ᠰᠢᠨ᠎ᠡ ᠴᠠᠭ ᠦᠶ᠎ᠡ ᠳᠤ ᠪᠠᠷᠠᠭᠤᠨ ᠤᠷᠤᠨ ᠤ ᠶᠡᠭᠡ ᠨᠡᠬᠡᠬᠡᠨ ᠬᠦᠭᠵᠢᠬᠦᠯᠤᠯᠳᠡ ᠶᠢ ᠠᠬᠢᠭᠤᠯᠵᠥ ᠰᠢᠨ᠎ᠡ ᠪᠠᠶᠢᠷᠢᠰᠢᠯ ᠢ ᠪᠦᠷᠢᠯᠳᠦᠬᠦᠯᠬᠦ ᠲᠤᠬᠠᠢ ᠨᠠᠮ ᠤᠨ ᠲᠦᠪ ᠬᠤᠷᠢᠶ᠎ᠡ ᠲᠦᠷᠦ ᠶᠢᠨ ᠶᠠᠪᠤᠳᠠᠯ ᠤᠨ ᠬᠤᠷᠢᠶᠡᠨ ᠤ ᠵᠢᠯᠤᠭᠤᠳᠬᠤ ᠰᠠᠨᠠᠯ
ᠨᠡᠶᠢᠲᠡᠯᠡᠭᠰᠡᠨ ᠴᠠᠭ᠄
2020/11/12
      ᠠᠷᠭ᠎ᠠ ᠬᠡᠮᠵᠢᠶ᠎ᠡ ᠪᠠᠨ ᠴᠢᠩᠭᠠᠳᠬᠠᠵᠥ ᠪᠠᠷᠠᠭᠤᠨ ᠤᠷᠤᠨ ᠤ ᠶᠡᠭᠡ ᠨᠡᠬᠡᠬᠡᠨ ᠬᠦᠭᠵᠢᠬᠦᠯᠤᠯᠳᠡ ᠶᠢ ᠠᠬᠢᠭᠤᠯᠵᠥ ᠰᠢᠨ᠎ᠡ ᠪᠠᠶᠢᠷᠢᠰᠢᠯ ᠢ ᠪᠦᠷᠢᠯᠳᠦᠬᠦᠯᠬᠦ ᠪᠤᠯ ᠨᠠᠮ ᠤᠨ ᠲᠦᠪ ᠬᠤᠷᠢᠶ᠎ᠡ᠂ ᠲᠦᠷᠦ ᠶᠢᠨ ᠶᠠᠪᠤᠳᠠᠯ ᠤᠨ ᠬᠤᠷᠢᠶ᠎ᠠ ᠪᠦᠬᠦ ᠲᠡᠯ᠎ᠡ ᠠᠴᠠ ᠡᠬᠦᠰᠴᠦ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠰᠢᠨ᠎ᠡ ᠴᠠᠭ ᠦᠶ᠎ᠡ ᠳᠤ ᠤᠷᠤᠵᠥ᠂ ᠤᠷᠤᠨ ᠪᠦᠰᠡ ᠶᠢᠨ ᠵᠤᠬᠢᠴᠠᠩᠭᠤᠢ ᠬᠦᠭᠵᠢᠯᠳᠡ ᠰᠢᠨ᠎ᠡ ᠱᠠᠳᠤ ᠦᠶ᠎ᠡ ᠳᠤ ᠤᠷᠤᠭᠰᠠᠠ ᠰᠢᠨ᠎ᠡ ᠱᠠᠭᠠᠷᠳᠠᠯᠭ᠎ᠠ ᠳᠤ ᠵᠤᠬᠢᠴᠠᠨ᠂ ᠤᠯᠤᠰ ᠤᠨ ᠲᠤᠳᠤᠭᠠᠳᠤ ᠪᠠ ᠲᠡᠯᠡᠬᠡᠢ ᠶᠢᠨ ᠬᠤᠶᠠᠷ ᠶᠡᠭᠡ ᠲᠡᠯ᠎ᠡ ᠶᠢ ᠨᠢᠬᠡᠳᠤᠯᠳᠡᠢ ᠲᠦᠯᠥᠪᠵᠢᠬᠦᠯᠵᠥ ᠭᠠᠷᠭᠠᠭᠰᠠᠠ ᠴᠢᠬᠤᠯᠠ ᠶᠡᠭᠡ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠡ ᠪᠤᠯᠤᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠡᠯ ᠠᠴᠠ ᠨᠠᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶᠡᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠡ᠂ ᠪᠠᠷᠠᠭᠤᠨ ᠤᠷᠤᠨ ᠤ ᠠᠵᠥ ᠠᠬᠤᠢ ᠨᠡᠶᠢᠬᠡᠮ ᠤᠨ ᠬᠦᠭᠵᠢᠯᠳᠡ ᠴᠢᠬᠤᠯᠠ ᠶᠡᠭᠡ ᠲᠡᠤᠬᠡᠳᠤ ᠴᠢᠨᠠᠷᠳᠠᠢ ᠠᠮᠵᠢᠯᠳᠡ ᠤᠯᠵᠥ᠂ ᠴᠢᠨᠡᠭᠡᠯᠢᠭ ᠨᠡᠶᠢᠬᠡᠮ ᠢ ᠪᠦᠬᠦ ᠲᠡᠯ᠎ᠡ ᠪᠠᠷ ᠪᠡᠶᠡᠯᠡᠬᠦᠯᠬᠦ ᠰᠢᠢᠳᠪᠤᠷᠢᠳᠤ ᠢᠯᠠᠯᠳᠠ ᠶᠢ ᠤᠯᠬᠤ ᠳᠤ ᠨᠡᠯᠢᠶᠡᠳ ᠪᠠᠳᠤ ᠰᠠᠭᠤᠷᠢ ᠶᠢ ᠲᠠᠯᠪᠢᠭᠰᠠᠠ ᠪᠦᠬᠡᠳ ᠤᠯᠤᠰ ᠤᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢᠨ ᠪᠤᠯᠤᠮᠵᠢᠳᠦ ᠤᠷᠤᠨ ᠵᠠᠢ ᠶᠢ ᠦᠷᠬᠡᠳᠬᠡᠭᠰᠡᠡ ᠪᠠᠶᠢᠨ᠎ᠠ᠃ ᠬᠡᠪᠡᠴᠦ ᠡᠬᠦᠨ ᠤ ᠵᠡᠷᠬᠡ ᠪᠠᠷ᠂ ᠪᠠᠷᠠᠭᠤᠨ ᠤᠷᠤᠨ ᠤ ᠶᠡᠭᠡ ᠨᠡᠬᠡᠬᠡᠨ ᠬᠦᠭᠵᠢᠬᠦᠯᠤᠯᠳᠡ ᠶᠢᠨ ᠲᠡᠩᠴᠡᠬᠦᠷᠢ ᠦᠬᠡᠢ ᠬᠦᠢᠴᠡᠳ ᠪᠤᠰᠤ ᠪᠠᠶᠢᠬᠤ ᠠᠰᠠᠭᠤᠳᠠᠯ ᠮᠥᠨ ᠲᠤᠪᠤᠶᠢᠮ᠎ᠠ ᠪᠠᠶᠢᠵᠥ᠂ ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠳᠠ ᠶᠢ ᠪᠠᠬᠢᠵᠢᠬᠦᠯᠬᠦ ᠡᠬᠦᠷᠬᠡ ᠮᠥᠨ ᠪᠡᠷᠬᠡ ᠬᠠᠳᠠᠭᠤᠵᠢᠯᠳᠠᠢ᠂ ᠵᠡᠬᠦᠨ ᠤᠷᠤᠨ ᠯᠤᠭ᠎ᠠ ᠶᠢᠨ ᠬᠦᠭᠵᠢᠯᠳᠡ ᠶᠢᠨ ᠵᠦᠷᠢᠶ᠎ᠡ ᠮᠥᠨ ᠨᠡᠯᠢᠶᠡᠳ ᠶᠡᠭᠡ᠂ ᠦᠨᠳᠦᠰᠦᠳᠡᠨ ᠤ ᠪᠦᠯᠬᠦᠮᠳᠡᠯ᠂ ᠨᠡᠶᠢᠬᠡᠮ ᠤᠨ ᠲᠤᠭᠳᠠᠭᠤᠨ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠡᠬᠦᠷᠬᠡ ᠮᠥᠨ ᠨᠦᠰᠡᠷ ᠬᠦᠨᠳᠤ ᠪᠠᠶᠢᠵᠥ᠂ ᠴᠢᠨᠡᠭᠡᠯᠢᠭ ᠨᠡᠶᠢᠬᠡᠮ ᠢ ᠪᠦᠬᠦ ᠲᠡᠯ᠎ᠡ ᠪᠠᠷ ᠪᠡᠶᠡᠯᠡᠬᠦᠯᠬᠦ᠂ ᠨᠡᠶᠢᠬᠡᠮ ᠵᠢᠷᠤᠮ ᠤᠨ ᠤᠳᠤᠬᠢᠴᠢᠯᠠᠯᠳᠠ ᠶᠢ ᠪᠡᠶᠡᠯᠡᠬᠦᠯᠬᠦ ᠶᠢᠨ ᠲᠤᠳᠠᠭᠤᠳᠠᠯ ᠪᠤᠯᠤᠨ ᠪᠠᠭᠤᠷᠠᠢ ᠭᠤᠭᠴᠤᠭ᠎ᠠ ᠪᠤᠯᠵᠦ ᠪᠠᠶᠢᠨ᠎ᠠ᠃ ᠰᠢᠨ᠎ᠡ ᠴᠠᠭ ᠦᠶ᠎ᠡ ᠳᠤ ᠪᠠᠷᠠᠭᠤᠨ ᠤᠷᠤᠨ ᠢ ᠶᠡᠭᠡ ᠪᠠᠷ ᠨᠡᠬᠡᠬᠡᠨ ᠬᠦᠭᠵᠢᠬᠦᠯᠬᠦ ᠠᠵᠢᠯ ᠢ ᠦᠷᠬᠦᠯᠵᠢᠯᠡᠨ ᠰᠠᠶᠢᠳᠤᠷ ᠬᠢᠬᠦ ᠨᠢ ᠡᠯ᠎ᠡ ᠲᠦᠷᠦᠯ ᠤᠨ ᠠᠶᠤᠯ ᠲᠦᠭᠰᠢᠬᠦᠷᠢ ᠶᠢ ᠰᠡᠷᠬᠡᠶᠢᠯᠡᠨ ᠠᠷᠢᠯᠭᠠᠬᠤ ᠴᠢᠳᠠᠪᠤᠷᠢ ᠶᠢ ᠴᠢᠩᠭᠠᠳᠬᠠᠬᠤ᠂ ᠤᠷᠤᠨ ᠪᠦᠰᠡ ᠶᠢᠨ ᠵᠤᠬᠢᠴᠠᠩᠭᠤᠢ ᠬᠦᠭᠵᠢᠯᠳᠡ ᠶᠢ ᠠᠬᠢᠭᠤᠯᠬᠤ᠂ ᠴᠢᠨᠡᠭᠡᠯᠢᠭ ᠨᠡᠶᠢᠬᠡᠮ ᠢ ᠪᠦᠬᠦ ᠲᠡᠯ᠎ᠡ ᠪᠠᠷ ᠪᠡᠶᠡᠯᠡᠬᠦᠯᠬᠦ ᠰᠢᠢᠳᠪᠤᠷᠢᠳᠤ ᠢᠯᠠᠯᠳᠡ ᠶᠢ ᠤᠯᠬᠤ᠂ ᠨᠡᠶᠢᠬᠡᠮ ᠵᠢᠷᠤᠮ ᠤᠨ ᠤᠳᠤᠬᠢᠴᠢᠯᠠᠬᠰᠠᠠ ᠤᠯᠤᠰ ᠢ ᠪᠦᠬᠦ ᠲᠡᠯ᠎ᠡ ᠪᠠᠷ ᠪᠦᠳᠦᠬᠡᠨ ᠪᠠᠶᠢᠭᠤᠯᠬᠤ ᠰᠢᠨ᠎ᠡ ᠠᠶᠠᠨ ᠢ ᠡᠬᠢᠯᠡᠬᠦᠯᠬᠦ ᠳᠤ ᠴᠢᠬᠤᠯᠠ ᠪᠤᠳᠠᠳᠤ ᠠᠴᠢ ᠬᠤᠯᠪᠤᠭᠳᠠᠯ ᠪᠤᠯᠤᠨ ᠠᠯᠤᠰ ᠬᠡᠳᠤ ᠶᠢᠨ ᠲᠡᠤᠬᠡᠳᠤ ᠠᠴᠢ ᠬᠤᠯᠪᠤᠭᠳᠠᠯ ᠲᠠᠢ ᠶᠤᠮ᠃ ᠪᠠᠷᠠᠭᠤᠨ ᠤᠷᠤᠨ ᠢ ᠶᠡᠭᠡ ᠪᠠᠷ ᠨᠡᠬᠡᠬᠡᠨ ᠬᠦᠭᠵᠢᠬᠦᠯᠬᠦ ᠰᠢᠨ᠎ᠡ ᠪᠠᠶᠢᠷᠢᠰᠢᠯ ᠢ ᠲᠦᠷᠬᠡᠨ ᠪᠦᠷᠢᠯᠳᠦᠬᠦᠯᠵᠥ᠂ ᠪᠠᠷᠠᠭᠤᠨ ᠤᠷᠤᠨ ᠤ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠶᠢᠨ ᠲᠦᠯᠥᠬᠡ᠂ ᠲᠤᠤᠷᠡᠬᠢ ᠮᠡᠳᠤ ᠰᠠᠨᠠᠯ ᠢ ᠲᠤᠷᠠᠳᠤᠶ᠎ᠠ᠃       ᠨᠢᠬᠡ᠂ ᠶᠡᠷᠦᠩᠬᠡᠢ ᠱᠠᠭᠠᠷᠳᠠᠯᠭ᠎ᠠ       ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠪᠤᠯᠤᠨ ᠠᠷᠪᠠ ᠶᠢᠰᠦᠳᠦᠬᠡᠷ ᠬᠤᠭᠤᠴᠠᠭᠠᠨ ᠤ ᠳᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠤᠷᠢᠬ ᠰᠠᠨᠠᠭ᠎ᠠ ᠶᠢ ᠪᠦᠬᠦ ᠳᠠᠯ᠎ᠠ ᠪᠠᠷ ᠳᠣᠣᠱᠯᠠᠭᠤᠯᠵᠦ᠂ ︽ᠳᠠᠪᠤ ᠶᠢ ᠨᠢᠬᠡ ᠴᠤᠬᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠳᠠ ᠶᠢ ᠨᠢᠬᠡᠳᠦᠯᠳᠡᠢ ᠳᠦᠯᠦᠪᠵᠢᠬᠦᠯᠦᠨ ᠠᠬᠢᠭᠤᠯᠵᠦ᠂ ︽ᠳᠦᠷᠪᠡᠨ ᠪᠦᠬᠦ ᠳᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠭᠤᠯᠤᠨ ᠠᠬᠢᠭᠤᠯᠵᠦ᠂ ᠤᠯᠤᠰ ᠤᠨ ᠶᠡᠷᠦᠩᠬᠡᠢ ᠠᠮᠤᠷ ᠳᠦᠪᠰᠢᠨ ᠤ ᠦᠵᠡᠯᠳᠡ ᠶᠢ ᠨᠠᠶᠢᠳᠠᠪᠤᠷᠢᠵᠢᠭᠤᠯᠵᠦ᠂ ᠳᠤᠬᠳᠠᠭᠤᠨ ᠤ ᠳᠤᠮᠳᠠ ᠤᠷᠤᠬᠰᠢᠯᠡᠨ ᠳᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠵᠦ᠂ ᠰᠢᠨ᠎ᠠ ᠬᠦᠭᠵᠢᠯᠳᠡ ᠶᠢᠨ ᠤᠢᠢᠯᠠᠭᠠᠬᠳᠠᠬᠤᠨ ᠢ ᠪᠠᠷᠢᠮᠳᠠᠯᠠᠵᠦ᠂ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠶᠢ ᠪᠠᠷᠢᠮᠳᠠᠯᠠᠵᠦ᠂ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ ᠪᠠᠷ ᠭᠤᠤᠯ ᠰᠢᠵᠢᠮ ᠪᠤᠯᠭᠠᠵᠦ᠂ ᠵᠠᠬ᠎ᠠ ᠳᠡᠯᠬᠡᠬᠦᠷᠴᠢᠯᠡᠬᠦ ᠦᠬᠡᠷᠡᠴᠢᠯᠡᠯᠳᠡ ᠶᠢ ᠬᠦᠨᠵᠡᠬᠡᠶᠢᠷᠡᠬᠦᠯᠦᠨ᠂ ᠦᠨᠳᠦᠷ ᠳᠦᠪᠰᠢᠨ ᠪᠦᠬᠦᠢ ᠨᠡᠬᠡᠬᠡᠯᠳᠡ ᠶᠢ ᠦᠷᠬᠡᠳᠬᠡᠵᠦ᠂ ᠴᠢᠬᠤᠯᠠ ᠶᠡᠭᠡ ᠦᠬᠡᠷᠡᠴᠢᠯᠡᠯᠳᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠡᠷᠡᠰ ᠭᠤᠶᠢᠪᠢᠰᠢ ᠦᠬᠡᠢ ᠠᠬᠢᠭᠤᠯᠵᠦ᠂ ᠦᠬᠡᠷᠡᠴᠢᠯᠡᠯᠳᠡ ᠶᠢ ᠠᠬᠢᠭᠤᠯᠬᠤ ᠶᠠᠪᠤᠴᠠ ᠳᠠᠬᠢ ᠬᠦᠨᠳᠦ ᠶᠡᠭᠡ ᠠᠶᠤᠯ ᠳᠦᠭᠰᠢᠬᠦᠷᠢ ᠦᠷᠢᠰᠦᠯᠳᠦᠬᠡᠨ ᠢ ᠰᠡᠷᠬᠡᠶᠢᠯᠡᠨ ᠠᠷᠢᠯᠭᠠᠨ᠎ᠠ᠃ ᠠᠷᠭ᠎ᠠ ᠠᠪᠴᠠᠯ ᠢᠶᠠᠨ ᠴᠢᠩᠭᠠᠳᠬᠠᠨ ᠭᠤᠤᠯᠳᠠᠯᠭ᠎ᠠ ᠶᠢ ᠠᠳᠬᠤᠵᠦ᠂ ᠳᠤᠳᠠᠭᠤᠳᠠᠯ ᠢ ᠨᠦᠬᠦᠪᠦᠷᠢᠯᠡᠵᠦ᠂ ᠪᠠᠭᠤᠷᠠᠢ ᠳᠠᠯ᠎ᠠ ᠪᠠᠨ ᠬᠦᠴᠦᠷᠬᠡᠭᠵᠢᠬᠦᠯᠦᠨ᠂ ᠶᠡᠭᠡ ᠪᠠᠷ ᠬᠠᠮᠠᠭᠠᠯᠠᠬᠤ᠂ ᠶᠡᠭᠡ ᠪᠠᠷ ᠨᠡᠬᠡᠬᠡᠯᠳᠡ ᠬᠢᠬᠦ᠂ ᠴᠢᠨᠠᠷ ᠰᠠᠶᠢᠳᠠᠢ ᠪᠠᠷ ᠬᠦᠭᠵᠢᠬᠦᠯᠬᠦ ᠰᠢᠨ᠎ᠠ ᠪᠠᠶᠢᠷᠢᠰᠢᠯ ᠢ ᠪᠦᠷᠢᠯᠳᠦᠬᠦᠯᠵᠦ᠂ ᠠᠵᠦ ᠠᠬᠤᠢ ᠶᠢᠨ ᠬᠦᠭᠵᠢᠯᠳᠡ ᠶᠢᠨ ᠶᠠᠰᠤ ᠴᠢᠨᠠᠷ ᠤᠨ ᠬᠤᠪᠢᠰᠤᠯᠳᠠ᠂ ᠦᠷ᠎ᠠ ᠠᠰᠢᠬ ᠤᠨ ᠬᠤᠪᠢᠰᠤᠯᠳᠠ᠂ ᠬᠦᠳᠡᠯᠬᠡᠬᠦ ᠬᠦᠴᠦᠨ ᠤ ᠬᠤᠪᠢᠰᠤᠯᠳᠠ ᠶᠢ ᠠᠬᠢᠭᠤᠯᠵᠦ᠂ ᠪᠠᠷᠠᠭᠤᠨ ᠤᠷᠤᠨ ᠤ ᠠᠵᠦ ᠠᠬᠤᠢ ᠶᠢᠨ ᠬᠦᠭᠵᠢᠯᠳᠡ ᠶᠢ ᠬᠦᠮᠦᠨ ᠠᠮᠠ᠂ ᠡᠬᠢ ᠪᠠᠶᠠᠯᠢᠬ᠂ ᠤᠷᠴᠢᠨ ᠳᠤᠭᠤᠷᠢᠨ ᠯᠤᠭ᠎ᠠ ᠵᠤᠬᠢᠴᠠᠭᠤᠯᠬᠤ ᠶᠢ ᠠᠬᠢᠭᠤᠯᠵᠦ᠂ ᠨᠡᠩ ᠴᠢᠨᠠᠷ ᠰᠠᠶᠢᠳᠠᠢ᠂ ᠨᠡᠩ ᠦᠷ᠎ᠠ ᠠᠰᠢᠬ ᠲᠠᠢ᠂ ᠨᠡᠩ ᠡᠷᠬᠡ ᠳᠡᠭᠰᠢ᠂ ᠨᠡᠩ ᠦᠷᠬᠦᠯᠵᠢᠯᠡᠬᠦ ᠴᠢᠨᠠᠷᠳᠠᠢ ᠬᠦᠭᠵᠢᠯᠳᠡ ᠶᠢ ᠪᠡᠶᠡᠯᠡᠬᠦᠯᠵᠦ᠂ 2020 ᠤᠨ ᠳᠤ ᠪᠠᠷᠠᠭᠤᠨ ᠤᠷᠤᠨ ᠤ ᠠᠮᠢ ᠠᠬᠤᠢ ᠶᠢᠨ ᠤᠷᠴᠢᠨ ᠨᠦᠬᠦᠴᠡᠯ᠂ ᠡᠵᠡᠩᠨᠡᠨ ᠠᠷᠠᠯᠵᠢᠶᠠᠯᠠᠬᠤ ᠤᠷᠴᠢᠨ ᠨᠦᠬᠦᠴᠡᠯ᠂ ᠨᠡᠬᠡᠬᠡᠯᠳᠡ ᠬᠢᠬᠦ ᠤᠷᠴᠢᠨ ᠨᠦᠬᠦᠴᠡᠯ᠂ ᠰᠢᠨ᠎ᠠ ᠶᠢ ᠡᠬᠦᠳᠬᠦ ᠤᠷᠴᠢᠨ ᠨᠦᠬᠦᠴᠡᠯ ᠢ ᠢᠯᠡᠳᠳᠡ ᠰᠠᠶᠢᠵᠢᠷᠠᠭᠤᠯᠬᠤ ᠶᠢ ᠦᠨᠡᠨᠬᠦ ᠪᠠᠳᠤᠯᠠᠵᠦ᠂ ᠪᠦᠬᠦ ᠤᠯᠤᠰ ᠯᠤᠭ᠎ᠠ ᠬᠠᠮᠳᠤ ᠪᠠᠷ ᠴᠢᠨᠡᠬᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠬᠦᠯᠦᠨ᠎ᠠ︔ 2035 ᠤᠨ ᠪᠤᠯᠳᠠᠯ᠎ᠡ᠂ ᠪᠠᠷᠠᠭᠤᠨ ᠤᠷᠤᠨ ᠨᠡᠶᠢᠭᠡᠮ ᠵᠢᠷᠤᠮ ᠤᠨ ᠤᠳᠤᠬᠢᠴᠢᠯᠠᠯᠳᠠ ᠶᠢ ᠦᠨᠳᠤᠰᠤᠨ ᠳᠡᠭᠡᠨ ᠪᠠᠶᠠᠯᠡᠬᠦᠯᠵᠤ᠂ ᠦᠨᠳᠤᠰᠤᠨ ᠤᠯᠠᠨ ᠨᠠᠶᠢᠳᠠ ᠶᠢᠨ ᠦᠢᠯᠡᠴᠢᠯᠡᠭᠡ᠂ ᠰᠠᠭᠤᠷᠢ ᠲᠦᠬᠦᠭᠡᠷᠤᠮᠵᠢ ᠶᠢᠨ ᠨᠡᠪᠳᠡᠷᠡᠯᠴᠡᠬᠦ ᠬᠡᠮᠵᠢᠶ᠎ᠡ᠂ ᠠᠷᠠᠳ ᠤᠨ ᠠᠮᠢᠳᠤᠷᠠᠯ ᠤᠨ ᠲᠦᠪᠰᠢᠨ ᠵᠠᠬᠦᠨ ᠤᠷᠤᠨ ᠤ ᠬᠢ ᠲᠠᠢ ᠦᠨᠳᠤᠰᠤᠨ ᠳᠡᠭᠡᠨ ᠲᠠᠩᠴᠠᠬᠦᠤ ᠪᠤᠯᠵᠦ᠂ ᠠᠳᠠᠯᠢ ᠪᠤᠰᠤ ᠲᠦᠷᠤᠯ ᠤᠨ ᠭᠠᠵᠠᠷ ᠤᠷᠤᠨ ᠤ ᠬᠠᠷᠢᠯᠴᠠᠨ ᠨᠦᠬᠦᠪᠦᠷᠢᠯᠡᠬᠦ ᠬᠦᠭᠵᠢᠯᠳᠠ᠂ ᠵᠠᠬᠦᠨ ᠪᠠᠷᠠᠭᠤᠨ ᠣᠷᠣᠨ ᠤ ᠬᠤᠤᠰ ᠴᠢᠭᠯᠡᠯ ᠢᠶᠠᠷ ᠨᠡᠭᠡᠭᠡᠯᠳᠠ ᠬᠢᠵᠤ ᠬᠠᠮᠵᠢᠯᠴᠠᠨ ᠤᠷᠤᠰᠢᠬᠯᠠᠬᠤ᠂ ᠦᠨᠳᠤᠰᠤᠳᠡᠨ ᠤ ᠬᠢᠯᠢ ᠬᠢᠵᠠᠭᠠᠷ ᠤᠷᠤᠨ ᠤ ᠴᠡᠴᠡᠭᠯᠡᠯ ᠬᠦᠭᠵᠢᠯ ᠠᠮᠤᠷ ᠲᠤᠬᠳᠠᠭᠤᠨ᠂ ᠬᠦᠮᠦᠨ ᠪᠠᠶᠢᠭᠠᠯᠢ ᠡᠶ᠎ᠡ ᠵᠤᠬᠢᠴᠠᠩᠭᠤᠢ ᠪᠠᠷ ᠬᠠᠮᠳᠤ ᠤᠷᠤᠰᠢᠬᠤ ᠶᠢ ᠴᠢᠷᠮᠠᠶᠢᠨ ᠪᠠᠶᠠᠯᠡᠬᠦᠯᠤᠨ᠎ᠡ᠃       ᠬᠤᠶᠠᠷ᠂ ᠰᠢᠨ᠎ᠡ ᠬᠦᠭᠵᠢᠯᠳᠠ ᠶᠢᠨ ᠤᠢᠢᠯᠠᠭᠠᠬᠳᠠᠬᠤᠨ ᠢ ᠳᠣᠣᠱᠯᠠᠭᠤᠯᠵᠦ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠤᠨ᠎ᠡ       ︵ᠨᠢᠭᠡ︶ ᠭᠤᠷᠪᠡᠨ ᠶᠡᠭᠡ ᠰᠢᠪᠳᠣᠯᠣᠯᠳᠠ ᠶᠢᠨ ᠠᠵᠢᠯ ᠢ ᠰᠠᠶᠢᠳᠤᠷ ᠬᠢᠨ᠎ᠡ᠃ ᠭᠤᠷᠪᠡᠨ ᠶᠡᠭᠡ ᠰᠢᠪᠳᠣᠯᠣᠯᠳᠠ ᠶᠢᠨ ᠠᠵᠢᠯ ᠢ ᠰᠠᠶᠢᠳᠤᠷ ᠬᠢᠬᠦ ᠢᠯᠠᠩᠭᠤᠶ᠎ᠡ ᠣᠨᠣᠪᠴᠢᠳᠠᠢ ᠪᠠᠷ ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠳᠠ ᠶᠢ ᠴᠢᠨᠡᠭᠡᠯᠢᠭ ᠨᠡᠶᠢᠭᠡᠮ ᠢ ᠪᠦᠬᠦ ᠲᠠᠯ᠎ᠡ ᠪᠠᠷ ᠪᠠᠶᠠᠯᠡᠬᠦᠯᠬᠦ ᠰᠢᠢᠳᠪᠤᠷᠢᠳᠤ ᠢᠯᠠᠯᠳᠠ ᠶᠢ ᠤᠯᠬᠤ ᠵᠠᠩᠭᠢᠯᠠᠭ᠎ᠠ ᠶᠢᠨ ᠡᠬᠦᠷᠭᠡ ᠪᠤᠯᠭᠠᠵᠤ᠂ ᠬᠦᠴᠤᠨ ᠢᠶᠠᠨ ᠲᠦᠪᠯᠡᠷᠡᠬᠦᠯᠤᠨ ᠬᠦᠴᠢᠷ ᠢ ᠲᠤᠭᠤᠯᠤᠨ ᠪᠡᠷᠬᠡ ᠶᠢ ᠲᠠᠪᠠᠨ᠎ᠠ᠃ ︽ᠬᠤᠶᠠᠷ ᠲᠤ ᠵᠤᠪᠠᠭ᠋ᠤ ᠦᠭᠡᠢ᠂ ᠭᠤᠷᠪᠡ ᠶᠢ ᠪᠠᠳᠤᠯᠠᠬᠤ︾ ᠶᠢ ᠪᠠᠶᠠᠯᠡᠬᠦᠯᠬᠦ ᠳᠤ ᠲᠤᠯᠭᠠᠷᠠᠵᠤ ᠪᠠᠶᠢᠭ᠎ᠠ ᠲᠤᠪᠤᠶᠢᠮ᠎ᠡ ᠠᠰᠠᠭᠤᠳᠠᠯ ᠢ ᠭᠤᠣᠯᠴᠢᠯᠠᠨ ᠰᠢᠢᠳᠪᠤᠷᠢᠯᠡᠵᠤ᠂ ᠤᠨᠴᠠ ᠶᠠᠳᠠᠭᠤ ᠬᠦᠴᠢᠷᠳᠡᠯᠳᠠᠢ ᠭᠠᠵᠠᠷ ᠤᠷᠤᠨ ᠪᠤᠯᠤᠨ ᠣᠨᠴᠠ ᠶᠠᠳᠠᠭᠤ ᠬᠦᠴᠢᠷᠳᠡᠯᠳᠠᠢ ᠬᠦᠮᠦᠰ ᠤᠨ ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠳᠠ ᠶᠢᠨ ᠡᠷᠴᠢᠮ ᠢ ᠴᠢᠩᠭᠠᠷᠠᠭᠤᠯᠵᠤ᠂ ᠶᠠᠳᠠᠭᠤ ᠬᠦᠴᠢᠷᠳᠡᠯᠳᠠᠢ ᠬᠦᠮᠦᠰ ᠢ ᠴᠦᠬᠡᠳᠭᠡᠨ ᠲᠠᠬᠢᠨ ᠶᠠᠳᠠᠭᠤᠷᠠᠬᠤ ᠶᠢ ᠰᠡᠷᠭᠡᠶᠢᠯᠡᠵᠤ᠂ 2020 ᠤᠨ ᠳᠤ ᠤᠳᠤ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠡ ᠠᠴᠠ ᠲᠤᠤᠷ᠎ᠠ ᠪᠠᠶᠢᠭ᠎ᠠ ᠪᠠᠷᠠᠭᠤᠨ ᠤᠷᠤᠨ ᠤ ᠬᠦᠳᠡᠭᠡ ᠲᠤᠰᠬᠤᠨ ᠤ ᠶᠠᠳᠠᠭᠤ ᠬᠦᠴᠢᠷᠳᠡᠯᠳᠠᠢ ᠬᠦᠮᠦᠰ ᠢ ᠪᠦᠬᠦᠨ ᠢ ᠶᠠᠳᠠᠭᠤ ᠠᠴᠠ ᠠᠩᠭᠢᠵᠢᠷᠠᠭᠤᠯᠬᠤ ᠶᠢ ᠪᠠᠶᠡᠯᠡᠬᠦᠯᠵᠤ᠂ ᠶᠠᠳᠠᠭᠤ ᠬᠦᠴᠢᠷᠳᠡᠯᠳᠠᠢ ᠰᠢᠶᠠᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠬᠤ ᠶᠢ ᠦᠨᠡᠨᠬᠦ ᠪᠠᠳᠤᠯᠠᠨ᠎ᠡ᠃ ᠶᠠᠳᠠᠭᠤ ᠠᠴᠠ ᠠᠩᠭᠢᠵᠢᠷᠠᠭᠤᠯᠬᠤ ᠡᠬᠦᠷᠭᠡ ᠶᠢ ᠪᠦᠬᠦ ᠲᠠᠯ᠎ᠡ ᠪᠠᠷ ᠪᠠᠶᠠᠯᠡᠬᠦᠯᠦᠭᠰᠡᠨ ᠰᠠᠭᠤᠷᠢᠨ ᠳᠡᠭᠡᠷ᠎ᠡ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠦᠴᠤᠯᠠᠨ ᠠᠬᠢᠭᠤᠯᠵᠤ᠂ ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠳᠠ ᠶᠢᠨ ᠦᠷ᠎ᠡ ᠪᠦᠳᠦᠭᠡᠯ ᠢ ᠪᠠᠬᠢᠵᠢᠬᠦᠯᠤᠨ᠎ᠡ᠃ ᠪᠠᠷᠠᠭᠤᠨ ᠤᠷᠤᠨ ᠤ ᠬᠦᠭᠵᠢᠯᠳᠠ ᠶᠢᠨ ᠪᠤᠳᠠᠳᠤ ᠪᠠᠶᠢᠳᠠᠯ ᠲᠠᠢ ᠤᠶᠠᠯᠳᠤᠭᠤᠯᠵᠤ᠂ ᠪᠤᠬᠢᠷᠳᠤᠯ ᠢ ᠰᠡᠷᠭᠡᠶᠢᠯᠡᠨ ᠵᠠᠰᠠᠬᠤ ᠪᠡᠯᠭᠡ ᠲᠡᠮᠳᠡᠭ ᠤᠨ ᠴᠢᠨᠠᠷᠳᠠᠢ ᠴᠢᠬᠤᠯᠠ ᠶᠡᠭᠡ ᠰᠢᠪᠳᠣᠯᠣᠯᠳᠠ ᠶᠢ ᠰᠠᠶᠢᠳᠤᠷ ᠬᠢᠵᠤ᠂ ᠤᠷᠴᠢᠨ ᠲᠤᠭᠤᠷᠢᠨ ᠢ ᠬᠠᠮᠠᠭᠠᠯᠠᠬᠤ ᠴᠢᠬᠤᠯᠠ ᠶᠡᠭᠡ ᠢᠨᠵᠧᠨᠧᠷᠢᠩ ᠢ ᠭᠡᠷᠡᠭᠵᠢᠬᠦᠯᠵᠤ᠂ ᠠᠮᠢ ᠠᠬᠤᠢ ᠶᠢᠨ ᠤᠷᠴᠢᠨ ᠲᠤᠭᠤᠷᠢᠨ ᠢ ᠤᠷᠤᠨ ᠬᠤᠪᠢᠶᠠᠨ ᠬᠠᠮᠢᠶᠡᠷᠤᠨ ᠡᠵᠡᠮᠳᠡᠬᠦ  ᠰᠢᠰᠲ᠋ᠧᠮᠵᠢ ᠶᠢ ᠪᠠᠶᠢᠭᠤᠯᠤᠨ᠎ᠡ᠃ ᠡᠬᠦᠰᠴᠤ ᠮᠡᠳᠡᠬᠦ ᠭᠤᠤᠯ ᠠᠶᠤᠯ ᠲᠦᠭᠰᠢᠬᠦᠷᠢ ᠶᠢᠨ ᠴᠡᠭ ᠢ ᠣᠨᠣᠪᠴᠢᠳᠠᠢ ᠰᠤᠳᠤᠯᠤᠨ ᠮᠠᠭᠠᠳᠯᠠᠵᠤ᠂ ᠪᠠᠷᠠᠭᠤᠨ ᠤᠷᠤᠨ ᠤ ᠪᠤᠳᠠᠳᠤ ᠪᠠᠶᠢᠳᠠᠯ ᠲᠠᠢ ᠤᠶᠠᠯᠳᠤᠭᠤᠯᠵᠤ᠂ ᠪᠠᠶᠢᠭᠤᠯᠣᠯ ᠲᠤᠬᠳᠠᠴᠠ ᠶᠢ ᠤᠯᠠᠮ ᠴᠢᠨᠠᠬᠰᠢᠳᠠ ᠲᠡᠬᠦᠯᠳᠡᠷᠵᠢᠬᠦᠯᠵᠤ᠂ ᠦᠭᠡᠷᠡᠴᠢᠯᠡᠯᠳᠠ ᠬᠢᠵᠤ ᠰᠢᠨ᠎ᠡ ᠶᠢ ᠡᠬᠦᠳᠬᠦ ᠠᠷᠭ᠎ᠠ ᠬᠡᠮᠵᠢᠶ᠎ᠡ ᠠᠪᠤᠨ᠎ᠡ᠃ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠳᠠᠯᠠᠵᠤ᠂ ᠡᠬᠢ ᠡᠬᠦᠰᠤᠯ ᠠᠴᠠ ᠨᠢ ᠬᠠᠮᠢᠶᠡᠷᠤᠨ ᠡᠵᠡᠮᠳᠡᠬᠦ ᠶᠢ ᠴᠢᠩᠭᠠᠳᠬᠠᠵᠤ᠂ ᠬᠦᠰᠢᠬᠦᠷᠭᠡ ᠶᠢᠨ ᠨᠤᠷᠮ᠎ᠠ ᠶᠢ ᠪᠦᠳᠦᠮᠵᠢᠳᠠᠢ ᠲᠤᠬᠳᠠᠪᠤᠷᠢᠵᠢᠭᠤᠯᠤᠨ᠎ᠡ᠃       ︵ᠬᠤᠶᠠᠷ︶ ᠰᠢᠨ᠎ᠠ ᠶᠢ ᠡᠬᠦᠳᠤᠨ ᠬᠦᠭᠵᠢᠬᠦ ᠴᠢᠳᠠᠪᠤᠷᠢ ᠶᠢ ᠳᠠᠰᠤᠷᠠᠯᠳᠠ ᠦᠬᠡᠢ ᠳᠡᠬᠡᠭᠰᠢᠯᠡᠬᠦᠯᠦᠨ᠎ᠠ᠃ ᠰᠢᠨ᠎ᠠ ᠶᠢ ᠡᠬᠦᠳᠬᠦ ᠴᠢᠳᠠᠪᠤᠷᠢ ᠶᠢᠨ ᠪᠠᠶᠢᠭᠤᠯᠤᠯᠳᠠ ᠪᠠᠷ ᠭᠤᠤᠯ ᠪᠤᠯᠭᠠᠵᠦ᠂ ᠰᠢᠨ᠎ᠠ ᠶᠢ ᠡᠬᠦᠳᠬᠦ ᠨᠡᠬᠡᠬᠡᠯᠳᠡ ᠬᠢᠬᠦ ᠬᠠᠮᠳᠣᠷᠠᠯᠴᠠᠬᠤ ᠶᠢ ᠴᠢᠩᠭᠠᠳᠬᠠᠵᠦ᠂ ᠤᠷᠤᠨ ᠪᠦᠰᠡ ᠶᠢᠨ ᠰᠢᠨ᠎ᠠ ᠶᠢ ᠡᠬᠦᠳᠬᠦ ᠦᠨᠳᠦᠷ ᠳᠦᠪᠰᠢᠨ ᠢ ᠪᠣᠢ ᠪᠣᠯᠭᠠᠨ᠎ᠠ᠃ ᠤᠯᠤᠰ ᠤᠨ ᠴᠢᠬᠤᠯᠠ ᠶᠡᠭᠡ ᠰᠢᠨᠵᠢᠯᠠᠬᠦ ᠤᠬᠠᠭᠠᠨ ᠤ ᠰᠤᠳᠤᠯᠭᠠᠨ ᠤ ᠰᠠᠭᠤᠷᠢ ᠳᠦᠬᠦᠬᠡᠷᠦᠮᠵᠢ ᠶᠢᠨ ᠪᠠᠶᠢᠷᠢᠰᠢᠯᠠᠭᠤᠯᠤᠯᠳᠠ ᠶᠢ ᠳᠡᠬᠦᠯᠳᠡᠷᠵᠢᠬᠦᠯᠵᠦ᠂ ᠪᠠᠷᠠᠭᠤᠨ ᠤᠷᠤᠨ ᠤ ᠤᠨᠴᠠᠯᠢᠬᠳᠤ ᠳᠠᠪᠠᠭᠤᠯᠢᠬ ᠬᠦᠷᠢᠶᠡᠨ ᠳᠤ ᠣᠷᠢᠳᠠᠪᠡᠷ ᠤᠯᠤᠰ ᠤᠨ ᠳᠡᠰ ᠤᠨ ᠰᠢᠨ᠎ᠠ ᠶᠢ ᠡᠬᠦᠳᠬᠦ ᠰᠢᠨ᠎ᠠ ᠳᠠᠪᠴᠠᠩ ᠪᠠ ᠳᠤᠮᠤ ᠰᠢᠨᠵᠢᠯᠡᠬᠦ ᠤᠠᠬᠠᠭᠠᠨ ᠤ ᠳᠦᠬᠦᠬᠡᠷᠦᠮᠵᠢ ᠶᠢ ᠪᠠᠶᠢᠷᠢᠯᠠᠭᠤᠯᠤᠨ ᠪᠠᠶᠢᠭᠤᠯᠬᠤ ᠶᠢ ᠳᠡᠮᠵᠢᠨ᠎ᠠ᠃ ᠪᠠᠷᠠᠭᠤᠨ ᠤᠷᠤᠨ ᠤ ᠨᠦᠬᠦᠴᠡᠯ ᠪᠦᠷᠢᠯᠳᠦᠭᠰᠡᠨ ᠭᠠᠵᠠᠷ ᠤᠷᠤᠨ ᠳᠤ ᠤᠯᠤᠰ ᠤᠨ ᠪᠠᠶ᠎ᠠ ᠪᠠᠨ ᠳᠠᠭᠠᠭᠠᠵᠦ ᠰᠢᠨ᠎ᠠ ᠶᠢ ᠡᠬᠦᠳᠬᠦ ᠵᠢᠱᠢᠶ᠎ᠠ ᠦᠵᠡᠬᠦᠯᠬᠦ ᠤᠷᠤᠨ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠦᠷ᠎ᠠ ᠪᠦᠳᠦᠬᠡᠯ ᠢ ᠣᠯᠠᠷᠢᠭᠤᠯᠬᠤ ᠵᠢᠱᠢᠶ᠎ᠠ ᠦᠵᠡᠬᠦᠯᠬᠦ ᠤᠷᠤᠨ ᠵᠡᠷᠬᠡ ᠰᠢᠨ᠎ᠠ ᠶᠢ ᠡᠬᠦᠳᠬᠦ ᠠᠴᠢᠶᠠᠯᠠᠪᠤᠷᠢ ᠶᠢ ᠪᠠᠶᠢᠭᠤᠯᠬᠤ ᠶᠢ ᠳᠦᠷᠬᠡᠳᠬᠡᠨ᠎ᠠ᠃ ᠵᠡᠬᠦᠨ ᠪᠠᠷᠠᠭᠤᠨ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠰᠢᠨ᠎ᠠ ᠶᠢ ᠡᠬᠦᠳᠬᠦ ᠬᠠᠮᠳᠤᠷᠠᠯᠴᠠᠭ᠎ᠠ ᠶᠢ ᠤᠯᠠᠮ ᠴᠢᠨᠠᠬᠰᠢᠳᠠ ᠬᠦᠨᠵᠡᠬᠡᠶᠢᠷᠡᠬᠦᠯᠵᠦ᠂ ᠬᠠᠮᠵᠢᠯᠴᠠᠨ ᠰᠢᠨ᠎ᠠ ᠶᠢ ᠡᠬᠦᠳᠬᠦ ᠬᠠᠮᠳᠤ ᠶᠢᠨ ᠴᠤᠬᠴᠠ ᠶᠢ ᠪᠠᠶᠢᠭᠤᠯᠤᠨ᠎ᠠ᠃ ᠪᠠᠷᠠᠭᠤᠨ ᠤᠷᠤᠨ ᠳᠤ ᠨᠢᠬᠡ ᠪᠦᠯᠦᠭ ᠬᠡᠷᠡᠭᠯᠡᠬᠡᠨ ᠤ ᠮᠠᠶ᠋ᠢᠬ ᠤᠨ ᠵᠢᠩᠭᠢᠨᠢ ᠠᠩᠬᠢ ᠶᠢᠨ ᠶᠡᠭᠡ ᠳᠡᠬᠡᠳᠦ ᠰᠤᠷᠭᠠᠭᠤᠯᠢ᠂ ᠳᠡᠬᠡᠳᠦ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠶᠢ ᠪᠠᠶᠢᠷᠢᠯᠠᠭᠤᠯᠤᠨ ᠪᠠᠶᠢᠭᠤᠯᠵᠦ᠂ ︽ᠬᠤᠤᠰ ᠳᠡᠷᠢᠬᠦᠨ ᠵᠡᠷᠭᠡ︾ ᠶᠢᠨ ᠶᠡᠭᠡ ᠳᠡᠬᠡᠳᠦ ᠰᠤᠷᠭᠠᠭᠤᠯᠢ ᠠᠴᠠ ᠪᠠᠷᠠᠭᠤᠨ ᠤᠷᠤᠨ ᠢ ᠠᠵᠢᠯ ᠳᠦᠷᠦᠯ ᠢᠶᠠᠷ ᠢᠶᠠᠨ ᠳᠡᠮᠵᠢᠬᠦ ᠠᠵᠢᠯᠯᠠᠭ᠎ᠠ ᠦᠷᠨᠢᠬᠦᠯᠬᠦ ᠶᠢ ᠳᠡᠮᠵᠢᠨ᠎ᠠ᠃ ᠤᠯᠠᠨ ᠢᠶᠠᠷ ᠢᠶᠠᠨ ᠦᠢᠯᠡᠰ ᠪᠤᠰᠬᠠᠵᠦ ᠨᠡᠶᠢᠳᠡ ᠪᠠᠷ ᠢᠶᠠᠨ ᠰᠢᠨ᠎ᠠ ᠶᠢ ᠡᠬᠦᠳᠬᠦ ᠶᠢ ᠬᠦᠨᠵᠡᠬᠡᠢ ᠠᠬᠢᠭᠤᠯᠵᠦ᠂ ᠪᠠᠷᠠᠭᠤᠨ ᠤᠷᠤᠨ ᠤ ᠰᠢᠨ᠎ᠠ ᠶᠢ ᠡᠬᠦᠳᠦᠨ ᠦᠢᠯᠡᠰ ᠪᠤᠰᠬᠠᠬᠤ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠵᠦ᠂       ︽ᠦᠢᠯᠡᠰ ᠪᠤᠰᠬᠠᠵᠦ ᠰᠢᠨ᠎ᠡ ᠶᠢ ᠡᠭᠦᠳᠬᠦ︾ ᠳᠡᠰ ᠳᠡᠪᠰᠢᠭᠰᠡᠨ ᠬᠡᠪ ᠮᠠᠶ᠋ᠢᠭ ᠢ ᠪᠣᠢ ᠪᠣᠯᠭᠠᠨ᠎ᠠ᠃ ᠬᠡᠷᠡᠭᠴᠡᠭᠡ ᠪᠠᠷ ᠤᠳᠤᠷᠢᠳᠤᠮᠵᠢ ᠪᠤᠯᠭᠠᠬᠤ᠂ ᠠᠵᠦ ᠠᠬᠤᠢᠢᠯᠡᠯ ᠢᠶᠠᠷ ᠭᠤᠤᠯ ᠴᠤᠬᠴᠠ ᠪᠤᠯᠭᠠᠬᠤ ᠦᠢᠯᠡᠳᠪᠤᠷᠢᠯᠡᠯ ᠵᠢᠭᠠᠨ ᠰᠤᠷᠭᠠᠯᠳᠡ ᠰᠤᠳᠤᠯᠭᠠᠨ ᠢ ᠨᠢᠬᠡ ᠴᠤᠬᠴᠠᠵᠢᠭᠤᠯᠤᠬᠰᠠᠨ ᠰᠢᠨ᠎ᠠ ᠶᠢ ᠡᠬᠦᠳᠬᠦ ᠪᠠᠶᠢᠭᠤᠯᠣᠯ ᠢ ᠪᠦᠷᠢᠨᠰᠢᠬᠦᠯᠵᠦ᠂ ᠡᠯ᠎ᠠ ᠳᠦᠷᠦᠯ ᠤᠨ ᠠᠵᠦ ᠠᠬᠤᠢᠢᠯᠡᠯ ᠤᠨ ᠪᠠᠷᠠᠭᠤᠨ ᠤᠷᠤᠨ ᠳᠤ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠰᠢᠨ᠎ᠠ ᠶᠢ ᠡᠬᠦᠳᠬᠦ ᠺᠤᠮᠫᠠᠨᠢ ᠪᠠᠶᠢᠭᠤᠯᠬᠤ ᠶᠢ ᠵᠤᠷᠢᠬᠵᠢᠭᠤᠯᠤᠨ᠎ᠠ᠃ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠦᠷ᠎ᠠ ᠪᠦᠳᠦᠬᠡᠯ ᠢ ᠣᠯᠠᠷᠢᠭᠤᠯᠬᠤ ᠬᠦᠳᠦᠯᠦᠮᠵᠢ ᠶᠢᠨ ᠰᠠᠭᠤᠷᠢ ᠮᠦᠩᠬᠦ ᠶᠢᠨ ᠪᠠᠷᠠᠭᠤᠨ ᠤᠷᠤᠨ ᠳᠤ ᠦᠢᠯᠡᠰ ᠪᠤᠰᠬᠠᠨ ᠪᠡᠯᠡ ᠤᠷᠤᠭᠤᠯᠬᠤ ᠬᠤᠪᠢᠶᠠᠷᠢ ᠰᠠᠭᠤᠷᠢ ᠮᠦᠩᠬᠦ ᠭᠠᠷᠭᠠᠬᠤ ᠶᠢ ᠳᠡᠮᠵᠢᠨ᠎ᠠ᠃ ᠮᠡᠳᠡᠯᠬᠡ ᠶᠢᠨ ᠪᠦᠳᠦᠭᠡᠭᠳᠡᠬᠦᠨ ᠤ ᠦᠮᠴᠢᠯᠡᠯ ᠤᠨ ᠡᠷᠬᠡ ᠶᠢᠨ ᠬᠠᠮᠠᠭᠠᠯᠠᠯᠳᠠ᠂ ᠬᠡᠷᠡᠭᠯᠡᠭᠡ ᠪᠠ ᠦᠢᠯᠡᠴᠢᠯᠡᠬᠡᠨ ᠤ ᠰᠢᠰᠲ᠋ᠧᠮᠵᠢ ᠶᠢᠨ ᠪᠠᠶᠢᠭᠤᠯᠤᠯᠳᠠ ᠶᠢ ᠴᠢᠩᠭᠠᠳᠬᠠᠵᠦ᠂ ᠮᠡᠳᠡᠯᠬᠡ ᠶᠢᠨ ᠪᠦᠳᠦᠭᠡᠭᠳᠡᠬᠦᠨ ᠤ ᠦᠮᠴᠢᠯᠠᠯ ᠤᠨ ᠡᠷᠬᠡ ᠶᠢᠨ ᠤᠯᠠᠨ ᠤᠯᠤᠰ ᠤᠨ ᠰᠤᠯᠢᠯᠴᠠᠭ᠎ᠠ ᠬᠠᠮᠳᠤᠷᠠᠯᠴᠠᠭ᠎ᠠ ᠶᠢ ᠦᠷᠨᠢᠬᠦᠯᠬᠦ ᠶᠢ ᠳᠡᠮᠵᠢᠨ᠎ᠠ᠃       ︵ᠭᠤᠷᠪᠠ︶ ᠤᠳᠤᠬᠢᠴᠢᠯᠠᠬᠰᠠᠨ ᠠᠵᠦ ᠦᠢᠯᠡᠰ ᠤᠨ ᠰᠢᠰᠲ᠋ᠧᠮᠵᠢ ᠶᠢ ᠠᠬᠢᠭᠤᠯᠤᠨ ᠪᠦᠷᠢᠯᠳᠦᠬᠦᠯᠦᠨ᠎ᠠ᠃ ᠪᠠᠷᠠᠭᠤᠨ ᠤᠷᠤᠨ ᠤ ᠬᠠᠷᠢᠴᠠᠭᠤᠯᠤᠬᠰᠠᠨ ᠳᠠᠪᠠᠭᠤᠯᠢᠬ ᠢ ᠬᠦᠢᠴᠡᠳ ᠪᠠᠳᠠᠷᠠᠭᠤᠯᠵᠦ᠂ ᠨᠦᠬᠦᠴᠡᠯ ᠪᠦᠷᠢᠯᠳᠦᠭᠰᠡᠨ ᠠᠵᠦ ᠦᠢᠯᠡᠰ ᠤᠨ ᠪᠦᠯᠦᠭᠵᠢᠨ ᠬᠦᠭᠵᠢᠬᠦ ᠶᠢ ᠠᠬᠢᠭᠤᠯᠵᠦ᠂ ᠰᠢᠨ᠎ᠠ ᠬᠦᠳᠡᠯᠬᠡᠬᠦ ᠡᠨᠧᠷᠬᠢ ᠪᠤᠯᠤᠨ ᠤᠯᠠᠮᠵᠢᠯᠠᠯᠳᠤ ᠬᠦᠳᠡᠯᠬᠡᠬᠦ ᠡᠨᠧᠷᠬᠢ ᠶᠢ ᠦᠬᠡᠷᠡᠴᠢᠯᠡᠨ ᠳᠡᠰ ᠳᠡᠪᠰᠢᠬᠦᠯᠬᠦ ᠳᠠᠯ᠎ᠠ ᠪᠠᠷ ᠨᠡᠩ ᠶᠡᠭᠡ ᠠᠯᠬᠤᠮ ᠢ ᠠᠯᠬᠤᠵᠦ᠂ ᠮᠡᠳᠡᠭᠡ ᠵᠠᠩᠬᠢ ᠶᠢᠨ ᠮᠡᠷᠬᠡᠵᠢᠯ ᠤᠨ ᠤᠯᠠᠮᠵᠢᠯᠠᠯᠳᠤ ᠠᠵᠤ ᠤᠢᠢᠯᠡᠰ ᠲᠤ ᠦᠷᠬᠡᠨ ᠢᠶᠠᠷ ᠭᠡᠷᠡᠭᠯᠡᠭᠳᠡᠬᠦ ᠪᠡ ᠬᠦᠨ ᠠᠭᠤᠰᠤᠯᠴᠠᠭᠤᠯᠬᠤ ᠶᠢ ᠠᠬᠢᠭᠤᠯᠵᠤ᠂ ᠦᠷᠢᠰᠤᠯᠳᠤᠬᠦ ᠬᠦᠴᠤᠨ ᠲᠠᠢ ᠤᠳᠤᠬᠢᠴᠢᠯᠠᠬᠰᠠᠨ ᠠᠵᠤ ᠤᠢᠢᠯᠡᠰ ᠤᠨ ᠰᠢᠰᠲ᠋ᠧᠮᠵᠢ ᠶᠢ ᠪᠠᠶᠢᠭᠤᠯᠤᠨ᠎ᠠ᠃ ᠬᠦᠳᠡᠭᠡ ᠲᠤᠰᠬᠤᠨ ᠤ ᠨᠢᠬᠡᠳᠤᠭᠡᠷ ᠬᠤᠶᠠᠳᠤᠭᠠᠷ ᠭᠤᠷᠪᠠᠳᠤᠭᠠᠷ ᠠᠵᠤ ᠤᠢᠢᠯᠡᠰ ᠤᠨ ᠬᠦᠨ ᠠᠭᠤᠰᠤᠯᠴᠠᠯ ᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠪᠦᠬᠦ ᠠᠵᠤ ᠤᠢᠢᠯᠡᠰ ᠤᠨ ᠬᠡᠯᠬᠢᠶ᠎ᠠ᠂ ᠦᠷᠳᠡᠭ ᠤᠨ ᠬᠡᠯᠬᠢᠶᠠᠨ ᠤ ᠬᠡᠯᠪᠡᠷᠢ ᠶᠢ ᠬᠤᠪᠢᠷᠠᠭᠤᠯᠵᠤ ᠲᠡᠰ ᠲᠡᠪᠰᠢᠬᠦᠯᠬᠦ ᠶᠢ ᠠᠬᠢᠭᠤᠯᠤᠨ᠎ᠠ᠃ ᠦᠨᠳᠤᠷ ᠪᠠᠷᠢᠮᠵᠢᠶᠠᠳᠤ ᠲᠠᠷᠢᠶᠠᠨ ᠭᠠᠵᠠᠷ᠂ ᠤᠳᠤᠬᠢᠴᠢᠯᠠᠬᠰᠠᠨ ᠠᠮᠢ ᠠᠬᠤᠢ ᠶᠢᠨ ᠮᠠᠯᠵᠢᠯ ᠤᠨ ᠲᠠᠯᠠᠪᠠᠢ᠂ ᠠᠮᠤ ᠪᠤᠳᠠᠭ᠎ᠠ ᠤᠢᠢᠯᠡᠳᠪᠤᠷᠢᠯᠡᠬᠦ ᠴᠢᠳᠠᠮᠵᠢᠳᠤ ᠤᠷᠤᠨ ᠪᠤᠯᠤᠨ ᠬᠦᠪᠤᠩ ᠲᠤᠰᠤ ᠰᠢᠬᠢᠷ ᠵᠡᠷᠬᠡ ᠭᠤᠤᠯᠳᠠᠯᠭ᠎ᠠ ᠲᠠᠢ ᠲᠠᠷᠢᠶᠠᠯᠠᠩ ᠤᠨ ᠪᠦᠳᠦᠭᠡᠭᠳᠡᠬᠦᠨ ᠤᠢᠢᠯᠡᠳᠪᠤᠷᠢᠯᠡᠬᠦ ᠬᠠᠮᠠᠭᠠᠯᠠᠯᠳᠠ ᠶᠢᠨ ᠤᠷᠤᠨ ᠤ ᠪᠦᠳᠤᠬᠡᠨ ᠪᠠᠶᠢᠭᠤᠯᠤᠯᠳᠠ ᠶᠢ ᠲᠦᠷᠬᠡᠳᠬᠡᠨ ᠠᠬᠢᠭᠤᠯᠵᠦ᠂ ᠠᠮᠢ ᠠᠬᠤᠢ ᠡᠷᠴᠢᠮᠵᠢᠭᠰᠡᠨ᠂ ᠦᠨᠳᠤᠷ ᠦᠷ᠎ᠠ ᠠᠰᠢᠬᠳᠠᠢ᠂ ᠲᠠᠷᠢᠶᠠᠨ ᠭᠠᠵᠠᠷ ᠢ ᠳᠦᠷᠢᠮᠵᠢᠬᠦᠯᠦᠨ ᠭᠡᠷᠡᠭᠯᠡᠭᠰᠡᠨ ᠲᠦᠬᠦᠬᠡᠷᠤᠮᠵᠢᠳᠤ ᠲᠠᠷᠢᠶᠠᠯᠠᠩ ᠢ ᠦᠷᠬᠦᠯᠵᠢᠯᠠᠨ ᠬᠦᠭᠵᠢᠬᠦᠯᠤᠨ᠎ᠠ᠃ ᠲᠡᠭᠡᠳᠦ ᠲᠡᠰ ᠤᠨ᠂ ᠦᠪᠡᠷᠮᠢᠴᠠ ᠤᠨᠴᠠᠯᠢᠬ ᠲᠠᠢ ᠲᠠᠷᠢᠶᠠᠯᠠᠩ ᠤᠨ ᠮᠠᠰᠢᠨ ᠲᠦᠭᠦᠭᠡᠷᠦᠮᠵᠢ ᠶᠢ ᠤᠢᠢᠯᠡᠳᠪᠤᠷᠢᠯᠡᠬᠦ ᠰᠤᠳᠤᠯᠤᠨ ᠨᠡᠬᠡᠬᠡᠨ ᠬᠦᠭᠵᠢᠬᠦᠯᠬᠦ ᠪᠠ ᠲᠡᠯᠬᠡᠷᠡᠬᠦᠯᠤᠨ ᠭᠡᠷᠡᠭᠯᠡᠬᠦ ᠶᠢ ᠲᠦᠷᠬᠡᠳᠬᠡᠨ᠎ᠠ᠃ ᠤᠳᠤ ᠦᠶ᠎ᠠ ᠶᠢᠨ ᠤᠢᠢᠯᠡᠳᠬᠦ ᠤᠢᠢᠯᠡᠰ ᠪᠤᠯᠤᠨ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠮᠠᠨᠳᠤᠬᠰᠠᠨ ᠠᠵᠤ ᠤᠢᠢᠯᠡᠰ ᠢ ᠠᠬᠢᠭᠤᠯᠤᠨ᠎ᠠ᠃ ᠲᠤᠮᠤ ᠳ᠋ᠠᠶᠢᠲ᠋ᠠ᠂ ᠵᠤᠬᠢᠶᠠᠮᠠᠯ ᠤᠶᠤᠨ ᠴᠢᠳᠠᠪᠤᠷᠢ ᠪᠤᠯᠤᠨ ︽ᠤᠶᠤᠨ +︾ ᠠᠵᠤ ᠤᠢᠢᠯᠡᠰ ᠢ ᠢᠳᠡᠪᠬᠢᠳᠠᠢ ᠬᠦᠭᠵᠢᠬᠦᠯᠵᠤ᠂ ᠠᠵᠤ ᠤᠢᠢᠯᠡᠳᠪᠤᠷᠢ ᠶᠢᠨ ᠢᠨᠲ᠋ᠧᠷ ᠰᠦᠯᠵᠢᠶ᠎ᠠ ᠶᠢ ᠶᠡᠭᠡ ᠪᠠᠷ ᠬᠦᠭᠵᠢᠬᠦᠯᠤᠨ᠎ᠠ᠃ ︽ᠢᠨᠲ᠋ᠧᠷ ᠰᠦᠯᠵᠢᠶ᠎ᠠ + ᠰᠤᠷᠭᠠᠨ ᠬᠦᠮᠤᠵᠢᠯ︾᠂ ︽ᠢᠨᠲ᠋ᠧᠷ ᠰᠦᠯᠵᠢᠶ᠎ᠠ + ᠡᠮ ᠡᠮᠨᠡᠯᠭᠡ︾᠂ ︽ᠢᠨᠲ᠋ᠧᠷ ᠰᠦᠯᠵᠢᠶ᠎ᠠ + ᠵᠢᠭᠤᠯᠴᠢᠯᠠᠯ︾ ᠵᠡᠷᠬᠡ ᠰᠢᠨ᠎ᠠ ᠡᠵᠡᠩᠨᠠᠯᠳᠠ ᠶᠢᠨ ᠬᠡᠯᠪᠡᠷᠢ ᠶᠢᠨ ᠬᠦᠭᠵᠢᠯᠳᠠ ᠶᠢ ᠠᠬᠢᠭᠤᠯᠵᠤ᠂ ᠰᠦᠯᠵᠢᠶᠠᠨ ᠤ ᠬᠤᠷᠳᠤᠴᠠ ᠶᠢ ᠲᠦᠷᠬᠡᠳᠬᠡᠨ ᠰᠦᠢᠳᠬᠡᠯ ᠢ ᠪᠠᠭᠤᠷᠠᠭᠤᠯᠬᠤ ᠶᠢ ᠠᠬᠢᠭᠤᠯᠵᠤ᠂ ᠬᠢᠯᠢ ᠠᠯᠤᠰᠯᠠᠬᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠲᠦᠷᠬᠡᠳᠭᠡᠨ ᠬᠦᠭᠵᠢᠭᠦᠯᠤᠨ᠎ᠡ᠃ ᠪᠠᠷᠠᠭᠤᠨ ᠤᠷᠤᠨ ᠤ ᠬᠢᠨ ᠤ ᠠᠮᠢ ᠠᠬᠤᠢ᠂ ᠦᠨᠳᠤᠰᠤᠳᠠᠨ ᠤ ᠵᠠᠩ ᠤᠢᠢᠯᠠ᠂ ᠬᠢᠯᠢ ᠬᠢᠵᠠᠭᠠᠷ ᠤᠨ ᠦᠩᠬᠡ ᠦᠵᠡᠮᠵᠢ ᠵᠡᠷᠬᠡ ᠲᠠᠪᠠᠭᠤᠯᠢᠬ ᠢᠶᠠᠨ ᠪᠠᠳᠠᠷᠠᠭᠤᠯᠬᠤ ᠶᠢ ᠨᠢ ᠲᠡᠮᠵᠢᠵᠤ᠂ ᠵᠢᠭᠤᠯᠴᠢᠯᠠᠯ ᠤᠨ ᠡᠬᠢ ᠪᠠᠶᠠᠯᠢᠬ ᠢ ᠨᠡᠬᠡᠬᠡᠯᠳᠡ ᠲᠠᠢ ᠪᠤᠯᠭᠠᠬᠤ᠂ ᠮᠡᠳᠡᠭᠡ ᠵᠠᠩᠬᠢ ᠶᠢ ᠬᠠᠮᠳᠤ ᠪᠠᠷ ᠬᠤᠪᠢᠶᠠᠯᠴᠠᠬᠤ᠂ ᠠᠵᠢᠯ ᠲᠦᠷᠤᠯ ᠤᠨ ᠬᠢᠨᠠᠯᠳᠠ ᠲᠠᠯᠪᠢᠬᠤ᠂ ᠤᠯᠠᠨ ᠨᠡᠶᠢᠳᠠ ᠶᠢᠨ ᠤᠢᠢᠯᠡᠴᠢᠯᠡᠭᠡ᠂ ᠵᠢᠭᠤᠯᠴᠢᠯᠠᠯ ᠤᠨ ᠠᠮᠤᠷ ᠲᠦᠪᠰᠢᠨ᠂ ᠪᠠᠷᠢᠮᠵᠢᠶᠠᠵᠢᠬᠰᠠᠨ ᠤᠢᠢᠯᠡᠴᠢᠯᠡᠭᠡ ᠵᠡᠷᠬᠡ ᠲᠠᠯ᠎ᠠ ᠪᠠᠷ ᠬᠢ ᠤᠯᠠᠨ ᠤᠯᠤᠰ ᠤᠨ ᠬᠠᠮᠳᠤᠷᠠᠯᠴᠠᠭ᠎ᠠ ᠶᠢ ᠬᠦᠨᠵᠡᠬᠡᠶᠢᠷᠡᠬᠦᠯᠵᠤ᠂ ᠵᠢᠭᠤᠯᠴᠢᠯᠠᠯ ᠤᠨ ᠤᠢᠢᠯᠡᠴᠢᠯᠡᠬᠡᠨ ᠤ ᠲᠦᠪᠰᠢᠨ ᠢ ᠲᠡᠭᠡᠭᠰᠢᠯᠡᠬᠦᠯᠤᠨ᠎ᠠ᠃ ᠨᠡᠷᠡᠳᠤ ᠦᠵᠡᠮᠵᠢ ᠶᠢᠨ ᠤᠷᠤᠨ᠂ ᠬᠢᠯᠢ ᠬᠢᠵᠠᠭᠠᠷ ᠤᠨ ᠵᠢᠭᠤᠯᠴᠢᠯᠠᠯ ᠤᠨ ᠲᠤᠷᠰᠢᠯᠳᠠ ᠶᠢᠨ ᠤᠷᠤᠨ ᠵᠡᠷᠬᠡ ᠳᠤ ᠲᠦᠰᠢᠭᠯᠡᠵᠤ᠂ ᠵᠢᠭᠤᠯᠴᠢᠯᠠᠯ ᠵᠤᠭ᠎ᠠ ᠰᠡᠯᠡᠬᠦᠴᠡᠯ᠂ ᠡᠷᠡᠬᠦᠯ ᠮᠡᠨᠳᠤ ᠪᠠᠶ᠎ᠠ ᠰᠤᠪᠢᠯᠠᠯ ᠵᠡᠷᠬᠡ ᠤᠢᠢᠯᠡᠴᠢᠯᠡᠬᠡᠨ ᠤ ᠤᠢᠢᠯᠡᠰ ᠢ ᠶᠡᠭᠡ ᠪᠠᠷ ᠬᠦᠭᠵᠢᠬᠦᠯᠵᠤ᠂ ᠤᠷᠤᠨ ᠪᠦᠰᠠ ᠶᠢᠨ ᠴᠢᠬᠤᠯᠠ ᠲᠤᠯᠭᠠᠭᠤᠷᠢᠯᠠᠬᠤ ᠤᠢᠢᠯᠡᠰ ᠢ ᠴᠤᠬᠴᠠᠯᠠᠨ᠎ᠠ᠃ ᠤᠳᠤ ᠦᠶ᠎ᠠ ᠶᠢᠨ ᠤᠢᠢᠯᠡᠴᠢᠯᠡᠬᠡᠨ ᠤ ᠤᠢᠢᠯᠡᠰ ᠢᠯᠠᠩᠭᠤᠶ᠎ᠠ ᠲᠤᠰᠬᠠᠢ ᠤᠢᠢᠯᠡᠴᠢᠯᠡᠬᠡᠨ ᠤ ᠤᠢᠢᠯᠡᠰ ᠢ ᠲᠦᠷᠬᠡᠳᠭᠡᠨ ᠬᠦᠭᠵᠢᠬᠦᠯᠵᠤ᠂ ᠤᠳᠤ ᠦᠶ᠎ᠠ ᠶᠢᠨ ᠪᠠᠷᠠᠭᠠᠨ ᠤ ᠬᠦᠢᠯᠬᠡᠬᠡᠨ ᠤ ᠤᠢᠢᠯᠡᠴᠢᠯᠡᠬᠡᠨ ᠤ ᠰᠢᠰᠲ᠋ᠧᠮᠵᠢ ᠶᠢᠨ ᠪᠠᠶᠢᠭᠤᠯᠤᠯᠳᠠ ᠶᠢ ᠴᠢᠩᠭᠠᠳᠬᠠᠨ᠎ᠠ᠃       ︵ᠲᠦᠷᠪᠡ︶ ᠡᠨᠧᠷᠬᠢ ᠶᠢᠨ ᠬᠠᠩᠭᠠᠯᠭ᠎ᠠ ᠭᠡᠷᠡᠭᠴᠡᠭᠡ ᠶᠢᠨ ᠪᠦᠳᠤᠴᠠ ᠶᠢ ᠰᠢᠯᠢᠳᠡᠭᠵᠢᠬᠦᠯᠤᠨ᠎ᠠ᠃ ᠨᠡᠭᠦᠷᠡᠰᠦᠨ ᠤ ᠦᠢᠯᠡᠳᠪᠦᠷᠢᠯᠡᠯ ᠪᠠ ᠬᠡᠷᠡᠭᠯᠡᠭᠡᠨ ᠤ ᠪᠦᠲᠦᠴᠡ ᠶᠢ ᠰᠢᠯᠢᠳᠡᠭᠵᠢᠭᠦᠯᠵᠦ᠂ ᠨᠡᠭᠦᠷᠡᠰᠦᠨ ᠤ ᠴᠡᠪᠡᠷ ᠦᠢᠯᠡᠳᠪᠦᠷᠢᠯᠡᠯ ᠪᠣᠯᠤᠨ ᠣᠶᠤᠨᠴᠢ ᠥᠨᠳᠥᠷ ᠪᠦᠲᠦᠮᠵᠢᠲᠡᠶ ᠨᠡᠭᠡᠭᠡᠨ ᠠᠰᠢᠬᠯᠠᠯᠳᠠ ᠶᠢ ᠠᠬᠢᠭᠤᠯᠵᠤ᠂ ᠨᠡᠭᠦᠷᠡᠰᠦ ᠶᠢ ᠳᠡᠰ ᠬᠤᠪᠢᠶᠠᠨ ᠴᠢᠨᠠᠷ ᠬᠤᠪᠢᠶᠡᠨ ᠱᠠᠳᠤᠯᠢᠭ ᠢᠶᠠᠷ ᠠᠰᠢᠬᠯᠠᠬᠤ ᠶᠢ ᠢᠳᠡᠪᠬᠢᠲᠡᠶ ᠠᠬᠢᠭᠤᠯᠵᠤ᠂ ᠨᠡᠭᠦᠷᠡᠰᠦ ᠪᠠᠷ ᠲᠣᠰᠣ ᠦᠢᠯᠡᠳᠪᠤᠷᠢᠯᠡᠬᠦ᠂ ᠨᠡᠭᠦᠷᠡᠰᠦ ᠪᠠᠷ ᠬᠡᠢ ᠦᠢᠯᠡᠳᠪᠤᠷᠢᠯᠡᠬᠦ᠂ ᠨᠡᠭᠦᠷᠡᠰᠦ ᠪᠠᠷ ᠠᠯᠺᠧᠨ ᠦᠢᠯᠡᠳᠪᠤᠷᠢᠯᠡᠬᠦ ᠵᠡᠷᠭᠡ ᠶᠢ ᠳᠡᠰ ᠳᠡᠪᠰᠢᠭᠦᠯᠦᠨ ᠵᠢᠱᠢᠶ᠎ᠡ ᠦᠵᠡᠭᠦᠯᠬᠦ ᠡᠵᠢᠯ ᠢ ᠯᠠᠪᠳᠠᠭᠤᠨ ᠢᠶᠠᠷ ᠥᠷᠨᠢᠭᠦᠯᠦᠨ᠎ᠡ᠃ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠢ ᠶᠢᠨ ᠦᠢᠯᠡᠳᠪᠦᠷᠢᠯᠡᠯ ᠤᠨ ᠨᠢᠭᠡ ᠪᠦᠯᠦᠭ ᠰᠠᠭᠤᠷᠢᠨ ᠢ ᠪᠦᠲᠦᠭᠡᠨ ᠪᠠᠶᠢᠭᠤᠯᠤᠨ᠎ᠠ᠃ ᠨᠡᠭᠦᠷᠡᠰᠦᠨ ᠳᠠᠪᠬᠤᠷᠭ᠎ᠠ ᠶᠢᠨ ᠬᠡᠢ ᠵᠡᠷᠭᠡ ᠶᠢ ᠬᠠᠶᠢᠨ ᠰᠢᠨᠵᠢᠯᠡᠵᠦ ᠨᠡᠭᠡᠭᠡᠨ ᠠᠰᠢᠬᠯᠠᠬᠤ ᠶᠢ ᠲᠦᠷᠭᠡᠳᠬᠡᠨ᠎ᠡ᠃ ᠳᠠᠬᠢᠨ ᠡᠭᠦᠰᠴᠦ ᠪᠣᠯᠬᠤ ᠡᠨᠧᠷᠭᠢ ᠶᠢ ᠨᠡᠭᠡᠭᠡᠨ ᠠᠰᠢᠬᠯᠠᠬᠤ ᠶᠢ ᠴᠢᠩᠭᠠᠳᠬᠠᠵᠤ᠂ ᠬᠠᠳᠤᠨ ᠭᠤᠤᠯ ᠤᠨ ᠱᠠᠲᠤᠯᠢᠭ ᠴᠠᠬᠢᠯᠭᠠᠨ ᠦᠷᠳᠡᠭᠡ ᠶᠢᠨ ᠲᠣᠮᠣ ᠬᠡᠯᠪᠡᠷᠢ ᠶᠢᠨ ᠡᠨᠧᠷᠭᠢ ᠬᠠᠳᠠᠭᠠᠯᠠᠬᠤ ᠲᠥᠷᠥᠯ ᠵᠦᠢᠯ ᠤᠨ ᠰᠤᠳᠤᠯᠭᠠᠨ ᠢ ᠥᠷᠨᠢᠭᠦᠯᠵᠦ᠂ ᠴᠡᠪᠡᠷ ᠡᠨᠧᠷᠭᠢ ᠶᠢᠨ ᠨᠢᠭᠡ ᠪᠦᠯᠦᠭ ᠰᠠᠭᠤᠷᠢᠨ ᠢ ᠪᠤᠶᠢᠵᠢᠭᠤᠯᠤᠨ᠎ᠠ᠃ ᠰᠠᠯᠬᠢᠨ ᠬᠦᠴᠦᠨ ᠤ ᠴᠠᠬᠢᠯᠭᠠᠨ᠂ ᠭᠡᠷᠡᠯ ᠴᠡᠨᠡᠭ ᠤᠨ ᠴᠠᠬᠢᠯᠭᠠᠨ ᠢ ᠲᠤᠬᠠᠶ ᠶᠢᠨ ᠭᠠᠵᠠᠷ ᠲᠤᠨᠢ ᠬᠡᠷᠡᠭᠯᠡᠨ ᠠᠰᠢᠬᠯᠠᠬᠤ ᠶᠢ ᠲᠦᠷᠭᠡᠳᠬᠡᠨ᠎ᠡ᠃ ᠪᠠᠷᠠᠭᠤᠨ ᠣᠷᠣᠨ ᠤ ᠴᠠᠬᠢᠯᠭᠠᠨ ᠢ ᠵᠡᠭᠦᠨᠰᠢ ᠬᠦᠷᠭᠡᠬᠦ ᠵᠡᠷᠭᠡ ᠮᠤᠵᠢ ᠣᠷᠣᠨ ᠠᠯᠤᠰᠯᠠᠭᠰᠠᠨ ᠭᠤᠤᠯᠳᠠᠯᠭ᠎ᠠ ᠲᠠᠢ ᠴᠠᠬᠢᠯᠭᠠᠨ ᠬᠦᠷᠭᠡᠬᠦ ᠱᠣᠭᠤᠮ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠦ᠂ ᠴᠡᠪᠡᠷ ᠴᠠᠬᠢᠯᠭᠠᠨ ᠬᠦᠷᠭᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠴᠠᠬᠢᠯᠭᠠᠨ ᠤ ᠲᠣᠤᠷ ᠤᠨ ᠤᠷᠭᠢᠯ ᠤᠨ ᠬᠤᠭᠤᠴᠠᠭ᠎ᠠ ᠶᠢ ᠲᠣᠬᠢᠷᠠᠭᠤᠯᠬᠤ ᠴᠢᠳᠠᠪᠤᠷᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠠᠯᠬᠢ ᠭᠡᠷᠡᠯ ᠤᠰᠤ ᠶᠢ ᠦᠯᠦ ᠬᠡᠷᠡᠭᠯᠡᠬᠦ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃ ᠴᠠᠬᠢᠯᠭᠠᠨ ᠲᠦᠭᠡᠭᠡᠬᠦ ᠲᠣᠤᠷ ᠢ ᠥᠭᠡᠷᠡᠴᠢᠯᠡᠨ ᠰᠠᠶᠢᠵᠢᠷᠠᠭᠤᠯᠬᠤ ᠠᠵᠢᠯᠯᠠᠭ᠎ᠠ ᠪᠠ ᠬᠥᠳᠡᠭᠡ ᠲᠣᠰᠬᠤᠨ ᠤ ᠴᠠᠬᠢᠯᠭᠠᠨ ᠲᠣᠤᠷ ᠢ ᠥᠭᠡᠷᠡᠴᠢᠯᠡᠨ ᠳᠡᠰ ᠳᠡᠪᠰᠢᠭᠦᠯᠬᠦ ᠠᠵᠢᠯ ᠢ ᠢᠳᠡᠪᠬᠢᠲᠡᠶ ᠠᠬᠢᠭᠤᠯᠵᠤ᠂ ᠪᠤᠶᠢᠳᠠ ᠪᠥᠭᠯᠡᠭᠦᠤ ᠭᠠᠵᠠᠷ ᠣᠷᠣᠨ ᠤ ᠴᠠᠬᠢᠯᠭᠠᠨ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠤᠨ᠎ᠡ᠃ ᠣᠮᠠᠷᠠᠳᠣ ᠶᠢᠨ ᠨᠡᠭᠦᠷᠡᠰᠦ ᠶᠢ ᠡᠮᠦᠨᠡᠰᠢ ᠲᠡᠭᠡᠭᠡᠪᠦᠷᠢᠯᠡᠬᠦ ᠵᠠᠮ ᠪᠣᠯᠤᠨ ᠨᠡᠭᠦᠷᠡᠰᠦ ᠨᠥᠭᠡᠴᠡᠯᠡᠬᠦ ᠲᠤᠮᠤ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠣᠰᠣ ᠬᠡᠢ ᠶᠢᠨ ᠰᠠᠯᠪᠤᠷᠢ ᠱᠤᠭᠤᠮ᠂ ᠬᠤᠭᠤᠯᠠᠶ ᠲᠣᠤᠷ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃ ᠣᠯᠠᠨ ᠳᠡᠰ ᠳᠠᠪᠬᠤᠷᠭ᠎ᠠ ᠪᠠᠷ ᠪᠠᠶᠢᠭᠠᠯᠢ ᠶᠢᠨ ᠰᠢᠲᠠᠮᠠᠬᠠᠶ ᠬᠡᠢ ᠶᠢ ᠨᠥᠭᠡᠴᠡᠯᠡᠬᠦ ᠰᠢᠰᠲ᠋ᠧᠮᠵᠢ ᠶᠢ ᠪᠠᠶᠢᠭᠤᠯᠵᠤ᠂ ᠨᠥᠬᠦᠴᠡᠯ ᠳᠤ ᠨᠡᠶᠢᠴᠡᠬᠦ ᠭᠠᠵᠠᠷ ᠣᠷᠣᠨ ᠳᠤ ᠭᠠᠵᠠᠷ ᠲᠤᠤᠷᠠᠬᠢ ᠬᠡᠢ ᠶᠢ ᠨᠦᠭᠡᠴᠡᠯᠡᠬᠦ ᠬᠥᠮᠥᠷᠭᠡ ᠶᠢ ᠲᠦᠷᠭᠡᠳᠬᠡᠨ ᠪᠠᠶᠢᠭᠤᠯᠤᠨ᠎ᠠ᠃ ᠣᠷᠴᠢᠨ ᠲᠣᠭᠤᠷᠢᠨ ᠤ ᠬᠠᠮᠠᠭᠠᠯᠠᠯᠲᠠ᠂ ᠡᠨᠧᠷᠭᠢ ᠶᠢᠨ ᠠᠰᠢᠬᠯᠠᠮᠵᠢ ᠵᠡᠷᠭᠡ ᠪᠠᠷᠢᠮᠵᠢᠶ᠎ᠠ ᠱᠠᠭᠠᠷᠳᠠᠯᠭ᠎ᠠ ᠳᠤ ᠨᠡᠶᠢᠴᠡᠭᠰᠡᠨ ᠡᠨᠧᠷᠭᠢ ᠶᠡᠭᠡ ᠵᠠᠷᠤᠴᠠᠭᠤᠯᠬᠤ ᠠᠵᠢᠯ ᠲᠥᠷᠥᠯ ᠢ ᠪᠠᠷᠠᠭᠤᠨ ᠤᠷᠤᠨ ᠤ ᠴᠡᠪᠡᠷ ᠡᠨᠧᠷᠭᠢ ᠶᠢᠨ ᠳᠠᠪᠠᠭᠤᠯᠢᠭ ᠭᠠᠵᠠᠷ ᠣᠷᠣᠨ ᠲᠡᠰᠢ ᠲᠥᠪᠯᠡᠷᠡᠭᠦᠯᠬᠦ ᠶᠢ ᠳᠠᠮᠵᠢᠨ᠎ᠠ᠃       ︵ᠲᠠᠪᠤ︶ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠶᠡᠭᠡ ᠪᠠᠷ ᠠᠬᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠰᠢᠨ᠎ᠡ ᠴᠠᠭ ᠦᠶ᠎ᠡ ᠶᠢᠨ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠨ᠎ᠠ᠃ ᠰᠢᠨ᠎ᠡ ᠮᠠᠶ᠋ᠢᠬ ᠤᠨ ᠲᠠᠷᠢᠶᠠᠴᠢᠨ ᠢ ᠬᠥᠮᠦᠵᠢᠭᠦᠯᠵᠦ᠂ ᠪᠠᠷᠠᠭᠤᠨ ᠣᠷᠣᠨ ᠤ ᠲᠠᠷᠢᠶᠠᠯᠠᠩ ᠤᠨ ᠠᠵᠢᠯ ᠡᠷᠬᠢᠯᠡᠭᠰᠡᠳ ᠤᠨ ᠪᠦᠲᠦᠴᠡ ᠶᠢ ᠰᠢᠯᠢᠳᠡᠭᠵᠢᠭᠦᠯᠦᠨ᠎ᠡ᠃ ᠣᠷᠣᠰᠢᠨ ᠰᠠᠭᠤᠬᠤ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠠᠶᠢᠯ ᠲᠣᠰᠬᠤᠨ ᠢ ᠪᠦᠲᠦᠭᠡᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠨᠥᠬᠦᠴᠡᠯ ᠪᠠ ᠶᠡᠷᠦᠩᠬᠡᠶᠢᠯᠡᠭᠰᠡᠨ ᠦᠢᠯᠡᠴᠢᠯᠡᠬᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃       ᠬᠠᠮᠠᠭᠠᠯᠠᠯᠲᠠ ᠶᠢ ᠴᠢᠩᠭᠠᠳᠬᠠᠭᠰᠠᠨ ᠰᠠᠭᠤᠷᠢᠨ ᠳᠡᠭᠡᠷ᠎ᠡ ᠬᠥᠳᠡᠭᠡ ᠲᠣᠰᠬᠤᠨ ᠤ ᠲᠡᠤᠬᠡ ᠰᠣᠶᠣᠯ ᠤᠨ ᠡᠬᠢ ᠪᠠᠶᠠᠯᠢᠭ ᠢ ᠠᠰᠢᠬᠯᠠᠨ᠂ ᠤᠷᠤᠨ ᠪᠦᠰᠡ ᠪᠠ ᠦᠨᠳᠦᠰᠦᠲᠡᠨ ᠤ ᠣᠨᠴᠠᠯᠢᠭ ᠲᠠᠢ ᠬᠥᠳᠡᠭᠡ ᠲᠣᠰᠬᠤᠨ ᠤ ᠰᠣᠶᠣᠯ ᠤᠨ ᠠᠵᠤ ᠦᠢᠯᠡᠰ ᠪᠠ ᠲᠦᠷᠦᠯ ᠲᠡᠮᠳᠡᠭ ᠢ ᠪᠤᠢ ᠪᠣᠯᠭᠠᠨ᠎ᠠ᠃ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠬᠤᠲᠠ ᠪᠠᠯᠭᠠᠰᠤᠵᠢᠯᠲᠠ ᠶᠢᠨ ᠪᠠᠶᠢᠷᠢᠰᠢᠯ ᠪᠠ ᠬᠡᠯᠪᠡᠷᠢ ᠶᠢ ᠰᠢᠯᠢᠳᠡᠭᠵᠢᠭᠦᠯᠵᠦ᠂ ᠤᠯᠤᠰ ᠪᠣᠯᠤᠨ ᠣᠷᠣᠨ ᠪᠦᠰᠡ ᠶᠢᠨ ᠲᠥᠪ ᠬᠤᠲᠠ ᠶᠢᠨ ᠴᠢᠳᠠᠮᠵᠢ ᠶᠢᠨ  ᠦᠢᠯᠡᠳᠦᠯ ᠢ ᠳᠡᠭᠡᠭᠰᠢᠯᠡᠭᠦᠯᠦᠨ ᠪᠠᠳᠠᠷᠠᠭᠤᠯᠵᠤ᠂ ᠬᠤᠲᠠ ᠶᠢᠨ ᠪᠦᠯᠦᠭᠵᠢᠯ ᠤᠨ ᠴᠢᠨᠠᠷ ᠰᠠᠶᠢᠲᠠᠶ ᠬᠥᠭᠵᠢᠯᠲᠡ ᠪᠠ ᠲᠣᠮᠣ ᠳᠤᠮᠳᠠ ᠪᠠᠭ᠎ᠠ ᠬᠤᠲᠠ ᠶᠢᠨ ᠰᠦᠯᠵᠢᠶᠡᠵᠢᠯᠲᠡ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠨᠢᠭᠡ ᠪᠦᠯᠦᠭ ᠣᠨᠴᠠᠯᠢᠭᠲᠤ ᠪᠠᠭ᠎ᠠ ᠬᠤᠲᠠ ᠪᠠᠯᠭᠠᠰᠤ ᠶᠢ ᠪᠤᠶᠢᠵᠢᠭᠤᠯᠤᠨ ᠬᠥᠭᠵᠢᠭᠦᠯᠦᠨ᠎ᠡ᠃ ᠪᠠᠷᠠᠭᠤᠨ ᠤᠷᠤᠨ ᠤ ᠡᠬᠢ ᠪᠠᠶᠠᠯᠢᠭ ᠰᠢᠪᠬᠠᠷᠤᠭᠰᠠᠨ ᠵᠡᠷᠭᠡ ᠣᠨᠴᠣᠭᠤᠢ ᠲᠦᠷᠦᠯ ᠬᠡᠯᠪᠡᠷᠢ ᠶᠢᠨ ᠭᠠᠵᠠᠷ ᠣᠷᠣᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠲᠠᠷᠢᠶᠠᠯᠠᠩ ᠠᠴᠠ ᠰᠢᠯᠵᠢᠭᠰᠡᠨ ᠬᠥᠮᠦᠨ ᠠᠮᠠ ᠶᠢ ᠬᠤᠳᠠ ᠶᠢᠨ ᠠᠷᠠᠳ ᠪᠣᠯᠭᠠᠬᠤ ᠶᠢ ᠡᠮᠬᠢ ᠵᠢᠷᠤᠮ ᠲᠠᠢ ᠪᠠᠷ ᠠᠬᠢᠭᠤᠯᠤᠨ᠎ᠠ᠃ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠪᠠᠶᠢᠩᠭᠤ ᠰᠠᠭᠤᠭ᠎ᠠ ᠬᠥᠮᠦᠨ ᠠᠮᠠ ᠳᠤ ᠨᠡᠶᠢᠳᠡᠮ ᠬᠦᠷᠳᠡᠭᠡᠬᠦ ᠶᠢ ᠠᠬᠢᠭᠤᠯᠵᠤ᠂ ᠨᠥᠬᠦᠴᠡᠯ ᠳᠤ ᠨᠡᠶᠢᠴᠡᠬᠦ ᠡᠷᠦᠬᠡ ᠠᠮᠠ ᠶᠢᠨ ᠲᠠᠩᠰᠠ ᠪᠠᠨ ᠣᠷᠣᠭᠤᠯᠤᠭᠠᠳᠤᠶ ᠬᠥᠯᠥᠰᠥᠨ ᠠᠵᠢᠯᠴᠢᠨ ᠠᠵᠢᠯᠯᠠᠵᠦ ᠪᠠᠶᠢᠭ᠎ᠠ ᠭᠠᠵᠠᠷ ᠲᠠᠭᠠᠨ ᠬᠤᠳᠠ ᠪᠠᠯᠭᠠᠰᠤᠨ ᠤ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠡᠷᠬᠡ ᠲᠡᠭᠰᠢ ᠪᠠᠷ ᠬᠦᠷᠳᠡᠬᠦ ᠶᠢ ᠪᠠᠲᠤᠯᠠᠨ᠎ᠠ᠃ ᠬᠤᠲᠠ ᠬᠥᠳᠡᠭᠡ ᠶᠢᠨ ︽ᠡᠬᠢ ᠪᠠᠶᠠᠯᠢᠭ ᠢ ᠡᠳ᠋ ᠬᠥᠷᠥᠩᠭᠡ ᠪᠣᠯᠭᠠᠨ ᠬᠤᠪᠢᠷᠠᠭᠤᠯᠬᠤ᠂ ᠪᠡᠯᠡ ᠮᠥᠩᠭᠦ ᠶᠢ ᠬᠤᠪᠢ ᠣᠷᠣᠭᠤᠯᠤᠯᠲᠠ ᠶᠢᠨ ᠮᠥᠩᠭᠦ ᠪᠣᠯᠭᠠᠨ ᠬᠤᠪᠢᠷᠠᠭᠤᠯᠬᠤ᠂ ᠲᠠᠷᠢᠶᠠᠴᠢᠨ ︵ᠬᠤᠲᠠ ᠶᠢᠨ ᠠᠷᠠᠳ︶ ᠢ ᠬᠤᠪᠢ ᠣᠷᠣᠭᠤᠯᠤᠭᠴᠢ ᠪᠤᠯᠭᠠᠨ ᠬᠤᠪᠢᠷᠠᠭᠤᠯᠬᠤ︾ ᠵᠡᠷᠭᠡ ᠥᠭᠡᠷᠡᠴᠢᠯᠡᠯᠲᠡ ᠶᠢᠨ ᠲᠤᠷᠰᠢᠯᠭ᠎ᠠ ᠶᠢ ᠳ᠋ᠦᠩᠨᠡᠵᠦ᠂ ︽ᠬᠤᠪᠢ ᠣᠷᠣᠭᠤᠯᠤᠯᠲᠠ ᠲᠠᠢ ᠬᠤᠯᠪᠣᠭᠳᠠᠭᠤᠯᠤᠨ ᠠᠵᠢᠯ ᠦᠢᠯᠡᠰ ᠲᠠᠢ ᠨᠢ ᠬᠤᠯᠪᠣᠭᠳᠠᠭᠤᠯᠬᠤ᠂ ᠬᠤᠪᠢ ᠣᠷᠣᠭᠤᠯᠤᠯᠲᠠ ᠲᠠᠢ ᠬᠤᠯᠪᠤᠭᠳᠠᠭᠤᠯᠤᠨ ᠬᠠᠷᠢᠭᠤᠴᠠᠯᠭ᠎ᠠ ᠲᠠᠢ ᠨᠢ ᠬᠤᠯᠪᠤᠭᠳᠠᠭᠤᠯᠬᠤ᠂ ᠬᠤᠪᠢ ᠣᠷᠣᠭᠤᠯᠤᠯᠲᠠ ᠲᠠᠢ ᠬᠤᠯᠪᠣᠭᠳᠠᠭᠤᠯᠤᠨ ᠰᠡᠳᠬᠢᠯ ᠰᠠᠨᠠᠭ᠎ᠠ ᠲᠠᠢ ᠨᠢ ᠬᠤᠯᠪᠤᠬᠤ︾ ᠰᠢᠨ᠎ᠡ ᠲᠣᠭᠲᠠᠴᠠ ᠶᠢ ᠬᠠᠶᠢᠨ ᠰᠦᠪᠡᠭᠴᠢᠯᠡᠨ᠎ᠡ᠃ ᠬᠤᠲᠠ ᠬᠥᠳᠡᠭᠡ ᠶᠢᠨ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠵᠦ᠂ ᠬᠤᠲᠠ ᠪᠠᠯᠭᠠᠰᠤᠨ ᠤ ᠣᠯᠠᠨ ᠨᠡᠶᠢᠲᠡ ᠶᠢᠨ ᠰᠠᠭᠤᠷᠢ ᠲᠦᠬᠦᠭᠡᠷᠦᠮᠵᠢ ᠶᠢ ᠡᠷᠭᠢᠨ ᠲᠣᠭᠤᠷᠢᠨ ᠤ ᠬᠥᠳᠡᠭᠡ ᠲᠣᠰᠬᠤᠨ ᠤ ᠭᠠᠵᠠᠷ ᠣᠷᠣᠨ ᠲᠡᠰᠢ ᠤᠷᠲᠤᠳᠬᠠᠬᠤ ᠶᠢ ᠠᠬᠢᠭᠤᠯᠤᠨ᠎ᠠ᠃       ︵ᠵᠢᠷᠭᠤᠭ᠎ᠠ︶ ᠰᠠᠭᠤᠷᠢ ᠲᠦᠬᠦᠭᠡᠷᠦᠮᠵᠢ ᠶᠢ ᠲᠥᠯᠥᠪᠵᠢᠭᠦᠯᠦᠨ ᠪᠥᠲᠥᠭᠡᠨ ᠪᠠᠶᠢᠭᠤᠯᠬᠤ ᠶᠢ ᠴᠢᠩᠭᠠᠳᠬᠠᠨ᠎ᠠ᠃ ᠰᠠᠭᠤᠷᠢ ᠲᠦᠬᠦᠭᠡᠷᠦᠮᠵᠢ ᠶᠢᠨ ᠬᠡᠷᠡᠭᠯᠡᠭᠡᠨ ᠤ ᠬᠡᠮᠵᠢᠶ᠎ᠡ᠂ ᠰᠠᠭᠠᠳ ᠦᠭᠡᠢ ᠨᠡᠪᠲᠡᠷᠡᠬᠦ ᠴᠢᠨᠠᠷ ᠪᠠ ᠲᠡᠩᠴᠡᠭᠦᠷᠢᠰᠢᠭᠦᠯᠬᠦ ᠲᠦᠪᠰᠢᠨ ᠢ ᠳᠡᠭᠡᠭᠰᠢᠯᠡᠭᠦᠯᠵᠦ᠂ ᠪᠣᠬᠢᠷᠲᠤᠯ ᠦᠭᠡᠢ ᠡᠷᠴᠢᠮᠵᠢᠭᠦᠯᠦᠨ ᠬᠥᠭᠵᠢᠭᠦᠯᠬᠦ ᠶᠢ ᠠᠬᠢᠭᠤᠯᠤᠨ᠎ᠠ᠃ ᠵᠡᠭᠦᠨ ᠪᠠᠷᠠᠭᠤᠨ ᠢ ᠬᠤᠯᠪᠤᠵᠦ᠂ ᠡᠮᠦᠨ᠎ᠡ ᠤᠮᠠᠷ᠎ᠠ ᠶᠢ ᠬᠡᠯᠬᠢᠭᠰᠡᠨ ᠲᠡᠭᠡᠭᠡᠪᠦᠷᠢ ᠶᠢᠨ ᠵᠠᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠷᠣᠨ ᠪᠦᠰᠡ ᠶᠢᠨ ᠨᠡᠭᠡᠭᠡᠯᠲᠡ ᠶᠢᠨ ᠲᠡᠩᠭᠡᠯᠢᠭ ᠱᠤᠭᠤᠮ ᠢ ᠥᠷᠭᠡᠳᠬᠡᠨ᠎ᠡ᠃ ᠡᠬᠢ ᠪᠠᠶᠠᠯᠢᠭ ᠡᠨᠧᠷᠭᠢ ᠶᠢ ᠨᠡᠭᠡᠭᠡᠨ ᠠᠰᠢᠬᠯᠠᠬᠤ ᠭᠠᠵᠠᠷ ᠤᠨ ᠭᠤᠤᠯ ᠵᠠᠮ ᠤᠨ ᠳᠦᠯᠦᠪᠵᠢᠬᠦᠯᠬᠡ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠰᠧᠴᠤᠸᠠᠨ ᠠᠴᠠ ᠲᠥᠪᠡᠳ ᠬᠦᠷᠬᠦ ᠲᠡᠮᠦᠷ ᠵᠠᠮ᠂ ᠮᠥᠷᠡᠨ ᠳᠠᠭᠠᠤ ᠶᠢᠨ ᠲᠦᠷᠭᠡᠨ ᠤ ᠲᠡᠮᠦᠷ ᠵᠠᠮ᠂ ᠴᠦᠩᠴᠢᠩ ᠠᠴᠠ ᠺᠦᠨᠮᠢᠩ ᠬᠦᠷᠬᠦ ᠲᠦᠷᠭᠡᠨ ᠤ ᠲᠡᠮᠦᠷ ᠵᠠᠮ᠂ ᠰᠢᠨᠢᠩ ᠠᠴᠠ ᠴᠧᠩᠳᠦ᠋ ᠬᠦᠷᠬᠦ ᠲᠡᠮᠦᠷ ᠵᠠᠮ ᠵᠡᠷᠭᠡ ᠴᠢᠬᠤᠯᠠ ᠶᠡᠭᠡ ᠪᠠᠷᠢᠯᠭ᠎ᠠ ᠶᠢᠨ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠲᠦᠷᠭᠡᠨ ᠬᠤᠷᠳᠤᠴᠠᠲᠤ ᠲᠡᠮᠦᠷ ᠵᠠᠮ ᠪᠣᠯᠤᠨ ᠡᠩ ᠤᠨ ᠲᠡᠮᠦᠷ ᠵᠠᠮ ᠤᠨ ᠬᠠᠮᠵᠢᠯᠴᠠᠨ ᠬᠥᠭᠵᠢᠬᠦ ᠶᠢ ᠴᠢᠬᠤᠯᠠᠴᠢᠯᠠᠵᠤ᠂ ᠤᠯᠠᠨ ᠦᠷᠳᠡᠭᠡ ᠲᠠᠢ᠂ ᠪᠢᠯᠧᠲ ᠤᠨ ᠦᠨ᠎ᠡ ᠬᠢᠮᠳᠠ ᠪᠦᠬᠦᠢ       ︽ᠤᠳᠠᠭᠠᠨ ᠠᠶᠠᠯᠠᠬᠤ ᠭᠠᠯᠲᠤ ᠲᠡᠷᠭᠡ︾ ᠶᠢ ᠦᠷᠭᠦᠯᠵᠢᠯᠡᠨ ᠰᠠᠶᠢᠲᠤᠷ ᠡᠵᠡᠩᠨᠡᠨ᠎ᠠ᠃ ᠮᠤᠬᠤᠷ ᠵᠠᠮ᠂ ᠪᠣᠭᠤᠮᠢ ᠵᠠᠮ ᠢ ᠨᠡᠪᠲᠡᠷᠡᠭᠦᠯᠵᠦ᠂ ᠳᠠᠯᠠᠢ ᠳᠤ ᠭᠠᠷᠬᠤ᠂ ᠶᠠᠳᠠᠭᠤ ᠶᠢ ᠲᠡᠳᠬᠦᠬᠦ ᠵᠠᠮ ᠪᠠ ᠵᠢᠭᠤᠯᠴᠢᠯᠠᠯ ᠤᠨ ᠵᠠᠮ ᠬᠠᠷᠢᠯᠴᠠᠭᠠᠨ ᠤ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠠᠶᠠᠨᠴᠢᠨ ᠤ ᠲᠡᠭᠡᠭᠡᠪᠦᠷᠢ ᠶᠢᠨ ᠶᠡᠷᠦᠩᠬᠡᠶᠢᠯᠡᠭᠰᠡᠨ ᠬᠦᠢᠰᠦ ᠪᠠᠷᠢᠯᠭ᠎ᠠ᠂ ᠪᠠᠷᠠᠭᠠᠨ ᠤ ᠲᠡᠭᠡᠭᠡᠪᠦᠷᠢ ᠶᠢᠨ ᠬᠦᠢᠰᠦ ᠪᠠᠷᠢᠯᠭ᠎ᠠ         ︵ᠪᠠᠷᠠᠭᠠᠨ ᠤ ᠬᠦᠢᠯᠭᠡᠭᠡᠨ ᠤ ᠬᠦᠷᠢᠶᠡᠯᠡᠩ ᠲᠣᠭᠤᠷᠢᠭ︶ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠤᠯᠤᠰ ᠤᠨ ᠪᠠᠷᠠᠭᠠᠨ ᠤ ᠬᠦᠢᠯᠭᠡᠭᠡᠨ ᠤ ᠬᠦᠢᠰᠦ ᠪᠠᠷᠢᠯᠭ᠎ᠠ ᠶᠢᠨ ᠪᠠᠶᠢᠷᠢᠰᠢᠯ ᠢ ᠲᠡᠭᠦᠯᠳᠡᠷᠵᠢᠭᠦᠯᠵᠦ᠂ ᠪᠠᠷᠠᠭᠠᠨ ᠤ ᠬᠦᠢᠯᠭᠡᠭᠡᠨ ᠤ ᠠᠵᠢᠯᠯᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠠᠭᠠᠷ ᠠᠶᠠᠯᠠᠯ ᠤᠨ ᠬᠢᠯᠢ ᠶᠢᠨ ᠪᠣᠭᠤᠮᠲᠠ ᠪᠣᠯᠤᠨ ᠬᠦᠢᠰᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠦᠢᠰᠦ ᠪᠤᠯᠬᠤ ᠨᠢᠰᠬᠡᠯ ᠤᠨ ᠪᠠᠭᠤᠳᠠᠯ ᠤᠨ ᠠᠶᠠᠯᠠᠯ ᠤᠨ ᠡᠷᠬᠡ ᠶᠢ ᠥᠷᠭᠡᠳᠬᠡᠵᠦ᠂ ᠨᠡᠶᠢᠳᠡᠮ ᠬᠡᠷᠡᠭᠯᠡᠬᠦ ᠠᠭᠠᠷ ᠠᠶᠠᠯᠠᠯ ᠢ ᠢᠳᠡᠪᠬᠢᠲᠡᠶ ᠬᠥᠭᠵᠢᠭᠦᠯᠦᠨ᠎ᠠ᠃ ᠬᠥᠳᠡᠭᠡ ᠲᠣᠰᠬᠤᠨ᠂ ᠪᠤᠶᠢᠳᠠ ᠪᠦᠭᠯᠡᠭᠦᠦ ᠣᠷᠣᠨ ᠤ ᠮᠡᠳᠡᠭᠡ ᠵᠠᠩᠭᠢ ᠶᠢᠨ ᠰᠦᠯᠵᠢᠶᠡᠨ ᠤ ᠬᠠᠮᠤᠷᠬᠤ ᠲᠦᠪᠰᠢᠨ ᠢ ᠤᠯᠠᠮ ᠴᠢᠨᠠᠬᠰᠢᠲᠠ ᠳᠡᠭᠡᠭᠰᠢᠯᠡᠭᠦᠯᠦᠨ᠎ᠡ᠃ ᠨᠢᠭᠡ ᠪᠦᠯᠦᠭ ᠭᠤᠤᠯᠳᠠᠯᠭ᠎ᠠ ᠲᠠᠢ ᠤᠰᠤᠨ ᠤ ᠡᠬᠢ ᠰᠤᠷᠪᠤᠯᠵᠢ ᠶᠢᠨ ᠢᠨᠵᠧᠨᠧᠷᠢᠩ᠂ ᠭᠤᠤᠯ ᠮᠥᠷᠡᠨ ᠨᠠᠭᠤᠷ ᠴᠥᠭᠦᠷᠥᠮ ᠤᠨ ᠭᠤᠣᠯ ᠪᠣᠯᠬᠤ ᠵᠠᠰᠠᠯᠲᠠ ᠶᠢᠨ ᠢᠨᠵᠧᠨᠧᠷᠢᠩ ᠪᠣᠯᠤᠨ ᠲᠣᠮᠣ ᠬᠡᠯᠪᠡᠷᠢ ᠶᠢᠨ ᠤᠰᠤᠯᠠᠯᠲᠠ ᠶᠢᠨ ᠣᠷᠣᠨ ᠤ ᠢᠨᠵᠧᠨᠧᠷᠢᠩ ᠢ ᠵᠦᠶ ᠵᠣᠬᠢᠰᠲᠠᠶ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠢ ᠦᠷᠭᠦᠯᠵᠢᠯᠡᠨ ᠪᠦᠲᠦᠭᠡᠨ ᠪᠠᠶᠢᠭᠤᠯᠵᠤ ᠢᠵᠢ ᠪᠦᠷᠢᠳᠦᠭᠦᠯᠬᠦ ᠪᠠ ᠣᠳᠣᠬᠢᠴᠢᠯᠠᠨ ᠥᠭᠡᠷᠡᠴᠢᠯᠡᠨ ᠰᠢᠨᠡᠳᠭᠡᠬᠦ᠂ ᠳᠤᠮᠳᠠ ᠪᠠᠭ᠎ᠠ ᠭᠤᠤᠯ ᠮᠥᠷᠡᠨ ᠢ ᠵᠠᠰᠠᠬᠤ ᠪᠠ ᠠᠶᠤᠯᠲᠠᠶ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ᠂ ᠭᠠᠩ ᠬᠠᠭᠰᠠᠷᠠᠭᠠᠨ ᠲᠠᠢ ᠲᠡᠮᠡᠴᠡᠬᠦ ᠤᠰᠤᠨ ᠤ ᠡᠬᠢ ᠰᠤᠷᠪᠤᠯᠵᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠪᠠ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠨ᠎ᠠ᠃ ᠬᠤᠲᠠ ᠬᠥᠳᠡᠭᠡ ᠶᠢᠨ ᠤᠰᠤᠨ ᠤ ᠬᠠᠨᠭ᠍ᠭᠠᠯᠭ᠎ᠠ ᠶᠢ ᠨᠢᠭᠡ ᠴᠣᠭᠴᠠᠵᠢᠭᠤᠯᠬᠤ ᠪᠠ ᠬᠥᠮᠦᠨ ᠠᠮᠠ ᠲᠠᠷᠠᠬᠠᠶ ᠪᠤᠲᠠᠷᠬᠠᠶ ᠰᠠᠭᠤᠷᠢᠰᠢᠵᠦ ᠪᠠᠶᠢᠭ᠎ᠠ ᠣᠷᠣᠨ ᠤ ᠭᠤᠤᠯᠳᠠᠯᠭ᠎ᠠ ᠲᠠᠢ ᠪᠠᠭ᠎ᠠ ᠬᠡᠯᠪᠡᠷᠢ ᠶᠢᠨ ᠪᠠᠷᠢᠮᠵᠢᠶᠠᠵᠢᠭᠤᠯᠤᠭᠰᠠᠨ ᠤᠰᠤ ᠬᠠᠩᠭᠠᠬᠤ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠳᠦᠷᠢᠮᠵᠢᠭᠰᠡᠨ ᠪᠠᠶᠢᠭᠤᠯᠤᠯᠲᠠ ᠶᠢ ᠴᠢᠩᠭᠠᠳᠬᠠᠨ᠎ᠠ᠃       ︵ᠲᠤᠯᠤᠭ᠎ᠠ︶ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠦᠨᠡᠨᠬᠦ ᠪᠠᠳᠣᠯᠠᠨ᠎ᠠ᠃ ᠬᠥᠭᠵᠢᠯᠲᠡ ᠬᠢᠭᠡᠳ ᠠᠮᠤᠷ ᠲᠦᠪᠰᠢᠨ ᠬᠤᠶᠠᠷ ᠶᠡᠭᠡ ᠶᠠᠪᠤᠳᠠᠯ ᠢ ᠨᠢᠭᠡᠳᠦᠯᠲᠡᠶ ᠲᠥᠯᠥᠪᠵᠢᠭᠦᠯᠵᠦ᠂ ᠪᠠᠷᠠᠭᠤᠨ ᠣᠷᠣᠨ ᠤ ᠤᠯᠤᠰ ᠤᠨ ᠠᠮᠤᠷ ᠲᠦᠪᠰᠢᠨ ᠤ ᠬᠠᠯᠬᠠᠪᠴᠢ ᠪᠤᠯᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠎ᠠ᠃ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠩᠭᠤᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠪᠠᠬᠢᠵᠢᠭᠦᠯᠦᠨ ᠬᠥᠭᠵᠢᠭᠦᠯᠵᠦ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠬᠦ ᠪᠠ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠤᠨ᠎ᠠ᠃ ᠨᠡᠶᠢᠭᠡᠮ ᠤᠨ ᠠᠮᠤᠷ ᠲᠦᠪᠰᠢᠨ ᠤ ᠪᠣᠰᠤᠭ᠎ᠠ ᠴᠣᠭᠴᠠᠲᠤ ᠰᠡᠷᠭᠡᠶᠢᠯᠡᠨ ᠡᠵᠡᠮᠳᠡᠯ ᠢ ᠭᠦᠨᠵᠡᠭᠡᠶ ᠠᠬᠢᠭᠤᠯᠵᠤ᠂ ᠪᠠᠲᠤ ᠪᠠᠬᠢ ᠨᠠᠶᠢᠳᠠᠪᠤᠷᠢᠲᠠᠶ ᠨᠡᠶᠢᠭᠡᠮ ᠤᠨ ᠠᠮᠤᠷ ᠲᠦᠪᠰᠢᠨ ᠤ ᠰᠢᠰᠲ᠋ᠧᠮᠵᠢ ᠶᠢ ᠪᠠᠶᠢᠭᠤᠯᠤᠨ᠎ᠠ᠃       ᠭᠤᠷᠪᠠ᠂ ︽ᠨᠢᠬᠡ ᠪᠦᠰᠡ ᠨᠢᠬᠡ ᠵᠠᠮ︾ ᠢ ᠬᠠᠮᠳᠤ ᠪᠠᠷ ᠪᠦᠳᠦᠬᠡᠨ ᠪᠠᠶᠢᠭᠤᠯᠬᠤ ᠪᠠᠷ ᠬᠦᠳᠦᠯᠤᠮᠵᠢ ᠪᠤᠯᠭᠠᠵᠦ ᠪᠠᠷᠠᠭᠤᠨ ᠤᠷᠤᠨ ᠢ ᠶᠡᠭᠡ ᠪᠠᠷ ᠨᠡᠬᠡᠬᠡᠨ ᠬᠦᠭᠵᠢᠬᠦᠯᠬᠦ ᠡᠷᠴᠢᠮ ᠢ ᠴᠢᠩᠭᠠᠷᠠᠭᠤᠯᠤᠨ᠎ᠠ       ︵ᠨᠠᠢᠮᠠ︶  ︽ᠨᠢᠬᠡ ᠪᠦᠰᠡ ᠨᠢᠬᠡ ᠵᠠᠮ︾  ᠤᠨ ᠪᠦᠳᠦᠬᠡᠨ ᠪᠠᠶᠢᠭᠤᠯᠤᠯᠳᠠ  ᠳᠤ ᠢᠳᠡᠪᠬᠢᠳᠡᠢ ᠤᠷᠤᠯᠴᠠᠨ ᠠᠭᠤᠰᠤᠯᠴᠠᠨ᠎ᠠ᠃ ᠰᠢᠨᠵᠢᠶᠠᠩ  ᠤᠨ ᠬᠢᠨ  ᠤ ᠲᠤᠷᠭᠠᠨ ᠵᠠᠮ  ᠤᠨ ᠠᠵᠥ ᠠᠬᠤᠢ  ᠶᠢᠨ ᠪᠦᠰᠡ  ᠶᠢᠨ ᠭᠤᠤᠯ ᠤᠷᠤᠨ  ᠤ ᠪᠦᠳᠦᠬᠡᠨ ᠪᠠᠶᠢᠭᠤᠯᠤᠯᠳᠠ  ᠶᠢ ᠲᠦᠷᠬᠡᠳᠬᠡᠬᠦ  ᠶᠢ   ᠨᠢ ᠲᠡᠮᠵᠢᠵᠥ᠂ ᠪᠠᠷᠠᠭᠤᠨ ᠤᠷᠤᠨ  ᠳᠤ ᠬᠠᠨᠳᠤᠭᠤᠯᠤᠭᠰᠠᠠ ᠵᠠᠮ ᠬᠠᠷᠢᠯᠴᠠᠭᠠᠨ  ᠤ ᠬᠦᠢᠰᠦ ᠪᠤᠯᠤᠨ ᠬᠤᠳᠠᠯᠳᠤᠭ᠎ᠠ ᠠᠷᠠᠯᠵᠢᠶᠠᠨ ᠤ ᠪᠠᠷᠠᠭᠠᠨ  ᠤ ᠬᠦᠢᠯᠬᠡᠬᠡ᠂ ᠰᠤᠶᠤᠯ ᠰᠢᠨᠵᠢᠯᠡᠬᠦ ᠤᠬᠠᠭᠠᠨ ᠰᠤᠷᠭᠠᠨ ᠬᠦᠮᠥᠵᠢᠯ᠂ ᠡᠮ ᠡᠮᠨᠡᠯᠬᠡ  ᠶᠢᠨ ᠦᠢᠯᠡᠴᠢᠯᠡᠬᠡᠨ  ᠤ ᠲᠦᠪ  ᠢ ᠪᠦᠷᠢᠯᠳᠦᠬᠦᠯᠥᠨ᠎ᠡ᠃ ᠴᠦᠩᠴᠢᠩ᠂ ᠰᠧᠴᠤᠸᠠᠨ᠂ ᠱᠠᠨᠰᠢ  ᠶᠢᠨ ᠬᠢᠨ   ᠤ ᠶᠡᠷᠤᠩᠬᠡᠶᠢᠯᠡᠭᠰᠡᠡ ᠲᠠᠪᠠᠭᠤᠯᠢᠭ  ᠢᠶᠠᠨ ᠪᠠᠳᠠᠷᠠᠭᠤᠯᠬᠤ  ᠶᠢ   ᠨᠢ ᠲᠡᠮᠵᠢᠵᠥ᠂ ᠲᠤᠳᠤᠭᠠᠳᠤ ᠡᠬᠡ ᠬᠠᠭᠤᠷᠠᠢ ᠶᠢᠨ ᠨᠡᠬᠡᠬᠡᠯᠳᠡ ᠬᠢᠬᠦ ᠦᠨᠳᠦᠷ ᠳᠦᠪᠰᠢᠨ  ᠪᠠ ᠨᠡᠬᠡᠬᠡᠨ ᠬᠦᠭᠵᠢᠬᠦᠯᠬᠦ ᠨᠡᠬᠡᠬᠡᠯᠳᠡ ᠬᠢᠬᠦ ᠬᠦᠢᠰᠦ  ᠶᠢ ᠪᠠᠶᠢᠭᠤᠯᠤᠨ᠎ᠠ᠃ ᠭᠠᠨᠰᠦ᠂ ᠱᠠᠨᠰᠢ  ᠶᠢᠨ ᠬᠢᠨ   ᠤ ᠲᠡᠤᠬᠡ ᠰᠤᠶᠤᠯ  ᠤᠨ ᠲᠠᠪᠠᠭᠤᠯᠢᠭ  ᠢᠶᠠᠨ ᠬᠦᠢᠴᠡᠳ ᠠᠭᠤᠳᠠᠯᠠᠬᠤ  ᠶᠢ   ᠨᠢ ᠲᠡᠮᠵᠢᠵᠥ᠂ ᠲᠤᠷᠭᠠᠨ ᠵᠠᠮ  ᠤᠨ ᠠᠵᠥ ᠠᠬᠤᠢ  ᠶᠢᠨ ᠪᠦᠰᠡ  ᠶᠢᠨ ᠴᠢᠬᠤᠯᠠ ᠵᠠᠮ᠂ ᠵᠠᠩᠬᠢᠯᠠᠭ᠎ᠠ  ᠶᠢᠨ ᠴᠡᠭ ᠪᠤᠯᠬᠤ ᠦᠢᠯᠡᠳᠦᠯ  ᠢ  ᠨᠢ ᠪᠠᠳᠠᠷᠠᠭᠤᠯᠤᠨ᠎ᠠ᠃ ᠬᠦᠢᠵᠸᠥ᠂ ᠬᠦᠬᠡᠨᠠᠭᠤᠷ  ᠤᠨ ᠬᠢᠨ ᠤ ᠤᠯᠤᠰ  ᠤᠨ ᠲᠤᠳᠤᠭᠠᠳᠤ ᠭᠠᠳᠠᠭᠠᠳᠤ ᠯᠤᠭ᠎ᠠ ᠠᠮᠢ ᠠᠬᠤᠢ  ᠶᠢᠨ ᠬᠠᠮᠳᠤᠷᠠᠯᠴᠠᠭ᠎ᠠ  ᠶᠢ ᠬᠦᠨᠵᠡᠬᠡᠶᠢᠷᠡᠬᠦᠯᠬᠦ  ᠶᠢ   ᠨᠢ ᠲᠡᠮᠵᠢᠵᠥ᠂ ᠪᠤᠬᠢᠷᠳᠤᠯ ᠦᠬᠡᠢ ᠲᠤᠷᠭᠠᠨ ᠵᠠᠮ  ᠤᠨ ᠪᠦᠳᠦᠬᠡᠨ ᠪᠠᠶᠢᠭᠤᠯᠤᠯᠳᠠ  ᠶᠢ ᠠᠬᠢᠭᠤᠯᠤᠨ᠎ᠠ᠃ ᠦᠪᠤᠷ ᠮᠤᠩᠭᠤᠯ  ᠤᠨ ᠬᠢᠨ  ᠤ ᠲᠤᠮᠳᠠᠳᠤ ᠮᠤᠩᠭᠤᠯ ᠤᠷᠤᠰ  ᠤᠨ ᠠᠵᠥ ᠠᠬᠤᠢ  ᠶᠢᠨ ᠬᠤᠩᠬᠢᠯ  ᠤᠨ ᠪᠦᠳᠦᠬᠡᠨ ᠪᠠᠶᠢᠭᠤᠯᠤᠯᠳᠠ  ᠳᠤ ᠬᠦᠨᠵᠡᠬᠡᠢ ᠤᠷᠤᠯᠴᠠᠬᠤ  ᠶᠢ   ᠨᠢ ᠲᠡᠮᠵᠢᠨ᠎ᠡ᠃ ᠶᠦᠨᠨᠠᠨ ᠪᠤᠯᠤᠨ ᠯᠠᠨᠼᠠᠩᠵᠢᠶᠠᠩ ᠮᠦᠷᠡᠨ — ᠮᠸᠢᠢᠭᠤᠩ ᠮᠦᠷᠡᠨ  ᠤ ᠤᠷᠤᠨ ᠪᠦᠰᠡ  ᠶᠢᠨ ᠨᠡᠬᠡᠬᠡᠯᠳᠡ ᠬᠢᠬᠦ ᠬᠠᠮᠳᠣᠷᠠᠯᠴᠠᠬᠤ ᠲᠦᠪᠰᠢᠨ  ᠢ   ᠨᠢ ᠲᠡᠭᠡᠭᠰᠢᠯᠡᠬᠦᠯᠥᠨ᠎ᠡ᠃       ︵ᠶᠢᠰᠦ︶ ᠨᠡᠬᠡᠬᠡᠯᠳᠡ ᠬᠢᠬᠦ ᠲᠤᠮᠤ ᠵᠠᠮ ᠤᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠨ᠎ᠠ᠃ ᠵᠦᠩ ᠰᠢᠨ ︵ᠴᠦᠩᠴᠢᠩ︶ ᠤ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠬᠤᠯᠪᠤᠭᠠᠯᠠᠨ ᠨᠡᠪᠳᠡᠷᠡᠯᠴᠡᠬᠦ ᠵᠢᠱᠢᠶ᠎ᠡ ᠦᠵᠡᠬᠦᠯᠬᠦ ᠲᠦᠷᠦᠯ ᠵᠦᠢᠯ ᠢ ᠢᠳᠡᠪᠬᠢᠳᠡᠢ ᠬᠡᠷᠡᠭᠵᠢᠬᠦᠯᠤᠨ᠎ᠡ᠃ ᠤᠮᠠᠷᠠᠳᠤ ᠶᠢᠨ ᠪᠤᠯᠤᠩ ᠤᠨ ᠭᠠᠷᠠᠮ ᠤᠨ ᠪᠦᠳᠦᠬᠡᠨ ᠪᠠᠶᠢᠭᠤᠯᠤᠯᠳᠠ ᠶᠢ ᠲᠡᠬᠦᠯᠳᠡᠷᠵᠢᠬᠦᠯᠵᠥ᠂ ᠤᠯᠠᠨ ᠤᠯᠤᠰ ᠤᠨ ᠦᠷᠢᠰᠦᠯᠳᠦᠬᠦ ᠬᠦᠴᠦᠨ ᠲᠠᠢ ᠭᠠᠷᠠᠮ ᠤᠨ ᠪᠦᠯᠦᠭᠵᠢᠯ ᠢ ᠪᠦᠳᠦᠬᠡᠨ ᠪᠠᠶᠢᠭᠤᠯᠵᠥ᠂ ᠤᠳᠤ ᠦᠶ᠎ᠡ ᠶᠢᠨ ᠲᠠᠯᠠᠢ ᠲᠠᠩᠬᠢᠰ ᠤᠨ ᠠᠵᠥ ᠦᠢᠯᠡᠰ ᠢ ᠪᠤᠢ ᠪᠣᠯᠭᠠᠬᠤ  ᠶᠢ ᠳᠦᠷᠭᠡᠳᠬᠡᠵᠦ᠂ ᠲᠠᠯᠠᠢ ᠲᠠᠩᠬᠢᠰ ᠲᠤ ᠬᠠᠨᠳᠤᠭᠤᠯᠤᠭᠰᠠᠠ ᠠᠵᠥ ᠠᠬᠤᠢ ᠶᠢ ᠢᠳᠡᠪᠬᠢᠳᠡᠢ ᠬᠦᠭᠵᠢᠬᠦᠯᠥᠨ᠎ᠡ᠃ ᠤᠯᠠᠨ ᠬᠡᠯᠪᠡᠷᠢ ᠶᠢᠨ ᠬᠤᠯᠪᠤᠭᠠᠯᠠᠭᠰᠠᠠ ᠲᠡᠬᠡᠬᠡᠪᠤᠷᠢ ᠶᠢ ᠢᠳᠡᠪᠬᠢᠳᠡᠢ ᠬᠦᠭᠵᠢᠬᠦᠯᠵᠥ᠂ ᠲᠡᠮᠤᠷ ᠵᠠᠮ᠂ ᠵᠠᠰᠠᠮᠠᠯ ᠵᠠᠮ ᠪᠤᠯᠤᠨ ᠭᠠᠷᠠᠮ᠂ ᠬᠦᠷᠢᠶᠡᠯᠡᠩ ᠲᠤᠭᠤᠷᠢᠭ ᠢ ᠬᠤᠯᠪᠤᠬᠤ ᠱᠤᠭᠤᠮ ᠤᠨ ᠪᠦᠳᠦᠬᠡᠨ ᠪᠠᠶᠢᠭᠤᠯᠤᠯᠳᠠ ᠶᠢ ᠲᠦᠷᠬᠡᠳᠬᠡᠨ᠎ᠡ᠃ ᠮᠦᠷᠡᠨ ᠲᠠᠭᠠᠤ ᠶᠢᠨ ᠲᠡᠮᠤᠷ ᠵᠠᠮ ᠤᠨ ᠲᠡᠬᠡᠬᠡᠪᠤᠷᠢ ᠶᠢᠨ ᠴᠢᠳᠠᠪᠤᠷᠢ ᠪᠤᠯᠤᠨ ᠭᠠᠷᠠᠮ ᠤᠨ ᠳᠦᠪᠯᠡᠷᠡᠬᠦᠯᠦᠨ ᠰᠠᠯᠭᠠᠨ ᠲᠡᠬᠡᠬᠡᠪᠤᠷᠢᠯᠡᠬᠦ ᠰᠢᠰᠲ᠋ᠧᠮᠵᠢ ᠶᠢᠨ ᠪᠠᠶᠢᠭᠤᠯᠤᠯᠳᠠ ᠶᠢ ᠴᠢᠩᠭᠠᠳᠬᠠᠨ᠎ᠠ᠃ ᠬᠦᠬᠡ ᠮᠦᠷᠡᠨ ᠤ ᠰᠢᠵᠢᠷ ᠠᠯᠳᠠᠨ ᠤᠰᠤᠨ ᠵᠠᠮ ᠳᠤ ᠰᠠᠭᠤᠷᠢᠯᠠᠵᠤ᠂ ᠬᠠᠭᠤᠷᠠᠢ ᠲᠠᠯᠠᠢ ᠶᠢᠨ ᠬᠠᠮᠳᠤᠷᠠᠬᠰᠡᠨ ᠲᠡᠭᠡᠭᠡᠪᠤᠷᠢ᠂ ᠠᠭᠠᠷ ᠤᠨ ᠵᠠᠮ ᠲᠡᠮᠤᠷ ᠵᠠᠮ ᠤᠨ ᠬᠠᠮᠳᠤᠷᠠᠬᠰᠡᠨ ᠲᠡᠭᠡᠭᠡᠪᠤᠷᠢ᠂ ᠲᠤᠮᠳᠠᠳᠤ ᠡᠸᠦ᠋ᠷᠦᠫᠠ ᠶᠢᠨ ᠵᠢᠰᠢᠶᠠᠨ ᠤ ᠭᠠᠯᠳᠤ ᠲᠡᠷᠭᠡ ᠵᠠᠷᠭᠡ ᠤᠷᠭᠠᠨᠢᠭ ᠤᠶᠠᠯᠳᠤᠭᠰᠡᠨ ᠬᠠᠮᠳᠤᠷᠠᠬᠰᠡᠨ ᠲᠠᠭᠡᠭᠡᠪᠤᠷᠢ ᠶᠢᠨ ᠦᠢᠯᠡᠴᠢᠯᠡᠭᠡᠨ ᠤ ᠵᠠᠬᠪᠤᠷ ᠪᠠ ᠪᠠᠷᠠᠭᠠᠨ ᠤ ᠬᠦᠢᠯᠭᠡᠭᠡᠨ ᠤ ᠵᠠᠮ ᠢ ᠪᠠᠶᠢᠭᠤᠯᠤᠨ᠎ᠡ᠃ ᠪᠠᠷᠠᠭᠤᠨ ᠤᠷᠤᠨ ᠳᠤ ᠤᠰᠤ ᠦᠭᠡᠢ ᠭᠠᠷᠠᠮ ᠢ ᠪᠦᠳᠦᠭᠡᠨ ᠪᠠᠶᠢᠭᠤᠯᠬᠤ ᠶᠢ ᠲᠠᠮᠵᠢᠨ᠎ᠡ᠃ ᠲᠤᠮᠳᠠᠳᠤ ᠡᠸᠦ᠋ᠷᠤᠫᠠ ᠶᠢᠨ ᠵᠢᠰᠢᠶᠠᠨ ᠤ ᠭᠠᠯᠳᠤ ᠲᠡᠷᠭᠡ ᠶᠢᠨ ᠵᠤᠬᠢᠶᠠᠨ ᠪᠠᠶᠢᠭᠤᠯᠵᠤ ᠡᠵᠡᠩᠨᠡᠬᠦ ᠵᠠᠬᠪᠤᠷ ᠢ ᠰᠢᠯᠢᠳᠡᠭᠵᠢᠬᠦᠯᠵᠤ᠂ ᠲᠤᠮᠳᠠᠳᠤ ᠡᠸᠦ᠋ᠷᠤᠫᠠ ᠶᠢᠨ ᠵᠢᠰᠢᠶᠠᠨ ᠤ ᠭᠠᠯᠳᠤ ᠲᠡᠷᠭᠡ ᠶᠢᠨ ᠬᠦᠢᠰᠤ ᠪᠠᠷᠢᠯᠭ᠎ᠠ ᠠᠭᠤᠯᠵᠠᠷ ᠴᠡᠭ ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠎ᠡ᠃ ᠬᠢᠯᠢ ᠶᠢᠨ ᠪᠤᠭᠤᠮᠳᠠ᠂ ᠬᠢᠯᠢ ᠠᠯᠤᠰᠯᠠᠬᠰᠡᠨ ᠲᠡᠭᠡᠭᠡᠪᠤᠷᠢ ᠪᠠ ᠮᠡᠳᠡᠭᠡ ᠵᠠᠩᠭᠢ ᠶᠢᠨ ᠵᠠᠮ ᠵᠡᠷᠭᠡ ᠶᠢ ᠨᠡᠬᠡᠭᠡᠯᠳᠡ ᠲᠠᠢ ᠪᠤᠯᠭᠠᠬᠤ ᠰᠠᠭᠤᠷᠢ ᠲᠦᠬᠦᠭᠡᠷᠤᠮᠵᠢ ᠶᠢ ᠤᠯᠠᠮ ᠴᠢᠨᠠᠬᠰᠢᠳᠠ ᠲᠡᠬᠦᠯᠳᠡᠷᠵᠢᠬᠦᠯᠵᠤ᠂ ᠨᠡᠭᠡᠭᠡᠯᠳᠠᠳᠤ ᠪᠠᠷᠠᠭᠠᠨ ᠤ ᠬᠦᠢᠯᠭᠡᠭᠡᠨ ᠤ ᠰᠦᠯᠵᠢᠶ᠎ᠡ ᠪᠠ ᠬᠢᠯᠢ ᠠᠯᠤᠰᠯᠠᠬᠰᠡᠨ ᠰᠢᠤᠳᠠᠨ ᠤ ᠰᠢᠰᠲ᠋ᠧᠮᠵᠢ ᠶᠢ ᠲᠦᠷᠭᠡᠳᠭᠡᠨ ᠪᠠᠶᠢᠭᠤᠯᠤᠨ᠎ᠡ᠃ ᠲᠤᠮᠳᠠᠳᠤ ᠤᠯᠤᠰ — ᠵᠡᠬᠦᠨ ᠡᠮᠤᠨᠠᠳᠤ ᠠᠽᠢᠶ᠎ᠡ ᠶᠢᠨ ᠤᠯᠤᠰ ᠤᠳ ᠤᠨ ᠬᠤᠯᠪᠤᠭ᠎ᠠ ᠶᠢᠨ ᠮᠡᠳᠡᠭᠡ ᠵᠠᠩᠭᠢ ᠶᠢᠨ ᠭᠠᠷᠠᠮ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ᠎ᠡ᠃       ︵ᠠᠷᠪᠡ︶ ᠲᠤᠳᠤᠭᠠᠳᠤ ᠡᠬᠡ ᠬᠠᠭᠤᠷᠠᠢ ᠶᠢᠨ ᠤᠯᠠᠨ ᠲᠡᠰ ᠲᠠᠪᠬᠤᠷᠭ᠎ᠠ ᠪᠦᠬᠦᠢ ᠨᠡᠭᠡᠭᠡᠯᠳᠠ ᠶᠢᠨ ᠲᠠᠪᠴᠠᠩ ᠢ ᠪᠦᠳᠦᠭᠡᠨ ᠪᠠᠶᠢᠭᠤᠯᠤᠨ᠎ᠡ᠃ ᠴᠦᠡᠭᠴᠢᠩ᠂ ᠴᠸᠡᠭᠳᠦ᠋᠂ ᠰᠢ ᠠᠨ ᠵᠡᠷᠭᠡ ᠬᠤᠳᠠ ᠶᠢᠨ ᠤᠯᠠᠨ ᠤᠯᠤᠰ ᠤᠨ ᠶᠠᠪᠤᠯᠴᠠᠭᠠᠨ ᠤ ᠬᠦᠢᠰᠤ ᠬᠤᠳᠠ ᠶᠢ ᠲᠦᠷᠭᠡᠳᠭᠡᠨ ᠪᠦᠳᠦᠭᠡᠨ ᠪᠠᠶᠢᠭᠤᠯᠬᠤ ᠶᠢ ᠵᠤᠷᠢᠬᠵᠢᠭᠤᠯᠵᠤ᠂ ᠺᠦᠨᠮᠢᠩ᠂ ᠨᠠᠨᠨᠢᠩ᠂ ᠦᠷᠤᠮᠴᠢ᠂ ᠯᠠᠨᠵᠸᠤ᠂ ᠬᠦᠭᠡᠬᠤᠳᠠ ᠵᠡᠷᠭᠡ ᠮᠤᠵᠢ ᠶᠢᠨ ᠲᠦᠪ ︵ᠤᠷᠤᠨ ᠤ ᠲᠦᠪ︶ ᠬᠤᠳᠠ ᠶᠢᠨ ᠬᠦᠷᠰᠢ ᠤᠯᠤᠰ ᠲᠤ ᠬᠠᠨᠳᠤᠭᠤᠯᠤᠬᠰᠠᠨ ᠲᠡᠳ᠋ ᠤᠷᠤᠨ ᠪᠦᠰᠠ ᠶᠢᠨ ᠬᠠᠮᠳᠤᠷᠠᠯᠴᠠᠭᠠᠨ ᠤ ᠲᠤᠯᠭᠠᠭᠤᠷᠢᠯᠠᠬᠤ ᠴᠢᠳᠠᠪᠤᠷᠢ ᠶᠢ ᠲᠡᠭᠡᠭᠰᠢᠯᠡᠬᠦᠯᠤᠨ᠎ᠡ᠃ ᠪᠠᠷᠠᠭᠤᠨ ᠤᠷᠤᠨ ᠤ ᠴᠢᠯᠦᠭᠡᠳᠤ ᠠᠷᠠᠯᠵᠢᠶᠠᠨ ᠤ ᠲᠤᠷᠰᠢᠯᠳᠠ ᠶᠢᠨ ᠤᠷᠤᠨ ᠤ ᠪᠡᠯᠡ ᠤᠷᠤᠭᠤᠯᠤᠯᠳᠠ ᠠᠷᠠᠯᠵᠢᠶᠠᠨ ᠤ ᠬᠦᠷᠢᠶᠡᠨ ᠳᠤ ᠬᠠᠤᠯᠢ ᠴᠠᠭᠠᠵᠠ ᠲᠦᠷᠢᠮ ᠲᠤᠬᠳᠠᠭᠠᠯ ᠶᠤᠰᠤᠭᠠᠷ ᠣᠷᠢᠳᠠᠪᠡᠷ ᠬᠢᠵᠦ ᠣᠷᠢᠳᠠᠪᠡᠷ ᠲᠤᠷᠰᠢᠬᠤ ᠶᠢ ᠲᠠᠮᠵᠢᠵᠤ᠂ ᠦᠨᠳᠤᠷ ᠲᠦᠪᠰᠢᠨ ᠪᠦᠬᠦᠢ ᠨᠡᠭᠡᠭᠡᠯᠳᠠ ᠬᠢᠬᠦ ᠳᠤ ᠲᠤᠬᠢᠷᠠᠬᠤ ᠵᠠᠰᠠᠭ ᠵᠠᠬᠢᠷᠭᠠᠨ ᠤ ᠬᠠᠮᠢᠶᠡᠷᠤᠯᠳᠠ ᠶᠢᠨ ᠪᠠᠶᠢᠭᠤᠯᠣᠯ ᠢ ᠬᠠᠶᠢᠨ ᠰᠦᠪᠡᠭᠴᠢᠯᠡᠨ ᠪᠠᠶᠢᠭᠤᠯᠤᠨ᠎ᠡ᠃ ᠲᠤᠳᠤᠭᠠᠳᠤ ᠡᠬᠡ ᠬᠠᠭᠤᠷᠠᠢ ᠶᠢᠨ ᠨᠡᠭᠡᠭᠡᠯᠳᠠᠳᠤ ᠮᠠᠶ᠋ᠢᠭ ᠤᠨ ᠠᠵᠤ ᠠᠬᠤᠢ ᠶᠢᠨ ᠲᠤᠷᠰᠢᠯᠳᠠ ᠶᠢᠨ ᠤᠷᠤᠨ ᠤ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠤ᠂ ᠲᠤᠳᠤᠭᠠᠳᠤ ᠡᠬᠡ ᠬᠠᠭᠤᠷᠠᠢ ᠶᠢᠨ ᠤᠷᠤᠨ ᠳᠤ ᠤᠯᠤᠰ ᠤᠨ ᠨᠢᠭᠡᠳᠦᠭᠡᠷ ᠲᠦᠷᠦᠯ ᠤᠨ ᠬᠢᠯᠢ ᠶᠢᠨ ᠪᠤᠭᠤᠮᠳᠠ ᠶᠢ ᠨᠡᠮᠡᠵᠤ ᠪᠠᠶᠢᠭᠤᠯᠬᠤ ᠶᠢ ᠰᠤᠳᠤᠯᠤᠨ᠎ᠡ᠃ ᠴᠸᠡᠭᠳᠦ᠋ ᠶᠢᠨ ᠤᠯᠠᠨ ᠤᠯᠤᠰ ᠤᠨ ᠲᠠᠮᠤᠷ ᠵᠠᠮ ᠤᠨ ᠭᠠᠷᠠᠮ ᠤᠨ ᠠᠵᠤ ᠠᠬᠤᠢ ᠶᠢᠨ ᠨᠡᠭᠡᠭᠡᠯᠳᠠ ᠶᠢᠨ ᠤᠷᠤᠨ ᠢ ᠲᠡᠰ ᠲᠠᠷᠠᠭᠠᠯᠠᠯ ᠲᠠᠢ ᠪᠠᠷ ᠪᠠᠶᠢᠭᠤᠯᠬᠤ ᠶᠢ ᠰᠤᠳᠤᠯᠤᠨ᠎ᠡ᠃ ᠤᠯᠤᠰ ᠤᠨ ᠲᠡᠰ ᠤᠨ ᠰᠢᠨ᠎ᠡ ᠲᠤᠭᠤᠷᠢᠭ ᠵᠡᠷᠭᠡ ᠴᠢᠳᠠᠮᠵᠢ ᠶᠢᠨ ᠲᠠᠪᠴᠠᠩ ᠤᠨ ᠪᠦᠳᠦᠭᠡᠨ ᠪᠠᠶᠢᠭᠤᠯᠤᠯᠳᠠ ᠶᠢ ᠡᠮᠬᠢ ᠵᠢᠷᠤᠮ ᠲᠠᠢ ᠠᠬᠢᠭᠤᠯᠤᠨ᠎ᠡ᠃ ᠤᠳᠤ ᠪᠠᠶᠢᠭ᠎ᠠ ᠡᠯ᠎ᠡ ᠱᠠᠳᠤᠨ ᠤ ᠡᠯ᠎ᠡ ᠲᠦᠷᠦᠯ ᠤᠨ ᠰᠠᠭᠤᠷᠢᠨ᠂ ᠬᠦᠷᠢᠶᠠᠯᠠᠩ ᠲᠤᠭᠤᠷᠢᠭ ᠢ ᠨᠡᠶᠢᠳᠭᠡᠨ  ᠳᠦᠷᠢᠮᠵᠢᠬᠦᠯᠵᠦ᠂ ᠨᠡᠭᠡᠭᠡᠯᠳᠠ ᠶᠢᠨ ᠣᠷᠣᠨ ᠤ ᠬᠡᠯᠪᠡᠷᠢ ᠪᠠᠨ ᠬᠤᠪᠢᠷᠠᠭᠤᠯᠤᠨ ᠲᠡᠰ ᠲᠠᠪᠰᠢᠬᠦ ᠶᠢ ᠲᠦᠷᠭᠡᠳᠭᠡᠨ᠎ᠡ᠃ ᠤᠯᠤᠰ ᠤᠨ ᠲᠡᠰ ᠤᠨ ᠨᠡᠭᠡᠭᠡᠯᠳᠠ ᠶᠢᠨ ᠣᠷᠣᠨ ᠤ ᠨᠡᠩ ᠠᠮᠢᠳᠤᠯᠢᠭ ᠠᠵᠢᠯᠳᠠᠨ ᠤ ᠲᠦᠷᠢᠮ ᠢ ᠭᠡᠷᠡᠭᠵᠢᠬᠦᠯᠵᠤ᠂ ᠰᠢᠯᠢᠳᠡᠭ ᠡᠮᠴᠢᠯᠡᠭᠡ᠂ ᠰᠤᠷᠭᠠᠨ ᠬᠦᠮᠦᠵᠢᠯ᠂ ᠮᠦᠡᠭᠭᠦᠨ ᠬᠦᠢᠯᠭᠡᠭᠡ᠂ ᠪᠠᠷᠠᠭᠠᠨ ᠤ ᠬᠦᠢᠯᠭᠡᠭᠡ ᠵᠡᠷᠭᠡ ᠦᠢᠯᠡᠴᠢᠯᠡᠭᠡ ᠶᠢ ᠤᠷᠤᠭᠤᠯᠤᠨ ᠠᠪᠴᠢᠷᠠᠵᠤ ᠬᠦᠭᠵᠢᠬᠦᠯᠬᠦ ᠶᠢ ᠵᠤᠷᠢᠬᠵᠢᠭᠤᠯᠤᠨ᠎ᠡ᠃ ᠤᠯᠤᠰ ᠤᠨ ᠲᠡᠰ ᠤᠨ ᠡᠯ᠎ᠡ ᠲᠦᠷᠦᠯ ᠤᠨ ᠦᠵᠡᠰᠬᠦᠯᠡᠩ ᠢ ᠰᠠᠶᠢᠳᠤᠷ ᠡᠷᠬᠢᠯᠡᠵᠤ᠂ ᠪᠠᠷᠠᠭᠤᠨ ᠤᠷᠤᠨ ᠤ ᠨᠦᠯᠦᠭᠡᠯᠡᠬᠦ ᠬᠦᠴᠤᠨ ᠢ ᠲᠡᠭᠡᠭᠰᠢᠯᠡᠬᠦᠯᠤᠨ᠎ᠡ᠃       ︵ᠠᠷᠪᠡᠨ ᠨᠢᠭᠡ︶ ᠬᠢᠯᠢ ᠲᠠᠭᠠᠤ ᠤᠷᠤᠨ ᠢ ᠨᠡᠭᠡᠭᠡᠨ ᠬᠦᠭᠵᠢᠬᠦᠯᠬᠦ ᠶᠢ ᠲᠦᠷᠭᠡᠳᠭᠡᠨ᠎ᠡ᠃ ᠬᠢᠯᠢ ᠲᠠᠭᠠᠤ ᠤᠷᠤᠨ ᠤ ᠭᠤᠤᠯᠳᠠᠯᠭ᠎ᠠ ᠲᠠᠢ ᠨᠡᠭᠡᠭᠡᠨ ᠬᠦᠭᠵᠢᠬᠦᠯᠬᠦ ᠨᠡᠬᠡᠭᠡᠯᠳᠡ ᠬᠢᠬᠦ ᠲᠤᠷᠰᠢᠯᠳᠠ ᠶᠢᠨ ᠤᠷᠤᠨ᠂ ᠬᠢᠯᠢ ᠶᠢᠨ ᠠᠵᠤ ᠠᠬᠤᠢ ᠶᠢᠨ ᠬᠠᠮᠳᠤᠷᠠᠯᠴᠠᠭᠠᠨ ᠤ ᠤᠷᠤᠨ᠂ ᠬᠢᠯᠢ ᠠᠯᠤᠰᠯᠠᠬᠰᠡᠨ ᠠᠵᠤ ᠠᠬᠤᠢ ᠶᠢᠨ ᠬᠠᠮᠳᠤᠷᠠᠯᠴᠠᠭᠠᠨ ᠤ ᠤᠷᠤᠨ ᠤ ᠪᠠᠶᠢᠷᠢᠰᠢᠯ ᠢ ᠲᠡᠬᠦᠯᠳᠡᠷᠵᠢᠬᠦᠯᠵᠤ᠂ ᠬᠢᠯᠢ ᠠᠯᠤᠰᠯᠠᠬᠰᠡᠨ ᠮᠦᠡᠭᠭᠦᠨ ᠬᠦᠢᠯᠭᠡᠭᠡ᠂ ᠬᠢᠯᠢ ᠠᠯᠤᠰᠯᠠᠬᠰᠡᠨ ᠵᠢᠭᠤᠯᠴᠢᠯᠠᠯ᠂ ᠬᠢᠯᠢ ᠶᠢᠨ ᠪᠤᠭᠤᠮᠳᠠ ᠪᠠᠷ ᠦᠡᠭᠭᠡᠷᠡᠬᠦ ᠬᠠᠤᠯᠢ ᠭᠡᠷᠡᠭᠵᠢᠬᠦᠯᠬᠦ ᠬᠠᠮᠳᠤᠷᠠᠯᠴᠠᠭ᠎ᠠ᠂ ᠬᠦᠮᠦᠨ ᠬᠠᠷ᠎ᠡ ᠶᠢᠨ ᠬᠢᠯᠢ ᠪᠠᠷ ᠤᠷᠤᠵᠤ ᠭᠠᠷᠬᠤ ᠬᠠᠮᠢᠶᠡᠷᠤᠯᠳᠠ ᠵᠡᠷᠭᠡ ᠲᠠᠯ᠎ᠡ ᠪᠠᠷ ᠰᠢᠨᠡᠴᠢᠯᠡᠯᠳᠠ ᠬᠢᠬᠦ ᠶᠢ ᠲᠠᠮᠵᠢᠨ᠎ᠡ᠃ ᠬᠢᠯᠢ ᠶᠢᠨ ᠵᠢᠭᠤᠯᠴᠢᠯᠠᠯ ᠤᠨ ᠲᠤᠷᠰᠢᠯᠳᠠ ᠶᠢᠨ ᠤᠷᠤᠨ᠂ ᠬᠢᠯᠢ ᠠᠯᠤᠰᠯᠠᠬᠰᠡᠨ ᠵᠢᠭᠤᠯᠴᠢᠯᠠᠯ ᠤᠨ ᠬᠠᠮᠳᠤᠷᠠᠯᠴᠠᠭᠠᠨ ᠤ ᠤᠷᠤᠨ᠂ ᠬᠦᠳᠡᠭᠡ ᠠᠵᠤ ᠠᠬᠤᠢ ᠶᠢᠨ ᠭᠠᠳᠠᠭᠠᠳᠤ ᠨᠡᠭᠡᠭᠡᠯᠳᠠ ᠬᠢᠬᠦ ᠬᠠᠮᠳᠤᠷᠠᠯᠴᠠᠭᠠᠨ ᠤ ᠲᠤᠷᠰᠢᠯᠳᠠ ᠶᠢᠨ ᠤᠷᠤᠨ ᠤ ᠪᠦᠳᠦᠭᠡᠨ ᠪᠠᠶᠢᠭᠤᠯᠤᠯᠳᠠ ᠶᠢ ᠯᠠᠪᠳᠠᠭᠤᠨ ᠪᠠᠳᠤᠳᠠᠢ ᠠᠬᠢᠭᠤᠯᠤᠨ᠎ᠡ᠃ ᠠᠵᠤ ᠠᠬᠤᠢ ᠠᠷᠠᠯᠵᠢᠶᠠᠨ ᠤ ᠬᠦᠭᠵᠢᠯᠳᠠ ᠶᠢᠨ ᠲᠤᠰᠬᠠᠢ ᠲᠦᠷᠦᠯ ᠤᠨ ᠪᠡᠯᠡ ᠮᠦᠡᠭᠭᠦ ᠶᠢ ᠨᠢᠭᠡᠳᠦᠯᠳᠠᠢ ᠲᠦᠯᠦᠪᠵᠢᠬᠦᠯᠤᠨ ᠭᠡᠷᠡᠭᠯᠡᠵᠤ ᠬᠢᠯᠢ ᠲᠠᠭᠠᠤ ᠤᠷᠤᠨ ᠤ ᠭᠠᠳᠠᠭᠠᠳᠤ ᠠᠵᠤ ᠠᠬᠤᠢ ᠠᠷᠠᠯᠵᠢᠶᠠᠨ ᠤ ᠬᠦᠭᠵᠢᠯᠳᠠ ᠶᠢ ᠲᠠᠮᠵᠢᠨ᠎ᠡ᠃ ᠬᠢᠯᠢ ᠶᠢᠨ ᠠᠷᠠᠳ ᠤᠨ ᠬᠠᠷᠢᠯᠴᠠᠨ ᠠᠷᠠᠯᠵᠢᠶᠠᠯᠠᠬᠤ ᠵᠠᠬ᠎ᠠ ᠲᠡᠯᠬᠡᠬᠦᠷ ᠤᠨ ᠠᠷᠠᠯᠵᠢᠶᠠᠨ ᠤ ᠬᠠᠮᠢᠶᠡᠷᠤᠯᠳᠠ ᠶᠢᠨ ᠲᠦᠷᠢᠮ ᠢ ᠲᠡᠬᠦᠯᠳᠡᠷᠵᠢᠬᠦᠯᠤᠨ᠎ᠡ᠃ ᠬᠢᠯᠢ ᠬᠢᠵᠠᠭᠠᠷ ᠤᠷᠤᠨ ᠢ ᠬᠦᠭᠵᠢᠬᠦᠯᠵᠤ ᠠᠷᠠᠳ ᠢ  ᠴᠢᠨᠡᠭᠡᠯᠢᠭᠵᠢᠬᠦᠯᠬᠦ ᠠᠵᠢᠯᠯᠠᠭ᠎ᠠ ᠶᠢ ᠬᠦᠨᠵᠡᠭᠡᠢ ᠠᠬᠢᠭᠤᠯᠤᠨ᠎ᠡ᠃       ︵ᠠᠷᠪᠡᠨ ᠬᠤᠶᠠᠷ︶ ᠦᠨᠳᠤᠷ ᠲᠦᠪᠰᠢᠨ ᠪᠦᠬᠦᠢ ᠨᠡᠭᠡᠭᠡᠯᠳᠠᠳᠤ ᠮᠠᠶ᠋ᠢᠭ ᠤᠨ ᠠᠵᠤ ᠠᠬᠤᠢ ᠶᠢ ᠬᠦᠭᠵᠢᠬᠦᠯᠤᠨ᠎ᠡ᠃ ᠪᠠᠷᠠᠭᠤᠨ ᠤᠷᠤᠨ ᠤ ᠭᠠᠳᠠᠭᠠᠳᠤ ᠨᠡᠭᠡᠭᠡᠯᠳᠠ ᠨᠢ ᠲᠠᠸᠠᠷ ᠪᠤᠯᠤᠨ ᠡᠯᠧᠮᠧᠨ᠋ᠲ ᠤᠨ ᠬᠦᠢᠯᠭᠡᠭᠡᠨ ᠤ ᠬᠡᠯᠪᠡᠷᠢ ᠲᠠᠢ ᠪᠠᠶᠢᠬᠰᠠᠨ ᠢ ᠠᠯᠬᠤᠮ ᠠᠯᠬᠤᠮ ᠢᠶᠠᠷ ᠲᠦᠷᠢᠮ ᠲᠤᠬᠳᠠᠭᠠᠯ ᠤᠨ ᠬᠡᠯᠪᠡᠷᠢ ᠲᠠᠰᠢ ᠬᠤᠪᠢᠷᠠᠭᠤᠯᠬᠤ ᠶᠢ ᠠᠬᠢᠭᠤᠯᠤᠨ᠎ᠡ᠃ ᠭᠠᠳᠠᠭᠠᠳᠤ ᠶᠢᠨ ᠠᠷᠠᠯᠵᠢᠶᠠᠴᠢᠨ ᠤ ᠪᠡᠯᠡ ᠤᠷᠤᠭᠤᠯᠤᠯᠳᠠ ᠶᠢ ᠵᠦᠪᠰᠢᠶᠡᠷᠡᠬᠦ ᠠᠴᠠ ᠡᠮᠤᠨᠡᠬᠢ ᠤᠯᠤᠰ ᠠᠷᠠᠳ ᠤᠨ ᠬᠦᠷᠳᠡᠮᠵᠢ ᠪᠠ ᠨᠠᠵᠠᠭᠠᠢ ᠲᠠᠯ᠎ᠡ ᠶᠢᠨ ᠨᠠᠷᠢᠨ ᠲᠠᠩᠰᠠ ᠶᠢᠨ ᠬᠠᠮᠢᠶᠡᠷᠤᠯᠳᠠ ᠶᠢᠨ ᠲᠦᠷᠢᠮ ᠢ ᠰᠠᠶᠢᠳᠤᠷ ᠨᠠᠶᠢᠳᠠᠪᠤᠷᠢᠵᠢᠭᠤᠯᠵᠤ᠂ ᠦᠢᠯᠡᠳᠬᠦ ᠦᠢᠯᠡᠰ ᠢ ᠡᠮᠬᠢ ᠵᠢᠷᠤᠮ ᠲᠠᠢ ᠭᠠᠳᠠᠬᠰᠢ ᠨᠡᠭᠡᠭᠡᠵᠤ᠂ ᠦᠢᠯᠡᠴᠢᠯᠡᠭᠡᠨ ᠤ ᠦᠢᠯᠡᠰ ᠤᠨ ᠤᠷᠤᠬᠤ ᠵᠦᠪᠰᠢᠶᠡᠷᠡᠯ ᠢ ᠠᠯᠬᠤᠮ ᠠᠯᠬᠤᠮ ᠢᠶᠠᠷ ᠠᠭᠤᠵᠢᠭᠤ ᠲᠠᠯᠪᠢᠵᠤ᠂ ᠠᠭᠤᠷᠬᠠᠢ ᠮᠠᠯᠳᠠᠬᠤ ᠦᠢᠯᠡᠰ ᠤᠨ ᠨᠡᠭᠡᠭᠡᠯᠳᠠ ᠶᠢᠨ ᠲᠦᠪᠰᠢᠨ ᠢ ᠲᠡᠭᠡᠭᠰᠢᠯᠡᠬᠦᠯᠤᠨ᠎ᠡ᠃ ᠪᠠᠷᠠᠭᠤᠨ ᠤᠷᠤᠨ ᠤ ᠬᠢᠨ ᠤ ᠪᠤᠭᠤᠮᠳᠠ ᠶᠢᠨ ᠣᠨᠴᠠ ᠬᠢᠨᠠᠠ ᠬᠠᠮᠢᠶᠡᠷᠤᠯᠳᠠ ᠶᠢᠨ ᠤᠷᠤᠨ ᠪᠦᠰᠡ ᠶᠢ ᠲᠡᠰ ᠲᠠᠷᠠᠭᠠᠯᠠᠯ ᠲᠠᠢ ᠪᠠᠷ ᠭᠤᠶᠤᠴᠢᠯᠠᠨ ᠪᠠᠶᠢᠭᠤᠯᠬᠤ ᠶᠢ ᠨᠢ ᠲᠠᠮᠵᠢᠵᠤ᠂ ᠤᠷᠤᠨ ᠪᠦᠰᠡ ᠶᠢᠨ ᠲᠤᠳᠤᠭᠠᠳᠤᠬᠢ ᠠᠵᠤ ᠠᠬᠤᠢᠢᠯᠠᠯ ᠤᠨ ᠲᠤᠳᠤᠭᠠᠳᠤ ᠳᠠᠭᠠᠨ ᠪᠤᠯᠪᠠᠰᠤᠷᠠᠭᠤᠯᠬᠤ ᠲᠤᠬᠠᠢᠢᠯᠠᠬᠰᠡᠨ ᠠᠵᠢᠯ ᠢ ᠦᠷᠨᠢᠬᠦᠯᠬᠦ ᠶᠢ ᠨᠢ ᠲᠠᠮᠵᠢᠨ᠎ᠡ᠃ ᠬᠦᠳᠡᠭᠡ ᠠᠵᠤ ᠠᠬᠤᠢ ᠶᠢᠨ ᠨᠡᠭᠡᠭᠡᠯᠳᠠ ᠬᠢᠵᠤ ᠬᠠᠮᠳᠤᠷᠠᠯᠴᠠᠬᠤ ᠶᠢ ᠴᠢᠩᠭᠠᠳᠬᠠᠨ᠎ᠡ᠃ ᠪᠠᠷᠠᠭᠤᠨ ᠤᠷᠤᠨ ᠤ ᠲᠠᠪᠠᠭᠤᠯᠢᠭ ᠠᠵᠤ ᠦᠢᠯᠡᠰ ᠤᠨ ᠠᠵᠤ ᠠᠬᠤᠢᠢᠯᠠᠯ ᠤᠯᠠᠨ ᠤᠯᠤᠰ ᠤᠨ ᠦᠢᠯᠡᠳᠪᠤᠷᠢᠯᠡᠬᠦ ᠴᠢᠳᠠᠪᠤᠷᠢ ᠶᠢᠨ ᠬᠠᠮᠳᠤᠷᠠᠯᠴᠠᠭ᠎ᠠ ᠳᠤ ᠢᠳᠡᠪᠬᠢᠳᠠᠢ ᠤᠷᠤᠯᠴᠠᠵᠤ᠂ ᠬᠢᠯᠢ ᠶᠢᠨ ᠭᠠᠳᠠᠨ᠎ᠡ ᠪᠡᠯᠡ ᠮᠦᠡᠭᠭᠦ ᠤᠷᠤᠭᠤᠯᠵᠤ ᠡᠵᠡᠩᠨᠡᠬᠦ ᠶᠠᠪᠤᠴᠠ ᠳᠤ ᠴᠢᠬᠤᠯᠠ ᠪᠦᠬᠦᠢ ᠤᠷᠴᠢᠨ ᠲᠤᠭᠤᠷᠢᠨ᠂ ᠨᠡᠶᠢᠭᠡᠮ ᠪᠤᠯᠤᠨ ᠵᠠᠰᠠᠯᠳᠠ ᠶᠢᠨ ᠬᠠᠷᠢᠭᠤᠴᠠᠯᠭ᠎ᠠ ᠪᠠᠨ ᠬᠦᠢᠴᠡᠳᠭᠡᠬᠦ ᠶᠢ ᠨᠢ ᠠᠬᠢᠭᠤᠯᠤᠨ᠎ᠡ᠃ ᠨᠢᠭᠡ ᠪᠦᠯᠦᠭ ᠢᠯᠡᠷᠭᠡᠢ ᠲᠠᠪᠠᠭᠤᠯᠢᠭ ᠲᠠᠢ ᠭᠠᠳᠠᠭᠠᠳᠤ ᠠᠷᠠᠯᠵᠢᠶᠠᠨ ᠤ ᠬᠡᠯᠪᠡᠷᠢ ᠪᠠᠨ ᠬᠤᠪᠢᠷᠠᠭᠤᠯᠤᠨ ᠲᠡᠰ ᠲᠠᠪᠰᠢᠬᠦ ᠰᠠᠭᠤᠷᠢᠨ ᠢ ᠪᠦᠳᠦᠭᠡᠨ ᠪᠠᠶᠢᠭᠤᠯᠬᠤ ᠶᠢ ᠲᠠᠮᠵᠢᠨ᠎ᠡ᠃ ᠵᠡᠬᠦᠨ ᠳᠤᠮᠳᠠ ᠪᠠᠷᠠᠭᠤᠨ ᠤᠷᠤᠨ ᠤ ᠨᠡᠬᠡᠬᠡᠯᠳᠡᠳᠦ ᠳᠠᠪᠴᠠᠩ ᠢ ᠵᠤᠯᠭᠠᠯᠴᠠᠭᠤᠯᠬᠤ ᠳᠤᠬᠳᠠᠴᠠ ᠶᠢ ᠪᠠᠶᠢᠭᠤᠯᠵᠦ᠂ ᠳᠦᠷᠦᠯ ᠵᠦᠢᠯ ᠢ ᠪᠣᠢ ᠪᠣᠯᠭᠠᠬᠤ᠂ ᠴᠢᠳᠠᠪᠤᠷᠢᠳᠡᠨ ᠢ ᠬᠦᠮᠦᠵᠢᠬᠦᠯᠬᠦ᠂ ᠵᠠᠬ᠎ᠠ ᠳᠡᠯᠬᠡᠬᠦᠷ ᠢ ᠦᠷᠬᠡᠳᠬᠡᠬᠦ ᠵᠡᠷᠬᠡ ᠦᠢᠯᠡᠴᠢᠯᠡᠬᠡᠨ ᠤ ᠳᠠᠪᠴᠠᠩ ᠢ ᠬᠠᠮᠳᠤ ᠪᠠᠷ ᠪᠠᠶᠢᠭᠤᠯᠵᠦ᠂ ᠪᠠᠷᠠᠭᠤᠨ ᠤᠷᠤᠨ ᠳᠤ ᠠᠵᠦ ᠦᠢᠯᠡᠰ ᠢ ᠰᠢᠯᠵᠢᠭᠦᠯᠬᠦ ᠵᠢᠱᠢᠶ᠎ᠠ ᠦᠵᠡᠬᠦᠯᠬᠦ ᠤᠷᠤᠨ ᠢ ᠴᠤᠬᠴᠠᠯᠠᠨ ᠪᠠᠶᠢᠭᠤᠯᠤᠨ᠎ᠠ᠃ ᠪᠠᠷᠠᠭᠤᠨ ᠤᠷᠤᠨ ᠳᠡᠰᠢ ᠱᠠᠳᠤᠯᠠᠨ ᠰᠢᠯᠵᠢᠭᠰᠡᠨ ᠠᠵᠦ ᠠᠬᠤᠢᠢᠯᠡᠯ ᠳᠤ᠂ ᠤᠤᠯ ᠤᠨ ᠪᠠᠶᠢᠬᠰᠠᠨ ᠭᠠᠵᠠᠷ ᠤᠷᠤᠨ ᠳᠠᠭᠠᠨ ᠨᠢᠬᠡᠨᠳᠡ ᠤᠯᠤᠬᠰᠠᠨ ᠪᠤᠭᠤᠮᠳᠠ ᠶᠢᠨ ᠢᠳᠡᠬᠡᠮᠵᠢ ᠶᠢᠨ ᠳᠡᠰ ᠵᠡᠷᠬᠡ ᠪᠠᠷ ᠨᠢ ᠬᠢᠨᠠᠯᠳᠠ ᠳᠠᠯᠪᠢᠬᠤ ᠶᠢ ᠬᠡᠷᠡᠭᠵᠢᠬᠦᠯᠦᠨ᠎ᠠ᠃       ︵ᠠᠷᠪᠠᠨ ᠭᠤᠷᠪᠠ︶ ᠤᠷᠤᠨ ᠤ ᠬᠤᠭᠤᠷᠤᠨᠳᠤᠬᠢ ᠬᠤᠷᠰᠢᠯᠴᠠᠭ᠎ᠠ ᠬᠠᠮᠳᠤᠷᠠᠯᠴᠠᠭ᠎ᠠ ᠶᠢ ᠦᠷᠬᠡᠳᠬᠡᠨ᠎ᠠ᠃ ᠪᠡᠬᠡᠵᠢᠩ ᠳᠢᠶᠠᠨᠵᠢᠨ ᠡᡁᠧᠪᠸᠢ ᠶᠢᠨ ᠬᠠᠮᠵᠢᠯᠴᠠᠬᠰᠠᠨ ᠬᠦᠭᠵᠢᠯᠳᠡ᠂ ᠬᠦᠭᠡ ᠮᠦᠷᠡᠨ ᠤ ᠠᠵᠦ ᠠᠬᠤᠢ ᠶᠢᠨ ᠪᠦᠰᠡ ᠶᠢᠨ ᠬᠦᠭᠵᠢᠯᠳᠡ᠂ ᠭᠤᠸᠠᠩᠳᠦ᠋ᠩ ᠰᠢᠶᠠᠩᠭᠠᠩ ᠤᠤᠮᠸᠠ ᠤ ᠲᠤᠮᠤ ᠪᠤᠯᠤᠩ ᠤᠨ ᠤᠷᠤᠨ ᠤ ᠪᠦᠳᠦᠬᠡᠨ ᠪᠠᠶᠢᠭᠤᠯᠤᠯᠳᠠ ᠵᠡᠷᠬᠡ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢ ᠢᠳᠡᠪᠬᠢᠳᠡᠢ ᠵᠤᠯᠭᠠᠯᠴᠠᠭᠤᠯᠤᠨ᠎ᠠ᠃ ᠬᠦᠬᠡᠨᠠᠭᠤᠷ᠂ ᠭᠠᠨᠰᠦ ᠵᠡᠷᠬᠡ ᠭᠠᠵᠠᠷ ᠤᠷᠤᠨ ᠢ ᠳᠡᠮᠵᠢᠵᠦ ᠪᠠᠶᠢᠭᠠᠳ ᠬᠦᠭᠡ ᠮᠦᠷᠡᠨ ᠤ ᠳᠡᠬᠡᠳᠦ ᠤᠷᠤᠰᠬᠠᠯ ᠤᠨ ᠠᠮᠢ ᠠᠬᠤᠢ ᠶᠢᠨ ᠬᠠᠯᠬᠠᠪᠴᠢ ᠶᠢ ᠳᠦᠷᠬᠡᠨ ᠪᠠᠶᠢᠭᠤᠯᠵᠦ᠂ ᠠᠮᠢ ᠠᠬᠤᠢ ᠶᠢ ᠡᠩ ᠲᠡᠷᠢᠬᠦᠨ ᠳᠤ ᠪᠤᠳᠤᠯᠬᠢᠯᠠᠬᠤ᠂ ᠪᠤᠬᠢᠷᠳᠤᠯ ᠦᠬᠡᠢ ᠪᠠᠷ ᠬᠦᠭᠵᠢᠬᠦᠯᠬᠦ ᠶᠢ ᠬᠠᠮᠵᠢᠯᠴᠠᠨ ᠠᠬᠢᠭᠤᠯᠬᠤ ᠰᠢᠨ᠎ᠠ ᠵᠠᠮ ᠢ ᠬᠠᠶᠢᠨ ᠰᠦᠪᠡᠭᠴᠢᠯᠡᠨ᠎ᠠ᠃ ᠡᠬᠡ ᠬᠠᠭᠤᠷᠠᠢ ᠶᠢᠨ ᠬᠦᠬᠦᠷᠬᠡ ᠶᠢᠨ ᠶᠡᠷᠦᠩᠬᠡᠶᠢᠯᠡᠭᠰᠡᠨ ᠳᠡᠬᠡᠬᠡᠪᠤᠷᠢ ᠶᠢᠨ ᠵᠠᠮ ᠢᠶᠠᠷ ᠳᠦᠰᠢᠭ ᠪᠤᠯᠭᠠᠵᠦ᠂ ᠪᠠᠷᠠᠭᠤᠨ ᠬᠤᠶᠢᠳᠦ ᠶᠢᠨ ᠮᠤᠵᠢ ᠤᠷᠤᠨ ᠬᠢᠬᠡᠳ ᠵᠢᠶᠠᠩᠰᠦ᠂ ᠱᠠᠨᠳᠦ᠋ᠩ᠂ ᠡᡁᠧᠨᠠᠨ ᠵᠡᠷᠬᠡ ᠵᠡᠬᠦᠨ ᠳᠤᠮᠳᠠ ᠬᠡᠰᠡᠭ ᠤᠨ ᠮᠤᠵᠢ ᠤᠷᠤᠨ ᠤ ᠬᠠᠷᠢᠯᠴᠠᠨ ᠠᠰᠢᠬᠳᠠᠢ ᠬᠠᠮᠳᠤᠷᠠᠯᠴᠠᠭ᠎ᠠ ᠶᠢ ᠴᠢᠩᠭᠠᠳᠬᠠᠨ᠎ᠠ᠃ ᠵᠦᠵᠢᠶᠠᠩ — ᠰᠢᠵᠢᠶᠠᠩ ᠤᠨ ᠠᠵᠦ ᠠᠬᠤᠢ ᠶᠢᠨ ᠪᠦᠰᠡ ᠪᠤᠯᠤᠨ ᠤᠮᠠᠷᠠᠳᠦ ᠶᠢᠨ ᠪᠤᠯᠤᠩ ᠤᠨ ᠠᠵᠦ ᠠᠬᠤᠢ ᠶᠢᠨ ᠤᠷᠤᠨ ᠤ ᠪᠦᠳᠦᠬᠡᠨ ᠪᠠᠶᠢᠭᠤᠯᠤᠯᠳᠠ ᠶᠢ ᠳᠦᠷᠬᠡᠳᠬᠡᠵᠦ᠂ ᠭᠤᠸᠠᠩᠰᠢ ᠶᠢᠨ ᠬᠢᠨ ᠤ ᠭᠤᠸᠠᠩᠳᠦ᠋ᠩ ᠰᠢᠶᠠᠩᠭᠠᠩ ᠤᠤᠮᠸᠠ ᠤ ᠲᠤᠮᠤ ᠪᠤᠯᠤᠩ ᠤᠨ ᠤᠷᠤᠨ ᠤ ᠪᠦᠳᠦᠬᠡᠨ ᠪᠠᠶᠢᠭᠤᠯᠤᠯᠳᠠ ᠳᠤ ᠢᠳᠡᠪᠬᠢᠳᠡᠢ ᠤᠷᠤᠯᠴᠠᠬᠤ ᠪᠡ ᠬᠠᠶᠢᠨᠠᠨ ᠤ ᠦᠬᠡᠷᠡᠴᠢᠯᠡᠯᠳᠡ ᠨᠡᠬᠡᠬᠡᠯᠳᠡ ᠶᠢ ᠪᠦᠬᠦ ᠳᠠᠯ᠎ᠠ ᠪᠠᠷ ᠬᠦᠨᠵᠡᠬᠡᠶᠢᠷᠡᠬᠦᠯᠬᠦ ᠶᠢ ᠵᠤᠷᠢᠬᠵᠢᠭᠤᠯᠤᠨ᠎ᠠ᠃ ᠵᠡᠬᠦᠨ ᠪᠠᠷᠠᠭᠤᠨ ᠤᠷᠤᠨ ᠤ ᠴᠢᠯᠦᠬᠡᠳᠦ ᠠᠷᠠᠯᠵᠢᠶᠠᠨ ᠤ ᠳᠤᠷᠰᠢᠯᠳᠠ ᠶᠢᠨ ᠤᠷᠤᠨ ᠤ ᠰᠤᠯᠢᠯᠴᠠᠭ᠎ᠠ ᠬᠠᠮᠳᠤᠷᠠᠯᠴᠠᠭ᠎ᠠ ᠶᠢ ᠠᠬᠢᠭᠤᠯᠵᠦ᠂ ᠬᠠᠮᠵᠢᠯᠴᠠᠨ ᠨᠡᠬᠡᠬᠡᠯᠳᠡ ᠬᠢᠬᠦ ᠶᠢ ᠴᠢᠩᠭᠠᠳᠬᠠᠨ᠎ᠠ᠃ ᠤᠷᠤᠨ ᠪᠦᠰᠡ ᠠᠯᠤᠰᠯᠠᠨ ᠠᠵᠦ ᠦᠢᠯᠡᠰ ᠤᠨ ᠬᠦᠷᠢᠶᠡᠯᠡᠩ ᠳᠤᠭᠤᠷᠢᠬ ᠪᠠᠶᠢᠭᠤᠯᠬᠤ ᠶᠢ ᠳᠡᠮᠵᠢᠵᠦ᠂ ︽ᠣᠷᠣᠨ ᠪᠦᠰᠡ ᠶᠢ ᠬᠤᠯᠪᠣᠭᠰᠠᠨ ᠠᠵᠦ ᠠᠬᠤᠢ︾ ᠵᠡᠷᠬᠡ ᠵᠠᠬᠪᠤᠷ ᠢ ᠬᠠᠶᠢᠨ ᠰᠦᠪᠡᠭᠴᠢᠯᠡᠬᠦ ᠶᠢ ᠵᠤᠷᠢᠬᠵᠢᠭᠤᠯᠤᠨ᠎ᠠ᠃ ᠪᠠᠷᠠᠭᠤᠨ ᠬᠤᠶᠢᠳᠤ ᠶᠢᠨ ᠭᠠᠵᠠᠷ ᠤᠷᠤᠨ ᠬᠢᠬᠡᠳ ᠪᠠᠷᠠᠭᠤᠨ ᠡᠮᠤᠨᠡᠳᠦ ᠶᠢᠨ ᠭᠠᠵᠠᠷ ᠤᠷᠤᠨ ᠤ ᠬᠠᠮᠳᠤᠷᠠᠯᠴᠠᠭ᠎ᠠ ᠬᠤᠷᠰᠢᠯᠴᠠᠭ᠎ᠠ ᠶᠢ ᠴᠢᠩᠭᠠᠳᠬᠠᠵᠦ᠂ ᠴᠧᠩᠳᠦ᠋ ᠴᠦᠩᠴᠢᠩ᠂ ᠭᠤᠸᠠᠨᠵᠦ᠋ᠩ ᠤᠨ ᠳᠠᠯ᠎ᠠ ᠭᠠᠵᠠᠷ ᠤᠨ ᠬᠤᠳᠠ ᠶᠢᠨ ᠪᠦᠯᠦᠭᠵᠢᠯ ᠤᠨ ᠬᠠᠮᠵᠢᠯᠴᠠᠭ᠎ᠠ ᠬᠦᠭᠵᠢᠯᠳᠡ ᠶᠢ ᠠᠬᠢᠭᠤᠯᠵᠦ᠂ ᠪᠠᠷᠠᠭᠤᠨ ᠤᠷᠤᠨ ᠤ ᠨᠡᠬᠡᠬᠡᠯᠳᠡ ᠬᠢᠬᠦ ᠨᠡᠬᠡᠭᠡᠨ ᠬᠦᠭᠵᠢᠭᠦᠯᠬᠦ ᠶᠢ ᠬᠦᠳᠦᠯᠦᠨ ᠵᠢᠯᠤᠭᠤᠳᠬᠤ ᠭᠤᠤᠯ ᠬᠦᠳᠡᠯᠬᠡᠬᠦᠷ ᠢ ᠡᠬᠦᠳᠦᠨ ᠪᠠᠶᠢᠭᠤᠯᠤᠨ᠎ᠠ᠃ ᠤᠮᠠᠷᠠᠳᠤ ᠶᠢᠨ ᠪᠤᠯᠤᠩ᠂ ᠯᠠᠨᠵᠸᠦ — ᠰᠢᠨᠢᠩ᠂ ᠬᠦᠬᠡᠬᠤᠳᠠ ᠪᠤᠭᠤᠳᠤ ᠤᠷᠳᠤᠰ᠂ ᠳᠡᠮᠡᠭᠡᠳᠦ ᠬᠤᠳᠠ᠂ ᠨᠢᠩᠰᠢᠶᠠ ᠶᠢᠨ ᠬᠠᠳᠤᠨ ᠭᠤᠤᠯ ᠳᠠᠭᠠᠤ ᠤᠷᠤᠨ᠂ ᠬᠦᠢᠵᠸᠦ ᠶᠢᠨ ᠳᠤᠮᠳᠠ ᠬᠡᠰᠡᠭ᠂ ᠶᠦᠨᠨᠡᠨ ᠤ ᠳᠤᠮᠳᠠ ᠬᠡᠰᠡᠭ᠂ ᠳᠡᠭᠷᠢ ᠠᠭᠤᠯᠠ ᠶᠢᠨ ᠠᠷᠤ ᠪᠡᠯ ᠵᠡᠷᠬᠡ ᠬᠤᠳᠠ ᠶᠢᠨ ᠪᠦᠯᠦᠭᠵᠢᠯ ᠤᠨ ᠬᠤᠷᠰᠢᠨ ᠬᠦᠭᠵᠢᠬᠦ ᠶᠢ ᠠᠬᠢᠭᠤᠯᠤᠨ᠎ᠠ᠃ ᠰᠢᠨᠵᠢᠶᠠᠩ ᠤᠨ ᠡᠮᠦᠨᠡᠳᠦ ᠬᠡᠰᠡᠭ ᠤᠷᠤᠨ ᠤ ᠨᠡᠬᠡᠬᠡᠯᠳᠡ ᠬᠢᠵᠦ ᠬᠦᠭᠵᠢᠬᠦ ᠶᠢ ᠳᠡᠮᠵᠢᠨ᠎ᠠ᠃ ᠱᠠᠨᠰᠢ ᠭᠠᠨᠰᠤ ᠨᠢᠩᠰᠢᠶᠠ᠂ ᠰᠧᠴᠤᠸᠠᠨ ᠱᠠᠨᠰᠢ᠂ ᠽᠦᠸᠧᠵᠢᠶᠠᠩ ᠢᠤᠵᠢᠶᠠᠩ ᠵᠡᠷᠬᠡ ᠬᠤᠪᠢᠰᠬᠠᠯ ᠤᠨ ᠡᠷᠳᠡ ᠴᠢᠯᠤᠭᠡᠯᠡᠭᠳᠡᠭᠰᠡᠨ ᠤᠷᠤᠨ ᠪᠤᠯᠤᠨ ᠰᠧᠴᠤᠸᠠᠨ ᠴᠦᠩᠴᠢᠩ᠂ ᠰᠧᠴᠤᠸᠠᠨ ᠶᠦᠨᠨᠠᠨ ᠬᠦᠢᠵᠸᠤ᠂ ᠴᠦᠩᠴᠢᠩ ᠬᠦᠢᠵᠸᠤ ᠵᠡᠷᠬᠡ ᠮᠤᠵᠢ ᠠᠯᠤᠰᠯᠠᠬᠰᠠᠨ ︵ᠦᠪᠡᠷᠳᠡᠬᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ︶ ᠬᠦᠷᠰᠢ ᠵᠡᠷᠬᠡᠯᠡᠳᠡᠭᠡ ᠭᠠᠵᠠᠷ ᠤᠷᠤᠨ ᠳᠤ ᠬᠠᠮᠵᠢᠯᠴᠠᠨ ᠨᠡᠬᠡᠬᠡᠯᠳᠡ ᠬᠢᠬᠦ ᠬᠦᠭᠵᠢᠯᠳᠠ ᠶᠢᠨ ᠲᠤᠭᠳᠠᠴᠠ ᠶᠢ ᠪᠠᠶᠢᠭᠤᠯᠤᠨ ᠪᠦᠷᠢᠨᠰᠢᠭᠦᠯᠬᠦ ᠶᠢ ᠠᠬᠢᠭᠤᠯᠤᠨ᠎ᠠ᠃ ᠭᠤᠤᠯᠳᠠᠯᠭ᠎ᠠ ᠲᠠᠢ ᠤᠷᠤᠨ ᠪᠦᠰᠠ ᠶᠢ ᠨᠢᠬᠡ ᠴᠤᠬᠴᠠᠵᠢᠭᠤᠯᠬᠤ ᠠᠬᠢᠴᠠ ᠶᠢ ᠲᠦᠷᠬᠡᠳᠬᠡᠨ᠎ᠠ᠃       ᠲᠦᠷᠪᠡ᠂ ᠦᠵᠡᠰᠬᠦᠯᠡᠩᠳᠤ ᠰᠠᠶᠢᠬᠠᠨ ᠪᠠᠷᠠᠭᠤᠨ ᠤᠷᠤᠨ ᠢ ᠪᠦᠳᠤᠬᠡᠨ ᠪᠠᠶᠢᠭᠤᠯᠬᠤ ᠡᠷᠴᠢᠮ ᠢ ᠴᠢᠩᠭᠠᠷᠠᠭᠤᠯᠵᠤ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠬᠦᠯᠤᠨ᠎ᠠ      ︵ᠠᠷᠪᠠᠨ ᠲᠦᠷᠪᠡ︶ ᠭᠤᠤᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠬᠦᠨᠵᠡᠬᠡᠢ ᠭᠡᠷᠡᠭᠵᠢᠬᠦᠯᠤᠨ᠎ᠠ᠃ ᠨᠣᠮᠢᠨ ᠳᠠᠩᠰᠤᠭ ᠡᠬᠡ ᠪᠠᠶᠢᠭᠠᠯᠢ ᠪᠤᠯ ᠴᠠᠭᠯᠠᠰᠢ ᠦᠬᠡᠢ ᠪᠠᠶᠠᠨ ᠰᠠᠩ ᠮᠦᠨ ᠭᠡᠬᠦ ᠤᠢᠢᠯᠠᠭᠠᠭᠳᠠᠬᠤᠨ ᠢ ᠳᠣᠣᠱᠯᠠᠭᠤᠯᠬᠤ ᠶᠢ ᠪᠠᠷᠢᠮᠳᠠᠯᠠᠵᠤ᠂ ᠨᠡᠬᠡᠬᠡᠨ ᠬᠦᠭᠵᠢᠬᠦᠯᠬᠦ ᠶᠠᠪᠤᠴᠠ ᠳᠤ ᠬᠠᠮᠠᠭᠠᠯᠠᠵᠤ᠂ ᠬᠠᠮᠠᠭᠠᠯᠠᠬᠤ ᠶᠠᠪᠤᠴᠠ ᠳᠤ ᠨᠡᠬᠡᠬᠡᠨ ᠬᠦᠭᠵᠢᠬᠦᠯᠬᠦ ᠶᠢ ᠪᠠᠷᠢᠮᠳᠠᠯᠠᠵᠤ᠂ ᠪᠦᠬᠦ ᠤᠯᠤᠰ ᠤᠨ ᠭᠤᠤᠯ ᠴᠢᠳᠠᠮᠵᠢᠳᠤ ᠤᠷᠤᠨ ᠤ ᠪᠦᠳᠤᠬᠡᠨ ᠪᠠᠶᠢᠭᠤᠯᠤᠯᠳᠠ ᠶᠢᠨ ᠱᠠᠭᠠᠷᠳᠠᠯᠭ᠎ᠠ ᠪᠠᠷ᠂ ᠬᠦᠬᠡ ᠮᠦᠷᠡᠨ᠂ ᠬᠠᠳᠤᠨ ᠭᠤᠤᠯ ᠤᠨ ᠲᠡᠭᠡᠳᠤ ᠤᠷᠤᠰᠬᠠᠯ ᠤᠨ ᠠᠮᠢ ᠠᠬᠤᠢ ᠶᠢᠨ ᠠᠮᠤᠷ ᠲᠦᠪᠰᠢᠨ ᠢ ᠰᠠᠶᠢᠳᠤᠷ ᠬᠠᠮᠠᠭᠠᠯᠠᠵᠤ᠂ ᠮᠦᠰᠤᠳᠤᠯᠬᠡ᠂ ᠨᠤᠭᠤ ᠭᠠᠵᠠᠷ ᠵᠡᠷᠬᠡ ᠠᠮᠢ ᠠᠬᠤᠢ ᠶᠢᠨ ᠡᠬᠢ ᠪᠠᠶᠠᠯᠢᠬ ᠢ ᠰᠠᠶᠢᠳᠤᠷ ᠬᠠᠮᠠᠭᠠᠯᠠᠨ᠎ᠠ᠃ ᠤᠰᠤ ᠰᠢᠷᠤᠢ ᠶᠢ ᠬᠠᠮᠠᠭᠠᠯᠠᠬᠤ᠂ ᠪᠠᠶᠢᠭᠠᠯᠢ ᠶᠢᠨ ᠤᠢ ᠶᠢ ᠬᠠᠮᠠᠭᠠᠯᠠᠬᠤ᠂ ᠲᠠᠷᠢᠶᠠᠯᠠᠬᠤ ᠪᠠᠨ ᠵᠤᠬᠰᠤᠵᠤ ᠡᠪᠡᠰᠤ ᠮᠤᠳᠤ ᠲᠠᠷᠢᠬᠤ᠂ ᠪᠡᠯᠴᠢᠭᠡᠷᠯᠡᠭᠦᠯᠬᠦ ᠪᠠᠨ ᠵᠤᠬᠰᠤᠵᠤ ᠡᠪᠡᠰᠤ ᠲᠠᠷᠢᠬᠤ᠂ ᠭᠤᠤᠯᠳᠠᠯᠭ᠎ᠠ ᠲᠠᠢ ᠬᠠᠯᠬᠠᠪᠴᠢ ᠤᠢ ᠶᠢᠨ ᠰᠢᠰᠲ᠋ᠧᠮᠵᠢ ᠶᠢᠨ ᠪᠠᠶᠢᠭᠤᠯᠤᠯᠳᠠ ᠵᠡᠷᠬᠡ ᠭᠤᠤᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠭᠡᠷᠡᠭᠵᠢᠬᠦᠯᠬᠦ ᠡᠷᠴᠢᠮ ᠢ ᠴᠢᠨᠠᠬᠰᠢᠳᠠ ᠴᠢᠩᠭᠠᠷᠠᠭᠤᠯᠵᠤ᠂ ᠤᠯᠤᠰ ᠤᠨ ᠨᠤᠳᠤᠬ ᠲᠠᠪᠢᠰᠭᠡᠷ ᠢ ᠨᠤᠭᠤᠭᠠᠷᠠᠭᠤᠯᠬᠤ ᠠᠵᠢᠯᠯᠠᠭ᠎ᠠ ᠶᠢ ᠦᠷᠨᠢᠬᠦᠯᠵᠤ᠂ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠰᠢᠰᠲ᠋ᠧᠮᠵᠢ ᠶᠢᠨ ᠪᠠᠶᠢᠭᠤᠯᠤᠯᠳᠠ ᠪᠤᠯᠤᠨ ᠨᠤᠭᠤ ᠭᠠᠵᠠᠷ ᠤᠨ ᠬᠠᠮᠠᠭᠠᠯᠠᠯᠳᠠ ᠰᠡᠷᠭᠦᠭᠡᠨ ᠵᠠᠰᠠᠯᠳᠠ ᠶᠢ ᠲᠤᠭᠳᠠᠭᠤᠨ ᠢᠶᠠᠷ ᠠᠬᠢᠭᠤᠯᠵᠤ᠂ ᠦᠵᠡᠰᠬᠦᠯᠡᠩᠳᠤ ᠰᠠᠶᠢᠬᠠᠨ ᠪᠠᠷᠠᠭᠤᠨ ᠤᠷᠤᠨ ᠤ ᠰᠢᠨ᠎ᠠ ᠲᠦᠷᠰᠦ ᠪᠠᠶᠢᠳᠠᠯ ᠢ ᠲᠠᠬᠢᠨ ᠢᠯᠡᠷᠡᠭᠦᠯᠤᠨ᠎ᠡ᠃ ᠤᠯᠤᠰ ᠤᠨ ᠴᠡᠴᠡᠷᠯᠢᠭ ᠤᠨ ᠰᠢᠰᠲ᠋ᠧᠮᠵᠢ ᠶᠢᠨ ᠪᠠᠶᠢᠭᠤᠯᠤᠯᠳᠠ ᠶᠢ ᠲᠦᠷᠬᠡᠳᠭᠡᠨ ᠠᠬᠢᠭᠤᠯᠤᠨ᠎ᠠ᠃       ︵ᠠᠷᠪᠠᠨ ᠲᠠᠪᠤ︶ ᠭᠤᠤᠯᠳᠠᠯᠭ᠎ᠠ ᠲᠠᠢ ᠤᠷᠤᠨ ᠪᠦᠰᠠ ᠶᠢᠨ ᠶᠠᠷᠤᠩᠬᠡᠶᠢᠯᠡᠭᠰᠡᠨ ᠵᠠᠰᠠᠯᠳᠠ ᠶᠢ ᠲᠤᠭᠳᠠᠭᠤᠨ ᠢᠶᠠᠷ ᠦᠷᠨᠢᠬᠦᠯᠤᠨ᠎ᠠ᠃ ᠬᠦᠬᠡᠨᠠᠭᠤᠷ ᠤᠨ ᠭᠤᠷᠪᠠᠨ ᠮᠦᠷᠡᠨ ᠤ ᠡᠬᠢ ᠠᠪᠤᠬᠰᠠᠨ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠪᠤᠯᠤᠨ ᠪᠦᠳᠤᠬᠡᠨ ᠪᠠᠶᠢᠭᠤᠯᠤᠯᠳᠠ ᠂ ᠴᠢ ᠯᠢᠶᠠᠨ ᠱᠠᠨ ᠠᠭᠤᠯᠠ ᠶᠢᠨ ᠠᠮᠢ ᠠᠬᠤᠢ ᠶᠢᠨ ᠬᠠᠮᠠᠭᠠᠯᠠᠯᠳᠠ ᠪᠤᠯᠤᠨ ᠶᠠᠷᠤᠩᠬᠡᠶᠢᠯᠡᠭᠰᠡᠨ ᠵᠠᠰᠠᠯᠳᠠ᠂ ᠴᠢᠯᠠᠭᠤᠯᠢᠬ ᠤᠨ ᠠᠭᠤᠰᠤᠮᠠᠯ ᠭᠠᠵᠠᠷ ᠤᠷᠤᠨ ᠤ ᠬᠠᠶᠢᠷᠬᠠᠵᠢᠯ ᠤᠨ ᠶᠠᠷᠤᠩᠬᠡᠢ ᠵᠠᠰᠠᠯᠳᠠ᠂ ᠪᠡᠬᠡᠵᠢᠩ ᠲᠢᠶᠠᠨᠵᠢᠨ ᠤ ᠰᠠᠯᠬᠢ ᠰᠢᠭᠤᠷᠭᠠᠨ ᠤ ᠡᠬᠢ ᠡᠬᠦᠰᠤᠯ ᠤᠨ ᠵᠠᠰᠠᠯᠳᠠ ᠵᠡᠷᠬᠡ ᠶᠢ ᠶᠡᠭᠡ ᠪᠠᠷ ᠠᠬᠢᠭᠤᠯᠤᠨ᠎ᠠ᠃ ᠹᠧᠨ᠋ᠾᠧ ᠭᠤᠤᠯ ᠸᠧᠢᠢᠾᠧ ᠭᠤᠤᠯ ᠤᠨ ᠲᠠᠯ᠎ᠠ ᠭᠠᠵᠠᠷ᠂ ᠴᠧᠩᠳᠦ᠋ ᠴᠦᠩᠴᠢᠩ ᠤᠷᠤᠨ᠂ ᠦᠷᠤᠮᠴᠢ ᠵᠢᠴᠢ ᠡᠷᠬᠢᠨ ᠲᠤᠭᠤᠷᠢᠨ ᠤ ᠭᠠᠵᠠᠷ ᠤᠷᠤᠨ ᠢᠶᠠᠷ ᠭᠤᠤᠯᠳᠠᠯᠭ᠎ᠠ ᠪᠤᠯᠭᠠᠵᠤ᠂ ᠤᠷᠤᠨ ᠪᠦᠰᠠ ᠶᠢᠨ ᠠᠭᠠᠷ ᠮᠠᠨᠳᠤᠯ ᠤᠨ ᠪᠤᠬᠢᠷᠳᠤᠯ ᠢ ᠬᠤᠯᠪᠤᠭᠠᠯᠠᠨ ᠰᠡᠷᠬᠡᠶᠢᠯᠡᠵᠤ ᠡᠵᠡᠮᠳᠡᠬᠦ ᠶᠢ ᠴᠢᠩᠭᠠᠳᠬᠠᠵᠤ᠂ ᠬᠦᠨᠳᠤ ᠨᠤᠴᠢᠳᠠᠢ ᠪᠤᠬᠢᠷᠳᠤᠯᠳᠤ ᠠᠭᠤᠷ ᠠᠮᠢᠰᠬᠤᠯ ᠢ ᠠᠷᠭᠠᠴᠠᠭᠠᠬᠤ ᠴᠢᠳᠠᠪᠤᠷᠢ ᠶᠢ ᠲᠡᠭᠡᠭᠰᠢᠯᠡᠬᠦᠯᠤᠨ᠎ᠠ᠃ ᠪᠠᠷᠠᠭᠤᠨ ᠣᠷᠣᠨ ᠤ ᠬᠥᠷᠥᠰᠥ ᠰᠢᠷᠣᠶ ᠶᠢᠨ ᠪᠣᠬᠢᠷᠲᠤᠯ ᠤᠨ ᠪᠠᠶᠢᠳᠠᠯ ᠤᠨ ᠨᠠᠷᠢᠨ ᠪᠠᠶᠢᠴᠠᠭᠠᠯᠲᠠ ᠶᠢ ᠥᠷᠨᠢᠭᠦᠯᠵᠦ᠂ ᠪᠣᠬᠢᠷᠲᠤᠭᠰᠠᠨ ᠲᠠᠷᠢᠶᠠᠨ ᠭᠠᠵᠠᠷ ᠢ ᠲᠥᠷᠥᠯ ᠬᠤᠪᠢᠶᠠᠨ ᠬᠠᠮᠢᠶᠠᠷᠬᠤ ᠪᠠ ᠠᠶᠣᠯ ᠦᠬᠡᠢ ᠪᠠᠷ ᠠᠰᠢᠬᠯᠠᠬᠤ ᠶᠢ ᠢᠳᠡᠪᠬᠢᠲᠡᠢ ᠠᠬᠢᠭᠤᠯᠵᠤ᠂ ᠵᠠᠰᠠᠬᠤ ᠪᠠ ᠰᠡᠷᠭᠦᠭᠡᠬᠦ ᠶᠢ ᠡᠮᠬᠢ ᠵᠢᠷᠤᠮ ᠲᠠᠢ ᠪᠠᠷ ᠠᠬᠢᠭᠤᠯᠤᠨ᠎ᠠ᠃         ︵ᠠᠷᠪᠠᠨ ᠵᠢᠷᠭᠤᠭ᠎ᠠ︶ ᠪᠠᠷᠠᠭᠤᠨ ᠣᠷᠣᠨ ᠤ ᠪᠣᠬᠢᠷᠲᠤᠯ ᠥᠬᠡᠶ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ᠃ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠭᠰᠠᠨ ᠪᠣᠬᠢᠷᠲᠤᠯ ᠦᠭᠡᠢ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠶᠢᠨ ᠡᠭᠦᠷᠭᠡ ᠶᠢ ᠨᠠᠶᠢᠳᠠᠪᠤᠷᠢᠵᠢᠭᠤᠯᠵᠤ᠂ ᠪᠠᠷᠠᠭᠤᠨ ᠣᠷᠣᠨ ᠤ ᠪᠣᠬᠢᠷᠲᠤᠯ ᠦᠭᠡᠢ ᠠᠵᠤ  ᠦᠢᠯᠡᠰ ᠤᠨ ᠲᠦᠷᠭᠡᠨ ᠬᠥᠭᠵᠢᠬᠦ ᠶᠢ ᠠᠬᠢᠭᠤᠯᠤᠨ᠎ᠠ᠃ ᠤᠯᠤᠰ ᠤᠨ ᠤᠰᠤ ᠠᠷᠪᠢᠯᠠᠬᠤ ᠠᠵᠢᠯᠯᠠᠭ᠎ᠠ ᠵᠢᠴᠢ ᠡᠨᠧᠷᠭᠢ ᠶᠢᠨ ᠬᠤᠷᠣᠭᠳᠠᠭᠤᠯᠭ᠎ᠠ ᠶᠢᠨ ᠶᠡᠷᠦᠩᠬᠡᠶ ᠬᠡᠮᠵᠢᠶ᠎ᠡ ᠪᠠ ᠬᠦᠴᠦᠯᠡᠴᠡ ᠶᠢᠨ ᠬᠤᠤᠰ ᠡᠵᠡᠮᠳᠡᠯ ᠤᠨ ᠬᠡᠮᠵᠢᠶ᠎ᠡ ᠶᠢ ᠬᠡᠷᠡᠭᠵᠢᠭᠦᠯᠵᠦ᠂ ᠭᠤᠤᠯᠳᠠᠯᠭ᠎ᠠ ᠲᠠᠢ ᠬᠦᠷᠢᠶᠡᠨ ᠳᠠᠬᠢ ᠡᠨᠧᠷᠭᠢ ᠶᠢ ᠠᠷᠪᠢᠯᠠᠨ ᠪᠤᠬᠢᠷᠳᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ ᠡᠷᠬᠢᠯᠳᠡᠳᠤ ᠠᠵᠤ ᠠᠬᠤᠶ ᠶᠢ ᠶᠡᠭᠡ ᠪᠠᠷ ᠬᠥᠭᠵᠢᠭᠦᠯᠵᠦ᠂ ᠡᠬᠢ ᠪᠠᠶᠠᠯᠢᠭ ᠢ ᠳᠠᠪᠳᠠᠨ ᠠᠰᠢᠬᠯᠠᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠬᠦᠷᠢᠶᠡᠯᠡᠩ ᠲᠣᠭᠤᠷᠢᠭ ᠤᠨ ᠳᠠᠪᠳᠠᠨ ᠠᠰᠢᠭᠯᠠᠬᠤ ᠦᠭᠡᠷᠡᠴᠢᠯᠡᠯᠳᠡ ᠶᠢ ᠠᠬᠢᠭᠤᠯᠵᠤ᠂ ᠨᠡᠭᠦᠷᠡᠰᠦᠲᠥ᠋ᠷᠥᠭᠴᠢ ᠶᠢ ᠪᠠᠭ᠎ᠠ ᠭᠠᠳᠠᠭᠰᠢᠯᠠᠭᠤᠯᠤᠨ ᠬᠡᠯᠪᠡᠷᠢ ᠪᠠᠨ ᠬᠤᠪᠢᠷᠠᠭᠤᠯᠬᠤ ᠠᠷᠭ᠎ᠠ ᠵᠠᠮ ᠢ ᠬᠠᠶᠢᠨ ᠰᠦᠪᠡᠭᠴᠢᠯᠡᠬᠦ ᠶᠢ ᠵᠣᠷᠢᠭᠵᠢᠭᠤᠯᠤᠨ᠎ᠠ᠃ ᠭᠤᠣᠯ ᠤᠨ ᠳᠠᠷᠤᠭ᠎ᠠ ᠶᠢᠨ ᠳᠦᠷᠢᠮ᠂ ᠨᠠᠭᠤᠷ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠠᠬᠢᠭᠤᠯᠵᠤ᠂ ᠪᠣᠬᠢᠷᠲᠤᠯ ᠦᠭᠡᠢ ᠵᠢᠵᠢᠭ ᠤᠰᠤᠨ ᠴᠠᠬᠢᠯᠭᠠᠨ ᠤ ᠥᠭᠡᠷᠡᠴᠢᠯᠡᠯᠲᠡ ᠶᠢ ᠠᠬᠢᠭᠤᠯᠤᠨ᠎ᠠ᠃ ᠪᠠᠷᠠᠭᠤᠨ ᠡᠮᠦᠨᠡᠲᠦ ᠣᠷᠣᠨ ᠤ ᠬᠤᠲᠠ ᠪᠠᠯᠭᠠᠰᠤᠨ ᠤ ᠪᠣᠬᠢᠷ ᠣᠰᠣ ᠶᠢ ᠭᠠᠳᠠᠭᠰᠢᠯᠠᠭᠤᠯᠬᠤ ᠬᠤᠭᠤᠯᠠᠢ ᠶᠢᠨ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠲᠦᠷᠭᠡᠳᠬᠡᠵᠦ᠂ ᠭᠤᠤᠯ ᠳᠤ ᠪᠣᠬᠢᠷ ᠤᠰᠤ ᠤᠷᠤᠭᠤᠯᠬᠤ ᠠᠮᠠᠰᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠪᠠᠷᠠᠭᠤᠨ ᠬᠤᠶᠢᠲᠤ ᠣᠷᠣᠨ ᠤ ᠬᠤᠳᠠ ᠲᠤᠮᠳᠠᠬᠢ ᠲᠣᠰᠬᠤᠨ᠂ ᠬᠠᠭᠤᠴᠢᠨ ᠬᠤᠲᠠ ᠲᠣᠭᠤᠷᠢᠭ ᠪᠣᠯᠤᠨ ᠬᠤᠲᠠ ᠬᠥᠳᠡᠭᠡ ᠶᠢᠨ ᠠᠭᠤᠯᠵᠠᠷ ᠬᠡᠰᠡᠭ ᠤᠨ ᠪᠣᠬᠢᠷ ᠤᠰᠤᠨ ᠤ ᠤᠷᠤᠰᠬᠠᠯ ᠢ ᠲᠠᠰᠤᠯᠬᠤ᠂ ᠴᠤᠭᠯᠠᠭᠤᠯᠬᠤ᠂ ᠬᠠᠮᠢᠶᠠᠷᠬᠤ ᠠᠵᠢᠯ ᠢ ᠴᠢᠩᠭᠠᠳᠬᠠᠨ᠎ᠠ᠃ ᠬᠢᠯᠢ ᠠᠯᠤᠰᠯᠠᠭᠰᠠᠨ ᠠᠮᠢ ᠠᠬᠤᠶ ᠶᠢᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠬᠠᠮᠲᠤᠷᠠᠯᠴᠠᠭ᠎ᠠ ᠶᠢ ᠴᠢᠩᠭᠠᠳᠬᠠᠨ᠎ᠠ᠃       ᠲᠠᠪᠤ᠂ ᠭᠤᠤᠯᠳᠠᠯᠭ᠎ᠠ ᠲᠠᠢ ᠭᠦᠷᠢᠶᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠡᠷᠡᠰ ᠭᠤᠶᠢᠪᠢᠰᠢ ᠥᠬᠡᠶ ᠠᠬᠢᠭᠤᠯᠤᠨ᠎ᠠ       ︵ᠠᠷᠪᠠᠨ ᠳᠣᠯᠤᠭ᠎ᠠ︶ ᠴᠢᠬᠤᠯᠠ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠳᠣᠭᠢᠷᠠᠭᠤᠯᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠬᠠᠮᠲᠤ ᠶᠢᠨ ᠴᠦᠯᠯᠡᠷᠭᠡᠭ ᠭᠠᠵᠠᠷ ᠰᠢᠷᠣᠶ ᠶᠢᠨ ᠵᠠᠬ᠎ᠠ ᠳᠡᠯᠭᠡᠭᠦᠷᠴᠢᠯᠡᠬᠦ ᠠᠷᠭ᠎ᠠ ᠵᠠᠮ ᠢ ᠬᠠᠶᠢᠨ ᠰᠦᠪᠡᠭᠴᠢᠯᠡᠵᠦ᠂ ᠭᠠᠵᠠᠷ ᠰᠢᠷᠣᠶ ᠶᠢᠨ ᠬᠡᠷᠡᠭᠯᠡᠭᠡ ᠶᠢ ᠲᠣᠭᠲᠠᠭᠠᠨ᠂ ᠬᠤᠪᠢ ᠬᠥᠮᠦᠨ ᠤ ᠬᠡᠷᠡᠭᠯᠡᠬᠦ ᠡᠷᠬᠡ ᠶᠢ ᠭᠤᠶᠤᠴᠢᠯᠠᠨ ᠠᠪᠬᠤ ᠶᠢ ᠵᠣᠷᠢᠭᠵᠢᠭᠤᠯᠤᠨ᠎ᠠ᠃ ᠭᠤᠤᠯ ᠠᠵᠢᠯ ᠨᠢ ᠬᠦᠢᠴᠡᠳ ᠥᠷᠢᠰᠦᠯᠳᠦᠬᠦ ᠠᠵᠢᠯ ᠲᠥᠷᠥᠯ ᠪᠣᠯᠬᠤ ᠬᠤᠳᠠᠯᠳᠤᠭᠠᠨ ᠤ ᠲᠥᠷᠥᠯ ᠤᠨ ᠣᠷᠣᠨ ᠨᠤᠲᠤᠭ ᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠤᠨ᠎ᠠ᠃ ᠡᠬᠢ ᠪᠠᠶᠠᠯᠢᠭ ᠤᠨ ᠴᠢᠨᠠᠷᠲᠠᠶ  ᠦᠢᠯᠡᠳᠬᠦᠨ ᠵᠡᠷᠭᠡ ᠴᠢᠬᠤᠯᠠ ᠡᠯᠧᠮᠧᠨ᠋ᠲ ᠤᠨ ᠦᠨ᠎ᠡ ᠬᠠᠩᠰᠢ ᠶᠢᠨ ᠪᠦᠷᠢᠯᠳᠦᠯ ᠤᠨ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠦᠨ᠎ᠡ ᠲᠣᠭᠲᠠᠭᠠᠬᠤ ᠥᠪᠡᠷ ᠤᠨ ᠦᠷᠳᠡᠭ ᠤᠨ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠥᠷᠢᠰᠥᠯᠳᠦᠭᠡᠨ ᠤ ᠴᠢᠨᠠᠷᠲᠠᠶ ᠭᠤᠭᠴᠤᠭᠠᠨ ᠳᠠᠬᠢ ᠴᠠᠬᠢᠯᠭᠠᠨ ᠤ ᠦᠨ᠎ᠡ ᠶᠢ ᠡᠮᠬᠢ ᠵᠢᠷᠤᠮ ᠲᠠᠢ ᠪᠠᠷ ᠴᠢᠯᠥᠭᠡᠲᠡᠶ ᠲᠠᠯᠪᠢᠵᠤ᠂ ᠳᠠᠮᠵᠢᠭᠤᠯᠵᠤ ᠲᠦᠭᠡᠭᠡᠬᠦ ᠴᠠᠬᠢᠯᠭᠠᠨ ᠤ ᠦᠨ᠎ᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠨᠡᠮᠡᠭᠳᠡᠯ ᠴᠠᠬᠢᠯᠭᠠᠨ ᠢ ᠲᠦᠭᠡᠭᠡᠬᠦ ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠠᠬᠢᠭᠤᠯᠵᠤ᠂ ᠴᠠᠬᠢᠯᠭᠠᠨ ᠬᠦᠴᠦᠨ ᠤ ᠪᠡᠯᠡᠨ ᠪᠠᠷᠠᠭ᠎ᠠ ᠶᠢᠨ ᠠᠷᠠᠯᠵᠢᠶᠠᠨ ᠤ ᠲᠤᠷᠰᠢᠯᠲᠠ ᠶᠢᠨ ᠴᠡᠭ ᠢ ᠥᠷᠨᠢᠭᠦᠯᠦᠨ᠎ᠡ᠃ ᠤᠰᠤ ᠡᠯᠪᠡᠭᠵᠢᠭᠰᠡᠨ ᠬᠤᠭᠤᠴᠠᠭᠠᠨ ᠳᠠᠬᠢ ᠰᠠᠭᠤᠭᠠᠯᠢ ᠠᠷᠠᠳ ᠤᠨ ᠠᠮᠢᠳᠤᠷᠠᠯ ᠤᠨ ᠴᠠᠬᠢᠯᠭᠠᠨ ᠡᠨᠧᠷᠭᠢ ᠶᠢ ᠣᠷᠣᠯᠠᠭᠤᠯᠬᠤ ᠵᠡᠷᠭᠡ ᠴᠠᠬᠢᠯᠭᠠᠨ ᠤ ᠦᠨ᠎ᠡ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠪᠠᠷᠠᠭᠤᠨ ᠣᠷᠣᠨ ᠤ ᠴᠡᠪᠡᠷ ᠡᠨᠧᠷᠭᠢ ᠶᠢ ᠰᠢᠩᠭᠡᠭᠡᠨ ᠠᠰᠢᠬᠯᠠᠬᠤ ᠶᠢ ᠠᠬᠢᠭᠤᠯᠤᠨ᠎ᠠ᠃ ᠪᠠᠶᠢᠭᠠᠯᠢ ᠶᠢᠨ ᠰᠢᠲᠠᠮᠠᠬᠠᠶ ᠬᠡᠢ ᠶᠢᠨ ᠬᠠᠷᠢᠮᠠᠬᠠᠶ ᠴᠢᠨᠠᠷᠲᠠᠶ ᠦᠨ᠎ᠡ ᠬᠠᠩᠰᠢ ᠶᠢᠨ ᠲᠣᠭᠲᠠᠴᠠ ᠪᠠ ᠳᠡᠭᠡᠲᠦ ᠳᠣᠤᠷᠠᠳᠤ ᠤᠷᠤᠰᠬᠠᠯ ᠤᠨ ᠦᠨ᠎ᠡ ᠬᠠᠩᠰᠢ ᠶᠢᠨ ᠳᠠᠮᠵᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠵᠠᠬ᠎ᠠ ᠳᠡᠯᠭᠡᠭᠦᠷᠴᠢᠯᠡᠭᠰᠡᠨ᠂ ᠣᠯᠠᠨ ᠡᠰᠢᠵᠢᠭᠰᠡᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠵᠠᠬ᠎ᠠ ᠳᠡᠯᠭᠡᠭᠦᠷ ᠤᠨ ᠰᠢᠰᠲ᠋ᠧᠮᠵᠢ ᠶᠢ ᠤᠯᠠᠮ ᠴᠢᠨᠠᠬᠰᠢᠳᠠ ᠲᠡᠭᠦᠯᠳᠡᠷᠵᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠠᠷᠠᠯᠵᠢᠶᠠᠨ ᠤ ᠨᠢᠭᠡᠳᠦᠯᠲᠡᠶ ᠲᠠᠪᠴᠠᠩ ᠢ ᠪᠠᠶᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠠᠰᠢᠭ ᠣᠷᠣᠯᠭ᠎ᠠ ᠶᠢ ᠬᠤᠪᠢᠶᠠᠷᠢᠯᠠᠬᠤ ᠲᠦᠷᠢᠮ ᠢ ᠪᠦᠷᠢᠨᠰᠢᠭᠦᠯᠤᠨ᠎ᠡ᠃ ᠪᠠᠷᠠᠭᠤᠨ ᠣᠷᠣᠨ ᠤ ᠰᠢᠭᠤᠳ ᠪᠡᠯᠡ ᠬᠤᠷᠠᠮᠳᠤᠭᠤᠯᠬᠤ ᠬᠠᠷᠢᠴᠠᠯ ᠢ ᠳᠡᠭᠡᠭᠰᠢᠯᠡᠭᠦᠯᠵᠦ᠂ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠨ ᠬᠢᠯᠢ ᠶᠢᠨ ᠳᠣᠲᠣᠨ᠎ᠠ ᠭᠠᠳᠠᠨᠠᠬᠢ ᠵᠠᠬ᠎ᠠ ᠳᠤ ᠭᠠᠷᠴᠦ ᠪᠠᠯᠠ ᠬᠤᠷᠠᠮᠳᠤᠭᠤᠯᠬᠤ᠂ ᠳᠠᠬᠢᠨ ᠪᠠᠯᠠ ᠬᠤᠷᠠᠮᠳᠤᠭᠤᠯᠬᠤ ᠶᠢ ᠳᠠᠮᠵᠢᠵᠤ᠂ ᠺᠣᠮᠫᠠᠨᠢ ᠶᠢᠨ ᠢᠲᠡᠭᠡᠮᠵᠢ ᠶᠢᠨ ᠲᠥᠷᠥᠯ ᠤᠨ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ᠂ ᠡᠳ᠋ ᠬᠥᠷᠥᠩᠭᠡ ᠪᠠᠨ ᠦᠨᠡᠳᠦ ᠲᠡᠮᠳᠡᠭᠴᠢᠯᠡᠭᠰᠡᠨ ᠦᠢᠯᠡᠳᠬᠦᠨ ᠪᠤᠯᠭᠠᠵᠦ ᠪᠠᠯᠠ ᠬᠤᠷᠠᠮᠳᠤᠭᠤᠯᠤᠨ᠎ᠠ᠃ ᠪᠠᠷᠠᠭᠤᠨ ᠤᠷᠤᠨ ᠤ ᠶᠠᠳᠠᠭᠤ ᠬᠦᠴᠢᠷᠳᠡᠯᠲᠡᠶ ᠭᠠᠵᠠᠷ ᠣᠷᠣᠨ ᠤ ᠠᠵᠤ ᠠᠬᠤᠶᠢᠯᠠᠯ ᠠᠩᠬ᠎ᠠ ᠤᠳᠠᠭ᠎ᠠ ᠢᠯᠡ ᠪᠠᠷ ᠲᠠᠷᠬᠠᠭᠠᠵᠤ ᠵᠠᠬ᠎ᠠ ᠳᠡᠯᠭᠡᠭᠦᠷ ᠲᠤ ᠭᠠᠷᠭᠠᠬᠤ᠂ ᠰᠲ᠋ᠤᠺ ᠤᠨ ᠡᠷᠬᠡ ᠶᠢ ᠠᠷᠠᠯᠵᠢᠶᠠᠯᠠᠬᠤ ᠲᠡᠪᠴᠡᠩ ᠤᠨ ᠫᠠᠶᠢᠰᠠ ᠡᠯᠭᠦᠬᠦ᠂ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ᠂ ᠨᠡᠶᠢᠯᠡᠭᠦᠯᠦᠨ ᠬᠤᠳᠠᠯᠳᠤᠨ ᠠᠪᠴᠤ ᠲᠠᠬᠢᠨ ᠪᠠᠶᠢᠭᠤᠯᠬᠤ ᠵᠡᠷᠭᠡ ᠳᠤ ᠰᠠᠭᠠᠳ ᠦᠭᠡᠢ ᠨᠡᠪᠲᠡᠷᠡᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠤᠨ᠎ᠡ᠃       ︵ᠠᠷᠪᠠᠨ ᠨᠠᠢᠮᠠ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠣᠯ ᠤᠨ ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠤᠨ᠎ᠠ᠃ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠳᠤ ᠡᠭᠦᠷᠭᠡ ᠲᠤᠰᠢᠶᠠᠯ ᠤᠨ ᠬᠡᠪᠴᠢᠶᠡᠨ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠥᠮᠴᠢᠯᠡᠬᠦ ᠡᠷᠬᠡ ᠪᠤᠶᠤ ᠣᠷᠳᠣ ᠬᠤᠭᠤᠴᠠᠭ᠎ᠠ ᠪᠠᠷ ᠬᠡᠷᠡᠭᠯᠡᠬᠦ ᠡᠷᠬᠡ ᠣᠯᠭᠤᠬᠤ ᠲᠤᠷᠰᠢᠯᠲᠠ ᠶᠢᠨ ᠴᠡᠭ ᠤᠨ ᠠᠵᠢᠯ ᠢ ᠬᠠᠶᠢᠨ ᠰᠦᠪᠡᠭᠴᠢᠯᠡᠨ᠎ᠡ᠃ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠢ ᠬᠡᠷᠡᠭᠯᠡᠬᠦ ᠡᠵᠡᠨ ᠮᠡᠳᠡᠬᠦ ᠡᠷᠬᠡ ᠶᠢ ᠥᠷᠭᠡᠳᠬᠡᠬᠦ ᠶᠢ ᠳᠡᠮᠵᠢᠵᠦ᠂ ᠤᠶᠤᠨ ᠤᠬᠠᠭᠠᠨ ᠲᠦᠪᠯᠡᠷᠡᠭᠰᠡᠨ ᠬᠡᠯᠪᠡᠷᠢ ᠶᠢᠨ ᠲᠦᠷᠦᠯ ᠵᠦᠢᠯ ᠤᠨ ᠲᠠᠮ ᠵᠠᠷᠤᠳᠠᠯ ᠤᠨ ᠬᠠᠷᠢᠴᠠᠯ ᠢ ᠳᠡᠭᠡᠭᠰᠢᠯᠡᠭᠦᠯᠬᠦ ᠶᠢᠨ ᠬᠠᠮᠲᠤ ᠰᠢᠨ᠎ᠡ ᠶᠢ ᠡᠭᠦᠳᠦᠭᠰᠡᠨ ᠠᠮᠵᠢᠯᠲᠠ ᠪᠦᠲᠦᠮᠵᠢ ᠪᠠᠷ ᠲᠤᠪᠤᠶᠢᠮ᠎ᠠ ᠪᠦᠯᠬᠦᠮ ᠨᠢᠭᠡᠴᠡ ᠪᠠ ᠬᠤᠪᠢ ᠬᠥᠮᠦᠨ ᠲᠡᠰᠢ ᠬᠡᠯᠪᠠᠶᠢᠯᠭᠡᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠤ ᠴᠠᠯᠢᠩ ᠬᠥᠯᠥᠰᠥ ᠶᠢᠨ ᠳᠦᠷᠢᠮ ᠤᠨ ᠥᠭᠡᠷᠡᠴᠢᠯᠡᠯᠲᠡ ᠶᠢ ᠲᠦᠷᠭᠡᠳᠬᠡᠵᠦ᠂ ᠶᠡᠭᠡ ᠳᠡᠭᠡᠳᠦ ᠰᠤᠷᠭᠠᠭᠤᠯᠢ ᠪᠣᠯᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠴᠠᠯᠢᠩ ᠤᠨ ᠬᠤᠪᠢᠶᠠᠷᠢᠯᠠᠯᠲᠠ ᠶᠢᠨ ᠡᠵᠡᠨ ᠮᠡᠳᠡᠬᠦ ᠡᠷᠬᠡ ᠶᠢ ᠥᠷᠭᠡᠳᠬᠡᠨ᠂ ᠠᠵᠢᠯ ᠤᠨ ᠠᠮᠵᠢᠯᠲᠠ ᠪᠦᠳᠦᠮᠵᠢ ᠶᠢᠨ ᠴᠠᠯᠢᠩ ᠤᠨ ᠬᠤᠪᠢᠶᠠᠷᠢᠯᠠᠯᠲᠠ ᠶᠢᠨ ᠲᠣᠭᠲᠠᠴᠠ ᠶᠢ ᠪᠦᠷᠢᠨᠰᠢᠭᠦᠯᠦᠨ᠎ᠡ᠃       ︵ᠠᠷᠪᠠ ᠶᠢᠰᠦ︶ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ ᠣᠷᠣᠨ ᠨᠤᠲᠤᠭ ᠤᠨ ᠢᠲᠡᠭᠡᠮᠵᠢ ᠶᠢᠨ ᠬᠠᠤᠯᠢ ᠲᠣᠭᠲᠠᠭᠠᠯ ᠤᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠨ᠎ᠠ᠃ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠢᠲᠡᠭᠡᠮᠵᠢ ᠠᠯᠳᠠᠭᠰᠠᠨ ᠬᠠᠷᠢᠭᠤᠴᠠᠯᠭ᠎ᠠ ᠶᠢ ᠨᠡᠬᠡᠮᠵᠢᠯᠡᠬᠦ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠮᠤᠵᠢ ᠬᠤᠲᠠ ᠰᠢᠶᠠᠨ ᠤ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠬᠤᠪᠢᠶᠠᠯᠴᠠᠬᠤ ᠲᠠᠪᠴᠠᠩ ᠢ ᠲᠡᠭᠦᠯᠳᠡᠷᠵᠢᠭᠦᠯᠦᠨ᠎ᠡ᠃ ᠢᠲᠡᠭᠡᠮᠵᠢ ᠶᠢᠨ ᠮᠡᠳᠡᠭᠡ ᠵᠠᠩᠭᠢ ᠴᠤᠭᠯᠠᠭᠤᠯᠬᠤ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠲᠦᠷᠭᠡᠳᠬᠡᠵᠦ᠂ ᠰᠠᠶᠢᠨ ᠰᠠᠶᠢᠬᠠᠨ ᠢᠲᠡᠭᠡᠯ ᠬᠦᠨᠳᠦ ᠲᠠᠢ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠪᠤᠶᠢᠵᠢᠭᠤᠯᠵᠤ᠂ ᠪᠠᠷᠠᠭᠤᠨ ᠣᠷᠣᠨ ᠳᠤ ᠲᠣᠬᠢᠷᠠᠬᠤ ᠢᠲᠡᠭᠡᠮᠵᠢ ᠶᠢᠨ ᠦᠢᠯᠡᠳᠬᠦᠨ ᠢ ᠰᠤᠳᠤᠯᠤᠨ ᠨᠡᠭᠡᠭᠡᠬᠦ ᠶᠢ ᠵᠣᠷᠢᠭᠵᠢᠭᠤᠯᠤᠨ᠎ᠠ᠃        ︵ᠬᠤᠷᠢ︶ ᠡᠵᠡᠩᠨᠡᠨ ᠠᠷᠠᠯᠵᠢᠶᠠᠯᠠᠬᠤ ᠰᠠᠶᠢᠨ ᠰᠠᠶᠢᠬᠠᠨ ᠣᠷᠴᠢᠨ ᠨᠦᠬᠦᠴᠡᠯ ᠢ ᠴᠢᠷᠮᠠᠶᠢᠨ ᠪᠣᠶ ᠪᠣᠯᠭᠠᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠲᠦᠷᠭᠡᠳᠬᠡᠨ ᠪᠠᠶᠢᠭᠤᠯᠤᠨ᠎ᠠ᠃ ᠪᠦᠬᠦ ᠤᠯᠤᠰ ᠤᠨ ᠨᠢᠭᠡᠳᠦᠯᠲᠡᠶ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠶ ᠲᠠᠯ᠎ᠠ ᠶᠢᠨ ᠨᠠᠷᠢᠨ ᠳᠠᠩᠰᠠ ᠶᠢᠨ ᠳᠦᠷᠢᠮ ᠢ ᠨᠠᠶᠢᠳᠠᠪᠤᠷᠢᠵᠢᠭᠤᠯᠵᠤ᠂ ︽ᠴᠠᠭᠠᠵᠠᠯᠠᠬᠰᠠᠨ ᠦᠭᠡᠢ ᠯᠡ ᠪᠣᠯ ᠣᠷᠣᠵᠤ ᠪᠤᠯᠬᠤ︾ ᠶᠢ ᠨᠡᠶᠢᠳᠡᠮ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠬᠡᠳᠦᠷᠡᠬᠦ ᠳᠡᠭᠡᠨ ᠨᠢᠭᠡ ᠤᠳᠠᠭ᠎ᠠ ᠭᠦᠶᠦᠯᠭᠡᠬᠦ︾ ᠪᠠ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠠᠮᠠᠯᠠᠯᠲᠠ ᠶᠢᠨ ᠳᠦᠷᠢᠮ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠴᠠᠭ ᠢ ᠶᠡᠭᠡ ᠪᠠᠷ ᠪᠠᠭᠠᠰᠬᠠᠨ᠎ᠠ᠃ ᠭᠠᠶᠢᠯᠢ ᠶᠢ ᠪᠠᠭᠠᠰᠬᠠᠵᠦ ᠰᠦᠢᠳᠬᠡᠯ ᠢ ᠪᠠᠭᠤᠷᠠᠭᠤᠯᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠪᠠᠷᠠᠭᠠᠨ ᠤ ᠬᠦᠢᠯᠬᠡᠬᠡ᠂ ᠡᠨᠧᠷᠭᠢ ᠬᠡᠷᠡᠭᠯᠡᠬᠦ ᠵᠡᠷᠭᠡ ᠵᠠᠷᠤᠳᠠᠯ ᠢ ᠬᠦᠴᠦᠯᠡᠨ ᠪᠠᠭᠤᠷᠠᠭᠤᠯᠤᠨ᠎ᠠ᠃ ︽ᠬᠤᠶᠠᠷ ᠢ ᠳᠣᠬᠢᠶᠠᠯᠳᠣᠭᠤᠯᠣᠯ  ᠢᠶᠠᠷ᠂ ᠨᠢᠭᠡ ᠶᠢ ᠢᠯᠡ ᠪᠠᠶᠢᠯᠭᠠᠬᠤ︾ ᠬᠢᠨᠠᠠ ᠬᠠᠮᠢᠶᠠᠷᠤᠯᠲᠠ ᠶᠢ ᠬᠡᠷᠡᠭᠵᠢᠭᠦᠯᠵᠦ᠂ ᠰᠢᠨ᠎ᠡ ᠮᠡᠷᠭᠡᠵᠢᠯ᠂ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠵᠠᠭᠪᠤᠷ ᠲᠤ ᠬᠢᠨᠠᠭᠤᠷ ᠪᠣᠯᠭᠤᠮᠵᠢᠲᠠᠢ ᠪᠠᠭᠲᠠᠭᠠᠮᠵᠢᠲᠠᠢ ᠬᠢᠨᠠᠠ ᠬᠠᠮᠢᠶᠠᠷᠤᠯᠲᠠ ᠶᠢ ᠬᠡᠷᠡᠭᠵᠢᠭᠦᠯᠵᠦ᠂ ᠬᠢᠨᠠᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠳᠤᠷ᠎ᠠ ᠪᠠᠷ ᠢᠶᠠᠨ ᠪᠠᠶᠢᠴᠠᠭᠠᠬᠤ᠂ ᠬᠠᠤᠯᠢ ᠬᠡᠷᠡᠭᠵᠢᠭᠦᠯᠤᠨ ᠠᠷᠠᠳ ᠢ ᠬᠠᠷᠰᠢᠯᠠᠬᠤ ᠶᠢ ᠰᠡᠷᠭᠡᠶᠢᠯᠡᠨ ᠬᠤᠷᠢᠬᠯᠠᠨ᠎ᠠ᠃ ᠥᠷᠢᠰᠥᠯᠳᠦᠭᠡᠨ ᠤ ᠲᠥᠷᠥ ᠶᠢᠨ ᠪᠣᠳᠣᠯᠭ᠎ᠠ ᠶᠢᠨ ᠰᠠᠭᠤᠷᠢ ᠪᠤᠯᠬᠤ ᠪᠠᠶᠢᠷᠢ ᠰᠠᠭᠤᠷᠢ ᠶᠢ ᠴᠢᠩᠭᠠᠳᠬᠠᠵᠤ᠂ ᠲᠦᠪ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠳᠦᠷᠢᠮ ᠢ ᠤᠯᠠᠮ ᠴᠢᠨᠠᠬᠰᠢᠲᠠ ᠨᠠᠶᠢᠳᠠᠪᠤᠷᠢᠵᠢᠭᠤᠯᠵᠤ᠂ ᠨᠢᠭᠡᠳᠦᠯᠲᠡᠶ ᠵᠠᠬ᠎ᠠ ᠳᠡᠯᠭᠡᠭᠦᠷ ᠪᠣᠯᠤᠨ ᠲᠦᠪ ᠭᠤᠤᠯᠴᠢ ᠥᠷᠢᠰᠥᠯᠳᠦᠭᠡᠨ ᠢ ᠬᠠᠷᠰᠢᠯᠠᠵᠤ ᠪᠠᠶᠢᠭ᠎ᠠ ᠡᠯ᠎ᠡ ᠵᠦᠢᠯ ᠤᠨ ᠲᠣᠭᠲᠠᠭᠠᠯ ᠪᠣᠯᠤᠨ ᠠᠷᠭ᠎ᠠ ᠬᠡᠮᠵᠢᠶ᠎ᠡ ᠶᠢ ᠬᠦᠴᠦᠨ ᠦᠭᠡᠶ ᠪᠣᠯᠭᠠᠨ ᠴᠡᠪᠡᠷᠯᠡᠬᠦ ᠶᠢ ᠲᠦᠷᠭᠡᠳᠭᠡᠵᠦ᠂ ᠵᠦᠢ ᠪᠤᠰᠤ ᠥᠷᠢᠰᠥᠯᠳᠦᠭᠡᠨ ᠤ ᠠᠵᠢᠯᠯᠠᠭ᠎ᠠ ᠶᠢ ᠵᠠᠰᠠᠬᠤ ᠠᠵᠢᠯ ᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠤᠢ ᠪᠤᠯᠭᠠᠨ᠎ᠠ᠃       ᠵᠢᠷᠭᠤᠭ᠎ᠠ᠂ ᠠᠷᠠᠳ ᠲᠦᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠵᠥ᠂ ᠠᠷᠠᠳ ᠤᠯᠠᠨ ᠤ ᠬᠦᠷᠳᠡᠮᠵᠢ ᠶᠢᠨ ᠲᠦᠷᠦᠭᠳᠡᠯ᠂ ᠵᠢᠷᠭᠠᠯᠳᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠡᠮᠡᠭᠳᠡᠬᠦᠯᠬᠦ ᠶᠢ ᠲᠤᠪᠤᠶᠢᠮ᠎ᠠ ᠪᠠᠶᠢᠷᠢᠨ ᠳᠤ ᠲᠠᠯᠪᠢᠨ᠎ᠠ       ︵ᠬᠤᠷᠢᠨ ᠨᠢᠬᠡ︶ ᠤᠯᠠᠨ ᠨᠡᠶᠢᠳᠡ ᠶᠢᠨ ᠠᠵᠢᠯ ᠤᠯᠭᠤᠬᠤ ᠦᠢᠯᠡᠰ ᠪᠤᠰᠬᠠᠬᠤ ᠦᠢᠯᠡᠴᠢᠯᠡᠭᠡ ᠶᠢ ᠴᠢᠩᠭᠠᠳᠬᠠᠨ᠎ᠠ᠃ ᠬᠤᠳᠠ ᠬᠦᠳᠡᠭᠡ ᠶᠢᠨ ᠬᠦᠳᠡᠯᠮᠤᠷᠢᠴᠢᠳ ᠤᠨ ᠨᠠᠰᠤᠨ ᠲᠤᠷᠰᠢᠳᠡ ᠶᠢᠨ ᠠᠵᠢᠯ ᠮᠡᠷᠬᠡᠵᠢᠯ ᠤᠨ ᠤᠷ᠎ᠡ ᠴᠢᠳᠠᠪᠤᠷᠢ ᠶᠢᠨ ᠪᠤᠯᠪᠠᠰᠤᠷᠠᠯ ᠤᠨ ᠲᠦᠷᠦ ᠶᠢᠨ ᠪᠤᠳᠤᠯᠭ᠎ᠠ ᠪᠤᠯᠤᠨ ᠵᠤᠬᠢᠶᠠᠨ ᠪᠠᠶᠢᠭᠤᠯᠵᠥ ᠬᠡᠷᠡᠭᠵᠢᠬᠦᠯᠬᠦ ᠰᠢᠰᠲ᠋ᠧᠮᠵᠢ ᠶᠢ ᠲᠡᠬᠦᠯᠳᠡᠷᠵᠢᠬᠦᠯᠥᠨ᠎ᠡ᠃ ᠠᠵᠢᠯ ᠤᠯᠭᠤᠯᠳᠠ ᠪᠤᠯᠤᠨ ᠤᠯᠤᠰ ᠤᠨ ᠨᠡᠶᠢᠳᠡᠮ ᠬᠡᠷᠡᠭᠯᠡᠬᠦ ᠦᠬᠡ ᠬᠡᠯᠡᠨ ᠤ ᠪᠤᠯᠪᠠᠰᠤᠷᠠᠯ ᠢ ᠴᠢᠩᠭᠠᠳᠬᠠᠨ᠎ᠠ᠃ ᠶᠡᠭᠡ ᠲᠡᠬᠡᠳᠤ ᠰᠤᠷᠭᠠᠭᠤᠯᠢ ᠲᠡᠬᠦᠰᠦᠭᠰᠡᠳ ᠤᠨ ᠪᠠᠷᠠᠭᠤᠨ ᠤᠷᠤᠨ ᠳᠤ ᠠᠵᠢᠯ ᠤᠯᠬᠤ ᠶᠢ ᠲᠡᠳᠬᠦᠬᠦ ᠡᠷᠴᠢᠮ ᠢᠶᠠᠨ ᠴᠢᠩᠭᠠᠷᠠᠭᠤᠯᠤᠨ᠎ᠠ᠃ ᠬᠦᠳᠡᠭᠡ ᠲᠤᠰᠬᠤᠨ ᠤ ᠬᠦᠳᠡᠯᠮᠤᠷᠢ ᠬᠦᠴᠦᠨ ᠤ ᠰᠢᠯᠵᠢᠵᠥ ᠠᠵᠢᠯ ᠤᠯᠬᠤ ᠪᠠ ᠬᠦᠯᠥᠰᠦᠨ ᠲᠠᠷᠢᠶᠠᠴᠢᠨ ᠤ ᠨᠤᠳᠤᠭ ᠲᠠᠭᠠᠨ ᠪᠤᠴᠠᠵᠥ ᠦᠢᠯᠡᠰ ᠪᠤᠰᠬᠠᠵᠥ ᠠᠵᠢᠯ ᠤᠯᠬᠤ ᠶᠢ ᠢᠳᠡᠪᠬᠢᠳᠡᠢ ᠬᠦᠳᠦᠯᠥᠨ ᠵᠢᠯᠤᠭᠤᠳᠤᠨ᠎ᠠ᠃ ᠦᠯᠡᠬᠦᠤ ᠦᠢᠯᠡᠳᠪᠤᠷᠢᠯᠡᠯ ᠤᠨ ᠴᠢᠳᠠᠪᠤᠷᠢ ᠶᠢ ᠪᠠᠭᠠᠰᠬᠠᠬᠤ ᠠᠴᠠ ᠪᠤᠯᠵᠦ ᠬᠠᠰᠤᠬᠳᠠᠬᠰᠠᠨ ᠠᠵᠢᠯᠳᠠᠨ ᠠᠵᠢᠯᠴᠢᠨ ᠢ ᠢᠯᠭᠠᠪᠤᠷᠢᠯᠠᠨ ᠲᠦᠪᠬᠢᠨᠡᠬᠦᠯᠬᠦ ᠠᠵᠢᠯ ᠢ ᠲᠤᠬᠢᠳᠠᠢ ᠰᠠᠶᠢᠳᠤᠷ ᠬᠢᠨ᠎ᠡ᠃ ᠡᠷᠴᠢᠮ ᠢᠶᠠᠨ ᠴᠢᠩᠭᠠᠷᠠᠭᠤᠯᠵᠥ ᠪᠠᠶᠢᠭᠠᠳ ᠠᠮᠢᠳᠤᠯᠢᠭ ᠢᠶᠠᠷ ᠠᠵᠢᠯ ᠤᠯᠬᠤ ᠪᠠ ᠰᠢᠨ᠎ᠡ ᠪᠠᠷ ᠠᠵᠢᠯ ᠤᠯᠬᠤ ᠬᠡᠯᠪᠡᠷᠢ ᠶᠢ ᠲᠡᠮᠵᠢᠨ᠎ᠡ᠃       ︵ᠬᠤᠷᠢᠨ ᠬᠤᠶᠠᠷ︶ ᠰᠤᠷᠭᠠᠨ ᠬᠦᠮᠥᠵᠢᠯ  ᠤᠨ ᠴᠢᠨᠠᠷ ᠰᠠᠶᠢᠳᠠᠢ ᠬᠦᠭᠵᠢᠯᠳᠡ  ᠶᠢ ᠲᠡᠮᠵᠢᠨ᠎ᠡ᠃ ᠲᠦᠭᠡᠮᠡᠯ ᠬᠠᠷᠠᠭᠠᠯᠵᠠᠯ  ᠤᠨ ᠴᠢᠨᠠᠷᠳᠠᠢ ᠬᠡᠤᠬᠡᠳ  ᠤᠨ ᠴᠡᠴᠡᠷᠯᠢᠭ  ᠤᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠥ᠂ ᠶᠠᠳᠠᠭᠤ ᠬᠦᠴᠢᠷᠳᠡᠯᠳᠡᠢ ᠭᠠᠵᠠᠷ ᠤᠷᠤᠨ  ᠤ ᠬᠡᠤᠬᠡᠳ  ᠤᠨ ᠴᠡᠴᠡᠷᠯᠢᠭ  ᠤᠨ ᠪᠠᠭᠰᠢ ᠶᠢ ᠶᠡᠭᠡ  ᠪᠠᠷ ᠬᠦᠮᠥᠵᠢᠬᠦᠯᠵᠥ ᠪᠤᠯᠪᠠᠰᠤᠷᠠᠭᠤᠯᠤᠨ᠎ᠠ᠃ ᠶᠠᠳᠠᠭᠤ ᠬᠦᠴᠢᠷᠳᠡᠯᠳᠡᠢ ᠭᠠᠵᠠᠷ ᠤᠷᠤᠨ  ᠤ ᠠᠯᠪᠠᠨ ᠵᠢᠷᠤᠮ  ᠤᠨ ᠰᠤᠷᠭᠠᠨ ᠬᠦᠮᠥᠵᠢᠯ   ᠤᠨ ᠪᠠᠭᠤᠷᠠᠢ ᠰᠤᠷᠭᠠᠭᠤᠯᠢ  ᠶᠢᠨ ᠰᠤᠷᠭᠠᠭᠤᠯᠢ ᠡᠷᠬᠢᠯᠡᠬᠦ ᠦᠨᠳᠦᠰᠦᠨ ᠨᠦᠬᠦᠴᠡᠯ  ᠢ ᠲᠦᠷᠬᠡᠳᠭᠡᠨ ᠰᠠᠶᠢᠵᠢᠷᠠᠭᠤᠯᠵᠥ᠂ ᠬᠦᠳᠡᠭᠡ ᠲᠤᠰᠬᠤᠨ  ᠤ ᠪᠠᠭ᠎ᠠ ᠬᠡᠪᠴᠢᠶ᠎ᠡ  ᠲᠠᠢ ᠰᠤᠷᠭᠠᠭᠤᠯᠢ᠂ ᠰᠢᠶᠠᠩ ᠪᠠᠯᠭᠠᠰᠤᠨ  ᠤ ᠪᠠᠶᠢᠷᠢ  ᠳᠤ ᠰᠠᠭᠤᠬᠤ ᠲᠦᠷᠢᠮᠳᠤ ᠰᠤᠷᠭᠠᠭᠤᠯᠢ  ᠶᠢᠨ ᠪᠦᠳᠦᠬᠡᠨ ᠪᠠᠶᠢᠭᠤᠯᠤᠯᠳᠠ  ᠶᠢ ᠪᠦᠬᠦ ᠲᠡᠯ᠎ᠡ  ᠪᠠᠷ ᠴᠢᠩᠭᠠᠳᠬᠠᠨ᠎ᠠ᠃ ᠰᠢᠶᠠᠨ ᠲᠤᠭᠤᠷᠢᠬ  ᠤᠨ ᠠᠯᠪᠠᠨ ᠵᠢᠷᠤᠮ  ᠤᠨ ᠰᠤᠷᠭᠠᠨ ᠬᠦᠮᠥᠵᠢᠯ  ᠤᠨ ᠰᠤᠷᠭᠠᠭᠤᠯᠢ  ᠶᠢᠨ ᠡᠷᠳᠡᠮ  ᠤᠨ ᠴᠤᠯᠠ  ᠶᠢᠨ ᠬᠠᠩᠭᠠᠯᠭ᠎ᠠ ᠬᠡᠷᠡᠭᠴᠡᠭᠡ  ᠶᠢᠨ ᠵᠦᠷᠢᠴᠡᠯ ᠲᠤᠪᠤᠶᠢᠮ᠎ᠠ ᠪᠠᠶᠢᠬᠤ ᠭᠠᠵᠠᠷ ᠤᠷᠤᠨ  ᠳᠤ ᠠᠯᠪᠠᠨ ᠵᠢᠷᠤᠮ  ᠤᠨ ᠰᠤᠷᠭᠠᠨ ᠬᠦᠮᠥᠵᠢᠯ  ᠤᠨ ᠬᠠᠩᠭᠠᠯᠭ᠎ᠠ  ᠶᠢ ᠡᠮᠬᠢ ᠵᠢᠷᠤᠮ  ᠲᠠᠢ  ᠪᠠᠷ ᠨᠡᠮᠡᠭᠳᠡᠬᠦᠯᠵᠥ᠂ ︽ᠰᠤᠷᠤᠭᠴᠢ ᠣᠯᠠᠨ ᠠᠩᠬᠢ︾  ᠶᠢᠨ ᠠᠰᠠᠭᠤᠳᠠᠯ ᠢ ᠪᠦᠳᠦᠮᠵᠢᠳᠡᠢ ᠰᠢᠢᠳᠪᠤᠷᠢᠯᠡᠵᠥ᠂ ᠰᠤᠷᠤᠯᠭ᠎ᠠ  ᠪᠠᠨ ᠲᠤᠷᠭᠤᠨ ᠵᠤᠬᠰᠤᠬᠤ  ᠶᠢ ᠬᠢᠵᠠᠭᠠᠷᠯᠠᠵᠥ ᠰᠤᠷᠭᠠᠭᠤᠯᠢ  ᠳᠤ ᠤᠷᠤᠬᠤ  ᠶᠢ ᠪᠠᠳᠤᠯᠠᠬᠤ ᠠᠵᠢᠯ  ᠢ ᠰᠠᠶᠢᠳᠤᠷ ᠬᠢᠨ᠎ᠡ᠃ ᠤᠳᠤ ᠦᠶ᠎ᠡ  ᠶᠢᠨ ᠠᠵᠢᠯ ᠮᠡᠷᠬᠡᠵᠢᠯ  ᠤᠨ ᠰᠤᠷᠭᠠᠨ ᠬᠦᠮᠥᠵᠢᠯ  ᠢ ᠬᠦᠭᠵᠢᠬᠦᠯᠵᠥ᠂ ᠠᠵᠢᠯ ᠮᠡᠷᠬᠡᠵᠢᠯ  ᠤᠨ ᠰᠤᠷᠭᠠᠨ ᠬᠦᠮᠥᠵᠢᠯ  ᠤᠨ ᠵᠡᠬᠦᠨ ᠪᠠᠷᠠᠭᠤᠨ ᠤᠷᠤᠨ  ᠤ ᠬᠠᠮᠵᠢᠯᠴᠠᠭ᠎ᠠ  ᠶᠢ ᠠᠬᠢᠭᠤᠯᠵᠥ᠂ ᠦᠢᠯᠡᠳᠪᠤᠷᠢᠯᠡᠯ ᠵᠢᠭᠠᠨ ᠰᠤᠷᠭᠠᠯᠳᠡ  ᠶᠢᠨ ᠠᠭᠤᠰᠤᠯᠴᠠᠯ᠂ ᠰᠤᠷᠭᠠᠭᠤᠯᠢ ᠠᠵᠥ ᠠᠬᠤᠢᠢᠯᠠᠯ  ᠤᠨ ᠬᠠᠮᠳᠤᠷᠠᠯᠴᠠᠭ᠎ᠠ  ᠶᠢ ᠠᠬᠢᠭᠤᠯᠤᠨ᠎ᠠ᠃ ᠦᠨᠳᠤᠷ ᠲᠤᠮᠳᠠᠳᠤ  ᠶᠢᠨ ᠱᠠᠳᠤᠨ  ᠤ ᠰᠤᠷᠭᠠᠨ ᠬᠦᠮᠥᠵᠢᠯ  ᠢ ᠠᠯᠬᠤᠮ ᠠᠯᠬᠤᠮ  ᠢᠶᠠᠷ ᠲᠦᠬᠡᠮᠡᠯᠵᠢᠬᠦᠯᠥᠨ᠎ᠡ᠃ ᠰᠤᠷᠭᠠᠭᠤᠯᠢ  ᠶᠢᠨ ᠦᠬᠡ ᠬᠡᠯᠡ ᠦᠰᠦᠭ ᠪᠢᠴᠢᠭ  ᠤᠨ ᠠᠵᠢᠯ  ᠢ ᠴᠢᠩᠭᠠᠳᠬᠠᠵᠥ᠂ ᠤᠯᠤᠰ  ᠤᠨ ᠨᠡᠶᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ  ᠢ ᠰᠤᠷᠭᠠᠨ ᠬᠦᠮᠥᠵᠢᠯ ᠵᠢᠭᠠᠨ ᠰᠤᠷᠭᠠᠯᠳᠠ  ᠳᠤ ᠬᠡᠷᠡᠭᠯᠡᠬᠦ ᠦᠨᠳᠦᠰᠦᠨ ᠦᠬᠡ ᠬᠡᠯᠡ ᠦᠰᠦᠭ ᠪᠢᠴᠢᠭ ᠪᠤᠯᠭᠠᠬᠤ  ᠶᠢ ᠦᠨᠡᠨᠬᠦ ᠪᠠᠳᠤᠯᠠᠨ᠎ᠠ᠃ ᠵᠤᠬᠢᠶᠠᠮᠠᠯ ᠤᠶᠤᠨ ᠴᠢᠳᠠᠪᠤᠷᠢ᠂ ᠢᠨᠲ᠋ᠧᠷ ᠰᠦᠯᠵᠢᠶ᠎ᠡ  ᠪᠠᠷ ᠠᠯᠤᠰ ᠰᠤᠷᠭᠠᠨ ᠬᠦᠮᠥᠵᠢᠯ ᠦᠷᠨᠢᠬᠦᠯᠬᠦ  ᠶᠢ ᠠᠬᠢᠭᠤᠯᠵᠥ᠂ ᠴᠢᠨᠠᠷᠯᠢᠭ ᠵᠢᠭᠠᠨ ᠰᠤᠷᠭᠠᠯᠳᠠ  ᠶᠢᠨ ᠡᠬᠢ ᠪᠠᠶᠠᠯᠢᠭ  ᠢ ᠬᠠᠮᠳᠤ  ᠪᠠᠷ ᠡᠳ᠋ᠯᠡᠬᠦ  ᠶᠢ ᠠᠬᠢᠭᠤᠯᠤᠨ᠎ᠠ᠃ ᠪᠠᠷᠠᠭᠤᠨ ᠤᠷᠤᠨ ᠤ ᠶᠡᠭᠡ ᠲᠡᠬᠡᠳᠤ ᠰᠤᠷᠭᠠᠭᠤᠯᠢ ᠶᠢᠨ ︽ᠬᠤᠤᠰ ᠲᠡᠷᠢᠬᠦᠨ ᠵᠡᠷᠭᠡ︾  ᠶᠢᠨ ᠪᠦᠳᠦᠭᠡᠨ ᠪᠠᠶᠢᠭᠤᠯᠤᠯᠳᠠ ᠶᠢ ᠲᠡᠮᠵᠢᠵᠥ᠂ ᠪᠠᠷᠠᠭᠤᠨ ᠤᠷᠤᠨ  ᠤ ᠬᠡᠷᠡᠭᠴᠡᠭᠡ  ᠳᠤ ᠲᠤᠬᠢᠷᠠᠬᠰᠠᠠ ᠰᠢᠨᠵᠢᠯᠡᠭᠡᠨ  ᠤ ᠪᠠᠶᠢᠭᠤᠯᠤᠯᠳᠠ ᠶᠢ ᠬᠦᠴᠦᠯᠡᠨ ᠴᠢᠩᠭᠠᠳᠬᠠᠨ᠎ᠠ᠃       ᠵᠡᠭᠦᠨ ᠪᠠᠷᠠᠭᠤᠨ ᠤᠷᠤᠨ ᠤ ᠰᠤᠷᠭᠠᠨ ᠬᠦᠮᠤᠵᠢᠯ ᠤᠨ ᠠᠵᠢᠯ ᠲᠦᠷᠤᠯ ᠢᠶᠠᠷ ᠢᠶᠠᠨ ᠲᠤᠰᠠᠯᠠᠯᠴᠠᠬᠤ ᠶᠢ ᠦᠷᠬᠦᠯᠵᠢᠯᠠᠨ ᠠᠬᠢᠭᠤᠯᠵᠤ᠂ ᠵᠡᠬᠦᠨ ᠤᠷᠤᠨ ᠤ ᠶᠡᠭᠡ ᠲᠡᠭᠡᠳᠤ ᠰᠤᠷᠭᠠᠭᠤᠯᠢ ᠶᠢᠨ ᠬᠢᠨ ᠪᠠᠷᠠᠭᠤᠨ ᠤᠷᠤᠨ ᠤ ᠶᠡᠭᠡ ᠲᠡᠭᠡᠳᠤ ᠰᠤᠷᠭᠠᠭᠤᠯᠢ ᠶᠢ ᠠᠵᠢᠯ ᠲᠦᠷᠤᠯ ᠢᠶᠠᠷ ᠢᠶᠠᠨ ᠲᠤᠰᠠᠯᠠᠬᠤ ᠲᠦᠯᠤᠪᠯᠡᠭᠡ᠂ ᠤᠯᠤᠰ ᠠᠴᠠ ᠳᠣᠮᠳᠠᠳᠣ ᠪᠠᠷᠠᠭᠤᠨ ᠤᠷᠤᠨ ᠤ ᠰᠤᠷᠤᠬᠴᠢ ᠡᠯᠰᠡᠬᠦ ᠬᠠᠮᠵᠢᠯᠴᠠᠭ᠎ᠠ ᠶᠢ ᠲᠡᠮᠵᠢᠬᠦ ᠲᠦᠯᠤᠪᠯᠡᠭᠡ ᠶᠢ ᠦᠷᠬᠦᠯᠵᠢᠯᠠᠨ ᠭᠡᠷᠡᠭᠵᠢᠬᠦᠯᠵᠤ᠂ ᠵᠡᠬᠦᠨ ᠤᠷᠤᠨ ᠤ ᠠᠵᠢᠯ ᠮᠡᠷᠬᠡᠵᠢᠯ ᠤᠨ ᠲᠡᠭᠡᠳᠤ ᠰᠤᠷᠭᠠᠭᠤᠯᠢ ᠶᠢᠨ ᠬᠢᠨ ᠪᠠᠷᠠᠭᠤᠨ ᠤᠷᠤᠨ ᠤ ᠠᠵᠢᠯ ᠮᠡᠷᠬᠡᠵᠢᠯ ᠤᠨ ᠲᠡᠭᠡᠳᠤ ᠰᠤᠷᠭᠠᠭᠤᠯᠢ ᠶᠢ ᠠᠵᠢᠯ ᠲᠦᠷᠤᠯ ᠢᠶᠠᠷ ᠢᠶᠠᠨ ᠲᠤᠰᠠᠯᠠᠬᠤ ᠲᠦᠯᠤᠪᠯᠡᠭᠡ ᠶᠢ ᠭᠡᠷᠡᠭᠵᠢᠬᠦᠯᠤᠨ᠎ᠠ᠃ ᠪᠠᠷᠠᠭᠤᠨ ᠤᠷᠤᠨ ᠤ ᠶᠡᠭᠡ ᠲᠡᠭᠡᠳᠦ ᠰᠤᠷᠭᠠᠭᠤᠯᠢ ᠶᠢᠨ ᠤᠯᠠᠨ ᠤᠯᠤᠰ ᠤᠨ ᠴᠢᠳᠠᠪᠤᠷᠢᠳᠠᠨ ᠤ ᠰᠤᠯᠢᠯᠴᠠᠭ᠎ᠠ ᠶᠢ ᠠᠬᠢᠭᠤᠯᠵᠤ᠂ ᠴᠢᠳᠠᠪᠤᠷᠢᠳᠠᠨ ᠢ ᠤᠷᠤᠭᠤᠯᠤᠨ ᠠᠪᠴᠢᠷᠠᠬᠤ ᠬᠤᠯᠪᠤᠬᠳᠠᠯ ᠪᠦᠬᠦᠢ ᠲᠠᠪᠴᠠᠩ ᠤᠨ ᠪᠠᠶᠢᠭᠤᠯᠤᠯᠳᠠ ᠶᠢ ᠪᠠᠷᠠᠭᠤᠨ ᠤᠷᠤᠨ ᠲᠡᠰᠢ ᠬᠡᠯᠪᠠᠶᠢᠯᠬᠡᠨ᠎ᠠ᠃ ᠶᠠᠮᠤᠨ ᠵᠦᠪᠯᠡᠯ ᠳᠤ ᠬᠠᠷᠢᠶᠠᠯᠠᠬᠳᠠᠬᠤ ᠶᠡᠭᠡ ᠲᠡᠭᠡᠳᠦ ᠰᠤᠷᠭᠠᠭᠤᠯᠢ ᠪᠤᠯᠤᠨ ᠤᠷᠤᠨ ᠨᠤᠳᠤᠬ ᠤᠨ ᠶᠡᠭᠡ ᠲᠡᠭᠡᠳᠦ ᠰᠤᠷᠭᠠᠭᠤᠯᠢ ᠶᠢᠨ ᠬᠢᠨ ︽ᠵᠠᠬᠢᠶᠠᠯᠠᠭ᠎ᠠ ᠶᠢᠨ ᠬᠡᠯᠪᠡᠷᠢ︾ ᠪᠠᠷ ᠪᠠᠷᠠᠭᠤᠨ ᠤᠷᠤᠨ ᠳᠤ ᠳᠣᠰᠬᠠᠶᠢᠵᠢᠭᠰᠠᠨ ᠴᠢᠳᠠᠪᠤᠷᠢᠳᠠᠨ ᠢ ᠬᠦᠮᠤᠵᠢᠬᠦᠯᠵᠤ ᠦᠭᠬᠦ ᠶᠢ ᠵᠤᠷᠢᠬᠵᠢᠭᠤᠯᠤᠨ ᠲᠡᠮᠵᠢᠨ᠎ᠠ᠃       ︵ᠬᠤᠷᠢᠨ ᠭᠤᠷᠪᠠ︶ ᠡᠮᠴᠢᠯᠡᠬᠡᠨ ᠤ ᠤᠢᠢᠯᠡᠴᠢᠯᠡᠬᠦ ᠴᠢᠳᠠᠪᠤᠷᠢ ᠪᠤᠯᠤᠨ ᠲᠦᠪᠰᠢᠨ ᠢ ᠲᠡᠭᠡᠭᠰᠢᠯᠡᠬᠦᠯᠤᠨ᠎ᠠ᠃ ᠪᠠᠷᠠᠭᠤᠨ ᠤᠷᠤᠨ ᠤ ᠰᠢᠶᠠᠨ ᠤ ᠲᠡᠰ ︵ᠨᠢᠭᠡᠳᠬᠡᠯ ᠠᠷᠮᠢ  ᠲᠠᠯᠠᠪᠠᠢ ᠪᠠᠭᠳᠠᠨ᠎ᠠ︶ ᠤᠨ ᠡᠮᠨᠡᠯᠬᠡ ᠶᠢᠨ ᠬᠤᠷᠢᠶᠠᠨ ᠤ ᠶᠡᠷᠤᠩᠬᠡᠶᠢᠯᠡᠭᠰᠡᠨ ᠴᠢᠳᠠᠪᠤᠷᠢ ᠶᠢᠨ ᠪᠠᠶᠢᠭᠤᠯᠤᠯᠳᠠ ᠶᠢ ᠭᠤᠤᠯᠳᠠᠯᠭ᠎ᠠ ᠲᠠᠢ ᠴᠢᠩᠭᠠᠳᠬᠠᠵᠤ᠂ ᠬᠦᠳᠡᠭᠡ ᠲᠤᠰᠬᠤᠨ ᠤ ᠡᠮ ᠡᠮᠨᠡᠯᠬᠡ ᠡᠷᠡᠬᠦᠯ ᠬᠠᠮᠠᠭᠠᠯᠠᠯ ᠤᠨ ᠨᠦᠬᠦᠴᠠᠯ ᠢ ᠦᠷᠬᠦᠯᠵᠢᠯᠠᠨ ᠰᠠᠶᠢᠵᠢᠷᠠᠭᠤᠯᠵᠤ᠂ ᠦᠨᠳᠤᠰᠤᠨ ᠱᠠᠳᠤᠨ ᠤ ᠡᠮ ᠡᠮᠨᠡᠯᠬᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠪᠠᠷᠢᠮᠵᠢᠶᠠᠵᠢᠬᠰᠠᠨ ᠪᠠᠶᠢᠭᠤᠯᠤᠯᠳᠠ ᠶᠢ ᠲᠦᠷᠬᠡᠳᠬᠡᠨ᠎ᠠ᠃ ᠡᠮᠴᠢᠯᠡᠬᠡᠨ ᠤ ᠰᠠᠭᠤᠷᠢ ᠲᠦᠬᠦᠬᠡᠷᠤᠮᠵᠢ ᠪᠤᠯᠤᠨ ᠲᠤᠨᠤᠭᠯᠠᠯ ᠤᠨ ᠨᠦᠬᠦᠴᠠᠯ ᠢ ᠰᠠᠶᠢᠵᠢᠷᠠᠭᠤᠯᠤᠵᠤ᠂ ᠡᠮᠴᠢᠯᠡᠬᠡᠨ ᠤ ᠠᠵᠢᠯᠳᠠᠨ ᠤ ᠲᠤᠰᠬᠠᠢ ᠮᠡᠷᠬᠡᠵᠢᠯ ᠤᠨ ᠲᠦᠪᠰᠢᠨ ᠢ ᠲᠡᠭᠡᠭᠰᠢᠯᠡᠬᠦᠯᠤᠨ᠎ᠠ᠃ ᠪᠠᠷᠠᠭᠤᠨ ᠤᠷᠤᠨ ᠳᠤ ᠤᠷᠤᠨ ᠪᠦᠰᠠ ᠶᠢᠨ ᠡᠮᠴᠢᠯᠡᠬᠡᠨ ᠤ ᠲᠦᠪ ᠡᠳᠦᠢ ᠲᠡᠳᠦᠢ ᠪᠠᠶᠢᠭᠤᠯᠬᠤ ᠶᠢ ᠲᠡᠮᠵᠢᠨ᠎ᠠ᠃ ᠵᠤᠬᠢᠶᠠᠮᠠᠯ ᠤᠶᠤᠨ ᠴᠢᠳᠠᠪᠤᠷᠢ᠂ ᠢᠨᠲ᠋ᠧᠷ ᠰᠦᠯᠵᠢᠶ᠎ᠠ ᠵᠡᠷᠬᠡ ᠶᠢ ᠠᠰᠢᠬᠯᠠᠵᠤ ᠠᠯᠤᠰ ᠡᠮᠴᠢᠯᠡᠭᠡ ᠦᠷᠨᠢᠬᠦᠯᠬᠦ ᠶᠢ ᠬᠠᠶᠢᠨ ᠰᠦᠪᠡᠭᠴᠢᠯᠠᠵᠤ᠂ ᠨᠢᠩᠰᠢᠶᠠ ᠳᠤ ︽ᠢᠨᠲ᠋ᠧᠷ ᠰᠦᠯᠵᠢᠶ᠎ᠠ + ᠡᠮ ᠡᠮᠨᠡᠯᠬᠡ ᠡᠷᠡᠬᠦᠯ ᠮᠡᠨᠳᠤ︾ ᠶᠢᠨ ᠵᠢᠱᠢᠶ᠎ᠠ ᠦᠵᠡᠬᠦᠯᠬᠦ ᠲᠤᠭᠤᠷᠢᠬ ᠪᠠᠶᠢᠭᠤᠯᠬᠤ ᠶᠢ ᠲᠡᠮᠵᠢᠨ᠎ᠠ᠃ ᠬᠢᠳᠡᠳ ᠡᠮ ᠡᠮᠨᠡᠯᠬᠡ ᠶᠢᠨ ᠡᠮ ᠡᠮᠨᠡᠯᠬᠡ ᠡᠷᠡᠬᠦᠯ ᠬᠠᠮᠠᠭᠠᠯᠠᠯ ᠤᠨ ᠤᠢᠢᠯᠡᠴᠢᠯᠡᠭᠡ ᠳᠠᠬᠢ ᠤᠢᠢᠯᠡᠳᠤᠯ ᠢ ᠬᠦᠢᠴᠡᠳ ᠪᠠᠳᠠᠷᠠᠭᠤᠯᠤᠨ᠎ᠠ᠃ 3 ᠨᠠᠰᠤ ᠠᠴᠠ ᠲᠤᠷᠤᠬᠰᠢᠬᠢ ᠨᠢᠯᠬ᠎ᠠ ᠬᠡᠤᠬᠡᠳ ᠢ ᠬᠠᠷᠠᠵᠤ ᠬᠠᠷᠭᠠᠯᠵᠠᠬᠤ ᠤᠢᠢᠯᠡᠴᠢᠯᠡᠬᠡᠨ ᠤ ᠲᠤᠳᠠᠭᠤᠳᠠᠯ ᠢ ᠲᠦᠷᠬᠡᠳᠭᠡᠨ ᠨᠦᠬᠦᠪᠤᠷᠢᠯᠠᠨ᠎ᠠ᠃ ᠪᠠᠷᠠᠭᠤᠨ ᠤᠷᠤᠨ ᠤ ᠡᠮ ᠡᠮᠨᠡᠯᠬᠡ ᠶᠢᠨ ᠪᠠᠶᠢᠭᠤᠯᠤᠮᠵᠢ ᠪᠤᠯᠤᠨ ᠵᠡᠬᠦᠨ ᠤᠷᠤᠨ ᠤ ᠡᠮ ᠡᠮᠨᠡᠯᠬᠡ ᠶᠢᠨ ᠪᠠᠶᠢᠭᠤᠯᠤᠮᠵᠢ ᠶᠢᠨ ᠬᠤᠭᠤᠷᠤᠨᠳᠤ ᠬᠤᠤᠰ ᠴᠢᠭᠯᠡᠯ ᠤᠨ ᠰᠤᠯᠢᠯᠴᠠᠭ᠎ᠠ ᠬᠢᠬᠦ ᠶᠢ ᠲᠡᠮᠵᠢᠨ᠎ᠠ᠃       ︵ᠬᠤᠷᠢᠨ ᠲᠦᠷᠪᠡ︶ ᠤᠯᠠᠨ ᠲᠡᠰ ᠲᠠᠪᠬᠤᠷᠭ᠎ᠠ ᠶᠢ ᠦᠷᠭᠡᠨ ᠢᠶᠠᠷ ᠬᠠᠮᠣᠷᠣᠭᠰᠠᠨ ᠨᠡᠶᠢᠬᠡᠮ ᠤᠨ ᠪᠠᠳᠣᠯᠠᠭ᠎ᠠ  ᠶᠢᠨ ᠰᠢᠰᠲ᠋ᠧᠮᠵᠢ ᠶᠢ ᠲᠡᠬᠦᠯᠳᠡᠷᠵᠢᠬᠦᠯᠤᠨ᠎ᠠ᠃ ᠨᠠᠰᠤᠵᠢᠯ ᠤᠨ ᠲᠠᠭᠠᠳᠬᠠᠯ ᠤᠨ ᠮᠤᠵᠢ ᠶᠢᠨ ᠲᠡᠰ ᠤᠨ ᠨᠢᠬᠡᠳᠤᠯᠳᠠᠢ ᠲᠦᠯᠤᠪᠵᠢᠬᠦᠯᠬᠡ ᠶᠢ ᠲᠦᠷᠬᠡᠳᠭᠡᠨ ᠠᠬᠢᠭᠤᠯᠵᠤ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠦᠨᠳᠤᠰᠤᠨ ᠨᠠᠰᠤᠵᠢᠯ ᠤᠨ ᠲᠠᠭᠠᠳᠬᠠᠯ ᠤᠨ ᠬᠦᠷᠳᠡᠬᠡᠮᠵᠢ ᠶᠢ ᠲᠤᠭᠳᠠᠭᠠᠬᠤ ᠪᠠ ᠰᠠᠭᠤᠷᠢ ᠨᠠᠰᠤᠵᠢᠯ ᠤᠨ ᠠᠰᠠᠷᠠᠮᠵᠢ ᠶᠢᠨ ᠮᠦᠩᠬᠦ ᠳᠤ ᠬᠡᠪ ᠤᠨ ᠲᠤᠬᠢᠷᠠᠭᠤᠯᠤᠯᠳᠠ ᠬᠢᠬᠦ ᠲᠤᠭᠳᠠᠴᠠ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠦᠨᠳᠤᠰᠤᠨ ᠡᠮ ᠡᠮᠨᠡᠯᠬᠡ ᠶᠢᠨ ᠲᠠᠭᠠᠳᠬᠠᠯ ᠤᠨ ᠪᠠᠳᠣᠯᠠᠭ᠎ᠠ ᠶᠢᠨ ᠲᠦᠪᠰᠢᠨ ᠢ ᠵᠤᠬᠢᠰᠳᠠᠢ ᠲᠤᠭᠳᠠᠭᠠᠵᠤ᠂ ᠡᠮ ᠡᠮᠨᠡᠯᠬᠡ ᠶᠢᠨ ᠲᠠᠭᠠᠳᠬᠠᠯ ᠤᠨ ᠬᠠᠷᠢᠴᠠᠭ᠎ᠠ ᠶᠢ ᠰᠢᠯᠵᠢᠬᠦᠯᠤᠨ ᠦᠷᠬᠦᠯᠵᠢᠯᠡᠬᠦᠯᠬᠦ ᠠᠷᠭ᠎ᠠ ᠬᠡᠮᠵᠢᠶ᠎ᠠ ᠶᠢ ᠲᠡᠬᠦᠯᠳᠡᠷᠵᠢᠬᠦᠯᠤᠨ᠎ᠠ᠃ ᠠᠵᠢᠯ ᠠᠯᠳᠠᠯᠳᠠ ᠶᠢᠨ ᠲᠠᠭᠠᠳᠬᠠᠯ ᠤᠨ ᠲᠦᠷᠢᠮ ᠢ ᠲᠡᠬᠦᠯᠳᠡᠷᠵᠢᠬᠦᠯᠵᠤ᠂ ᠠᠵᠢᠯ ᠠᠯᠳᠠᠬᠰᠡᠳ ᠤᠨ ᠪᠠᠳᠣᠯᠠᠭ᠎ᠠ ᠶᠢᠨ ᠲᠦᠪᠰᠢᠨ ᠢ ᠠᠯᠬᠤᠮ ᠠᠯᠬᠤᠮ ᠢᠶᠠᠷ ᠲᠡᠭᠡᠭᠰᠢᠯᠡᠬᠦᠯᠤᠨ᠎ᠠ᠃ ᠨᠠᠭᠠᠳᠤ ᠵᠠᠬ᠎ᠠ ᠶᠢᠨ ᠠᠮᠢᠳᠤᠷᠠᠯ ᠤᠨ  ᠪᠠᠳᠣᠯᠠᠭ᠎ᠠ ᠶᠢ ᠰᠢᠨᠵᠢᠯᠡᠬᠦ ᠤᠬᠠᠭᠠᠨᠴᠢ ᠪᠠᠷ ᠲᠤᠭᠳᠠᠭᠠᠵᠤ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠣᠯᠠᠭ᠎ᠠ ᠶᠢᠨ ᠬᠠᠮᠣᠷᠬᠤ ᠬᠡᠪᠴᠢᠶ᠎ᠠ ᠶᠢ ᠠᠯᠬᠤᠮ ᠠᠯᠬᠤᠮ ᠢᠶᠠᠷ ᠦᠷᠬᠡᠳᠬᠡᠨ᠎ᠠ᠃ ᠨᠢᠬᠡᠳᠤᠯᠳᠠᠢ ᠨᠡᠶᠢᠬᠡᠮ ᠤᠨ ᠲᠠᠭᠠᠳᠬᠠᠯ ᠤᠨ ᠤᠯᠠᠨ ᠨᠡᠶᠢᠳᠠ ᠶᠢᠨ ᠤᠢᠢᠯᠡᠴᠢᠯᠡᠬᠡᠨ ᠤ ᠲᠠᠪᠴᠠᠩ ᠢ ᠪᠠᠶᠢᠭᠤᠯᠵᠤ᠂ ᠨᠡᠶᠢᠬᠡᠮ ᠤᠨ ᠪᠠᠳᠣᠯᠠᠭ᠎ᠠ ᠶᠢᠨ ᠺᠠᠷᠲ ᠢᠶᠠᠷ ᠠᠴᠢᠶᠠᠯᠠᠪᠤᠷᠢ ᠪᠤᠯᠭᠠᠬᠰᠠᠨ ︽ᠪᠦᠷᠢᠨ ᠴᠢᠳᠠᠮᠵᠢᠳᠤ ᠺᠠᠷᠲ︾ ᠤᠨ ᠤᠢᠢᠯᠡᠴᠢᠯᠡᠬᠡᠨ ᠤ ᠬᠠᠮᠢᠶᠠᠷᠤᠯᠳᠠ ᠶᠢᠨ ᠵᠠᠬᠪᠤᠷ ᠢ ᠲᠡᠯᠬᠡᠷᠡᠬᠦᠯᠤᠨ᠎ᠠ᠃       ︵ᠬᠤᠷᠢᠨ ᠲᠠᠪᠤ︶ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠬᠦᠯᠤᠨ᠎ᠡ᠃ ᠭᠡᠷ ᠪᠦᠯᠢ ᠪᠠᠷ ᠰᠠᠭᠤᠷᠢ ᠪᠤᠯᠭᠠᠬᠰᠡᠨ᠂ ᠨᠡᠶᠢᠭᠡᠮ ᠲᠤᠭᠤᠷᠢᠭ ᠲᠤ ᠲᠦᠰᠢᠭᠯᠡᠭᠰᠡᠨ᠂ ᠪᠠᠶᠢᠭᠤᠯᠤᠮᠵᠢ ᠪᠠᠷ ᠨᠦᠬᠦᠪᠤᠷᠢᠯᠡᠭᠰᠡᠨ᠂ ᠡᠮᠴᠢᠯᠡᠭᠡ ᠰᠤᠪᠢᠯᠠᠯᠳᠠ ᠶᠢ ᠤᠶᠠᠯᠳᠤᠭᠤᠯᠤᠬᠰᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ  ᠰᠢᠰᠲ᠋ᠧᠮᠵᠢ ᠶᠢ ᠲᠦᠷᠭᠡᠳᠭᠡᠨ ᠪᠠᠶᠢᠭᠤᠯᠤᠨ᠎ᠡ᠃ ᠠᠯᠪᠡᠨ ᠠᠴᠠ ᠡᠷᠬᠢᠯᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠦᠭᠡᠷᠡᠴᠢᠯᠡᠯᠳᠠ ᠪᠠ ᠪᠠᠶᠢᠭᠤᠯᠤᠯᠳᠠ ᠶᠢ ᠯᠠᠪᠳᠠᠭᠤᠨ ᠠᠬᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠠᠬ᠎ᠠ ᠲᠡᠯᠭᠡᠬᠦᠷ ᠢ ᠪᠦᠬᠦ ᠲᠠᠯ᠎ᠡ ᠪᠠᠷ ᠨᠡᠭᠡᠭᠡᠯᠳᠡ ᠲᠠᠢ ᠪᠤᠯᠭᠠᠵᠦ᠂ ᠨᠡᠶᠢᠭᠡᠮ ᠤᠨ ᠬᠦᠷᠦᠩᠭᠡ ᠶᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠬᠠᠢᠢᠯᠠᠬᠰᠡᠨ ᠠᠵᠢᠯ ᠳᠤ ᠤᠷᠤᠭᠤᠯᠬᠤ ᠶᠢ ᠢᠳᠡᠪᠬᠢᠳᠠᠢ ᠬᠦᠳᠦᠯᠤᠨ ᠵᠢᠯᠤᠭᠤᠳᠴᠦ᠂ ᠪᠠᠷᠠᠭᠤᠨ ᠤᠷᠤᠨ ᠤ ᠨᠠᠰᠤᠵᠢᠯ ᠤᠨ  ᠠᠰᠠᠷᠠᠮᠵᠢ ᠶᠢᠨ ᠦᠢᠯᠡᠴᠢᠯᠡᠭᠡᠨ ᠤ ᠪᠦᠳᠦᠮᠵᠢᠳᠠᠢ ᠬᠠᠨᠭ᠍ᠭᠠᠯᠭ᠎ᠠ ᠶᠢ ᠦᠷᠭᠡᠳᠭᠡᠵᠤ᠂ ᠤᠷᠳᠤ ᠬᠤᠭᠤᠴᠠᠭ᠎ᠠ ᠪᠠᠷ ᠠᠰᠠᠷᠠᠨ ᠬᠠᠷᠠᠭᠠᠯᠵᠠᠬᠤ ᠪᠠᠳᠤᠯᠠᠭ᠎ᠠ ᠶᠢᠨ ᠰᠢᠰᠲ᠋ᠧᠮᠵᠢ ᠶᠢ ᠬᠠᠶᠢᠨ ᠰᠦᠪᠡᠭᠴᠢᠯᠡᠨ ᠪᠠᠶᠢᠭᠤᠯᠤᠨ᠎ᠡ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠨᠤᠭ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠠ ᠶᠢ ᠲᠠᠮᠵᠢᠬᠦ ᠡᠷᠴᠢᠮ ᠢᠶᠠᠨ ᠴᠢᠩᠭᠠᠷᠠᠭᠤᠯᠵᠤ᠂ ᠬᠦᠳᠡᠭᠡ ᠲᠤᠰᠬᠤᠨ ᠤ ᠤᠨᠴᠠ ᠶᠠᠳᠠᠭᠤ ᠬᠦᠴᠢᠷᠳᠡᠯᠳᠠᠢ ᠬᠦᠮᠦᠰ ᠢ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠪᠦᠳᠦᠭᠡᠨ ᠪᠠᠶᠢᠭᠤᠯᠤᠯᠳᠠ ᠬᠠᠮᠢᠶᠡᠷᠤᠯᠳᠠ ᠶᠢ ᠴᠢᠩᠭᠠᠳᠬᠠᠵᠤ᠂ ᠦᠨᠳᠤᠰᠤᠨ ᠵᠦᠢᠯ ᠢ ᠪᠠᠳᠤᠯᠠᠬᠤ ᠴᠢᠳᠠᠪᠤᠷᠢ ᠪᠠ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠯᠠᠪᠳᠠᠭᠤᠨ ᠢᠶᠠᠷ ᠲᠡᠭᠡᠭᠰᠢᠯᠡᠬᠦᠯᠤᠨ᠎ᠡ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠰᠬᠠᠢ ᠮᠡᠷᠭᠡᠵᠢᠯ ᠤᠨ ᠴᠢᠳᠠᠪᠤᠷᠢᠳᠠᠨ ᠢ ᠬᠦᠮᠦᠵᠢᠬᠦᠯᠬᠦ ᠵᠡᠷᠭᠡ ᠢᠨᠵᠧᠨᠧᠷᠢᠩ ᠢ ᠭᠡᠷᠡᠭᠵᠢᠬᠦᠯᠤᠨ᠎ᠡ᠃       ︵ᠬᠤᠷᠢᠨ ᠵᠢᠷᠭᠤᠭ᠎ᠠ︶ ᠤᠯᠠᠨ ᠨᠠᠶᠢᠳᠠ ᠶᠢᠨ ᠰᠤᠶᠤᠯ ᠪᠠᠶ᠎ᠡ ᠶᠢᠨ ᠲᠠᠮᠢᠷ ᠤᠨ ᠦᠢᠯᠡᠴᠢᠯᠡᠭᠡ ᠶᠢ ᠴᠢᠩᠭᠠᠳᠬᠠᠨ᠎ᠡ᠃ ᠤᠯᠠᠨ ᠨᠠᠶᠢᠳᠠ ᠶᠢᠨ ᠰᠤᠶᠤᠯ ᠤᠨ ᠦᠢᠯᠡᠴᠢᠯᠡᠭᠡᠨ ᠤ ᠲᠦᠬᠦᠭᠡᠷᠤᠮᠵᠢ ᠶᠢᠨ ᠰᠦᠯᠵᠢᠶ᠎ᠡ ᠶᠢ ᠲᠡᠭᠦᠯᠳᠡᠷᠵᠢᠬᠦᠯᠵᠤ᠂ ᠲᠤᠭᠠᠴᠢᠯᠠᠬᠰᠡᠨ ᠮᠡᠷᠭᠡᠵᠢᠯ ᠤᠨ ᠭᠡᠷᠡᠭᠯᠡᠯᠳᠠ ᠶᠢ ᠴᠢᠩᠭᠠᠳᠬᠠᠨ᠂ ᠰᠤᠶᠤᠯ ᠢᠶᠠᠷ ᠠᠷᠠᠳ ᠲᠤ ᠠᠰᠢᠭ ᠬᠦᠷᠳᠡᠭᠡᠬᠦ ᠢᠨᠵᠧᠨᠧᠷᠢᠩ ᠢ ᠨᠡᠶᠢᠳᠭᠡᠵᠤ ᠰᠢᠨᠡᠴᠢᠯᠡᠬᠦ᠂ ᠲᠡᠰ ᠲᠡᠪᠰᠢᠬᠦᠯᠬᠦ ᠶᠢ ᠠᠬᠢᠭᠤᠯᠤᠨ᠎ᠡ᠃ ᠰᠢᠶᠠᠨ ᠤ ᠱᠠᠳᠤᠨ ᠤ ᠬᠠᠮ ᠵᠠᠭᠤᠴᠢᠯᠠᠭᠤᠷ ᠤᠨ ᠲᠦᠪ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠵᠤ᠂ ᠷᠡᠳᠢᠣ᠋ ᠲᠧᠯᠸᠢᠰ ᠢ ᠡᠷᠦᠭᠡ ᠪᠦᠬᠦᠨ ᠳᠤ ᠨᠡᠪᠳᠡᠷᠡᠭᠦᠯᠬᠦ ᠶᠢ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠳᠡᠷᠡᠬᠦᠯᠭᠡ ᠶᠢᠨ ᠲᠠᠪᠴᠠᠩ ᠵᠢᠴᠢ ᠲᠠᠮᠵᠢᠭᠤᠯᠬᠤ ᠪᠦᠷᠬᠦᠭᠦᠯᠬᠦ ᠲᠤᠤᠷ ᠢ ᠪᠠᠶᠢᠭᠤᠯᠤᠨ ᠪᠦᠷᠢᠨᠰᠢᠬᠦᠯᠤᠨ᠎ᠡ᠃ ᠴᠦᠭᠡᠨ ᠲᠤᠭᠠᠳᠤ ᠦᠨᠳᠤᠰᠤᠳᠡᠨ ᠤ ᠤᠯᠠᠮᠵᠢᠯᠠᠯᠳᠤ ᠪᠠᠶ᠎ᠡ ᠶᠢᠨ ᠲᠠᠮᠢᠷ ᠢ ᠪᠠᠭᠳᠠᠭᠠᠬᠰᠡᠨ ᠤᠯᠠᠨ ᠲᠦᠮᠠᠨ ᠤ ᠪᠠᠶ᠎ᠡ ᠶᠢᠨ ᠲᠠᠮᠢᠷ ᠤᠨ ᠬᠦᠳᠡᠯᠭᠡᠭᠡᠨ ᠢ ᠬᠦᠭᠵᠢᠬᠦᠯᠬᠦ ᠶᠢ ᠵᠤᠷᠢᠬᠵᠢᠭᠤᠯᠤᠨ᠎ᠠ᠃ ᠤᠯᠠᠨ ᠨᠠᠶᠢᠳᠠ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠷᠳᠤᠨ ᠤ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠬᠤᠯᠪᠤᠬᠳᠠᠯ ᠪᠦᠬᠦᠢ ᠲᠠᠯᠠᠪᠤᠷ ᠤᠷᠳᠤᠨ ᠢ ᠰᠦᠢᠳᠭᠡᠯ ᠬᠤᠷᠢᠶᠠᠬᠤ ᠦᠭᠡᠢ ᠪᠤᠶᠤ ᠰᠦᠢᠳᠭᠡᠯ ᠪᠠᠭ᠎ᠠ ᠬᠤᠷᠢᠶᠠᠨ ᠭᠠᠳᠠᠬᠰᠢ ᠨᠡᠭᠡᠭᠡᠬᠦ ᠶᠢ ᠠᠬᠢᠭᠤᠯᠤᠨ᠎ᠡ᠃       ︵ᠬᠤᠷᠢᠨ ᠲᠤᠯᠤᠭ᠎ᠠ︶ ᠤᠷᠤᠨ ᠰᠠᠭᠤᠴᠠ ᠶᠢᠨ ᠪᠠᠳᠤᠯᠠᠭ᠎ᠠ ᠶᠢᠨ ᠨᠦᠬᠦᠴᠡᠯ ᠢ ᠰᠠᠶᠢᠵᠢᠷᠠᠭᠤᠯᠤᠨ᠎ᠡ᠃ ᠲᠦᠷᠤᠯ ᠬᠤᠪᠢᠶᠠᠨ ᠱᠠᠳᠤ ᠬᠤᠪᠢᠶᠠᠵᠦ ᠨᠦᠬᠦᠪᠤᠷᠢ ᠤᠯᠭᠤᠬᠤ ᠪᠠᠷᠢᠮᠵᠢᠶ᠎ᠡ ᠶᠢ ᠲᠡᠬᠦᠯᠳᠡᠷᠵᠢᠬᠦᠯᠵᠤ᠂ ᠬᠦᠳᠡᠭᠡ ᠲᠤᠰᠬᠤᠨ ᠤ ᠨᠤᠷᠠᠬᠤ ᠠᠶᠤᠯᠳᠠᠢ ᠭᠡᠷ ᠪᠠᠶᠢᠰᠢᠩ ᠢ ᠦᠭᠡᠷᠡᠴᠢᠯᠡᠨ ᠰᠢᠨᠡᠳᠭᠡᠬᠦ ᠨᠦᠬᠦᠪᠤᠷᠢ ᠮᠦᠡᠭᠭᠦ ᠶᠢ ᠬᠠᠷᠠᠭᠠᠯᠵᠠᠨ ᠲᠠᠮᠵᠢᠬᠦ ᠡᠷᠴᠢᠮ ᠢ ᠴᠢᠩᠭᠠᠷᠠᠭᠤᠯᠤᠨ᠎ᠡ᠃ ᠰᠤᠯᠠ ᠲᠠᠯᠪᠢᠬᠳᠠᠵᠦ ᠪᠠᠶᠢᠭ᠎ᠠ ᠬᠦᠳᠡᠭᠡ ᠲᠤᠰᠬᠤᠨ ᠤ ᠭᠡᠷ ᠪᠠᠶᠢᠰᠢᠩ ᠢ ᠰᠤᠯᠢᠬᠤ ᠪᠤᠶᠤ ᠤᠷᠳᠤ ᠬᠤᠭᠤᠴᠠᠭ᠎ᠠ ᠪᠠᠷ ᠲᠦᠷᠢᠶᠡᠰᠦᠯᠡᠬᠦᠯᠬᠦ ᠵᠡᠷᠭᠡ ᠠᠷᠭ᠎ᠠ ᠬᠡᠯᠪᠡᠷᠢ ᠪᠠᠷ ᠲᠠᠮᠵᠢᠭᠤᠯᠤᠨ ᠬᠦᠳᠡᠭᠡ ᠲᠤᠰᠬᠤᠨ ᠤ ᠤᠨᠴᠠ ᠶᠠᠳᠠᠭᠤ ᠬᠦᠴᠢᠷᠳᠡᠯᠳᠠᠢ ᠬᠦᠮᠦᠰ ᠤᠨ ᠦᠨᠳᠤᠰᠤᠨ ᠤᠷᠤᠨ ᠰᠠᠭᠤᠴᠠ ᠶᠢᠨ ᠠᠮᠤᠷ ᠲᠦᠪᠰᠢᠨ ᠤ ᠠᠰᠠᠭᠤᠳᠠᠯ ᠢ ᠰᠢᠢᠳᠪᠤᠷᠢᠯᠡᠬᠦ ᠶᠢ ᠵᠤᠷᠢᠬᠵᠢᠭᠤᠯᠤᠨ᠎ᠡ᠃ ᠤᠨᠳᠤᠤ ᠭᠠᠵᠠᠷ ᠲᠤ ᠨᠡᠬᠦᠯᠭᠡᠨ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠲᠦᠪᠬᠢᠨᠡᠬᠦᠯᠬᠦ ᠲᠤᠭᠤᠷᠢᠭ ᠲᠤ ᠢᠵᠢ ᠪᠦᠷᠢᠳᠦᠭᠦᠯᠬᠦ ᠰᠠᠭᠤᠷᠢ ᠲᠦᠬᠦᠭᠡᠷᠤᠮᠵᠢ ᠪᠠ ᠤᠯᠠᠨ ᠨᠠᠶᠢᠳᠠ ᠶᠢᠨ ᠦᠢᠯᠡᠴᠢᠯᠡᠭᠡᠨ ᠤ ᠲᠦᠬᠦᠭᠡᠷᠤᠮᠵᠢ ᠶᠢ ᠲᠡᠬᠦᠯᠳᠡᠷᠵᠢᠬᠦᠯᠤᠨ᠎ᠡ᠃ ᠬᠤᠳᠠ ᠪᠠᠯᠭᠠᠰᠤᠨ ᠤ ᠳᠤᠮᠳᠠ ᠵᠡᠷᠬᠡ ᠠᠴᠠ ᠲᠤᠤᠷ᠎ᠠ ᠪᠠᠶᠢᠭ᠎ᠠ ᠵᠢᠴᠢ ᠳᠡᠬᠦᠨ ᠠᠴᠠ ᠪᠠᠭ᠎ᠠ ᠤᠷᠤᠯᠭ᠎ᠠ ᠲᠠᠢ ᠤᠷᠤᠨ ᠰᠠᠭᠤᠴᠠ ᠬᠤᠳᠠᠯᠳᠤᠨ ᠠᠪᠬᠤ ᠳᠤ ᠬᠦᠴᠢᠷᠳᠡᠵᠦ ᠪᠠᠶᠢᠭ᠎ᠠ ᠬᠡᠷ ᠪᠦᠯᠢ᠂ ᠰᠢᠨ᠎ᠠ ᠪᠠᠷ ᠠᠵᠢᠯ ᠤᠯᠤᠭᠠᠳ ᠤᠷᠤᠨ ᠰᠠᠭᠤᠴᠠ ᠦᠬᠡᠢ ᠪᠠᠶᠢᠭ᠎ᠠ ᠠᠵᠢᠯᠳᠡᠨ ᠠᠵᠢᠯᠴᠢᠨ ᠪᠤᠯᠤᠨ ᠬᠤᠳᠠ ᠪᠠᠯᠭᠠᠰᠤᠨ ᠳᠤ ᠳᠤᠬᠳᠠᠭᠤᠨ ᠠᠵᠢᠯ ᠤᠯᠤᠭᠠᠳ ᠤᠷᠤᠨ ᠰᠠᠭᠤᠴᠠ ᠦᠬᠡᠢ ᠪᠠᠶᠢᠭ᠎ᠠ ᠭᠠᠳᠠᠨ᠎ᠠ ᠠᠴᠠ ᠢᠷᠡᠭᠰᠡᠨ ᠠᠵᠢᠯᠳᠡᠨ ᠤ ᠤᠷᠤᠨ ᠰᠠᠭᠤᠴᠠ ᠶᠢᠨ ᠨᠦᠬᠦᠴᠡᠯ ᠢ ᠢᠳᠡᠪᠬᠢᠳᠡᠢ ᠰᠠᠶᠢᠵᠢᠷᠠᠭᠤᠯᠤᠨ᠎ᠠ᠃       ︵ᠬᠤᠷᠢᠨ ᠨᠠᠢᠮᠠ︶ ᠭᠠᠮᠰᠢᠬ ᠢ ᠰᠡᠷᠬᠡᠶᠢᠯᠡᠨ ᠪᠠᠭᠠᠰᠬᠠᠬᠤ ᠪᠡ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠴᠢᠳᠠᠪᠤᠷᠢ ᠶᠢ ᠴᠢᠩᠭᠠᠳᠬᠠᠨ᠎ᠠ᠃ ᠪᠠᠷᠠᠭᠤᠨ ᠤᠷᠤᠨ ᠤ ᠬᠤᠳᠠ ᠬᠦᠳᠡᠭᠡ ᠪᠠ ᠦᠨᠳᠦᠰᠦᠨ ᠱᠠᠳᠤᠨ ᠤ ᠭᠠᠮᠰᠢᠬ ᠢ ᠰᠡᠷᠬᠡᠶᠢᠯᠡᠨ ᠪᠠᠭᠠᠰᠬᠠᠬᠤ ᠭᠠᠮᠰᠢᠬ ᠠᠴᠠ ᠠᠪᠤᠷᠠᠬᠤ ᠴᠢᠳᠠᠪᠤᠷᠢ ᠶᠢᠨ ᠪᠠᠶᠢᠭᠤᠯᠤᠯᠳᠠ ᠶᠢ ᠠᠬᠢᠭᠤᠯᠵᠦ᠂  ᠠᠳᠡᠯ ᠭᠠᠮᠰᠢᠬ ᠤᠨ ᠶᠡᠷᠦᠩᠬᠡᠶᠢᠯᠡᠭᠰᠡᠨ ᠠᠶᠤᠯ ᠳᠦᠭᠰᠢᠬᠦᠷᠢ ᠶᠢ ᠦᠨᠠᠯᠠᠬᠦ ᠮᠡᠷᠬᠡᠵᠢᠯ ᠤᠨ ᠪᠠᠷᠢᠮᠵᠢᠶᠠᠨ ᠤ ᠰᠢᠰᠲ᠋ᠧᠮᠵᠢ ᠶᠢ ᠳᠡᠬᠦᠯᠳᠡᠷᠵᠢᠬᠦᠯᠵᠦ᠂ ᠠᠳᠡᠯ ᠭᠠᠮᠰᠢᠬ ᠤᠨ ᠶᠡᠷᠦᠩᠬᠡᠶᠢᠯᠡᠭᠰᠡᠨ ᠠᠶᠤᠯ ᠳᠦᠭᠰᠢᠬᠦᠷᠢ ᠶᠢ ᠦᠨᠠᠯᠠᠬᠦ ᠪᠠ ᠬᠡᠮ ᠰᠤᠭᠤᠬ ᠢ ᠵᠢᠬᠰᠠᠭᠠᠨ ᠪᠠᠶᠢᠴᠠᠭᠠᠬᠤ ᠵᠠᠰᠠᠯᠳᠠ ᠶᠢ ᠠᠬᠢᠭᠤᠯᠤᠨ᠎ᠠ᠃ ᠪᠠᠷᠠᠭᠤᠨ ᠤᠷᠤᠨ ᠤ ᠪᠤᠳᠠᠳᠤ ᠪᠠᠶᠢᠳᠠᠯ ᠲᠠᠢ ᠤᠶᠠᠯᠳᠤᠭᠤᠯᠤᠨ᠂ ᠭᠠᠢ ᠭᠠᠮᠰᠢᠬ ᠤᠨ ᠠᠶᠤᠯ ᠳᠦᠭᠰᠢᠬᠦᠷᠢ ᠶᠢ ᠰᠡᠷᠬᠡᠶᠢᠯᠡᠨ ᠡᠵᠡᠮᠳᠡᠬᠦ᠂ ᠬᠢᠨᠠᠨ ᠬᠡᠮᠵᠢᠵᠦ ᠤᠷᠢᠳᠴᠢᠯᠡᠨ ᠰᠡᠷᠡᠮᠵᠢᠯᠡᠬᠦᠯᠬᠦ᠂ ᠪᠠᠴᠢᠮ ᠪᠠᠶᠢᠳᠠᠯ ᠢ ᠠᠷᠭᠠᠴᠠᠭᠠᠨ ᠠᠶᠤᠯ ᠠᠴᠠ ᠠᠪᠤᠷᠠᠵᠦ ᠳᠤᠰᠠᠯᠠᠬᠤ᠂ ᠮᠡᠳᠡᠭᠡ ᠵᠠᠩᠬᠢ ᠶᠢᠨ ᠦᠢᠯᠡᠴᠢᠯᠡᠬᠡᠨ ᠤ ᠪᠠᠳᠤᠯᠠᠭ᠎ᠠ᠂ ᠭᠠᠮᠰᠢᠬ ᠠᠴᠠ ᠠᠪᠤᠷᠠᠬᠤ ᠡᠳ᠋ ᠪᠤᠳᠠᠰ ᠤᠨ ᠨᠦᠭᠡᠴᠡᠯᠡᠯᠳᠡ ᠵᠢᠴᠢ ᠭᠠᠮᠰᠢᠬ ᠢ ᠰᠡᠷᠬᠡᠶᠢᠯᠡᠨ ᠪᠠᠭᠠᠰᠬᠠᠬᠤ ᠭᠠᠮᠰᠢᠬ ᠠᠴᠠ ᠠᠪᠤᠷᠠᠬᠤ ᠰᠢᠨᠵᠢᠯᠡᠬᠦ ᠤᠬᠠᠭᠠᠨ ᠤ ᠳᠤᠯᠭᠠᠭᠤᠷᠢᠯᠡᠯ᠂ ᠤᠬᠠᠭᠤᠯᠭ᠎ᠠ ᠬᠦᠮᠦᠵᠢᠯ ᠵᠡᠷᠬᠡ ᠴᠢᠳᠠᠪᠤᠷᠢ ᠶᠢᠨ ᠪᠠᠶᠢᠭᠤᠯᠤᠯᠳᠠ ᠶᠢᠨ ᠢᠨᠵᠧᠨᠧᠷᠢᠩ ᠢ ᠬᠡᠷᠡᠭᠵᠢᠬᠦᠯᠬᠦ ᠶᠢ ᠠᠬᠢᠭᠤᠯᠤᠨ᠎ᠠ᠃ ᠠᠮᠠᠷᠬᠠᠨ ᠭᠠᠵᠠᠷ ᠬᠦᠳᠡᠯᠳᠡᠭ ᠭᠠᠵᠠᠷ ᠤᠷᠤᠨ ᠤ ᠬᠡᠷ ᠪᠠᠶᠢᠰᠢᠩ ᠤᠨ ᠳᠤᠨᠤᠬ ᠳᠦᠬᠦᠬᠡᠷᠦᠮᠵᠢ ᠶᠢ ᠪᠠᠬᠢᠯᠡᠬᠦ ᠢᠨᠵᠧᠨᠧᠷᠢᠩ ᠢ ᠬᠡᠷᠡᠭᠵᠢᠬᠦᠯᠦᠨ᠎ᠠ᠃ ᠪᠠᠷᠠᠭᠤᠨ ᠤᠷᠤᠨ ᠤ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠳᠤᠰᠠᠯᠠᠬᠤ ᠬᠤᠯᠪᠤᠭᠠᠯᠠᠨ ᠬᠦᠳᠡᠯᠦᠯᠴᠡᠬᠦ ᠵᠢᠯᠤᠭᠤᠳᠬᠤ ᠳᠠᠪᠴᠠᠩ ᠤᠨ ᠪᠠᠶᠢᠭᠤᠯᠤᠯᠳᠠ ᠶᠢ ᠠᠬᠢᠭᠤᠯᠵᠦ᠂ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠳᠤᠰᠠᠯᠠᠬᠤ ᠡᠬᠢ ᠪᠠᠶᠠᠯᠢᠬ ᠢ ᠬᠠᠮᠳᠤ ᠪᠠᠷ ᠡᠳ᠋ᠯᠡᠬᠦ ᠵᠢᠴᠢ ᠬᠠᠮᠳᠤᠷᠠᠨ ᠰᠢᠢᠳᠪᠤᠷᠢᠯᠡᠬᠦ ᠳᠤᠬᠳᠠᠴᠠ ᠶᠢ ᠪᠠᠶᠢᠭᠤᠯᠤᠨ᠎ᠠ᠃ ᠪᠠᠷᠠᠭᠤᠨ ᠤᠷᠤᠨ ᠤ ᠬᠡᠷᠡᠭᠴᠡᠭᠡ ᠳᠤ ᠨᠡᠶᠢᠴᠡᠭᠰᠡᠨ ᠭᠠᠮᠰᠢᠬ ᠢ ᠰᠡᠷᠬᠡᠶᠢᠯᠡᠨ ᠪᠠᠭᠠᠰᠬᠠᠬᠤ ᠭᠠᠮᠰᠢᠬ ᠠᠴᠠ ᠠᠪᠤᠷᠠᠬᠤ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠰᠢᠨ᠎ᠠ ᠶᠢ ᠡᠬᠦᠳᠬᠦ ᠪᠦᠯᠬᠦᠮ ᠨᠢᠭᠡᠴᠡ᠂ ᠳᠤᠷᠰᠢᠯᠳᠠ ᠶᠢᠨ ᠰᠠᠭᠤᠷᠢᠨ ᠪᠤᠯᠤᠨ ᠳᠤᠷᠰᠢᠯᠳᠠ ᠶᠢᠨ ᠳᠠᠪᠴᠠᠩ ᠢ ᠪᠠᠶᠢᠭᠤᠯᠤᠨ᠎ᠠ᠃ ᠠᠪᠤᠷᠠᠨ ᠳᠤᠰᠠᠯᠠᠬᠤ ᠭᠤᠣᠯ ᠡᠩᠨᠡᠬᠡᠨ ᠤ ᠳᠤᠰᠬᠠᠢᠢᠵᠢᠬᠰᠠᠨ ᠮᠡᠷᠬᠡᠵᠢᠯ ᠲᠤᠨᠤᠬᠯᠠᠯ ᠤᠨ ᠳᠦᠪᠰᠢᠨ ᠢ ᠳᠦᠷᠬᠡᠳᠭᠡᠨ ᠳᠡᠬᠡᠭᠰᠢᠯᠡᠬᠦᠯᠦᠨ᠎ᠠ᠃       ᠳᠤᠯᠤᠭ᠎ᠠ᠂ ᠳᠦᠷᠦ ᠶᠢᠨ ᠪᠤᠳᠤᠯᠭ᠎ᠠ ᠶᠢᠨ ᠳᠡᠮᠵᠢᠯᠬᠡ ᠪᠤᠯᠤᠨ ᠵᠤᠬᠢᠶᠠᠨ ᠪᠠᠶᠢᠭᠤᠯᠤᠯᠳᠠ ᠶᠢᠨ ᠪᠠᠳᠤᠯᠠᠭ᠎ᠠ ᠶᠢ ᠴᠢᠩᠭᠠᠳᠬᠠᠨ᠎ᠠ       ︵ᠬᠤᠷᠢ ᠶᠢᠰᠦ︶ ᠳᠦᠷᠦᠯ ᠬᠤᠪᠢᠶᠠᠨ ᠬᠢᠨᠠᠨ ᠰᠢᠯᠭᠠᠨ᠎ᠠ᠃ ᠴᠢᠨᠠᠷ ᠰᠠᠶᠢᠳᠠᠢ ᠬᠦᠭᠵᠢᠯᠳᠡ ᠶᠢ ᠶᠡᠷᠦᠩᠬᠡᠶᠢᠯᠡᠨ ᠦᠨᠡᠯᠡᠬᠦ ᠭᠦᠢᠴᠡᠳᠭᠡᠯ ᠳᠤᠭ᠎ᠠ ᠪᠤᠯᠤᠨ ᠬᠦᠷᠢᠶ᠎ᠡ ᠴᠠᠷ᠎ᠠ ᠬᠤᠪᠢᠶᠠᠨ ᠦᠨᠡᠯᠡᠬᠦ ᠭᠦᠢᠴᠡᠳᠭᠡᠯ ᠳᠤᠭ᠎ᠠ ᠪᠠᠷ ᠯᠠᠪᠯᠠᠯᠳᠠ ᠪᠤᠯᠭᠠᠵᠦ᠂ ᠪᠠᠷᠠᠭᠤᠨ ᠤᠷᠤᠨ ᠤ ᠠᠳᠠᠯᠢ ᠪᠤᠰᠤ ᠤᠷᠤᠨ ᠨᠤᠳᠤᠬ ᠤᠨ ᠤᠨᠴᠠᠯᠢᠬ ᠢ ᠦᠨᠳᠦᠰᠦᠯᠡᠨ᠂ ᠳᠤᠰ ᠪᠦᠷᠢ ᠶᠢᠨ ᠭᠤᠤᠯᠳᠠᠯᠭ᠎ᠠ ᠲᠠᠢ᠂ ᠳᠤᠰ ᠪᠦᠷᠢ ᠶᠢᠨ ᠤᠨᠴᠠᠯᠢᠬ ᠲᠠᠢ ᠬᠢᠨᠡᠨ ᠰᠢᠯᠭᠠᠬᠤ ᠠᠭᠤᠯᠭ᠎ᠠ ᠪᠤᠯᠤᠨ ᠭᠦᠢᠴᠡᠳᠭᠡᠯ ᠳᠤᠭ᠎ᠠ ᠶᠢ ᠳᠤᠬᠢᠷᠠᠭᠤᠯᠵᠦ᠂ ᠵᠦᠷᠢᠶᠡᠳᠦ ᠬᠢᠨᠠᠨ ᠰᠢᠯᠭᠠᠬᠤ ᠠᠷᠭ᠎ᠠ ᠶᠢ ᠬᠡᠷᠡᠭᠵᠢᠬᠦᠯᠦᠨ᠎ᠠ᠃ ᠳᠦᠷᠦᠯ ᠬᠤᠪᠢᠶᠠᠨ ᠬᠢᠨᠡᠨ ᠰᠢᠯᠭᠠᠬᠤ ᠪᠤᠳᠠᠳᠠᠢ ᠠᠷᠭ᠎ᠠ ᠬᠡᠮᠵᠢᠶ᠎ᠠ ᠶᠢ ᠬᠦᠨᠵᠡᠬᠡᠢ ᠰᠤᠳᠤᠯᠤᠨ ᠳᠤᠬᠳᠠᠭᠠᠨ᠎ᠠ᠃       ︵ᠭᠤᠴᠢ︶ ᠡᠳ᠋ ᠤᠨ ᠵᠠᠰᠠᠬ ᠭᠠᠶᠢᠯᠢ ᠲᠠᠳᠠᠪᠤᠷᠢ ᠶᠢᠨ ᠳᠡᠮᠵᠢᠯᠬᠡ᠃ ᠳᠦᠪ ᠪᠡ ᠤᠷᠤᠨ ᠨᠤᠳᠤᠬ ᠤᠨ ᠤᠷᠤᠯᠭ᠎ᠠ ᠶᠢᠨ ᠬᠤᠪᠢᠶᠠᠷᠢᠯᠠᠯᠳᠠ ᠶᠢᠨ ᠦᠬᠡᠷᠡᠴᠢᠯᠡᠯᠳᠡ ᠶᠢ ᠯᠠᠪᠳᠠᠭᠤᠨ ᠳᠤᠬᠳᠠᠭᠤᠨ ᠡᠮᠬᠢ ᠵᠢᠷᠤᠮ ᠲᠠᠢ ᠠᠬᠢᠭᠤᠯᠤᠨ᠎ᠠ᠃ ᠳᠦᠪ ᠤᠨ ᠡᠳ᠋ ᠤᠨ ᠵᠠᠰᠠᠬ ᠠᠴᠠ ᠡᠩ ᠤᠨ ᠴᠢᠨᠠᠷᠳᠠᠢ ᠰᠢᠯᠵᠢᠬᠦᠯᠦᠨ ᠦᠭᠬᠦ ᠪᠡ ᠡᠯ᠎ᠠ ᠬᠦᠷᠢᠶᠡᠨ ᠤ ᠳᠤᠰᠬᠠᠢ ᠳᠦᠷᠦᠯ ᠤᠨ ᠰᠢᠯᠵᠢᠬᠦᠯᠦᠨ ᠦᠭᠬᠦ ᠬᠤᠪᠢᠶᠠᠷᠢᠯᠠᠯᠳᠠ ᠳᠤ᠂ ᠦᠷᠬᠦᠯᠵᠢᠯᠡᠨ ᠪᠡᠯᠡ ᠮᠦᠩᠬᠦ ᠶᠢᠨ ᠬᠤᠪᠢᠶᠠᠷᠢᠯᠠᠯᠳᠠ ᠶᠢᠨ ᠢᠯᠡᠳᠬᠡᠮᠵᠢ ᠶᠢ ᠨᠡᠮᠡᠭᠳᠡᠬᠦᠯᠬᠦ᠂ ᠨᠦᠬᠦᠪᠦᠷᠢ ᠦᠭᠬᠦ ᠪᠠᠷᠢᠮᠵᠢᠶ᠎ᠠ ᠶᠢ ᠳᠡᠬᠡᠭᠰᠢᠯᠡᠬᠦᠯᠬᠦ ᠪᠤᠶᠤ ᠤᠷᠤᠨ ᠨᠤᠳᠤᠬ ᠤᠨ ᠡᠳ᠋ ᠤᠨ ᠵᠠᠰᠠᠬ ᠤᠨ ᠪᠡᠯᠡ ᠤᠷᠤᠭᠤᠯᠤᠯᠳᠠ ᠶᠢᠨ ᠬᠠᠷᠢᠴᠠᠯ ᠢ ᠪᠠᠭᠠᠰᠬᠠᠬᠤ ᠵᠡᠷᠬᠡ ᠬᠡᠯᠪᠡᠷᠢ ᠪᠠᠷ ᠳᠠᠮᠵᠢᠭᠤᠯᠤᠨ᠂ ᠪᠠᠷᠠᠭᠤᠨ ᠤᠷᠤᠨ ᠳᠤ ᠵᠦᠷᠢᠶᠡᠳᠦ ᠨᠦᠬᠦᠪᠤᠷᠢ ᠦᠭᠬᠦ ᠪᠠᠷᠢᠮᠵᠢᠶ᠎ᠠ ᠶᠢ ᠬᠡᠷᠡᠭᠵᠢᠬᠦᠯᠵᠦ᠂ ᠬᠠᠷᠠᠭᠠᠯᠵᠠᠨ ᠳᠡᠮᠵᠢᠬᠦ ᠡᠷᠴᠢᠮ ᠢ ᠴᠢᠩᠭᠠᠷᠠᠭᠤᠯᠤᠨ᠎ᠠ᠃ ᠭᠤᠤᠯᠳᠠᠯᠭ᠎ᠠ ᠲᠠᠢ ᠠᠮᠢ ᠠᠬᠤᠢ ᠶᠢᠨ ᠴᠢᠳᠠᠮᠵᠢᠳᠤ ᠤᠷᠤᠨ ᠤ ᠪᠠᠷᠠᠭᠤᠨ ᠤᠷᠤᠨ ᠳᠠᠬᠢ ᠬᠠᠷᠢᠴᠠᠯ ᠨᠡᠯᠢᠶᠡᠳ ᠶᠡᠭᠡ ᠪᠠᠶᠢᠬᠤ ᠪᠤᠳᠠᠳᠤ ᠪᠠᠶᠢᠳᠠᠯ ᠢ ᠪᠤᠳᠤᠯᠬᠢᠯᠠᠵᠤ᠂ ᠲᠦᠪ ᠤᠨ ᠡᠳ᠋ ᠤᠨ ᠵᠠᠰᠠᠬ ᠠᠴᠠ ᠭᠤᠤᠯᠳᠠᠯᠭ᠎ᠠ ᠲᠠᠢ ᠠᠮᠢ ᠠᠬᠤᠢ ᠶᠢᠨ ᠴᠢᠳᠠᠮᠵᠢᠳᠤ ᠤᠷᠤᠨ ᠳᠤ ᠰᠢᠯᠵᠢᠬᠦᠯᠤᠨ ᠦᠭᠬᠦ ᠡᠷᠴᠢᠮ ᠢᠶᠠᠨ ᠦᠷᠬᠦᠯᠵᠢᠯᠠᠨ ᠴᠢᠩᠭᠠᠷᠠᠭᠤᠯᠵᠤ᠂ ᠪᠡᠯᠡ ᠮᠦᠩᠬᠦ ᠶᠢ ᠳᠣᠭᠠᠴᠠᠭᠠᠯᠠᠨ ᠪᠤᠳᠤᠵᠤ ᠬᠤᠪᠢᠶᠠᠷᠢᠯᠠᠬᠤ ᠠᠷᠭ᠎ᠠ ᠶᠢ ᠲᠡᠬᠦᠯᠳᠡᠷᠵᠢᠬᠦᠯᠤᠨ᠎ᠠ᠃ ᠪᠠᠷᠠᠭᠤᠨ ᠤᠷᠤᠨ ᠤ ᠡᠳ᠋ ᠤᠨ ᠬᠦᠴᠤᠨ ᠨᠡᠶᠢᠳᠡᠮ ᠳᠡᠭᠡᠨ ᠪᠠᠭᠤᠷᠠᠢ ᠪᠠᠶᠢᠬᠤ ᠪᠤᠳᠠᠳᠤ ᠪᠠᠶᠢᠳᠠᠯ ᠢ ᠪᠤᠳᠤᠯᠬᠢᠯᠠᠵᠤ᠂ ᠤᠷᠤᠨ ᠨᠤᠳᠤᠬ ᠤᠨ ᠵᠠᠰᠠᠬ ᠤᠨ ᠤᠷᠳᠤᠨ ᠤ ᠵᠢᠬᠡᠯᠡᠯᠬᠡ ᠶᠢᠨ ᠲᠡᠮᠳᠡᠭᠳᠦ ᠪᠠᠷ ᠰᠠᠭᠤᠷᠢ ᠲᠦᠬᠦᠬᠡᠷᠤᠮᠵᠢ ᠶᠢᠨ ᠪᠦᠳᠤᠬᠡᠨ ᠪᠠᠶᠢᠭᠤᠯᠤᠯᠳᠠ ᠶᠢ ᠲᠡᠮᠵᠢᠬᠦ ᠡᠷᠴᠢᠮ ᠢ ᠴᠢᠩᠭᠠᠷᠠᠭᠤᠯᠵᠤ᠂ ᠲᠦᠪ ᠤᠨ ᠡᠳ᠋ ᠤᠨ ᠵᠠᠰᠠᠬ ᠤᠨ ᠡᠩ ᠤᠨ ᠴᠢᠨᠠᠷᠳᠠᠢ ᠰᠢᠯᠵᠢᠬᠦᠯᠤᠨ ᠦᠭᠬᠦ ᠤᠷᠤᠯᠭ᠎ᠠ ᠶᠢ ᠤᠷᠤᠨ ᠨᠤᠳᠤᠬ ᠤᠨ ᠵᠠᠰᠠᠬ ᠤᠨ ᠤᠷᠳᠤᠨ ᠤ ᠲᠠᠭᠠᠭᠠᠴᠠ ᠶᠢ ᠳᠣᠭᠠᠴᠠᠭᠠᠯᠠᠨ ᠪᠤᠳᠤᠬᠤ ᠬᠡᠪᠴᠢᠶᠠᠨ ᠳᠤ ᠤᠷᠤᠭᠤᠯᠤᠨ᠎ᠠ᠃ ᠮᠤᠵᠢ ᠶᠢᠨ ᠱᠠᠳᠤ ᠠᠴᠠ ᠲᠤᠷᠤᠬᠰᠢᠬᠢ ᠡᠳ᠋ ᠤᠨ ᠵᠠᠰᠠᠬ ᠤᠨ ᠡᠷᠬᠡ ᠪᠤᠯᠤᠨ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯᠳᠠ ᠶᠢ ᠵᠢᠯᠤᠭᠤᠳᠤᠨ ᠠᠬᠢᠭᠤᠯᠵᠦ᠂ ᠬᠤᠳᠠ ᠰᠢᠶᠠᠨ ᠤ ᠢᠳᠡᠪᠬᠢᠵᠢᠯ ᠢ ᠲᠠᠶᠢᠴᠢᠯᠠᠨ᠎ᠠ᠃ ᠪᠠᠷᠠᠭᠤᠨ ᠤᠷᠤᠨ ᠳᠤ ᠪᠠᠶᠢᠭᠤᠯᠤᠬᠰᠠᠨ ᠵᠤᠷᠢᠬᠵᠢᠭᠤᠯᠤᠯ ᠤᠨ ᠲᠦᠷᠤᠯ ᠤᠨ ᠠᠵᠤ ᠤᠢᠢᠯᠡᠰ ᠠᠵᠤ ᠠᠬᠤᠢᠢᠯᠠᠯ ᠤᠨ ᠠᠰᠢᠭ ᠣᠷᠣᠯᠭ᠎ᠠ ᠶᠢᠨ ᠭᠠᠶᠢᠯᠢ ᠳᠤ ᠬᠠᠷᠠᠭᠠᠯᠵᠠᠯ ᠦᠵᠡᠭᠦᠯᠬᠦ ᠵᠡᠷᠬᠡ ᠲᠦᠷᠤ ᠶᠢᠨ ᠪᠤᠳᠤᠯᠭ᠎ᠠ ᠶᠢᠨ ᠬᠤᠭᠤᠴᠠᠭ᠎ᠠ ᠲᠤᠯᠤᠬᠰᠠᠨ ᠤ ᠲᠠᠷᠠᠭ᠎ᠠ ᠦᠷᠬᠦᠯᠵᠢᠯᠠᠨ ᠭᠡᠷᠡᠭᠵᠢᠬᠦᠯᠤᠨ᠎ᠠ᠃ ᠪᠠᠷᠠᠭᠤᠨ ᠤᠷᠤᠨ ᠤ ᠨᠦᠬᠦᠴᠠᠯ ᠪᠦᠷᠢᠯᠳᠦᠭᠰᠡᠨ ᠪᠦᠬᠡᠳ ᠭᠡᠷᠡᠭᠴᠡᠭᠡ ᠲᠠᠢ ᠪᠤᠭᠤᠮᠳᠠ ᠶᠢᠨ ᠤᠨᠴᠠ ᠬᠢᠨᠠᠠ ᠬᠠᠮᠢᠶᠠᠷᠤᠯᠳᠠ ᠶᠢᠨ ᠤᠷᠤᠨ ᠪᠦᠰᠠ ᠳᠤᠳᠤᠷᠠᠬᠢ ᠠᠵᠤ ᠠᠬᠤᠢᠢᠯᠠᠯ ᠳᠤ ᠨᠡᠮᠡᠭᠳᠡᠯ ᠦᠷᠳᠡᠭ ᠤᠨ ᠭᠠᠶᠢᠯᠢ ᠶᠢᠨ ᠡᠩ ᠤᠨ ᠭᠠᠶᠢᠯᠢ ᠲᠤᠰᠢᠶᠠᠬᠴᠢ ᠶᠢᠨ ᠬᠢᠷᠢ ᠬᠡᠮ ᠢ ᠤᠯᠭᠤᠨ᠎ᠠ᠃ ᠪᠠᠷᠠᠭᠤᠨ ᠤᠷᠤᠨ ᠤ ᠵᠤᠷᠢᠭᠵᠢᠭᠤᠯᠤᠯ ᠤᠨ ᠲᠦᠷᠤᠯ ᠤᠨ ᠠᠵᠤ ᠤᠢᠢᠯᠡᠰ ᠤᠨ ᠲᠦᠷᠤᠯ ᠵᠦᠢᠯ ᠤᠨ ᠪᠡᠯᠡ ᠤᠷᠤᠭᠤᠯᠤᠯᠳᠠ ᠶᠢᠨ ᠶᠠᠷᠤᠩᠬᠡᠢ ᠲᠤᠭᠠᠨ ᠤ ᠳᠤᠳᠤᠷ᠎ᠠ ᠭᠠᠳᠠᠭᠠᠳᠤ ᠠᠴᠠ ᠤᠷᠤᠭᠤᠯᠤᠬᠰᠠᠨ ᠦᠪᠡᠷ ᠢᠶᠠᠨ ᠭᠡᠷᠡᠭᠯᠡᠬᠦ ᠲᠤᠨᠤᠬ ᠲᠦᠬᠦᠬᠡᠷᠤᠮᠵᠢ ᠶᠢᠨ ᠪᠤᠭᠤᠮᠳᠠ ᠶᠢᠨ ᠭᠠᠶᠢᠯᠢ ᠶᠢ ᠲᠦᠷᠤ ᠶᠢᠨ ᠪᠤᠳᠤᠯᠭ᠎ᠠ ᠶᠢᠨ ᠲᠤᠬᠳᠠᠭᠠᠬᠰᠠᠨ ᠬᠡᠪᠴᠢᠶᠠᠨ ᠳᠤ ᠬᠡᠯᠳᠤᠷᠢᠬᠦᠯᠤᠨ᠎ᠠ᠃       ︵ᠭᠤᠴᠢᠨ ᠨᠢᠬᠡ︶ ᠮᠦᠩᠬᠦᠨ ᠬᠦᠢᠯᠬᠡᠬᠡᠨ ᠤ ᠲᠡᠮᠵᠢᠯᠬᠡ᠃ ᠬᠤᠳᠠᠯᠳᠤᠭᠠᠨ ᠤ ᠮᠦᠩᠬᠦᠨ ᠬᠦᠢᠯᠬᠡᠬᠡ᠂ ᠬᠠᠮᠳᠤᠷᠠᠯᠴᠠᠭᠠᠨ ᠤ ᠮᠦᠩᠬᠦᠨ ᠬᠦᠢᠯᠬᠡᠬᠡ ᠵᠡᠷᠬᠡ ᠨᠢ ᠪᠠᠷᠠᠭᠤᠨ ᠤᠷᠤᠨ ᠤ ᠬᠦᠭᠵᠢᠯᠳᠡ ᠳᠤ ᠨᠡᠩ ᠰᠠᠶᠢᠳᠣᠷ ᠤᠢᠢᠯᠡᠴᠢᠯᠡᠬᠦ ᠶᠢ ᠲᠡᠮᠵᠢᠨ᠎ᠠ᠃ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢ ᠬᠦᠳᠤᠯᠤᠨ ᠵᠢᠯᠤᠭᠤᠳᠴᠦ ᠪᠠᠶᠢᠭᠠᠳ ᠪᠠᠷᠠᠭᠤᠨ ᠤᠷᠤᠨ ᠤ ᠪᠠᠭ᠎ᠠ ᠵᠢᠵᠢᠭ ᠠᠵᠤ ᠠᠬᠤᠢᠢᠯᠠᠯ ᠤᠨ ᠪᠡᠯᠡ ᠮᠦᠩᠬᠦ ᠬᠤᠷᠠᠮᠳᠤᠭᠤᠯᠬᠤ ᠶᠢ ᠲᠡᠮᠵᠢᠬᠦ ᠡᠷᠴᠢᠮ ᠢ ᠨᠢ ᠴᠢᠩᠭᠠᠷᠠᠭᠤᠯᠤᠨ᠎ᠠ᠃ ᠡᠬᠡ ᠮᠦᠡᠭᠬᠦ ᠪᠠᠨ ᠪᠤᠴᠠᠭᠠᠬᠤ ᠦᠬᠡᠢ ᠪᠠᠷ ᠦᠷᠬᠦᠯᠵᠢᠯᠠᠨ ᠵᠢᠬᠡᠯᠡᠬᠦ᠂ ᠡᠬᠦᠷᠬᠡ ᠪᠠᠨ ᠬᠦᠢᠴᠡᠳᠬᠡᠵᠤ ᠬᠠᠷᠢᠭᠤᠴᠠᠯᠭ᠎ᠠ ᠠᠴᠠ ᠬᠡᠯᠳᠤᠷᠢᠬᠦᠯᠬᠦ ᠵᠡᠷᠬᠡ ᠬᠢᠨᠠᠨ ᠬᠠᠮᠢᠶᠠᠷᠬᠤ ᠲᠦᠷᠤ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠠᠶᠤᠯ ᠲᠦᠭᠰᠢᠬᠦᠷᠢ ᠶᠢ ᠶᠠᠷᠤᠩᠬᠡᠢ ᠳᠡᠭᠡᠨ ᠡᠵᠡᠮᠳᠡᠵᠤ ᠲᠡᠶᠢᠯᠬᠦ ᠤᠷᠢᠳᠠᠯ ᠲᠤᠤᠷ᠎ᠠ ᠪᠠᠷᠠᠭᠤᠨ ᠤᠷᠤᠨ ᠤ ᠨᠦᠬᠦᠴᠠᠯ ᠳᠤ ᠨᠡᠶᠢᠴᠡᠬᠦ ᠪᠠᠭ᠎ᠠ ᠵᠢᠵᠢᠭ ᠠᠵᠤ ᠠᠬᠤᠢᠢᠯᠠᠯ ᠤᠨ ᠦᠷᠬᠦᠯᠵᠢᠯᠠᠨ ᠵᠢᠭᠡᠯᠡᠯᠭᠡ ᠠᠪᠬᠤ ᠶᠢ ᠲᠡᠮᠵᠢᠬᠦ ᠡᠷᠴᠢᠮ ᠢ ᠴᠢᠩᠭᠠᠷᠠᠭᠤᠯᠤᠨ᠎ᠠ᠃ ᠪᠡᠩᠬᠢ ᠶᠢᠨ ᠤᠢᠢᠯᠡᠰ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢᠨ ᠬᠢᠨ ᠢ ᠬᠦᠳᠤᠯᠤᠨ ᠵᠢᠯᠤᠭᠤᠳᠴᠤ ᠪᠠᠶᠢᠭᠠᠳ ᠢᠳᠡᠬᠡᠮᠵᠢᠳᠦ ᠵᠢᠬᠡᠯᠡᠯᠬᠡ ᠶᠢᠨ ᠡᠬᠢ ᠪᠠᠶᠠᠯᠢᠬ ᠢ ᠵᠤᠬᠢᠰᠳᠠᠢ ᠲᠤᠬᠢᠷᠠᠭᠤᠯᠵᠤ᠂ ᠪᠠᠷᠠᠭᠤᠨ ᠤᠷᠤᠨ ᠤ ᠶᠠᠳᠠᠭᠤ ᠬᠦᠴᠢᠷᠳᠠᠯᠳᠠᠢ ᠭᠠᠵᠠᠷ ᠤᠷᠤᠨ ᠤ ᠶᠠᠳᠠᠭᠤ ᠶᠢ ᠲᠡᠳᠬᠦᠬᠦ ᠠᠵᠤ ᠤᠢᠢᠯᠡᠰ ᠢ ᠲᠡᠮᠵᠢᠬᠦ ᠡᠷᠴᠢᠮ ᠢ ᠨᠢ ᠴᠢᠩᠭᠠᠷᠠᠭᠤᠯᠤᠨ᠎ᠠ᠃ ᠬᠦᠩᠬᠡᠨ ᠬᠦᠷᠤᠩᠬᠡ ᠶᠢᠨ ᠪᠤᠳᠠᠳᠤ ᠴᠤᠬᠴᠠ ᠶᠢᠨ ᠠᠵᠤ ᠠᠬᠤᠢ ᠠᠵᠤ ᠠᠬᠤᠢᠢᠯᠠᠯ ᠪᠤᠶᠤ ᠲᠦᠷᠤᠯ ᠵᠦᠢᠯ ᠤᠨ ᠬᠢᠨ ᠵᠤᠬᠢᠴᠠᠬᠤ ᠠᠷᠭ᠎ᠠ ᠪᠠᠷ ᠪᠡᠯᠡ ᠬᠤᠷᠠᠮᠳᠤᠭᠤᠯᠬᠤ ᠶᠢ ᠲᠡᠮᠵᠢᠨ᠎ᠠ᠃ ᠡᠷᠡᠭᠦᠯ ᠬᠦᠭᠵᠢᠯᠳᠡ ᠶᠢ ᠡᠷᠢᠯᠬᠢᠯᠡᠭᠰᠡᠨ ᠮᠦᠩᠬᠦᠨ ᠬᠦᠢᠯᠬᠡᠬᠡᠨ ᠤ ᠬᠠᠩᠭᠠᠯᠭ᠎ᠠ ᠶᠢ ᠨᠡᠮᠡᠭᠳᠡᠬᠦᠯᠵᠤ᠂ ᠪᠠᠷᠠᠭᠤᠨ ᠤᠷᠤᠨ ᠤ ᠠᠵᠤ ᠠᠬᠤᠢ ᠶᠢᠨ ᠡᠷᠡᠭᠦᠯ ᠬᠦᠭᠵᠢᠯᠳᠡ ᠪᠠᠨ ᠪᠠᠳᠣᠯᠠᠵᠦ ᠬᠡᠯᠪᠡᠷᠢ ᠪᠠᠨ ᠬᠤᠪᠢᠷᠠᠭᠤᠯᠵᠤ ᠲᠡᠰ ᠲᠡᠪᠰᠢᠬᠦ ᠶᠢ ᠠᠬᠢᠭᠤᠯᠤᠨ᠎ᠠ᠃ ᠪᠠᠷᠠᠭᠤᠨ ᠤᠷᠤᠨ ᠤ ᠰᠠᠭᠤᠷᠢ ᠲᠦᠬᠦᠬᠡᠷᠤᠮᠵᠢ ᠶᠢᠨ ᠬᠦᠷᠢᠶᠡᠨ ᠳᠠᠬᠢ ᠪᠡᠯᠡ ᠬᠤᠷᠠᠮᠳᠤᠭᠤᠯᠬᠤ ᠠᠶᠤᠯ ᠲᠦᠭᠰᠢᠬᠦᠷᠢ ᠶᠢ ᠬᠤᠪᠢᠶᠠᠨ ᠡᠬᠦᠷᠬᠡᠯᠡᠬᠦ ᠲᠤᠭᠳᠠᠴᠠ ᠪᠠᠶᠢᠭᠤᠯᠬᠤ ᠶᠢ ᠬᠠᠤᠯᠢ ᠲᠦᠷᠢᠮ ᠶᠤᠰᠤᠭᠠᠷ ᠬᠠᠶᠢᠨ ᠰᠦᠪᠡᠭᠴᠢᠯᠠᠨ᠎ᠠ᠃       ︵ᠭᠤᠴᠢᠨ ᠬᠤᠶᠠᠷ︶ ᠠᠵᠤ ᠦᠢᠯᠡᠰ ᠤᠨ ᠲᠥᠷᠥ ᠶᠢᠨ ᠪᠣᠳᠣᠯᠭ᠎ᠠ᠃ ᠨᠠᠵᠠᠭᠠᠶ ᠲᠠᠯ᠎ᠠ ᠶᠢᠨ ᠨᠠᠷᠢᠨ ᠲᠠᠩᠰᠠ ᠪᠤᠯᠤᠨ ᠵᠣᠷᠢᠭᠵᠢᠭᠤᠯᠬᠤ ᠲᠦᠷᠦᠯ ᠤᠨ ᠠᠵᠤ ᠦᠢᠯᠡᠰ ᠤᠨ ᠭᠠᠷᠴᠠᠭ ᠢ ᠤᠶᠠᠯᠳᠤᠭᠤᠯᠤᠭᠰᠠᠨ ᠠᠵᠤ ᠦᠢᠯᠡᠰ ᠤᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠲᠦᠷᠦ ᠶᠢᠨ ᠪᠤᠳᠤᠯᠭ᠎ᠠ ᠶᠢᠨ ᠣᠨᠣᠪᠴᠢᠲᠤ ᠴᠢᠨᠠᠷ ᠪᠠ ᠨᠠᠷᠢᠯᠢᠭ ᠤᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠪᠦᠬᠦ ᠤᠯᠤᠰ ᠤᠨ ᠨᠢᠭᠡᠳᠦᠯᠲᠡᠶ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠶ ᠲᠠᠯ᠎ᠠ ᠶᠢᠨ ᠨᠠᠷᠢᠨ ᠲᠠᠩᠰᠠ ᠶᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠪᠠᠷᠠᠭᠤᠨ ᠣᠷᠣᠨ ᠤ ᠵᠣᠷᠢᠭᠵᠢᠭᠤᠯᠬᠤ ᠲᠥᠷᠥᠯ ᠤᠨ ᠠᠵᠤ ᠦᠢᠯᠡᠰ ᠤᠨ ᠭᠠᠷᠴᠠᠭ ᠲᠤ ᠬᠥᠳᠡᠯᠦᠩᠭᠦᠶ ᠲᠣᠬᠢᠷᠠᠭᠤᠯᠤᠯᠲᠠ ᠬᠢᠵᠦ᠂ ᠲᠥᠷᠥᠯ ᠬᠤᠪᠢᠶᠠᠨ ᠰᠢᠯᠭᠠᠨ ᠬᠢᠨᠠᠬᠤ ᠲᠥᠷᠥ ᠶᠢᠨ ᠪᠣᠳᠣᠯᠭ᠎ᠠ ᠲᠠᠢ ᠵᠣᠬᠢᠴᠠᠭᠤᠯᠤᠨ᠎ᠠ᠃ ᠳᠤᠮᠳᠠ ᠪᠠᠷᠠᠭᠤᠨ ᠣᠷᠣᠨ ᠤ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠯᠳᠠ ᠶᠢᠨ ᠳᠠᠪᠠᠭᠤᠯᠢᠭ ᠠᠵᠤ ᠦᠢᠯᠡᠰ ᠤᠨ ᠭᠠᠷᠴᠠᠭ ᠢ ᠴᠠᠭ ᠲᠤᠬᠠᠢ ᠳᠤᠨᠢ ᠲᠣᠬᠢᠷᠠᠭᠤᠯᠤᠨ ᠵᠠᠰᠠᠪᠤᠷᠢ ᠣᠷᠣᠭᠤᠯᠬᠤ ᠶᠢᠨ ᠬᠠᠮᠲᠤ ᠬᠥᠳᠡᠯᠦᠩᠭᠦᠶ ᠲᠤᠬᠢᠷᠠᠭᠤᠯᠤᠯᠳᠡ ᠬᠢᠨ᠎ᠠ᠃ ᠠᠵᠤ ᠦᠢᠯᠡᠰ ᠤᠨ ᠰᠢᠯᠵᠢᠯᠲᠡ ᠶᠢ ᠬᠥᠲᠥᠯᠥᠨ ᠵᠢᠯᠣᠭᠤᠳᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠠᠵᠤ ᠦᠢᠯᠡᠰ ᠤᠨ ᠰᠢᠯᠵᠢᠯᠲᠡ ᠶᠢ ᠵᠢᠯᠣᠭᠤᠳᠬᠤ ᠭᠠᠷᠴᠠᠭ ᠢ ᠴᠠᠭ ᠲᠤᠬᠠᠢ ᠳᠤᠨᠢ ᠲᠤᠬᠢᠷᠠᠭᠤᠯᠤᠨ ᠰᠢᠨᠡᠳᠬᠡᠨ᠎ᠡ᠃ ᠲᠥᠪ ᠤᠨ ᠡᠳ᠋ ᠤᠨ ᠵᠠᠰᠠᠭ ᠠᠴᠠ ᠪᠠᠷᠠᠭᠤᠨ ᠣᠷᠣᠨ ᠤ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠨ ᠦᠨᠡᠯᠡᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠬᠤ ᠲᠥᠯᠥᠪᠯᠡᠭᠡ ᠶᠢ ᠪᠠᠷᠠᠭᠤᠨ ᠣᠷᠣᠨ ᠤ ᠲᠥᠷᠥᠯ ᠵᠦᠢᠯ ᠳᠤ ᠣᠷᠢᠳᠠᠪᠡᠷ ᠲᠣᠬᠢᠷᠠᠭᠤᠯᠤᠨ᠎ᠠ᠃ ᠪᠠᠷᠠᠭᠤᠨ ᠣᠷᠣᠨ ᠳᠤ ᠲᠤᠬᠠᠶ ᠶᠢᠨ ᠭᠠᠵᠠᠷ ᠲᠤᠨᠢ ᠪᠣᠯᠪᠠᠰᠤᠷᠠᠭᠤᠯᠤᠨ ᠣᠯᠠᠷᠢᠭᠤᠯᠬᠤ ᠨᠥᠬᠦᠴᠡᠯ ᠲᠠᠢ ᠡᠨᠧᠷᠭᠢ᠂ ᠡᠬᠢ ᠪᠠᠶᠠᠯᠢᠭ ᠢ ᠨᠡᠭᠡᠭᠡᠨ ᠠᠰᠢᠬᠯᠠᠬᠤ ᠲᠥᠷᠥᠯ ᠵᠦᠢᠯ ᠢ ᠲᠤᠬᠠᠶ ᠶᠢᠨ ᠭᠠᠵᠠᠷ ᠲᠤ ᠣᠷᠢᠳᠠᠪᠡᠷ ᠪᠠᠶᠢᠷᠢᠰᠢᠭᠤᠯᠤᠨ ᠪᠠᠶᠢᠭᠤᠯᠬᠤ ᠶᠢ ᠳᠡᠮᠵᠢᠬᠦ ᠶᠢᠨ ᠬᠠᠮᠲᠤ ᠣᠷᠢᠳᠠᠪᠡᠷ ᠬᠢᠨᠡᠨ ᠵᠥᠪᠰᠢᠶᠡᠷᠡᠨ᠎ᠠ᠃ ᠪᠠᠷᠠᠭᠤᠨ ᠣᠷᠣᠨ ᠳᠤ ᠰᠢᠨ᠎ᠡ ᠪᠠᠷ ᠪᠠᠶᠢᠭᠤᠯᠤᠭᠰᠠᠨ ᠲᠥᠪ ᠤᠨ ᠠᠵᠤ ᠠᠬᠤᠶᠢᠯᠠᠯ ᠵᠢᠴᠢ ᠲᠡᠭᠦᠨ ᠤ ᠰᠠᠯᠪᠤᠷᠢ ᠪᠠᠶᠢᠭᠤᠯᠤᠮᠵᠢ ᠶᠢᠨ ᠲᠤᠬᠠᠶ ᠶᠢᠨ ᠭᠠᠵᠠᠷ ᠲᠤ ᠳᠠᠩᠰᠠᠯᠠᠭᠤᠯᠬᠤ ᠶᠢ ᠵᠣᠷᠢᠭᠵᠢᠭᠤᠯᠤᠨ᠎ᠠ᠃ ᠨᠡᠶᠢᠭᠡᠮ ᠤᠨ ᠳᠠᠭᠠᠳᠬᠠᠯ ᠤᠨ ᠵᠠᠷᠤᠳᠠᠯ ᠤᠨ ᠨᠤᠷᠮ᠎ᠠ ᠶᠢ ᠵᠣᠬᠢᠰᠲᠠᠶ ᠪᠠᠷ ᠪᠠᠭᠤᠷᠠᠭᠤᠯᠵᠤ᠂ ᠠᠵᠤ ᠠᠬᠤᠶᠢᠯᠠᠯ ᠤᠨ ᠳᠠᠷᠤᠭᠠᠰᠤ ᠶᠢ ᠶᠡᠷᠦᠩᠬᠡᠶ ᠳᠡᠭᠡᠨ ᠨᠡᠮᠡᠭᠳᠡᠭᠦᠯᠬᠦ ᠦᠭᠡᠢ ᠪᠠᠶᠢᠬᠤ ᠶᠢ ᠦᠨᠡᠨᠬᠦ ᠪᠠᠲᠤᠯᠠᠨ᠎ᠠ᠃       ︵ᠭᠤᠴᠢᠨ ᠭᠤᠷᠪᠠ︶ ᠭᠠᠵᠠᠷ ᠬᠡᠷᠡᠭᠯᠡᠬᠦ ᠲᠥᠷᠥ ᠶᠢᠨ ᠪᠣᠳᠣᠯᠭ᠎ᠠ᠃ ᠭᠠᠵᠠᠷ ᠬᠡᠷᠡᠭᠯᠡᠬᠦ ᠵᠥᠷᠢᠶᠡᠲᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠰᠢᠨ᠎ᠡ ᠪᠠᠷ ᠨᠡᠮᠡᠭᠳᠡᠭᠰᠡᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠦᠢᠴᠡᠳᠬᠡᠯ ᠲᠤᠭ᠎ᠠ ᠶᠢ ᠪᠠᠷᠠᠭᠤᠨ ᠣᠷᠣᠨ ᠲᠡᠰᠢ ᠤᠯᠠᠮ ᠨᠢᠭᠡ ᠠᠯᠬᠤᠮ ᠬᠡᠯᠪᠠᠶᠢᠯᠭᠡᠵᠦ᠂ ᠠᠭᠯᠠᠭ ᠠᠭᠤᠯᠠ᠂ ᠡᠯᠡᠰᠦᠷᠬᠡᠭ ᠭᠠᠵᠠᠷ᠂ ᠭᠤᠪᠢ ᠴᠦᠯ ᠵᠡᠷᠭᠡ ᠠᠰᠢᠬᠯᠠᠭᠠᠳᠤᠶ ᠭᠠᠵᠠᠷ ᠰᠢᠷᠣᠶ ᠶᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠭᠦᠢᠴᠡᠳᠭᠡᠯ ᠲᠤᠭ᠎ᠠ ᠶᠢ ᠵᠦᠶ ᠵᠣᠬᠢᠰᠲᠠᠶ ᠨᠡᠮᠡᠭᠳᠡᠭᠦᠯᠦᠨ᠎ᠡ᠃ ᠰᠠᠭᠤᠷᠢ ᠲᠥᠬᠦᠭᠡᠷᠦᠮᠵᠢ ᠶᠢᠨ ᠬᠦᠷᠢᠶᠡᠨ ᠳᠠᠬᠢ ᠳᠤᠲᠠᠭᠤᠳᠠᠯ ᠢ ᠨᠥᠬᠦᠪᠥᠷᠢᠯᠡᠬᠦ ᠲᠦᠷᠦᠯ ᠵᠦᠢᠯ ᠤᠨ ᠭᠠᠵᠠᠷ ᠬᠡᠷᠡᠭᠯᠡᠬᠦ ᠪᠠᠲᠤᠯᠠᠭ᠎ᠠ ᠶᠢ ᠴᠢᠩᠭᠠᠳᠬᠠᠨ᠎ᠠ᠃ ᠪᠠᠷᠠᠭᠤᠨ ᠣᠷᠣᠨ ᠤ ᠨᠡᠭᠡᠭᠡᠯᠳᠡ ᠬᠢᠬᠦ ᠲᠠᠪᠴᠠᠩ ᠤᠨ ᠪᠠᠶᠢᠭᠤᠯᠤᠯᠲᠠ ᠶᠢ ᠳᠠᠮᠵᠢᠵᠤ᠂ ᠤᠯᠤᠰ ᠤᠨ ᠲᠠᠰ ᠤᠨ ᠰᠢᠨ᠎ᠡ ᠲᠣᠭᠤᠷᠢᠭ᠂ ᠨᠡᠭᠡᠭᠡᠯᠲᠡ ᠶᠢᠨ ᠣᠷᠣᠨ ᠤ ᠭᠠᠳᠠᠭᠠᠳᠤ ᠪᠡᠯᠡ ᠶᠢ ᠠᠰᠢᠬᠯᠠᠬᠤ ᠲᠥᠷᠥᠯ ᠵᠦᠢᠯ ᠵᠢᠴᠢ ᠭᠤᠤᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ᠂ ᠬᠢᠯᠢ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ᠂ ᠬᠢᠯᠢ ᠠᠯᠤᠰᠯᠠᠭᠰᠠᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠠᠵᠤ ᠦᠢᠯᠡᠰ ᠤᠨ ᠬᠥᠭᠵᠢᠯᠲᠡ ᠳᠤ ᠬᠡᠷᠡᠭᠰᠡᠬᠦ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠲᠤ ᠳᠦᠯᠦᠪᠯᠡᠭᠰᠡᠨ ᠭᠦᠢᠴᠡᠳᠭᠡᠯ ᠲᠤᠭ᠎ᠠ ᠲᠣᠬᠢᠷᠠᠭᠤᠯᠬᠤ ᠲᠠᠯ᠎ᠠ ᠪᠠᠷ ᠬᠠᠷᠠᠭᠠᠯᠵᠠᠯ ᠦᠵᠡᠭᠦᠯᠦᠨ᠎ᠡ᠃ ᠲᠠᠷᠢᠶᠠᠨ ᠭᠠᠵᠠᠷ ᠤᠨ ᠭᠦᠢᠴᠡᠳᠭᠡᠯ ᠲᠤᠭ᠎ᠠ ᠪᠠ ᠬᠤᠲᠠ ᠬᠥᠳᠡᠭᠡ ᠶᠢᠨ ᠪᠦᠲᠦᠭᠡᠡ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠦᠢᠴᠡᠳᠭᠡᠯ ᠲᠤᠭ᠎ᠠ ᠶᠢ ᠤᠯᠤᠰ ᠤᠨ ᠨᠢᠭᠡᠳᠦᠯᠲᠡᠶ ᠲᠦᠯᠦᠪᠵᠢᠭᠦᠯᠭᠡ ᠬᠠᠮᠢᠶᠠᠷᠤᠯᠳᠡ ᠶᠢᠨ ᠲᠤᠤᠷ᠎ᠠ ᠮᠤᠵᠢ ᠠᠯᠤᠰᠯᠠᠨ ᠲᠣᠬᠢᠷᠠᠭᠤᠯᠬᠤ ᠶᠢ ᠠᠬᠢᠭᠤᠯᠤᠨ᠎ᠠ᠃       ︵ᠭᠤᠴᠢᠨ ᠳᠥᠷᠪᠡ︶ ᠴᠢᠳᠠᠪᠤᠷᠢᠲᠠᠨ ᠤ ᠲᠥᠷᠥ ᠶᠢᠨ ᠪᠣᠳᠣᠯᠭ᠎ᠠ᠃ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠪᠠᠷᠠᠭᠤᠨ ᠣᠷᠣᠨ ᠤ ᠥᠨᠳᠥᠷ ᠬᠡᠪ ᠪᠣᠯᠪᠠᠰᠣᠷᠠᠯ ᠪᠦᠬᠦᠢ ᠺᠠᠳ᠋ᠷ ᠤᠨ ᠡᠩᠨᠡᠭᠡ ᠶᠢ ᠴᠢᠷᠮᠠᠶᠢᠨ ᠪᠠᠶᠢᠭᠤᠯᠵᠤ᠂ ᠪᠠᠷᠠᠭᠤᠨ ᠣᠷᠣᠨ ᠤ ᠬᠡᠷᠡᠭᠴᠡᠭᠡ ᠳᠤ ᠨᠡᠶᠢᠴᠡᠬᠦ ᠲᠤᠰᠬᠠᠶᠢᠵᠢᠭᠰᠠᠨ ᠴᠢᠳᠠᠪᠤᠷᠢᠲᠠᠨ ᠢ ᠰᠢᠯᠢᠨ ᠰᠣᠩᠭᠤᠬᠤ ᠶᠢ ᠴᠢᠬᠤᠯᠠᠴᠢᠯᠠᠵᠤ᠂ ᠴᠢᠳᠠᠪᠤᠷᠢᠲᠠᠨ ᠢ ᠲᠠᠲᠠᠬᠤ᠂ ᠤᠷᠮᠠᠰᠢᠭᠤᠯᠬᠤ ᠪᠠ ᠦᠯᠡᠳᠡᠭᠡᠵᠦ ᠠᠪᠬᠤ ᠳᠤ ᠠᠰᠢᠭᠲᠠᠶ ᠪᠠᠶᠢᠭᠤᠯᠤᠮᠵᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠴᠠᠯᠢᠩ ᠣᠯᠭᠤᠮᠵᠢ ᠶᠢᠨ ᠲᠠᠯ᠎ᠠ ᠪᠠᠷ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠠᠵᠢᠯ ᠦᠢᠯᠡᠰ ᠤᠨ  ᠨᠢᠭᠡᠴᠡ ᠶᠢᠨ ᠥᠭᠡᠷᠡᠴᠢᠯᠡᠯᠲᠡ ᠲᠠᠢ ᠤᠶᠠᠯᠳᠤᠭᠤᠯᠤᠨ᠂ ᠪᠠᠶᠢᠭᠤᠯᠣᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠢᠯᠠᠩᠭᠤᠶ᠎ᠠ ᠦᠨᠳᠦᠰᠦᠨ ᠱᠠᠲᠤᠨ ᠤ ᠠᠯᠪᠠᠲᠠᠨ᠂ ᠪᠠᠭᠰᠢ᠂ ᠡᠮᠴᠢ ᠰᠤᠪᠢᠯᠠᠭᠴᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠵᠡᠷᠭᠡ ᠬᠦᠮᠦᠰ ᠢ ᠵᠣᠷᠢᠭᠵᠢᠭᠤᠯᠤᠨ ᠬᠥᠲᠥᠯᠥᠨ ᠵᠢᠯᠣᠭᠤᠳᠴᠤ ᠪᠠᠶᠢᠭᠠᠳ ᠪᠠᠷᠠᠭᠤᠨ ᠣᠷᠣᠨ ᠳᠤ ᠳᠣᠭᠳᠠᠪᠣᠷᠢᠵᠢᠭᠤᠯᠣᠨ᠎ᠠ᠃ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠨ ᠬᠢᠨ ᠰᠲ᠋ᠣᠺ ᠤᠨ ᠡᠷᠬᠡ ᠪᠠᠷ ᠤᠷᠮᠠᠰᠢᠭᠤᠯᠬᠤ᠂ ᠠᠰᠢᠭ ᠤᠷᠤᠯᠭ᠎ᠠ ᠬᠤᠪᠢᠶᠠᠬᠤ ᠵᠡᠷᠭᠡ  ᠳᠣᠮᠳᠠᠳᠣ ᠣᠷᠳᠣ ᠬᠤᠭᠤᠴᠠᠭᠠᠨ ᠤ ᠤᠷᠮᠠᠰᠢᠭᠤᠯᠤᠯ ᠢ ᠬᠡᠷᠡᠭᠵᠢᠭᠦᠯᠬᠦ ᠶᠢ ᠵᠣᠷᠢᠭᠵᠢᠭᠤᠯᠤᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠲᠤᠰᠬᠠᠶ ᠮᠡᠷᠭᠡᠵᠢᠯ ᠪᠣᠯᠤᠨ ᠬᠠᠮᠢᠶᠠᠷᠤᠯᠲᠠ ᠶᠢᠨ ᠴᠢᠳᠠᠪᠤᠷᠢᠲᠠᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠠᠷᠠᠭᠤᠨ ᠣᠷᠣᠨ ᠳᠤ ᠲᠤᠰᠢᠶᠠᠯ ᠬᠠᠪᠰᠤᠷᠭᠠᠨ ᠠᠵᠢᠯᠯᠠᠵᠦ ᠬᠠᠤᠯᠢ ᠶᠣᠰᠣᠨ ᠤ ᠬᠠᠷᠠᠮᠵᠢ ᠣᠯᠬᠤ ᠶᠢ ᠵᠥᠪᠰᠢᠶᠡᠷᠡᠨ᠎ᠡ᠃ ᠠᠵᠢᠯ ᠠᠴᠠ ᠪᠠᠨ ᠠᠮᠠᠷᠠᠭᠰᠠᠨ ᠠᠯᠪᠠᠨ ᠲᠤᠰᠢᠶᠠᠯᠲᠠᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠠᠷᠠᠭᠤᠨ ᠣᠷᠣᠨ ᠳᠤ  ᠦᠢᠯᠡᠰ ᠪᠤᠰᠬᠠᠬᠤ ᠶᠢ ᠵᠥᠪᠰᠢᠶᠡᠷᠡᠨ᠎ᠡ᠃       ︵ᠭᠤᠴᠢᠨ ᠲᠠᠪᠤ︶ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ᠃ ᠰᠢᠨᠵᠢᠶᠠᠩ᠂ ᠲᠥᠪᠡᠳ ᠪᠠ ᠬᠥᠬᠡᠨᠠᠭᠤᠷ ᠵᠡᠷᠭᠡ ᠮᠤᠵᠢ ᠶᠢᠨ ᠲᠦᠪᠡᠳ ᠦᠨᠳᠦᠰᠦᠲᠡᠨ ᠤ ᠣᠷᠣᠨ ᠢ ᠠᠵᠢᠯ ᠲᠦᠷᠦᠯ ᠢᠶᠠᠷ ᠢᠶᠠᠨ ᠲᠤᠰᠠᠯᠠᠬᠤ ᠵᠢᠴᠢ ᠬᠦᠢᠵᠸᠦ ᠶᠢ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠵᠡᠷᠭᠡ ᠠᠵᠢᠯ ᠢ ᠭᠦᠨᠵᠡᠭᠡᠶ ᠥᠷᠨᠢᠭᠦᠯᠦᠨ᠎ᠡ᠃ ᠲᠥᠪ ᠤᠨ ᠪᠠ ᠲᠦᠷᠦ ᠶᠢᠨ ᠪᠠᠶᠢᠭᠤᠯᠣᠯᠭ᠎ᠠ ᠵᠢᠴᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠵᠡᠷᠭᠡ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠶᠢ ᠦᠷᠭᠦᠯᠵᠢᠯᠡᠨ ᠬᠡᠷᠡᠭᠵᠢᠭᠦᠯᠦᠨ᠎ᠡ᠃ ᠴᠡᠷᠢᠭ ᠠᠩᠬᠢ ᠶᠢᠨ ᠬᠢᠨ ᠳᠠᠪᠠᠭᠤᠯᠢᠭ ᠢᠶᠠᠨ ᠪᠠᠳᠠᠷᠠᠭᠤᠯᠵᠤ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠳᠤ ᠢᠳᠡᠪᠬᠢᠲᠡᠶ ᠣᠷᠣᠯᠴᠠᠬᠤ ᠶᠢ ᠳᠡᠮᠵᠢᠨ᠎ᠡ᠃ ᠨᠢᠭᠡᠳᠦᠮᠡᠯ ᠹᠷᠣᠨᠲ ᠤᠨ ᠬᠢᠨ ᠪᠢᠵᠢᠶᠧ ᠶᠢᠨ ᠲᠤᠷᠰᠢᠯᠲᠠ ᠶᠢᠨ ᠲᠤᠭᠤᠷᠢᠭ ᠤᠨ ᠥᠭᠡᠷᠡᠴᠢᠯᠡᠯᠲᠡ ᠬᠥᠭᠵᠢᠯᠲᠡ ᠶᠢ ᠦᠷᠭᠦᠯᠵᠢᠯᠡᠨ ᠳᠡᠮᠵᠢᠬᠦ ᠶᠢ ᠠᠬᠢᠭᠤᠯᠤᠨ᠎ᠠ᠃ ᠵᠡᠭᠦᠨ ᠳᠤᠮᠳᠠ ᠤᠷᠤᠨ ᠤ ᠬᠤᠲᠠ ᠶᠢᠨ ᠬᠢᠨ ᠬᠢᠯᠢ ᠬᠢᠵᠠᠭᠠᠷ ᠤᠨ ᠬᠤᠲᠠ ᠶᠢ ᠬᠠᠪᠰᠤᠷᠤᠨ ᠪᠠᠴᠢᠮ ᠬᠡᠷᠡᠭᠰᠡᠬᠦ ᠬᠠᠮᠢᠶᠠᠷᠤᠯᠲᠠ ᠪᠣᠯᠤᠨ ᠮᠡᠷᠭᠡᠵᠢᠯ ᠤᠨ ᠴᠢᠳᠠᠪᠤᠷᠢᠲᠠᠨ ᠢ ᠠᠵᠢᠯ ᠲᠥᠷᠥᠯ ᠢᠶᠠᠷ ᠢᠶᠠᠨ ᠪᠣᠯᠪᠠᠰᠤᠷᠠᠭᠤᠯᠵᠦ ᠦᠭᠭᠦ ᠶᠢ ᠵᠤᠷᠢᠭᠵᠢᠭᠤᠯᠤᠨ᠎ᠠ᠃ ᠠᠵᠤ ᠠᠬᠤᠶᠢᠯᠠᠯ ᠤᠨ ᠬᠢᠨ ᠶᠠᠳᠠᠭᠤ ᠬᠦᠴᠢᠷᠳᠡᠯᠲᠡᠶ ᠰᠢᠶᠠᠨ ︵ᠲᠣᠰᠬᠤᠨ︶ ᠢ ᠬᠠᠪᠰᠣᠷᠣᠯᠴᠠᠭ᠎ᠠ ᠪᠠᠶᠢᠭᠤᠯᠤᠨ ᠬᠠᠪᠰᠤᠷᠤᠨ ᠲᠡᠳᠬᠦᠬᠦ ᠶᠢ ᠵᠣᠷᠢᠭᠵᠢᠭᠤᠯᠤᠨ᠎ᠠ᠃ ᠲᠥᠪ ᠪᠠ ᠲᠥᠷᠥ ᠶᠢᠨ ᠪᠠᠶᠢᠭᠤᠯᠣᠯᠭ᠎ᠠ᠂ ᠵᠡᠭᠦᠨ ᠣᠷᠣᠨ ᠠᠴᠠ ᠰᠢᠯᠢᠳᠡᠭ ᠺᠠᠳ᠋ᠷ ᠢ ᠰᠣᠩᠭᠤᠨ ᠲᠣᠮᠢᠯᠠᠵᠤ ᠪᠠᠷᠠᠭᠤᠨ ᠣᠷᠣᠨ ᠳᠤ ᠲᠦᠷ ᠴᠠᠭ ᠲᠤᠰᠢᠶᠠᠯ ᠡᠭᠦᠷᠭᠡᠯᠡᠬᠦᠯᠬᠦ ᠪᠠ ᠲᠤᠰᠢᠶᠠᠯ ᠬᠠᠷᠢᠭᠤᠴᠠᠭᠤᠯᠬᠤ ᠶᠢ ᠤᠯᠠᠮ ᠴᠢᠨᠠᠬᠰᠢᠳᠠ ᠠᠬᠢᠭᠤᠯᠵᠤ᠂ ᠪᠠᠷᠠᠭᠤᠨ ᠣᠷᠣᠨ ᠳᠤ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠰᠢᠯᠢᠳᠡᠭ ᠺᠠᠳ᠋ᠷ ᠢ ᠳᠡᠪᠰᠢᠭᠦᠯᠦᠨ ᠬᠡᠷᠡᠭᠯᠡᠬᠦ ᠶᠢ ᠴᠢᠬᠤᠯᠠᠴᠢᠯᠠᠨ᠎ᠠ᠃ ᠠᠯᠪᠠᠲᠠᠨ ᠢ ᠠᠵᠢᠯ ᠲᠥᠷᠥᠯ ᠢᠶᠠᠷ ᠨᠢ ᠪᠣᠯᠪᠠᠰᠤᠷᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃       ︵ᠭᠤᠴᠢᠨ ᠵᠢᠷᠭᠤᠭ᠎ᠠ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠃ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠰᠢᠨ᠎ᠡ ᠪᠠᠶᠢᠷᠢᠰᠢᠯ ᠢ ᠪᠤᠢ ᠪᠣᠯᠭᠠᠬᠤ ᠶᠢ ᠠᠬᠢᠭᠤᠯᠬᠤ ᠶᠠᠪᠤᠴᠠ ᠳᠠᠬᠢ ᠤᠳᠤᠷᠢᠳᠬᠤ ᠦᠢᠯᠡᠳᠦᠯ ᠢ ᠴᠢᠩᠭᠠᠷᠠᠭᠤᠯᠤᠨ᠎ᠠ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠤᠬᠴᠠᠯᠠᠯᠳᠠ ᠶᠢ ᠴᠢᠩᠭᠠᠳᠬᠠᠵᠤ᠂ ᠨᠠᠮ ᠤᠨ ᠵᠣᠬᠢᠶᠠᠨ ᠪᠠᠶᠢᠭᠤᠯᠤᠯᠲᠠ ᠪᠠᠷ ᠤᠳᠤᠷᠢᠳᠤᠭᠤᠯᠤᠬᠰᠠᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠬᠦᠳᠦᠯᠤᠨ ᠵᠢᠯᠤᠭᠤᠳᠴᠦ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠳᠤᠮᠳᠠ ᠬᠤᠰᠢᠭᠤᠴᠢ ᠵᠢᠱᠢᠶᠡᠴᠢ ᠦᠢᠯᠡᠳᠦᠯ ᠢ ᠨᠢ ᠪᠠᠳᠠᠷᠠᠭᠤᠯᠤᠨ᠎ᠠ᠃ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ᠂ ᠪᠦᠲᠦᠭᠡᠯᠴᠢ ᠴᠢᠨᠠᠷ ᠲᠠᠢ ᠪᠠᠷ ᠳᠣᠣᠱᠯᠠᠭᠤᠯᠣᠨ ᠨᠠᠶᠢᠳᠠᠪᠤᠷᠢᠵᠢᠭᠤᠯᠬᠤ ᠶᠢ ᠵᠣᠷᠢᠭᠵᠢᠭᠤᠯᠤᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ᠪᠠᠷᠠᠭᠤᠨ ᠣᠷᠣᠨ ᠢ ᠨᠡᠭᠡᠭᠡᠨ ᠬᠦᠭᠵᠢᠭᠦᠯᠬᠦ ᠤᠳᠤᠷᠢᠳᠬᠤ ᠳᠤᠭᠤᠶᠢᠯᠠᠩ ᠨᠢᠭᠡᠳᠦᠯᠲᠡᠶ ᠲᠥᠯᠥᠪᠵᠢᠭᠦᠯᠦᠨ ᠵᠢᠯᠣᠭᠤᠳᠬᠤ ᠪᠠᠨ ᠴᠢᠩᠭᠠᠳᠬᠠᠵᠤ᠂ ᠡᠯ᠎ᠡ ᠪᠦᠷᠢᠯᠳᠦᠬᠦᠨ ᠨᠢᠭᠡᠴᠡ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠲᠤᠰ ᠤᠨ ᠢᠶᠠᠨ ᠡᠭᠦᠷᠭᠡ ᠲᠤᠰᠢᠶᠠᠯ ᠢᠶᠠᠨ ᠭᠦᠢᠴᠡᠳᠭᠡᠨ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠨᠢᠭᠲᠠ ᠬᠠᠮᠵᠢᠯᠴᠠᠨ᠂ ᠬᠦᠴᠦ ᠪᠠᠨ ᠨᠢᠭᠡᠳᠬᠡᠵᠦ᠂ ᠢᠵᠢ ᠪᠦᠷᠢᠳᠦᠭᠰᠡᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠢᠨ ᠲᠥᠷᠥ ᠶᠢᠨ ᠶᠠᠪᠤᠳᠠᠯ ᠤᠨ ᠬᠤᠷᠢᠶᠠᠨ ᠤ ᠪᠠᠷᠠᠭᠤᠨ ᠤᠷᠤᠨ ᠢ ᠨᠡᠭᠡᠭᠡᠨ ᠬᠦᠭᠵᠢᠭᠦᠯᠬᠦ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠲᠤᠰᠢᠶᠠᠯ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠳᠤ ᠴᠠᠬ ᠲᠤᠬᠠᠢ ᠳᠤᠨᠢ ᠦᠨᠡᠯᠡᠯᠲᠡ ᠬᠢᠵᠦ᠂ ᠰᠢᠮᠳᠠᠭᠤᠯᠣᠨ ᠪᠠᠶᠢᠴᠠᠭᠠᠵᠤ ᠨᠠᠶᠢᠳᠠᠪᠤᠷᠢᠵᠢᠭᠤᠯᠬᠤ ᠶᠢ ᠠᠬᠢᠭᠤᠯᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠬᠤ ᠬᠡᠷᠡᠭᠲᠡᠶ᠃ ᠪᠠᠷᠠᠭᠤᠨ ᠣᠷᠣᠨ ᠤ ᠡᠯ᠎ᠠ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠴᠢᠷᠮᠠᠶᠢᠨ ᠠᠵᠢᠯᠯᠠᠵᠦ᠂ ᠦᠨᠡᠨᠬᠦ ᠠᠳᠬᠤᠨ ᠪᠣᠳᠠᠲᠠᠶ ᠠᠵᠢᠯᠯᠠᠵᠤ᠂ ᠲᠣᠰ ᠭᠠᠵᠠᠷ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠣᠰ ᠰᠠᠨᠠᠯ ᠢ ᠳᠣᠣᠱᠯᠠᠭᠤᠯᠣᠨ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠶᠢ ᠲᠣᠭᠲᠠᠭᠠᠵᠤ᠂ ᠥᠷᠭᠡᠨ ᠣᠯᠠᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠡᠯ᠎ᠡ ᠵᠦᠶ᠋ᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠬᠤ ᠬᠡᠷᠡᠭᠲᠡᠶ᠃ ᠦᠨᠳᠦᠰᠦᠨ ᠱᠠᠳᠤ ᠶᠢ ᠬᠠᠷᠰᠢᠯᠠᠵᠤ ᠪᠠᠶᠢᠭ᠎ᠠ ᠬᠡᠯᠪᠡᠷᠢ ᠶᠢᠨ ᠦᠵᠡᠯ ᠤᠨ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠪᠠᠷᠠᠭᠤᠨ ᠣᠷᠣᠨ ᠤ ᠦᠨᠳᠦᠰᠦᠨ ᠱᠠᠲᠤᠨ ᠤ ᠺᠠᠳ᠋ᠷ ᠨᠡᠩ ᠴᠢᠨᠠᠭᠰᠢᠳᠠ ᠤᠶᠤᠨ ᠴᠢᠳᠠᠯ ᠢᠶᠠᠨ ᠭᠠᠷᠭᠠᠵᠤ ᠪᠣᠳᠠᠲᠠᠶ ᠠᠵᠢᠯ ᠬᠢᠬᠦ ᠶᠢ ᠠᠬᠢᠭᠤᠯᠬᠤ ᠬᠡᠷᠡᠭᠲᠡᠶ᠃ ᠵᠡᠭᠦᠨ ᠳᠤᠮᠳᠠ ᠣᠷᠣᠨ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠦᠷᠭᠦᠯᠵᠢᠯᠡᠨ ᠳᠡᠮᠵᠢᠵᠦ ᠡᠭᠦᠨ ᠳᠤ ᠣᠷᠣᠯᠴᠠᠬᠤ ᠬᠡᠷᠡᠭᠲᠡᠶ᠃       ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠠᠨ ᠴᠢᠯᠥᠭᠡᠯᠡᠨ᠂ ᠵᠤᠷᠢᠬᠲᠠᠢ ᠪᠠᠷ ᠤᠷᠤᠭᠰᠢᠯᠠᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠥᠷᠢᠴᠡᠯ ᠢ ᠰᠢᠢᠳᠪᠦᠷᠢᠯᠡᠵᠦ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠨᠡᠩ ᠪᠦᠲᠦᠮᠵᠢᠲᠡᠶ ᠰᠢᠨ᠎ᠡ ᠲᠣᠭᠲᠠᠴᠠ ᠶᠢ ᠪᠠᠶᠢᠭᠤᠯᠬᠤ ᠶᠢ ᠳᠦᠷᠭᠡᠳᠬᠡᠵᠦ᠂ ᠨᠠᠩ ᠶᠡᠭᠡ ᠡᠷᠴᠢᠮ ᠬᠦᠴᠦ᠂ ᠨᠠᠩ ᠴᠢᠩᠭ᠎ᠠ ᠠᠷᠭ᠎ᠠ ᠬᠡᠮᠵᠢᠶ᠎ᠡ ᠪᠠᠷ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠰᠢᠨ᠎ᠡ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号