ᠠᠯᠠᠱᠠ ᠳᠤ ᠮᠤᠩᠭᠤᠯ ᠡᠮ ᠡᠮᠨᠡᠯᠭᠡ ᠶᠢᠨ ᠴᠤᠭᠯᠠᠭᠠᠨ ᠪᠤᠯᠤᠯ᠎ᠠ
ᠨᠡᠶᠢᠲᠡᠯᠡᠭᠰᠡᠨ ᠴᠠᠭ᠄
2020/10/29
                    ᠵᠢᠷᠤᠭ ᠪᠤᠯ᠂ ᠡᠮᠴᠢ ᠰᠤᠪᠢᠯᠠᠬᠴᠢᠳ ︿ᠢᠰᠢᠪᠠᠯᠵᠤᠷ﹀ ᠬᠤᠨᠳᠠᠭᠠᠳᠤ ᠮᠤᠩᠭᠤᠯ ᠡᠮ ᠡᠮᠨᠡᠯᠭᠡ ᠶᠢᠨ ᠮᠡᠳᠡᠯᠭᠡ ᠶᠢᠨ ᠮᠦᠷᠦ᠋ᠢᠴᠡᠭᠡᠨ ᠳᠤ ᠤᠷ᠎ᠠ ᠠᠪᠢᠶᠠᠰ ᠢᠶᠠᠨ ᠰᠤᠷᠢᠵᠤ ᠪᠠᠶᠢᠨ᠎ᠠ᠃ ︵ᠰᠡᠴᠡᠨ ᠰᠡᠭᠦᠳᠡᠷᠯᠡᠪᠡ︶        ᠤᠢᠢᠷ᠎ᠠ ᠶᠢᠨ ᠡᠳᠦᠷ᠂ ᠠᠯᠠᠱᠠ ᠠᠶᠢᠮᠠᠭ ᠤᠨ ᠮᠤᠩᠭᠤᠯ ᠡᠮ ᠡᠮᠨᠡᠯᠭᠡ ᠶᠢᠨ ᠨᠡᠶᠢᠬᠡᠮᠯᠢᠭ ᠤᠨ ᠵᠢᠷᠭᠤᠳᠤᠭᠠᠷ ᠬᠤᠭᠤᠴᠠᠭᠠᠨ ᠤ ᠲᠦᠷᠪᠡᠳᠦᠭᠡᠷ ᠤᠳᠠᠭᠠᠨ ᠤ ᠬᠡᠷᠡᠭ ᠡᠷᠬᠢᠯᠡᠭᠴᠢ ᠶᠢᠨ ᠬᠤᠷᠠᠯ ᠪᠤᠯᠤᠨ ᠡᠷᠳᠡᠮ ᠰᠢᠨᠵᠢᠯᠡᠬᠡᠨ ᠤ ᠰᠤᠯᠢᠯᠴᠠᠭᠠᠨ ᠤ ᠬᠤᠷᠠᠯ ᠵᠢᠴᠢ ᠲᠤᠯᠤᠳᠤᠭᠠᠷ ᠤᠳᠠᠭᠠᠨ ᠤ ︽ᠢᠰᠢᠪᠠᠯᠵᠤᠷ︾ ᠬᠤᠨᠳᠠᠭᠠᠳᠤ ᠮᠤᠩᠭᠤᠯ ᠡᠮ ᠡᠮᠨᠡᠯᠭᠡ ᠶᠢᠨ ᠮᠡᠳᠡᠯᠭᠡ ᠶᠢᠨ ᠮᠦᠷᠦ᠋ᠢᠴᠡᠭᠡᠨ ᠵᠡᠷᠭᠡ ᠰᠢᠷᠢᠰ ᠠᠵᠢᠯᠯᠠᠭ᠎ᠠ ᠶᠠᠪᠤᠭᠳᠠᠯ᠎ᠠ᠃ᠵᠢᠯ ᠪᠤᠯᠭᠠᠨ ᠶᠠᠪᠤᠭᠳᠠᠳᠠᠭ ᠠᠯᠠᠱᠠ ᠠᠶᠢᠮᠠᠭ ᠤᠨ ᠮᠤᠩᠭᠤᠯ ᠡᠮ ᠡᠮᠨᠡᠯᠭᠡ ᠶᠢᠨ ᠡᠷᠳᠡᠮ ᠰᠢᠨᠵᠢᠯᠡᠬᠡᠨ ᠤ ᠰᠤᠯᠢᠯᠴᠠᠭᠠᠨ ᠤ ᠬᠤᠷᠠᠯ ᠤᠨ ᠡᠬᠢᠯᠡᠯᠳᠡ ᠶᠢᠨ ᠶᠤᠰᠤᠯᠠᠯ ᠳᠤ  ᠠᠯᠠᠱᠠ ᠠᠶᠢᠮᠠᠭ ᠤᠨ ᠡᠯ᠎ᠡ ᠭᠠᠵᠠᠷ ᠠᠴᠠ ᠬᠦᠷᠦᠯᠴᠡᠨ ᠢᠷᠡᠭᠰᠡᠨ 100 ᠭᠠᠷᠤᠢ ᠮᠤᠩᠭᠤᠯ ᠡᠮᠴᠢ ᠤᠷᠤᠯᠴᠠᠵᠦ᠂ ᠠᠵᠢᠯᠯᠠᠭ᠎ᠠ ᠨᠢ ᠠᠯᠠᠱᠠ ᠠᠶᠢᠮᠠᠭ ᠤᠨ ᠮᠤᠩᠭᠤᠯ ᠡᠮ ᠡᠮᠨᠡᠯᠭᠡ ᠶᠢᠨ 2020 ᠤᠨ ᠤ ᠠᠵᠢᠯ ᠤᠨ ᠬᠠᠷᠢᠭᠤ ᠮᠡᠳᠡᠬᠦᠯᠦᠯᠳᠡ ᠬᠢᠬᠦ᠂ ᠠᠯᠠᠱᠠ ᠵᠡᠬᠦᠨ ᠬᠤᠰᠢᠭᠤᠨ ᠤ ᠠᠯᠳᠠᠨ ᠮᠤᠩᠭᠤᠯ ᠲᠤᠰᠬᠠᠢ ᠮᠡᠷᠭᠡᠵᠢᠯ ᠤᠨ ᠡᠮᠨᠡᠯᠭᠡ ᠶᠢᠨ ᠬᠤᠷᠢᠶᠠᠨ ᠠᠴᠠ ᠡᠯ᠎ᠡ ᠮᠤᠩᠭᠤᠯ ᠡᠮᠨᠡᠯᠭᠡ ᠳᠤ ᠨᠤᠮ ᠬᠠᠨᠳᠢᠪᠯᠠᠬᠤ᠂ ᠲᠤᠯᠤᠳᠤᠭᠠᠷ ᠤᠳᠠᠭᠠᠨ ᠤ ︽ᠢᠰᠢᠪᠠᠯᠵᠤᠷ︾ ᠬᠤᠨᠳᠠᠭᠠᠳᠤ ᠮᠤᠩᠭᠤᠯ ᠡᠮ ᠡᠮᠨᠡᠯᠭᠡ ᠶᠢᠨ ᠮᠡᠳᠡᠯᠭᠡ ᠶᠢᠨ ᠮᠦᠷᠦ᠋ᠢᠴᠡᠭᠡᠨ ᠬᠢᠬᠦ᠂ ᠬᠢᠵᠢᠭ ᠡᠪᠡᠳᠴᠢᠨ᠂ ᠰᠢᠬᠢᠷ ᠰᠢᠵᠢᠩ ᠡᠪᠡᠳᠴᠢᠨ᠂ ᠠᠭᠤᠰᠬᠢᠨ ᠰᠦᠷᠢᠶ᠎ᠡ ᠡᠪᠡᠳᠴᠢᠨ᠂ ᠤᠯᠠᠷᠢᠯ ᠤᠨ ᠴᠢᠨᠠᠷᠳᠠᠢ ᠬᠢᠮᠤᠷᠠᠭ᠎ᠠ ᠵᠡᠷᠭᠡ ᠶᠢ ᠤᠷᠢᠳᠴᠢᠯᠠᠨ ᠰᠡᠷᠬᠡᠶᠢᠯᠡᠬᠦ ᠪᠤᠶᠤ ᠮᠤᠩᠭᠤᠯ ᠡᠮ ᠡᠮᠨᠡᠯᠭᠡ ᠪᠠᠷ ᠡᠮᠴᠢᠯᠡᠨ ᠵᠠᠰᠠᠬᠤ ᠲᠤᠬᠠᠢ᠂ ᠮᠤᠩᠭᠤᠯ ᠤᠯᠠᠮᠵᠢᠯᠠᠯᠳᠤ ᠵᠠᠰᠠᠯ ᠤᠨ ᠲᠤᠬᠠᠢ ᠡᠷᠳᠡᠮ ᠰᠢᠨᠵᠢᠯᠡᠭᠡᠨ ᠤ ᠦᠬᠦᠯᠡᠯ ᠨᠦᠭᠦᠳ ᠢᠶᠠᠨ ᠬᠠᠮᠳᠤᠪᠠᠷ ᠰᠤᠯᠢᠯᠴᠠᠨ ᠰᠤᠷᠤᠯᠴᠠᠬᠤ ᠵᠡᠷᠭᠡ ᠠᠭᠤᠯᠭ᠎ᠠ ᠪᠠᠷ ᠶᠠᠪᠤᠬᠳᠠᠬᠰᠠᠨ ᠪᠠᠶᠢᠨ᠎ᠠ᠃        ︽ᠠᠯᠠᠱᠠ ᠠᠶᠢᠮᠠᠭ ᠤᠨ ᠮᠤᠩᠭᠤᠯ ᠡᠮ ᠡᠮᠨᠡᠯᠭᠡ ᠶᠢᠨ ᠡᠷᠳᠡᠮ ᠰᠢᠨᠵᠢᠯᠡᠬᠡᠨ ᠤ ᠰᠤᠯᠢᠯᠴᠠᠭᠠᠨ ᠤ ᠬᠤᠷᠠᠯ ᠢ ᠪᠤᠯ ︿ᠢᠰᠢᠪᠠᠯᠵᠤᠷ﹀ ᠬᠤᠨᠳᠠᠭᠠᠳᠤ ᠮᠤᠩᠭᠤᠯ ᠡᠮ ᠡᠮᠨᠡᠯᠭᠡ ᠶᠢᠨ ᠮᠡᠳᠡᠯᠭᠡ ᠶᠢᠨ ᠮᠦᠷᠦ᠋ᠢᠴᠡᠭᠡᠨ ᠲᠠᠢ ᠬᠠᠮᠳᠤᠪᠠᠷ ᠡᠷᠬᠢᠯᠡᠨ ᠶᠠᠪᠤᠭᠳᠠᠭᠤᠯᠳᠠᠭ᠃ ᠮᠤᠩᠭᠤᠯ ᠡᠮ ᠡᠮᠨᠡᠯᠭᠡ ᠶᠢᠨ ᠡᠷᠳᠡᠮ ᠰᠢᠨᠵᠢᠯᠡᠬᠡᠨ ᠤ ᠰᠤᠯᠢᠯᠴᠠᠭᠠᠨ ᠤ ᠬᠤᠷᠠᠯ   ᠳᠤ ᠮᠠᠨ ᠤ ᠠᠶᠢᠮᠠᠭ ᠤᠨ ᠡᠯ᠎ᠡ ᠬᠤᠰᠢᠭᠤ᠂ ᠰᠤᠮᠤ ᠪᠠᠯᠭᠠᠰᠤᠨ ᠤ ᠮᠤᠩᠭᠤᠯ ᠡᠮᠴᠢ ᠨᠠᠷ ᠦᠪᠡᠷ ᠤᠨ ᠡᠷᠳᠡᠮ ᠰᠢᠨᠵᠢᠯᠡᠭᠡᠨ ᠤ ᠦᠬᠦᠯᠡᠯ ᠢᠶᠠᠨ ᠤᠯᠠᠨ ᠲᠠᠢ ᠬᠤᠪᠢᠶᠠᠯᠴᠠᠵᠦ᠂ ᠵᠠᠯᠠᠭᠤ ᠡᠮᠴᠢ ᠨᠠᠷ ︿ᠢᠰᠢᠪᠠᠯᠵᠤᠷ﹀ ᠬᠤᠨᠳᠠᠭᠠᠳᠤ ᠮᠤᠩᠭᠤᠯ ᠡᠮ ᠡᠮᠨᠡᠯᠭᠡ ᠶᠢᠨ ᠮᠡᠳᠡᠯᠭᠡ ᠶᠢᠨ ᠮᠦᠷᠦ᠋ᠢᠴᠡᠭᠡᠨ ᠳᠤ ᠤᠷ᠎ᠠ ᠠᠪᠢᠶᠠᠰ ᠢᠶᠠᠨ ᠰᠤᠷᠢᠨ᠂ ᠰᠤᠳᠤᠨ ᠡᠮᠴᠢ ᠪᠠ ᠰᠢᠯᠢᠳᠡᠭ ᠡᠷᠳᠡᠮ ᠰᠢᠨᠵᠢᠯᠡᠭᠡᠨ ᠤ ᠦᠬᠦᠯᠡᠯ ᠢ ᠱᠠᠩᠨᠠᠨ ᠬᠦᠬᠢᠬᠦᠯᠳᠡᠭ ᠪᠠᠶᠢᠨ᠎ᠠ᠃ ᠡᠶᠢᠮᠦᠷᠭᠦ ᠠᠷᠭ᠎ᠠ ᠪᠠᠷ ᠮᠤᠩᠭᠤᠯ ᠡᠮ ᠡᠮᠨᠡᠯᠭᠡ ᠶᠢᠨ ᠬᠦᠭᠵᠢᠯᠳᠡ ᠶᠢ ᠠᠬᠢᠭᠤᠯᠵᠦ᠂ ᠡᠮᠴᠢ ᠨᠠᠷ ᠤᠨ ᠮᠡᠳᠡᠯᠭᠡ ᠪᠤᠯᠪᠠᠰᠤᠷᠠᠯ ᠢ ᠲᠡᠭᠡᠭᠰᠢᠯᠡᠬᠦᠯᠬᠦ ᠳᠤ ᠠᠰᠢᠭᠳᠠᠢ ᠪᠠᠶᠢᠳᠠᠭ︾ ᠬᠡᠵᠦ ᠡᠵᠡᠨ᠎ᠡ ᠬᠤᠰᠢᠭᠤᠨ ᠤ ᠮᠤᠩᠭᠤᠯ ᠡᠮᠨᠡᠯᠭᠡ ᠶᠢᠨ ᠬᠤᠷᠢᠶᠠᠨ ᠤ ᠲᠠᠷᠤᠭ᠎ᠠ᠂ ᠲᠡᠳ᠋ ᠡᠷᠬᠢᠯᠡᠭᠴᠢ ᠡᠮᠴᠢ᠂ ᠳ᠋ᠤᠺᠲ᠋ᠤᠷ ᠰᠦᠭᠡ ᠶᠠᠷᠢᠯ᠎ᠠ᠃       ᠠᠯᠠᠱᠠ ᠠᠶᠢᠮᠠᠭ ᠤᠨ ᠮᠤᠩᠭᠤᠯ ᠡᠮ ᠡᠮᠨᠡᠯᠭᠡ ᠶᠢᠨ ᠨᠡᠶᠢᠬᠡᠮᠯᠢᠭ ᠤᠨ ᠵᠢᠷᠭᠤᠳᠤᠭᠠᠷ ᠬᠤᠭᠤᠴᠠᠭᠠᠨ ᠤ ᠲᠦᠷᠪᠡᠳᠦᠭᠡᠷ ᠤᠳᠠᠭᠠᠨ ᠤ ᠬᠡᠷᠡᠭ ᠡᠷᠬᠢᠯᠡᠭᠴᠢ ᠶᠢᠨ ᠬᠤᠷᠠᠯ ᠪᠤᠯᠤᠨ ᠡᠷᠳᠡᠮ ᠰᠢᠨᠵᠢᠯᠡᠬᠡᠨ ᠤ ᠰᠤᠯᠢᠯᠴᠠᠭᠠᠨ ᠤ ᠬᠤᠷᠠᠯ ᠵᠢᠴᠢ ᠲᠤᠯᠤᠳᠤᠭᠠᠷ ᠤᠳᠠᠭᠠᠨ ᠤ ︽ᠢᠰᠢᠪᠠᠯᠵᠤᠷ︾ ᠬᠤᠨᠳᠠᠭᠠᠳᠤ ᠮᠤᠩᠭᠤᠯ ᠡᠮ ᠡᠮᠨᠡᠯᠭᠡ ᠶᠢᠨ ᠮᠡᠳᠡᠯᠭᠡ ᠶᠢᠨ ᠮᠦᠷᠦ᠋ᠢᠴᠡᠭᠡᠨ ᠤ ᠰᠢᠷᠢᠰ ᠠᠵᠢᠯᠯᠠᠭ᠎ᠠ ᠨᠢ ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠭᠳᠠᠨ᠂ ᠠᠯᠠᠱᠠ ᠠᠶᠢᠮᠠᠭ ᠤᠨ ᠮᠤᠩᠭᠤᠯ ᠡᠮᠨᠡᠯᠭᠡ ᠶᠢᠨ ᠬᠤᠷᠢᠶ᠎ᠠ᠂ ᠠᠯᠠᠱᠠ ᠵᠡᠬᠦᠨ ᠬᠤᠰᠢᠭᠤᠨ ᠤ ᠮᠤᠩᠭᠤᠯ ᠬᠢᠳᠡᠳ ᠡᠮᠨᠡᠯᠭᠡ ᠶᠢᠨ ᠬᠤᠷᠢᠶ᠎ᠠ᠂ ᠠᠯᠠᠱᠠ ᠪᠠᠷᠠᠭᠤᠨ ᠬᠤᠰᠢᠭᠤᠨ ᠤ ᠮᠤᠩᠭᠤᠯ ᠡᠮᠨᠡᠯᠭᠡ ᠶᠢᠨ ᠬᠤᠷᠢᠶ᠎ᠠ᠂ ᠡᠵᠡᠨ᠎ᠡ ᠬᠤᠰᠢᠭᠤᠨ ᠤ ᠮᠤᠩᠭᠤᠯ ᠡᠮᠨᠡᠯᠭᠡ ᠶᠢᠨ ᠬᠤᠷᠢᠶ᠎ᠠ᠂ ᠠᠯᠳᠠᠨ ᠮᠤᠩᠭᠤᠯ ᠲᠤᠰᠬᠠᠢ ᠮᠡᠷᠭᠡᠵᠢᠯ ᠤᠨ ᠡᠮᠨᠡᠯᠭᠡ ᠶᠢᠨ ᠬᠤᠷᠢᠶ᠎ᠠ᠂ ᠲᠡᠭᠰᠢ ᠪᠠᠮᠪᠠᠢ ᠪᠤᠯᠴᠢᠷᠬᠠᠢ ᠶᠢᠨ ᠡᠪᠡᠳᠴᠢᠨ ᠤ ᠮᠤᠩᠭᠤᠯ ᠲᠤᠰᠬᠠᠢ ᠮᠡᠷᠭᠡᠵᠢᠯ ᠤᠨ ᠡᠮᠨᠡᠯᠭᠡ ᠶᠢᠨ ᠬᠤᠷᠢᠶ᠎ᠠ᠂ ᠡᠯ᠎ᠡ ᠰᠤᠮᠤ ᠪᠠᠯᠭᠠᠰᠤ᠂ ᠨᠡᠶᠢᠬᠡᠮ ᠲᠤᠭᠤᠷᠢᠭ ᠤᠨ ᠡᠷᠡᠬᠦᠯ ᠬᠠᠮᠠᠭᠠᠯᠠᠯ ᠤᠨ ᠤᠶᠢᠯᠡᠴᠢᠯᠡᠭᠡᠨ ᠤ ᠲᠦᠪ ᠵᠡᠷᠭᠡ 8 ᠲᠦᠯᠦᠭᠡᠯᠡᠬᠦ ᠲᠤᠭᠤᠶᠢᠯᠠᠩ ᠤᠨ ᠬᠢᠨ ︽ᠢᠰᠢᠪᠠᠯᠵᠤᠷ︾ ᠬᠤᠨᠳᠠᠭᠠᠳᠤ ᠮᠤᠩᠭᠤᠯ ᠡᠮ ᠡᠮᠨᠡᠯᠭᠡ ᠶᠢᠨ ᠮᠡᠳᠡᠯᠭᠡ ᠶᠢᠨ ᠮᠦᠷᠦ᠋ᠢᠴᠡᠭᠡᠨ ᠳᠤ ᠤᠷᠤᠯᠴᠠᠬᠰᠠᠨ ᠪᠠᠶᠢᠨ᠎ᠠ᠃                                                           ︵ ᠵᠣᠬᠢᠶᠠᠭᠴᠢ᠄ ᠰᠡᠴᠡᠨ︶
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号