ᠠᠯᠠᠱᠠ ᠠᠶᠢᠮᠠᠭ ᠲᠤ ᠥᠪᠦᠷ ᠮᠣᠩᠭᠤᠯ ᠤᠨ ᠭᠡᠷ ᠪᠦᠯᠢ ᠶᠢᠨ ᠰᠤᠷᠭᠠᠨ ᠬᠦᠮᠦᠵᠢᠯ ᠤᠨ ᠰᠤᠳᠤᠯᠭᠠᠨ ᠤ ᠵᠥᠪᠯᠡᠯ ᠤᠨ ᠠᠵᠢᠯ ᠤᠨ ᠭᠠᠵᠠᠷ ᠲᠠᠢ ᠪᠤᠯᠤᠯ᠎ᠠ
ᠨᠡᠶᠢᠲᠡᠯᠡᠭᠰᠡᠨ ᠴᠠᠭ᠄
2020/10/28
                  ᠵᠢᠷᠤᠭ ᠪᠤᠯ᠂ ᠮᠠᠨ ᠤ ᠠᠶᠢᠮᠠᠭ ᠤᠨ ᠠᠵᠢᠯ ᠤᠨ ᠭᠠᠵᠠᠷ ᠤᠨ ᠢᠯᠡᠷᠬᠡᠶᠢᠯᠡᠯ ᠢ ᠰᠡᠬᠦᠯ᠎ᠠ᠃       10 ᠰᠠᠷ᠎ᠠ ᠶᠢᠨ 26 ᠤ ᠡᠳᠤᠷ᠂ ᠵᠠᠯᠠᠭᠤ ᠨᠢᠭᠡ ᠦᠶ᠎ᠡ ᠶᠢᠨ ᠬᠢᠨ ᠤ ᠡᠷᠡᠬᠦᠯ ᠮᠡᠨᠳᠦ ᠪᠠᠷ ᠦᠰᠦᠨ ᠪᠤᠶᠢᠵᠢᠬᠤ ᠪᠠ ᠪᠦᠬᠦ ᠲᠠᠯ᠎ᠠ ᠪᠠᠷ ᠴᠢᠳᠠᠪᠤᠷᠢᠲᠠᠨ ᠪᠣᠯᠬᠤ ᠶᠢ ᠠᠬᠢᠭᠤᠯᠤᠨ᠂ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠡᠭᠦᠳᠡᠨ ᠠᠴᠠ ᠵᠣᠬᠢᠶᠠᠨ ᠪᠠᠶᠢᠭᠤᠯᠤᠭᠰᠠᠨ ᠥᠪᠦᠷ ᠮᠣᠩᠭᠤᠯ ᠤᠨ ᠭᠡᠷ ᠪᠦᠯᠢ ᠶᠢᠨ ᠰᠤᠷᠭᠠᠨ ᠬᠦᠮᠦᠵᠢᠯ ᠤᠨ ᠰᠤᠳᠤᠯᠭᠠᠨ ᠤ ᠵᠥᠪᠯᠡᠯ ᠤᠨ ᠠᠯᠠᠱᠠ ᠳᠠᠬᠢ ᠠᠵᠢᠯ ᠤᠨ ᠭᠠᠵᠠᠷ ᠤᠨ ᠢᠯᠡᠷᠬᠡᠶᠢᠯᠡᠯ ᠰᠡᠬᠦᠬᠦ ᠶᠣᠰᠣᠯᠠᠯ ᠪᠠᠶᠠᠨᠬᠤᠳᠠ ᠳᠤ ᠶᠠᠪᠤᠭᠳᠠᠭᠰᠠᠨ ᠪᠠᠶᠢᠨ᠎ᠠ᠃        ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠶ ᠱᠦᠵᠢ ᠰᠢ ᠶᠢᠨ ᠫᠢᠩ ᠤᠨ ︽ᠭᠡᠷ ᠪᠦᠯᠢ ᠶᠢ ᠴᠢᠬᠤᠯᠠᠴᠢᠯᠠᠬᠤ᠂ ᠬᠡᠷ ᠤᠨ ᠬᠥᠮᠦᠵᠢᠯ ᠢ ᠴᠢᠬᠤᠯᠠᠴᠢᠯᠠᠬᠤ᠂ ᠭᠡᠷ ᠤᠨ ᠰᠤᠷᠲᠠᠯ ᠢ ᠴᠢᠬᠤᠯᠠᠴᠢᠯᠠᠬᠤ︾ ᠬᠡᠷᠡᠭᠳᠡᠢ ᠬᠡᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠤᠯᠤᠨ ᠮᠠᠨ ᠤ ᠣᠷᠣᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠡᠮᠡᠭᠲᠡᠶᠢᠴᠦᠳ ᠤᠨ ᠬᠤᠯᠪᠣᠭ᠎ᠠ ᠪᠣᠯᠤᠨ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠲᠠᠢ ᠬᠠᠮᠵᠢᠯᠴᠠᠨ ᠬᠡᠷ ᠪᠦᠯᠢ ᠶᠢᠨ ᠬᠥᠮᠦᠵᠢᠯ ᠢ ᠲᠠᠰᠤᠷᠠᠯᠲᠠ ᠥᠬᠡᠶ ᠭᠦᠨᠵᠡᠭᠡᠶᠢᠷᠡᠭᠦᠯᠬᠦ ᠱᠠᠭᠠᠷᠳᠠᠯᠭ᠎ᠠ ᠪᠠᠷ᠂ ᠥᠪᠥᠷ ᠮᠣᠩᠭᠤᠯ ᠤᠨ ᠭᠡᠷ ᠪᠦᠯᠢ ᠶᠢᠨ ᠰᠤᠷᠭᠠᠨ ᠬᠥᠮᠦᠵᠢᠯ ᠤᠨ ᠰᠤᠳᠤᠯᠭᠠᠨ ᠤ ᠨᠡᠶᠢᠭᠡᠮᠯᠢᠭ ᠤᠨ ᠪᠠᠶᠢᠩᠭᠤ ᠶᠢᠨ ᠬᠡᠷᠡᠭ ᠡᠷᠬᠢᠯᠡᠭᠴᠢᠳ ᠤᠨ ᠬᠤᠷᠠᠯ ᠠᠴᠠ ᠮᠠᠨ ᠤ ᠠᠶᠢᠮᠠᠭ ᠤᠨ ᠠᠵᠢᠯ ᠤᠨ ᠭᠠᠵᠠᠷ ᠲᠤ ᠲᠤᠰᠬᠠᠢ ᠬᠠᠷᠢᠭᠤᠴᠠᠬᠤ ᠬᠦᠮᠦᠨ ᠲᠤᠬᠢᠷᠠᠭᠤᠯᠵᠦ᠂ ᠮᠠᠨ ᠤ ᠣᠷᠣᠨ ᠤ ᠭᠡᠷ ᠪᠦᠯᠢ ᠶᠢᠨ ᠬᠥᠮᠦᠵᠢᠯ ᠤᠨ ᠵᠢᠭᠠᠨ ᠵᠢᠯᠣᠭᠤᠳᠬᠤ ᠦᠢᠯᠡᠴᠢᠯᠡᠭᠡᠨ ᠤ ᠲᠤᠰᠬᠠᠶᠢᠵᠢᠭᠰᠠᠨ ᠬᠢᠷᠢ ᠳᠦᠪᠰᠢᠨ ᠢ ᠪᠦᠲᠦᠮᠵᠢᠲᠡᠶ ᠳᠡᠭᠡᠭᠰᠢᠯᠡᠭᠦᠯᠤᠨ᠂ ᠭᠡᠷ ᠪᠦᠯᠢ ᠶᠢᠨ ᠰᠤᠷᠭᠠᠨ ᠬᠥᠮᠦᠵᠢᠯ ᠢ ᠰᠢᠨᠵᠢᠯᠡᠬᠦ ᠤᠬᠠᠭᠠᠨᠴᠢ ᠪᠠᠷ ᠣᠨᠣᠯᠵᠢᠭᠤᠯᠤᠨ ᠠᠬᠢᠭᠤᠯᠬᠤ ᠶᠢ ᠵᠣᠷᠢᠭᠰᠠᠨ ᠪᠠᠶᠢᠨ᠎ᠠ᠃        ᠥᠪᠦᠷ ᠮᠣᠩᠭᠤᠯ ᠤᠨ ᠭᠡᠷ ᠪᠦᠯᠢ ᠶᠢᠨ ᠰᠤᠷᠭᠠᠨ ᠬᠦᠮᠦᠵᠢᠯ ᠤᠨ ᠰᠤᠳᠤᠯᠭᠠᠨ ᠤ ᠵᠥᠪᠯᠡᠯ ᠤᠨ ᠠᠯᠠᠱᠠ ᠳᠠᠬᠢ ᠠᠵᠢᠯ ᠤᠨ ᠭᠠᠵᠠᠷ ᠢ ᠪᠠᠶᠢᠭᠤᠯᠬᠤ ᠨᠢ ᠲᠡᠷᠢᠭᠦᠨ ᠤ ᠭᠡᠷ ᠪᠦᠯᠢ ᠶᠢᠨ ᠰᠤᠷᠭᠠᠨ ᠬᠥᠮᠦᠵᠢᠯ ᠤᠨ ᠣᠶᠢᠯᠠ ᠠᠵᠢᠯᠯᠠᠭ᠎ᠠ ᠶᠢ ᠤᠬᠠᠭᠤᠯᠤᠨ ᠲᠦᠭᠡᠮᠡᠯᠵᠢᠭᠦᠯᠵᠦ᠂ ᠰᠤᠷᠭᠠᠭᠤᠯᠢ᠂ ᠭᠡᠷ ᠪᠦᠯᠢ ᠪᠠ ᠨᠡᠶᠢᠭᠡᠮ ᠤᠨ ᠳᠠᠯ᠎ᠠ ᠶᠢᠨ  ᠬᠢᠨ ᠢ ᠨᠢᠭᠳᠠᠷᠠᠭᠤᠯᠤᠨ ᠬᠠᠮᠲᠤ ᠪᠠᠷ ᠣᠷᠣᠯᠴᠠᠭᠰᠠᠨ ︽ᠭᠤᠷᠮᠤᠰᠤᠨ ᠴᠣᠭᠴᠠ︾ ᠶᠢᠨ ᠰᠤᠷᠭᠠᠨ ᠬᠥᠮᠦᠵᠢᠯ ᠤᠨ ᠪᠠᠶᠢᠷᠢᠰᠢᠯ᠂ ᠭᠡᠷ ᠪᠦᠯᠢ ᠶᠢᠨ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠢ ᠲᠦᠭ ᠲᠦᠮᠡᠨ ᠠᠶᠢᠯ ᠡᠷᠦᠬᠡ᠂ ᠬᠤᠲᠠ ᠪᠠᠯᠭᠠᠰᠤ᠂ ᠬᠥᠳᠡᠭᠡ ᠲᠣᠰᠬᠤᠨ ᠤ ᠥᠨᠴᠥᠭ ᠪᠤᠯᠤᠩ ᠪᠦᠷᠢ ᠳᠤ ᠲᠦᠬᠡᠮᠡᠯᠵᠢᠬᠦᠯᠦᠨ᠂ ᠨᠠᠰᠤᠨ ᠳᠤ ᠦᠯᠦ ᠬᠦᠷᠦᠭᠰᠡᠳ ᠤᠨ ᠰᠡᠳᠬᠢᠴᠡ ᠶᠢ ᠠᠩᠬᠠᠷᠴᠣ᠂ ᠲᠡᠳᠡᠨ ᠤ ᠡᠷᠡᠭᠦᠯ ᠢᠶᠠᠷ ᠦᠰᠦᠨ ᠪᠤᠶᠢᠵᠢᠬᠤ ᠪᠠ ᠪᠦᠬᠦ ᠲᠠᠯ᠎ᠠ ᠪᠠᠷ ᠴᠢᠳᠠᠪᠤᠷᠢᠲᠠᠨ ᠪᠣᠯᠬᠤ ᠶᠢ ᠠᠬᠢᠭᠤᠯᠬᠤ ᠶᠢᠨ ᠲᠥᠯᠥᠭᠡ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠦᠢᠯᠡᠴᠢᠯᠡᠭᠡᠨ ᠤ ᠡᠩᠨᠡᠭᠡ ᠳᠤ ᠦᠢᠯᠡᠴᠢᠯᠡᠬᠦ ᠶᠠᠪᠤᠳᠠᠯ ᠪᠣᠯᠣᠨ᠎ᠠ᠃        ᠶᠣᠰᠣᠯᠠᠯ ᠳᠤ᠂ ᠪᠠᠭᠰᠢ᠂ ᠭᠡᠷ ᠤᠨ ᠠᠬᠠᠮᠠᠳ᠂ ᠣᠶᠣᠳᠠᠨ᠂ ᠮᠠᠯᠴᠢᠨ ᠵᠡᠷᠭᠡ ᠨᠡᠶᠢᠬᠡᠮ ᠤᠨ ᠡᠯ᠎ᠡ ᠠᠵᠢᠯ ᠲᠥᠷᠥᠯ ᠤᠨ ᠬᠦᠮᠦᠰ ᠣᠷᠣᠯᠴᠠᠵᠦ᠂ ᠥᠪᠦᠷ ᠮᠣᠩᠭᠤᠯ ᠤᠨ ᠭᠡᠷ ᠪᠦᠯᠢ ᠶᠢᠨ ᠰᠤᠷᠭᠠᠨ ᠬᠦᠮᠦᠵᠢᠯ ᠤᠨ ᠰᠤᠳᠤᠯᠭᠠᠨ ᠤ ᠵᠦᠪᠯᠡᠯ ᠤᠨ ᠠᠯᠠᠱᠠ ᠳᠠᠬᠢ ᠠᠵᠢᠯ ᠤᠨ ᠭᠠᠵᠠᠷ᠂ ᠥᠪᠤᠷ ᠮᠣᠩᠭᠤᠯ ᠤᠨ ᠬᠤᠩ ᠪᠦᠸᠧ ᠰᠡᠳᠬᠢᠴᠡ ᠵᠦᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠰᠡᠳᠬᠢᠴᠡ ᠶᠢᠨ ᠡᠷᠡᠬᠦᠯ ᠮᠡᠨᠳᠦ ᠶᠢᠨ ᠰᠤᠷᠭᠠᠨ ᠬᠦᠮᠦᠵᠢᠯ ᠤᠨ ᠲᠥᠪ ᠤᠨ ᠢᠯᠡᠷᠭᠡᠶᠢᠯᠡᠯ ᠰᠡᠬᠦᠬᠦ ᠪᠠ ᠲᠤᠰᠬᠠᠢ ᠮᠡᠷᠭᠡᠵᠢᠯ ᠤᠨ ᠪᠠᠭᠰᠢ ᠤᠷᠢᠬᠤ ᠵᠡᠷᠭᠡ ᠠᠭᠤᠯᠭ᠎ᠠ ᠪᠠᠷ ᠶᠠᠪᠣᠭᠳᠠᠪᠠ᠃                                              ︵ᠵᠣᠬᠢᠶᠠᠭᠴᠢ᠄  ᠬᠤᠶᠢᠳ ᠰᠡᠴᠡᠨ︶
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号