ᠠᠯᠠᠱᠠ ᠠᠶᠢᠮᠠᠭ ᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠲᠤᠬᠠᠶ ᠬᠠᠯᠠᠭᠤᠨ ᠶᠠᠷᠢᠯᠴᠠᠭᠠᠨ ᠦᠷᠨᠢᠯ᠎ᠠ
ᠨᠡᠶᠢᠲᠡᠯᠡᠭᠰᠡᠨ ᠴᠠᠭ᠄
2020/11/11
      10 ᠰᠠᠷ᠎ᠠ ᠶᠢᠨ 26 ᠤ ᠡᠳᠦᠷ ᠠᠴᠠ 29 ᠤ ᠡᠳᠦᠷ ᠪᠣᠯᠲᠠᠯ᠎ᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠪᠡᠭᠡᠵᠢᠩ ᠳᠤ ᠬᠤᠷᠠᠯᠳᠤᠵᠤ᠂ ᠮᠠᠨ ᠤ ᠠᠶᠢᠮᠠᠭ ᠤᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠷᠠᠳᠢᠣ᠋᠂ ᠲᠧᠯᠸᠢᠰ᠂ ᠢᠨᠲ᠋ᠧᠷ ᠰᠦᠯᠵᠢᠶ᠎ᠡ᠂ ᠰᠢᠨ᠎ᠡ ᠵᠠᠭᠤᠴᠢᠯᠠᠭᠤᠷ ᠵᠡᠷᠭᠡ ᠠᠷᠭ᠎ᠠ ᠬᠡᠯᠪᠡᠷᠢ ᠪᠠᠷ ᠳᠠᠮᠵᠢᠨ᠂ ᠪᠥᠬᠦᠳᠡ ᠬᠤᠷᠠᠯ ᠤᠨ ᠠᠯᠪᠠᠨ ᠮᠡᠳᠡᠭᠡ ᠶᠢ ᠬᠦᠯᠢᠶᠡᠨ ᠰᠣᠨᠣᠰᠬᠤ ᠶᠢᠨ ᠬᠠᠮᠲᠤ᠂ ᠦᠪᠡᠷ ᠦᠪᠡᠷ ᠤᠨ ᠲᠤᠬᠠᠶᠢᠯᠠᠭᠰᠠᠨ ᠠᠵᠢᠯ ᠪᠠ ᠪᠤᠳᠠᠲᠦ ᠪᠠᠶᠢᠳᠠᠯ ᠲᠠᠢ ᠤᠶᠠᠯᠳᠤᠭᠤᠯᠤᠨ ᠲᠦᠷᠦᠭᠳᠡᠯ ᠢᠶᠠᠨ ᠶᠠᠷᠢᠭᠰᠠᠨ ᠪᠠᠶᠢᠨ᠎ᠠ᠃       ᠠᠶᠢᠮᠠᠭ  ᠤᠨ ᠡᠪ ᠬᠠᠮᠲᠤ ᠵᠠᠯᠠᠭᠤᠴᠤᠳ  ᠤᠨ ᠡᠪᠯᠡᠯ  ᠤᠨ ᠬᠤᠷᠢᠶᠠᠨ  ᠤ ᠳᠡᠳ᠋ ᠱᠦᠵᠢ ᠠᠷᠢᠭᠤᠨᠲᠠᠨ᠎ᠠ᠂ ᠡᠪ ᠬᠠᠮᠲᠤ ᠵᠠᠯᠠᠭᠤᠴᠤᠳ  ᠤᠨ ᠡᠪᠯᠡᠯ  ᠤᠨ ᠺᠠᠳ᠋ᠷ ᠪᠣᠯᠤᠭᠰᠠᠨ  ᠤ ᠬᠤᠪᠢ  ᠳᠤ᠂ ᠡᠭᠦᠷᠭᠡ ᠬᠠᠷᠢᠭᠤᠴᠠᠯᠭ᠎ᠠ  ᠪᠠᠨ ᠵᠣᠷᠢᠭᠲᠠᠶ ᠡᠭᠦᠷᠭᠡᠯᠡᠵᠦ᠂ ᠬᠥᠲᠥᠯᠥᠨ ᠳᠠᠭᠠᠭᠤᠯᠵᠤ ᠨᠢᠭᠲᠠᠷᠠᠭᠤᠯᠬᠤ᠂ ᠵᠣᠬᠢᠶᠠᠨ ᠪᠠᠶᠢᠭᠤᠯᠵᠤ ᠳᠠᠶᠢᠴᠢᠯᠠᠬᠤ᠂ ᠬᠠᠷᠢᠯᠴᠠᠵᠤ ᠦᠢᠯᠡᠴᠢᠯᠡᠬᠦ ᠵᠡᠷᠬᠡ ᠦᠨᠳᠦᠰᠦᠨ ᠠᠵᠢᠯ  ᠢ ᠰᠠᠶᠢᠲᠤᠷ ᠬᠢᠵᠦ᠂ ᠪᠦᠬᠦ ᠠᠶᠢᠮᠠᠭ  ᠤᠨ ᠥᠷᠭᠡᠨ ᠣᠯᠠᠨ ᠡᠪᠯᠡᠯ  ᠤᠨ ᠭᠡᠰᠢᠭᠦᠨ ᠵᠠᠯᠠᠭᠤᠴᠤᠳ  ᠢ ᠪᠦᠯᠬᠦᠮᠳᠡᠭᠦᠯᠦᠨ ᠳᠠᠶᠢᠴᠢᠯᠠᠵᠤ ᠪᠠᠶᠢᠭᠠᠳ ᠴᠠᠭ ᠦᠶ᠎ᠡ  ᠲᠠᠢ ᠬᠠᠮᠲᠤ ᠤᠷᠤᠭᠰᠢᠯᠠᠵᠤ᠂ ᠥᠭᠡᠷᠡᠴᠢᠯᠡᠯᠲᠡ ᠬᠥᠭᠵᠢᠯᠲᠡ  ᠶᠢᠨ ᠶᠡᠭᠡ ᠤᠷᠤᠰᠬᠠᠯ  ᠳᠤ ᠠᠭᠤᠰᠤᠨ᠂ ︽ᠠᠷᠪᠠᠨ ᠳᠥᠷᠪᠡᠳᠦᠭᠡᠷ ᠲᠠᠪᠤᠨ ᠵᠢᠯ︾  ᠤᠨ ᠲᠥᠯᠥᠪᠵᠢᠭᠦᠯᠭᠡ  ᠪᠠ 2035 ᠣᠨ  ᠤ ᠠᠯᠤᠰ ᠤᠨ ᠬᠠᠷᠠᠯᠲᠠ ᠶᠢ ᠪᠡᠶᠡᠯᠡᠬᠦᠯᠬᠦ ᠪᠠᠷ ᠴᠢᠷᠮᠠᠶᠢᠨ᠎ᠠ ᠬᠡᠵᠦ ᠪᠠᠶᠢᠯ᠎ᠠ᠃       ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠤᠤᠯ ᠤᠨ ᠳᠡᠳ᠋ ᠲᠣᠭᠤᠷᠢᠨ ᠪᠠᠶᠢᠴᠠᠭᠠᠭᠴᠢ ᠵᠠᠩ ᠰᠢᠤᠸᠠᠢ ᠵᠦᠩ᠂ ᠡᠨᠡ ᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠳᠠ ᠶᠢᠨ ᠡᠴᠦᠰ ᠤᠨ ᠵᠢᠯ ᠪᠣᠯᠤᠨ᠎ᠠ᠃ ᠬᠥᠳᠡᠭᠡ ᠲᠣᠰᠬᠤᠨ ᠤ ᠶᠠᠳᠠᠭᠤ ᠬᠦᠴᠢᠷᠳᠡᠯ ᠲᠠᠢ 5575 ᠲᠦᠮᠡᠨ ᠬᠥᠮᠦᠨ ᠶᠠᠳᠠᠭᠤ ᠠᠴᠠ ᠠᠩᠭᠢᠵᠢᠷᠠᠵᠤ᠂ ᠮᠠᠨ ᠤ ᠤᠯᠤᠰ ᠤᠨ ᠠᠮᠤ ᠪᠤᠳᠠᠭᠠᠨ ᠤ ᠵᠢᠯ ᠤᠨ ᠤᠨᠠᠯᠲᠠ 5 ᠵᠢᠯ ᠳᠠᠷᠠᠭᠠᠯᠠᠨ 1300 ᠳ᠋ᠦᠩᠰᠢᠭᠤᠷ ᠵᠢᠩ ᠠᠴᠠ ᠲᠠᠪᠠᠪᠠ ᠁ ᠵᠦᠢᠯ  ᠵᠦᠢᠯ ᠤᠨ ᠠᠮᠵᠢᠯᠲᠠ ᠪᠦᠲᠦᠮᠵᠢ ᠶᠢ ᠴᠥᠮ ᠬᠢᠯᠪᠠᠷ ᠪᠤᠰᠤ ᠪᠠᠷ ᠣᠯᠤᠭᠰᠠᠨ ᠶᠤᠮ᠃ ᠡᠨᠡ ᠤᠳᠠᠭᠠᠨ ᠤ ᠪᠥᠬᠦᠳᠡ ᠬᠤᠷᠠᠯ ᠪᠣᠯ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠪᠠᠨ ᠪᠡᠶᠡᠯᠡᠭᠦᠯᠬᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠴᠠᠭ ᠮᠥᠴᠡ ᠳᠤ ᠬᠤᠷᠠᠯᠳᠤᠭᠰᠠᠨ ᠴᠢᠬᠤᠯᠠ ᠬᠤᠷᠠᠯ ᠪᠣᠯᠤᠨ᠎ᠠ᠃ ᠬᠤᠷᠠᠯ ᠠᠴᠠ ︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠭᠤᠯᠭ᠎ᠠ︾ ᠶᠢ ᠬᠢᠨᠠᠨ ᠵᠥᠪᠯᠡᠵᠦ ᠪᠠᠲᠤᠯᠠᠪᠠ᠃ ᠡᠳᠡᠭᠡᠷ ᠨᠢ ᠴᠥᠮ ᠤᠯᠤᠰ ᠣᠷᠣᠨ ᠤ ᠲᠣᠭᠲᠠᠭᠤᠨ ᠪᠠᠶᠢᠳᠠᠯ ᠪᠠ ᠠᠷᠠᠳ ᠤᠯᠠᠨ ᠤ ᠠᠮᠢᠳᠤᠷᠠᠯ ᠤᠨ ᠰᠠᠶᠢᠨ ᠰᠠᠶᠢᠬᠠᠨ ᠳᠤ ᠰᠠᠭᠤᠷᠢᠯᠠᠵᠤ᠂ ᠴᠥᠬᠦᠷᠡᠰᠢ ᠦᠭᠡᠢ ᠴᠢᠷᠮᠠᠶᠢᠭᠰᠠᠨ ᠤ ᠦᠷ᠎ᠠ ᠳ᠋ᠦᠡᠭ ᠶᠤᠮ᠃ ᠰᠤᠷᠭᠠᠨ ᠬᠥᠮᠦᠵᠢᠯ᠂ ᠰᠣᠶᠣᠯ᠂ ᠴᠢᠳᠠᠪᠤᠷᠢᠲᠠᠨ᠂ ᠪᠡᠶ᠎ᠡ ᠶᠢᠨ ᠲᠠᠮᠢᠷ᠂ ᠰᠢᠨᠵᠢᠯᠡᠭᠡ ᠮᠡᠷᠭᠡᠵᠢᠯ ᠤᠨ ᠬᠦᠴᠦᠷᠬᠡᠭ ᠤᠯᠤᠰ ᠪᠠ ᠡᠷᠡᠭᠦᠯ ᠡᠩᠬᠡ ᠳᠤᠮᠳᠠᠳᠤ ᠤᠯᠤᠰ ᠢ ᠪᠠᠶᠢᠭᠤᠯᠵᠤ᠂ ᠤᠯᠤᠰ ᠢᠶᠠᠨ ᠬᠦᠴᠦᠷᠬᠡᠭᠵᠢᠭᠦᠯᠬᠦ ᠠᠷᠭ᠎ᠠ ᠪᠣᠳᠣᠯᠭ᠎ᠠ ᠪᠠᠷ ᠳᠠᠮᠵᠢᠨ ᠤᠯᠤᠰ ᠠᠷᠠᠳ ᠤᠨ ᠬᠡᠪ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ ᠬᠡᠪᠡ᠃       ᠵᠢᠷᠠᠲᠠᠶ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠠᠩ ᠵᠢᠶᠦ᠋ᠨ ᠱᠧᠩ ᠬᠡᠯᠡᠬᠦ ᠳᠡᠭᠡᠨ᠂ ᠰᠤᠮᠤ ᠪᠠᠯᠭᠠᠰᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠰᠠᠭᠤᠷᠢᠨ ᠭᠠᠵᠠᠷ ᠪᠣᠯᠤᠨ᠎ᠠ᠂ ᠪᠢᠳᠡ ᠬᠤᠷᠠᠯ ᠤᠨ ᠵᠣᠷᠢᠭ ᠰᠠᠨᠠᠭ᠎ᠠ ᠶᠢ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠲᠤᠬᠠᠶ ᠶᠢᠨ ᠭᠠᠵᠠᠷ ᠤᠨ ᠲᠠᠷᠢᠶᠠᠯᠠᠩ ᠮᠠᠯ ᠠᠵᠤ ᠠᠬᠤᠶ ᠶᠢᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠠᠮᠢ ᠠᠬᠤᠶ ᠶᠢ ᠲᠡᠷᠢᠭᠦᠨ ᠳᠤ ᠲᠠᠯᠪᠢᠵᠦ᠂ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠦ᠂ ᠬᠤᠤᠰ ᠪᠥᠬᠦᠲᠦ ᠲᠡᠮᠡᠭᠡ᠂ ᠴᠠᠭᠠᠨ ᠨᠣᠯᠣᠣᠷᠳᠣ ᠢᠮᠠᠭ᠎ᠠ᠂ ᠠᠮᠢ ᠠᠬᠤᠢ ᠶᠢᠨ  ᠵᠢᠭᠤᠯᠴᠢᠯᠠᠯ ᠪᠤᠯᠤᠨ ᠤᠨᠴᠠᠯᠢᠠᠠᠲᠦ ᠲᠠᠷᠢᠶᠠᠯᠡᠩ ᠢ ᠶᠡᠭᠡ ᠪᠠᠷ ᠬᠥᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠳᠠ ᠶᠢᠨ ᠠᠵᠢᠯ ᠤᠨ ᠦᠷ᠎ᠡ ᠪᠦᠲᠦᠮᠵᠢ ᠪᠠᠨ ᠪᠠᠳᠤᠳᠬᠠᠨ᠂ ᠮᠠᠯᠴᠢᠨ ᠲᠠᠷᠢᠶᠠᠴᠢᠳ ᠤᠨ ᠠᠮᠢᠳᠤᠷᠠᠯ ᠤᠨ ᠬᠢᠷᠢ ᠲᠦᠪᠰᠢᠨ ᠢ ᠲᠠᠰᠤᠷᠠᠯᠳᠠ ᠦᠬᠡᠢ ᠨᠡᠮᠡᠭᠳᠡᠬᠦᠯᠦᠨ᠎ᠠ ᠬᠡᠪᠡ᠃       ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠬᠦ᠂ ᠰᠠᠶᠢᠲᠤᠷ ᠬᠠᠮᠠᠭᠠᠯᠠᠬᠤ᠂ ᠰᠠᠶᠢᠲᠤᠷ ᠬᠥᠭᠵᠢᠭᠦᠯᠬᠦ ᠪᠠᠷ ᠬᠥᠭᠵᠢᠯᠲᠡ ᠶᠢᠨ ᠡᠬᠢᠯᠡᠯ ᠪᠠ ᠲᠠᠬᠦᠰᠬᠡᠯ ᠢᠶᠠᠨ ᠪᠤᠯᠭᠠᠨ᠎ᠠ ᠬᠡᠵᠦ ᠲᠤᠷᠠᠳᠴᠠᠢ᠃ ᠲᠩᠷᠢ ᠠᠵᠤ ᠠᠬᠤᠶ   ᠶᠢᠨ ᠮᠡᠷᠭᠡᠵᠢᠯ ᠤᠨ ᠨᠡᠭᠡᠭᠡᠯᠲᠡ ᠶᠢᠨ ᠣᠷᠣᠨ ᠤ ᠵᠢᠷᠭᠠᠯᠰᠠᠶᠢᠬᠠᠨ ᠪᠠᠯᠭᠠᠰᠤᠨ ᠤ ᠺᠠᠳ᠋ᠷ ᠵᠠᠩ ᠮᠢᠨ ᠱᠧᠩ ᠢᠯᠡᠷᠬᠡᠶᠢᠯᠡᠬᠦ ᠳᠡᠭᠡᠨ᠂ ᠦᠨᠳᠦᠰᠦᠨ ᠱᠠᠲᠤᠨ ᠤ ᠺᠠᠳ᠋ᠷ ᠪᠣᠯᠤᠭᠰᠠᠨ ᠤ ᠬᠤᠪᠢ ᠳᠤ ᠮᠠᠰᠢ ᠶᠡᠭᠡ ᠵᠣᠷᠢᠭᠵᠢᠭᠤᠯᠤᠯ ᠪᠣᠯᠵᠤ᠂ ᠡᠨᠡ ᠨᠢ ᠮᠠᠨ ᠤ ᠨᠠᠮ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠵᠤ᠂ ᠠᠷᠠᠳ ᠣᠯᠠᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠤᠢᠭᠡᠢ ᠳᠡᠭᠡᠭᠰᠢᠯᠡᠭᠦᠯᠬᠦ ᠶᠢ ᠬᠠᠷᠠᠭᠤᠯᠵᠠᠶ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠮᠠᠨ ᠤ ᠤᠯᠤᠰ ᠨᠡᠩ ᠴᠡᠴᠡᠭᠯᠡᠨ ᠬᠥᠭᠵᠢᠵᠦ᠂ ᠤᠯᠠᠨ ᠲᠦᠮᠡᠨ ᠤ ᠠᠮᠢᠳᠤᠷᠠᠯ ᠤᠨ ᠬᠢᠷᠢ ᠭᠡᠮᠵᠢᠶ᠎ᠠ ᠤᠯᠠᠮ ᠰᠠᠶᠢᠵᠢᠷᠠᠬᠤ ᠪᠤᠯᠤᠨ᠎ᠠ ᠬᠡᠳᠡᠭ ᠲᠤ ᠮᠠᠰᠢ ᠢᠳᠡᠬᠡᠯ ᠲᠠᠢ ᠪᠠᠶᠢᠨ᠎ᠠ ᠬᠡᠪᠡ᠃       ᠠᠯᠠᠱᠠ ᠵᠡᠭᠦᠨ ᠬᠤᠰᠢᠭᠤᠨ ᠤ ᠥᠭᠡᠯᠡᠳ ᠵᠡᠭᠡᠯᠢ ᠭᠤᠳᠤᠮᠵᠢ ᠶᠢᠨ ᠽᠢ ᠶᠤᠸᠠᠨ ᠬᠤᠸᠠ ᠲᠢᠩ ᠨᠡᠶᠢᠭᠡᠮ ᠲᠣᠭᠤᠷᠢᠭ ᠪᠣᠯ ᠪᠠᠶᠠᠨᠬᠤᠲᠠ ᠶᠢᠨ ᠨᠡᠯᠢᠶᠡᠳ ᠲᠤᠮᠤ ᠨᠡᠶᠢᠭᠡᠮ ᠲᠣᠭᠤᠷᠢᠭ ᠪᠣᠯᠤᠨ᠎ᠠ᠃ ᠡᠨᠡ ᠵᠢᠯ ᠲᠤᠰ ᠨᠡᠶᠢᠭᠡᠮ ᠲᠣᠭᠤᠷᠢᠭ ᠤᠨ ᠬᠢᠨ ᠡᠶᠡᠳᠡᠬᠦᠯᠬᠡ ᠶᠢᠨ ᠰᠠᠶᠢᠨ ᠳᠤᠷ᠎ᠠ ᠶᠢᠨ ᠦᠢᠯᠡᠴᠢᠯᠡᠬᠡᠨ ᠤ ᠠᠩᠭᠢ ᠶᠢ ᠪᠠᠶᠢᠭᠤᠯᠵᠤ᠂ ᠠᠵᠢᠯ ᠤᠨ ᠠᠮᠠᠷᠠᠯᠳᠠ ᠪᠠᠨ ᠠᠪᠤᠭᠰᠠᠨ ᠠᠬᠠᠮᠠᠳ ᠪᠠᠭᠰᠢ᠂ ᠠᠮᠢᠳᠤᠷᠠᠯ ᠬᠦᠴᠢᠷᠳᠡᠯᠲᠡᠶ ᠨᠠᠰᠤᠲᠠᠨ ᠳᠤ ᠰᠢᠯᠢᠳᠡᠭ ᠦᠢᠯᠡᠴᠢᠯᠡᠭᠡ ᠬᠠᠩᠭᠠᠪᠠ᠃ ︽ᠦᠨᠳᠦᠰᠦᠨ ᠱᠠᠲᠤᠨ ᠤ ᠨᠡᠶᠢᠭᠡᠮ ᠲᠣᠭᠤᠷᠢᠭ ᠤᠨ ᠠᠵᠢᠯ ᠢ ᠰᠠᠶᠢᠲᠤᠷ ᠬᠢᠬᠦ ᠳᠤ ᠳᠣᠯᠭᠤᠷ ᠵᠣᠷᠢᠯᠳᠠ ᠪᠠᠨ ᠮᠠᠷᠳᠠᠯ ᠦᠬᠡᠢ ᠳᠠᠷᠬᠠᠨ ᠬᠠᠷᠢᠭᠤᠴᠠᠯᠭ᠎ᠠ ᠪᠠᠨ ᠪᠠᠳᠤ ᠴᠡᠬᠡᠵᠢᠯᠡᠵᠦ᠂ ᠨᠠᠶᠢᠳᠠᠪᠤᠷᠢᠵᠢᠭᠤᠯᠤᠯᠲᠠ ᠶᠢ ᠠᠳᠬᠤᠨ᠂ ᠪᠣᠳᠠᠲᠤ ᠠᠵᠢᠯᠯᠠᠭ᠎ᠠ ᠪᠠᠷ ᠢᠶᠠᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠬᠦᠷᠳᠡᠬᠦ ᠬᠡᠯᠪᠡᠷᠢ ᠶᠢ ᠪᠤᠢ ᠪᠤᠯᠭᠠᠵᠦ᠂ ᠠᠷᠠᠳ ᠲᠦᠮᠡᠨ ᠤ ᠰᠣᠶᠣᠯ ᠤᠨ ᠬᠡᠷᠡᠭᠴᠡᠭᠡ ᠶᠢ ᠬᠠᠩᠭᠠᠬᠤ ᠪᠠ ᠤᠶᠤᠨ ᠰᠠᠨᠠᠭᠠᠨ ᠤ ᠬᠦᠴᠦᠨ ᠢ ᠨᠡᠮᠡᠭᠳᠡᠭᠦᠯᠬᠦ ᠶᠢ ᠲᠠᠰᠤᠷᠠᠯᠳᠠ ᠦᠬᠡᠢ ᠠᠬᠢᠭᠤᠯᠤᠨ᠎ᠠ︾᠃ ᠲᠤᠰ ᠨᠠᠶᠢᠬᠡᠮ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠲᠢᠶᠠᠨ ᠶᠤᠸᠠᠢ ᠰᠤᠷᠪᠤᠯᠵᠢᠯᠠᠭᠴᠢ ᠳᠤ ᠡᠶᠢᠨᠬᠦ ᠬᠡᠯᠡᠵᠦ ᠪᠠᠶᠢᠯ᠎ᠠ᠃       ︽ᠪᠦᠬᠦᠳᠡ ᠬᠤᠷᠠᠯ ᠠᠴᠠ᠂ ᠠᠷᠠᠳ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠵᠤ᠂ ᠨᠡᠶᠢᠭᠡᠮ ᠤᠨ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠤᠨ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠬᠦᠯᠦᠨ᠎ᠠ ᠬᠡᠵᠦ ᠲᠤᠷᠠᠳᠴᠠᠢ᠃ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠪᠣᠯᠤᠨ 2035 ᠣᠨ ᠤ ᠠᠯᠤᠰ ᠤᠨ ᠬᠠᠷᠠᠯᠲᠠ ᠨᠢ ᠮᠠᠨ ᠤ ᠬᠥᠮᠦᠨ ᠨᠢᠭᠡ ᠪᠦᠷᠢ ᠶᠢᠨ ᠢᠷᠡᠭᠡᠳᠦᠶ ᠶᠢᠨ ᠠᠵᠢᠯ ᠠᠮᠢᠳᠤᠷᠠᠯ ᠲᠠᠢ ᠬᠤᠯᠪᠣᠭᠳᠠᠵᠤ ᠪᠠᠶᠢᠳᠠᠭ᠃ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠠᠴᠠ ᠠᠷᠠᠳ ᠣᠯᠠᠨ ᠤ ᠠᠵᠠ ᠵᠢᠷᠭᠠᠯ ᠢ ᠲᠡᠷᠢᠭᠦᠨ ᠪᠠᠶᠢᠷᠢᠨ ᠳᠤ ᠲᠠᠯᠪᠢᠵᠤ᠂ ᠤᠯᠤᠰ ᠤᠨ ᠨᠡᠶᠢᠭᠡᠮ ᠤᠨ ᠦᠢᠯᠡᠰ ᠤᠨ ᠬᠥᠭᠵᠢᠯᠲᠡ᠂ ᠠᠷᠠᠳ ᠤᠨ ᠠᠮᠢᠳᠤᠷᠠᠯ ᠤᠨ ᠠᠵᠠ ᠵᠢᠷᠭᠠᠯ ᠤᠨ ᠲᠠᠯ᠎ᠠ ᠪᠠᠷ ᠨᠡᠩ ᠣᠯᠠᠨ ᠪᠡᠯᠡ ᠮᠥᠩᠭᠦ ᠡᠳ᠋ ᠪᠣᠳᠠᠰ ᠤᠨ ᠬᠦᠴᠦᠨ ᠣᠷᠣᠭᠤᠯᠬᠤ ᠶᠢ ᠢᠲᠡᠭᠡᠵᠦ ᠪᠠᠶᠢᠨ᠎ᠠ᠃ ᠣᠯᠠᠨ ᠲᠦᠮᠡᠨ ᠤ ᠠᠮᠢᠳᠤᠷᠠᠯ ᠶᠠᠪᠤᠬᠤ ᠲᠤᠲᠤᠮ ᠰᠠᠶᠢᠵᠢᠷᠠᠵᠤ᠂ ᠶᠠᠪᠤᠬᠤ ᠲᠤᠲᠤᠮ ᠲᠠᠭᠠᠯᠠᠮᠵᠢᠲᠠᠶ ᠪᠣᠯᠤᠨ᠎ᠠ᠃ ᠪᠢ ᠳᠠᠷᠠᠭ᠎ᠠ 5 ᠵᠢᠯ ᠳᠤ ᠬᠦᠰᠡᠯ ᠡᠷᠡᠮᠡᠯᠵᠡᠯ ᠢᠶᠠᠷ ᠳᠦᠭᠦᠷᠡᠩ ᠪᠠᠶᠢᠨ᠎ᠠ︾ ᠬᠡᠵᠦ ᠠᠵᠢᠯ ᠤᠨ ᠠᠮᠠᠷᠠᠯᠳᠠ ᠪᠠᠨ ᠠᠪᠤᠭᠰᠠᠨ ᠠᠬᠠᠮᠠᠳ ᠺᠠᠳ᠋ᠷ ᠯᠢ ᠫᠸᠢ ᡁᠢ ᠬᠡᠯᠡᠵᠦ ᠪᠠᠶᠢᠯ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号