠷᠡᠰ ᠤᠨ ᠵᠢᠭᠰᠠᠭᠠᠯᠲᠠ ᠶᠢ ᠲᠤᠭᠤᠷᠪᠢᠬᠤ ᠪᠠ | ᠲᠣᠬᠢᠷᠠᠭᠤᠯᠵᠤ᠂ ᠬᠠᠭᠤᠷᠠᠶ ᠶᠢᠨ ᠭᠡᠭᠡᠷ᠎ᠡ ᠶᠢᠨ ᠠᠮᠢᠲᠠᠨ ᠤᠷᠭᠤᠮᠠᠯ ᠢ ᠠᠪᠤᠷᠠᠨ ᠬᠠᠮᠠᠭᠠᠯᠠᠵᠦ ᠦᠷᠡᠵᠢᠭᠦᠯᠦᠨ | ᠪᠤᠶᠢᠵᠢᠭᠤᠯᠬᠤ᠂ ᠣᠷᠣᠩᠨᠠᠬᠤ ᠭᠠᠵᠠᠷ ᠢ ᠨᠢ ᠰᠡᠷᠭᠦᠭᠡᠨ ᠬᠥᠭᠵᠢᠭᠦᠯᠬᠦ᠂ ᠬᠢᠵᠢᠭ ᠤᠨ ᠢᠷᠡᠯᠲᠡ ᠬᠢᠵᠢᠭ ᠡᠪᠡᠳᠴᠢᠨ ᠢ | ᠬᠢᠨᠠᠨ ᠬᠡᠮᠵᠢᠬᠦ ᠶᠢ ᠵᠢᠯᠣᠭᠤᠳᠴᠦ᠂ ᠬᠠᠭᠤᠷᠠᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ ᠠᠩᠨᠠᠬᠤ ᠪᠤᠶᠤ ᠲᠡᠭᠦᠬᠦ᠂ | ᠲᠡᠵᠢᠭᠡᠵᠦ ᠦᠷᠡᠵᠢᠭᠦᠯᠬᠦ ᠪᠤᠶᠤ ᠪᠤᠶᠢᠵᠢᠭᠤᠯᠵᠤ᠂ ᠡᠵᠡᠩᠨᠡᠨ ᠠᠰᠢᠭᠯᠠᠬᠤ ᠶᠢ ᠬᠢᠨᠠᠨ ᠬᠠᠮᠢᠶᠠᠷᠴᠣ᠂ ᠬᠡᠭᠡᠷ᠎ᠡ ᠶᠢᠨ | ᠠᠮᠢᠲᠠᠨ ᠤᠷᠭᠤᠮᠠᠯ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠠᠵᠢᠯ ᠤᠨ ᠬᠤᠪᠢᠶᠠᠷᠢᠯᠠᠯ | ᠶᠣᠰᠣᠭᠠᠷ ᠬᠢᠨᠠᠨ ᠬᠠᠮᠢᠶᠠᠷᠤᠨ᠎ᠠ᠃ | ︵ᠵᠢᠷᠭᠤᠭ᠎ᠠ︶ ᠤᠯᠤᠰ ᠤᠨ ᠴᠡᠴᠡᠷᠯᠢᠭ ᠵᠡᠷᠭᠡ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠪᠦᠬᠦ ᠠᠶᠢᠮᠠᠭ ᠤᠨ ᠡᠯ᠎ᠡ ᠲᠥᠷᠥᠯ ᠤᠨ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠤ ᠲᠥᠯᠥᠪᠵᠢᠭᠦᠯᠭᠡ ᠶᠢ ᠳᠣᠭᠤᠷᠪᠢᠬᠤ ᠪᠠ ᠥᠪᠡᠷᠲᠡᠭᠡᠨ ᠵᠠᠰᠠᠬᠤ ᠣᠷᠣᠨ ᠤ ᠣᠷᠣᠨ | ᠨᠤᠲᠤᠭ ᠤᠨ ᠬᠠᠮᠢᠶ᠎ᠠ ᠪᠦᠬᠦᠢ ᠪᠠᠷᠢᠮᠵᠢᠶ᠎ᠠ ᠶᠢ ᠨᠠᠶᠢᠳᠠᠪᠣᠷᠢᠵᠢᠭᠤᠯᠣᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ | ᠪᠠ ᠠᠶᠢᠮᠠᠭ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠡᠯ᠎ᠡ ᠲᠥᠷᠥᠯ ᠤᠨ ᠪᠠᠶᠢᠭᠠᠯᠢ ᠶᠢᠨ ᠡᠬᠢ | ᠪᠠᠶᠠᠯᠢᠭ ᠤᠨ ᠡᠳ᠋ ᠬᠥᠷᠥᠩᠭᠡ ᠶᠢᠨ ᠬᠠᠮᠢᠶᠠᠷᠤᠯᠲᠠ ᠪᠠ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠬᠡᠷᠡᠭᠴᠡᠭᠡ ᠶᠢ ᠵᠠᠬᠢᠷᠤᠨ ᠬᠠᠮᠢᠶᠠᠷᠬᠤ ᠶᠢ ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠪᠠ | ᠠᠶᠢᠮᠠᠭ ᠤᠨ ᠲᠡᠰ ᠤᠨ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠰᠢᠨ᠎ᠡ ᠪᠠᠷ ᠪᠠᠶᠢᠭᠤᠯᠬᠤ᠂ | ᠲᠣᠬᠢᠷᠠᠭᠤᠯᠬᠤ ᠳᠣᠬᠠᠢ ᠬᠢᠨᠠᠨ ᠬᠠᠷᠭᠤᠭᠤᠯᠣᠭᠰᠠᠨ ᠰᠠᠨᠠᠭᠤᠯᠭ᠎ᠠ ᠶᠢ ᠳᠤᠷᠠᠳᠬᠤ ᠶᠢᠨ ᠬᠠᠮᠲᠤ ᠳᠢᠭ ᠵᠢᠷᠣᠮ | ᠶᠣᠰᠣᠭᠠᠷ ᠮᠡᠳᠡᠭᠦᠯᠦᠨ ᠵᠥᠪᠰᠢᠶᠡᠷᠡᠭᠦᠯᠵᠦ᠂ ᠪᠠᠶᠢᠭᠠᠯᠢ ᠶᠢᠨ ᠥᠪ ᠬᠥᠷᠥᠩᠭᠡ ᠶᠢ ᠭᠤᠶᠤᠴᠢᠯᠠᠨ ᠮᠡᠳᠡᠭᠦᠯᠬᠦ ᠶᠢ ᠬᠢᠨᠠᠨ | ᠬᠠᠷᠭᠤᠭᠤᠯᠬᠤ ᠶᠢ ᠵᠣᠬᠢᠶᠠᠨ ᠪᠠᠶᠢᠭᠤᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ | ᠠᠶᠢᠮᠠᠭ ᠤᠨ ᠪᠠᠶᠢᠭᠠᠯᠢ ᠬᠢᠭᠡᠳ ᠰᠣᠶᠣᠯ ᠤᠨ ᠬᠤᠣᠰ ᠥᠪ ᠬᠥᠷᠥᠩᠭᠡ ᠶᠢ ᠭᠤᠶᠤᠴᠢᠯᠠᠨ ᠮᠡᠳᠡᠭᠦᠯᠬᠦ ᠶᠢ ᠬᠢᠨᠠᠨ | ᠬᠠᠷᠭᠤᠭᠤᠯᠣᠨ᠎ᠠ᠃ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠬᠠᠮᠢᠶ᠎ᠠ ᠪᠥᠬᠦᠶ ᠠᠵᠢᠯ ᠢ | ᠬᠠᠷᠢᠭᠤᠴᠠᠨ᠎ᠠ᠃ ᠭᠠᠵᠠᠷ ᠰᠢᠨᠵᠢᠯᠡᠭᠡᠨ ᠤ ᠦᠯᠡᠳᠡᠭᠳᠡᠯ᠂ ᠭᠠᠵᠠᠷ ᠰᠢᠨᠵᠢᠯᠡᠭᠡᠨ ᠤ ᠴᠡᠴᠡᠷᠯᠢᠭ ᠢ ᠬᠠᠮᠠᠭᠠᠯᠠᠵᠤ ᠬᠢᠨᠠᠨ | ᠬᠠᠮᠢᠶᠠᠷᠬᠤ ᠶᠢ ᠬᠠᠷᠢᠭᠤᠴᠠᠨ᠎ᠠ᠃ | ︵ᠳᠣᠯᠤᠭ᠎ᠠ︶ ᠤᠯᠤᠰ ᠤᠨ ᠦᠮᠴᠢᠯᠡᠯᠳᠦ ᠣᠢ ᠰᠢᠭᠤᠶ ᠶᠢᠨ ᠲᠠᠯᠠᠪᠠᠢ ᠶᠢᠨ ᠵᠤᠯᠵᠠᠭ᠎ᠠ ᠮᠣᠳᠣᠨ ᠤ | ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢ ᠵᠢᠯᠣᠭᠤᠳᠴᠤ᠂ ᠣᠢ ᠮᠣᠳᠣᠨ ᠤ ᠦᠷ᠎ᠡ ᠪᠠ | ᠡᠪᠡᠰᠦᠨ ᠤ ᠲᠥᠷᠥᠯ ᠵᠦᠢᠯ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠪᠦᠬᠦ | ᠠᠶᠢᠮᠠᠭ ᠤᠨ ᠣᠢ ᠮᠣᠳᠣ ᠡᠪᠡᠰᠦᠨ ᠤ ᠦᠷ᠎ᠡ ᠶᠢᠨ ᠡᠬᠢ ᠪᠠᠶᠠᠯᠢᠭ ᠤᠨ ᠬᠦᠮᠦᠷᠭᠡ ᠶᠢ ᠪᠠᠶᠢᠭᠤᠯᠵᠤ᠂ ᠰᠠᠶᠢᠨ | ᠡᠭᠦᠯᠳᠡᠷ ᠢ ᠰᠣᠩᠭᠤᠨ ᠪᠤᠶᠢᠵᠢᠭᠤᠯᠵᠤ ᠳᠡᠯᠭᠡᠷᠡᠭᠦᠯᠬᠦ ᠶᠢ ᠬᠠᠷᠢᠭᠤᠴᠠᠵᠤ᠂ ᠣᠢ ᠮᠣᠳᠣᠨ ᠤ ᠦᠷ᠎ᠡ ᠪᠠ ᠵᠤᠯᠵᠠᠭ᠎ᠠ | ᠮᠣᠳᠣ᠂ ᠡᠪᠡᠰᠦᠨ ᠤ ᠦᠷ᠎ᠡ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠬᠠᠮᠢᠶᠠᠷᠴᠤ᠂ ᠣᠢ ᠮᠣᠳᠣᠨ ᠤ | ᠦᠷ᠎ᠡ ᠪᠠ ᠵᠤᠯᠵᠠᠭ᠎ᠠ ᠮᠣᠳᠣ᠂ ᠡᠪᠡᠰᠦᠨ ᠤ ᠦᠷ᠎ᠡ ᠶᠢᠨ ᠴᠢᠨᠠᠷ ᠴᠢᠨᠰᠠᠭ᠎ᠠ ᠶᠢ ᠬᠢᠨᠠᠨ ᠬᠠᠮᠢᠶᠠᠷᠤᠨ᠎ᠠ᠃ ᠣᠢ ᠰᠢᠭᠤᠶ | ᠪᠠ ᠨᠤᠲᠤᠭ ᠪᠡᠯᠴᠢᠭᠡᠷ ᠤᠨ ᠠᠮᠢᠳᠤ ᠪᠣᠳᠠᠰ ᠤᠨ ᠦᠷ᠎ᠡ ᠶᠢᠨ ᠡᠬᠢ ᠪᠠᠶᠠᠯᠢᠭ᠂ ᠭᠧᠨ ᠢ ᠬᠤᠪᠢᠷᠠᠭᠤᠯᠣᠭᠰᠠᠨ ᠠᠮᠢᠳᠤ | ᠪᠣᠳᠠᠰ ᠤᠨ ᠠᠮᠤᠷ ᠲᠦᠪᠰᠢᠨ᠂ ᠤᠷᠭᠤᠮᠠᠯ ᠤᠨ ᠰᠢᠨ᠎ᠡ ᠡᠭᠦᠯᠳᠡᠷ ᠢ ᠬᠠᠮᠠᠭᠠᠯᠠᠬᠤ ᠶᠢ ᠬᠢᠨᠠᠠ ᠬᠠᠮᠢᠶᠠᠷᠤᠨ᠎ᠠ᠃ | ︵ᠨᠠᠢᠮᠠ︶ ᠪᠦᠬᠦ ᠠᠶᠢᠮᠠᠭ ᠤᠨ ᠣᠢ ᠰᠢᠭᠤᠶ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠢ | ᠰᠢᠯᠢᠳᠡᠭᠵᠢᠭᠦᠯᠦᠨ ᠲᠣᠬᠢᠷᠠᠭᠤᠯᠬᠤ ᠵᠢᠴᠢ ᠮᠣᠳᠣᠨ ᠮᠠᠲ᠋ᠧᠷᠢᠶᠠᠯ ᠢ ᠠᠰᠢᠭᠯᠠᠬᠤ ᠲᠥᠷᠥ ᠶᠢᠨ ᠪᠣᠳᠣᠯᠭ᠎ᠠ ᠶᠢ | ᠳᠣᠭᠤᠷᠪᠢᠵᠦ᠂ ᠥᠪᠡᠷᠲᠡᠭᠡᠨ ᠵᠠᠰᠠᠬᠤ ᠣᠷᠣᠨ ᠤ ᠣᠢ ᠰᠢᠭᠤᠶ ᠡᠪᠡᠰᠦᠨ ᠤ ᠦᠢᠯᠡᠰ ᠤᠨ ᠣᠷᠣᠨ ᠨᠤᠲᠤᠭ ᠤᠨ | ᠬᠠᠮᠢᠶ᠎ᠠ ᠪᠦᠬᠦᠢ ᠪᠠᠷᠢᠮᠵᠢᠶ᠎ᠠ ᠶᠢ ᠬᠡᠷᠡᠭᠵᠢᠬᠦᠯᠬᠦ ᠳᠤ ᠬᠢᠨᠠᠯᠲᠠ ᠳᠠᠯᠪᠢᠵᠦ᠂ ᠣᠶ ᠰᠢᠭᠤᠶ ᠨᠤᠲᠤᠭ ᠪᠡᠯᠴᠢᠭᠡᠷ ᠤᠨ | ᠪᠦᠳᠦᠭᠡᠭᠳᠡᠬᠦᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠶᠢ ᠵᠣᠬᠢᠶᠠᠨ ᠪᠠᠶᠢᠭᠤᠯᠣᠨ ᠵᠢᠯᠣᠭᠤᠳᠴᠤ᠂ ᠣᠶ ᠰᠢᠭᠤᠶ | ᠨᠤᠲᠤᠭ ᠪᠡᠯᠴᠢᠭᠡᠷ ᠤᠨ ᠠᠮᠢ ᠠᠬᠤᠶ ᠪᠠᠷ ᠶᠠᠳᠠᠭᠤ ᠶᠢ ᠲᠡᠳᠬᠦᠬᠦ ᠬᠠᠮᠢᠶ᠎ᠠ ᠪᠥᠬᠦᠶ ᠠᠵᠢᠯ ᠢ ᠵᠢᠯᠣᠭᠤᠳᠤᠨ᠎ᠠ᠃ | ︵ᠶᠢᠰᠦ︶ ᠪᠦᠬᠦ ᠠᠶᠢᠮᠠᠭ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ | ᠳᠦᠯᠦᠪᠵᠢᠬᠦᠯᠬᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠶᠢᠳᠠᠪᠣᠷᠢᠵᠢᠭᠤᠯᠬᠤ ᠶᠢ ᠬᠠᠷᠢᠭᠤᠴᠠᠵᠦ᠂ ᠣᠢ ᠰᠢᠭᠤᠶ | ᠪᠠ ᠨᠤᠲᠤᠭ ᠪᠡᠯᠴᠢᠭᠡᠷ ᠤᠨ ᠳᠦᠢᠮᠡᠷ ᠤᠨ ᠠᠶᠤᠯ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠶᠢ ᠨᠠᠶᠢᠷᠠᠭᠤᠯᠬᠤ ᠶᠢ | ᠵᠣᠬᠢᠶᠠᠨ ᠪᠠᠶᠢᠭᠤᠯᠬᠤ ᠪᠠ ᠬᠠᠮᠢᠶ᠎ᠠ ᠪᠦᠬᠦᠢ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ | ᠵᠢᠯᠣᠭᠤᠳᠴᠦ᠂ ᠳᠦᠢᠮᠡᠷ ᠢ ᠰᠡᠷᠭᠡᠶᠢᠯᠡᠬᠦ ᠲᠣᠭᠤᠷᠢᠨ ᠪᠠᠶᠢᠴᠠᠭᠠᠯᠳᠠ᠂ ᠳᠦᠢᠮᠡᠷ ᠤᠨ ᠢᠷᠡᠯᠲᠡ ᠶᠢ ᠬᠠᠮᠢᠶᠠᠷᠬᠤ᠂ | ᠳᠦᠢᠮᠡᠷ ᠢ ᠰᠡᠷᠭᠡᠶᠢᠯᠡᠬᠦ ᠳᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠵᠣᠬᠢᠶᠠᠨ ᠪᠠᠶᠢᠭᠤᠯᠤᠨ | ᠵᠢᠯᠣᠭᠤᠳᠤᠨ ᠦᠷᠨᠢᠬᠦᠯᠦᠨ᠎ᠡ᠃ ᠣᠢ ᠰᠢᠭᠤᠶ ᠪᠠ ᠨᠤᠲᠤᠭ ᠪᠡᠯᠴᠢᠭᠡᠷ ᠤᠨ ᠳᠦᠢᠮᠡᠷ ᠢ ᠰᠡᠷᠭᠡᠶᠢᠯᠡᠬᠦ ᠤᠬᠠᠭᠤᠯᠭ᠎ᠠ | ᠬᠥᠮᠦᠵᠢᠯ᠂ ᠬᠢᠨᠠᠨ ᠬᠡᠮᠵᠢᠵᠦ ᠰᠡᠷᠡᠮᠵᠢᠯᠡᠬᠦᠯᠬᠦ᠂ ᠰᠢᠮᠳᠠᠭᠤᠯᠤᠨ ᠪᠠᠶᠢᠴᠠᠭᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ | ᠵᠢᠯᠣᠭᠤᠳᠣᠨ ᠦᠷᠨᠢᠬᠦᠯᠦᠨ᠎ᠡ᠃ ᠠᠭᠠᠷ ᠠᠶᠠᠯᠠᠯ ᠢᠶᠠᠷ ᠣᠢ ᠰᠢᠭᠤᠶ ᠶᠢ ᠬᠠᠮᠠᠭᠠᠯᠠᠬᠤ ᠠᠵᠢᠯ ᠢ ᠵᠢᠯᠣᠭᠤᠳᠣᠨ | ᠵᠣᠬᠢᠴᠠᠭᠤᠯᠬᠤ ᠶᠢ ᠬᠠᠷᠢᠭᠤᠴᠠᠨ᠎ᠠ᠃ ᠴᠢᠬᠤᠯᠠ ᠲᠠᠢ ᠦᠶ᠎ᠡ ᠳᠤ᠂ ᠠᠶᠢᠮᠠᠭ ᠤᠨ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠲᠣᠪᠴᠢᠶ᠎ᠠ ᠳᠤ ᠭᠤᠶᠣᠴᠢᠯᠠᠵᠦ᠂ ᠠᠶᠢᠮᠠᠭ ᠤᠨ ᠪᠠᠴᠢᠮ ᠪᠠᠶᠢᠳᠠᠯ ᠢ ᠠᠷᠭᠠᠴᠠᠭᠠᠬᠤ ᠶᠢ | ᠵᠢᠯᠣᠭᠤᠳᠬᠤ ᠪᠠᠶᠢᠭᠤᠯᠤᠮᠵᠢ ᠶᠢᠨ ᠨᠡᠷ᠎ᠡ ᠪᠠᠷ᠂ ᠬᠠᠮᠢᠶ᠎ᠠ ᠪᠦᠬᠦᠢ ᠰᠡᠷᠭᠡᠶᠢᠯᠡᠨ ᠵᠠᠰᠠᠵᠤ ᠳᠦᠢᠮᠡᠷ ᠢ ᠤᠨᠲᠠᠷᠠᠭᠠᠬᠤ | ᠠᠵᠢᠯ ᠢ ᠪᠠᠶᠢᠷᠢᠯᠠᠭᠤᠯᠣᠨ᠎ᠠ᠃ | ︵ᠠᠷᠪᠠ︶ ᠪᠥᠬᠦ ᠠᠶᠢᠮᠠᠭ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠥᠭᠡᠷᠡᠴᠢᠯᠡᠯᠲᠡ ᠶᠢᠨ ᠬᠠᠮᠢᠶ᠎ᠠ | ᠪᠥᠬᠦᠶ ᠠᠵᠢᠯ ᠢ ᠠᠬᠢᠭᠤᠯᠬᠤ ᠶᠢ ᠬᠠᠷᠢᠭᠤᠴᠠᠨ᠎ᠠ᠃ ᠪᠦᠬᠦ ᠠᠶᠢᠮᠠᠭ ᠤᠨ ᠬᠠᠮᠲᠤ ᠶᠢᠨ ᠣᠢ ᠶᠢᠨ ᠡᠷᠬᠡ ᠶᠢᠨ ᠳᠦᠷᠢᠮ᠂ | ᠤᠯᠤᠰ ᠤᠨ ᠦᠮᠴᠢᠯᠡᠯᠳᠦ ᠭᠤᠤᠯᠳᠠᠯᠭ᠎ᠠ ᠲᠠᠢ ᠰᠢᠭᠤᠶᠢᠲᠤ ᠣᠷᠣᠨ᠂ ᠤᠯᠤᠰ ᠤᠨ ᠦᠮᠴᠢᠯᠡᠯᠳᠦ ᠣᠢ ᠰᠢᠭᠤᠶ ᠶᠢᠨ | ᠲᠠᠯᠠᠪᠠᠢ᠂ ᠨᠤᠲᠤᠭ ᠪᠡᠯᠴᠢᠭᠡᠷ ᠵᠡᠷᠭᠡ ᠶᠢᠨ ᠦᠭᠡᠷᠡᠴᠢᠯᠡᠯᠳᠡ ᠶᠢᠨ ᠰᠠᠨᠠᠯ ᠢ ᠳᠣᠭᠤᠷᠪᠢᠬᠤ ᠶᠢᠨ ᠬᠠᠮᠲᠤ ᠬᠡᠷᠡᠭᠵᠢᠬᠦᠯᠬᠦ | ᠳᠤ ᠬᠢᠨᠠᠯᠲᠠ ᠳᠠᠯᠪᠢᠨ᠎ᠠ᠃ ᠪᠦᠬᠦ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠣᠢ ᠰᠢᠭᠤᠶ ᠪᠠ ᠨᠤᠲᠤᠭ | ᠪᠡᠯᠴᠢᠭᠡᠷ ᠤᠨ ᠬᠥᠭᠵᠢᠯᠲᠡ ᠵᠢᠴᠢ ᠣᠢ ᠰᠢᠭᠤᠶ᠂ ᠨᠣᠳᠤᠭ ᠪᠡᠯᠴᠢᠭᠡᠷ ᠤᠨ ᠡᠵᠡᠩᠨᠡᠭᠴᠢ ᠶᠢᠨ ᠬᠠᠤᠯᠢ ᠶᠣᠰᠣᠨ ᠤ | ᠡᠷᠬᠡ ᠠᠰᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠣᠭᠤᠷᠪᠢᠵᠦ᠂ ᠮᠠᠯᠵᠢᠬᠤ ᠲᠠᠷᠢᠶᠠᠯᠠᠬᠤ | ᠣᠷᠣᠨ ᠤ ᠰᠢᠭᠤᠶᠢᠳᠦ ᠣᠷᠣᠨ᠂ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠠᠵᠢᠯ ᠢ ᠵᠢᠯᠣᠭᠤᠳᠣᠨ᠎ᠠ᠃ | ᠲᠠᠷᠢᠶᠠᠯᠠᠬᠤ ᠶᠢ ᠵᠣᠭᠰᠣᠭᠠᠵᠤ ᠮᠠᠯᠵᠢᠬᠤ ᠶᠢ ᠵᠣᠭᠰᠣᠭᠠᠵᠤ ᠣᠶ ᠰᠢᠭᠤᠶ ᠶᠢ ᠰᠡᠷᠭᠦᠭᠡᠬᠦ ᠪᠠ ᠪᠠᠶᠢᠭᠠᠯᠢ ᠶᠢᠨ ᠣᠶ ᠶᠢ | ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠤᠨ ᠦᠷᠨᠢᠬᠦᠯᠦᠨ᠎ᠡ᠃ | ︵ᠠᠷᠪᠠᠨ ᠨᠢᠭᠡ︶ ᠰᠠᠯᠠᠭ᠎ᠠ ᠮᠥᠴᠢᠷ ᠤᠨ ᠲᠥᠰᠦᠪ ᠢ ᠳᠤᠷᠠᠳᠬᠤ ᠶᠢᠨ ᠬᠠᠮᠲᠤ ᠬᠡᠷᠡᠭᠵᠢᠬᠦᠯᠬᠦ ᠶᠢ | ᠵᠣᠬᠢᠶᠠᠨ ᠪᠠᠶᠢᠭᠤᠯᠵᠦ᠂ ᠣᠶ ᠰᠢᠭᠤᠶ ᠪᠠ ᠨᠤᠲᠤᠭ ᠪᠡᠯᠴᠢᠭᠡᠷ ᠤᠨ ᠪᠡᠯᠡ ᠮᠥᠩᠭᠦ ᠶᠢᠨ ᠬᠠᠮᠢᠶᠠᠷᠤᠯᠲᠠ ᠪᠣᠯᠤᠨ | ᠬᠡᠷᠡᠭᠯᠡᠯᠲᠡ ᠳᠤ ᠬᠢᠨᠠᠯᠲᠠ ᠲᠠᠯᠪᠢᠨ᠎ᠠ᠃ ᠪᠦᠬᠦ ᠠᠶᠢᠮᠠᠭ ᠤᠨ ᠣᠢ ᠰᠢᠭᠤᠢ ᠪᠠ ᠨᠤᠲᠤᠭ ᠪᠡᠯᠴᠢᠭᠡᠷ ᠤᠨ ᠤᠯᠤᠰ | ᠦᠮᠴᠢᠯᠡᠯᠳᠦ ᠡᠳ᠋ ᠬᠥᠷᠥᠩᠭᠡ ᠳᠤ ᠬᠢᠨᠠᠯᠲᠠ ᠳᠠᠯᠪᠢᠵᠦ᠂ ᠠᠮᠢ ᠠᠬᠤᠢ ᠶᠢᠨ ᠪᠠᠶᠢᠭᠤᠯᠤᠯᠲᠠ ᠶᠢᠨ ᠭᠤᠣᠯᠳᠠᠯᠭ᠎ᠠ ᠲᠠᠢ | ᠲᠥᠷᠥᠯ ᠵᠦᠢᠯ ᠢ ᠲᠣᠭᠲᠠᠭᠠᠯ ᠶᠣᠰᠣᠭᠠᠷ ᠮᠡᠳᠡᠬᠦᠯᠬᠦ ᠶᠢ ᠵᠣᠬᠢᠶᠠᠨ ᠪᠠᠶᠢᠭᠤᠯᠣᠨ᠎ᠠ᠃ ᠪᠦᠬᠦ ᠠᠶᠢᠮᠠᠭ ᠤᠨ ᠣᠢ | ᠰᠢᠭᠤᠶ ᠪᠠ ᠨᠤᠲᠤᠭ ᠪᠡᠯᠴᠢᠭᠡᠷ ᠤᠨ ᠠᠵᠤ ᠠᠬᠤᠢ ᠶᠢᠨ ᠲᠣᠬᠢᠷᠠᠭᠤᠯᠤᠯᠲᠠ ᠪᠣᠯᠤᠨ ᠪᠡᠯᠡ ᠣᠷᠣᠭᠤᠯᠬᠤ ᠲᠥᠷᠥ ᠶᠢᠨ | ᠪᠣᠳᠣᠯᠭ᠎ᠠ ᠶᠢ ᠲᠤᠭᠤᠷᠪᠢᠬᠤ ᠳᠤ ᠣᠷᠣᠯᠴᠠᠵᠤ᠂ ᠣᠢ ᠰᠢᠭᠤᠶ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ | ᠨᠥᠬᠦᠪᠥᠷᠢ ᠶᠢᠨ ᠠᠵᠢᠯ ᠢ ᠵᠣᠬᠢᠶᠠᠨ ᠪᠠᠶᠢᠭᠤᠯᠤᠨ ᠭᠡᠷᠡᠭᠵᠢᠬᠦᠯᠦᠨ᠎ᠡ᠃ ᠪᠦᠬᠦ ᠠᠶᠢᠮᠠᠭ ᠤᠨ ᠣᠢ ᠰᠢᠭᠤᠶ ᠪᠠ ᠨᠤᠲᠤᠭ | ᠪᠡᠯᠴᠢᠭᠡᠷ ᠤᠨ ᠠᠮᠢ ᠠᠬᠤᠢ ᠶᠢᠨ ᠪᠠᠶᠢᠭᠤᠯᠤᠯᠲᠠ ᠶᠢᠨ ᠵᠢᠯ ᠤᠨ ᠦᠢᠯᠡᠳᠪᠦᠷᠢᠯᠡᠯ ᠤᠨ ᠲᠥᠯᠥᠪᠯᠡᠭᠡ ᠶᠢ | ᠨᠠᠶᠢᠷᠠᠭᠤᠯᠣᠨ᠎ᠠ᠃ | ︵ᠠᠷᠪᠠᠨ ᠬᠤᠶᠠᠷ︶ ᠣᠢ ᠰᠢᠭᠤᠶ ᠪᠠ ᠨᠤᠲᠤᠭ ᠪᠡᠯᠴᠢᠭᠡᠷ ᠤᠨ ᠰᠢᠨᠵᠢᠯᠡᠭᠡ ᠮᠡᠷᠭᠡᠵᠢᠯ᠂ ᠣᠬᠠᠭᠤᠯᠭ᠎ᠠ | ᠬᠦᠮᠦᠵᠢᠯ ᠪᠠ ᠭᠠᠳᠠᠭᠠᠳᠤ ᠲᠠᠢ ᠰᠣᠯᠢᠯᠴᠠᠭ᠎ᠠ ᠬᠢᠬᠦ᠂ ᠬᠠᠮᠲᠤᠷᠠᠨ ᠠᠵᠢᠯᠯᠠᠬᠤ ᠠᠵᠢᠯ ᠢ ᠵᠢᠯᠣᠭᠤᠳᠬᠤ ᠶᠢ | ᠬᠠᠷᠢᠭᠤᠴᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠣᠢ ᠰᠢᠭᠤᠶ ᠪᠠ ᠨᠤᠲᠤᠭ ᠪᠡᠯᠴᠢᠭᠡᠷ ᠤᠨ | ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠵᠢᠯᠣᠭᠤᠳᠬᠤ ᠶᠢ ᠬᠠᠷᠢᠭᠤᠴᠠᠨ᠎ᠠ᠃ ᠨᠤᠭᠤ ᠭᠠᠵᠠᠷ᠂ | ᠴᠦᠯᠯᠡᠷᠭᠡᠭᠵᠢᠯ ᠢ ᠰᠡᠷᠭᠡᠶᠢᠯᠡᠨ ᠵᠠᠰᠠᠬᠤ᠂ ᠮᠥᠬᠦᠬᠦ ᠰᠢᠬᠠᠭᠰᠠᠨ ᠬᠡᠭᠡᠷ᠎ᠡ ᠶᠢᠨ ᠠᠮᠢᠲᠠᠨ ᠤᠷᠭᠤᠮᠠᠯ ᠤᠨ ᠲᠥᠷᠥᠯ | ᠵᠡᠷᠭᠡ ᠣᠯᠠᠨ ᠤᠯᠤᠰ ᠤᠨ ᠨᠡᠶᠢᠲᠡ ᠶᠢᠨ ᠭᠡᠷ᠎ᠡ ᠶᠢ ᠪᠡᠶᠡᠯᠡᠬᠦᠯᠬᠦ ᠠᠵᠢᠯ ᠢ ᠡᠭᠦᠷᠭᠡᠯᠡᠨ᠎ᠡ᠃ | ︵ᠠᠷᠪᠠᠨ ᠭᠤᠷᠪᠠ︶ ᠪᠥᠬᠦ ᠠᠶᠢᠮᠠᠭ ᠤᠨ ᠣᠶ ᠰᠢᠭᠤᠶ᠂ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠬᠠᠮᠢᠶ᠎ᠠ ᠪᠥᠬᠦᠶ ᠠᠵᠢᠯ ᠢ ᠵᠢᠯᠣᠭᠤᠳᠤᠨ᠎ᠠ᠃ | ︵ᠠᠷᠪᠠᠨ ᠳᠥᠷᠪᠡ︶ ᠤᠯᠤᠰ ᠤᠨ ᠥᠮᠴᠢᠯᠡᠯᠲᠦ ᠭᠤᠤᠯᠳᠠᠯᠭ᠎ᠠ ᠲᠠᠢ ᠰᠢᠭᠤᠶᠢᠲᠤ ᠣᠷᠣᠨ ᠤ ᠬᠠᠮᠢᠶ᠎ᠠ | ᠪᠦᠬᠦᠢ ᠬᠠᠮᠢᠶᠠᠷᠣᠯᠳᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ | ︵ᠠᠷᠪᠠᠨ ᠲᠠᠪᠤ︶ ᠪᠦᠬᠦ ᠠᠶᠢᠮᠠᠭ ᠤᠨ ᠡᠯᠡᠰᠦᠨ ᠤ ᠠᠵᠤ ᠦᠢᠯᠡᠰ ᠤᠨ ᠬᠥᠭᠵᠢᠯᠲᠡ ᠶᠢᠨ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ᠂ ᠳᠦᠯᠦᠪᠵᠢᠬᠦᠯᠬᠡ ᠶᠢ ᠨᠠᠶᠢᠷᠠᠭᠤᠯᠬᠤ ᠶᠢᠨ ᠬᠠᠮᠲᠤ ᠭᠡᠷᠡᠭᠵᠢᠬᠦᠯᠬᠦ ᠶᠢ | ᠵᠣᠬᠢᠶᠠᠨ ᠪᠠᠶᠢᠭᠤᠯᠬᠤ ᠶᠢ ᠬᠠᠷᠢᠭᠤᠴᠠᠨ᠎ᠠ᠃ ᠡᠯᠡᠰᠦᠨ ᠤ ᠠᠵᠤ ᠦᠢᠯᠡᠰ ᠤᠨ ᠲᠥᠷᠥᠯ ᠵᠦᠢᠯ ᠢ ᠨᠥᠭᠡᠴᠡᠯᠡᠬᠦ᠂ | ᠲᠥᠷᠥᠯ ᠵᠦᠢᠯ ᠢ ᠲᠣᠭᠲᠠᠭᠠᠬᠤ᠂ ᠬᠡᠷᠡᠭᠵᠢᠭᠦᠯᠬᠦ᠂ ᠡᠯᠡᠰᠦᠨ ᠤ ᠠᠵᠤ ᠦᠢᠯᠡᠰ ᠤᠨ ᠰᠢᠨᠵᠢᠯᠡᠬᠦ ᠤᠬᠠᠭᠠᠨ ᠤ | ᠰᠣᠳᠣᠯᠭᠠᠨ ᠤ ᠲᠥᠷᠥᠯ ᠵᠦᠢᠯ ᠢ ᠮᠡᠳᠡᠭᠦᠯᠬᠦ᠂ ᠬᠡᠷᠡᠭᠵᠢᠭᠦᠯᠬᠦ᠂ ᠰᠢᠯᠭᠠᠨ ᠠᠪᠬᠤ᠂ ᠳᠡᠯᠭᠡᠷᠡᠭᠦᠯᠬᠦ ᠪᠠ ᠭᠠᠳᠠᠭᠠᠳᠤ | ᠲᠠᠢ ᠬᠠᠮᠲᠤᠷᠠᠨ ᠰᠣᠯᠢᠯᠴᠠᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠡᠯᠡᠰᠦᠨ ᠤ ᠠᠵᠤ ᠦᠢᠯᠡᠰ ᠤᠨ | ᠭᠠᠳᠠᠭᠠᠳᠤ ᠤᠬᠠᠭᠤᠯᠭ᠎ᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠨᠢᠭᠡᠳᠦᠯᠳᠡᠢ ᠲᠥᠯᠥᠪᠯᠡᠨ | ᠵᠣᠬᠢᠴᠠᠭᠤᠯᠬᠤ ᠵᠡᠷᠭᠡ ᠠᠵᠢᠯ ᠢ ᠬᠠᠷᠢᠭᠤᠴᠠᠨ᠎ᠠ᠃ | ︵ᠠᠷᠪᠠᠨ ᠵᠢᠷᠭᠤᠭ᠎ᠠ︶ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠬᠦᠯᠦᠨ᠎ᠡ᠃ | ︵ᠠᠷᠪᠠᠨ ᠳᠣᠯᠤᠭ᠎ᠠ︶ ᠡᠭᠦᠷᠭᠡ ᠴᠢᠳᠠᠪᠤᠷᠢ ᠶᠢᠨ ᠬᠤᠪᠢᠷᠠᠭᠤᠯᠣᠯᠳᠠ᠃ ᠠᠶᠢᠮᠠᠭ ᠤᠨ ᠣᠢ ᠰᠢᠭᠤᠶ ᠪᠠ | ᠨᠤᠲᠤᠭ ᠪᠡᠯᠴᠢᠭᠡᠷ ᠤᠨ ᠲᠣᠪᠴᠢᠶ᠎ᠠ ᠨᠢ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠡᠷᠴᠢᠮ ᠢᠶᠠᠨ ᠦᠨᠡᠨᠬᠦ | ᠴᠢᠩᠭᠠᠷᠠᠭᠤᠯᠵᠤ᠂ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠢᠨᠵᠧᠨᠧᠷᠢᠩ ᠢ | ᠬᠡᠷᠡᠭᠵᠢᠭᠦᠯᠵᠦ᠂ ᠣᠢ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ ᠤᠨ ᠬᠢᠨᠠᠠ ᠬᠠᠮᠢᠶᠠᠷᠤᠯᠲᠠ ᠶᠢ ᠨᠢᠭᠡᠳᠦᠯᠲᠡᠶ | ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢ | ᠬᠦᠴᠦᠯᠡᠨ ᠠᠬᠢᠭᠤᠯᠵᠤ᠂ ᠠᠮᠢ ᠠᠬᠤᠶ ᠶᠢᠨ ᠠᠮᠣᠷ ᠲᠦᠪᠰᠢᠨ ᠢ ᠪᠠᠳᠣᠯᠠᠨ᠎ᠠ᠃ ᠤᠯᠤᠰ ᠤᠨ ᠴᠡᠴᠡᠷᠯᠢᠭ ᠢᠶᠠᠷ | ᠭᠤᠤᠯ ᠴᠣᠭᠴᠠ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠰᠢᠰᠲ᠋ᠧᠮᠵᠢ ᠶᠢ ᠪᠠᠶᠢᠭᠤᠯᠬᠤ ᠶᠢ | ᠳᠦᠷᠭᠡᠳᠬᠡᠵᠦ᠂ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠴᠡᠭᠴᠡᠯᠡᠨ ᠳᠦᠷᠢᠮᠵᠢᠬᠦᠯᠬᠦ ᠪᠠ | ᠡᠮᠬᠢᠯᠡᠨ ᠨᠡᠶᠢᠯᠡᠭᠦᠯᠬᠦ ᠬᠠᠮᠢᠶ᠎ᠠ ᠪᠦᠬᠦᠢ ᠠᠵᠢᠯ ᠢ ᠨᠢᠭᠡᠳᠦᠯᠲᠡᠶ ᠠᠬᠢᠭᠤᠯᠤᠨ᠎ᠠ᠃ ᠪᠦᠬᠦ ᠠᠶᠢᠮᠠᠭ ᠤᠨ ᠡᠯᠡᠰᠦᠨ ᠤ | ᠠᠵᠤ ᠦᠢᠯᠡᠰ ᠤᠨ ᠬᠥᠭᠵᠢᠯᠲᠡ ᠶᠢ ᠢᠳᠡᠪᠬᠢᠲᠡᠢ ᠠᠬᠢᠭᠤᠯᠵᠤ᠂ ᠠᠶᠢᠮᠠᠭ ᠤᠨ ᠳᠣᠲᠣᠨ᠎ᠠ ᠭᠠᠳᠠᠨᠠᠬᠢ ᠡᠬᠢ | ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ ᠡᠯᠡᠰᠦᠨ ᠤ ᠠᠵᠤ ᠦᠢᠯᠡᠰ ᠤᠨ ᠲᠦᠷᠭᠡᠨ ᠪᠥᠭᠡᠳ | ᠥᠨᠳᠥᠷ ᠦᠷ᠎ᠡ ᠪᠦᠲᠦᠮᠵᠢᠲᠡᠢ ᠬᠥᠭᠵᠢᠯᠲᠡ ᠶᠢ ᠠᠬᠢᠭᠤᠯᠤᠨ᠎ᠠ᠃ | ᠳᠥᠷᠪᠡᠳᠦᠭᠡᠷ ᠵᠦᠢᠯ ᠠᠶᠢᠮᠠᠭ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠳᠣᠤᠷᠠᠬᠢ | ᠮᠡᠲᠦ ᠳᠣᠳᠣᠭᠠᠳᠣ ᠪᠠᠶᠢᠭᠤᠯᠤᠮᠵᠢ ᠶᠢ ᠳᠣᠬᠢᠷᠠᠭᠤᠯᠣᠨ᠎ᠠ᠄ | ︵ᠨᠢᠭᠡ︶ ᠠᠯᠪᠠᠨ ᠭᠡᠷ ︵ᠨᠠᠮ ᠤᠨ ᠪᠠᠶᠢᠭᠤᠯᠤᠯᠲᠠ ᠶᠢᠨ ᠠᠵᠢᠯ ᠤᠨ ᠠᠯᠪᠠᠨ ᠭᠡᠷ︶᠃ | ᠪᠠᠶᠢᠭᠤᠯᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠵᠤ᠂ ᠶᠠᠳᠠᠭᠤ ᠶᠢ ᠲᠡᠳᠬᠦᠬᠦ᠂ ᠤᠬᠠᠭᠤᠯᠬᠤ᠂ | ᠨᠢᠭᠤᠴᠠ ᠶᠢ ᠬᠠᠮᠠᠭᠠᠯᠠᠬᠤ᠂ ᠳᠠᠩᠰᠠ ᠡᠪᠬᠡᠮᠡᠯ᠂ ᠰᠢᠮᠳᠠᠭᠤᠯᠤᠨ ᠪᠠᠶᠢᠴᠠᠭᠠᠬᠤ᠂ ᠵᠠᠬᠢᠳᠠᠯ ᠰᠣᠷᠪᠣᠯᠵᠢᠯᠠᠭ᠎ᠠ᠂ ᠮᠡᠳᠡᠭᠡ | ᠵᠠᠩᠭᠢ᠂ ᠵᠠᠰᠠᠭ ᠤᠨ ᠶᠠᠪᠤᠳᠠᠯ ᠢ ᠢᠯᠡ ᠪᠠᠶᠢᠯᠭᠠᠬᠤ᠂ ᠨᠡᠶᠢᠭᠡᠮ ᠤᠨ ᠳᠣᠭᠳᠠᠭᠤᠨ ᠢ ᠪᠠᠳᠣᠯᠠᠬᠤ ᠶᠡᠷᠦᠩᠬᠡᠶᠢᠯᠡᠭᠰᠡᠨ | ᠵᠠᠰᠠᠯᠳᠠ ᠵᠡᠷᠭᠡ ᠠᠵᠢᠯ ᠢ ᠡᠭᠦᠷᠭᠡᠯᠡᠨ᠎ᠡ᠃ ᠪᠠᠶᠢᠭᠤᠯᠤᠯᠭ᠎ᠠ ᠪᠣᠯᠤᠨ ᠬᠠᠷᠢᠶ᠎ᠠ ᠨᠢᠭᠡᠴᠡ ᠶᠢᠨ ᠢᠶᠠᠨ ᠺᠠᠳ᠋ᠷ ᠠᠵᠢᠯᠲᠠᠨ ᠤ | ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠬᠥᠳᠡᠯᠮᠦᠷᠢ ᠴᠠᠯᠢᠩ᠂ ᠮᠡᠷᠭᠡᠵᠢᠯ ᠤᠨ ᠴᠣᠯᠠ ᠲᠠᠢ ᠠᠵᠢᠯᠳᠠᠨ ᠢ | ᠤᠷᠢᠨ ᠲᠣᠮᠢᠯᠠᠬᠤ ᠪᠠ ᠰᠤᠷᠭᠠᠨ ᠬᠥᠮᠦᠵᠢᠭᠦᠯᠵᠦ ᠪ᠊ ᠪᠣᠯᠪᠠᠰᠣᠷᠠᠭᠤᠯᠬᠤ ᠠᠵᠢᠯ ᠢ ᠡᠭᠦᠷᠭᠡᠯᠡᠨ᠎ᠡ᠃ ᠣᠢ ᠰᠢᠭᠤᠶ ᠪᠠ | ᠨᠤᠲᠤᠭ ᠪᠡᠯᠴᠢᠭᠡᠷ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢᠨ ᠠᠵᠢᠯ ᠢ ᠵᠢᠯᠣᠭᠤᠳᠬᠤ ᠶᠢ | ᠬᠠᠷᠢᠭᠤᠴᠠᠨ᠎ᠠ᠃ ᠪᠠᠶᠢᠭᠤᠯᠤᠯᠭ᠎ᠠ ᠪᠣᠯᠤᠨ ᠬᠠᠷᠢᠶ᠎ᠠ ᠨᠢᠭᠡᠴᠡ ᠶᠢᠨ ᠢᠶᠠᠨ ᠨᠠᠮ ᠪᠠ ᠤᠯᠡᠠ ᠲᠦᠮᠡᠨ᠂ ᠰᠠᠬᠢᠯᠭ᠎ᠠ ᠪᠠᠲᠤ | ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃ ᠪᠠᠶᠢᠭᠤᠯᠤᠯᠭ᠎ᠠ ᠶᠢᠨ ᠠᠵᠢᠯ ᠠᠴᠠ ᠪᠠᠨ ᠠᠮᠠᠷᠠᠭᠰᠠᠳ ᠤᠨ ᠠᠵᠢᠯ ᠢ | ᠬᠠᠷᠢᠭᠤᠴᠠᠵᠤ᠂ ᠬᠠᠷᠢᠶ᠎ᠠ ᠨᠢᠭᠡᠴᠡ ᠶᠢᠨ ᠢᠶᠠᠨ ᠠᠵᠢᠯ ᠠᠴᠠ ᠠᠮᠠᠷᠠᠭᠰᠠᠳ ᠤᠨ ᠠᠵᠢᠯ ᠢ ᠵᠢᠯᠣᠭᠤᠳᠤᠨ᠎ᠠ᠃ | ︵ᠬᠤᠶᠠᠷ︶ ᠡᠯᠡᠰᠦᠷᠭᠡᠭᠵᠢᠯ ᠢ ᠵᠠᠰᠠᠵᠤ ᠣᠶᠢᠵᠢᠭᠤᠯᠬᠤ ᠰᠠᠯᠠᠭ᠎ᠠ᠃ ᠤᠯᠤᠰ ᠤᠨ ᠨᠤᠲᠤᠭ ᠳᠡᠪᠢᠰᠬᠡᠷ ᠢ | ᠨᠣᠭᠤᠭᠠᠷᠠᠭᠤᠯᠬᠤ ᠪᠠ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠲᠣᠭᠲᠠᠭᠠᠵᠤ᠂ ᠡᠯᠡᠰᠦᠷᠭᠡᠭᠵᠢᠯ ᠢ ᠰᠡᠷᠭᠡᠶᠢᠯᠡᠨ ᠵᠠᠰᠠᠬᠤ᠂ ᠡᠯᠡᠰᠦᠷᠭᠡᠭᠵᠢᠭᠰᠡᠨ ᠭᠠᠵᠠᠷ ᠢ ᠪᠢᠳᠡᠭᠦᠮᠵᠢᠯᠡᠭᠰᠡᠨ | ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠳᠣᠭᠤᠷᠪᠢᠵᠦ᠂ ᠥᠪᠡᠷᠲᠡᠭᠡᠨ | ᠵᠠᠰᠠᠬᠤ ᠣᠷᠣᠨ ᠤ ᠣᠷᠣᠨ ᠨᠤᠲᠤᠭ ᠤᠨ ᠬᠠᠮᠢᠶ᠎ᠠ ᠪᠥᠬᠦᠶ ᠪᠠᠷᠢᠮᠵᠢᠶ᠎ᠠ ᠪᠣᠯᠤᠨ ᠮᠡᠷᠭᠡᠵᠢᠯ ᠤᠨ ᠳᠦᠷᠢᠮ ᠳᠢᠭ ᠵᠢᠷᠣᠮ | ᠢ ᠨᠠᠶᠢᠳᠠᠪᠤᠷᠢᠵᠢᠭᠤᠯᠬᠤ ᠶᠢᠨ ᠬᠠᠮᠲᠤ ᠬᠡᠷᠡᠭᠵᠢᠬᠦᠯᠬᠦ ᠳᠤ ᠬᠢᠨᠠᠯᠲᠠ ᠳᠠᠯᠪᠢᠨ᠎ᠠ᠃ ᠳᠠᠴᠢᠷ ᠴᠦᠯ ᠢ ᠪᠠᠶᠢᠴᠠᠭᠠᠬᠤ᠂ | ᠬᠥᠳᠡᠯᠦᠩᠭᠦᠶ ᠪᠠᠷ ᠬᠢᠨᠠᠨ ᠬᠡᠮᠵᠢᠬᠦ ᠪᠠ ᠦᠨᠡᠯᠡᠬᠦ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠦᠷᠨᠢᠬᠦᠯᠦᠨ᠎ᠡ᠃ | ᠣᠢ ᠰᠢᠭᠤᠶ ᠶᠢᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠭᠤᠤᠯᠳᠠᠯᠭ᠎ᠠ ᠲᠠᠢ ᠢᠨᠵᠧᠨᠧᠷᠢᠩ ᠢ ᠶᠡᠷᠦᠩᠬᠡᠶᠢᠯᠡᠨ | ᠬᠠᠮᠢᠶᠠᠷᠴᠤ᠂ ᠮᠣᠳᠣ ᠲᠠᠷᠢᠵᠤ ᠣᠶᠢᠵᠢᠭᠤᠯᠬᠤ᠂ ᠠᠭᠤᠯᠠ ︵ᠡᠯᠡᠰᠦ︶ ᠶᠢ ᠪᠢᠲᠡᠭᠦᠮᠵᠢᠯᠡᠨ ᠣᠶᠢᠵᠢᠭᠤᠯᠬᠤ᠂ ᠪᠦᠬᠦ | ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠪᠠ ᠮᠣᠳᠣ ᠲᠠᠷᠢᠵᠤ ᠡᠪᠡᠰᠦ ᠲᠠᠷᠢᠬᠤ ᠵᠡᠷᠭᠡ ᠠᠮᠢᠳᠤ ᠪᠣᠳᠠᠰ ᠤᠨ | ᠠᠷᠭ᠎ᠠ ᠬᠡᠮᠵᠢᠶ᠎ᠡ ᠪᠠᠷ ᠬᠥᠷᠥᠰᠥ ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠬᠤ ᠠᠵᠢᠯ ᠢ ᠵᠢᠯᠣᠭᠤᠳᠤᠨ᠎ᠠ᠃ | ᠴᠦᠯᠯᠡᠷᠬᠡᠭᠵᠢᠯ ᠢ ᠰᠡᠷᠭᠡᠶᠢᠯᠡᠨ ᠵᠠᠰᠠᠬᠤ ᠠᠮᠢ ᠠᠬᠤᠶ ᠶᠢᠨ ᠭᠤᠤᠯᠳᠠᠯᠭ᠎ᠠ ᠲᠠᠢ ᠢᠨᠵᠧᠨᠧᠷᠢᠩ ᠢ ᠵᠣᠬᠢᠶᠠᠨ ᠪᠠᠶᠢᠭᠤᠯᠣᠨ | ᠬᠡᠷᠡᠭᠵᠢᠭᠦᠯᠦᠨ᠎ᠡ᠃ ᠭᠠᠳᠠᠭᠠᠳᠤ ᠳᠤ ᠬᠤᠯᠪᠣᠭᠳᠠᠬᠤ᠂ ᠭᠠᠳᠠᠭᠠᠳᠤ ᠳᠤ ᠲᠤᠰᠠᠯᠠᠬᠤ ᠲᠥᠷᠥᠯ ᠵᠦᠢᠯ ᠤᠨ | ᠬᠡᠷᠡᠭᠵᠢᠭᠦᠯᠦᠯᠲᠡ ᠶᠢ ᠮᠡᠳᠡᠭᠦᠯᠬᠦ ᠶᠢ ᠵᠣᠬᠢᠶᠠᠨ ᠪᠠᠶᠢᠭᠤᠯᠬᠤ ᠶᠢᠨ ᠬᠠᠮᠲᠤ ᠵᠢᠯᠣᠭᠤᠳᠴᠤ᠂ ᠣᠢ ᠰᠢᠭᠤᠶ ᠪᠠ ᠨᠤᠲᠤᠭ | ᠪᠡᠯᠴᠢᠭᠡᠷ ᠤᠨ ᠳᠠᠯ᠎ᠠ ᠪᠠᠷ ᠭᠠᠳᠠᠭᠠᠳᠤ ᠲᠠᠢ ᠬᠠᠮᠲᠤᠷᠠᠯᠴᠠᠬᠤ ᠪᠠ ᠰᠣᠯᠢᠯᠴᠠᠬᠤ ᠶᠢ ᠥᠷᠨᠢᠭᠦᠯᠦᠨ᠎ᠡ᠃ ᠡᠯᠡᠰᠦᠨ | ᠰᠢᠭᠤᠷᠭ᠎ᠠ ᠶᠢᠨ ᠭᠠᠮᠰᠢᠭ ᠢ ᠳᠦᠰᠦᠭᠡᠯᠡᠵᠦ ᠮᠡᠳᠡᠭᠡᠯᠡᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠢ | ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠴᠦᠯᠯᠡᠷᠬᠡᠭᠵᠢᠯ ᠢ ᠰᠡᠷᠭᠡᠶᠢᠯᠡᠨ ᠵᠠᠰᠠᠬᠤ ᠨᠡᠶᠢᠲᠡ ᠶᠢᠨ ᠭᠡᠷ᠎ᠡ ᠶᠢ | ᠪᠡᠶᠡᠯᠡᠬᠦᠯᠬᠦ ᠠᠵᠢᠯ ᠢ ᠡᠭᠦᠷᠭᠡᠯᠡᠨ᠎ᠡ᠃ ᠣᠢ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠵᠠᠰᠠᠬᠤ᠂ | ᠬᠢᠵᠢᠭ ᠢ ᠪᠠᠶᠢᠴᠠᠭᠠᠬᠤ ᠪᠠ ᠳᠦᠰᠦᠭᠡᠯᠡᠵᠦ ᠮᠡᠳᠡᠭᠡᠯᠡᠬᠦ ᠠᠵᠢᠯ ᠢ ᠵᠢᠯᠣᠭᠤᠳᠤᠨ᠎ᠠ᠃ ᠡᠷᠲᠡᠨ ᠤ ᠮᠣᠳᠣ ᠨᠡᠷᠡᠲᠦ | ᠮᠣᠳᠣ ᠶᠢ ᠬᠠᠮᠠᠭᠠᠯᠠᠬᠤ᠂ ᠣᠢ ᠰᠢᠭᠤᠶ ᠪᠠ ᠨᠤᠲᠤᠭ ᠪᠡᠯᠴᠢᠭᠡᠷ ᠤᠨ ᠠᠭᠤᠷ ᠠᠮᠢᠰᠬᠤᠯ ᠤᠨ ᠬᠤᠪᠢᠷᠠᠯᠲᠠ ᠶᠢ | ᠠᠷᠭᠠᠴᠠᠭᠠᠬᠤ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ | ︵ᠭᠤᠷᠪᠠ︶ ᠣᠢ ᠰᠢᠭᠤᠶ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠰᠠᠯᠠᠭ᠎ᠠ᠃ ᠤᠢ ᠰᠢᠭᠤᠶ ᠶᠢᠨ | ᠡᠬᠢ ᠪᠠᠶᠠᠯᠢᠭ ᠢ ᠬᠠᠮᠠᠭᠠᠯᠠᠵᠤ ᠬᠥᠭᠵᠢᠭᠦᠯᠬᠦ ᠳᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠳᠣᠭᠤᠷᠪᠢᠵᠦ᠂ ᠤᠢ | ᠮᠣᠳᠣ ᠶᠢ ᠣᠭᠲᠣᠯᠬᠤ ᠬᠢᠵᠠᠭᠠᠷ ᠲᠤᠭ᠎ᠠ ᠶᠢ ᠨᠠᠶᠢᠷᠠᠭᠤᠯᠬᠤ ᠶᠢ ᠵᠣᠬᠢᠶᠠᠨ ᠪᠠᠶᠢᠭᠤᠯᠬᠤ ᠶᠢᠨ ᠬᠠᠮᠲᠤ ᠬᠡᠷᠡᠭᠵᠢᠬᠦᠯᠬᠦ | ᠳᠤ ᠬᠢᠨᠠᠯᠲᠠ ᠳᠠᠯᠪᠢᠨ᠎ᠠ᠃ ᠣᠢ ᠰᠢᠭᠤᠶ ᠶᠢᠨ ᠡᠬᠢ ᠪᠠᠶᠠᠯᠢᠭ ᠢ ᠭᠦᠳᠡᠯᠦᠩᠬᠦᠢ ᠪᠠᠷ ᠬᠢᠨᠠᠨ ᠬᠡᠮᠵᠢᠬᠦ ᠪᠠ ᠦᠨᠡᠯᠡᠬᠦ | ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠦᠷᠨᠢᠬᠦᠯᠦᠨ᠎ᠡ᠃ ᠤᠢ ᠰᠢᠭᠤᠶ ᠶᠢᠨ ᠡᠬᠢ ᠪᠠᠶᠠᠯᠢᠭ ᠢ ᠬᠢᠨᠠᠨ | ᠬᠠᠮᠢᠶᠠᠷᠤᠨ᠎ᠠ᠃ ᠣᠶᠢᠲᠤ ᠣᠷᠣᠨ ᠤ ᠬᠠᠮᠢᠶ᠎ᠠ ᠪᠦᠬᠦᠢ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠣᠶᠢᠲᠤ | ᠣᠷᠣᠨ ᠢ ᠬᠠᠮᠠᠭᠠᠯᠠᠨ ᠠᠰᠢᠭᠯᠠᠬᠤ ᠲᠥᠯᠥᠪᠵᠢᠭᠦᠯᠭᠡ ᠶᠢ ᠲᠣᠭᠲᠠᠭᠠᠯ ᠶᠣᠰᠣᠭᠠᠷ ᠨᠠᠶᠢᠷᠠᠭᠤᠯᠬᠤ ᠶᠢ ᠵᠣᠬᠢᠶᠠᠨ | ᠪᠠᠶᠢᠭᠤᠯᠬᠤ ᠶᠢᠨ ᠬᠠᠮᠲᠤ ᠬᠡᠷᠡᠭᠵᠢᠬᠦᠯᠬᠦ ᠳᠤ ᠬᠢᠨᠠᠯᠲᠠ ᠳᠠᠯᠪᠢᠨ᠎ᠠ᠃ ᠣᠢ ᠰᠢᠭᠤᠶ ᠶᠢᠨ ᠡᠵᠡᠩᠨᠡᠯᠲᠡ ᠶᠢᠨ | ᠳᠦᠯᠦᠪᠵᠢᠬᠦᠯᠬᠡ ᠪᠣᠯᠤᠨ ᠣᠢ ᠰᠢᠭᠤᠶ ᠶᠢᠨ ᠡᠵᠡᠩᠨᠡᠯᠲᠡ ᠶᠢᠨ ᠲᠥᠰᠦᠯ ᠢ ᠨᠠᠶᠢᠷᠠᠭᠤᠯᠬᠤ ᠶᠢ ᠵᠢᠭᠠᠨ | ᠵᠢᠯᠣᠭᠤᠳᠬᠤ ᠶᠢᠨ ᠬᠠᠮᠲᠤ ᠬᠡᠷᠡᠭᠵᠢᠬᠦᠯᠬᠦ ᠳᠤ ᠬᠢᠨᠠᠯᠲᠠ ᠳᠠᠯᠪᠢᠨ᠎ᠠ᠃ ᠨᠡᠶᠢᠲᠡ ᠳᠤ ᠠᠰᠢᠭ ᠬᠦᠷᠳᠡᠭᠡᠬᠦ ᠣᠶ ᠪᠠ | ᠪᠠᠶᠢᠭᠠᠯᠢ ᠶᠢᠨ ᠣᠢ ᠶᠢᠨ ᠬᠠᠮᠠᠭᠠᠯᠠᠯᠲᠠ ᠶᠢᠨ ᠢᠨᠵᠧᠨᠧᠷᠢᠩ ᠤᠨ ᠬᠠᠮᠢᠶ᠎ᠠ ᠪᠥᠬᠦᠶ ᠬᠠᠮᠢᠶᠠᠷᠤᠯᠲᠠ ᠶᠢᠨ ᠠᠵᠢᠯ ᠢ | ᠡᠭᠦᠷᠭᠡᠯᠡᠨ᠎ᠡ᠃ ᠣᠢ ᠮᠣᠳᠣᠨ ᠤ ᠳᠣᠬᠠᠢ ᠭᠡᠷᠡᠴᠢ ᠲᠡᠮᠳᠡᠭ ᠢᠶᠠᠷ ᠪᠠᠷᠢᠮᠳᠠ ᠪᠣᠯᠭᠠᠵᠦ ᠣᠭᠲᠣᠯᠬᠤ᠂ | ᠲᠡᠭᠡᠭᠡᠪᠦᠷᠢᠯᠡᠬᠦ ᠶᠢ ᠵᠢᠯᠣᠭᠤᠳᠤᠨ ᠬᠢᠨᠠᠯᠲᠠ ᠲᠠᠯᠪᠢᠨ᠎ᠠ᠃ ᠦᠨᠳᠦᠰᠦᠨ ᠱᠠᠲᠤᠨ ᠤ ᠣᠢ ᠰᠢᠭᠤᠶ ᠶᠢᠨ ᠥᠷᠲᠡᠭᠡ ᠶᠢᠨ | ᠪᠦᠲᠦᠭᠡᠨ ᠪᠠᠶᠢᠭᠤᠯᠤᠯᠲᠠ ᠪᠣᠯᠤᠨ ᠬᠠᠮᠢᠶᠠᠷᠤᠯᠲᠠ ᠶᠢ ᠵᠢᠯᠣᠭᠤᠳᠣᠨ᠎ᠠ᠃ ᠣᠢ ᠰᠢᠭᠤᠶ᠂ ᠨᠤᠲᠤᠭ ᠪᠡᠯᠴᠢᠭᠡᠷ ᠤᠨ | ᠳᠦᠢᠮᠡᠷ ᠢ ᠰᠡᠷᠭᠡᠶᠢᠯᠡᠬᠦ ᠠᠵᠢᠯ ᠢ ᠵᠢᠯᠣᠭᠤᠳᠤᠨ ᠦᠷᠨᠢᠬᠦᠯᠵᠦ᠂ ᠣᠢ ᠰᠢᠭᠤᠶ ᠪᠠ ᠨᠤᠲᠤᠭ ᠪᠡᠯᠴᠢᠭᠡᠷ ᠤᠨ ᠳᠦᠢᠮᠡᠷ | ᠤᠨ ᠠᠶᠤᠯ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠶᠢ ᠨᠠᠶᠢᠷᠠᠭᠤᠯᠬᠤ ᠶᠢ ᠵᠣᠬᠢᠶᠠᠨ ᠪᠠᠶᠢᠭᠤᠯᠬᠤ ᠪᠠ ᠰᠡᠷᠭᠡᠶᠢᠯᠡᠨ | ᠬᠠᠮᠠᠭᠠᠯᠠᠬᠤ ᠬᠠᠮᠢᠶ᠎ᠠ ᠪᠦᠬᠦᠢ ᠪᠠᠷᠢᠮᠵᠢᠶ᠎ᠠ ᠶᠢ ᠵᠢᠯᠣᠭᠤᠳᠤᠨ ᠬᠡᠷᠡᠭᠵᠢᠬᠦᠯᠬᠦ ᠶᠢ ᠵᠣᠬᠢᠶᠠᠨ ᠪᠠᠶᠢᠭᠤᠯᠵᠦ᠂ ᠳᠦᠢᠮᠡᠷ ᠢ | ᠰᠡᠷᠭᠡᠶᠢᠯᠡᠬᠦ ᠲᠣᠭᠤᠷᠢᠨ ᠪᠠᠶᠢᠴᠠᠭᠠᠯᠳᠠ᠂ ᠳᠦᠢᠮᠡᠷ ᠤᠨ ᠢᠷᠡᠯᠲᠡ ᠶᠢᠨ ᠬᠠᠮᠢᠶᠠᠷᠤᠯᠲᠠ᠂ ᠳᠦᠢᠮᠡᠷ ᠢ ᠰᠡᠷᠭᠡᠶᠢᠯᠡᠬᠦ | ᠳᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠵᠢᠯᠣᠭᠤᠳᠤᠨ ᠦᠷᠨᠢᠬᠦᠯᠦᠨ᠎ᠡ᠃ ᠣᠢ ᠰᠢᠭᠤᠶ ᠪᠠ | ᠨᠤᠲᠤᠭ ᠪᠡᠯᠴᠢᠭᠡᠷ ᠤᠨ ᠳᠦᠢᠮᠡᠷ ᠢ ᠰᠡᠷᠭᠡᠶᠢᠯᠡᠬᠦ ᠤᠬᠠᠭᠤᠯᠭ᠎ᠠ ᠬᠥᠮᠦᠵᠢᠯ᠂ ᠬᠢᠨᠠᠨ ᠬᠡᠮᠵᠢᠵᠦ ᠰᠡᠷᠡᠮᠵᠢᠯᠡᠬᠦᠯᠬᠦ᠂ | ᠰᠢᠮᠳᠠᠭᠤᠯᠤᠨ ᠪᠠᠶᠢᠴᠠᠭᠠᠬᠤ ᠵᠡᠷᠭᠡ ᠠᠵᠢᠯ ᠢ ᠵᠢᠯᠣᠭᠤᠳᠤᠨ ᠦᠷᠨᠢᠬᠦᠯᠦᠨ᠎ᠡ᠃ ᠣᠢ ᠮᠣᠳᠣᠨ ᠤ ᠦᠷ᠎ᠡ᠂ ᠡᠪᠡᠰᠦᠨ ᠤ | ᠦᠷ᠎ᠡ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠦᠷ᠎ᠡ ᠶᠢᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ᠂ | ᠴᠤᠭᠯᠠᠭᠤᠯᠬᠤ᠂ ᠦᠨᠡᠯᠡᠬᠦ᠂ ᠠᠰᠢᠭᠯᠠᠬᠤ ᠪᠠ ᠦᠷ᠎ᠡ ᠶᠢᠨ ᠡᠬᠢ ᠪᠠᠶᠠᠯᠢᠭ ᠤᠨ ᠬᠥᠮᠥᠷᠭᠡ ᠶᠢᠨ ᠪᠠᠶᠢᠭᠤᠯᠤᠯᠲᠠ ᠶᠢᠨ | ᠠᠵᠢᠯ ᠢ ᠵᠣᠬᠢᠶᠠᠨ ᠪᠠᠶᠢᠭᠤᠯᠤᠨ᠎ᠠ᠃ ᠰᠠᠶᠢᠨ ᠡᠭᠦᠯᠳᠡᠷ ᠢ ᠰᠣᠩᠭᠤᠨ ᠪᠤᠶᠢᠵᠢᠭᠤᠯᠬᠤ᠂ ᠬᠢᠨᠠᠨ ᠬᠠᠷᠭᠤᠭᠤᠯᠵᠤ | ᠮᠡᠳᠡᠭᠦᠯᠦᠨ ᠵᠥᠪᠰᠢᠶᠡᠷᠡᠭᠦᠯᠬᠦ᠂ ᠳᠠᠭᠤᠷᠢᠶᠠᠯ ᠦᠵᠡᠭᠦᠯᠬᠦ᠂ ᠳᠡᠯᠭᠡᠷᠡᠭᠦᠯᠬᠦ ᠠᠵᠢᠯ ᠢ ᠵᠣᠬᠢᠶᠠᠨ ᠪᠠᠶᠢᠭᠤᠯᠵᠤ᠂ ᠣᠢ | ᠮᠣᠳᠣᠨ ᠤ ᠦᠷ᠎ᠡ᠂ ᠡᠪᠡᠰᠦᠨ ᠤ ᠦᠷ᠎ᠡ ᠶᠢ ᠬᠢᠨᠠᠨ ᠰᠢᠯᠭᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠰᠠᠶᠢᠨ | ᠡᠭᠦᠯᠳᠡᠷ ᠤᠨ ᠰᠠᠭᠤᠷᠢᠨ ᠭᠠᠵᠠᠷ᠂ ᠪᠠᠲᠤᠯᠠᠭ᠎ᠠ ᠶᠢᠨ ᠴᠢᠨᠠᠷᠲᠠᠶ ᠵᠤᠯᠵᠠᠭ᠎ᠠ ᠮᠣᠳᠣᠨ ᠤ ᠬᠦᠷᠢᠶᠡᠯᠡᠩ ᠤᠨ ᠪᠦᠳᠦᠭᠡᠨ | ᠪᠠᠶᠢᠭᠤᠯᠤᠯᠲᠠ ᠶᠢ ᠵᠢᠯᠣᠭᠤᠳᠤᠨ᠎ᠠ᠃ ᠣᠢ ᠮᠣᠳᠣᠨ ᠤ ᠦᠷ᠎ᠡ ᠪᠠ ᠵᠤᠯᠵᠠᠭ᠎ᠠ ᠮᠣᠳᠣ᠂ ᠡᠪᠡᠰᠦᠨ ᠤ ᠦᠷ᠎ᠡ ᠶᠢᠨ | ᠶᠠᠰᠤ ᠴᠢᠨᠠᠷ ᠪᠣᠯᠤᠨ ᠦᠢᠯᠡᠳᠪᠦᠷᠢᠯᠡᠯ ᠡᠵᠡᠩᠨᠡᠯᠳᠡ ᠶᠢᠨ ᠠᠵᠢᠯᠯᠠᠭ᠎ᠠ ᠶᠢ ᠬᠢᠨᠠᠠ ᠬᠠᠮᠢᠶᠠᠷᠤᠨ᠎ᠠ᠃ | ︵ᠳᠥᠷᠪᠡ︶ ᠨᠤᠲᠤᠭ ᠪᠡᠯᠴᠢᠭᠡᠷ ᠤᠨ ᠬᠢᠨᠠᠠ ᠬᠠᠮᠢᠶᠠᠷᠤᠯᠲᠠ ᠶᠢᠨ ᠰᠠᠯᠠᠭ᠎ᠠ᠃ ᠨᠤᠲᠤᠭ ᠪᠡᠯᠴᠢᠭᠡᠷ ᠤᠨ ᠠᠮᠢ | ᠠᠬᠤᠶ ᠶᠢ ᠬᠠᠮᠠᠭᠠᠯᠠᠨ ᠰᠡᠷᠭᠦᠭᠡᠬᠦ ᠪᠠ ᠵᠦᠶ ᠵᠣᠬᠢᠰᠲᠠᠶ ᠠᠰᠢᠭᠯᠠᠬᠤ ᠲᠥᠷᠥ ᠶᠢᠨ ᠪᠣᠳᠣᠯᠭ᠎ᠠ ᠶᠢᠨ | ᠲᠥᠯᠥᠪᠵᠢᠭᠦᠯᠭᠡ ᠶᠢ ᠳᠣᠭᠤᠷᠪᠢᠬᠤ ᠶᠢᠨ ᠬᠠᠮᠲᠤ ᠬᠡᠷᠡᠭᠵᠢᠬᠦᠯᠬᠦ ᠶᠢ ᠵᠣᠬᠢᠶᠠᠨ ᠪᠠᠶᠢᠭᠤᠯᠣᠨ᠎ᠠ᠃ ᠨᠤᠲᠤᠭ | ᠪᠡᠯᠴᠢᠭᠡᠷ ᠤᠨ ᠤᠷᠲᠤᠪᠲᠤᠷ ᠪᠠ ᠤᠷᠲᠤ ᠬᠤᠭᠤᠴᠠᠭᠠᠨ ᠤ ᠲᠥᠷᠥᠯ ᠵᠦᠢᠯ ᠢ ᠨᠠᠶᠢᠷᠠᠭᠤᠯᠤᠨ ᠭᠡᠷᠡᠭᠵᠢᠬᠦᠯᠦᠨ᠎ᠡ᠃ | ᠡᠯᠡᠰᠦᠷᠭᠡᠭᠵᠢᠯ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠶᠢ ᠨᠠᠶᠢᠷᠠᠭᠤᠯᠬᠤ ᠳᠤ ᠣᠷᠣᠯᠴᠠᠨ᠎ᠠ᠃ ᠨᠤᠲᠤᠭ | ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠢ ᠵᠢᠯᠣᠭᠤᠳᠴᠤ᠂ ᠨᠤᠲᠤᠭ ᠪᠡᠯᠴᠢᠭᠡᠷ ᠤᠨ ᠠᠮᠢ | ᠠᠬᠤᠢ ᠶᠢᠨ ᠨᠥᠬᠦᠪᠥᠷᠢ ᠶᠢ ᠬᠡᠷᠡᠭᠵᠢᠬᠦᠯᠭᠦ ᠠᠵᠢᠯ ᠢ ᠵᠣᠬᠢᠶᠠᠨ ᠪᠠᠶᠢᠭᠤᠯᠣᠨ᠎ᠠ᠃ ᠪᠡᠯᠴᠢᠭᠡᠷᠯᠡᠭᠦᠯᠬᠦ ᠶᠢ ᠬᠤᠷᠢᠭᠯᠠᠬᠤ | ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠠᠵᠢᠯ ᠢ ᠬᠠᠷᠢᠭᠤᠴᠠᠵᠦ᠂ ᠨᠤᠲᠤᠭ ᠪᠡᠯᠴᠢᠭᠡᠷ ᠲᠤ | ᠥᠨᠵᠢᠭᠦᠯᠦᠨ ᠮᠠᠯᠵᠢᠬᠤ᠂ ᠰᠡᠯᠭᠦᠨ ᠮᠠᠯᠵᠢᠬᠤ ᠠᠵᠢᠯ ᠢ ᠵᠢᠯᠣᠭᠤᠳᠴᠤ᠂ ᠦᠨᠳᠦᠰᠦᠨ ᠨᠤᠲᠤᠭ ᠪᠡᠯᠴᠢᠭᠡᠷ ᠢ | ᠬᠤᠪᠢᠶᠠᠷᠢᠯᠠᠨ ᠲᠣᠭᠲᠠᠭᠠᠬᠤ ᠪᠠ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠨᠤᠲᠤᠭ | ᠪᠡᠯᠴᠢᠭᠡᠷ ᠤᠨ ᠠᠮᠢ ᠠᠬᠤᠶ ᠶᠢ ᠵᠠᠰᠠᠵᠤ ᠰᠡᠷᠭᠦᠭᠡᠬᠦ ᠠᠵᠢᠯ ᠢ ᠵᠢᠯᠣᠭᠤᠳᠬᠤ ᠶᠢ ᠬᠠᠷᠢᠭᠤᠴᠠᠵᠦ᠂ ᠨᠤᠲᠤᠭ | ᠪᠡᠯᠴᠢᠭᠡᠷ ᠤᠨ ᠠᠮᠢ ᠠᠬᠤᠶ ᠶᠢ ᠬᠠᠮᠠᠭᠠᠯᠠᠵᠤ ᠰᠡᠷᠭᠦᠭᠡᠬᠦ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠬᠦᠯᠬᠦ ᠶᠢ | ᠵᠣᠬᠢᠶᠠᠨ ᠪᠠᠶᠢᠭᠤᠯᠣᠨ᠎ᠠ᠃ ᠨᠤᠲᠤᠭ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠢ ᠰᠡᠷᠭᠡᠶᠢᠯᠡᠨ | ᠵᠠᠰᠠᠬᠤ ᠪᠠ ᠲᠥᠰᠦᠭᠡᠯᠡᠵᠦ ᠰᠡᠷᠡᠮᠵᠢᠯᠡᠭᠦᠯᠬᠦ ᠶᠢ ᠵᠢᠯᠣᠭᠤᠳᠤᠨ᠎ᠠ᠃ ᠨᠤᠲᠤᠭ ᠪᠡᠯᠴᠢᠭᠡᠷ ᠤᠨ ᠡᠬᠢ ᠪᠠᠶᠠᠯᠢᠭ ᠢ | ᠬᠦᠳᠡᠯᠦᠩᠬᠦᠢ ᠪᠠᠷ ᠬᠢᠨᠠᠨ ᠬᠡᠮᠵᠢᠬᠦ ᠪᠠ ᠬᠠᠮᠢᠶ᠎ᠠ ᠪᠦᠬᠦᠢ ᠠᠵᠢᠯ ᠢ ᠦᠨᠡᠯᠡᠬᠦ ᠶᠢ ᠵᠣᠬᠢᠶᠠᠨ ᠪᠠᠶᠢᠭᠤᠯᠵᠦ | ᠦᠷᠨᠢᠬᠦᠯᠦᠨ᠎ᠡ᠃ ᠦᠨᠳᠦᠰᠦᠨ ᠱᠠᠲᠤᠨ ᠤ ᠨᠤᠲᠤᠭ ᠪᠡᠯᠴᠢᠭᠡᠷ ᠤᠨ ᠥᠷᠲᠡᠭᠡ ︵ᠭᠠᠵᠠᠷ︶ ᠶᠢᠨ ᠪᠦᠲᠦᠭᠡᠨ | ᠪᠠᠶᠢᠭᠤᠯᠤᠯᠲᠠ ᠪᠣᠯᠤᠨ ᠬᠠᠮᠢᠶᠠᠷᠣᠯᠳᠠ ᠶᠢ ᠵᠢᠯᠣᠭᠤᠳᠤᠨ᠎ᠠ᠃ ᠨᠤᠲᠤᠭ ᠪᠡᠯᠴᠢᠭᠡᠷ ᠤᠨ ᠠᠮᠢ ᠠᠬᠤᠢ ᠶᠢᠨ | ᠬᠠᠮᠠᠭᠠᠯᠠᠯᠲᠠ ᠳᠤ ᠬᠢᠨᠠᠯᠲᠠ ᠲᠠᠯᠪᠢᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠳᠣᠭᠤᠷᠪᠢᠬᠤ ᠶᠢᠨ ᠬᠠᠮᠲᠤ ᠬᠡᠷᠡᠭᠵᠢᠬᠦᠯᠬᠦ ᠶᠢ ᠵᠣᠬᠢᠶᠠᠨ ᠪᠠᠶᠢᠭᠤᠯᠣᠨ᠎ᠠ᠃ ᠨᠤᠲᠤᠭ ᠪᠡᠯᠴᠢᠭᠡᠷ ᠤᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠵᠦ᠂ ᠨᠤᠲᠤᠭ ᠪᠡᠯᠴᠢᠭᠡᠷ ᠢ | ᠡᠪᠳᠡᠭᠰᠡᠨ ᠬᠦᠨᠳᠦ ᠶᠡᠭᠡ ᠬᠡᠷᠡᠭ ᠢ ᠵᠣᠬᠢᠴᠠᠭᠤᠯᠤᠨ ᠰᠢᠢᠳᠪᠦᠷᠢᠯᠡᠨ᠎ᠡ᠃ ᠵᠦᠯᠭᠡᠳᠦ ᠭᠠᠵᠠᠷ ᠤᠨ ᠬᠠᠮᠢᠶᠠᠷᠤᠯᠲᠠ ᠶᠢᠨ | ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠨᠤᠲᠤᠭ ᠪᠡᠯᠴᠢᠭᠡᠷ ᠢ ᠨᠡᠭᠡᠭᠡᠨ ᠠᠰᠢᠭᠯᠠᠬᠤ ᠶᠢ ᠬᠢᠨᠠᠠ ᠬᠠᠮᠢᠶᠠᠷᠤᠨ᠂ | ᠨᠤᠲᠤᠭ ᠪᠡᠯᠴᠢᠭᠡᠷ ᠤᠨ ᠴᠢᠳᠠᠮᠵᠢᠳᠣ ᠣᠷᠣᠨ ᠢ ᠬᠤᠪᠢᠶᠠᠷᠢᠯᠠᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠤᠨ | ᠦᠷᠨᠢᠬᠦᠯᠦᠨ᠎ᠡ᠃ ᠨᠤᠲᠤᠭ ᠪᠡᠯᠴᠢᠭᠡᠷ ᠤᠨ ᠵᠢᠭᠤᠯᠴᠢᠯᠠᠯ ᠤᠨ ᠬᠠᠮᠢᠶ᠎ᠠ ᠪᠦᠬᠦᠢ ᠠᠵᠢᠯ ᠢ ᠬᠢᠨᠠᠨ ᠬᠠᠮᠢᠶᠠᠷᠤᠨ᠎ᠠ᠃ | ︵ᠲᠠᠪᠤ︶ ᠬᠡᠭᠡᠷ᠎ᠡ ᠶᠢᠨ ᠠᠮᠢᠲᠠᠨ ᠤᠷᠭᠤᠮᠠᠯ ᠪᠠ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ | ᠬᠠᠮᠢᠶᠠᠷᠤᠯᠲᠠ ᠶᠢᠨ ᠰᠠᠯᠠᠭ᠎ᠠ᠃ ᠬᠠᠭᠤᠷᠠᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠠᠵᠢᠯ ᠢ ᠬᠢᠨᠠᠨ | ᠬᠠᠮᠢᠶᠠᠷᠤᠨ᠎ᠠ᠃ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠬᠠᠮᠠᠭᠠᠯᠠᠬᠤ ᠬᠠᠭᠤᠷᠠᠶ ᠶᠢᠨ | ᠬᠡᠭᠡᠷ᠎ᠡ ᠶᠢᠨ ᠠᠮᠢᠲᠠᠨ᠂ ᠤᠷᠭᠤᠮᠠᠯ ᠤᠨ ᠨᠡᠷᠡᠰ ᠤᠨ ᠵᠢᠭᠰᠠᠭᠠᠯᠲᠠ ᠳᠤ ᠲᠣᠬᠢᠷᠠᠭᠤᠯᠤᠯᠲᠠ ᠬᠢᠬᠦ ᠰᠠᠨᠠᠯ ᠢ ᠰᠤᠳᠤᠯᠤᠨ | ᠳᠤᠷᠠᠳᠴᠤ᠂ ᠠᠶᠢᠮᠠᠭ ᠤᠨ ᠭᠤᠤᠯᠳᠠᠯᠭ᠎ᠠ ᠲᠠᠢ ᠬᠠᠮᠠᠭᠠᠯᠠᠬᠤ ᠬᠠᠭᠤᠷᠠᠶ ᠶᠢᠨ ᠬᠡᠭᠡᠷ᠎ᠡ ᠶᠢᠨ ᠬᠠᠮᠠᠭᠠᠯᠠᠯᠲᠠ ᠶᠢᠨ | ᠠᠮᠢᠲᠠᠨ ᠤᠷᠭᠤᠮᠠᠯ ᠤᠨ ᠨᠡᠷᠡᠰ ᠤᠨ ᠵᠢᠭᠰᠠᠭᠠᠯᠲᠠ ᠶᠢ ᠳᠣᠭᠤᠷᠪᠢᠬᠤ ᠪᠠ ᠳᠣᠭᠢᠷᠠᠭᠤᠯᠤᠨ᠎ᠠ᠃ ᠬᠠᠭᠤᠷᠠᠶ ᠶᠢᠨ | ᠬᠡᠭᠡᠷ᠎ᠡ ᠶᠢᠨ ᠠᠮᠢᠲᠠᠨ ᠤ ᠬᠢᠵᠢᠭ ᠤᠨ ᠢᠷᠡᠯᠲᠡ ᠬᠢᠵᠢᠭ ᠡᠪᠡᠳᠴᠢᠨ ᠢ ᠬᠢᠨᠠᠨ ᠬᠡᠮᠵᠢᠬᠦ ᠠᠵᠢᠯ ᠢ ᠬᠢᠨᠠᠨ ᠬᠠᠮᠢᠶᠠᠷᠤᠨ᠎ᠠ᠃ | ᠬᠠᠭᠤᠷᠠᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ | ᠠᠵᠢᠯ ᠢ ᠠᠵᠢᠯ ᠤᠨ ᠬᠤᠪᠢᠶᠠᠷᠢᠯᠠᠯ ᠶᠣᠰᠣᠭᠠᠷ ᠬᠢᠨᠠᠨ ᠬᠠᠮᠢᠶᠠᠷᠤᠨ᠎ᠠ᠃ ᠤᠯᠤᠰ ᠤᠨ ᠴᠡᠴᠡᠷᠯᠢᠭ ᠵᠡᠷᠭᠡ ᠡᠯ᠎ᠡ | ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠬᠢᠨᠠᠨ ᠬᠠᠮᠢᠶᠠᠷᠴᠣ᠂ ᠡᠯ᠎ᠡ ᠲᠥᠷᠥᠯ ᠤᠨ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠢ ᠬᠠᠮᠠᠭᠠᠯᠠᠵᠤ ᠬᠥᠭᠵᠢᠭᠦᠯᠬᠦ ᠲᠥᠯᠥᠪᠵᠢᠭᠦᠯᠭᠡ ᠶᠢ ᠲᠤᠭᠤᠷᠪᠢᠵᠤ᠂ ᠤᠯᠤᠰ ᠪᠠ | ᠥᠪᠡᠷᠲᠡᠭᠡᠨ ᠵᠠᠰᠠᠬᠤ ᠣᠷᠣᠨ ᠤ ᠲᠡᠰ ᠤᠨ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ | ᠰᠢᠨ᠎ᠡ ᠪᠠᠷ ᠪᠠᠶᠢᠭᠤᠯᠬᠤ᠂ ᠲᠣᠬᠢᠷᠠᠭᠤᠯᠬᠤ ᠳᠣᠬᠠᠢ ᠬᠢᠨᠠᠨ ᠬᠠᠷᠭᠤᠭᠤᠯᠣᠭᠰᠠᠨ ᠰᠠᠨᠠᠭᠤᠯᠭ᠎ᠠ ᠶᠢ ᠳᠣᠷᠠᠳᠣᠨ᠎ᠠ᠃ ᠡᠯ᠎ᠡ | ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠮᠢ ᠠᠬᠤᠶ ᠶᠢ ᠰᠡᠷᠭᠦᠭᠡᠬᠦ ᠠᠵᠢᠯ ᠢ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠬᠠᠮᠢᠶ᠎ᠠ ᠪᠥᠬᠦᠶ | ᠠᠵᠢᠯ ᠢ ᠬᠠᠷᠢᠭᠤᠴᠠᠨ᠎ᠠ᠃ ᠳᠡᠯᠡᠬᠡᠶ ᠶᠢᠨ ᠪᠠᠶᠢᠭᠠᠯᠢ ᠶᠢᠨ ᠥᠪ ᠤᠨ ᠲᠥᠷᠥᠯ ᠵᠦᠢᠯ ᠪᠣᠯᠤᠨ ᠳᠡᠯᠡᠬᠡᠶ ᠶᠢᠨ ᠪᠠᠶᠢᠭᠠᠯᠢ | ᠬᠢᠭᠡᠳ ᠰᠣᠶᠣᠯ ᠤᠨ ᠬᠤᠣᠰ ᠥᠪ ᠤᠨ ᠲᠥᠷᠥᠯ ᠵᠦᠢᠯ ᠤᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠵᠢᠭᠤᠯᠴᠢᠯᠠᠯ ᠢ ᠨᠡᠭᠡᠭᠡᠨ ᠬᠥᠭᠵᠢᠭᠦᠯᠬᠦ ᠶᠢ ᠬᠢᠨᠠᠨ ᠬᠠᠮᠢᠶᠠᠷᠣᠨ᠎ᠠ᠃ | ᠨᠤᠭᠤ ᠭᠠᠵᠠᠷ ᠤᠨ ᠡᠬᠢ ᠪᠠᠶᠠᠯᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠣᠭᠤᠷᠪᠢᠵᠦ᠂ | ᠨᠤᠭᠤ ᠭᠠᠵᠠᠷ ᠪᠠ ᠬᠠᠭᠤᠷᠠᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠪᠠᠶᠢᠴᠠᠭᠠᠬᠤ᠂ | ᠬᠥᠳᠡᠯᠦᠩᠭᠦᠶ ᠪᠠᠷ ᠬᠢᠨᠠᠨ ᠬᠡᠮᠵᠢᠬᠦ ᠪᠠ ᠦᠨᠡᠯᠡᠬᠦ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠦᠷᠨᠢᠬᠦᠯᠦᠨ᠎ᠡ᠃ | ᠨᠤᠭᠤ ᠭᠠᠵᠠᠷ ᠢ ᠬᠠᠮᠠᠭᠠᠯᠠᠬᠤ ᠠᠵᠢᠯ ᠢ ᠵᠢᠯᠣᠭᠤᠳᠴᠤ᠂ ᠨᠤᠭᠤ ᠭᠠᠵᠠᠷ ᠤᠨ ᠠᠮᠢ ᠠᠬᠤᠶ ᠶᠢ ᠰᠡᠷᠭᠦᠭᠡᠬᠦ᠂ ᠠᠮᠢ | ᠠᠬᠤᠢ ᠶᠢᠨ ᠨᠥᠬᠦᠪᠥᠷᠢ ᠥᠭᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠴᠢᠬᠤᠯᠠ ᠨᠤᠭᠤ ᠭᠠᠵᠠᠷ ᠪᠠ | ᠨᠤᠭᠤ ᠭᠠᠵᠠᠷ ᠤᠨ ᠴᠡᠴᠡᠷᠯᠢᠭ ᠢ ᠬᠢᠨᠠᠨ ᠬᠠᠮᠢᠶᠠᠷᠴᠤ᠂ ᠨᠤᠭᠤ ᠭᠠᠵᠠᠷ ᠢ ᠨᠡᠭᠡᠭᠡᠨ ᠭᠦᠭᠵᠢᠬᠦᠯᠵᠦ ᠠᠰᠢᠭᠯᠠᠬᠤ ᠶᠢ | ᠬᠢᠨᠠᠨ ᠬᠠᠮᠢᠶᠠᠷᠴᠤ᠂ ᠣᠯᠠᠨ ᠤᠯᠤᠰ ᠤᠨ ᠨᠤᠭᠤ ᠭᠠᠵᠠᠷ ᠤᠨ ᠨᠡᠶᠢᠲᠡ ᠶᠢᠨ ᠭᠡᠷ᠎ᠡ ᠶᠢ ᠪᠡᠶᠡᠯᠡᠬᠦᠯᠬᠦ ᠬᠠᠮᠢᠶ᠎ᠠ ᠪᠦᠬᠦᠢ | ᠠᠵᠢᠯ ᠢ ᠡᠭᠦᠷᠭᠡᠯᠡᠨ᠎ᠡ᠃ | ︵ᠵᠢᠷᠭᠤᠭ᠎ᠠ︶ ᠲᠥᠯᠥᠪᠵᠢᠭᠦᠯᠭᠡ ᠡᠳ᠋ ᠤᠨ ᠶᠠᠪᠤᠳᠠᠯ ᠤᠨ ᠰᠠᠯᠠᠭ᠎ᠠ᠃ ᠣᠢ ᠰᠢᠭᠤᠶ ᠪᠠ ᠨᠤᠲᠤᠭ | ᠪᠡᠯᠴᠢᠭᠡᠷ᠂ ᠡᠯᠡᠰᠦᠨ ᠤ ᠠᠵᠤ ᠦᠢᠯᠡᠰ᠂ ᠨᠤᠭᠤ ᠭᠠᠵᠠᠷ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠵᠡᠷᠭᠡ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ ᠶᠢ ᠳᠣᠭᠤᠷᠪᠢᠬᠤ ᠶᠢᠨ ᠬᠠᠮᠲᠤ ᠬᠡᠷᠡᠭᠵᠢᠬᠦᠯᠬᠦ | ᠳᠤ ᠬᠢᠨᠠᠯᠲᠠ ᠳᠠᠯᠪᠢᠨ᠎ᠠ᠃ ᠣᠢ ᠰᠢᠭᠤᠶ ᠪᠠ ᠨᠤᠲᠤᠭ ᠪᠡᠯᠴᠢᠭᠡᠷ ᠤᠨ ᠪᠡᠯᠡ ᠮᠥᠩᠭᠦ ᠵᠢᠴᠢ ᠠᠮᠢ ᠠᠬᠤᠢ ᠶᠢᠨ | ᠭᠤᠤᠯᠳᠠᠯᠭ᠎ᠠ ᠲᠠᠢ ᠢᠨᠵᠧᠨᠧᠷᠢᠩ ᠪᠣᠯᠤᠨ ᠲᠥᠷᠥᠯ ᠵᠦᠢᠯ ᠤᠨ ᠬᠡᠷᠡᠭᠵᠢᠭᠦᠯᠦᠯᠲᠡ ᠶᠢ ᠬᠢᠨᠠᠨ ᠬᠠᠮᠢᠶᠠᠷᠤᠨ᠎ᠠ᠃ | ᠵᠢᠯ ᠤᠨ ᠦᠢᠯᠡᠳᠪᠦᠷᠢᠯᠡᠯ ᠤᠨ ᠳᠦᠯᠦᠪᠯᠡᠭᠡ ᠶᠢ ᠨᠠᠶᠢᠷᠠᠭᠤᠯᠤᠨ ᠪᠠᠭᠤᠯᠭᠠᠨ᠎ᠠ᠃ ᠲᠥᠷᠥᠯ ᠵᠦᠢᠯ ᠤᠨ ᠡᠮᠦᠨᠡᠬᠢ | ᠬᠤᠭᠤᠴᠠᠭᠠᠨ ᠤ ᠪᠡᠯᠡᠳᠬᠡᠯ ᠵᠢᠴᠢ ᠮᠡᠳᠡᠭᠦᠯᠬᠦ ᠶᠢ ᠬᠠᠷᠢᠭᠤᠴᠠᠨ᠎ᠠ᠃ ᠠᠮᠢ ᠠᠬᠤᠶ ᠪᠠᠷ ᠶᠠᠳᠠᠭᠤ ᠶᠢ ᠲᠡᠳᠬᠦᠬᠦ | ᠪᠠ ᠠᠮᠢ ᠠᠬᠤᠶ ᠶᠢᠨ ᠨᠦᠬᠦᠪᠦᠷᠢ ᠦᠭᠭᠦ ᠬᠠᠮᠢᠶ᠎ᠠ ᠪᠦᠬᠦᠢ ᠳᠦᠷᠢᠮ ᠤᠨ ᠬᠡᠷᠡᠭᠵᠢᠬᠦᠯᠦᠯᠳᠡ ᠶᠢ ᠵᠣᠬᠢᠶᠠᠨ | ᠪᠠᠶᠢᠭᠤᠯᠬᠤ ᠳᠤ ᠣᠷᠣᠯᠴᠠᠨ᠎ᠠ᠃ ᠰᠠᠯᠠᠭ᠎ᠠ ᠮᠥᠴᠢᠷ ᠤᠨ ᠲᠥᠰᠦᠪ᠂ ᠲᠤᠭ᠎ᠠ ᠪᠦᠷᠢᠳᠬᠡᠯ ᠤᠨ ᠮᠡᠳᠡᠭᠡ ᠵᠠᠩᠭᠢ᠂ | ᠬᠢᠨᠠᠨ ᠪᠣᠳᠣᠬᠤ ᠪᠠᠶᠢᠴᠠᠭᠠᠯᠲᠠ᠂ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ᠂ ᠪᠠᠶᠢᠭᠤᠯᠤᠯᠭ᠎ᠠ ᠶᠢᠨ ᠡᠳ᠋ | ᠤᠨ ᠶᠠᠪᠤᠳᠠᠯ ᠤᠨ ᠬᠠᠷᠭᠤᠭᠤᠯᠣᠨ ᠪᠣᠳᠣᠬᠤ ᠬᠠᠮᠢᠶᠠᠷᠤᠯᠲᠠ ᠪᠣᠯᠤᠨ ᠬᠠᠷᠢᠶ᠎ᠠ ᠨᠢᠭᠡᠴᠡ ᠶᠢᠨ ᠡᠳ᠋ ᠤᠨ ᠶᠠᠪᠤᠳᠠᠯ | ᠤᠨ ᠳᠦᠯᠦᠪᠯᠡᠭᠡ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠠ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ | ︵ᠳᠣᠯᠤᠭ᠎ᠠ︶ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠ ᠥᠭᠡᠷᠡᠴᠢᠯᠡᠯᠲᠡ ᠬᠥᠭᠵᠢᠯᠲᠡ ᠶᠢᠨ | ᠠᠵᠢᠯ ᠤᠨ ᠰᠠᠯᠠᠭ᠎ᠠ᠃ ᠣᠢ ᠰᠢᠭᠤᠶ ᠨᠤᠲᠤᠭ ᠪᠡᠯᠴᠢᠭᠡᠷ ᠤᠨ ᠵᠠᠰᠠᠭ ᠵᠠᠬᠢᠷᠭ᠎ᠠ᠂ ᠣᠢ ᠰᠢᠭᠤᠶ ᠶᠢᠨ ᠬᠠᠮᠠᠭᠠᠯᠠᠯᠲᠠ | ᠬᠢᠵᠢᠭ ᠢ ᠪᠠᠶᠢᠴᠠᠭᠠᠬᠤ᠂ ᠦᠷ᠎ᠡ ᠴᠢᠬᠢ ᠵᠡᠷᠭᠡ ᠬᠠᠤᠯᠢ ᠬᠡᠷᠡᠭᠵᠢᠭᠦᠯᠬᠦ ᠬᠤᠯᠪᠣᠭᠳᠠᠯ ᠪᠦᠬᠦᠢ ᠠᠵᠢᠯ ᠢ ᠬᠠᠤᠯᠢ | ᠶᠣᠰᠣᠭᠠᠷ ᠵᠢᠯᠣᠭᠤᠳᠴᠦ ᠵᠣᠬᠢᠶᠠᠨ ᠪᠠᠶᠢᠭᠤᠯᠤᠨ ᠦᠷᠨᠢᠬᠦᠯᠦᠨ᠎ᠡ᠃ ᠬᠠᠮᠲᠤ ᠶᠢᠨ ᠣᠢ ᠶᠢᠨ ᠡᠷᠬᠡ ᠶᠢᠨ ᠳᠦᠷᠢᠮ | ᠪᠣᠯᠤᠨ ᠤᠯᠤᠰ ᠤᠨ ᠦᠮᠴᠢᠯᠡᠯᠳᠦ ᠭᠤᠤᠯᠳᠠᠯᠭ᠎ᠠ ᠲᠠᠢ ᠰᠢᠭᠤᠶᠢᠲᠤ ᠣᠷᠣᠨ᠂ ᠤᠯᠤᠰ ᠤᠨ ᠦᠮᠴᠢᠯᠡᠯᠳᠦ ᠣᠢ | ᠰᠢᠭᠤᠶ ᠶᠢᠨ ᠲᠠᠯᠠᠪᠠᠢ᠂ ᠨᠤᠲᠤᠭ ᠪᠡᠯᠴᠢᠭᠡᠷ ᠵᠡᠷᠭᠡ ᠶᠢᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠠᠵᠢᠯ ᠢ ᠵᠣᠬᠢᠶᠠᠨ | ᠪᠠᠶᠢᠭᠤᠯᠤᠨ ᠵᠢᠯᠣᠭᠤᠳᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ | ᠬᠥᠭᠵᠢᠯᠲᠡ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠷᠪᠢᠬᠤ ᠶᠢ ᠵᠣᠬᠢᠶᠠᠨ ᠪᠠᠶᠢᠭᠤᠯᠬᠤ ᠶᠢᠨ | ᠬᠠᠮᠲᠤ ᠬᠡᠷᠡᠭᠵᠢᠬᠦᠯᠬᠦ ᠶᠢ ᠵᠢᠯᠣᠭᠤᠳᠣᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠶᠢᠲᠤ ᠭᠠᠵᠠᠷ᠂ ᠣᠢ ᠮᠣᠳᠣ | ᠪᠣᠯᠤᠨ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠬᠦ᠂ ᠡᠷᠭᠢᠯᠳᠦᠭᠦᠯᠬᠦ ᠬᠠᠮᠢᠶᠠᠷᠤᠯᠲᠠ ᠶᠢ ᠵᠢᠯᠣᠭᠤᠳᠤᠨ᠎ᠠ᠃ | ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ ᠡᠭᠦᠷᠭᠡᠯᠡᠨ᠎ᠡ᠃ | ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠴᠢᠨᠠᠷᠲᠠᠶ ᠬᠤᠯᠪᠣᠭᠳᠠᠯ ᠪᠦᠬᠦᠢ ᠬᠠᠤᠯᠢ ᠲᠣᠭᠲᠠᠭᠠᠯ ᠪᠠ | ᠳᠦᠷᠢᠮ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠦᠨ᠎ᠡ᠃ ᠤᠢ ᠰᠢᠭᠤᠶ ᠪᠠ ᠨᠤᠲᠤᠭ ᠪᠡᠯᠴᠢᠭᠡᠷ ᠤᠨ ᠰᠢᠨᠵᠢᠯᠡᠬᠦ | ᠤᠬᠠᠭᠠᠨ ᠤ ᠰᠤᠳᠤᠯᠭᠠᠨ᠂ ᠦᠷ᠎ᠡ ᠪᠦᠲᠦᠭᠡᠯ ᠢ ᠤᠯᠠᠷᠢᠭᠤᠯᠬᠤ ᠪᠠ ᠲᠧᠭᠨᠢᠭ ᠮᠡᠷᠭᠡᠵᠢᠯ ᠢ ᠳᠡᠯᠭᠡᠷᠡᠭᠦᠯᠬᠦ ᠠᠵᠢᠯ ᠢ | ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠣᠢ ᠰᠢᠭᠤᠶ ᠪᠠ ᠨᠤᠲᠤᠭ ᠪᠡᠯᠴᠢᠭᠡᠷ ᠤᠨ ᠰᠢᠨᠵᠢᠯᠡᠭᠡ ᠮᠡᠷᠭᠡᠵᠢᠯ ᠤᠨ | ᠪᠠᠷᠢᠮᠵᠢᠶᠠᠵᠢᠭᠤᠯᠤᠯᠲᠠ᠂ ᠶᠠᠰᠤ ᠴᠢᠨᠠᠷ ᠢ ᠰᠢᠯᠭᠠᠨ ᠪᠠᠶᠢᠴᠠᠭᠠᠬᠤ᠂ ᠬᠢᠨᠠᠨ ᠬᠡᠮᠵᠢᠬᠦ ᠪᠠ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠵᠡᠷᠭᠡ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠣᠢ ᠰᠢᠭᠤᠶ ᠪᠠ ᠨᠤᠲᠤᠭ | ᠪᠡᠯᠴᠢᠭᠡᠷ ᠤᠨ ᠠᠮᠢᠳᠤ ᠪᠣᠳᠠᠰ ᠤᠨ ᠦᠷ᠎ᠡ ᠶᠢᠨ ᠡᠬᠢ ᠪᠠᠶᠠᠯᠢᠭ᠂ ᠭᠧᠨ ᠢ ᠬᠤᠪᠢᠷᠠᠭᠤᠯᠣᠭᠰᠠᠨ ᠠᠮᠢᠳᠤ ᠪᠣᠳᠠᠰ ᠤᠨ | ᠠᠮᠤᠷ ᠲᠦᠪᠰᠢᠨ ᠢ ᠬᠢᠨᠠᠨ ᠬᠠᠮᠢᠶᠠᠷᠤᠨ᠎ᠠ᠃ ᠣᠢ ᠰᠢᠭᠤᠶ ᠪᠠ ᠨᠤᠲᠤᠭ ᠪᠡᠯᠴᠢᠭᠡᠷ ᠤᠨ ᠠᠵᠤ ᠦᠢᠯᠡᠰᠵᠢᠨ ᠬᠥᠭᠵᠢᠬᠦ | ᠳᠦᠯᠦᠪᠵᠢᠬᠦᠯᠬᠡ ᠪᠣᠯᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠳᠣᠭᠤᠷᠪᠢᠬᠤ ᠶᠢᠨ ᠬᠠᠮᠲᠤ ᠬᠡᠷᠡᠭᠵᠢᠬᠦᠯᠬᠦ | ᠳᠤ ᠬᠢᠨᠠᠯᠲᠠ ᠳᠠᠯᠪᠢᠵᠦ᠂ ᠣᠢ ᠰᠢᠭᠤᠶ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠢ ᠶᠡᠷᠦᠩᠬᠡᠶᠢᠯᠡᠨ ᠨᠡᠭᠡᠭᠡᠨ | ᠠᠰᠢᠭᠯᠠᠬᠤ ᠠᠵᠢᠯ ᠲᠥᠷᠥᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠣᠢ ᠰᠢᠭᠤᠢ ᠨᠤᠲᠤᠭ ᠪᠡᠯᠴᠢᠭᠡᠷ ᠤᠨ ᠠᠶᠣᠯ | ᠦᠬᠡᠢ ᠦᠢᠯᠡᠳᠪᠦᠷᠢᠯᠡᠯ ᠢ ᠵᠢᠯᠣᠭᠤᠳᠤᠨ᠎ᠠ᠃ | ᠲᠠᠪᠤᠳᠤᠭᠠᠷ ᠵᠦᠢᠯ ᠠᠶᠢᠮᠠᠭ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ | ᠪᠠᠶᠢᠭᠤᠯᠣᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ ᠨᠢ 15 ᠨᠡᠷᠡᠰ᠃ ᠲᠣᠪᠴᠢᠶᠠᠨ ᠳᠠᠷᠤᠭ᠎ᠠ 1 ᠨᠡᠷᠡᠰ᠂ | ᠳᠡᠳ᠋ ᠲᠣᠪᠴᠢᠶᠠᠨ ᠳᠠᠷᠤᠭ᠎ᠠ 3 ᠨᠡᠷᠡᠰ︔ ᠰᠠᠯᠠᠭᠠᠨ ᠲᠠᠰ ᠤᠨ ᠤᠳᠤᠷᠢᠳᠬᠤ ᠲᠤᠰᠢᠶᠠᠯ ᠤᠨ ᠣᠷᠣᠨ ᠲᠤᠭ᠎ᠠ 8 | ᠬᠥᠮᠦᠨ ︵7 ᠵᠢᠩᠬᠢᠨᠢ 1 ᠳᠡᠳ᠋︶ ᠢ ᠳᠣᠬᠢᠷᠠᠭᠤᠯᠣᠨ᠎ᠠ᠃ | ᠵᠢᠷᠭᠤᠳᠤᠭᠠᠷ ᠵᠦᠢᠯ ᠠᠶᠢᠮᠠᠭ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠷᠢᠶ᠎ᠠ | ᠠᠵᠢᠯ ᠦᠢᠯᠡᠰ ᠤᠨ ᠨᠢᠭᠡᠴᠡ ᠶᠢᠨ ᠳᠣᠬᠢᠷᠠᠭᠤᠯᠣᠯᠳᠠ᠂ ᠡᠭᠦᠷᠭᠡ ᠬᠠᠷᠢᠭᠤᠴᠠᠯᠭ᠎ᠠ ᠪᠠ ᠣᠷᠣᠨ ᠳᠤᠭ᠎ᠠ ᠶᠢᠨ ᠬᠡᠷᠡᠭ | ᠶᠠᠪᠣᠳᠠᠯ ᠢ ᠠᠰᠳᠠᠭᠠᠨ ᠲᠣᠭᠲᠠᠭᠠᠨ᠎ᠠ᠃ | ᠳᠣᠯᠣᠳᠤᠭᠠᠷ ᠵᠦᠢᠯ ᠲᠣᠰ ᠲᠣᠭᠲᠠᠭᠠᠯ ᠢ ᠲᠠᠶᠢᠯᠪᠤᠷᠢᠯᠠᠬᠤ ᠠᠵᠢᠯ ᠢ ᠠᠶᠢᠮᠠᠭ ᠤᠨ ᠨᠠᠮ ᠤᠨ | ᠬᠤᠷᠢᠶ᠎ᠠ ᠶᠢᠨ ᠪᠠᠶᠢᠭᠤᠯᠣᠮᠵᠢ ᠶᠢᠨ ᠣᠷᠣᠨ ᠲᠤᠭ᠎ᠠ ᠶᠢᠨ ᠬᠤᠷᠢᠶᠠᠨ ᠤ ᠠᠯᠪᠠᠨ ᠭᠡᠷ ᠠᠴᠠ ᠬᠠᠷᠢᠭᠤᠴᠠᠵᠦ᠂ ᠲᠡᠭᠦᠨ | ᠳᠤ ᠲᠣᠬᠢᠷᠠᠭᠤᠯᠤᠯᠲᠠ ᠬᠢᠬᠦ ᠶᠢ ᠠᠶᠢᠮᠠᠭ ᠤᠨ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠣᠭᠠᠨ ᠤ | ᠬᠤᠷᠢᠶᠠᠨ ᠤ ᠠᠯᠪᠠᠨ ᠭᠡᠷ ᠠᠴᠠ ᠲᠣᠭᠲᠠᠭᠠᠭᠰᠠᠨ ᠳᠢᠭ ᠵᠢᠷᠣᠮ ᠶᠣᠰᠣᠭᠠᠷ ᠬᠦᠢᠴᠡᠳᠬᠡᠨ᠎ᠡ᠃ | ᠨᠠᠢᠮᠠᠳᠣᠭᠠᠷ ᠵᠦᠢᠯ ᠲᠣᠰ ᠲᠣᠭᠲᠠᠭᠠᠯ ᠢ 2019 ᠣᠨ ᠤ 3 ᠰᠠᠷ᠎ᠠ ᠶᠢᠨ 27 ᠤ ᠡᠳᠦᠷ ᠠᠴᠠ | ᠡᠬᠢᠯᠡᠵᠦ ᠬᠡᠷᠡᠭᠵᠢᠬᠦᠯᠦᠨ᠎ᠡ᠃ | ᠰᠦᠯᠵᠢᠶᠡᠨ ᠤ ᠬᠠᠶ᠋ᠢᠭ᠄ http://lcj.als.gov.cn/ | | |