ᠬᠤᠪᠢ ᠶᠢᠨ ᠲᠠᠷᠭᠡ + ᠠᠶᠠᠯᠠᠯ ᠵᠢᠭᠤᠯᠴᠢᠯᠠᠯ + ᠬᠠᠨᠭ᠍ᠭᠠᠮᠵᠢᠳᠠᠢ ᠤᠢᠢᠯᠠᠴᠢᠯᠡᠭᠡ = ᠮᠠᠯᠴᠢᠨ ᠵᠠᠯᠠᠭᠤᠰ ᠤᠨ ᠰᠢᠨ᠎ᠠ ᠤᠢᠢᠯᠠᠰ
ᠨᠡᠶᠢᠲᠡᠯᠡᠭᠰᠡᠨ ᠴᠠᠭ᠄
2020/10/13
      ᠠᠶᠠᠯᠠᠯ ᠵᠢᠭᠤᠯᠴᠢᠯᠠᠯ ᠤᠨ ᠦᠢᠯᠡᠰ ᠢᠳᠡᠷᠡᠭᠦᠨ ᠢᠶᠠᠷ ᠭᠦᠭᠵᠢᠵᠦ ᠪᠠᠶᠢᠭ᠎ᠠ ᠮᠠᠨ ᠤ ᠤᠷᠤᠨ ᠨᠤᠳᠤᠭ ᠲᠤ ᠤᠶᠢᠷ᠎ᠠ ᠶᠢᠨ ᠬᠤᠶᠠᠷ ᠵᠢᠯ ᠠᠴᠠ ᠪᠠᠰᠠ ᠨᠢᠬᠡᠨ ᠦᠢᠯᠡᠴᠢᠯᠡᠭᠡ ᠮᠠᠰᠢ ᠬᠦᠭᠵᠢᠶᠠᠨᠳᠡᠢ ᠪᠤᠯᠪᠠ᠃ ᠲᠠᠷᠤᠢ᠂ ᠵᠤᠭᠠᠴᠠᠭᠰᠠᠳ ᠢ ᠰᠠᠨᠠᠭᠰᠠᠨ ᠭᠠᠵᠠᠷ ᠨᠢ ᠬᠦᠷᠬᠡᠵᠦ ᠰᠠᠭᠠᠳ ᠦᠬᠡᠢ ᠵᠤᠷᠴᠢᠭᠤᠯᠬᠤ ᠬᠤᠪᠢ ᠶᠢᠨ ᠮᠠᠰᠢᠨ ᠲᠡᠷᠬᠡᠨ ᠤ ᠠᠶᠠᠯᠠᠯ ᠵᠢᠭᠤᠯᠴᠢᠯᠠᠯ ᠤᠨ ᠦᠢᠯᠡᠴᠢᠯᠡᠭᠡ᠃ ᠨᠤᠳᠤᠭ ᠤᠨ ᠮᠠᠯᠴᠢᠨ ᠵᠠᠯᠠᠭᠤᠰ ᠮᠠᠨᠢ ᠵᠢᠭᠤᠯᠴᠢᠯᠠᠯ ᠤᠨ ᠰᠠᠶᠢᠬᠠᠨ ᠴᠠᠭ ᠢᠶᠠᠷ ᠬᠠᠨ ᠠᠯᠠᠱᠠ ᠶᠢᠨ ᠢᠶᠠᠨ ᠪᠠᠶᠠᠨ ᠪᠠᠶᠢᠭᠠᠯᠢ ᠶᠢᠨ ᠭᠤᠶᠢᠳᠠ ᠥᠵᠡᠮᠵᠢ᠂ ᠪᠠᠭ᠋ᠠᠷᠤᠮ᠎ᠠ ᠰᠠᠶᠢᠬᠠᠨ ᠵᠢᠭᠤᠯᠴᠢᠯᠠᠯ ᠤᠨ ᠥᠢᠯᠡᠰ ᠢ ᠲᠥᠰᠢᠭᠯᠡᠨ ᠲᠡᠯᠡᠬᠡᠢ ᠶᠢᠨ ᠡᠯ᠎ᠡ ᠭᠠᠵᠠᠷ ᠤᠷᠤᠨ ᠠᠴᠠ ᠢᠷᠡᠭᠰᠡᠨ ᠬᠤᠯᠠ ᠶᠢᠨ ᠵᠤᠴᠢᠨ ᠢᠶᠠᠨ ᠬᠠᠳᠠᠭ ᠲᠡᠯᠬᠡᠨ ᠤᠬᠳᠤᠨ ᠠᠪᠴᠤ᠂ ᠬᠤᠪᠢ ᠶᠢᠨ ᠮᠠᠰᠢᠨ ᠤᠨᠤᠭ᠎ᠠ ᠪᠠᠷ ᠢᠶᠠᠨ ᠵᠤᠷᠢᠬᠰᠠᠨ ᠭᠠᠵᠠᠷ ᠲᠤᠨᠢ ᠬᠦᠯ ᠵᠠᠯᠭᠠᠭᠤᠯᠵᠦ᠂ ᠪᠦᠬᠦ᠋ᠢᠯᠡ ᠠᠶᠠᠯᠠᠯ ᠢ ᠨᠢ ᠵᠤᠬᠢᠴᠠᠭᠤᠯᠤᠨ ᠬᠠᠩᠭᠠᠮᠵᠢᠳᠠᠢ ᠦᠢᠯᠡᠴᠢᠯᠡᠭᠡ ᠶᠢᠨ ᠢᠶᠠᠨ ᠬᠠᠷᠠᠮᠵᠢ ᠪᠠᠷ ᠦᠪᠡᠷ ᠤᠨ ᠠᠰᠢᠭ ᠤᠷᠤᠯᠭ᠎ᠠ ᠪᠠᠨ ᠨᠡᠮᠡᠭᠳᠡᠬᠦᠯᠣᠨ ᠠᠵᠤ ᠠᠮᠢᠳᠤᠷᠠᠯ ᠢᠶᠠᠨ ᠥᠬᠡᠳᠡ ᠲᠠᠳᠠᠬᠤ ᠠᠷᠭ᠎ᠠ ᠵᠠᠮ ᠢᠶᠠᠨ ᠤᠯᠤᠭᠰᠠᠨ ᠨᠢ ᠦᠨᠡᠬᠡᠷ ᠪᠠᠭ᠋ᠠᠳᠤᠯᠳᠠᠢ᠃       ᠵᠢᠭᠤᠯᠴᠢᠯᠠᠯ ᠤᠨ ᠵᠠᠮ ᠱᠤᠭᠤᠮ ᠲᠠᠭᠠᠤ ᠭᠠᠵᠠᠷ ᠤᠷᠤᠨ ᠤ ᠨᠤᠳᠤᠭ ᠤᠨ ᠮᠠᠯᠴᠢᠳ᠂ ᠶᠡᠭᠡ ᠰᠤᠷᠭᠠᠭᠤᠯᠢ ᠲᠡᠭᠦᠰᠥᠭᠰᠡᠨ ᠤᠶᠤᠳᠠᠨ ᠮᠠᠨᠢ ᠤᠷᠤᠨ ᠨᠤᠳᠤᠭ ᠤᠨ ᠢᠶᠠᠨ ᠵᠢᠭᠤᠯᠴᠢᠯᠠᠯ ᠤᠨ ᠥᠢᠯᠡᠰ ᠤᠨ ᠬᠥᠭᠵᠢᠯᠳᠡ ᠲᠠᠢ ᠤᠶᠠᠯᠳᠤᠭᠤᠯᠵᠦ᠂ ᠮᠠᠰᠢᠨ ᠲᠡᠷᠬᠡᠨ ᠤ ᠥᠢᠯᠡᠴᠢᠯᠡᠭᠡ ᠬᠠᠩᠭᠠᠬᠤ ᠪᠤᠯᠤᠬᠰᠠᠨ ᠨᠢ ᠤᠶᠢᠷ᠎ᠠ ᠶᠢᠨ ᠵᠢᠯ ᠤᠨ ᠤᠴᠢᠷ ᠪᠤᠯ ᠡᠳᠦᠬᠡ ᠨᠢᠬᠡᠨᠳᠡ ᠨᠢᠬᠡᠨ ᠲᠦᠷᠦᠯ ᠤᠨ ᠠᠵᠢᠯ ᠥᠢᠯᠡᠰ ᠪᠤᠯᠤᠨ ᠦᠷᠬᠡᠵᠢᠵᠦ ᠡᠬᠢᠯᠡᠵᠡᠢ᠃ ᠠᠯᠠᠱᠠ ᠵᠡᠭᠦᠨ ᠬᠤᠰᠢᠭᠤᠨ ᠤ ᠪᠠᠶᠠᠨᠬᠤᠳᠠ ᠪᠠᠯᠭᠠᠰᠤᠨ ᠤ ᠲᠡᠮᠡᠬᠡᠳᠤ ᠭᠠᠴᠠᠭᠠᠨ ᠤ ᠮᠠᠯᠴᠢᠨ ᠵᠠᠯᠠᠭᠤ ᠲᠥᠪᠰᠢᠨ ᠪᠤᠯ ᠡᠨᠡᠬᠦ ᠠᠵᠢᠯ ᠦᠢᠯᠡᠴᠢᠯᠡᠭᠡ ᠳᠤ ᠭᠠᠷᠮᠠᠭᠠᠶᠢᠯᠠᠵᠦ ᠶᠠᠪᠤᠭ᠎ᠠ ᠨᠢᠬᠡᠨ ᠶᠤᠮ᠃ 2010 ᠤᠨ ᠳᠤ ᠵᠢᠨᠢᠩ ᠤᠨ ᠪᠠᠭᠰᠢ ᠶᠢᠨ ᠲᠡᠬᠡᠳᠤ ᠰᠤᠷᠭᠠᠭᠤᠯᠢ ᠠᠴᠠ ᠲᠡᠭᠦᠰᠤᠬᠡᠳ ᠪᠠᠶᠠᠨᠬᠤᠳᠠ ᠳᠤ ᠬᠡᠰᠡᠭ ᠬᠤᠭᠤᠴᠠᠭ᠎ᠠ ᠰᠤᠯᠠ ᠠᠵᠢᠯ ᠬᠢᠵᠦ ᠪᠠᠶᠢᠬᠰᠠᠨ ᠢᠶᠠᠨ ᠬᠥᠳᠡᠭᠡ ᠨᠤᠳᠤᠭ ᠤᠨ ᠵᠢᠭᠤᠯᠴᠢᠯᠠᠯ ᠤᠨ ᠬᠥᠭᠵᠢᠯᠳᠡ ᠰᠠᠶᠢᠨ ᠪᠠᠶᠢᠬᠤ ᠶᠢ ᠬᠠᠷᠠᠭᠠᠳ ᠨᠤᠳᠤᠭ ᠲᠠᠭᠠᠨ ᠬᠠᠷᠢᠵᠦ ᠵᠤᠭᠠᠴᠠᠭᠰᠠᠳ ᠲᠤ ᠮᠠᠰᠢᠨ ᠲᠡᠷᠬᠡᠨ ᠤ ᠥᠢᠯᠡᠴᠢᠯᠡᠭᠡ ᠬᠠᠩᠭᠠᠬᠤ ᠠᠵᠢᠯ ᠢ ᠡᠷᠬᠢᠯᠡᠵᠦ ᠬᠢᠭᠰᠡᠨ ᠠᠴᠠ ᠡᠳᠦᠬᠡ ᠪᠤᠯᠬᠤ  ᠳᠤ ᠨᠢᠬᠡᠨᠳᠡ ᠲᠠᠪᠤᠨ ᠵᠢᠯ ᠤᠨ ᠨᠢᠭᠤᠷ ᠦᠵᠡᠭᠰᠡᠨ ᠪᠠᠶᠢᠨ᠎ᠠ᠃
      ᠲᠡᠮᠡᠬᠡᠳᠤ ᠭᠠᠴᠠᠭᠠᠨ ᠤ ᠨᠤᠳᠤᠭ ᠪᠡᠯᠴᠢᠬᠡᠷ ᠲᠡᠬᠡᠷ᠎ᠡ ᠠᠯᠠᠱᠠ ᠶᠢᠨ ᠮᠠᠰᠢᠨ ᠲᠡᠷᠬᠡᠨ ᠤ ᠬᠡᠬᠡᠷᠠᠯᠡᠨ ᠠᠶᠠᠯᠠᠬᠤ ᠪᠠᠭᠠᠳᠤᠷᠴᠤᠳ ᠤᠨ ᠴᠤᠭᠯᠠᠭᠠᠨ ᠤ ᠲᠠᠯᠠᠪᠠᠢ ᠪᠠᠶᠢᠬᠤ ᠮᠥᠷᠳᠡᠬᠡᠨ ᠡᠯᠡᠰᠤ ᠮᠠᠩᠬ᠎ᠠ᠂ ᠨᠠᠭᠤᠷ ᠵᠢᠷᠡᠨ ᠤᠯᠠᠨ ᠪᠠᠶᠢᠳᠠᠭ ᠢᠶᠠᠷ ᠢᠶᠠᠨ ᠡᠨᠡ ᠨᠤᠳᠤᠭ ᠨᠢ ᠬᠤᠯᠠ ᠥᠢᠷ᠎ᠠ ᠶᠢᠨ ᠵᠤᠭᠠᠴᠠᠭᠰᠠᠳ ᠤᠨ ᠬᠥᠯ ᠲᠤᠭᠳᠠᠵᠤ ᠰᠡᠯᠡᠭᠦᠴᠡᠨ ᠵᠣᠭᠠᠴᠠᠬᠤ ᠰᠠᠶᠢᠬᠠᠨ ᠤᠷᠤᠨ ᠪᠤᠯᠤᠭᠰᠠᠨ ᠪᠠᠶᠢᠳᠠᠭ᠃ ᠲᠥᠪᠰᠢᠨ ᠵᠢᠯ ᠳᠡᠭᠡᠨ ᠬᠤᠶᠠᠷ ᠮᠠᠰᠢᠨ ᠲᠡᠷᠬᠡ ᠪᠠᠨ ᠡᠬᠡᠯᠵᠢᠯᠡᠨ ᠪᠠᠷᠢᠵᠦ᠂ ᠢᠷᠭᠠᠢ᠂ ᠱᠠᠩᠬᠠᠢ᠂ ᠪᠡᠬᠡᠵᠢᠩ ᠵᠡᠷᠬᠡ ᠬᠤᠯᠠ ᠭᠠᠵᠠᠷ ᠤᠨ ᠵᠤᠭᠠᠴᠠᠭᠰᠠᠳ ᠢ ᠪᠠᠶᠢᠩᠭᠤ ᠬᠥᠯᠢᠶᠡᠨ ᠠᠪᠴᠤ ᠥᠢᠯᠡᠴᠢᠯᠡᠬᠡᠳ ᠵᠢᠯ ᠳᠡᠭᠡᠨ ᠪᠠᠷᠤᠭ ᠠᠷᠪᠠᠭᠠᠳ ᠲᠥᠮᠡᠨ ᠲᠥᠭᠦᠷᠢᠭ ᠤᠨ ᠤᠷᠤᠯᠭ᠎ᠠ ᠤᠯᠵᠤ ᠪᠠᠶᠢᠭ᠎ᠠ ᠠᠵᠢ᠃ ᠣᠨᠴᠣᠭᠤᠶᠢᠯᠠᠨ ᠠᠷᠪᠠᠨ ᠰᠠᠷ᠎ᠠ ᠶᠢᠨ ᠠᠮᠠᠷᠠᠯᠳᠠ ᠣᠶᠢᠷᠠᠳᠣᠬᠤ ᠪᠠᠷ ᠵᠤᠭᠠᠴᠠᠭᠰᠠᠳ ᠤᠨ ᠲᠤᠭ᠎ᠠ ᠣᠯᠠᠰᠢᠷᠠᠵᠣ᠂ ᠤᠷᠤᠯᠭ᠎ᠠ ᠰᠠᠶᠢᠨ ᠪᠣᠯᠬᠤ ᠳᠤ ᠡᠳᠤᠷ ᠲᠤ ᠳᠦᠮᠡ ᠭᠠᠷᠦᠢ ᠲᠥᠭᠦᠷᠢᠭ ᠤᠨ ᠤᠷᠤᠯᠭ᠎ᠠ ᠤᠯᠵᠤ ᠪᠠᠶᠢᠭᠰᠠᠨ ᠭᠡᠳᠡᠭ᠃ ︽ᠶᠡᠭᠡ ᠰᠤᠷᠭᠠᠭᠤᠯᠢ ᠲᠡᠭᠦᠰᠦᠭᠰᠡᠨ ᠤᠶᠤᠳᠠᠨ ᠤ ᠬᠤᠪᠢ ᠳᠤ ᠤᠯᠤᠰ ᠤᠨ ᠠᠵᠢᠯ ᠠᠯᠪᠠ ᠤᠯᠬᠤ ᠪᠤᠳᠤᠯ ᠪᠠᠶᠢᠭᠰᠠᠨ ᠨᠢ ᠭᠠᠷᠴᠠᠭ᠎ᠠ ᠦᠬᠡᠢ ᠶᠤᠮ᠃ ᠬᠠᠷᠢᠨ ᠤᠷᠴᠢᠮ ᠤᠨ ᠵᠢᠯ ᠠᠴᠠ ᠮᠠᠨ ᠤ ᠨᠤᠳᠤᠭ ᠢᠶᠠᠷ ᠵᠢᠭᠤᠯᠴᠢᠯᠠᠯ ᠤᠨ ᠥᠢᠯᠡᠰ ᠨᠡᠯᠢᠶᠡᠳ ᠬᠥᠭᠵᠢᠶᠠᠨᠳᠠᠢ ᠪᠤᠯᠤᠭᠰᠠᠨ ᠪᠤᠯᠬᠤᠷ ᠬᠥᠳᠡᠭᠡ ᠨᠤᠳᠤᠭ ᠲᠠᠭᠠᠨ ᠪᠤᠴᠠᠵᠤ᠂ ᠨᠤᠳᠤᠭ ᠤᠰᠤᠨ ᠳᠠᠭᠠᠨ ᠡᠵᠡᠨ ᠰᠠᠭᠤᠵᠤ᠂ ᠮᠠᠯ ᠢᠶᠠᠨ ᠮᠠᠯᠵᠢᠬᠤ ᠶᠢᠨ ᠲᠠᠭᠠᠤ ᠵᠠᠪ ᠴᠢᠯᠤᠬᠡ ᠪᠠᠷ ᠢᠶᠠᠨ ᠵᠢᠭᠤᠯᠴᠢᠯᠠᠯ ᠤᠨ ᠥᠢᠯᠡᠰ ᠡᠷᠬᠢᠯᠡᠭᠦ ᠪᠤᠳᠤᠯ ᠰᠢᠢᠳᠦᠯ ᠢᠶᠠᠷ ᠬᠡᠷ ᠲᠡᠭᠡᠨ ᠬᠠᠷᠢᠵᠦ ᠢᠷᠡᠭᠰᠡᠨ ᠮᠢᠨᠢ ᠶᠠᠭᠠᠬᠢᠬᠤ ᠠᠷᠭ᠎ᠠ ᠦᠬᠡᠢ ᠵᠦᠪ ᠰᠤᠩᠭᠤᠯᠳᠠ ᠪᠠᠶᠢᠵᠠᠢ᠃ ᠠᠯᠠᠱᠠ ᠨᠤᠳᠤᠭ ᠮᠠᠨᠢ ᠪᠠᠭᠠᠳᠤᠷᠴᠤᠳ ᠤᠨ ᠴᠤᠭᠯᠠᠭᠠᠨ᠂ ᠲᠤᠤᠷ ᠰᠥᠯᠵᠢᠶᠡᠨ ᠤ ᠴᠢᠮᠡᠭᠡ ᠬᠤᠯᠪᠤᠭ᠎ᠠ ᠪᠠᠷ ᠲᠠᠮᠵᠢᠨ ᠲᠡᠯᠡᠬᠡᠢ ᠳᠤ ᠠᠯᠳᠠᠷᠰᠢᠵᠤ᠂ ᠣᠳᠣ ᠮᠠᠰᠢ ᠤᠯᠠᠨ ᠵᠤᠭᠠᠴᠠᠭᠰᠠᠳ ᠤᠨ ᠠᠩᠬᠠᠷᠤᠯ ᠳᠤ ᠬᠥᠷᠴᠤ ᠪᠠᠶᠢᠨ᠎ᠠ᠃ ᠬᠡᠷᠪᠡ ᠪᠢᠳᠠᠨ ᠤ ᠥᠢᠯᠡᠴᠢᠯᠡᠭᠦ ᠤᠪᠤᠷ ᠰᠠᠶᠢᠨ᠂ ᠥᠢᠯᠡᠴᠢᠯᠡᠬᠡᠨ ᠤ ᠲᠥᠷᠥᠯ ᠵᠥᠢᠯ ᠠᠷᠪᠢᠨ ᠪᠠᠶᠢᠬᠤ ᠳᠤ ᠬᠥᠷᠪᠡᠯ ᠵᠤᠭᠠᠴᠠᠭᠰᠠᠳ ᠠᠶᠠᠨᠳᠠᠭᠠᠨ ᠬᠥᠷᠤᠬᠡᠳ ᠢᠷᠡᠨ᠎ᠡ︾ ᠬᠡᠵᠦ ᠲᠦᠪᠰᠢᠨ ᠮᠠᠨᠢ ᠰᠡᠳᠬᠢᠯ ᠲᠤᠬᠳᠤᠯᠤᠨ ᠶᠠᠷᠢᠵᠦ ᠪᠠᠶᠢᠬᠰᠠᠨ ᠪᠢᠯᠠ᠃       ᠠᠯᠠᠱᠠ ᠨᠤᠳᠤᠭ ᠤᠨ ᠠᠭᠤᠯᠠ ᠤᠰᠤ᠂ ᠡᠯᠡᠰᠤ ᠮᠠᠩᠬ᠎ᠠ ᠬᠡᠳ ᠥᠵᠡᠮᠵᠢ ᠶᠢᠨ ᠤᠷᠤᠨ ᠤᠯᠠᠨ ᠢᠶᠠᠷ ᠪᠠᠷᠠᠬᠤ ᠦᠬᠡᠢ ᠡᠭᠦᠳᠡᠨ ᠪᠢᠯᠧᠲ ᠬᠢᠮᠳᠠ᠂ ᠤᠷᠴᠢᠨ ᠲᠤᠭᠤᠷᠢᠨ ᠴᠡᠪᠡᠷ ᠵᠡᠷᠬᠡ ᠲᠠᠪᠠᠭᠤᠯᠢᠭ ᠲᠠᠯ᠎ᠠ ᠪᠠᠷ ᠢᠶᠠᠨ ᠤᠯᠤᠰ ᠤᠨ ᠭᠠᠳᠠᠨ᠎ᠠ ᠲᠤᠳᠤᠨ᠎ᠠ ᠶᠢᠨ ᠵᠤᠭᠠᠴᠠᠭᠰᠠᠳ ᠲᠤ ᠲᠠᠭᠠᠰᠢᠶᠠᠭᠳᠠᠵᠤ᠂ ᠵᠤᠭᠠᠴᠠᠭᠰᠠᠳ ᠤᠨ ᠲᠤᠭ᠎ᠠ ᠵᠢᠯ ᠠᠴᠠ ᠵᠢᠯ ᠨᠡᠮᠡᠭᠳᠡᠵᠤ ᠪᠤᠢ᠃ ᠵᠤᠭᠠᠴᠠᠭᠰᠠᠳ ᠲᠤ ᠥᠢᠯᠡᠴᠢᠯᠡᠨ᠎ᠡ ᠬᠡᠳᠡᠭ ᠵᠥᠪᠬᠡᠨ ᠮᠠᠰᠢᠨ ᠲᠡᠷᠬᠡᠨ ᠳᠡᠭᠡᠨ ᠰᠠᠭᠤᠯᠭᠠᠭᠠᠳ ᠯᠠ ᠶᠠᠪᠤᠬᠤ ᠰᠠᠭᠤᠬᠤ ᠲᠡᠳᠦᠢ ᠶᠠᠪᠤᠳᠠᠯ ᠪᠢᠰᠢ᠃ ᠮᠠᠰᠢᠨ ᠲᠡᠷᠬᠡ ᠪᠠᠷ ᠢᠶᠠᠨ ᠵᠣᠭᠠᠴᠠᠭᠰᠠᠳ ᠤᠨ ᠰᠠᠨᠠᠬᠰᠠᠨ ᠭᠠᠵᠠᠷ ᠨᠢ ᠬᠦᠷᠬᠡᠬᠦ ᠶᠢᠨ ᠲᠠᠭᠠᠤ ᠡᠯᠡᠰᠤ ᠮᠠᠩᠬ᠎ᠠ ᠶᠢ ᠲᠤᠭᠤᠯᠬᠤ ᠵᠠᠮ ᠵᠠᠭᠤᠷ᠎ᠠ ᠠᠮᠢᠰᠬᠤᠭ᠎ᠠ ᠨᠢ ᠪᠥᠭᠯᠡᠷᠡᠭᠦ᠂ ᠠᠶᠤᠵᠤ ᠮᠠᠨᠠᠷᠠᠬᠤ᠂ ᠡ᠊ᠨᠳᠡᠯ ᠭᠠᠷᠬᠤ ᠶᠢ ᠴᠠᠭ ᠢᠮᠠᠭᠳᠠ ᠬᠢᠴᠢᠶᠡᠵᠤ᠂ ᠬᠤᠭᠤᠯᠠ ᠤᠮᠳᠠ ᠪᠠᠵᠠᠭᠠᠬᠤ ᠠᠴᠠ ᠥᠭᠰᠥᠭᠦᠯᠤᠨ ᠡᠮ ᠲᠠᠩ᠂ ᠡᠯᠡᠰᠤᠨ ᠳᠤ ᠠᠶᠠᠯᠠᠬᠤ ᠬᠡᠷᠡᠭᠰᠡᠯ ᠢ ᠨᠢ ᠪᠥᠷᠢᠨ ᠲᠦᠬᠦᠷ ᠪᠡᠯᠡᠳᠬᠡᠵᠤ ᠥᠭᠭᠦ ᠴᠢᠬᠤᠯᠠᠳᠠᠢ ᠤᠴᠢᠷ ᠠᠴᠠ ᠥᠢᠯᠡᠴᠢᠯᠡᠭᠴᠢ ᠶᠢᠨ ᠤᠪᠤᠷ ᠰᠤᠷᠳᠠᠯ᠂ ᠲᠡᠰᠪᠤᠷᠢ ᠲᠡᠪᠴᠢᠶᠡᠷᠢ᠂ ᠰᠢᠷᠭᠠᠭᠤ ᠬᠥᠳᠡᠯᠮᠤᠷᠢ ᠶᠢ ᠰᠢᠯᠭᠠᠬᠤ ᠠᠵᠢᠯ ᠲᠥᠷᠥᠯ ᠪᠠᠶᠢᠯ᠎ᠠ᠃
      ᠤᠷᠴᠢᠨ ᠲᠤᠭᠤᠷᠢᠨ  ᠤ ᠲᠠᠪᠠᠭᠤᠯᠢᠭ᠂ ᠭᠠᠵᠠᠷ ᠤᠷᠤᠨ  ᠤ ᠲᠠᠪᠠᠭᠤᠯᠢᠭ ᠪᠠ ᠥᠢᠯᠡᠴᠢᠯᠡᠬᠡᠨ  ᠤ ᠲᠠᠪᠠᠭᠤᠯᠢᠭ ᠲᠠᠯ᠎ᠠ  ᠪᠠᠨ ᠠᠰᠢᠭᠯᠠᠨ ᠵᠤᠭᠠᠴᠠᠭᠰᠠᠳ  ᠲᠤ ᠥᠨᠡᠨᠴᠢ  ᠪᠠᠷ ᠥᠢᠯᠡᠴᠢᠯᠡᠵᠤ᠂ ᠵᠢᠭᠤᠯᠴᠢᠯᠠᠯ ᠤᠨ ᠥᠢᠯᠡᠰ ᠡᠷᠬᠢᠯᠡᠨ ᠠᠰᠢᠭ ᠤᠷᠤᠯᠭ᠎ᠠ ᠤᠯᠬᠤ  ᠪᠤᠯ ᠲᠡᠮᠡᠬᠡᠳᠤ ᠭᠠᠴᠠᠭᠠᠨ  ᠤ ᠵᠠᠯᠠᠭᠤᠴᠤᠳ  ᠤᠨ ᠬᠠᠮᠳᠤ ᠶᠢᠨ ᠵᠤᠷᠢᠯᠭ᠎ᠠ ᠪᠢᠯᠡ᠃ ᠲᠡᠮᠡᠬᠡᠳᠤ ᠭᠠᠴᠠᠭᠠᠨ  ᠤ ᠮᠠᠯᠴᠢᠨ ᠵᠠᠯᠠᠭᠤ ᠫᠤᠤᠭᠧᠷ  ᠪᠤᠯ 2018 ᠤᠨ  ᠳᠤ ᠬᠥᠯᠤᠨ ᠪᠥᠢᠷ ᠲᠡᠬᠡᠳᠤ ᠰᠤᠷᠭᠠᠭᠤᠯᠢ  ᠠᠴᠠ ᠨᠡᠶᠢᠬᠡᠮ ᠵᠥᠢ  ᠶᠢᠨ ᠲᠤᠰᠬᠠᠢ ᠮᠡᠷᠬᠡᠵᠢᠯ  ᠢᠶᠠᠷ ᠲᠡᠭᠦᠰᠤᠬᠡᠳ᠂ ᠳᠡᠷᠡ ᠵᠢᠯ  ᠳᠡᠭᠡᠨ ᠬᠥᠳᠡᠭᠡ ᠨᠤᠳᠤᠭ  ᠲᠠᠭᠠᠨ ᠬᠠᠷᠢᠵᠤ ᠬᠤᠪᠢ  ᠶᠢᠨ ᠮᠠᠰᠢᠨ ᠲᠡᠷᠬᠡᠨ  ᠤ ᠦᠢᠯᠡᠴᠢᠯᠡᠬᠡᠨ   ᠤ ᠦᠢᠯᠡᠰ   ᠢ ᠡᠷᠬᠢᠯᠡᠭᠰᠡᠨ ᠤᠶᠤᠳᠠᠨ ᠮᠠᠯᠴᠢᠨ ᠶᠤᠮ᠃ ᠤᠳᠦ ᠪᠤᠯᠬᠤ  ᠳᠤ ᠡᠨᠡᠬᠦ ᠦᠢᠯᠡᠰ  ᠢ ᠡᠵᠡᠩᠨᠡᠬᠡᠳ ᠵᠢᠯ  ᠳᠤ ᠪᠠᠷᠤᠭ ᠠᠷᠪᠠ ᠭᠠᠷᠤᠢ ᠲᠦᠮᠠᠨ ᠲᠥᠭᠦᠷᠢᠭ  ᠤᠨ ᠤᠷᠤᠯᠭ᠎ᠠ ᠤᠯᠬᠤ ᠪᠤᠯᠤᠬᠰᠠᠨ ᠠᠵᠢ᠃ ︽ᠵᠢᠭᠤᠯᠴᠢᠯᠠᠯ  ᠤᠨ ᠬᠥᠭᠵᠢᠯᠳᠡ ᠪᠢᠳᠠᠨ  ᠳᠤ ᠮᠠᠰᠢ ᠶᠡᠭᠡ ᠠᠵᠠ ᠲᠤᠬᠢᠶᠠᠯ ᠤᠯᠭᠤᠵᠤ ᠪᠠᠶᠢᠨ᠎ᠠ᠃ ᠡᠶᠢᠮᠤ ᠠᠴᠠ ᠮᠠᠨ  ᠤ ᠵᠠᠯᠠᠭᠤᠴᠤᠳ ᠵᠢᠭᠤᠯᠴᠢᠯᠠᠯ  ᠤᠨ ᠴᠠᠭ ᠥᠶ᠎ᠡ  ᠶᠢᠨ ᠲᠤᠬᠢᠶᠠᠯ  ᠢ ᠠᠰᠢᠭᠯᠠᠭᠠᠳ ᠤᠷᠤᠯᠭ᠎ᠠ ᠤᠯᠵᠤ ᠬᠡᠳᠡᠰᠤ  ᠪᠠᠨ ᠲᠡᠵᠢᠬᠡᠭᠦ᠂ ᠬᠡᠷ ᠤᠷᠤᠨ  ᠢᠶᠠᠨ ᠵᠠᠰᠠᠵᠤ ᠴᠢᠮᠡᠭᠦ᠂ ᠬᠥᠳᠡᠭᠡ ᠨᠤᠳᠤᠭ  ᠢᠶᠠᠨ ᠪᠥᠳᠤᠬᠡᠨ ᠪᠠᠶᠢᠭᠤᠯᠬᠤ ᠵᠤᠷᠢᠯᠭ᠎ᠠ  ᠪᠠᠷ ᠴᠢᠷᠮᠠᠶᠢᠵᠤ ᠪᠤᠢ᠃ ᠡᠨᠡ ᠵᠢᠯ ᠬᠢᠵᠢᠭ  ᠤᠨ ᠨᠥᠯᠤᠬᠡ  ᠠᠴᠠ ᠪᠣᠯᠵᠣ ᠵᠤᠭᠠᠴᠠᠭᠰᠠᠳ  ᠤᠨ ᠳᠤᠭ᠎ᠠ ᠴᠥᠬᠡᠷᠡᠵᠤ᠂ ᠪᠢᠳᠠᠨ  ᠤ ᠤᠷᠤᠯᠭ᠎ᠠ  ᠶᠢ  ᠴᠦ ᠨᠥᠯᠤᠬᠡᠯᠡᠭᠰᠠᠨ  ᠨᠢ ᠭᠠᠷᠴᠠᠭ᠎ᠠ ᠦᠬᠡᠢ᠃ ᠲᠡᠭᠡᠭᠰᠡᠨ  ᠴᠦ ᠬᠠᠮᠢᠭ᠎ᠠ ᠦᠬᠡᠢ᠂ ᠡᠨᠡ  ᠪᠤᠯ ᠲᠦᠷ ᠴᠠᠭ  ᠤᠨ ᠶᠠᠪᠤᠳᠠᠯ᠃ ᠵᠢᠭᠤᠯᠴᠢᠯᠠᠯ  ᠤᠨ ᠥᠢᠯᠡᠰ  ᠤᠨ ᠬᠥᠭᠵᠢᠯᠳᠡ ᠪᠢᠳᠠᠨ  ᠳᠤ ᠠᠰᠢᠭ ᠤᠷᠤᠯᠭ᠎ᠠ  ᠪᠠᠨ ᠨᠡᠮᠡᠭᠳᠡᠭᠦᠯᠭᠦ ᠰᠢᠨ᠎ᠡ ᠠᠷᠭ᠎ᠠ ᠵᠠᠮ  ᠢ ᠨᠡᠬᠡᠬᠡᠵᠤ ᠦᠭᠴᠦ ᠯᠡ ᠪᠠᠶᠢᠨ᠎ᠠ︾ ᠬᠡᠮᠡᠨ ᠫᠤᠤᠭᠧᠷ  ᠮᠠᠨᠢ ᠠᠮᠢᠳᠤᠷᠠᠯ  ᠳᠠᠭᠠᠨ ᠬᠠᠨᠤᠮᠵᠢᠳᠠᠢ ᠪᠠᠶᠢᠬᠤ ᠰᠡᠳᠬᠢᠯ ᠢᠶᠠᠨ ᠢᠯᠡᠳᠬᠡᠨ᠎ᠠ᠃       ᠡᠯ᠎ᠡ ᠲᠤᠮᠤ ᠵᠢᠭᠤᠯᠴᠢᠯᠠᠯ ᠤᠨ ᠺᠤᠮᠫᠠᠨᠢ ᠠᠴᠠ ᠵᠤᠬᠢᠶᠠᠨ ᠪᠠᠶᠢᠭᠤᠯᠤᠭᠰᠠᠨ ᠵᠤᠭᠠᠴᠠᠭᠰᠠᠳ᠂ ᠬᠤᠪᠢ ᠪᠠᠷ ᠢᠶᠠᠨ ᠠᠶᠠᠯᠠᠵᠤ ᠶᠠᠪᠤᠭ᠎ᠠ ᠬᠦᠮᠦᠰ ᠵᠡᠷᠬᠡ ᠤᠯᠤᠰ ᠤᠨ ᠲᠤᠳᠤᠭᠠᠳᠤ ᠭᠠᠳᠠᠭᠠᠳᠤ ᠶᠢᠨ ᠵᠤᠴᠢᠳ ᠵᠤᠷᠴᠢᠬᠴᠢᠳ ᠬᠠᠪᠤᠷ ᠤᠨ ᠡᠬᠢᠨ ᠠᠴᠠ ᠨᠠᠮᠤᠷ ᠤᠨ ᠰᠡᠭᠦᠯᠴᠢ ᠪᠤᠯᠳᠠᠯ᠎ᠠ ᠠᠯᠠᠱᠠ ᠨᠤᠳᠤᠭ ᠢᠶᠠᠷ ᠠᠶᠠᠯᠠᠨ ᠵᠤᠭᠠᠯᠠᠳᠠᠭ ᠪᠤᠯᠬᠤᠷ ᠮᠠᠩᠬᠠᠨ ᠨᠤᠳᠤᠭ ᠲᠤ ᠢᠷᠡᠭᠰᠡᠨ ᠤᠯᠤᠰ ᠮᠠᠯᠴᠢᠳ ᠤᠨ ᠲᠡᠷᠬᠡ ᠶᠢ ᠲᠥᠷᠢᠶᠡᠰᠤᠯᠡᠭᠦ ᠶᠠᠪᠤᠳᠠᠯ ᠵᠥᠩᠳᠡᠬᠡᠨ ᠠᠶᠠᠨᠳᠠᠭᠠᠨ ᠪᠤᠯᠵᠦ᠂ ᠮᠠᠯᠴᠢᠨ ᠵᠠᠯᠠᠭᠤᠴᠤᠳ ᠤᠨ ᠡᠵᠡᠩᠨᠡᠭᠰᠡᠨ ᠬᠤᠪᠢ ᠶᠢᠨ ᠮᠠᠰᠢᠨ ᠲᠡᠷᠬᠡᠨ ᠤ ᠥᠢᠯᠡᠴᠢᠯᠡᠬᠡᠨ ᠤ ᠥᠢᠯᠡᠰ ᠢ ᠵᠢᠯ ᠠᠴᠠ ᠵᠢᠯ ᠬᠥᠭᠵᠢᠶᠡᠨᠳᠠᠢ ᠪᠤᠯᠭᠠᠵᠠᠢ᠃ ᠲᠡᠮᠡᠬᠡᠳᠤ ᠭᠠᠴᠠᠭᠠᠨ ᠤ ᠮᠠᠯᠴᠢᠨ ᠵᠠᠯᠠᠭᠤ ᠮᠥᠷᠡᠨ ᠪᠤᠯ ᠬᠥᠳᠡᠭᠡ ᠨᠤᠳᠤᠭ ᠤᠨ ᠢᠶᠠᠨ ᠵᠢᠭᠤᠯᠴᠢᠯᠠᠯ ᠤᠨ ᠥᠢᠯᠡᠰ ᠤᠨ ᠬᠥᠭᠵᠢᠯᠳᠡ ᠶᠢ ᠳᠠᠭᠠᠵᠣ ᠮᠠᠰᠢᠨ ᠲᠡᠷᠬᠡᠨ ᠤ ᠥᠢᠯᠡᠴᠢᠯᠡᠬᠡᠨ ᠤ ᠥᠢᠯᠡᠰ ᠵᠢᠴᠢ ᠮᠠᠯᠴᠢᠨ ᠠᠶᠢᠯ ᠤᠨ ᠵᠢᠭᠤᠯᠴᠢᠯᠠᠯ ᠤᠨ ᠭᠠᠵᠠᠷ ᠢ ᠡᠵᠡᠩᠨᠡᠭᠡᠳ ᠣᠶᠢᠷ᠎ᠠ ᠬᠠᠪᠢ ᠶᠢᠨ ᠵᠠᠯᠠᠭᠤᠴᠤᠳ ᠢᠶᠠᠨ ᠲᠠᠶᠢᠴᠢᠯᠠᠨ ᠪᠠᠶᠠᠵᠢᠯ ᠤᠨ ᠵᠠᠮ ᠢᠶᠠᠷ ᠵᠠᠮᠨᠠᠵᠤ ᠪᠠᠶᠢᠭ᠎ᠠ ᠴᠢᠳᠠᠮᠠᠭᠠᠢ ᠨᠢᠬᠡᠨ ᠪᠢᠯᠡ᠃ ᠮᠥᠷᠡᠨ ᠤ ᠶᠠᠷᠢᠬᠤ ᠪᠠᠷ᠂ ᠥᠢᠷ᠎ᠠ ᠶᠢᠨ ᠬᠡᠳᠤᠨ ᠵᠢᠯ ᠳᠤ ᠮᠠᠰᠢᠨ ᠲᠡᠷᠬᠡᠨ ᠤ ᠥᠢᠯᠡᠴᠢᠯᠡᠬᠡᠨ ᠤ ᠥᠢᠯᠡᠰ ᠶᠡᠭᠡ ᠰᠠᠶᠢᠨ ᠪᠠᠶᠢᠨ᠎ᠠ᠃ ᠠᠶᠢᠯ ᠪᠤᠯᠭᠠᠨ ᠵᠢᠭᠤᠯᠴᠢᠯᠠᠯ ᠤᠨ ᠥᠢᠯᠡᠰ ᠡᠷᠬᠢᠯᠡᠭᠦ᠂ ᠮᠠᠰᠢᠨ ᠲᠡᠷᠬᠡᠨ ᠤ ᠥᠢᠯᠡᠴᠢᠯᠡᠭᠡ ᠬᠠᠩᠭᠠᠬᠤ ᠪᠠᠷ ᠲᠠᠮᠵᠢᠨ ᠤᠷᠤᠯᠭ᠎ᠠ ᠪᠠᠨ ᠨᠡᠮᠡᠭᠳᠡᠭᠦᠯᠵᠤ ᠪᠠᠶᠢᠨ᠎ᠠ᠃ ᠵᠥᠪᠬᠡᠨ ᠮᠠᠰᠢᠨ ᠲᠡᠷᠬᠡᠨ ᠤ ᠥᠢᠯᠡᠴᠢᠯᠡᠭᠡ ᠬᠠᠩᠭᠠᠬᠤ ᠲᠡᠳᠤᠢ ᠪᠢᠰᠢ᠂ ᠬᠠᠷᠢᠨ ᠬᠤᠨᠤᠵᠤ ᠰᠠᠭᠤᠬᠤ᠂ ᠢᠳᠡᠬᠡᠨ ᠤᠮᠳᠠᠭᠠᠨ ᠤ ᠥᠢᠯᠡᠴᠢᠯᠡᠭᠡ ᠠᠴᠠ ᠭᠠᠳᠠᠨ᠎ᠠ ᠵᠤᠭᠠᠴᠠᠭᠰᠠᠳ ᠲᠤ ᠵᠢᠷᠤᠭ ᠲᠠᠳᠠᠵᠤ ᠥᠭᠭᠦ᠂ ᠮᠤᠷᠢ ᠲᠡᠮᠡᠭᠡ ᠪᠠᠨ ᠤᠨᠤᠭᠤᠯᠬᠤ᠂ ᠥᠨᠳᠤᠰᠤᠳᠡᠨ ᠤ ᠤᠨᠴᠠᠯᠢᠭ ᠲᠠᠢ ᠬᠤᠭᠤᠯᠠ ᠤᠮᠳᠠ ᠪᠡᠯᠡᠳᠬᠡᠵᠤ ᠥᠭᠭᠦ ᠵᠡᠷᠬᠡ ᠪᠥᠷᠢᠨ ᠲᠥᠭᠦᠷ ᠥᠢᠯᠡᠴᠢᠯᠡᠬᠡᠨ ᠤ ᠰᠢᠰᠲ᠋ᠧᠮᠵᠢ ᠶᠢ ᠪᠤᠢ ᠪᠤᠯᠭᠠᠵᠤ᠂ ᠵᠢᠭᠤᠯᠴᠢᠯᠠᠯ ᠤᠨ ᠥᠢᠯᠡᠴᠢᠯᠡᠬᠡᠨ ᠤ ᠬᠡᠪᠴᠢᠶ᠎ᠡ ᠶᠢ ᠥᠷᠬᠡᠳᠬᠡᠵᠤ᠂ ᠤᠷᠤᠨ ᠨᠤᠳᠤᠭ ᠤᠨ ᠮᠠᠯᠴᠢᠨ ᠲᠥᠮᠡᠨ ᠤ ᠵᠢᠭᠤᠯᠴᠢᠯᠠᠯ ᠤᠨ ᠤᠷᠤᠯᠭ᠎ᠠ ᠶᠢ ᠨᠡᠮᠡᠭᠳᠡᠭᠦᠯᠵᠤ ᠪᠠᠶᠢᠨ᠎ᠠ ᠬᠡᠯ᠎ᠡ᠃       ᠠᠯᠠᠱᠠ ᠨᠤᠳᠤᠭ ᠤᠨ ᠵᠢᠭᠤᠯᠴᠢᠯᠠᠯ ᠤᠨ ᠥᠢᠯᠡᠰ ᠤᠨ ᠬᠥᠭᠵᠢᠯᠳᠡ ᠶᠢ ᠲᠠᠭᠠᠯᠳᠤᠨ ᠮᠠᠯᠴᠢᠨ ᠵᠠᠯᠠᠭᠤᠰ ᠮᠠᠨᠢ ᠠᠰᠢᠭ ᠤᠷᠤᠯᠭ᠎ᠠ ᠪᠠᠨ ᠨᠡᠮᠡᠭᠳᠡᠭᠦᠯᠭᠦ ᠠᠵᠠ ᠲᠤᠬᠢᠶᠠᠯ ᠢ ᠡᠵᠡᠮᠳᠡᠵᠤ᠂ ᠬᠤᠪᠢ ᠶᠢᠨ ᠲᠡᠷᠬᠡ ᠤᠨᠤᠭ᠎ᠠ ᠪᠠᠷ ᠢᠶᠠᠨ ᠬᠤᠯᠠ ᠶᠢᠨ ᠵᠤᠭᠠᠴᠠᠭᠰᠠᠳ ᠢ ᠤᠭᠳᠤᠨ ᠬᠦᠢᠴᠡᠳᠬᠡᠬᠦ ᠥᠢᠯᠡᠴᠢᠯᠡᠬᠡᠨ ᠤ ᠥᠢᠯᠡᠰ ᠨᠢ ᠬᠦᠳᠡᠭᠡ ᠨᠤᠳᠤᠭ ᠤᠨ ᠪᠠᠰᠠ ᠨᠢᠬᠡᠨ ᠠᠳᠠᠯ ᠠᠮᠢᠳᠤᠷᠠᠯ ᠤᠨ ᠬᠡᠯᠪᠡᠷᠢ᠂ ᠠᠵᠢᠯ ᠦᠢᠯᠡᠰ ᠤᠨ ᠨᠢᠬᠡᠨ ᠴᠤᠬᠴᠠ ᠪᠤᠯᠵᠦ ᠪᠠᠶᠢᠨ᠎ᠠ᠃ ᠲᠡᠷᠡᠴᠢᠯᠡᠨ ᠵᠠᠯᠠᠭᠤᠴᠤᠳ ᠤᠨ ᠲᠠᠶᠢᠴᠢᠯᠠᠯᠳᠠ ᠪᠠᠷ ᠲᠡᠮᠡᠬᠡᠳᠤ ᠭᠠᠴᠠᠭᠠᠨ ᠤ ᠮᠠᠯᠴᠢᠳ ᠪᠦᠬᠦᠳᠡᠬᠡᠷ ᠵᠢᠭᠤᠯᠴᠢᠯᠠᠯ ᠤᠨ ᠥᠢᠯᠡᠰ ᠲᠤ ᠤᠷᠤᠯᠴᠠᠨ ᠵᠠᠷᠢᠮ ᠡᠷᠤᠬᠡ ᠨᠢ ᠵᠤᠭᠠᠴᠠᠭᠰᠠᠳ ᠲᠤ ᠬᠤᠨᠤᠵᠤ ᠰᠠᠭᠤᠬᠤ᠂ ᠢᠳᠡᠬᠡᠨ ᠤᠮᠳᠠᠭᠠᠨ ᠤ ᠥᠢᠯᠡᠴᠢᠯᠡᠭᠡ ᠬᠠᠩᠭᠠᠵᠤ᠂ ᠵᠠᠷᠢᠮ ᠡᠷᠤᠬᠡ ᠨᠢ ᠨᠤᠳᠤᠭ ᠤᠨ ᠥᠵᠡᠮᠵᠢ ᠪᠠᠨ ᠰᠤᠨᠢᠷᠬᠠᠭᠤᠯᠵᠤ᠂ ᠵᠤᠭᠠᠴᠠᠭᠰᠠᠳ ᠲᠤ ᠵᠢᠷᠤᠭ ᠲᠠᠳᠠᠵᠤ ᠥᠭᠭᠦ᠂ ᠬᠦᠳᠤᠴᠢ ᠵᠠᠮᠴᠢ ᠪᠤᠯᠵᠤ ᠪᠠᠶᠢᠬᠤ ᠳᠤ᠂ ᠪᠠᠰᠠ ᠵᠠᠷᠢᠮ ᠡᠷᠤᠬᠡ ᠨᠢ ᠮᠤᠷᠢ ᠲᠡᠮᠡᠭᠡ ᠪᠠᠨ ᠵᠤᠭᠠᠴᠠᠭᠰᠠᠳ ᠲᠤ ᠤᠨᠤᠭᠤᠯᠵᠤ ᠲᠤᠭᠤᠷᠢᠭᠤᠯᠬᠤ ᠵᠡᠷᠬᠡ ᠪᠥᠭᠦ ᠭᠠᠴᠠᠭ᠎ᠠ ᠪᠠᠷ ᠢᠶᠠᠨ ᠵᠢᠭᠤᠯᠴᠢᠯᠠᠯ ᠤᠨ ᠤᠢᠢᠯᠠᠴᠢᠯᠡᠭᠡ ᠶᠢ ᠬᠦᠷ ᠬᠦᠭᠵᠢᠶᠠᠠᠳᠠᠢ ᠡᠵᠡᠩᠨᠠᠨ᠂ ᠠᠯᠠᠱᠠ ᠨᠤᠳᠤᠭ ᠤᠨ ᠨᠡᠷ᠎ᠡ ᠠᠯᠳᠠᠷ ᠢ ᠲᠠᠶᠠᠩ ᠳᠤ ᠲᠠᠭᠤᠷᠢᠰᠬᠠᠨ ᠤᠷᠤᠨ ᠨᠤᠳᠤᠭ ᠤᠨ ᠵᠢᠭᠤᠯᠴᠢᠯᠠᠯ ᠤᠨ ᠥᠢᠯᠡᠰ ᠢ ᠬᠥᠭᠵᠢᠭᠦᠯᠭᠦ ᠳᠤ ᠬᠦᠴᠦᠨ ᠵᠢᠳᠬᠦᠯ ᠢᠶᠠᠨ ᠡᠷᠭᠦᠭᠰᠡᠬᠡᠷ ᠪᠠᠶᠢᠭ᠎ᠠ ᠪᠢᠯᠠ᠃ ᠲᠡᠳᠡᠨ ᠤ ᠦᠢᠯᠡᠰ ᠮᠦᠨ ᠴᠦ ᠰᠢᠨ᠎ᠠ ᠨᠢᠬᠡᠨ ᠪᠠᠶᠠᠵᠢᠯ ᠤᠨ ᠬᠠᠷᠭᠤᠢ ᠪᠠᠶᠢᠯ᠎ᠠ᠃                                                          ︵ᠵᠣᠬᠢᠶᠠᠭᠴᠢ᠄ ᠳᠠᠪᠰᠢᠯᠳᠣ︶
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号