︽ᠠᠯᠠᠱᠠ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢᠨ ᠠᠵᠢᠯ ᠤᠨ ᠬᠡᠷᠡᠭᠵᠢᠭᠦᠯᠬᠦ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2020/10/15
     ᠨᠢᠭᠡ᠂ ᠪᠢᠴᠢᠭ ᠮᠠᠲ᠋ᠧᠷᠢᠶᠠᠯ ᠢ ᠳᠣᠭᠳᠠᠭᠠᠭᠰᠠᠨ ᠴᠢᠬᠤᠯᠠ ᠴᠢᠨᠠᠷ      ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠪᠠᠷ ᠳᠠᠮᠵᠢᠭᠤᠯᠤᠨ᠂ ᠬᠠᠤᠯᠢ ᠬᠡᠷᠡᠭᠵᠢᠭᠦᠯᠬᠦ ᠡᠩᠨᠡᠭᠡ ᠶᠢ ᠡᠮᠬᠢᠯᠡᠨ ᠨᠡᠶᠢᠯᠡᠭᠦᠯᠵᠦ᠂ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠰᠢᠯᠤᠭᠤᠳᠬᠠᠵᠤ᠂ ᠬᠠᠤᠯᠢ ᠬᠡᠷᠡᠭᠵᠢᠭᠦᠯᠬᠦ ᠱᠠᠳᠣ ᠳᠠᠪᠬᠤᠷᠭ᠎ᠠ ᠶᠢ ᠪᠠᠭᠠᠰᠬᠠᠵᠦ᠂ ᠬᠠᠤᠯᠢ ᠬᠡᠷᠡᠭᠵᠢᠭᠦᠯᠬᠦ ᠪᠠᠲᠤᠯᠠᠭ᠎ᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠬᠦᠯᠵᠦ᠂ ᠪᠠᠶᠢᠭᠤᠯᠤᠮᠵᠢ ᠳᠠᠪᠬᠤᠷᠳᠠᠵᠤ᠂ ᠡᠭᠦᠷᠭᠡ ᠬᠠᠷᠢᠭᠤᠴᠠᠯᠭ᠎ᠠ ᠰᠣᠯᠪᠢᠴᠠᠵᠤ᠂ ᠣᠯᠠᠨ ᠲᠠᠯ᠎ᠠ ᠣᠯᠠᠨ ᠳᠠᠪᠬᠤᠷᠭ᠎ᠠ ᠠᠴᠠ ᠳᠠᠬᠢᠨ ᠳᠠᠪᠳᠠᠨ ᠬᠠᠤᠯᠢ ᠬᠡᠷᠡᠭᠵᠢᠭᠦᠯᠬᠦ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠵᠠᠮ ᠬᠠᠷᠢᠯᠴᠠᠭ᠎ᠠ ᠳᠡᠭᠡᠭᠡᠪᠦᠷᠢ ᠶᠢᠨ ᠬᠦᠷᠢᠶᠡᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢ ᠳᠦᠷᠢᠮᠵᠢᠬᠦᠯᠦᠨ ᠳᠣᠬᠢᠷᠠᠭᠤᠯᠵᠦ᠂ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠶᠢ ᠲᠥᠪᠯᠡᠷᠡᠭᠦᠯᠦᠨ ᠬᠡᠷᠡᠭᠵᠢᠬᠦᠯᠬᠦ᠂ ᠬᠠᠤᠯᠢ ᠬᠡᠷᠡᠭᠵᠢᠭᠦᠯᠬᠦ ᠠᠵᠢᠯᠲᠠᠨ ᠢ ᠴᠢᠩᠭ᠎ᠠ ᠬᠠᠮᠢᠶᠠᠷᠬᠤ᠂ ᠬᠠᠤᠯᠢ ᠬᠡᠷᠡᠭᠵᠢᠭᠦᠯᠬᠦ  ᠨᠦᠬᠦᠴᠡᠯ ᠢ ᠬᠦᠢᠴᠡᠳ ᠪᠠᠲᠤᠯᠠᠬᠤ᠂ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠶᠢ ᠢᠯᠡᠳᠲᠡ ᠴᠢᠩᠭᠠᠷᠠᠭᠤᠯᠬᠤ ᠶᠢ ᠪᠡᠶᠡᠯᠡᠬᠦᠯᠵᠦ᠂ ᠤᠯᠤᠰ ᠲᠥᠷᠥ ᠶᠢᠨ ᠲᠠᠯ᠎ᠠ ᠪᠠᠷ ᠪᠠᠲᠤ ᠴᠢᠩᠭ᠎ᠠ᠂ ᠬᠡᠪ ᠪᠣᠯᠪᠠᠰᠣᠷᠠᠯ ᠦᠨᠳᠦᠷ᠂ ᠰᠠᠬᠢᠯᠭ᠎ᠠ ᠪᠠᠲᠤ ᠴᠢᠩᠭ᠎ᠠ᠂ ᠣᠪᠣᠷ ᠰᠤᠷᠲᠠᠯ ᠰᠢᠯᠢᠳᠡᠭ᠂ ᠠᠷᠢᠭᠤᠨ ᠴᠢᠬᠡᠴᠢ ᠥᠨᠳᠥᠷ ᠪᠦᠲᠦᠮᠵᠢᠲᠡᠶ ᠵᠠᠮ ᠬᠠᠷᠢᠯᠴᠠᠭ᠎ᠠ ᠲᠡᠭᠡᠭᠡᠪᠦᠷᠢ ᠶᠢᠨ  ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠶᠢ ᠪᠠᠶᠢᠭᠤᠯᠵᠤ᠂ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠨᠠᠩ ᠰᠠᠶᠢᠳᠣᠷ ᠦᠢᠯᠡᠴᠢᠯᠡᠨ᠎ᠡ᠃      ᠬᠤᠶᠠᠷ᠂ ᠲᠥᠷᠥ ᠶᠢᠨ ᠪᠣᠳᠣᠯᠭ᠎ᠠ ᠶᠢᠨ ᠦᠨᠳᠦᠰᠦᠯᠡᠯ      ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠵᠢᠯᠣᠭᠤᠳᠬᠤ ᠰᠠᠨᠠᠯ︾       ︵ᠲᠥᠪ ᠠᠯᠪᠠᠨ ᠲᠠᠷᠬᠠᠭᠠᠭᠰᠠᠨ ︹ 2019 ︺ 63 ᠳ᠋ᠤᠭᠠᠷ ᠲᠣᠭᠠᠲᠤ︶ ᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠣᠷᠢᠵᠢᠭᠤᠯᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠵᠠᠮ ᠬᠠᠷᠢᠯᠴᠠᠭ᠎ᠠ ᠲᠡᠭᠡᠭᠡᠪᠦᠷᠢ᠂ ᠳᠠᠷᠢᠶᠠᠯᠠᠩ ᠮᠠᠯ ᠠᠵᠤ ᠠᠬᠤᠶ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠰᠣᠶᠣᠯ ᠤᠨ ᠵᠠᠬ᠎ᠠ ᠳᠡᠯᠭᠡᠭᠦᠷ᠂ ᠵᠠᠬ᠎ᠠ ᠳᠡᠯᠭᠡᠭᠦᠷ ᠤᠨ ᠬᠢᠨᠠᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠬᠡᠷᠡᠭᠵᠢᠭᠦᠯᠬᠦ ᠰᠠᠨᠠᠯ︾ ︵ᠥᠪᠥᠷ ᠨᠠᠮ ᠠᠯᠪᠠᠨ ᠲᠠᠷᠬᠠᠭᠠᠭᠰᠠᠨ ︹ 2019 ︺ 20 ᠳ᠋ᠤᠭᠠᠷ ᠲᠣᠭᠠᠲᠤ︶ ᠪᠠ ᠠᠯᠠᠱᠠ ᠠᠶᠢᠮᠠᠭ ᠤᠨ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠤᠷᠢᠶᠠᠨ ᠤ           ︽︿ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ᠂ ᠲᠠᠷᠢᠶᠠᠯᠠᠩ ᠮᠠᠯ ᠠᠵᠤ ᠠᠬᠤᠶ᠂ ᠠᠮᠢ ᠠᠬᠤᠶ ᠶᠢᠨ ᠣᠷᠴᠢᠨ ᠲᠣᠭᠤᠷᠢᠨ᠂ ᠰᠣᠶᠣᠯ ᠤᠨ ᠵᠠᠬ᠎ᠠ ᠳᠡᠯᠭᠡᠭᠦᠷ᠂ ᠵᠠᠬ᠎ᠠ ᠳᠡᠯᠭᠡᠭᠦᠷ ᠤᠨ ᠬᠢᠨᠠᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ﹀ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ︾ ︵ᠠᠯᠠᠱᠠ ᠪᠠᠶᠢᠭᠤᠯᠣᠮᠵᠢ  ᠶᠢᠨ ᠣᠷᠣᠨ ᠳᠤᠭ᠎ᠠ ︹ 2019 ︺ 54 ᠳ᠋ᠣᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠪᠠᠶᠢᠷᠢᠯᠠᠭᠤᠯᠣᠯᠳᠠ ᠶᠢᠨ ᠱᠠᠭᠠᠷᠳᠠᠯᠭ᠎ᠠ ᠶᠣᠰᠣᠭᠠᠷ᠂ ᠠᠯᠠᠱᠠ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠥᠭᠡᠷᠡᠴᠢᠯᠡᠯᠲᠡ ᠶᠢ ᠭᠦᠨᠵᠡᠭᠡᠶ ᠠᠬᠢᠭᠤᠯᠬᠤ ᠶᠢᠨ ᠳᠣᠰᠠᠳᠠ᠂ ︽ᠠᠯᠠᠱᠨ ᠠᠶᠢᠮᠠᠭ ᠤᠨ ᠵᠠᠮ ᠬᠠᠷᠢᠯᠴᠠᠭ᠎ᠠ ᠳᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢᠨ ᠠᠵᠢᠯ ᠤᠨ ᠬᠡᠷᠡᠭᠵᠢᠭᠦᠯᠬᠦ ᠲᠥᠰᠦᠯ︾ ︵ᠳᠣᠷᠣᠭᠰᠢ ︽ᠬᠡᠷᠡᠭᠵᠢᠭᠦᠯᠬᠦ ᠲᠥᠰᠦᠯ︾ ᠭᠡᠵᠦ ᠲᠣᠪᠴᠢᠯᠠᠨ᠎ᠠ︶ ᠢ ᠳᠣᠭᠳᠠᠭᠠᠪᠠ᠃      ᠭᠤᠷᠪᠠ᠂ ᠲᠣᠭᠲᠠᠭᠠᠭᠰᠠᠨ ᠶᠠᠪᠤᠴᠠ      ᠥᠭᠡᠷᠡᠴᠢᠯᠡᠯᠲᠡ ᠶᠢᠨ ᠠᠵᠢᠯ ᠢ 2019 ᠣᠨ ᠤ ᠰᠡᠭᠦᠯᠴᠢ ᠠᠴᠠ ᠡᠬᠢᠯᠡᠨ ᠥᠷᠨᠢᠭᠦᠯᠦᠭᠰᠡᠨ ᠠᠴᠠ ᠨᠠᠰᠢ᠂ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠵᠠᠮ ᠬᠠᠷᠢᠯᠴᠠᠭᠠᠨ ᠤ ᠬᠠᠤᠯᠢ ᠬᠡᠷᠡᠭᠵᠢᠭᠦᠯᠬᠦ ᠲᠥᠷᠥᠯ ᠤᠨ ᠵᠠᠰᠠᠭ ᠵᠠᠬᠢᠷᠭᠠᠨ ᠤ ᠰᠢᠳᠬᠡᠵᠦ ᠲᠣᠷᠭᠠᠬᠤ ᠡᠷᠬᠡ ᠵᠢᠴᠢ ᠲᠡᠭᠦᠨ ᠲᠠᠢ ᠬᠤᠯᠪᠣᠭᠳᠠᠬᠤ ᠵᠠᠰᠠᠭ ᠵᠠᠬᠢᠷᠭᠠᠨ ᠤ ᠪᠠᠶᠢᠴᠠᠭᠠᠯᠲᠠ᠂ ᠵᠠᠰᠠᠭ ᠵᠠᠬᠢᠷᠭᠠᠨ ᠤ ᠠᠯᠪᠠᠳᠠᠯᠭ᠎ᠠ ᠵᠡᠷᠭᠡ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠶᠢ ᠪᠦᠬᠦ ᠲᠠᠯ᠎ᠠ ᠪᠠᠷ ᠡᠮᠬᠢᠯᠡᠵᠦ᠂ ᠭᠤᠷᠪᠠᠨ ᠬᠤᠰᠢᠭᠤ ᠬᠤᠶᠠᠷ ᠨᠡᠭᠡᠭᠡᠯᠳᠡ ᠶᠢᠨ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠵᠢᠴᠢ ᠥᠭᠡᠷᠡᠴᠢᠯᠡᠯᠲᠡ ᠳᠤ ᠬᠤᠯᠪᠣᠭᠳᠠᠭᠰᠠᠨ ᠪᠠᠶᠢᠭᠤᠯᠣᠯᠭ᠎ᠠ ᠨᠢᠭᠡᠴᠡ ᠶᠢᠨ ᠦᠨᠳᠦᠰᠦᠨ ᠪᠠᠶᠢᠳᠠᠯ᠂ ᠠᠵᠢᠯᠲᠠᠨ ᠤ ᠮᠡᠳᠡᠭᠡ ᠵᠠᠩᠭᠢ᠂ ᠵᠠᠷᠤᠳᠠᠯ ᠤᠨ ᠪᠠᠲᠤᠯᠠᠭ᠎ᠠ ᠵᠡᠷᠭᠡ ᠪᠠᠶᠢᠳᠠᠯ ᠢ ᠭᠦᠨᠵᠡᠭᠡᠶ ᠪᠠᠶᠢᠴᠠᠭᠠᠨ ᠰᠣᠳᠣᠯᠵᠦ᠂ ᠥᠪᠡᠷᠲᠡᠭᠡᠨ ᠵᠠᠰᠠᠬᠤ ᠣᠷᠣᠨ ᠤ ᠪᠤᠰᠤᠳ ᠠᠶᠢᠮᠠᠭ ᠬᠤᠲᠠ ᠶᠢᠨ ᠥᠭᠡᠷᠡᠴᠢᠯᠡᠯᠲᠡ ᠶᠢᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠤ᠂ ᠣᠯᠠᠨ ᠤᠳᠠᠭ᠎ᠠ ᠲᠤᠰᠬᠠᠶ ᠰᠡᠳᠦᠪᠲᠦ ᠬᠤᠷᠠᠯ ᠢ ᠬᠤᠷᠠᠯᠳᠤᠭᠤᠯᠵᠤ ᠶᠠᠷᠢᠯᠴᠠᠭᠰᠠᠨ ᠪᠥᠭᠡᠳ ᠵᠣᠬᠢᠶᠠᠨ ᠪᠠᠶᠢᠭᠤᠯᠬᠤ᠂ ᠣᠷᠣᠨ ᠲᠤᠭ᠎ᠠ᠂ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠪᠠ ᠥᠭᠡᠷᠡᠴᠢᠯᠡᠯᠲᠡ ᠳᠤ ᠬᠤᠯᠪᠣᠭᠳᠠᠭᠰᠠᠨ ᠪᠠᠶᠢᠭᠤᠯᠣᠯᠭ᠎ᠠ ᠨᠢᠭᠡᠴᠡ ᠶᠢᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ︽ᠬᠡᠷᠡᠭᠵᠢᠭᠦᠯᠬᠦ ᠲᠥᠰᠦᠯ︾ ᠢ ᠰᠤᠳᠤᠯᠤᠨ ᠲᠣᠭᠲᠠᠭᠠᠪᠠ᠃ 7 ᠰᠠᠷ᠎ᠠ ᠶᠢᠨ 8 ᠤ ᠡᠳᠦᠷ᠂ ᠠᠶᠢᠮᠠᠭ ᠤᠨ ᠵᠠᠬᠢᠷᠭ᠎ᠠ ᠶᠢᠨ 2020 ᠣᠨ ᠤ ᠨᠠᠢᠮᠠᠳᠣᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠬᠤᠷᠠᠯᠳᠤᠭᠤᠯᠵᠤ᠂ ︽ᠬᠡᠷᠡᠭᠵᠢᠭᠦᠯᠬᠦ ᠲᠥᠰᠦᠯ︾ ᠢ ᠰᠤᠳᠤᠯᠤᠨ ᠪᠠᠲᠤᠯᠠᠪᠠ᠃ 7 ᠰᠠᠷ᠎ᠠ ᠶᠢᠨ 27 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ  ᠬᠦᠨᠵᠡᠭᠡᠶᠢᠷᠡᠬᠦᠯᠬᠦ ᠬᠤᠷᠢᠶᠠᠨ ᠤ ᠵᠢᠷᠭᠤᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠵᠤ᠂ ︽ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠵᠦ ᠪᠠᠲᠤᠯᠠᠭᠰᠠᠨ ᠪᠥᠭᠡᠳ 2020 ᠣᠨ ᠤ 8 ᠰᠠᠷ᠎ᠠ ᠶᠢᠨ 19 ᠤ ᠡᠳᠦᠷ ᠳᠠᠷᠤᠮᠠᠯᠯᠠᠨ ᠲᠠᠷᠬᠠᠭᠠᠪᠠ᠃      ᠳᠦᠷᠪᠡ᠂ ᠭᠤᠤᠯ ᠠᠭᠤᠯᠭ᠎ᠠ      ︽ᠬᠡᠷᠡᠭᠵᠢᠭᠦᠯᠬᠦ ᠲᠥᠰᠦᠯ︾ ᠨᠢ ᠭᠤᠷᠪᠠᠨ ᠬᠡᠰᠡᠭ ᠠᠭᠤᠯᠭ᠎ᠠ ᠪᠠᠷ ᠪᠦᠷᠢᠯᠳᠦᠵᠡᠶ᠃ ᠨᠢᠭᠡᠳᠦᠭᠡᠷ ᠬᠡᠰᠡᠭ ᠶᠡᠷᠦᠩᠬᠡᠶ ᠱᠠᠭᠠᠷᠳᠠᠯᠭ᠎ᠠ ᠳᠤ ᠭᠤᠤᠯᠳᠠᠭᠤ᠄ ᠵᠢᠯᠣᠭᠤᠳᠬᠤ ᠦᠵᠡᠯ ᠰᠠᠨᠠᠭ᠎ᠠ ᠪᠠ ᠶᠡᠷᠦᠩᠬᠡᠶ ᠬᠠᠷᠠᠯᠲᠠ ᠪᠠᠭᠲᠠᠨ᠎ᠠ᠃ ᠬᠤᠶᠠᠳᠤᠭᠠᠷ ᠬᠡᠰᠡᠭ ᠭᠤᠤᠯ ᠡᠭᠦᠷᠭᠡ ᠳᠤ ᠭᠤᠤᠯᠳᠠᠭᠤ᠄ ᠡᠭᠦᠷᠭᠡ ᠬᠠᠷᠢᠭᠤᠴᠠᠯᠭ᠎ᠠ ᠡᠩᠨᠡᠭᠡ ᠶᠢ ᠡᠮᠬᠢᠯᠡᠨ ᠨᠡᠶᠢᠯᠡᠭᠦᠯᠬᠦ᠂ ᠬᠠᠤᠯᠢ ᠬᠡᠷᠡᠭᠵᠢᠭᠦᠯᠬᠦ ᠱᠠᠲᠤ ᠳᠠᠪᠬᠤᠷᠭ᠎ᠠ ᠶᠢ ᠲᠣᠳᠣᠷᠬᠠᠶᠢᠯᠠᠬᠤ᠂ ᠬᠠᠤᠯᠢ ᠬᠡᠷᠡᠭᠵᠢᠭᠦᠯᠬᠦ ᠭᠤᠤᠯᠳᠠᠯᠭ᠎ᠠ ᠶᠢ ᠳᠣᠷᠣᠭᠰᠢ ᠳᠠᠯᠪᠢᠬᠤ᠂ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠳᠦᠷᠢᠮᠵᠢᠬᠦᠯᠬᠦ᠂ ᠬᠠᠮᠵᠢᠯᠴᠠᠬᠤ ᠲᠣᠭᠲᠠᠴᠠ ᠶᠢ ᠪᠦᠷᠢᠨᠰᠢᠭᠦᠯᠬᠦ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠪᠠᠭᠲᠠᠨ᠎ᠠ᠃ ᠭᠤᠷᠪᠠᠳᠤᠭᠠᠷ ᠬᠡᠰᠡᠭ ᠵᠣᠬᠢᠶᠠᠨ ᠪᠠᠶᠢᠭᠤᠯᠵᠤ ᠬᠡᠷᠡᠭᠵᠢᠬᠦᠯᠬᠦ ᠳᠤ ᠭᠤᠤᠯᠳᠠᠭᠤ᠄ ᠵᠣᠬᠢᠶᠠᠨ ᠪᠠᠶᠢᠭᠤᠯᠣᠯᠳᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ᠂ ᠠᠵᠢᠯᠳᠠᠨ ᠢ ᠴᠢᠩᠭ᠎ᠠ ᠬᠢᠨᠠᠬᠤ᠂ ᠬᠠᠤᠯᠢ ᠬᠡᠷᠡᠭᠵᠢᠭᠦᠯᠬᠦ ᠪᠠᠲᠤᠯᠠᠭ᠎ᠠ ᠶᠢ ᠴᠢᠩᠭᠠᠳᠬᠠᠬᠤ᠂ ᠬᠠᠤᠯᠢ ᠬᠡᠷᠡᠭᠵᠢᠬᠦᠯᠬᠦ ᠵᠦᠢᠯ ᠤᠳ ᠢ ᠡᠮᠬᠢᠯᠡᠨ ᠴᠡᠭᠴᠡᠯᠡᠬᠦ᠂ ᠰᠠᠬᠢᠯᠭ᠎ᠠ ᠪᠠᠲᠤ ᠶᠣᠰᠣ ᠲᠦᠷᠢᠮ ᠢ ᠴᠢᠩᠳᠠᠯᠠᠬᠤ ᠵᠡᠷᠭᠡ ᠪᠠᠭᠲᠠᠨ᠎ᠠ᠃     ᠲᠠᠶᠢᠯᠤᠮᠵᠢ ᠬᠢᠭᠰᠡᠨ ᠨᠢ᠄ ᠠᠯᠠᠱᠠ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠨᠠᠮ ᠤᠨ ᠳᠤᠭᠤᠶᠢᠯᠠᠩ ᠤᠨ ᠭᠡᠰᠢᠬᠦᠨ᠂ ᠳᠡᠳ᠋ ᠳᠠᠷᠤᠭ᠎ᠠ ᠸᠠᠩ ᠢ ᠬᠠᠶ      ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠬᠤᠯᠪᠣᠭᠠᠰᠣ    
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号