ᠠᠯᠠᠱᠠ ᠵᠡᠭᠦᠨ ᠬᠤᠰᠢᠭᠤᠨ ᠤ ᠮᠤᠩᠭᠤᠯ ᠦᠨᠳᠦᠰᠦᠳᠡᠨ ᠤ ᠲᠤᠷᠰᠢᠯᠳᠡ ᠶᠢᠨ ᠪᠠᠭ᠎ᠠ ᠰᠤᠷᠭᠠᠭᠤᠯᠢ ᠶᠢᠨ ᠬᠦᠨᠳᠦ ᠬᠦᠡᠭᠭᠡᠨ ᠪᠡᠶ᠎ᠠ ᠶᠢᠨ ᠲᠠᠮᠢᠷ ᠤᠨ ᠤᠷᠤᠯᠳᠦᠭᠠᠨ ᠬᠦᠭᠵᠢᠶᠡᠨ ᠲᠠᠢ ᠰᠠᠶᠢᠬᠠᠨ ᠡᠬᠢᠯᠡᠯ᠎ᠠ
ᠨᠡᠶᠢᠲᠡᠯᠡᠭᠰᠡᠨ ᠴᠠᠭ᠄
2020/10/14
      10 ᠰᠠᠷ᠎ᠠ ᠶᠢᠨ 11 ᠤ ᠡᠳᠦᠷ᠂ ᠠᠯᠠᠱᠠ ᠵᠡᠭᠦᠨ ᠬᠤᠰᠢᠭᠤᠨ ᠤ ᠮᠤᠩᠭᠤᠯ ᠦᠨᠳᠦᠰᠦᠳᠡᠨ ᠤ ᠲᠤᠷᠰᠢᠯᠳᠡ ᠶᠢᠨ ᠪᠠᠭ᠎ᠠ ᠰᠤᠷᠭᠠᠭᠤᠯᠢ ᠶᠢᠨ ᠬᠤᠷᠢᠨ ᠨᠠᠢᠮᠠᠳᠣᠭᠠᠷ ᠤᠳᠠᠭᠠᠨ ᠤ ᠬᠦᠨᠳᠦ ᠬᠦᠡᠭᠭᠡᠨ ᠪᠡᠶ᠎ᠠ ᠶᠢᠨ ᠲᠠᠮᠢᠷ ᠤᠨ ᠤᠷᠤᠯᠳᠦᠭᠠᠨ ᠪᠠᠶᠠᠨᠬᠤᠳᠡ ᠶᠢᠨ ᠤᠯᠡᠨ ᠬᠡᠷᠡᠭᠴᠡᠭᠡᠳᠦ ᠪᠡᠶ᠎ᠠ ᠶᠢᠨ ᠲᠠᠮᠢᠷ ᠤᠨ ᠲᠠᠯᠠᠪᠦᠷ ᠲᠤ ᠡᠬᠢᠯᠡᠯᠳᠡ ᠶᠢᠨ ᠶᠤᠰᠦᠯᠡᠯ ᠢᠶᠠᠨ ᠶᠠᠪᠤᠭᠤᠯᠵᠦ᠂ ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠤᠭᠳᠠᠬᠤ ᠤᠷᠤᠯᠳᠦᠭᠠᠨ ᠤ ᠬᠥᠰᠢᠭᠡ ᠪᠠᠨ ᠰᠡᠬᠦᠵᠡᠢ᠃       ᠰᠤᠷᠤᠬᠴᠢᠳ ᠤᠨ ᠪᠠᠶ᠎ᠠ ᠶᠢᠨ ᠲᠠᠮᠢᠷ ᠤᠨ ᠬᠦᠳᠡᠯᠭᠡᠭᠡᠨ ᠳᠤ ᠢᠳᠡᠪᠬᠢᠲᠠᠢ ᠤᠷᠤᠯᠴᠠᠨ᠂ ᠪᠠᠶ᠎ᠠ ᠮᠠᠬᠠᠪᠤᠳ ᠢᠶᠠᠨ ᠪᠤᠯᠪᠠᠰᠤᠷᠠᠭᠤᠯᠬᠤ ᠶᠢ ᠵᠤᠷᠢᠬᠵᠢᠭᠤᠯᠬᠤ ᠪᠠᠷ᠂ ᠪᠦᠬᠦ ᠰᠤᠷᠭᠠᠭᠤᠯᠢ ᠶᠢᠨ 23 ᠠᠩᠭᠢ ᠶᠢᠨ 632 ᠰᠤᠷᠤᠭᠴᠢ ᠶᠢ ᠰᠣᠷᠣᠭᠴᠢ ᠨᠢᠭᠡᠪᠦᠷᠢ ᠰᠠᠶᠢᠨ ᠲᠤᠷ᠎ᠠ ᠠᠴᠠ ᠪᠠᠨ ᠭᠤᠷᠪᠠᠨ ᠲᠦᠷᠤᠯ ᠤᠨ ᠤᠷᠤᠯᠳᠦᠭᠠᠨ ᠳᠤ ᠨᠡᠷ᠎ᠠ ᠮᠡᠳᠡᠭᠦᠯᠵᠦ ᠪᠤᠯᠬᠤ ᠪᠠᠷ ᠲᠤᠬᠳᠠᠵᠡᠢ᠃ ᠰᠤᠷᠭᠠᠭᠤᠯᠢ ᠠᠴᠠ ᠪᠠᠰᠠ ᠭᠡᠷ ᠤᠨ ᠠᠬᠠᠮᠠᠳ ᠲᠤ ᠴᠠᠭᠠᠷᠢᠭ ᠲᠠᠭᠤᠬᠤ᠂ ᠲᠡᠭᠡᠰᠦ ᠦᠰᠦᠷᠬᠦ᠂ ᠲᠡᠪᠡᠭ ᠢᠰᠭᠦᠯᠬᠦ ᠵᠡᠷᠭᠡ ᠤᠷᠤᠯᠳᠦᠭᠠᠨ ᠢ ᠲᠤᠬᠢᠷᠠᠭᠤᠯᠤᠨ᠂ ᠤᠯᠡᠨ ᠤ ᠤᠷᠤᠯᠴᠠᠯᠭ᠎ᠠ ᠶᠢ ᠲᠠᠶᠢᠴᠢᠯᠡᠵᠤ᠂ ᠰᠤᠷᠭᠠᠭᠤᠯᠢ᠂ ᠭᠡᠷ ᠤᠨ ᠠᠬᠠᠮᠠᠳ᠂ ᠰᠤᠷᠤᠭᠴᠢ ᠶᠢᠨ ᠬᠤᠭᠤᠷᠤᠨᠳᠤᠬᠢ ᠬᠠᠷᠢᠴᠠᠭ᠎ᠠ ᠶᠢ ᠨᠢᠭᠳᠠᠷᠠᠭᠤᠯᠤᠭᠰᠠᠠ ᠪᠠᠶᠢᠨ᠎ᠠ᠃       ︽ᠮᠠᠨ ᠤ ᠰᠤᠷᠭᠠᠭᠤᠯᠢ ᠬᠦᠨᠳᠦ ᠬᠦᠡᠭᠭᠡᠨ ᠪᠡᠶ᠎ᠠ ᠶᠢᠨ ᠲᠠᠮᠢᠷ ᠤᠨ ᠤᠷᠤᠯᠳᠦᠭᠠᠨ ᠢ ᠵᠢᠯ ᠪᠤᠯᠭᠠᠨ ᠡᠷᠬᠢᠯᠡᠨ ᠶᠠᠪᠤᠭᠤᠯᠵᠦ᠂ ᠪᠡᠶ᠎ᠠ ᠶᠢᠨ ᠲᠠᠮᠢᠷ ᠤᠨ ᠬᠠᠮᠢᠶ᠎ᠠ ᠪᠦᠬᠦᠢ ᠬᠦᠳᠡᠯᠭᠡᠭᠡᠨ ᠢ ᠴᠢᠬᠤᠯᠡ ᠪᠠᠶᠢᠷᠢᠨ ᠳᠤ ᠲᠠᠯᠪᠢᠵᠦ ᠴᠢᠬᠤᠯᠡᠴᠢᠯᠡᠨ ᠬᠦᠨᠳᠦᠳᠭᠡᠳᠡᠭ᠃ ᠤᠷᠤᠯᠳᠦᠭᠠᠨ ᠢᠶᠠᠷ ᠲᠠᠮᠵᠢᠨ ᠰᠣᠷᠣᠭᠴᠢ ᠶᠢᠨ ᠪᠡᠶ᠎ᠡ ᠮᠠᠬᠠᠪᠤᠳ ᠢ ᠳᠠᠪᠳᠠᠨ ᠪᠤᠯᠪᠠᠰᠣᠷᠠᠭᠤᠯᠵᠦ᠂ ᠪᠠᠭᠠᠴᠤᠤᠨ ᠬᠡᠤᠬᠡᠳ ᠤᠨ ᠪᠡᠶ᠎ᠠ ᠰᠡᠳᠬᠢᠴᠡ ᠶᠢᠨ ᠡᠷᠡᠭᠦᠯ ᠢᠶᠠᠷ ᠬᠦᠮᠦᠵᠢᠬᠦ᠂ ᠬᠠᠮᠳᠦᠷᠠᠨ ᠠᠵᠢᠯᠯᠠᠬᠤ᠂ ᠨᠡᠶᠢᠳᠡᠴᠢ ᠦᠵᠡᠯ ᠵᠡᠷᠭᠡ ᠨᠡᠶᠢᠬᠡᠮ ᠳᠤ ᠵᠤᠬᠢᠴᠠᠬᠤ ᠴᠢᠳᠠᠪᠦᠷᠢ ᠶᠢ ᠪᠦᠢᠵᠢᠭᠤᠯᠵᠦ᠂ ᠰᠤᠷᠤᠭᠴᠢᠳ ᠤᠨ ᠭᠤᠸ᠎ᠠ ᠰᠠᠶᠢᠬᠠᠨ᠂ ᠰᠡᠳᠬᠢᠯ ᠤᠷᠮᠠᠰᠢᠯ᠂ ᠲᠡᠰᠪᠦᠷᠢ ᠲᠡᠪᠴᠢᠶᠡᠷᠢ᠂ ᠨᠤᠭᠤᠷᠡᠯ ᠪᠦᠳᠦᠷᠢᠯ ᠢ ᠢᠯᠠᠨ ᠲᠠᠪᠠᠭ᠋ᠤ ᠡᠷᠡᠰ ᠬᠠᠳᠠᠭᠤ ᠵᠠᠩ ᠴᠢᠨᠡᠷ ᠢ ᠬᠦᠮᠦᠵᠢᠭᠦᠯᠬᠦ ᠨᠦᠬᠦᠴᠡᠯ ᠢ ᠪᠤᠢ ᠪᠤᠯᠭᠠᠬᠤ ᠶᠢ ᠵᠤᠷᠢᠵᠦ ᠪᠤᠢ︾ ᠭᠡᠵᠦ ᠠᠯᠠᠱᠠ ᠵᠡᠭᠦᠨ ᠬᠤᠰᠢᠭᠤᠨ ᠤ ᠮᠤᠩᠭᠤᠯ ᠦᠨᠳᠦᠰᠦᠳᠡᠨ ᠤ ᠲᠤᠷᠰᠢᠯᠳᠡ ᠶᠢᠨ ᠪᠠᠭ᠎ᠠ ᠰᠤᠷᠭᠠᠭᠤᠯᠢ ᠶᠢᠨ ᠲᠡᠳ᠋ ᠵᠠᠬᠢᠷᠤᠯ ᠰᠤᠷᠳᠠᠯᠳᠦ ᠶᠠᠷᠢᠵᠦ ᠪᠠᠶᠢᠯ᠎ᠠ᠃                                                             ︵ᠵᠣᠬᠢᠶᠠᠭᠴᠢ᠄ ᠭᠤᠸ᠎ᠠ︶
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号