ᠶᠠᠳᠠᠭᠤ ᠶᠢ ᠲᠡᠳᠬᠦᠨ ᠴᠢᠨᠡᠬᠡᠯᠢᠭᠵᠢᠬᠦᠯᠬᠦ ᠵᠠᠮ ᠳᠤ
ᠨᠡᠶᠢᠲᠡᠯᠡᠭᠰᠡᠨ ᠴᠠᠭ᠄
2020/10/22
      ᠡᠯᠪᠡᠭ ᠬᠤᠷᠢᠶᠠᠯᠲᠠ ᠶᠢ ᠪᠡᠯᠭᠡᠳᠡᠭᠰᠡᠨ ᠠᠯᠲᠠᠨ ᠰᠢᠷᠭᠠᠯ ᠨᠠᠮᠤᠷ ᠤᠨ ᠤᠯᠠᠷᠢᠯ ᠪᠤᠯ ᠲᠠᠷᠢᠶᠠᠴᠢᠳ ᠤᠨ ᠤᠨᠠᠭᠰᠠᠨ ᠮᠠᠯᠠᠭᠠᠢ ᠪᠠᠨ ᠠᠪᠬᠤ ᠵᠠᠪ ᠦᠭᠡᠢ ᠶᠠᠭᠠᠷᠠᠯᠳᠤᠳᠠᠭ ᠴᠠᠭ ᠪᠢᠯᠡ᠃ ᠠᠯᠠᠱᠠ ᠵᠡᠬᠦᠠ ᠬᠤᠰᠢᠭᠤᠠ ᠤ ᠲᠡᠭᠷᠢ ᠠᠵᠤ ᠠᠬᠤᠶ ᠶᠢᠨ ᠮᠡᠷᠭᠡᠵᠢᠯ ᠤᠨ ᠨᠡᠭᠡᠭᠡᠯᠲᠡ ᠶᠢᠨ ᠤᠷᠤᠨ ᠤ ᠵᠢᠷᠭᠠᠯᠰᠠᠶᠢᠬᠠᠨ ᠪᠠᠯᠭᠠᠰᠤᠨ ᠤ ᠬᠦᠢᠰᠦᠨ ᠭᠠᠴᠠᠭᠠᠨ ᠤ ᠯᠢᠦ ᠱᠧᠩ ᠭᠤᠸᠠᠩ ᠤᠨ ᠲᠠᠷᠢᠶᠠᠨ ᠭᠠᠵᠠᠷ ᠲᠤ 20 ᠭᠠᠷᠤᠶ ᠠᠵᠢᠯᠳᠠᠨ ᠬᠦᠯᠦᠰᠦ ᠪᠠᠨ ᠤᠷᠤᠰᠬᠠᠨ ᠤᠷᠤᠰ ᠰᠣᠩᠭᠢᠨ᠎ᠠ ᠬᠤᠷᠢᠶᠠᠵᠤ ᠶᠠᠭᠠᠷᠠᠯᠳᠤᠨ᠎ᠠ᠃       ︽ᠯᠢᠦ ᠱᠧᠩ ᠭᠤᠸᠠᠩ ᠪᠣᠯ ᠮᠠᠨ ᠤ ᠭᠠᠴᠠᠭᠠᠨ ᠤ ᠲᠣᠮᠣ ᠲᠠᠷᠢᠶᠠᠴᠢᠨ ᠡᠷᠦᠬᠡ᠃ ᠲᠡᠷᠡ ᠡᠨᠡ ᠵᠢᠯ 230 ᠮᠦ ᠤᠷᠤᠰ ᠰᠣᠩᠭᠢᠨ᠎ᠠ ᠲᠠᠷᠢᠵᠤ ᠡᠯᠪᠡᠭ ᠬᠤᠷᠢᠶᠠᠯᠲᠠ ᠣᠯᠵᠠᠶ᠂ ᠬᠡᠳᠡᠯ᠎ᠡ ᠶᠠᠭ ᠬᠤᠷᠢᠶᠠᠬᠤ ᠴᠠᠭ ᠨᠢ ᠲᠤᠯᠵᠦ ᠢᠷᠡᠬᠦ ᠳᠤ ᠬᠦᠯᠦᠰᠦᠨ ᠠᠵᠢᠯᠴᠢᠨ ᠤᠯᠳᠠᠬᠤ ᠪᠠᠨ ᠪᠤᠯᠢᠵᠤ᠂ ᠬᠤᠷᠢᠶᠠᠯᠳᠠ ᠶᠢᠨ ᠴᠠᠭ ᠨᠢ ᠦᠩᠭᠡᠷᠡᠵᠦ ᠤᠳᠬᠤ ᠠᠴᠠ ᠪᠤᠯᠭᠤᠮᠵᠢᠯᠠᠨ ᠮᠠᠨᠤᠰ ᠲᠠᠢ ᠬᠠᠷᠢᠯᠴᠠᠭᠰᠠᠨ ᠶᠤᠮ᠃ ᠪᠢᠳᠡ ᠭᠠᠴᠠᠭᠠᠨ ᠤ ᠨᠠᠮ ᠤᠨ ᠭᠡᠰᠢᠭᠦᠨ᠂ ᠺᠠᠳ᠋ᠷ ᠢ ᠵᠣᠬᠢᠶᠠᠨ ᠪᠠᠶᠢᠭᠤᠯᠵᠤ ᠲᠡᠭᠦᠨ ᠢ ᠬᠠᠪᠰᠤᠷᠤᠨ ᠤᠷᠤᠰ ᠰᠣᠩᠭᠢᠨ᠎ᠠ ᠬᠤᠷᠢᠶᠠᠵᠦ ᠪᠠᠶᠢᠨ᠎ᠠ᠃ ᠶᠠᠭᠤ ᠴᠤ ᠬᠡᠰᠡᠨ ᠲᠡᠳᠡᠨ ᠤ 1 ᠵᠢᠯ ᠤᠨ ᠴᠢᠷᠮᠠᠶᠢᠯᠳᠠ ᠶᠢ ᠲᠠᠯᠠᠭᠠᠷ ᠦᠷᠡᠭᠳᠡᠬᠦᠯᠵᠦ ᠪᠤᠯᠬᠤ ᠦᠭᠡᠢ ᠪᠢᠵᠠ︾ ᠬᠡᠮᠡᠨ ᠭᠠᠴᠠᠭᠠᠨ ᠳᠤ ᠰᠠᠭᠤᠭ᠎ᠠ ᠨᠢᠭᠡᠳᠦᠭᠡᠷ ᠱᠦᠵᠢ᠂ ᠠᠵᠢᠯ ᠤᠨ ᠲᠤᠭᠤᠶᠢᠯᠠᠩ ᠤᠨ ᠳᠠᠷᠤᠭ᠎ᠠ ᠪᠦᠷᠢᠨᠴᠡᠴᠡᠭ ᠶᠠᠷᠢᠯ᠎ᠠ᠃       ᠪᠦᠷᠢᠨᠴᠡᠴᠡᠭ ᠪᠣᠯ ᠲᠩᠷᠢ ᠠᠵᠤ ᠠᠬᠤᠢ ᠶᠢᠨ ᠮᠡᠷᠭᠡᠵᠢᠯ ᠤᠨ ᠨᠡᠬᠡᠬᠡᠯᠳᠡ ᠶᠢᠨ ᠤᠷᠤᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠳᠡᠳ᠋ ᠳᠠᠷᠤᠭ᠎ᠠ᠂ ᠡᠨᠡ ᠵᠢᠯ 49 ᠨᠠᠰᠤᠲᠠᠢ᠃ ᠲᠡᠷᠡ 2015 ᠣᠨ ᠤ 10 ᠰᠠᠷ᠎ᠠ ᠳᠤ ᠵᠢᠷᠭᠠᠯᠰᠠᠶᠢᠬᠠᠨ ᠪᠠᠯᠭᠠᠰᠤᠨ ᠤ ᠭᠦᠢᠰᠦᠨ ᠭᠠᠴᠠᠭᠠᠨ ᠳᠤ ᠲᠣᠮᠢᠯᠠᠭᠳᠠᠵᠤ᠂ ᠭᠠᠴᠠᠭᠠᠨ ᠳᠤ ᠪᠠᠭᠤᠭᠰᠠᠨ  ᠠᠵᠢᠯ ᠤᠨ ᠠᠩᠬᠢ ᠶᠢᠨ ᠳᠠᠷᠤᠭ᠎ᠠ᠂ ᠨᠢᠭᠡᠳᠦᠭᠡᠷ ᠱᠦᠵᠢ ᠶᠢᠨ ᠲᠤᠰᠢᠶᠠᠯ ᠢ ᠡᠬᠦᠷᠬᠡᠯᠡᠪᠡ᠃ ᠬᠦᠢᠰᠦᠨ ᠭᠠᠴᠠᠭ᠎ᠠ ᠵᠢᠷᠭᠠᠯᠰᠠᠶᠢᠬᠠᠨ ᠪᠠᠯᠭᠠᠰᠤᠨ ᠠᠴᠠ ᠲᠡᠮᠡᠢ ᠬᠤᠯᠠ ᠦᠭᠡᠢ ᠪᠣᠯᠪᠠᠴᠤ᠂ ᠭᠠᠴᠠᠭᠠᠨ ᠤ ᠬᠡᠰᠢᠬᠦᠳ ᠨᠢ ᠲᠠᠷᠠᠬᠠᠶ ᠪᠤᠲᠠᠷᠬᠠᠶ ᠰᠠᠭᠤᠷᠢᠰᠢᠵᠤ ᠪᠠᠶᠢᠳᠠᠭ᠂ ᠡᠨᠡ ᠨᠢ ᠲᠡᠷᠭᠡ ᠵᠢᠯᠣᠭᠤᠳᠴᠤ ᠴᠢᠳᠠᠬᠤ ᠦᠭᠡᠢ ᠪᠦᠷᠢᠨᠴᠡᠴᠡᠭ ᠢ ᠭᠠᠶᠢᠭᠤᠢ ᠰᠢᠨᠠᠯᠭᠠᠵᠡᠢ᠃ ᠶᠠᠪᠠᠭᠠᠨ ᠶᠠᠪᠤᠪᠠᠯ ᠴᠠᠭ ᠰᠠᠭᠠᠳᠠᠭᠠᠬᠤ ᠤᠴᠢᠷ ᠠᠴᠠ ᠲᠡᠷᠡ ᠨᠢᠭᠡ ᠳᠤᠭᠤᠢ ᠲᠡᠷᠭᠡ ᠬᠤᠳᠠᠯᠳᠤᠨ ᠠᠪᠤᠭᠠᠳ ᠮᠠᠯᠴᠢᠨ ᠲᠠᠷᠢᠶᠠᠴᠢᠳ ᠤᠨ ᠲᠤᠮᠳᠠ ᠬᠦᠨᠵᠡᠬᠡᠶᠢᠷᠡᠬᠦ ᠵᠠᠮ ᠬᠠᠷᠢᠯᠴᠠᠭᠠᠨ ᠤ ᠪᠠᠭᠠᠵᠢ ᠪᠠᠨ ᠪᠤᠯᠭᠠᠵᠡᠢ᠃ ᠲᠡᠬᠦᠨ ᠠᠴᠠ ᠬᠤᠶᠢᠰᠢ᠂ ᠶᠠᠳᠠᠭᠤ ᠶᠢ ᠲᠡᠳᠬᠦᠬᠦ ᠵᠠᠮ ᠳᠡᠭᠡᠷ᠎ᠡ ᠲᠡᠭᠦᠨ ᠤ ᠳᠤᠭᠤᠶ ᠤᠨᠤᠭᠰᠠᠨ ᠪᠠᠷ᠎ᠠ ᠦᠷᠭᠦᠯᠵᠢ ᠬᠠᠷᠠᠭᠳᠠᠳᠠᠭ ᠪᠤᠯᠪᠠ᠃       ᠬᠦᠢᠰᠦᠨ ᠭᠠᠴᠠᠭ᠎ᠠ ᠪᠣᠯ ᠲᠠᠷᠢᠶᠠᠯᠠᠬᠤ ᠭᠠᠴᠠᠭ᠎ᠠ᠃ ᠪᠦᠷᠢᠨᠴᠡᠴᠡᠭ ᠰᠠᠶ᠋ᠢᠬᠠᠨ ᠲᠤᠰᠢᠶᠠᠯ ᠳᠤ ᠭᠠᠷᠤᠮᠠᠭᠴᠠ ᠭᠠᠴᠠᠭᠠᠨ ᠤ ᠲᠦᠷᠢ ᠲᠦᠷᠬᠦ ᠶᠢ ᠵᠠᠰᠠᠵᠤ ᠰᠢᠨᠡᠴᠢᠯᠡᠬᠦ ᠠᠵᠢᠯ ᠲᠠᠢ ᠲᠤᠬᠢᠶᠠᠪᠠ᠃ ᠠᠵᠢᠯ ᠤᠨ ᠪᠠᠶᠢᠷᠢᠨ ᠳᠠᠭᠠᠨ ᠬᠤᠷᠳᠤᠬᠠᠨ ᠲᠠᠰᠬᠤ ᠶᠢᠨ ᠲᠦᠯᠦᠭᠡ ᠲᠡᠷᠡ ᠭᠠᠴᠠᠭᠠᠨ ᠤ ᠲᠠᠷᠢᠶᠠᠴᠢᠳ ᠲᠠᠢ ᠬᠠᠮᠲᠤ ᠲᠣᠭᠤᠰᠬ᠎ᠠ ᠵᠦᠭᠡᠭᠡᠪᠦᠷᠢᠯᠡᠨ᠂ ᠮᠤᠳᠤ ᠴᠢᠯᠠᠭᠤ ᠪᠤᠵᠢᠬᠢᠨᠠᠭᠤᠯᠵᠦ᠂ ᠠᠶᠢᠯ ᠤᠨ ᠬᠦᠷᠢᠶ᠎ᠡ ᠬᠠᠰᠢᠶ᠎ᠠ ᠴᠡᠪᠡᠷᠯᠡᠬᠦ ᠶᠢᠨ ᠲᠠᠭᠠᠤ ᠶᠠᠳᠠᠭᠤ ᠬᠦᠴᠢᠷᠳᠡᠯᠳᠡᠢ ᠡᠷᠦᠬᠡ ᠶᠢ ᠪᠤᠯᠭᠤᠭᠠᠨ ᠲᠤᠬᠤᠨᠢᠭᠤᠯᠬᠤ ᠠᠵᠢᠯ ᠢ ᠵᠡᠷᠭᠡᠪᠡᠷ ᠶᠠᠪᠤᠭᠳᠠᠭᠤᠯᠵᠡᠢ᠃ ᠭᠠᠴᠠᠭᠠᠨ ᠤ ᠠᠷᠠᠳ ᠫᠧᠩ ᠬᠠᠢ ᠫᠢᠩ ᠬᠦᠬᠦᠨ ᠪᠤᠯᠴᠢᠷᠬᠠᠢ ᠶᠢᠨ ᠥᠮᠡᠨ ᠳᠤ ᠨᠡᠷᠪᠡᠭᠳᠡᠭᠡᠳ ᠡᠪᠡᠳᠴᠢᠨ ᠢᠶᠠᠨ ᠦᠵᠡᠬᠦᠯᠬᠦ ᠶᠢᠨ ᠲᠦᠯᠦᠭᠡ ᠪᠠᠭ᠎ᠠ ᠪᠤᠰᠤ ᠵᠣᠭᠤᠰ ᠵᠠᠷᠤᠵᠤ᠂ ᠠᠵᠦ ᠠᠮᠢᠳᠤᠷᠠᠯ ᠨᠢ ᠭᠠᠴᠢᠭᠳᠠᠯ ᠳᠤ ᠲᠤᠯᠭᠠᠷᠠᠪᠠ᠃ ᠪᠦᠷᠢᠨᠴᠡᠴᠡᠭ ᠪᠠᠶᠢᠳᠠᠯ ᠢ ᠮᠡᠳᠡᠭᠰᠡᠨ ᠤ ᠳᠠᠷᠠᠭ᠎ᠠ᠂ ᠪᠠᠷᠢᠨ ᠲᠤᠤᠷ᠎ᠠ ᠨᠢ 1000 ᠲᠥᠭᠦᠷᠢᠭ ᠤᠨ ᠲᠤᠬᠤᠨᠢᠭᠤᠯᠭ᠎ᠠ ᠶᠢᠨ ᠮᠥᠩᠭᠦ ᠬᠦᠷᠭᠡᠵᠦ ᠤᠴᠢᠭᠰᠠᠨ ᠪᠥᠭᠡᠳ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠫᠧᠩ ᠬᠠᠢ ᠫᠢᠩ ᠳᠤ 5 ᠲᠦᠮᠡᠨ ᠲᠥᠭᠦᠷᠢᠭ ᠤᠨ ︽ᠭᠤᠷᠪᠠ ᠶᠢ ᠭᠠᠴᠠᠭᠠᠨ ᠳᠤ ᠬᠦᠷᠭᠡᠨ ᠭᠤᠷᠪᠠ ᠶᠢ ᠡᠷᠦᠬᠡ ᠳᠤ ᠤᠷᠤᠭᠤᠯᠬᠤ︾ ᠬᠠᠪᠰᠤᠷᠤᠨ ᠲᠡᠳᠬᠦᠬᠦ ᠵᠢᠭᠡᠯᠡᠯᠭᠡ ᠶᠢᠨ ᠮᠦᠩᠬᠦ ᠶᠢ ᠤᠯᠭᠤᠵᠦ ᠦᠭᠴᠡᠢ᠃ ᠫᠧᠩ ᠬᠠᠢ ᠫᠢᠩ ᠤᠨ ᠬᠢᠨ ᠤ ᠠᠵᠤ ᠠᠮᠢᠳᠤᠷᠠᠯ ᠤᠨ ᠲᠠᠷᠤᠭᠠᠰᠤ ᠲᠦᠩᠬᠡᠵᠢ ᠬᠦᠩᠭᠡᠷᠡᠵᠦ ᠪᠠᠶᠢᠳᠠᠯ᠎ᠠ᠂ ᠳᠠᠷᠠᠭ᠎ᠠ ᠵᠢᠯ ᠨᠢ ᠲᠡᠭᠦᠨ ᠤ ᠬᠠᠳᠠᠮ ᠡᠵᠢ ᠮᠠ ᠬᠦᠢ ᠯᠠᠨ ᠪᠠᠰᠠ ᠰᠥᠰᠥᠨ ᠭᠤᠤᠷᠰᠤ ᠶᠢᠨ ᠥᠮᠡᠨ ᠳᠤ ᠨᠡᠷᠪᠡᠭᠳᠡᠪᠠ᠃ 2 ᠡᠪᠡᠳᠴᠢᠲᠡᠨ ᠤ ᠡᠮᠨᠡᠯᠭᠡ ᠶᠢᠨ ᠵᠠᠷᠤᠳᠠᠯ ᠨᠢ ᠡᠨᠡᠬᠦ ᠭᠡᠷ ᠪᠦᠯᠢ ᠶᠢ ᠲᠤᠯᠤᠭᠠᠢ ᠦᠨᠳᠡᠶᠢᠬᠦ ᠶᠢᠨ ᠠᠷᠭ᠎ᠠ ᠦᠭᠡᠢ ᠢᠪ ᠲᠠᠷᠤᠵᠦ ᠢᠷᠡᠬᠦ ᠳᠤ ᠪᠦᠷᠢᠨᠴᠡᠴᠡᠭ ᠦᠷᠯᠦᠭᠡ ᠦᠳᠡᠰᠢ ᠦᠭᠡᠢ ᠲᠠᠪᠬᠢᠵᠦ ᠪᠠᠶᠢᠭᠠᠳ ᠫᠧᠩ ᠬᠠᠢ ᠫᠢᠩ ᠪᠣᠯᠤᠨ ᠮᠠ ᠬᠦᠢ ᠯᠠᠨ ᠤ 90% ᠠᠴᠠ ᠲᠡᠭᠡᠭᠰᠢᠬᠢ ᠡᠮᠨᠡᠯᠭᠡ ᠶᠢᠨ ᠵᠠᠷᠤᠳᠠᠯ ᠤᠨ ᠲᠠᠩᠰᠠ ᠶᠢ ᠨᠢ ᠴᠠᠶᠢᠷᠠᠭᠤᠯᠵᠦ᠂ ᠲᠡᠳᠡᠨᠡᠶᠢᠬᠢᠨ ᠢ ᠭᠠᠴᠢᠭᠳᠠᠯ ᠤᠨ ᠭᠠᠩᠭ᠎ᠠ ᠠᠴᠠ ᠲᠠᠳᠠᠵᠦ ᠠᠪᠴᠢᠷᠠᠵᠠᠢ᠃        ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠳᠠ ᠶᠢᠨ ᠠᠵᠢᠯ ᠤᠨ ᠳᠤᠮᠳᠠ᠂ ᠪᠦᠷᠢᠨᠴᠡᠴᠡᠭ ᠭᠠᠴᠠᠭᠠᠨ ᠤ ᠶᠠᠳᠠᠭᠤ ᠬᠦᠴᠢᠷᠳᠡᠯᠲᠡᠢ ᠡᠷᠦᠬᠡ ᠶᠢᠨ ᠪᠠᠶᠢᠳᠠᠯ ᠢ ᠨᠠᠷᠢᠨ ᠬᠢᠨᠠᠮᠠᠭᠠᠢ ᠲᠡᠮᠳᠡᠭᠯᠡᠵᠦ᠂ ᠭᠠᠴᠠᠭᠠᠨ ᠤ ᠬᠤᠶᠠᠷ ᠵᠦᠪᠯᠡᠯ ᠪᠠ ᠬᠠᠪᠰᠤᠷᠤᠨ ᠲᠡᠳᠬᠦᠬᠦ ᠺᠠᠳ᠋ᠷ ᠲᠠᠢ ᠬᠠᠮᠳᠤᠷᠠᠨ ᠡᠷᠦᠬᠡ ᠪᠤᠯᠭᠠᠨ ᠤ ᠶᠠᠳᠠᠭᠤᠷᠠᠭᠰᠠᠨ ᠰᠢᠯᠲᠠᠭᠠᠨ ᠢ ᠵᠠᠳᠠᠯᠵᠦ᠂ ᠣᠨᠣᠪᠴᠢᠳᠠᠢ ᠪᠠᠷ ᠬᠠᠪᠰᠤᠷᠤᠨ ᠲᠡᠳᠬᠦᠬᠦ ᠲᠥᠯᠥᠪᠯᠡᠭᠡ ᠲᠤᠭᠳᠠᠭᠠᠨ ᠪᠦᠲᠦᠮᠵᠢᠲᠡᠶ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠬᠡᠷᠡᠭᠵᠢᠬᠦᠯᠦᠭᠰᠡᠭᠡᠷ ᠢᠷᠡᠵᠡᠢ᠃ ᠴᠠᠭᠠᠨᠳᠡᠬᠦᠦᠳᠡᠢ ᠨᠠᠰᠤᠳᠠᠨ ᠤ ᠬᠥᠭᠰᠢᠨ ᠨᠢ ᠨᠠᠰᠤ ᠪᠠᠷᠠᠵᠤ᠂ ᠪᠡᠷᠢ ᠨᠢ ᠤᠷᠭᠤᠵᠤ ᠶᠠᠪᠤᠬᠰᠠᠨ ᠠᠴᠠ ᠲᠡᠷᠡ ᠮᠡᠳᠡᠷᠡᠯ ᠮᠠᠭᠤᠳᠠᠢ ᠬᠦᠦ ᠪᠠ ᠥᠨᠳᠥᠷ ᠳᠤᠮᠳᠠᠳᠤ ᠳᠤ ᠰᠤᠷᠤᠯᠴᠠᠵᠤ ᠪᠠᠶᠢᠭ᠎ᠠ ᠣᠮᠪᠣᠯᠣ ᠲᠠᠢ ᠪᠠᠨ ᠭᠤᠷᠪᠠᠭᠤᠯᠠ ᠠᠵᠦ ᠲᠦᠷᠦᠵᠦ ᠠᠮᠢᠳᠤᠷᠠᠳᠠᠭ᠃ ᠳᠠᠯᠠᠨ ᠬᠡᠳᠦᠳᠡᠢ ᠴᠠᠭᠠᠨᠳᠡᠬᠦᠦᠳᠡᠢ ᠨᠠᠰᠤᠳᠠᠨ ᠤᠮᠪᠤᠯᠤ ᠪᠠᠨ ᠰᠤᠶᠤᠯ ᠤᠨ ᠮᠦᠷ ᠬᠦᠭᠡᠭᠡᠯᠭᠡᠬᠦ ᠶᠢᠨ ᠲᠥᠯᠥᠭᠡ ᠨᠢᠭᠡᠨ ᠵᠢᠵᠢᠭ ᠬᠤᠭᠤᠯᠠᠨ ᠭᠡᠷ ᠲᠤ ᠪᠠᠩᠰᠢ ᠪᠠᠷᠢᠬᠤ ᠬᠦᠴᠦᠨ ᠤ ᠠᠵᠢᠯ ᠬᠢᠵᠦ ᠬᠡᠷ ᠪᠦᠯᠢ ᠶᠢᠨ ᠵᠠᠷᠤᠳᠠᠯ ᠢᠶᠠᠨ ᠪᠠᠭ᠎ᠠ ᠴᠤ ᠭᠡᠰᠡᠨ ᠨᠦᠬᠦᠪᠦᠷᠢᠯᠡᠳᠡᠭ᠃ ᠪᠦᠷᠢᠨᠴᠡᠴᠡᠭ ᠲᠡᠳᠡᠨ ᠤ ᠠᠮᠢᠳᠤᠷᠠᠯ ᠤᠨ ᠪᠠᠶᠢᠳᠠᠯ ᠢ ᠰᠠᠶᠢᠨ ᠤᠶᠢᠯᠠᠭᠠᠳᠠᠭ ᠪᠤᠯᠬᠤᠷ ᠶᠠᠭᠠᠬᠢᠵᠦ ᠲᠡᠳᠡᠨ ᠢ ᠬᠠᠪᠰᠤᠷᠬᠤ ᠪᠢᠯᠡ ᠬᠡᠮᠡᠨ ᠰᠠᠨᠠᠭᠠᠰᠢᠷᠠᠭᠰᠠᠭᠠᠷ ᠢᠷᠡᠵᠡᠢ᠃ ᠲᠡᠷᠡ ᠵᠠᠪ ᠯᠠ ᠪᠤᠯᠪᠠᠯ ᠨᠠᠰᠤᠳᠠᠨ ᠤ ᠭᠡᠷ ᠲᠤ ᠣᠴᠢᠵᠤ ᠵᠤᠭᠤᠭᠳᠠᠨ ᠰᠠᠨᠠᠭ᠎ᠠ ᠰᠡᠳᠬᠢᠯ ᠢ ᠨᠢ ᠲᠠᠶᠢᠪᠤᠰᠢᠷᠠᠭᠤᠯᠵᠦ᠂ ᠠᠷᠰᠠᠷ ᠠᠵᠢᠯ ᠢ ᠨᠢ ᠬᠢᠵᠦ ᠥᠭᠳᠡᠭ᠃ ᠨᠠᠰᠤᠳᠠᠨ ᠤ ᠣᠮᠪᠣᠯᠣ ᠶᠢᠨ ᠬᠢᠨᠢ ᠰᠤᠷᠤᠯᠭ᠎ᠠ ᠶᠢᠨ ᠬᠢᠷᠢ ᠪᠦᠲᠦᠮᠵᠢ ᠨᠢ ᠨᠡᠯᠢᠶᠡᠳ ᠰᠠᠶᠢᠨ ᠭᠡᠳᠡᠭ ᠢ ᠤᠶᠢᠯᠠᠭᠠᠭᠠᠳ ᠪᠢᠴᠢᠭ ᠢᠶᠠᠨ ᠰᠠᠶᠢᠨ ᠰᠤᠷᠴᠤ᠂ ᠡᠷᠬᠡᠪᠰᠢ ᠶᠡᠭᠡ ᠰᠤᠷᠭᠠᠭᠤᠯᠢ ᠳᠤ ᠰᠢᠯᠭᠠᠭᠤᠯᠤᠨ ᠣᠷᠣᠬᠤ ᠶᠢ ᠨᠢ ᠵᠤᠷᠢᠭᠵᠢᠭᠤᠯᠳᠠᠭ᠃ 2018 ᠣᠨ ᠳᠤ᠂ ᠴᠠᠭᠠᠨᠳᠡᠬᠦᠦᠳᠡᠢ ᠨᠠᠰᠤᠳᠠᠨ ᠤ ᠣᠮᠪᠣᠯᠣ ᠬᠦᠦ ᠰᠢᠯᠢᠳᠡᠭ ᠬᠢᠷᠢ ᠪᠦᠳᠦᠮᠵᠢ ᠪᠠᠷ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠳᠤ ᠰᠢᠯᠭᠠᠭᠳᠠᠨ ᠤᠷᠤᠵᠦ᠂ ᠡᠨᠡᠬᠦ ᠭᠡᠷ ᠪᠦᠯᠢ ᠳᠤ ᠤᠶᠢᠷ᠎ᠠ ᠶᠢᠨ ᠬᠡᠳᠦᠨ ᠵᠢᠯ ᠳᠤ ᠲᠤᠬᠢᠶᠠᠭᠰᠠᠨ ᠦᠭᠡᠢ ᠪᠠᠶᠠᠷ ᠪᠤᠯᠵᠡᠢ᠃ ᠭᠡᠳᠡᠯ᠎ᠡ ᠶᠡᠭᠡ ᠰᠤᠷᠭᠠᠭᠤᠯᠢ ᠳᠤ ᠰᠤᠷᠤᠯᠴᠠᠬᠤ ᠳᠤ ᠡᠷᠭᠡᠪᠰᠢ ᠵᠤᠭᠤᠰ ᠪᠠᠶᠢᠬᠤ ᠬᠡᠷᠡᠭᠳᠡᠢ᠃ ᠪᠦᠷᠢᠨᠴᠡᠴᠡᠭ ᠶᠠᠳᠠᠭᠤ ᠬᠦᠴᠢᠷᠳᠡᠯᠲᠡᠶ ᠤᠶᠤᠳᠠᠨ ᠢ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠪᠠᠷ ᠲᠡᠳᠡᠨᠡᠷ ᠲᠤ ᠨᠢᠭᠡ ᠯᠡ ᠤᠳᠠᠭ᠎ᠠ ᠳᠤ 4 ᠲᠦᠮᠡᠨ ᠲᠥᠭᠦᠷᠢᠭ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠭᠤᠶᠤᠴᠢᠯᠠᠵᠦ ᠦᠭᠬᠦᠭᠰᠡᠨ ᠢᠶᠠᠷ ᠪᠠᠷᠠᠬᠤ ᠦᠭᠡᠢ ᠪᠠᠰᠠ 5000 ᠲᠥᠭᠦᠷᠢᠭ ᠤᠨ ᠠᠪᠤᠷᠠᠨ ᠲᠤᠰᠠᠯᠠᠬᠤ ᠪᠡᠯᠡ ᠮᠦᠩᠬᠦ ᠶᠢ ᠤᠯᠵᠦ ᠭᠠᠷᠳᠠᠭᠤᠯᠵᠡᠢ᠃ ᠶᠡᠭᠡ ᠰᠤᠷᠭᠠᠭᠤᠯᠢ ᠳᠤ ᠣᠷᠣᠭᠰᠠᠨ ᠠᠩᠬᠠᠨ ᠤ ᠡᠳᠦᠷ ᠴᠠᠭᠠᠨᠳᠡᠬᠦᠦᠳᠡᠢ ᠨᠠᠰᠤᠳᠠᠨ ᠤ ᠣᠮᠪᠣᠯᠣ ᠬᠦᠦ ᠪᠦᠷᠢᠨᠴᠡᠴᠡᠭ ᠲᠤ ᠸᠢᠴᠠᠲ ᠢᠶᠠᠷ ︽ᠠᠨᠢᠶ᠎ᠠ᠂ ᠲᠠᠨ ᠳᠤ ᠪᠠᠶᠠᠷᠯᠠᠯ᠎ᠠ᠂ ᠬᠤᠵᠢᠮ ᠪᠢ ᠶᠡᠭᠡ ᠰᠤᠷᠭᠠᠭᠤᠯᠢ ᠪᠠᠨ ᠲᠡᠭᠦᠰᠦᠭᠡᠳ ᠨᠡᠶᠢᠬᠡᠮ ᠳᠡᠭᠡᠷ᠎ᠡ ᠭᠠᠷᠤᠭᠰᠠᠨ ᠤ ᠳᠠᠷᠠᠭ᠎ᠠ᠂ ᠪᠠᠰᠠ ᠲᠠᠨ ᠰᠢᠭ᠋ ᠵᠦᠳᠡᠷᠡᠭᠰᠡᠨ ᠬᠦᠮᠦᠰ ᠢ ᠲᠡᠮᠵᠢᠳᠡᠭ ᠬᠦᠮᠦᠨ ᠪᠤᠯᠤᠨ᠎ᠠ︾ ᠬᠡᠵᠦ ᠶᠠᠷᠢᠯ᠎ᠠ᠃ ᠪᠦᠷᠢᠨᠴᠡᠴᠡᠭ ᠤᠨ ᠬᠠᠮᠲᠤ ᠠᠵᠢᠯᠳᠠᠨ ᠳ᠋ᠤᠸᠠᠨ ᠵᠢᠶᠠ ᠰᠢᠨ ᠡᠨᠡᠬᠦ ᠦᠯᠢᠭᠡᠷ ᠢ ᠰᠤᠨᠤᠰᠤᠭᠠᠳ ᠶᠡᠬᠡᠳᠡ ᠰᠡᠳᠬᠢᠯ ᠬᠦᠳᠡᠯᠵᠦ᠂ ᠲᠡᠬᠦᠨ ᠢ ᠶᠡᠭᠡ ᠰᠤᠷᠭᠠᠭᠤᠯᠢ ᠪᠠᠨ ᠲᠡᠭᠦᠰᠲᠡᠯ᠎ᠡ ᠨᠢ ᠲᠤᠰᠠᠯᠠᠬᠤ ᠪᠠᠷ ᠲᠣᠭᠲᠠᠪᠠ᠃       ᠳᠠᠪᠣᠨ ᠵᠢᠯ ᠤᠨ ᠬᠤᠭᠤᠴᠠᠭᠠᠨ ᠳᠤ᠂ ᠪᠦᠷᠢᠨᠴᠡᠴᠡᠭ ᠶᠠᠳᠠᠭᠤ ᠶᠢ ᠲᠡᠳᠬᠦᠬᠦ ᠵᠠᠮ ᠳᠡᠭᠡᠷ᠎ᠡ ᠨᠠᠰᠢ ᠴᠠᠰᠢ ᠬᠡᠴᠢᠨᠡᠨ ᠤᠳᠠᠭ᠎ᠠ ᠵᠤᠷᠴᠢᠭᠰᠠᠨ ᠢ ᠪᠦᠦ ᠮᠡᠳᠡ᠃ ᠲᠡᠷᠡ ᠭᠠᠴᠠᠭᠠᠨ ᠤ ᠶᠠᠳᠠᠭᠤ ᠬᠦᠴᠢᠷᠳᠡᠯᠲᠡᠢ ᠡᠷᠦᠬᠡ ᠨᠢᠭᠡᠪᠦᠷᠢ ᠶᠢᠨ ᠪᠠᠶᠢᠳᠠᠯ ᠪᠠ ᠬᠦᠮᠦᠨ ᠪᠤᠯᠭᠠᠨ ᠤ ᠶᠠᠪᠤᠳᠠᠯ ᠢ ᠲᠤᠪ ᠲᠣᠳᠣᠷᠬᠠᠢ ᠮᠡᠳᠡᠨ᠎ᠠ᠃ ᠡᠨᠡ ᠲᠠᠪᠤᠨ ᠵᠢᠯ ᠳᠤ ᠲᠡᠷᠡ 7 ᠤᠳᠠᠭ᠎ᠠ ᠳᠤᠭᠤᠢ ᠲᠡᠷᠭᠡᠨ ᠤ ᠬᠦᠷᠳᠤ ᠶᠢ ᠰᠤᠯᠢᠵᠦ᠂ ᠨᠦᠬᠦᠵᠦ ᠰᠡᠯᠪᠢᠭᠰᠡᠨ ᠤᠳᠠᠭ᠎ᠠ ᠬᠡᠪᠡᠯ ᠨᠡᠩ ᠴᠤ ᠴᠡᠭᠡᠵᠢᠯᠡᠬᠦ ᠶᠢᠨ ᠠᠷᠭ᠎ᠠ ᠦᠬᠡᠢ ᠪᠤᠯᠵᠠᠢ᠃ ᠲᠠᠪᠤᠨ ᠵᠢᠯ ᠤᠨ ᠲᠤᠷᠰᠢ᠂ ᠪᠦᠷᠢᠨᠴᠡᠴᠡᠭ ᠭᠠᠴᠠᠭᠠᠨ ᠤ ᠬᠤᠶᠠᠷ ᠵᠥᠪᠯᠡᠯ ᠤᠨ ᠬᠢᠨ ᠲᠠᠢ ᠬᠠᠮᠳᠤᠷᠠᠨ ᠭᠠᠴᠠᠭᠠᠨ ᠳᠠᠭᠠᠨ ︽ᠭᠤᠷᠪᠠ ᠶᠢ ᠭᠠᠴᠠᠭᠠᠨ ᠳᠤ ᠬᠦᠷᠭᠡᠬᠦ ᠭᠤᠷᠪᠠ ᠶᠢ ᠡᠷᠦᠬᠡ ᠳᠤ ᠤᠷᠤᠭᠤᠯᠬᠤ︾ ᠶᠠᠳᠠᠭᠤ ᠶᠢ ᠲᠡᠳᠬᠦᠬᠦ ᠲᠤᠰᠬᠠᠢ ᠪᠡᠯᠡ ᠮᠥᠩᠭᠦ 230 ᠲᠦᠮᠡᠨ ᠲᠥᠭᠦᠷᠢᠭ ᠢ ᠭᠤᠶᠤᠴᠢᠯᠠᠨ ᠣᠯᠵᠤ᠂ ᠲᠠᠷᠢᠶᠠᠴᠢᠨ ᠡᠷᠦᠬᠡ ᠶᠢᠨ ᠵᠢᠭᠡᠯᠡᠯᠭᠡ ᠶᠢᠨ ᠬᠦᠦ ᠮᠦᠩᠬᠦ ᠶᠢ ᠳᠠᠨᠵᠢᠯᠠᠬᠤ᠂ ᠲᠡᠵᠢᠭᠡᠨ ᠦᠷᠡᠵᠢᠬᠦᠯᠬᠦ ᠭᠠᠵᠠᠷ ᠤᠨ ᠱᠠᠯᠠ ᠶᠢ ᠬᠠᠲᠠᠭᠤᠷᠠᠭᠤᠯᠬᠤ᠂ ᠰᠢᠨ᠎ᠡ ᠬᠠᠰᠢᠶ᠎ᠠ ᠰᠠᠷᠠᠪᠴᠢ ᠪᠠᠷᠢᠬᠤ᠂ ᠬᠠᠰᠢᠶ᠎ᠠ ᠰᠠᠷᠠᠪᠴᠢ ᠶᠢ ᠰᠢᠨᠡᠳᠭᠡᠬᠦ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠬᠢᠬᠦ ᠪᠠ ᠰᠡᠯᠪᠢᠨ ᠵᠠᠰᠠᠬᠤ ᠵᠡᠷᠭᠡ ᠳᠤ ᠠᠰᠢᠭᠯᠠᠵᠡᠢ᠃ ᠬᠦᠢᠰᠦᠨ ᠭᠠᠴᠠᠭᠠᠨ ᠳᠤ ᠣᠳᠣ 189 ᠡᠷᠦᠬᠡ ᠶᠢᠨ 435 ᠬᠥᠮᠦᠨ ᠠᠮᠠ ᠲᠠᠢ᠃ ᠨᠢᠳᠤᠨᠤᠨ᠂ ᠬᠦᠢᠰᠦᠨ ᠭᠠᠴᠠᠭᠠᠨ ᠤ ᠬᠥᠮᠦᠨ ᠳᠤᠮᠳᠠᠴᠢ ᠶᠢᠨ ᠣᠷᠣᠯᠭ᠎ᠠ 14539.27 ᠲᠥᠭᠦᠷᠢᠭ ᠲᠤ ᠬᠦᠷᠴᠡᠶ᠃ ︽2016 ᠣᠨ ᠳᠤ ᠬᠦᠢᠰᠦᠨ ᠭᠠᠴᠠᠭᠠᠨ ᠤ ᠶᠠᠳᠠᠭᠤ ᠬᠦᠴᠢᠷᠳᠡᠯᠲᠡᠢ ᠡᠷᠦᠬᠡ ᠪᠦᠬᠦᠨ ᠢᠶᠠᠷ ᠢᠶᠠᠨ ᠶᠠᠳᠠᠭᠤ ᠠᠴᠠ ᠠᠩᠬᠢᠵᠢᠷᠠᠪᠠ᠃ ᠭᠡᠪᠡᠴᠦ ᠪᠢᠳᠠᠨ ᠤ ᠠᠵᠢᠯ ᠪᠠᠰᠠ ᠲᠠᠭᠤᠰᠤᠭᠠᠳᠦᠢ ᠪᠠᠶᠢᠭᠰᠠᠭᠠᠷ᠂ ᠠᠯᠢ ᠨᠢᠭᠡᠨ ᠡᠳᠦᠷ ᠲᠡᠳᠡᠨ ᠢ ᠲᠠᠶᠢᠴᠢᠯᠠᠨ ᠪᠦᠬᠦᠳᠡᠭᠡᠷ ᠴᠢᠨᠡᠬᠡᠯᠢᠭᠵᠢᠯ ᠤᠨ ᠵᠠᠮ ᠢᠶᠠᠷ ᠵᠠᠮᠨᠠᠪᠠᠯ ᠰᠠᠶ᠋ᠢ ᠰᠠᠨᠠᠭ᠎ᠠ ᠠᠮᠠᠷᠠᠨ᠎ᠠ︾ ᠬᠡᠵᠦ ᠪᠦᠷᠢᠨᠴᠡᠴᠡᠭ ᠶᠠᠷᠢᠵᠤ ᠪᠠᠶᠢᠯ᠎ᠠ᠃                                                   ︵ᠵᠣᠬᠢᠶᠠᠭᠴᠢ᠄ ᠰᠡᠴᠡᠨ    ᠸᠧᠢ ᠴᠢᠶᠠᠩ︶
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号