ᠠᠯᠠᠱᠠ ᠠᠶᠢᠮᠠᠭ ᠤᠨ ︽10 · 1︾ ᠤ ᠠᠮᠠᠷᠠᠯᠳᠠ ᠶᠢᠨ ᠵᠢᠭᠤᠯᠴᠢᠯᠠᠯ ᠤᠨ ᠣᠷᠣᠯᠭ᠎ᠠ 25.64 ᠳ᠋ᠦᠩᠰᠢᠭᠤᠷ ᠲᠥᠭᠦᠷᠢᠭ ᠲᠤ ᠬᠦᠷᠴᠡᠶ
ᠨᠡᠶᠢᠲᠡᠯᠡᠭᠰᠡᠨ ᠴᠠᠭ᠄
2020/10/14
     ᠡᠨᠡ ᠵᠢᠯ ᠤᠨ ᠤᠯᠤᠰ ᠤᠨ ᠪᠠᠶᠠᠷ ᠪᠤᠯᠤᠨ ᠨᠠᠢᠮᠠᠨ ᠰᠠᠷ᠎ᠠ ᠶᠢᠨ ᠠᠷᠪᠠᠨ ᠳᠠᠪᠣᠨ ᠤ ᠠᠮᠠᠷᠠᠯᠲᠠ ᠶᠢᠨ ᠬᠤᠭᠤᠴᠠᠭᠠᠨ ᠳᠤ ᠮᠠᠨ ᠤ ᠠᠶᠢᠮᠠᠭ ᠨᠠᠶᠢᠳᠠ 359.6 ᠲᠦᠮᠡᠨ ᠲᠤᠭᠤᠷᠢᠨ ᠵᠤᠭᠠᠴᠠᠭᠰᠠᠳ ︵ᠤᠳᠠᠭ᠎ᠠ︶ ᠢ ᠬᠦᠯᠢᠶᠡᠨ ᠵᠣᠴᠢᠯᠠᠵᠦ᠂ 25.64 ᠳ᠋ᠦᠩᠰᠢᠭᠤᠷ ᠲᠥᠭᠦᠷᠢᠭ ᠤᠨ ᠵᠢᠭᠤᠯᠴᠢᠯᠠᠯ ᠤᠨ ᠣᠷᠣᠯᠭ᠎ᠠ ᠶᠢ ᠪᠡᠶᠡᠯᠡᠭᠦᠯᠦᠭᠰᠡᠨ ᠪᠠᠶᠢᠨ᠎ᠠ᠃      ᠡᠨᠡ ᠵᠢᠯ᠂ ᠮᠠᠨ ᠤ ᠠᠶᠢᠮᠠᠭ ᠤᠨ ᠡᠯ᠎ᠡ ᠬᠤᠰᠢᠭᠤ ᠤᠷᠤᠨ ᠤ ᠬᠢᠨ ᠵᠢᠭᠤᠯᠴᠢᠯᠠᠯ ᠤᠨ ᠬᠤᠭᠤᠴᠠᠭ᠎ᠠ ᠶᠢ ᠤᠷᠲᠤᠳᠬᠠᠬᠤ ᠶᠢ ᠪᠣᠳᠣᠯᠬᠢᠯᠠᠵᠤ᠂ ᠵᠠᠷᠢᠮ ᠵᠢᠭᠤᠯᠴᠢᠯᠠᠯ ᠤᠨ ᠠᠵᠢᠯᠯᠠᠭ᠎ᠠ ᠳᠤ ᠲᠣᠬᠢᠷᠠᠭᠤᠯᠤᠯᠲᠠ ᠬᠢᠵᠦ᠂ ᠪᠠᠶᠠᠷ ᠤᠨ ᠡᠳᠦᠷ ᠠᠴᠠ ᠡᠮᠦᠨ᠎ᠠ᠂ ᠪᠡᠶᠡᠷ ᠤᠨ ᠡᠳᠦᠷ ᠤᠨ ᠬᠤᠭᠤᠴᠠᠭ᠎ᠠ ᠪᠠ ᠪᠠᠶᠠᠷ ᠤᠨ ᠡᠳᠦᠷ ᠤᠨ ᠳᠠᠷᠠᠭᠠᠬᠢ ᠵᠡᠷᠬᠡ 3 ᠱᠠᠲᠤ ᠶᠢ ᠪᠦᠷᠢᠯᠳᠦᠭᠦᠯᠵᠡᠶ᠃ ᠵᠤᠭᠠᠴᠠᠭᠰᠠᠳ ᠤᠨ ᠰᠤᠨᠢᠷᠬᠠᠯ ᠢ ᠲᠠᠲᠠᠬᠤ ᠶᠢᠨ ᠲᠤᠰᠠᠳᠠ᠂ ᠠᠯᠠᠱᠠ ᠶᠢᠨ ᠪᠠᠭᠠᠲᠤᠷᠴᠤᠳ ᠤᠨ ᠴᠤᠭᠯᠠᠭᠠᠨ᠂ ᠠᠷᠪᠠᠨ ᠵᠢᠷᠭᠤᠳᠣᠭᠠᠷ ᠬᠤᠭᠤᠴᠠᠭᠠᠨ ᠤ ᠠᠯᠠᠱᠠ ᠶᠢᠨ ᠦᠵᠡᠮᠦᠷᠢ ᠶᠢᠨ ᠴᠢᠯᠠᠭᠤᠨ ᠤ ᠰᠣᠶᠣᠯ ᠵᠢᠭᠤᠯᠴᠢᠯᠠᠯ ᠤᠨ ᠨᠠᠶᠢᠷ ᠵᠢᠴᠢ ᠳᠤᠮᠳᠠᠳᠤ ᠤᠯᠤᠰ ᠤᠨ ᠬᠤᠷᠢᠶᠠᠨ ᠬᠠᠳᠠᠭᠠᠯᠠᠭᠴᠢᠳ ᠤᠨ ᠨᠡᠶᠢᠭᠡᠮᠯᠢᠭ ᠤᠨ ᠠᠷᠠᠳ ᠤᠨ ᠳᠤᠮᠳᠠᠬᠢ ᠬᠤᠷᠢᠶᠠᠨ ᠬᠠᠳᠠᠭᠠᠯᠠᠬᠤ ᠳᠡᠭᠡᠳᠦ ᠲᠠᠰ ᠤᠨ ᠶᠠᠷᠢᠶᠠᠨ ᠤ ᠲᠠᠪᠴᠠᠩ᠂ 2020 · ᠪᠠᠳᠠᠶ ᠶᠢᠨ ᠵᠢᠷᠠᠨ ᠤ ᠡᠯᠡᠰᠦ ᠮᠠᠩᠬᠠᠨ ᠤ ᠰᠣᠶᠣᠯ ᠵᠢᠭᠤᠯᠴᠢᠯᠠᠯ ᠤᠨ ᠨᠠᠶᠢᠷ᠂ 2020 ᠣᠨ ᠤ ᠳᠤᠮᠳᠠᠳᠤ ᠤᠯᠤᠰ · ᠡᠵᠡᠨ᠎ᠡ ᠬᠤᠰᠢᠭᠤᠨ ᠤ ᠬᠤᠷᠢᠨ ᠨᠢᠭᠡᠳᠦᠭᠡᠷ ᠬᠤᠭᠤᠴᠠᠭᠠᠨ ᠤ ᠣᠯᠠᠨ ᠤᠯᠤᠰ ᠤᠨ ᠰᠢᠷᠭᠠᠯ ᠨᠠᠮᠤᠷ ᠤᠨ ᠲᠤᠤᠷᠡᠢ ᠶᠢᠨ ᠤᠢ ᠶᠢᠨ ᠠᠮᠢ ᠠᠬᠤᠶ ᠶᠢᠨ ᠵᠢᠭᠤᠯᠴᠢᠯᠠᠯ ᠤᠨ ᠨᠠᠶᠢᠷ ᠵᠡᠷᠭᠡ ᠴᠢᠬᠤᠯᠠ ᠶᠡᠭᠡ ᠰᠣᠶᠣᠯ ᠵᠢᠭᠤᠯᠴᠢᠯᠠᠯ ᠤᠨ ᠨᠠᠶᠢᠷ ᠨᠠᠭᠠᠳᠤᠮ ᠤᠨ ᠠᠵᠢᠯᠯᠠᠭ᠎ᠠ ᠶᠢ ᠡᠷᠭᠢᠯᠡᠨ᠂ ᠠᠮᠠᠷᠠᠯᠲᠠ ᠶᠢᠨ ᠡᠳᠦᠷ ᠤᠨ ᠵᠢᠭᠤᠯᠴᠢᠯᠠᠯ ᠤᠨ ᠦᠢᠯᠡᠳᠬᠦᠨ ᠤ ᠬᠠᠩᠭᠠᠯᠭ᠎ᠠ ᠶᠢ ᠪᠠᠶᠠᠯᠢᠭᠵᠢᠭᠤᠯᠵᠦ᠂ ᠵᠢᠭᠤᠯᠴᠢᠯᠠᠯ ᠤᠨ ᠬᠡᠷᠡᠭᠯᠡᠭᠡ ᠶᠢ ᠥᠷᠭᠡᠳᠬᠡᠨ ᠳᠡᠰ ᠳᠡᠪᠰᠢᠭᠦᠯᠬᠦ ᠶᠢ ᠤᠯᠠᠮ ᠨᠢᠭᠡ ᠠᠯᠬᠤᠮ ᠠᠬᠢᠭᠤᠯᠪᠠ᠃    ᠤᠯᠤᠰ ᠤᠨ ᠪᠠᠶᠠᠷ ᠤᠨ ᠬᠤᠭᠤᠴᠠᠭᠠᠨ ᠳᠤ᠂ ᠮᠠᠨ ᠤ ᠠᠶᠢᠮᠠᠭ ᠲᠤ 90.58 ᠬᠦᠮᠦᠨ ︵ᠤᠳᠠᠭ᠎ᠠ︶ ᠬᠤᠨᠤᠭᠯᠠᠵᠦ᠂ 17.77 ᠳ᠋ᠦᠩᠰᠢᠭᠤᠷ ᠲᠥᠭᠦᠷᠢᠭ ᠤᠨ ᠣᠷᠣᠯᠭ᠎ᠠ ᠡᠭᠦᠳᠴᠦ᠂ ᠦᠡᠭᠬᠡᠷᠡᠬᠦ ᠵᠢᠯ ᠤᠨ ᠠᠳᠠᠯᠢ ᠬᠤᠭᠤᠴᠠᠭ᠎ᠠ ᠠᠴᠠ ᠲᠤᠰ ᠪᠦᠷᠢ 84.2% ᠪᠠ 100.5% ᠪᠤᠯᠳᠠᠯ᠎ᠠ ᠰᠡᠷᠬᠦᠵᠠᠢ᠃ ᠡᠨᠡ ᠵᠢᠯ ᠤᠨ ᠬᠢᠵᠢᠭ ᠤᠨ ᠨᠦᠯᠦᠬᠡ ᠠᠴᠠ ᠪᠤᠯᠵᠦ᠂ ︽10 · 1︾ ᠤ ᠠᠮᠠᠷᠠᠯᠳᠠ ᠶᠢᠨ ᠬᠤᠭᠤᠴᠠᠭᠠᠨ ᠳᠤ ᠮᠠᠨ ᠤ ᠠᠶᠢᠮᠠᠭ ᠲᠤ ᠲᠤᠭᠤᠷᠢᠨ ᠵᠤᠭᠠᠴᠠᠬᠤ ᠪᠠᠷ ᠢᠷᠡᠭᠰᠡᠳ ᠬᠡᠳᠦ᠋ᠢᠪᠡᠷ ᠴᠦᠬᠡᠷᠡᠭᠰᠡᠨ ᠪᠤᠯᠪᠠᠴᠦ᠂ ᠲᠤᠭᠤᠷᠢᠨ ᠵᠤᠭᠠᠴᠠᠭᠰᠠᠳ ᠤᠨ ᠢᠷᠡᠯᠲᠡ ᠶᠢᠨ ᠭᠠᠵᠠᠷ ᠣᠯᠠᠰᠢᠷᠠᠵᠠᠶ᠃ ᠡᠨᠡ ᠵᠢᠯ ᠨᠢᠩᠰᠢᠶᠠ᠂ ᠱᠠᠨᠰᠢ᠂ ᠭᠠᠨᠰᠦ ᠵᠡᠷᠬᠡ ᠬᠦᠷᠰᠢ ᠵᠡᠷᠬᠡᠯᠡᠳᠡᠭᠡ ᠭᠠᠵᠡᠷ ᠤᠷᠤᠨ ᠤ ᠲᠤᠭᠤᠷᠢᠨ ᠵᠤᠭᠠᠴᠠᠭᠰᠠᠳ ᠠᠴᠠ ᠭᠠᠳᠠᠨ᠎ᠠ᠂ ᠪᠠᠰᠠ ᠰᠧᠴᠤᠸᠠᠨ᠂ ᠴᠦᠩᠴᠢᠩ᠂ ᠾᠧᠨᠠᠨ᠂ ᠾᠧᠪᠸᠢ᠂ ᠪᠡᠭᠡᠵᠢᠩ᠂ ᠭᠤᠸᠠᠩᠳᠦ᠋ᠩ᠂ ᠰᠢᠨᠵᠢᠶᠠᠩ᠂ ᠲᠥᠪᠡᠳ ᠢᠶᠠᠷ ᠭᠤᠤᠯ ᠪᠣᠯᠭᠠᠭᠰᠠᠨ 31 ᠮᠤᠵᠢ ᠬᠤᠲᠠ᠂ ᠥᠪᠡᠷᠲᠡᠭᠡᠨ ᠵᠠᠰᠠᠬᠤ ᠣᠷᠣᠨ ᠤ ᠲᠤᠭᠤᠷᠢᠨ ᠵᠤᠭᠠᠴᠠᠭᠰᠠᠳ ᠢᠶᠠᠷ ᠭᠤᠤᠯᠯᠠᠵᠠᠢ᠃ ᠪᠦᠬᠦ ᠠᠶᠢᠮᠠᠭ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠨᠠᠩ ᠪᠣᠯᠪᠠᠰᠤᠷᠠᠩᠭᠤᠶ ᠲᠣᠭᠲᠠᠭᠤᠨ ᠬᠥᠭᠵᠢᠯᠲᠡ ᠶᠢᠨ ᠪᠠᠶᠢᠳᠠᠯ ᠲᠠᠢ ᠪᠣᠯᠵᠤ᠂ ᠬᠥᠮᠦᠨ ᠳᠤᠮᠳᠠᠴᠢ ᠶᠢᠨ ᠬᠡᠷᠡᠭᠯᠡᠭᠡᠨ ᠤ ᠬᠢᠷᠢ ᠳᠦᠪᠰᠢᠨ ᠵᠣᠬᠢᠬᠤ ᠬᠡᠮᠵᠢᠶ᠎ᠡ ᠪᠠᠷ ᠳᠡᠭᠡᠭᠰᠢᠯᠡᠨ᠂ ᠵᠢᠭᠤᠯᠴᠢᠯᠠᠯ ᠤᠨ ᠶᠡᠷᠦᠩᠬᠡᠶ ᠣᠷᠣᠯᠭ᠎ᠠ ᠢᠯᠡᠳᠲᠡ ᠨᠡᠮᠡᠭᠳᠡᠵᠠᠢ᠃ ᠡᠭᠦᠨ ᠤ ᠬᠠᠮᠲᠤ᠂ ᠪᠦᠬᠦ ᠠᠶᠢᠮᠠᠭ ᠤᠨ ᠣᠳᠣᠨ ᠲᠠᠰ ᠤᠨ ᠪᠠᠭᠤᠳᠠᠯ᠂ ᠦᠵᠡᠮᠵᠢ ᠶᠢᠨ ᠣᠷᠣᠨ ᠤ ᠪᠠᠭᠤᠳᠠᠯ ᠵᠢᠴᠢ ᠮᠠᠯᠴᠢᠨ ᠲᠠᠷᠢᠶᠠᠴᠢᠨ ᠠᠶᠢᠯ ᠤᠨ ᠵᠢᠭᠤᠯᠴᠢᠯᠠᠯ ᠢ ᠵᠡᠷᠭᠡᠪᠡᠷ ᠰᠡᠷᠭᠦᠭᠡᠨ ᠬᠥᠭᠵᠢᠭᠦᠯᠵᠦ᠂ ᠪᠦᠬᠦ ᠠᠶᠢᠮᠠᠭ ᠤᠨ ᠣᠳᠣᠨ ᠲᠠᠰ ᠤᠨ 21 ᠪᠠᠭᠤᠳᠠᠯ ᠤᠨ ᠬᠢᠨ ᠬᠡᠷ ᠢᠶᠠᠨ ᠲᠦᠷᠢᠶᠡᠰᠦᠯᠡᠭᠰᠡᠨ ᠨᠤᠷᠮ᠎ᠠ        80.7% ᠳᠤ ᠬᠦᠷᠬᠦ ᠶᠢᠨ ᠲᠠᠭᠠᠤ᠂ ᠵᠢᠭᠤᠯᠴᠢᠯᠠᠯ ᠤᠨ ᠤᠷᠤᠨ ᠤ ᠨᠠᠶᠢᠷ ᠲᠠᠶᠢᠯᠠᠯᠭ᠎ᠠ ᠨᠡᠮᠡᠭᠳᠡᠵᠦ᠂ ᠦᠡᠭᠬᠡᠷᠡᠬᠦ ᠵᠢᠯ ᠤᠨ ᠠᠳᠠᠯᠢ ᠬᠤᠭᠤᠴᠠᠭᠠᠨ ᠤ ᠬᠡᠮᠵᠢᠶ᠎ᠡ ᠶᠢ ᠪᠠᠲᠤᠯᠠᠨ᠂ ᠵᠢᠭᠤᠯᠴᠢᠯᠠᠯ ᠤᠨ ᠦᠢᠯᠡᠰ ᠤᠨ ᠶᠡᠷᠦᠩᠬᠡᠶᠢᠯᠡᠭᠰᠡᠨ ᠦᠷ᠎ᠡ ᠠᠰᠢᠭ ᠢ ᠵᠤᠬᠢᠬᠤ ᠬᠡᠮᠵᠢᠶ᠎ᠠ ᠪᠠᠷ ᠨᠡᠮᠡᠭᠳᠡᠬᠦᠯᠦᠭᠰᠡᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号