︽ᠠᠯᠠᠱᠠ ᠠᠶᠢᠮᠠᠭ ᠤᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠠᠶᠢᠮᠠᠭ ᠤᠨ ᠱᠠᠳᠣᠨ  ᠠᠴᠠ ᠨᠢᠭᠡᠳᠦᠯᠳᠡᠢ ᠲᠥᠯᠥᠪᠯᠡᠨ ᠬᠠᠮᠢᠶᠠᠷᠬᠤ ᠠᠷᠭ᠎ᠠ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2020/10/19
     2020 ᠣᠨ ᠤ 8 ᠰᠠᠷ᠎ᠠ ᠶᠢᠨ 20 ᠤ ᠡᠳᠦᠷ᠂ ᠠᠶᠢᠮᠠᠭ ᠤᠨ ᠵᠠᠬᠢᠷᠭ᠎ᠠ ︽ᠠᠯᠠᠱᠠ ᠠᠶᠢᠮᠠᠭ ᠤᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠠᠶᠢᠮᠠᠭ ᠤᠨ ᠱᠠᠲᠤᠨ ᠠᠴᠠ ᠨᠢᠭᠡᠳᠦᠯᠲᠡᠶ ᠲᠥᠯᠥᠪᠯᠡᠨ ᠬᠠᠮᠢᠶᠠᠷᠬᠤ ᠠᠷᠭ᠎ᠠ︾ ︵ᠳᠣᠣᠷ᠎ᠠ ︽ᠠᠷᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠤ᠂ ︽ᠠᠷᠭ᠎ᠠ︾ ᠶᠢ ᠨᠡᠶᠢᠲᠡᠯᠡᠭᠰᠡᠨ ᠨᠢ ᠮᠠᠨ ᠤ ᠠᠶᠢᠮᠠᠭ ᠤᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠬᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠠᠷᠢᠯᠴᠠᠨ ᠲᠤᠰᠠᠯᠠᠯᠴᠠᠬᠤ ᠴᠢᠳᠠᠪᠤᠷᠢ ᠶᠢ ᠨᠠᠩ ᠰᠠᠶᠢᠳᠣᠷ ᠪᠠᠳᠠᠷᠠᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠴᠢᠩᠭᠠᠳᠬᠠᠵᠦ᠂ ᠣᠳᠣᠬᠠᠨ ᠤ ᠮᠠᠨ ᠤ ᠠᠶᠢᠮᠠᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠬᠥᠭᠵᠢᠯᠲᠡ ᠶᠢᠨ ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠨ᠎ᠡ᠃      ᠨᠢᠭᠡ᠂ ︽ᠠᠷᠭ᠎ᠠ︾ ᠶᠢ ᠨᠡᠶᠢᠲᠡᠯᠡᠭᠰᠡᠨ ᠠᠬᠤᠶ ᠪᠠᠶᠢᠳᠠᠯ      ︽ᠡᠮ ᠡᠮᠨᠡᠯᠬᠡ ᠶᠢᠨ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠳᠤᠮᠳᠠᠳᠤ ᠣᠯᠣᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾   ︵ᠲᠥᠪ ᠳᠠᠷᠬᠠᠭᠠᠭᠰᠠᠨ ︹ 2020 ︺ 5 ᠳ᠋ᠤᠭᠠᠷ ᠲᠣᠭᠠᠲᠤ︶ ︵ᠳᠣᠣᠷ᠎ᠠ ︽ᠰᠠᠨᠠᠯ︾ ᠭᠡᠵᠦ ᠲᠣᠪᠴᠢᠯᠠᠨ᠎ᠠ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠦᠨᠳᠦᠰᠦᠨ ᠡᠮ ᠡᠮᠨᠡᠯᠬᠡ ᠶᠢᠨ ᠳᠠᠭᠠᠳᠬᠠᠯ ᠤᠨ ᠲᠦᠷᠢᠮ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠠᠯᠠᠱᠠ ᠠᠶᠢᠮᠠᠭ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ︿ᠳᠤᠮᠳᠠᠳᠤ ᠤᠯᠤᠰ ᠤᠨ ᠡᠪ ᠬᠠᠮᠲᠤ ᠨᠠᠮ ᠤᠨ ᠠᠯᠠᠱᠠ ᠠᠶᠢᠮᠠᠭ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ 2020 ᠣᠨ ᠤ ᠠᠵᠢᠯ ᠤᠨ ᠭᠤᠤᠯᠳᠠᠯᠭ᠎ᠠ﹀ ᠶᠢ ᠳᠠᠷᠤᠮᠠᠯᠯᠠᠨ  ᠳᠠᠷᠬᠠᠭᠠᠬᠤ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠲᠣᠰ ︽ᠠᠷᠭ᠎ᠠ︾ ᠶᠢ ᠨᠡᠶᠢᠲᠡᠯᠡᠪᠡ᠃      ᠬᠤᠶᠠᠷ᠂ ︽ᠠᠷᠭ᠎ᠠ︾ ᠶᠢ ᠨᠡᠶᠢᠲᠡᠯᠡᠭᠰᠡᠨ ᠵᠣᠷᠢᠯᠭ᠎ᠠ      ᠨᠢᠭᠡᠳᠦᠯᠲᠡᠶ ᠲᠥᠯᠥᠪᠯᠡᠬᠦ ᠳᠡᠰ ᠳᠠᠪᠬᠤᠷᠭ᠎ᠠ ᠶᠢ ᠤᠯᠠᠮ ᠨᠢᠭᠡ ᠠᠯᠬᠤᠮ ᠪᠠᠬᠢᠵᠢᠭᠦᠯᠦᠨ ᠳᠡᠭᠡᠭᠰᠢᠯᠡᠭᠦᠯᠵᠦ᠂ ᠲᠦᠷᠢᠮ ᠲᠥᠷᠥ ᠶᠢᠨ ᠪᠣᠳᠣᠯᠭ᠎ᠠ ᠶᠢ ᠨᠢᠭᠡᠳᠦᠯᠲᠡᠶ ᠪᠠᠶᠢᠯᠭᠠᠬᠤ᠂ ᠰᠠᠭᠤᠷᠢ ᠮᠥᠩᠭᠦ ᠶᠢ ᠨᠢᠭᠡᠳᠦᠯᠲᠡᠶ ᠬᠤᠷᠢᠶᠠᠵᠤ ᠨᠢᠭᠡᠳᠦᠯᠲᠡᠶ ᠵᠠᠷᠤᠬᠤ᠂ ᠬᠠᠮᠢᠶᠠᠷᠤᠯᠲᠠ ᠦᠢᠯᠡᠴᠢᠯᠡᠭᠡ ᠶᠢ ᠨᠢᠭᠡ ᠴᠣᠭᠴᠠᠵᠢᠭᠤᠯᠬᠤ ᠪᠠᠷᠢᠮᠵᠢᠶ᠎ᠠ ᠶᠣᠰᠣᠭᠠᠷ᠂ ᠦᠨᠳᠦᠰᠦᠨ ᠡᠮ ᠡᠮᠨᠡᠯᠬᠡ ᠶᠢᠨ ᠳᠠᠭᠠᠳᠬᠠᠯ ᠤᠨ ᠬᠤᠲᠠ ᠪᠠ ᠣᠷᠣᠨ ᠨᠣᠳᠤᠭ ᠤᠨ ᠱᠠᠲᠤᠨ ᠤ ᠬᠢ ᠶᠢ ᠨᠢᠭᠡᠳᠦᠯᠲᠡᠶ ᠳᠦᠯᠦᠪᠯᠡᠬᠦ ᠠᠵᠢᠯ ᠢ ᠪᠥᠬᠦ ᠲᠠᠯ᠎ᠠ ᠪᠠᠷ ᠪᠣᠳᠠᠲᠠᠶᠢᠵᠢᠭᠤᠯᠤᠨ᠎ᠠ᠃ ᠣᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠬᠥᠩᠭᠡᠷᠡᠭᠦᠯᠬᠦ᠂ ᠠᠷᠠᠳ ᠤᠨ ᠠᠮᠢᠳᠤᠷᠠᠯ ᠤᠨ ᠵᠣᠯ ᠵᠢᠷᠭᠠᠯ ᠢ ᠨᠡᠮᠡᠭᠳᠡᠭᠦᠯᠬᠦ᠂ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠢ  ᠪᠠᠳᠣᠯᠠᠬᠤ ᠶᠢ ᠦᠨᠡᠨᠬᠦ ᠪᠡᠶᠡᠯᠡᠭᠦᠯᠦᠨ᠎ᠡ᠃      ᠭᠤᠷᠪᠠ ︽ᠠᠷᠭ᠎ᠠ︾ ᠶᠢᠨ ᠭᠤᠤᠯ ᠠᠭᠤᠯᠭ᠎ᠠ      ︽ᠠᠷᠭ᠎ᠠ︾ ᠶᠢ ᠵᠢᠷᠭᠤᠭᠠᠨ ᠶᠡᠭᠡ ᠬᠡᠰᠡᠭ ᠲᠤ ᠬᠤᠪᠢᠶᠠᠪᠠ᠄      ︵ᠨᠢᠭᠡ︶ ᠶᠡᠷᠦᠩᠬᠡᠶ ᠳᠦᠷᠢᠮ᠃ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭᠠᠨ ᠤ ᠱᠠᠭᠠᠷᠳᠠᠯᠭ᠎ᠠ ᠶᠢᠨ ᠲᠣᠭᠤᠷᠢᠨ ᠳᠤ᠂ ᠡᠮ ᠡᠮᠨᠡᠯᠬᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠠᠶᠢᠮᠠᠭ ᠤᠨ ᠱᠠᠲᠤᠨ  ᠠᠴᠠ ᠨᠢᠭᠡᠳᠦᠯᠲᠡᠶ ᠲᠥᠯᠥᠪᠯᠡᠬᠦ ᠠᠵᠢᠯ ᠤᠨ ᠵᠢᠯᠣᠭᠤᠳᠬᠤ ᠵᠠᠷᠴᠢᠮ᠂ ᠪᠠᠶᠢᠭᠤᠯᠬᠤ ᠪᠠᠷᠢᠮᠵᠢᠶ᠎ᠠ ᠪᠠ ᠠᠵᠢᠯ ᠤᠨ ᠬᠠᠷᠠᠯᠲᠠ ᠶᠢ ᠲᠣᠳᠣᠷᠬᠠᠶᠢᠯᠠᠪᠠ᠃      ︵ᠬᠤᠶᠠᠷ︶ ᠡᠮ ᠡᠮᠨᠡᠯᠬᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ᠃ ᠡᠮ ᠡᠮᠨᠡᠯᠬᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠨᠢᠭᠡᠳᠦᠯᠲᠡᠶ ᠬᠤᠷᠢᠶᠠᠵᠤ ᠨᠢᠭᠡᠳᠦᠯᠲᠡᠶ ᠵᠠᠷᠤᠬᠤ ᠪᠣᠳᠠᠲᠠᠶ ᠠᠵᠢᠯᠯᠠᠬᠤ ᠶᠠᠪᠤᠴᠠ᠂ ᠱᠠᠭᠠᠷᠳᠠᠯᠭ᠎ᠠ ᠶᠢ ᠲᠣᠳᠣᠷᠬᠠᠶᠢᠯᠠᠪᠠ᠃      ︵ᠭᠤᠷᠪᠠ︶ ᠲᠦᠭᠰᠢᠭᠦᠷᠢ ᠶᠢ ᠠᠷᠭᠠᠴᠠᠭᠠᠬᠤ ᠬᠠᠷᠢᠯᠴᠠᠨ ᠳᠣᠰᠠᠯᠠᠯᠴᠠᠬᠤ ᠮᠥᠩᠭᠦ ᠶᠢ ᠳᠣᠬᠢᠷᠠᠭᠤᠯᠣᠨ᠎ᠠ᠃ ᠲᠦᠭᠰᠢᠭᠦᠷᠢ ᠶᠢ ᠠᠷᠭᠠᠴᠠᠭᠠᠬᠤ ᠬᠠᠷᠢᠯᠴᠠᠨ ᠳᠣᠰᠠᠯᠠᠯᠴᠠᠬᠤ ᠮᠥᠩᠭᠦ ᠶᠢ ᠳᠣᠬᠢᠷᠠᠭᠤᠯᠬᠤ ᠪᠠᠷ ᠳᠠᠮᠵᠢᠨ ᠪᠦᠬᠦ ᠠᠶᠢᠮᠠᠭ ᠤᠨ ᠡᠮ ᠡᠮᠨᠡᠯᠬᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠲᠣᠬᠢᠷᠠᠭᠤᠯᠬᠤ ᠪᠠ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠴᠢᠳᠠᠪᠤᠷᠢ ᠶᠢ ᠬᠦᠢᠴᠡᠳ ᠪᠠᠳᠠᠷᠠᠭᠤᠯᠤᠨ᠎ᠠ᠃      ︵ᠳᠦᠷᠪᠡ︶ ᠬᠠᠷᠢᠭᠤᠴᠠᠯᠭ᠎ᠠ ᠶᠢᠨ ᠬᠤᠪᠢᠶᠠᠷᠢᠯᠠᠯ᠃ ︽ᠠᠷᠭ᠎ᠠ︾ ᠶᠢᠨ ᠤᠷᠤᠭᠰᠢᠲᠠᠶ ᠬᠡᠷᠡᠭᠵᠢᠭᠦᠯᠦᠭᠳᠡᠬᠦ ᠶᠢ ᠪᠠᠲᠤᠯᠠᠬᠤ ᠶᠢᠨ ᠲᠤᠰᠠᠳᠠ᠂ ᠬᠠᠮᠢᠶ᠎ᠠ ᠪᠥᠬᠦᠶ  ᠬᠠᠷᠢᠭᠤᠴᠠᠯᠭ᠎ᠠ ᠶᠢᠨ ᠭᠤᠤᠯ ᠴᠣᠭᠴᠠ ᠶᠢᠨ ᠲᠠᠯ᠎ᠠ ᠳᠤ ᠲᠣᠳᠣᠷᠬᠠᠶ ᠠᠵᠢᠯ ᠤᠨ ᠬᠤᠪᠢᠶᠠᠷᠢᠯᠠᠯ ᠬᠢᠵᠡᠶ᠃      ︵ᠲᠠᠪᠤ︶ ᠰᠠᠭᠤᠷᠢ ᠮᠥᠩᠭᠦ ᠶᠢᠨ ᠬᠢᠨᠠᠠ ᠬᠠᠮᠢᠶᠠᠷᠤᠯᠲᠠ᠃ ᠰᠠᠭᠤᠷᠢ ᠮᠥᠩᠭᠦᠨ ᠤ ᠬᠢᠨᠠᠠ ᠬᠠᠮᠢᠶᠠᠷᠤᠯᠲᠠ ᠶᠢ ᠴᠢᠩᠭᠠᠳᠬᠠᠵᠤ᠂ ᠳᠠᠭᠠᠳᠬᠠᠯ ᠢ ᠵᠠᠯᠢᠯᠠᠨ ᠮᠡᠬᠡᠯᠡᠵᠦ ᠠᠪᠬᠤ  ᠠᠵᠢᠯᠯᠠᠭ᠎ᠠ ᠳᠤ ᠴᠣᠬᠢᠯᠲᠠ ᠥᠭᠴᠦ᠂ ᠰᠠᠭᠤᠷᠢ ᠮᠥᠩᠭᠦᠨ ᠤ ᠠᠮᠤᠷ ᠲᠦᠪᠰᠢᠨ ᠠᠵᠢᠯᠯᠠᠭᠠᠨ ᠢ ᠪᠠᠳᠣᠯᠠᠨ᠎ᠠ᠃      ︵ᠵᠢᠷᠭᠤᠭ᠎ᠠ︶ ᠳᠠᠭᠠᠯᠳᠤᠭᠤᠯᠤᠭᠰᠠᠨ ᠳᠦᠷᠢᠮ᠃ ᠨᠥᠬᠦᠪᠥᠷᠢ ᠲᠣᠳᠣᠷᠬᠠᠶᠢᠯᠠᠯᠲᠠ᠃      ᠲᠠᠶᠢᠯᠤᠮᠵᠢ ᠬᠢᠭᠰᠡᠨ ᠨᠢ᠄ ᠠᠯᠠᠱᠠ ᠠᠶᠢᠮᠠᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠬᠠᠷᠠᠮᠵᠢ ᠶᠢ ᠪᠠᠳᠣᠯᠠᠬᠤ ᠰᠠᠯᠠᠭ᠎ᠠ       ᠵᠠᠩ ᠵᠢᠶᠦ᠋ᠨ ᠯᠢᠨ      ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠬᠤᠯᠪᠣᠭᠠᠰᠣ
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号