| | ᠵᠢᠷᠤᠭ ᠪᠤᠯ᠂ ᠬᠡᠷᠡᠭᠯᠡᠭᠴᠢᠳ ᠠᠯᠠᠱᠠ ᠶᠢᠨ ᠴᠢᠨᠡᠷ ᠰᠠᠶᠢᠳᠡᠢ ᠤᠨᠴᠠᠯᠢᠠᠠᠲᠦ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠠᠶᠢᠳᠠᠯ ᠢ ᠠᠰᠠᠭᠤᠨ ᠯᠠᠪᠯᠠᠵᠦ ᠪᠠᠶᠢᠭ᠎ᠠ ᠨᠢ᠃ | | | | | ᠤᠢᠢᠷ᠎ᠠ ᠶᠢᠨ ᠡᠳᠦᠷ᠂ ᠨᠠᠢᠮᠠᠳᠣᠭᠠᠷ ᠬᠤᠭᠤᠴᠠᠭᠠᠨ ᠤ ᠥᠪᠥᠷ ᠮᠣᠩᠭᠤᠯ ᠤᠨ ᠪᠣᠬᠢᠷᠲᠤᠯ ᠥᠬᠡᠶ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠵᠡᠰᠬᠦᠯᠡᠩ ᠵᠢᠴᠢ ᠰᠢᠯᠢᠳᠡᠭ ᠡᠭᠦᠯᠳᠡᠷ ᠢ ᠲᠦᠬᠡᠮᠡᠯᠵᠢᠬᠦᠯᠬᠦ | ᠬᠤᠷᠠᠯ ᠬᠥᠬᠡᠬᠤᠲᠠ ᠳᠤ ᠶᠠᠪᠤᠭᠳᠠᠵᠦ᠂ ᠮᠠᠨ ᠤ ᠠᠶᠢᠮᠠᠭ ᠤᠨ 33 ᠠᠵᠤ ᠠᠬᠤᠶᠢᠯᠠᠯ ᠤᠨ ᠠᠪᠴᠢᠷᠠᠭᠰᠠᠨ 300 | ᠭᠠᠷᠤᠶ ᠵᠦᠢᠯ ᠤᠨ ᠴᠢᠨᠠᠷ ᠰᠠᠶᠢᠲᠠᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠦᠵᠡᠰᠬᠦᠯᠡᠩ ᠳᠤ | ᠣᠷᠣᠯᠴᠠᠵᠤ᠂ ᠰᠢᠨᠵᠢᠯᠡᠭᠡ ᠮᠡᠷᠬᠡᠵᠢᠯ ᠤᠨ ᠰᠤᠳᠤᠯᠭᠠᠨ ᠤ ᠣᠷᠣᠯᠠᠨ ᠬᠦᠢᠴᠡᠳᠬᠡᠬᠦ 5 ᠪᠠᠶᠢᠭᠤᠯᠤᠮᠵᠢ ᠶᠢᠨ | ᠠᠪᠴᠢᠷᠠᠭᠰᠠᠨ ᠠᠯᠠᠱᠠ ᠶᠢᠨ ᠬᠤᠤᠰ ᠪᠥᠬᠦᠲᠦ ᠲᠡᠮᠡᠭᠡ᠂ ᠴᠠᠭᠠᠨ ᠨᠣᠯᠣᠣᠷᠲᠣ ᠢᠮᠠᠭ᠎ᠠ᠂ ᠴᠠᠭᠠᠨ ᠭᠤᠶᠣᠣ ᠤᠯᠠᠭᠠᠨ | ᠭᠤᠶᠤᠤ᠂ ᠴᠢᠨ᠋ᠸ᠎ᠠ ᠶᠢᠨ ᠬᠠᠷᠮᠠᠭ ᠵᠡᠷᠭᠡ ᠣᠷᠣᠨ ᠨᠤᠲᠤᠭ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠦᠵᠡᠰᠬᠦᠯᠡᠩ ᠳᠤ ᠲᠠᠨᠢᠯᠴᠠᠭᠤᠯᠤᠨ ᠲᠡᠯᠬᠡᠷᠡᠬᠦᠯᠦᠭᠰᠡᠨ ᠪᠠᠶᠢᠨ᠎ᠠ᠃ | ᠣᠬᠤᠷᠬᠠᠨ 3 ᠡᠳᠦᠷ ᠤᠨ ᠳᠣᠲᠣᠷ᠎ᠠ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ | ᠪᠣᠷᠣᠯᠠᠭᠤᠯᠭ᠎ᠠ ᠶᠢᠨ ᠤᠷᠤᠯᠭ᠎ᠠ 32.6 ᠲᠦᠮᠡᠨ ᠲᠥᠭᠦᠷᠢᠭ ᠲᠤ ᠬᠦᠷᠴᠠᠢ᠃ ᠡᠭᠦᠨ ᠳᠤ᠄ ᠰᠢᠭᠤᠳ ᠨᠡᠪᠲᠡᠷᠡᠭᠦᠯᠬᠦ | ᠪᠣᠷᠣᠯᠠᠭᠤᠯᠭ᠎ᠠ ᠶᠢᠨ ᠤᠷᠤᠯᠭ᠎ᠠ 9.7 ᠲᠦᠮᠡᠨ ᠲᠥᠭᠦᠷᠢᠭ᠂ ᠲᠤᠬᠠᠶ ᠶᠢᠨ ᠲᠠᠯᠠᠪᠤᠷ ᠤᠨ ᠪᠣᠷᠣᠯᠠᠭᠤᠯᠭ᠎ᠠ ᠶᠢᠨ | ᠤᠷᠤᠯᠭ᠎ᠠ 22.9 ᠲᠦᠮᠡᠨ ᠲᠥᠭᠦᠷᠢᠭ ᠲᠤ ᠬᠦᠷᠴᠠᠢ᠃ ᠣᠶᠢᠯᠠᠭᠠᠭᠰᠠᠨ ᠢᠶᠠᠷ᠂ 2013 ᠣᠨ ᠠᠴᠠ ᠣᠳᠣ | ᠪᠣᠯᠲᠠᠯ᠎ᠠ᠂ ᠥᠪᠥᠷ ᠮᠣᠩᠭᠤᠯ ᠤᠨ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠦᠵᠡᠰᠬᠦᠯᠡᠩ ᠨᠢ ᠨᠢᠭᠡᠨᠲᠡ ︽ᠵᠠᠬ᠎ᠠ ᠳᠡᠯᠭᠡᠭᠦᠷᠴᠢᠯᠡᠭᠰᠡᠨ᠂ ᠲᠤᠰᠬᠠᠶᠢᠵᠢᠭᠰᠠᠨ᠂ ᠲᠥᠷᠥᠯ ᠲᠡᠮᠳᠡᠭᠵᠢᠭᠰᠡᠨ︾ ᠴᠢᠨᠠᠷ | ᠰᠠᠶᠢᠲᠠᠶ ᠲᠠᠷᠢᠶᠠᠯᠠᠩ ᠮᠠᠯ ᠠᠵᠤ ᠠᠬᠤᠶ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠ ᠠᠷᠠᠯᠵᠢᠶᠠᠨ ᠤ ᠵᠥᠪᠳᠡᠯᠴᠡᠬᠦ | ᠲᠠᠪᠴᠠᠩ ᠪᠣᠯᠵᠣ᠂ ᠮᠠᠨ ᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ | ᠲᠡᠮᠳᠡᠭᠲᠦ ᠶᠢᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠤᠨ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ | ᠪᠣᠵᠠᠭᠠᠢᠢᠷᠠᠭᠤᠯᠵᠤ᠂ ᠤᠳᠤᠬᠢᠴᠢᠯᠠᠭᠰᠠᠨ ᠲᠠᠷᠢᠶᠠᠯᠠᠩ ᠮᠠᠯ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ | ᠦᠷ᠎ᠡ ᠠᠰᠢᠭ ᠢ ᠨᠡᠮᠡᠭᠳᠡᠭᠦᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠳᠤ ᠴᠢᠬᠤᠯᠠ | ᠦᠢᠯᠡᠳᠦᠯ ᠦᠵᠡᠭᠦᠯᠪᠡ᠃ | ᠠᠯᠠᠱᠠ ᠠᠶᠢᠮᠠᠭ ᠤᠨ ᠪᠣᠳᠠᠰ ᠤᠨ ᠭᠠᠷᠤᠯᠲᠠ ᠭᠠᠳᠠᠭᠠᠳᠤ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ | ᠪᠣᠷᠣᠯᠠᠭᠤᠯᠬᠤ ᠬᠡᠯᠲᠡᠰ ᠤᠨ ᠳᠠᠭᠠᠭᠠᠮᠠᠯ ᠯᠢ ᠰᠢᠶᠤᠤ ᠯᠢᠶᠠᠩ ᠬᠡᠯᠡᠬᠦ ᠳᠡᠭᠡᠨ᠂ ᠢᠯᠡᠭᠦᠬᠡᠨ ᠲᠠᠨᠢᠯᠴᠠᠭᠤᠯᠵᠦ᠂ | ᠢᠯᠡᠭᠦᠬᠡᠨ ᠰᠣᠯᠢᠯᠴᠠᠪᠠᠯ ᠰᠠᠶ᠋ᠢ ᠠᠯᠠᠱᠠ ᠶᠢᠨ ᠤᠨᠴᠠᠯᠢᠬᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠨᠠᠩ ᠠᠷᠪᠢᠨ ᠬᠦᠮᠦᠰ ᠲᠤ ᠲᠠᠨᠢᠭᠤᠯᠵᠦ ᠴᠢᠳᠠᠨ᠎ᠠ᠃ ᠦᠵᠡᠰᠬᠦᠯᠡᠩ ᠨᠢ ᠠᠵᠤ ᠠᠬᠤᠶᠢᠯᠠᠯ ᠤᠨ | ᠰᠣᠯᠢᠯᠴᠠᠭ᠎ᠠ ᠳᠤ ᠮᠠᠰᠢ ᠰᠠᠶᠢᠨ ᠲᠠᠪᠴᠠᠩ ᠬᠠᠨᠭ᠍ᠭᠠᠵᠦ᠂ ᠣᠬᠤᠷᠬᠠᠨ 3 ᠡᠳᠦᠷ ᠤᠨ ᠳᠣᠲᠣᠷ᠎ᠠ᠂ ᠨᠢᠭᠡᠨᠲᠡ ᠮᠠᠰᠢ | ᠣᠯᠠᠨ ᠬᠦᠮᠦᠨ ᠬᠤᠷᠰᠢᠨ ᠠᠵᠢᠯᠯᠠᠬᠤ ᠲᠤᠬᠠᠢ ᠠᠰᠠᠭᠤᠨ ᠯᠠᠪᠯᠠᠵᠠᠢ᠃ ᠲᠠᠷᠠᠭᠠᠴᠢ ᠪᠠᠷ ᠪᠢᠳᠠ ᠬᠤᠪᠢ ᠡᠷᠤᠭᠡ᠂ | ᠠᠵᠦ ᠠᠬᠤᠢᠢᠯᠠᠯ ᠲᠠᠢ ᠬᠤᠷᠰᠢᠨ ᠠᠵᠢᠯᠯᠠᠬᠤ ᠲᠠᠯ᠎ᠠ ᠪᠠᠷ ᠰᠢᠨ᠎ᠠ ᠶᠢ ᠡᠬᠦᠳᠬᠦ ᠪᠠ ᠪᠦᠲᠦᠬᠡᠭᠳᠡᠬᠦᠨ ᠤ ᠶᠠᠰᠤ ᠴᠢᠨᠡᠷ ᠢ | ᠪᠦᠷᠢᠨ ᠪᠠᠳᠤᠯᠠᠭᠰᠠᠨ ᠰᠠᠭᠤᠷᠢᠨ ᠲᠠᠬᠡᠷ᠎ᠠ᠂ ᠰᠢᠭᠤᠳ ᠨᠡᠪᠳᠡᠷᠡᠬᠦᠯᠬᠡ ᠶᠢᠨ ᠬᠡᠯᠪᠡᠷᠢ ᠪᠠᠷ ᠪᠠᠷᠠᠭ᠎ᠠ ᠲᠠᠸᠡᠷ ᠢᠶᠠᠨ ᠪᠦᠬᠦ | ᠤᠯᠤᠰ ᠤᠨ ᠬᠡᠷᠡᠭᠯᠡᠭᠴᠢᠳ ᠲᠤ ᠲᠠᠨᠢᠯᠴᠠᠭᠤᠯᠵᠦ᠂ ᠠᠯᠠᠱᠠ ᠶᠢᠨ ᠴᠢᠨᠠᠷ ᠰᠠᠶᠢᠲᠠᠶ ᠣᠨᠴᠠᠯᠢᠭᠲᠤ ᠪᠦᠲᠦᠬᠡᠭᠳᠡᠬᠦᠨ ᠢ | ᠪᠥᠬᠦ ᠤᠯᠤᠰ ᠲᠤ ᠪᠤᠷᠤᠯᠠᠭᠤᠯᠤᠨ᠎ᠠ ᠬᠡᠵᠦ ᠪᠠᠶᠢᠯ᠎ᠠ᠃ | | | | | | |