ᠠᠯᠠᠱᠠ ᠠᠶᠢᠮᠠᠭ ᠤᠨ ᠨᠠᠮ ᠤᠨ ᠬᠤᠷᠢᠶ᠎ᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ ᠠᠯᠠᠱᠠ ᠠᠶᠢᠮᠠᠭ ᠤᠨ ᠰᠤᠷᠤᠯᠴᠠᠵᠤ ᠤᠬᠠᠭᠤᠯᠤᠨ ᠳᠣᠣᠱᠯᠠᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠡᠢ
ᠨᠡᠶᠢᠲᠡᠯᠡᠭᠰᠡᠨ ᠴᠠᠭ᠄
2020/11/11
       ᠣᠶᠢᠷ᠎ᠠ ᠶᠢᠨ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠸᠠᠨ ᠴᠤᠤ ᠴᠢ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠳ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠳᠠᠭᠠᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠳᠣᠣᠱᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠤᠯᠤᠰ ᠲᠥᠷᠥ ᠶᠢᠨ ᠴᠢᠬᠤᠯᠠ ᠡᠭᠦᠷᠭᠡ ᠪᠣᠯᠤᠨ᠎ᠠ᠃ ᠪᠦᠬᠦ ᠠᠶᠢᠮᠠᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠳᠣᠣᠱᠯᠠᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠠᠳᠬᠤᠨ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠠᠯᠠᠱᠠ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠳᠡᠢ ᠬᠡᠵᠦ ᠱᠠᠭᠠᠷᠳᠠᠪᠠ᠃        ᠬᠤᠷᠠᠯ ᠠᠴᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠪᠣᠯ ᠮᠠᠨ ᠤ ᠤᠯᠤᠰ ᠤᠨ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠬᠦᠯᠬᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠴᠤᠭᠴᠠᠯᠠᠬᠤ ᠰᠢᠨ᠎ᠡ ᠠᠶᠠᠨ ᠢᠶᠠᠨ ᠡᠬᠢᠯᠡᠬᠦᠯᠬᠦ ᠪᠠᠷ ᠪᠠᠶᠢᠭ᠎ᠠ ᠴᠠᠭ ᠮᠥᠴᠡ ᠳᠤ ᠬᠤᠷᠠᠯᠳᠤᠭᠤᠯᠤᠭᠰᠠᠨ ᠨᠢᠭᠡ ᠤᠳᠠᠭᠠᠨ ᠤ ᠴᠢᠬᠤᠯᠠ ᠬᠤᠷᠠᠯ ᠪᠣᠯᠤᠨ᠎ᠠ᠃ ᠪᠥᠬᠦᠳᠡ ᠬᠤᠷᠠᠯ ᠠᠴᠠ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠮᠠᠨ ᠤ ᠤᠯᠤᠰ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠵᠢᠯᠣᠭᠤᠳᠬᠤ ᠴᠢᠭᠯᠡᠯᠲᠡ᠂ ᠭᠤᠤᠯ ᠬᠠᠷᠠᠯᠲᠠ ᠪᠣᠯᠤᠨ ᠭᠤᠤᠯᠳᠠᠯᠭᠠᠲᠦ ᠡᠭᠦᠷᠭᠡ ᠶᠢ ᠲᠣᠳᠣᠷᠬᠠᠶ ᠳᠤᠷᠠᠳᠴᠠᠶ᠃ 2035 ᠣᠨ ᠪᠣᠯᠬᠤ ᠳᠤ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠠᠯᠤᠰ ᠬᠡᠳᠦ ᠶᠢᠨ ᠬᠠᠷᠠᠯᠲᠠ ᠶᠢ ᠲᠤᠭᠳᠠᠭᠠᠭᠰᠠᠨ ᠪᠦᠬᠡᠳ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠳᠠᠶᠢᠴᠢᠯᠠᠨ ᠵᠣᠷᠢᠭᠵᠢᠭᠤᠯᠵᠤ ᠪᠠᠶᠢᠭᠠᠳ ᠪᠠᠶᠢᠯᠳᠤᠬᠤ ᠪᠣᠳᠣᠯᠭ᠎ᠠ ᠶᠢᠨ ᠴᠢᠬᠤᠯᠠ ᠠᠵᠠ ᠲᠣᠬᠢᠶᠠᠯᠳᠤ ᠬᠤᠭᠤᠴᠠᠭ᠎ᠠ ᠶᠢ ᠦᠷᠭᠦᠯᠵᠢᠯᠡᠨ ᠰᠠᠶᠢᠲᠤᠷ ᠠᠰᠢᠭᠯᠠᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠴᠤᠭᠴᠠᠯᠠᠬᠤ ᠠᠵᠢᠯ ᠢ ᠠᠬᠢᠭᠤᠯᠬᠤ ᠨᠢ ᠠᠯᠤᠰ ᠭᠡᠳᠤ ᠶᠢᠨ ᠠᠴᠢ ᠬᠤᠯᠪᠣᠭᠳᠠᠯ ᠲᠠᠢ ᠶᠤᠮ᠃ ᠪᠦᠬᠦ ᠠᠶᠢᠮᠠᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠺᠠᠳ᠋ᠷᠴᠤᠳ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ  ᠳᠣᠣᠱᠯᠠᠭᠤᠯᠵᠦ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠨᠠᠮ ᠪᠠ ᠤᠯᠤᠰ ᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠦᠷᠢᠳᠦ ᠢᠯᠠᠯᠲᠠ ᠶᠢ ᠣᠯᠤᠭᠰᠠᠨ ᠰᠢᠢᠳᠪᠦᠷᠢᠯᠡᠭᠴᠢ ᠴᠢᠨᠠᠷᠲᠠᠶ ᠠᠮᠵᠢᠯᠲᠠ ᠪᠦᠲᠦᠮᠵᠢ ᠶᠢ ᠭᠦᠨᠵᠡᠭᠡᠶ ᠣᠶᠢᠯᠠᠭᠠᠵᠤ᠂ ᠮᠠᠨ ᠤ ᠤᠯᠤᠰ ᠤᠨ ᠬᠥᠭᠵᠢᠯᠲᠡ ᠶᠢᠨ ᠣᠷᠴᠢᠨ ᠲᠣᠭᠤᠷᠢᠨ ᠳᠤ ᠲᠤᠯᠭᠠᠷᠠᠵᠤ ᠪᠠᠶᠢᠭ᠎ᠠ ᠨᠠᠷᠢᠨ ᠪᠤᠳᠤᠯᠢᠶᠠᠨᠲᠠᠶ ᠵᠦᠢᠯ ᠢ ᠭᠦᠨᠵᠡᠭᠡᠶ ᠣᠶᠢᠯᠠᠭᠠᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠵᠢᠯᠣᠭᠤᠳᠬᠤ ᠴᠢᠭᠯᠡᠯᠲᠡ᠂ ᠭᠤᠣᠯ ᠬᠠᠷᠠᠯᠲᠠ ᠪᠠ ᠭᠤᠣᠯᠳᠠᠯᠭᠠᠲᠦ ᠡᠭᠦᠷᠭᠡ ᠶᠢ ᠭᠦᠨᠵᠡᠭᠡᠢ ᠣᠶᠢᠯᠠᠭᠠᠵᠤ᠂ 2035 ᠣᠨ ᠳᠤ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠠᠯᠤᠰ ᠤᠨ ᠬᠠᠷᠠᠯᠲᠠ ᠶᠢ ᠭᠦᠨᠵᠡᠭᠡᠢ ᠣᠶᠢᠯᠠᠭᠠᠨ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠪᠥᠬᠦᠳᠡ ᠬᠤᠷᠠᠯ ᠤᠨ ᠵᠣᠷᠢᠭ ᠰᠠᠨᠠᠭ᠎ᠠ ᠲᠠᠢ  ᠦᠨᠡᠨᠬᠦ ᠨᠢᠭᠡᠳᠬᠡᠬᠦ ᠬᠡᠷᠡᠭᠲᠡᠶ ᠭᠡᠪᠡ᠃        ᠬᠤᠷᠠᠯ ᠠᠴᠠ᠂ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠵᠤ᠂ ᠲᠥᠪ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠶᠢ ᠬᠢᠨᠠᠮᠠᠭᠠᠶ ᠰᠠᠶᠢᠲᠤᠷ ᠠᠳᠬᠤᠬᠤ ᠬᠡᠷᠡᠭᠳᠡᠢ᠃ ᠨᠠᠮ ᠤᠨ ᠭᠡᠰᠢᠭᠦᠨ ᠺᠠᠳ᠋ᠷ ᠤᠨ ᠰᠤᠷᠤᠯᠴᠠᠯᠭ᠎ᠠ ᠪᠣᠯᠪᠠᠰᠤᠷᠠᠯ ᠢ ᠯᠠᠪᠳᠠᠭᠤᠨ ᠪᠠᠲᠤᠲᠠᠶ ᠰᠠᠶᠢᠲᠤᠷ ᠠᠳᠬᠤᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠠᠶᠢᠮᠠᠭ ᠤᠨ ᠡᠯ᠎ᠡ ᠱᠠᠲᠤᠨ ᠤ ᠨᠠᠮ ᠤᠨ ᠬᠤᠷᠢᠶ᠎ᠠ ᠨᠠᠮ ᠤᠨ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠠᠭᠤᠯᠭ᠎ᠠ ᠳᠤ ᠣᠷᠣᠭᠤᠯᠤᠨ᠂ ᠡᠯ᠎ᠡ ᠱᠠᠲᠤᠨ ᠤ ᠨᠠᠮ ᠤᠨ ᠰᠤᠷᠭᠠᠭᠤᠯᠢ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠵᠠᠪᠠᠯ ᠰᠤᠷᠬᠤ ᠠᠭᠤᠯᠭ᠎ᠠ ᠳᠤ ᠣᠷᠣᠭᠤᠯᠬᠤ ᠬᠡᠷᠡᠭᠳᠡᠢ᠃ ᠡᠭᠡᠯᠵᠢᠯᠡᠨ ᠪᠣᠯᠪᠠᠰᠤᠷᠠᠭᠤᠯᠬᠤ ᠶᠢ ᠲᠥᠷᠥᠯ ᠬᠤᠪᠢᠶᠠᠨ ᠥᠷᠨᠢᠭᠦᠯᠵᠦ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠡᠳᠬᠢᠯ ᠳᠤᠨᠢ ᠬᠤᠨᠣᠭᠰᠢᠭᠤᠯᠣᠨ᠂ ᠠᠵᠢᠯ ᠶᠠᠪᠤᠳᠠᠯ ᠬᠢᠵᠦ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠳᠡᠢ᠃ ᠡᠯ᠎ᠡ ᠱᠠᠲᠤᠨ ᠤ ᠤᠬᠠᠭᠤᠯᠬᠤ ᠰᠠᠯᠠᠭ᠎ᠠ ᠮᠥᠴᠢᠷ ᠤᠳ ᠡᠯ᠎ᠡ ᠲᠥᠷᠥᠯ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠦ᠂ ᠤᠯᠠᠨ ᠲᠦᠮᠡᠨ ᠤ ᠦᠵᠡᠵᠦ ᠰᠣᠨᠣᠰᠬᠤ ᠳᠤᠷᠠᠲᠠᠢ ᠬᠡᠯᠪᠡᠷᠢ ᠪᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠠᠯᠠᠱᠠ ᠶᠢᠨ ᠬᠥᠮᠦᠨ ᠪᠦᠬᠦᠨ ᠳᠤ ᠮᠡᠳᠡᠭᠦᠯᠤᠨ᠂ ᠬᠥᠮᠦᠰ ᠤᠨ ᠰᠡᠳᠬᠢᠯ ᠳᠤ ᠰᠠᠭᠤᠭᠳᠠᠭᠤᠯᠬᠤ ᠬᠡᠷᠡᠭᠳᠡᠢ᠃ ᠡᠯ᠎ᠡ ᠱᠠᠲᠤᠨ ᠤ ᠨᠠᠮ ᠤᠨ ᠰᠣᠨᠢᠨ ᠰᠡᠳᠬᠦᠯ᠂ ᠷᠠᠳᠢᠣ᠋ ᠲᠧᠯᠸᠢᠰ᠂ ᠰᠣᠨᠢᠨ ᠮᠡᠳᠡᠭᠡᠨ ᠤ ᠰᠦᠯᠵᠢᠶ᠎ᠡ ᠵᠡᠷᠭᠡ ᠡᠯ᠎ᠡ ᠲᠥᠷᠥᠯ ᠤᠨ ᠵᠠᠭᠤᠴᠢᠯᠠᠭᠤᠷ ᠤᠨ ᠬᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠤᠬᠠᠭᠤᠯᠤᠨ ᠲᠠᠶᠢᠯᠪᠤᠷᠢᠯᠠᠵᠤ᠂ ᠪᠦᠬᠦ ᠠᠶᠢᠮᠠᠭ ᠤᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠳᠣᠣᠱᠯᠠᠭᠤᠯᠣᠭᠰᠠᠨ ᠪᠠᠶᠢᠳᠠᠯ ᠢ ᠴᠠᠭ ᠲᠤᠬᠠᠶ ᠳᠤᠨᠢ ᠮᠡᠳᠡᠭᠡᠯᠡᠨ᠂ ᠪᠦᠬᠦ ᠨᠡᠶᠢᠭᠡᠮ ᠳᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠳᠣᠣᠱᠯᠠᠭᠤᠯᠬᠤ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ ᠬᠡᠵᠦ ᠱᠠᠭᠠᠷᠳᠠᠪᠠ᠃        ᠬᠤᠷᠠᠯ ᠠᠴᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠲᠠᠢ ᠪᠦᠬᠦ ᠲᠠᠯ᠎ᠠ ᠪᠠᠷ ᠬᠠᠷᠢᠴᠠᠭᠤᠯᠵᠤ᠂ ᠠᠯᠠᠱᠠ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠬᠤᠭᠤᠴᠠᠭᠠᠨ ᠤ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠲᠥᠰᠦᠪᠯᠡᠨ᠂ ᠮᠠᠨ ᠤ ᠠᠶᠢᠮᠠᠭ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠨᠠᠶᠢᠷᠠᠭᠤᠯᠬᠤ ᠬᠡᠷᠡᠭᠳᠡᠢ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠨᠠᠶᠢᠳᠠᠪᠤᠷᠢᠵᠢᠭᠤᠯᠵᠦ᠂ ᠮᠠᠨ ᠤ ᠠᠶᠢᠮᠠᠭ ᠤᠨ ᠡᠬᠢ ᠪᠠᠶᠠᠯᠢᠭ᠂ ᠣᠷᠣᠨ ᠪᠠᠶᠢᠷᠢ᠂ ᠠᠵᠤ ᠦᠢᠯᠡᠰ ᠵᠡᠷᠭᠡ ᠳᠠᠪᠠᠭᠤᠯᠢᠭ ᠢ ᠬᠦᠢᠴᠡᠳ ᠪᠠᠳᠠᠷᠠᠭᠤᠯᠤᠨ᠂ ᠠᠯᠠᠱᠠ ᠶᠢᠨ ᠢᠷᠡᠭᠡᠳᠦᠶ ᠶᠢᠨ ᠬᠥᠭᠵᠢᠯᠲᠡ ᠳᠤ ᠨᠥᠯᠥᠭᠡ ᠲᠠᠢ ᠨᠢᠭᠡ ᠪᠦᠯᠦᠭ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ᠂ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠤᠯᠤᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠦᠪᠡᠭᠴᠢᠯᠡᠨ ᠬᠡᠷᠡᠭᠵᠢᠭᠦᠯᠵᠦ᠂ ᠤᠯᠤᠰ ᠤᠨ ᠳᠣᠲᠣᠭᠠᠳᠤ ᠣᠯᠠᠨ ᠤᠯᠤᠰ ᠤᠨ ᠬᠤᠤᠰ ᠣᠷᠴᠢᠯ ᠤᠨ ᠰᠢᠨ᠎ᠡ ᠪᠠᠶᠢᠷᠢᠰᠢᠯ ᠲᠠᠢ ᠢᠳᠡᠪᠬᠢᠲᠡᠶ ᠠᠭᠤᠰᠤᠯᠴᠠᠨ᠂ ᠣᠳᠣᠬᠢᠴᠢᠯᠠᠭᠰᠠᠨ ᠠᠵᠤ ᠠᠬᠤᠶ ᠶᠢᠨ ᠳᠣᠭᠳᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠬᠦᠯᠬᠦ ᠬᠡᠷᠡᠭᠳᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠪᠦᠬᠦ ᠲᠠᠯ᠎ᠠ ᠪᠠᠷ ᠠᠬᠢᠭᠤᠯᠤᠨ᠂ ᠠᠷᠠᠳ ᠤᠨ ᠠᠮᠢᠳᠤᠷᠠᠯ ᠨᠡᠶᠢᠭᠡᠮ ᠤᠨ ᠦᠢᠯᠡᠰ ᠤᠨ ᠳᠤᠲᠠᠭᠤᠳᠠᠯ ᠢ ᠲᠦᠷᠭᠡᠳᠬᠡᠨ ᠨᠥᠬᠦᠪᠥᠷᠢᠯᠡᠵᠦ᠂ ᠣᠯᠠᠨ ᠲᠦᠮᠡᠨ ᠤ ᠰᠤᠷᠭᠠᠨ ᠬᠥᠮᠦᠵᠢᠯ᠂ ᠡᠮ ᠡᠮᠨᠡᠯᠭᠡ᠂ ᠠᠵᠢᠯ ᠣᠯᠭᠤᠯᠲᠠ᠂ ᠪᠠᠲᠤᠯᠠᠭ᠎ᠠ ᠵᠡᠷᠭᠡ ᠠᠷᠠᠳ ᠤᠨ ᠠᠮᠢᠳᠤᠷᠠᠯ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠳᠡᠢ᠃ ᠨᠡᠶᠢᠭᠡᠮ ᠤᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠷᠠᠳ ᠤᠯᠠᠨ ᠤ ᠵᠣᠯ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠳᠡᠢ ᠬᠡᠵᠦ ᠱᠠᠭᠠᠷᠳᠠᠪᠠ᠃        ᠬᠤᠷᠠᠯ ᠠᠴᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠳᠣᠣᠱᠯᠠᠭᠤᠯᠣᠨ ᠨᠠᠶᠢᠳᠠᠪᠤᠷᠢᠵᠢᠭᠤᠯᠬᠤ ᠶᠢ ᠣᠳᠣᠬᠠᠨ ᠤ ᠠᠵᠢᠯ ᠲᠠᠢ ᠨᠢᠠᠠᠳᠠ ᠤᠶᠠᠯᠳᠤᠭᠤᠯᠵᠤ᠂ ᠲᠥᠪ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠣᠳᠣᠬᠠᠨ ᠤ ᠠᠵᠢᠯ ᠳᠤ ᠳᠤᠷᠠᠳᠤᠭᠰᠠᠨ ᠡᠯ᠎ᠡ ᠵᠦᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠶ᠃ ᠵᠢᠯ ᠤᠨ ᠡᠬᠢᠨ ᠳᠤ ᠬᠤᠷᠠᠯᠳᠤᠬᠰᠠᠨ ᠠᠶᠢᠮᠠᠭ ᠤᠨ ᠨᠠᠮ ᠤᠨ ᠬᠤᠷᠢᠶᠠᠨ ᠤ ᠬᠤᠷᠠᠯ ᠪᠣᠯᠤᠨ ᠪᠦᠬᠦ ᠠᠶᠢᠮᠠᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠡᠭᠡ ᠬᠤᠷᠠᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ︽ᠵᠢᠷᠭᠤᠭ᠎ᠠ ᠶᠢ ᠲᠤᠭᠳᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠶᠣᠯ ᠦᠬᠡᠢ ᠦᠢᠯᠡᠳᠪᠦᠷᠢᠯᠡᠯ᠂ ᠠᠷᠠᠳ ᠤᠨ ᠠᠮᠢᠳᠤᠷᠠᠯ ᠢ ᠪᠠᠲᠤᠯᠠᠬᠤ᠂ ᠨᠡᠶᠢᠭᠡᠮ ᠤᠨ ᠲᠣᠭᠲᠠᠭᠤᠨ ᠪᠠᠶᠢᠳᠠᠯ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠪᠦᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠬᠠᠷᠠᠯᠳᠠ ᠡᠭᠦᠷᠭᠡ ᠶᠢ ᠴᠢᠷᠮᠠᠶᠢᠨ ᠪᠡᠶᠡᠯᠡᠭᠦᠯᠬᠦ ᠬᠡᠷᠡᠭᠳᠡᠢ ᠬᠡᠵᠦ ᠱᠠᠭᠠᠷᠳᠠᠪᠠ᠃        ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠶ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号