ᠥᠪᠤᠷ ᠮᠣᠩᠭᠤᠯ ᠤᠨ ᠢᠷᠠᠭᠤ ᠨᠠᠶᠢᠷᠠᠭ ᠤᠨ ᠵᠣᠬᠢᠶᠠᠨ ᠪᠦᠳᠦᠭᠡᠯᠭᠡ ᠶᠢᠨ ᠶᠠᠷᠢᠯᠴᠠᠬᠤ ᠬᠤᠷᠠᠯ ᠵᠢᠴᠢ 2020 ᠣᠨ ᠤ ︽ᠦᠨᠳᠦᠰᠦᠳᠡᠨ ᠤ ᠤᠳᠬ᠎ᠠ ᠵᠣᠬᠢᠶᠠᠯ︾ ︵ᠮᠣᠩᠭᠤᠯ ᠬᠡᠪᠯᠡᠯ︶ ᠤᠨ ᠵᠣᠬᠢᠶᠠᠯᠴᠢ ᠣᠷᠴᠢᠭᠤᠯᠤᠭᠴᠢᠳ ᠤᠨ ᠪᠣᠯᠪᠠᠰᠤᠷᠠᠯ ᠤᠨ ᠠᠩᠭᠢ ᠪᠠᠶᠠᠨᠬᠤᠳᠠ ᠳᠤ ᠡᠬᠢᠯᠡᠯ᠎ᠡ
ᠨᠡᠶᠢᠲᠡᠯᠡᠭᠰᠡᠨ ᠴᠠᠭ᠄
2020/10/14
      10 ᠰᠠᠷ᠎ᠠ ᠶᠢᠨ 11 ᠤ ᠡᠳᠤᠷ ᠥᠪᠤᠷ ᠮᠣᠩᠭᠤᠯ ᠤᠨ ᠢᠷᠠᠭᠤ ᠨᠠᠶᠢᠷᠠᠭ ᠤᠨ ᠵᠣᠬᠢᠶᠠᠨ ᠪᠦᠳᠦᠭᠡᠯᠭᠡ ᠶᠢᠨ ᠶᠠᠷᠢᠯᠴᠠᠬᠤ ᠬᠤᠷᠠᠯ ᠵᠢᠴᠢ 2020 ᠣᠨ ᠤ ︽ᠦᠨᠳᠦᠰᠦᠳᠡᠨ ᠤ ᠤᠳᠬ᠎ᠠ ᠵᠣᠬᠢᠶᠠᠯ︾ ︵ᠮᠣᠩᠭᠤᠯ ᠬᠡᠪᠯᠡᠯ︶ ᠤᠨ ᠵᠣᠬᠢᠶᠠᠯᠴᠢ ᠣᠷᠴᠢᠭᠤᠯᠤᠭᠴᠢᠳ ᠤᠨ ᠪᠣᠯᠪᠠᠰᠤᠷᠠᠯ ᠤᠨ ᠠᠩᠭᠢ ᠶᠢᠨ ᠡᠬᠢᠯᠡᠯᠳᠡ ᠶᠢᠨ ᠶᠣᠰᠤᠯᠠᠯ ᠪᠠᠶᠠᠨᠬᠤᠳᠠ ᠳᠤ ᠠᠮᠵᠢᠯᠲᠠ ᠲᠠᠢ ᠪᠤᠯᠤᠯ᠎ᠠ᠃       ᠲᠥᠷᠪᠡᠨ ᠵᠦᠭ ᠨᠠᠢᠮᠠᠨ ᠵᠣᠪᠬᠢᠰ ᠠᠴᠠ ᠡᠷᠲᠡᠮᠳᠡᠨ ᠰᠣᠳᠣᠯᠭᠠᠳᠠᠨ᠂ ᠢᠷᠠᠭᠤ ᠨᠠᠶᠢᠷᠠᠭᠴᠢ ᠨᠠᠷ ᠬᠤᠷᠠᠨ ᠴᠤᠭᠯᠠᠷᠠᠭᠰᠠᠨ ᠡᠨᠡ ᠤᠳᠠᠭᠠᠨ ᠤ ᠶᠠᠷᠢᠯᠴᠠᠬᠤ ᠬᠤᠷᠠᠯ ᠪᠠ ᠪᠣᠯᠪᠠᠰᠤᠷᠠᠯ ᠤᠨ ᠠᠩᠭᠢ ᠶᠢ ︽ᠦᠨᠳᠦᠰᠦᠲᠡᠨ ᠤ ᠤᠳᠬ᠎ᠠ ᠵᠣᠬᠢᠶᠠᠯ︾ ᠰᠡᠳᠬᠦᠯ ᠤᠨ ᠬᠤᠷᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠠᠴᠠ ᠭᠤᠣᠯᠴᠢᠯᠠᠨ ᠡᠷᠬᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠣᠬᠢᠶᠠᠯᠴᠢᠳ ᠤᠨ ᠡᠪᠯᠡᠯ᠂ ᠠᠯᠠᠱᠠ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠠᠯᠠᠱᠠ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠳᠠᠭᠠᠭᠠᠴᠢᠯᠠᠨ ᠡᠷᠬᠢᠯᠡᠵᠤ᠂ ᠶᠠᠷᠢᠶ᠎ᠠ ᠢᠯᠡᠳᠭᠡᠯ ᠬᠢᠭᠦ᠂ ᠥᠪᠤᠷ ᠮᠣᠩᠭᠤᠯ ᠤᠨ ᠢᠷᠠᠭᠤ ᠨᠠᠶᠢᠷᠠᠭ ᠤᠨ ᠵᠣᠬᠢᠶᠠᠨ ᠪᠦᠳᠦᠭᠡᠯᠭᠡ ᠶᠢᠨ ᠶᠠᠷᠢᠯᠴᠠᠬᠤ ᠬᠤᠷᠠᠯ ᠢ ᠬᠤᠷᠠᠯᠳᠣᠭᠤᠯᠬᠤ᠂ ᠠᠯᠠᠱᠠ ᠠᠶᠢᠮᠠᠭ ᠤᠨ ᠤᠳᠬ᠎ᠠ ᠵᠣᠬᠢᠶᠠᠯ ᠤᠨ ᠵᠣᠬᠢᠶᠠᠨ ᠪᠦᠲᠦᠭᠡᠬᠦ ᠰᠠᠭᠤᠷᠢᠨ ᠭᠠᠵᠠᠷ ᠢᠶᠠᠷ ᠲᠤᠭᠤᠷᠢᠨ ᠦᠵᠡᠬᠦ ᠵᠡᠷᠭᠡ ᠤᠳᠬ᠎ᠠ ᠵᠣᠬᠢᠶᠠᠯ ᠤᠨ ᠦᠢᠯᠡᠳᠦᠯᠭᠡ ᠶᠢᠨ ᠠᠵᠢᠯᠯᠠᠭ᠎ᠠ ᠶᠢᠨ ᠠᠭᠤᠯᠭ᠎ᠠ ᠪᠠᠷ 2 ᠡᠳᠦᠷ ᠤᠨ ᠬᠤᠭᠤᠴᠠᠭ᠎ᠠ ᠲᠠᠢ ᠶᠠᠪᠤᠬᠳᠠᠬᠤ ᠪᠠᠷ ᠪᠠᠶᠢᠨ᠎ᠠ᠃ ᠦᠪᠦᠷ ᠮᠤᠩᠭᠤᠯ ᠤᠨ ᠡᠯ᠎ᠠ ᠠᠶᠢᠮᠠᠭ ᠬᠤᠳᠠ ᠶᠢᠨ ᠤᠷᠴᠢᠭᠤᠯᠤᠬᠴᠢ᠂ ᠢᠷᠠᠭᠤ ᠨᠠᠶᠢᠷᠠᠬᠴᠢ ᠶᠢ ᠪᠠᠭᠳᠠᠭᠠᠬᠰᠠᠨ 60 ᠭᠠᠷᠤᠢ ᠬᠦᠮᠦᠨ ᠪᠤᠯᠪᠠᠰᠤᠷᠠᠯ ᠳᠤ ᠤᠷᠤᠯᠴᠠᠪᠠ᠃       ᠠᠯᠠᠱᠠ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠤᠭᠠᠨ ᠤ ᠨᠠᠮ ᠤᠨ ᠲᠤᠭᠤᠶᠢᠯᠡᠩ ᠤᠨ ᠱᠦᠵᠢ᠂ ᠲᠡᠷᠢᠭᠦᠯᠡᠭᠴᠢ ᠡ᠊ · ᠪᠣᠯᠣᠳ ᠠᠴᠠ ᠥᠪᠤᠷ ᠮᠣᠩᠭᠤᠯ ᠤᠨ ᠢᠷᠠᠭᠤ ᠨᠠᠶᠢᠷᠠᠭ ᠤᠨ ᠵᠣᠬᠢᠶᠠᠨ ᠪᠦᠳᠦᠭᠡᠯᠭᠡ ᠶᠢᠨ ᠶᠠᠷᠢᠯᠴᠠᠬᠤ ᠬᠤᠷᠠᠯ ᠵᠢᠴᠢ 2020 ᠣᠨ ᠤ ︽ᠦᠨᠳᠦᠰᠦᠳᠡᠨ ᠤ ᠤᠳᠬ᠎ᠠ ᠵᠣᠬᠢᠶᠠᠯ︾ ︵ᠮᠣᠩᠭᠤᠯ ᠬᠡᠪᠯᠡᠯ︶ ᠤᠨ ᠵᠣᠬᠢᠶᠠᠯᠴᠢ ᠣᠷᠴᠢᠭᠤᠯᠤᠭᠴᠢᠳ ᠤᠨ ᠪᠣᠯᠪᠠᠰᠤᠷᠠᠯ ᠤᠨ ᠠᠩᠭᠢ ᠬᠤᠶᠠᠷ ᠠᠵᠢᠯᠯᠠᠭ᠎ᠠ ᠶᠢ ᠵᠡᠷᠭᠡ ᠪᠠᠷ ᠶᠠᠪᠤᠭᠳᠠᠭᠤᠯᠤᠯ᠎ᠠ᠂ ᠡᠬᠦᠨ ᠳᠤ ︽ᠦᠨᠳᠦᠰᠦᠳᠡᠨ ᠤ ᠤᠳᠬ᠎ᠠ ᠵᠤᠬᠢᠶᠠᠯ︾ ᠨᠠᠶᠢᠷᠠᠭᠤᠯᠬᠤ ᠬᠡᠯᠲᠡᠰ᠂ ᠥᠪᠤᠷ ᠮᠣᠩᠭᠤᠯ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠵᠡᠷᠭᠡ ᠮᠠᠰᠢ ᠣᠯᠠᠨ ᠪᠠᠶᠢᠭᠤᠯᠣᠯᠭ᠎ᠠ ᠲᠡᠮᠵᠢᠵᠦ ᠪᠦᠬᠦ ᠤᠯᠤᠰ ᠤᠨ ᠴᠢᠨᠠᠷᠳᠡᠢ ᠨᠡᠯᠢᠶᠡᠳ ᠦᠨᠳᠦᠷ ᠲᠡᠰ ᠤᠨ ᠠᠵᠢᠯᠯᠠᠭ᠎ᠠ ᠪᠣᠯᠣᠯ᠎ᠠ᠂ ᠡᠬᠦᠨ ᠢᠶᠠᠷ ᠲᠠᠮᠵᠢᠨ ᠮᠠᠨ ᠤ ᠠᠯᠠᠱᠠ ᠶᠢᠨ ᠤᠳᠬ᠎ᠠ ᠵᠣᠬᠢᠶᠠᠯ᠂ ᠠᠯᠠᠱᠠ ᠶᠢᠨ ᠣᠷᠴᠢᠭᠤᠯᠭ᠎ᠠ ᠶᠢᠨ ᠠᠵᠢᠯ ᠡᠬᠦᠨ ᠠᠴᠠ ᠰᠢᠨ᠎ᠡ ᠡᠨᠧᠷᠬᠢ ᠠᠪᠴᠤ᠂ ᠨᠣᠳᠤᠭ ᠤᠨ ᠤᠳᠬ᠎ᠠ ᠵᠣᠬᠢᠶᠠᠯ᠂ ᠣᠷᠴᠢᠭᠤᠯᠭ᠎ᠠ ᠶᠢ ᠬᠥᠭᠵᠢᠭᠦᠯᠵᠦ ᠳᠠᠶᠢᠴᠢᠯᠠᠬᠤ ᠪᠠᠷ ᠵᠣᠷᠢᠯᠭ᠎ᠠ ᠪᠠᠨ ᠪᠣᠯᠭᠠᠭᠰᠠᠨ ᠭᠡᠵᠤ ᠪᠠᠶᠢᠯ᠎ᠠ᠃                                     ︵ᠵᠣᠬᠢᠶᠠᠭᠴᠢ᠄ ᠡᠷᠳᠡᠨᠢᠴᠡᠴᠡᠭ     ᠬᠤᠶᠢᠳ ᠰᠡᠴᠡᠨ︶
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号