ᠠᠯᠠᠱᠨ ᠠᠶᠢᠮᠠᠭ ᠤᠨ ᠤᠯᠤᠰ ᠠᠷᠠᠳ ᠤᠨ ᠰᠢᠮ᠎ᠠ ᠲᠡᠵᠢᠭᠡᠯ ᠤᠨ ᠲᠦᠯᠦᠪᠯᠡᠭᠡ ︵2017 —2030 ᠤᠨ︶ ᠶᠢᠨ ᠠᠵᠢᠯ ᠤᠨ ᠲᠦᠰᠦᠯ
ᠨᠡᠶᠢᠲᠡᠯᠡᠭᠰᠡᠨ ᠴᠠᠭ᠄
2020/11/16
       ︽︿ᠡᠷᠡᠬᠦᠯ ᠡᠩᠭᠡ ᠠᠯᠠᠱᠨ 2030﹀ ᠭᠡᠷᠡᠭᠵᠢᠬᠦᠯᠬᠦ ᠲᠦᠰᠦᠯ︾ ᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠡᠷᠡᠬᠦᠯ ᠡᠩᠭᠡ ᠠᠯᠠᠱᠨ ᠶᠢᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠦ᠂ ᠪᠦᠬᠦ ᠠᠶᠢᠮᠠᠭ ᠤᠨ ᠤᠯᠤᠰ ᠠᠷᠠᠳ ᠤᠨ ᠰᠢᠮ᠎ᠠ ᠲᠡᠵᠢᠭᠡᠯ ᠡᠷᠡᠬᠦᠯ ᠡᠷᠡᠬᠦᠯ ᠮᠡᠨᠳᠦ ᠶᠢᠨ ᠬᠢᠷᠢ ᠲᠦᠪᠰᠢᠨ ᠢ ᠲᠡᠭᠡᠭᠰᠢᠯᠡᠬᠦᠯᠬᠦ ᠶᠢᠨ ᠲᠤᠰᠠᠳᠠ᠂ ︽ᠦᠪᠠᠷᠳᠡᠭᠡᠨ ᠵᠠᠰᠠᠬᠤ ᠤᠷᠤᠨ ᠤ ᠤᠯᠤᠰ ᠠᠷᠠᠳ ᠤᠨ ᠰᠢᠮ᠎ᠠ ᠲᠡᠵᠢᠭᠡᠯ ᠤᠨ ᠲᠦᠯᠦᠪᠯᠡᠭᠡ ︵2017 —2030 ᠤᠨ︶ ᠶᠢᠨ ᠭᠡᠷᠡᠭᠵᠢᠬᠦᠯᠬᠦ ᠲᠦᠰᠦᠯ ᠢ ᠲᠠᠷᠤᠮᠠᠯᠯᠠᠨ ᠲᠠᠷᠬᠠᠭᠠᠬᠤ ᠲᠤᠬᠠᠢ ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠲᠢᠩᠬᠢᠮ ᠤᠨ ᠮᠡᠳᠡᠭᠳᠡᠯ︾ ︵ᠦᠪᠤᠷ ᠵᠠᠰᠠᠭ ᠠᠯᠪᠠᠨ ᠲᠠᠷᠬᠠᠭᠠᠭᠰᠠᠨ ﹇2017﹈ 172 ᠳ᠋ᠤᠭᠠᠷ ᠲᠤᠭᠠᠲᠤ︶ ᠤᠨ ᠵᠤᠷᠢᠭ ᠰᠠᠨᠠᠭ᠎ᠠ ᠶᠢ ᠦᠨᠲᠤᠰᠦᠯᠠᠵᠦ᠂ ᠠᠯᠠᠱᠨ ᠠᠶᠢᠮᠠᠭ ᠤᠨ ᠪᠤᠳᠠᠲᠠᠢ ᠲᠠᠢ ᠤᠶᠠᠯᠲᠤᠭᠤᠯᠵᠦ᠂ ᠲᠤᠰ ᠠᠵᠢᠯ ᠤᠨ ᠲᠦᠰᠦᠯ  ᠢ ᠲᠤᠭᠳᠠᠭᠠᠪᠠ᠃        ᠨᠢᠭᠡ᠂ ᠭᠤᠤᠯ ᠬᠠᠷᠠᠯᠳᠠ        2020 ᠤᠨ ᠪᠤᠯᠬᠤ ᠳᠤ᠂ ᠪᠦᠬᠦ ᠠᠶᠢᠮᠠᠭ ᠤᠨ ᠰᠢᠮ᠎ᠠ ᠲᠡᠵᠢᠭᠡᠯ ᠤᠨ ᠠᠵᠢᠯ ᠤᠨ ᠲᠦᠷᠢᠮ ᠪᠠ ᠠᠵᠢᠯ  ᠤᠨ ᠰᠢᠰᠲ᠋ᠧᠮᠵᠢ ᠦᠨᠲᠤᠰᠤᠨ ᠳᠡᠭᠡᠨ ᠪᠠᠶᠢᠭᠤᠯᠤᠭᠳᠠᠵᠦ᠂ ᠰᠢᠮ᠎ᠠ ᠲᠡᠵᠢᠭᠡᠯ ᠤᠨ ᠠᠵᠢᠯ ᠢ ᠶᠡᠭᠡᠪᠠᠷ ᠴᠢᠩᠭᠠᠷᠠᠭᠤᠯᠤᠨ᠎ᠠ︔ ᠢᠳᠡᠭᠡᠨ ᠤ ᠵᠦᠢᠯ ᠤᠨ ᠰᠢᠮ᠎ᠠ ᠲᠡᠵᠢᠭᠡᠯ ᠡᠷᠡᠬᠦᠯ ᠮᠡᠨᠳᠦ ᠶᠢᠨ ᠠᠵᠦ ᠦᠢᠯᠡᠰ ᠠᠯᠬᠤᠮ ᠠᠯᠬᠤᠮ ᠢᠶᠠᠷ ᠬᠦᠭᠵᠢᠵᠦ᠂ ᠤᠯᠠᠮᠵᠢᠯᠠᠯᠲᠤ ᠢᠳᠡᠭᠡᠨ ᠤ ᠰᠢᠮ᠎ᠠ ᠲᠡᠵᠢᠭᠡᠯ ᠤᠨ  ᠦᠢᠯᠡᠴᠢᠯᠡᠭᠡ ᠶᠢ ᠡᠲᠤᠷ ᠠᠴᠠ ᠡᠲᠤᠷ ᠪᠠᠶᠠᠯᠢᠭᠵᠢᠭᠤᠯᠤᠨ᠎ᠠ︔ ᠰᠢᠮ᠎ᠠ ᠲᠡᠵᠢᠭᠡᠯ ᠡᠷᠡᠬᠦᠯ ᠮᠡᠨᠳᠦ ᠶᠢᠨ ᠮᠡᠳᠡᠭᠡ ᠵᠠᠩᠬᠢᠴᠢᠯᠠᠯᠳᠠ ᠶᠢᠨ ᠬᠢᠷᠢ ᠲᠦᠪᠰᠢᠨ  ᠢ ᠠᠯᠬᠤᠮ ᠠᠯᠬᠤᠮ ᠢᠶᠠᠷ ᠲᠡᠭᠡᠭᠰᠢᠯᠡᠬᠦᠯᠦᠨ᠎ᠠ︔ ᠭᠤᠤᠯᠳᠠᠯᠭ᠎ᠠ ᠲᠠᠢ ᠬᠦᠮᠦᠰ ᠤᠨ ᠰᠢᠮ᠎ᠠ ᠲᠡᠵᠢᠭᠡᠯ ᠨᠢ ᠬᠡᠪ ᠤᠨ ᠪᠣᠰᠣ ᠪᠠᠶᠢᠬᠤ ᠪᠠᠶᠢᠳᠠᠯ ᠢ ᠢᠯᠡᠳᠳᠡ ᠰᠠᠶᠢᠵᠢᠷᠠᠭᠤᠯᠵᠦ᠂ ᠬᠤᠭᠤᠯᠠᠯᠠᠬᠤ ᠪᠠ ᠬᠦᠳᠡᠯᠭᠡᠭᠡᠨ ᠬᠢᠬᠦ ᠶᠢ ᠲᠡᠩᠴᠡᠬᠦᠷᠢᠲᠡᠢ ᠪᠠᠶᠢᠯᠭᠠᠬᠤ ᠡᠷᠡᠬᠦᠯ ᠴᠢᠬᠢᠷᠠᠭ ᠠᠮᠢᠲᠤᠷᠠᠯ ᠤᠨ ᠠᠷᠭ᠎ᠠ ᠭᠡᠯᠪᠠᠷᠢ ᠶᠢ ᠤᠯᠠᠮ ᠨᠢᠭᠡ ᠠᠯᠬᠤᠮ ᠲᠦᠭᠡᠮᠠᠯᠵᠢᠬᠦᠯᠵᠦ᠂ ᠰᠠᠭᠤᠭᠠᠯᠢ ᠠᠷᠠᠳ ᠤᠨ ᠡᠷᠡᠬᠦᠯ ᠮᠡᠨᠳᠦ ᠶᠢᠨ ᠳᠣᠬᠠᠢ ᠭᠡᠪ ᠪᠣᠯᠪᠠᠰᠣᠷᠠᠯ ᠢ ᠢᠯᠡᠳᠳᠡ ᠲᠡᠭᠡᠭᠰᠢᠯᠡᠬᠦᠯᠦᠨ᠎ᠠ᠃ ᠲᠤᠤᠷᠠᠬᠢ ᠬᠠᠷᠠᠯᠳᠠ ᠶᠢ  ᠪᠠᠶᠠᠯᠡᠬᠦᠯᠦᠨ᠎ᠠ᠄        — — ᠬᠦᠮᠦᠰ ᠤᠨ ᠴᠢᠰᠤ ᠲᠤᠳᠠᠭᠳᠠᠬᠤ ᠨᠤᠷᠮ᠎ᠠ ᠶᠢ ᠪᠠᠭᠤᠷᠠᠭᠤᠯᠤᠨ᠎ᠠ᠃ 5 ᠨᠠᠰᠤᠨ ᠠᠴᠠ ᠲᠤᠷᠤᠭᠰᠢᠬᠢ ᠭᠡᠤᠭᠡᠳ ᠪᠠᠭᠠᠴᠤᠳ ᠤᠨ ᠴᠢᠰᠤ ᠲᠤᠳᠠᠭᠳᠠᠬᠤ ᠨᠤᠷᠮ᠎ᠠ ᠶᠢ 12% ᠠᠴᠠ ᠲᠤᠷᠤᠭᠰᠢ  ᠪᠠᠶᠢᠯᠭᠠᠵᠦ᠂ ᠵᠢᠷᠮᠤᠰᠤᠨ ᠪᠦᠰᠡᠬᠦᠢ ᠶᠢᠨ ᠴᠢᠰᠤ ᠲᠤᠳᠠᠭᠳᠠᠬᠤ ᠨᠤᠷᠮ᠎ᠠ ᠶᠢ 15% ᠠᠴᠠ ᠲᠤᠷᠤᠭᠰᠢ ᠪᠠᠶᠢᠯᠭᠠᠵᠦ᠂ ᠨᠠᠰᠤᠳᠠᠶᠢᠴᠤᠳ ᠤᠨ ᠴᠢᠰᠤ ᠲᠤᠳᠠᠭᠳᠠᠬᠤ ᠨᠤᠷᠮ᠎ᠠ ᠶᠢ 10% ᠠᠴᠠ ᠲᠤᠷᠤᠭᠰᠢ  ᠪᠠᠶᠢᠯᠭᠠᠵᠦ᠂ ᠶᠠᠳᠠᠭᠤ ᠬᠦᠴᠢᠷᠳᠡᠯᠲᠡᠢ ᠭᠠᠵᠠᠷ ᠤᠷᠤᠨ ᠤ ᠬᠦᠮᠦᠰ ᠤᠨ ᠴᠢᠰᠤ ᠲᠤᠳᠠᠭᠳᠠᠬᠤ ᠨᠤᠷᠮ᠎ᠠ ᠶᠢ 10% ᠠᠴᠠ ᠲᠤᠷᠤᠭᠰᠢ ᠪᠠᠶᠢᠯᠭᠠᠨ᠎ᠠ᠃        — — ᠵᠢᠷᠮᠤᠰᠤᠨ ᠪᠦᠰᠡᠬᠦᠢ ᠶᠢᠨ ᠨᠠᠪᠴᠢᠨ ᠬᠦᠴᠢᠯ ᠲᠤᠳᠠᠭᠳᠠᠬᠤ ᠨᠤᠷᠮ᠎ᠠ ᠶᠢ 5% ᠠᠴᠠ ᠲᠤᠷᠤᠭᠰᠢ ᠪᠠᠶᠢᠯᠭᠠᠵᠦ᠂ 0 — 6 ᠰᠠᠷ᠎ᠠ ᠲᠠᠢ ᠨᠢᠯᠬᠠᠰ ᠢ ᠴᠡᠪᠠᠷ ᠡᠭᠡ ᠶᠢᠨ ᠰᠦ ᠪᠠᠷ ᠲᠡᠵᠢᠭᠡᠬᠦ ᠨᠤᠷᠮ᠎ᠠ ᠶᠢ 50% ᠠᠴᠠ ᠢᠯᠡᠬᠦᠦ ᠭᠡᠮᠵᠢᠶᠠᠨ ᠳᠤ ᠬᠦᠷᠭᠡᠵᠦ᠂ 5 ᠨᠠᠰᠤ ᠠᠴᠠ ᠳᠣᠷᠣᠭᠰᠢᠬᠢ ᠭᠡᠤᠭᠡᠳ ᠪᠠᠭᠠᠴᠤᠳ ᠤᠨ ᠦᠰᠦᠯᠳᠠ ᠶᠢᠨ ᠤᠳᠠᠭᠠᠰᠢᠷᠠᠯᠳᠠ ᠶᠢᠨ ᠨᠤᠷᠮ᠎ᠠ ᠶᠢ 7% ᠠᠴᠠ ᠲᠤᠷᠤᠭᠰᠢ  ᠪᠠᠶᠢᠯᠭᠠᠨ᠎ᠠ᠃        — — ᠬᠦᠳᠡᠭᠡ ᠲᠤᠰᠬᠤᠨ ᠮᠠᠯᠵᠢᠬᠤ ᠤᠷᠤᠨ ᠤ ᠲᠤᠮᠳᠠᠲᠤ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠦᠰᠦᠯᠳᠠ ᠶᠢᠨ ᠤᠳᠠᠭᠠᠰᠢᠷᠠᠯᠳᠠ ᠶᠢᠨ ᠨᠤᠷᠮ᠎ᠠ ᠶᠢ 5% ᠠᠴᠠ ᠲᠤᠷᠤᠭᠰᠢ ᠪᠠᠶᠢᠯᠭᠠᠬᠤ ᠶᠢ ᠪᠠᠲᠤᠯᠠᠵᠦ᠂ ᠬᠤᠳᠠ ᠬᠦᠳᠡᠭᠡ ᠶᠢᠨ ᠰᠤᠷᠤᠭᠴᠢ ᠶᠢᠨ ᠪᠠᠶ᠎ᠠ ᠶᠢᠨ ᠦᠨᠲᠤᠷ ᠤᠨ ᠵᠦᠷᠢᠶ᠎ᠠ ᠶᠢ ᠪᠠᠭᠠᠰᠬᠠᠨ᠎ᠠ︔ ᠰᠤᠷᠤᠭᠴᠢ ᠶᠢᠨ ᠮᠠᠷᠢᠶᠠᠯᠠᠬᠤ ᠨᠤᠷᠮ᠎ᠠ ᠶᠢᠨ ᠲᠡᠭᠡᠭᠰᠢᠯᠡᠬᠦ ᠬᠠᠨᠲᠤᠰᠢ ᠶᠢ ᠤᠳᠠᠭᠠᠰᠢᠷᠠᠭᠤᠯᠤᠨ᠎ᠠ᠃        — — ᠡᠮᠨᠡᠯᠭᠡ ᠳᠤ ᠰᠠᠭᠤᠵᠦ ᠪᠠᠶᠢᠭ᠎ᠠ ᠡᠪᠠᠳᠴᠢᠳᠠᠨ ᠤ ᠰᠢᠮ᠎ᠠ ᠲᠡᠵᠢᠭᠡᠯ ᠢ ᠰᠢᠭᠰᠢᠨ ᠪᠠᠶᠢᠴᠠᠭᠠᠭᠰᠠᠨ ᠨᠤᠷᠮ᠎ᠠ ᠪᠠ ᠰᠢᠮ᠎ᠠ ᠲᠡᠵᠢᠭᠡᠯ ᠨᠢ ᠬᠡᠪ ᠤᠨ ᠪᠤᠰᠤ  ᠪᠠᠶᠢᠬᠤ ᠡᠮᠨᠡᠯᠭᠡ ᠳᠤ ᠰᠠᠭᠤᠵᠦ ᠪᠠᠶᠢᠭ᠎ᠠ ᠡᠪᠠᠳᠴᠢᠳᠠᠨ ᠢ ᠰᠢᠮ᠎ᠠ ᠲᠡᠵᠢᠭᠡᠯ ᠢᠶᠠᠷ ᠡᠮᠴᠢᠯᠠᠬᠦ ᠬᠠᠷᠢᠴᠠᠯ ᠢ ᠲᠡᠭᠡᠭᠰᠢᠯᠡᠬᠦᠯᠦᠨ᠎ᠠ᠃        — — ᠰᠠᠭᠤᠭᠠᠯᠢ ᠠᠷᠠᠳ ᠤᠨ ᠰᠢᠮ᠎ᠠ ᠲᠡᠵᠢᠭᠡᠯ ᠡᠷᠡᠬᠦᠯ ᠮᠡᠨᠳᠦ ᠶᠢᠨ ᠳᠣᠬᠠᠢ ᠮᠡᠳᠡᠯᠭᠡ ᠶᠢ ᠤᠶᠢᠯᠠᠭᠠᠵᠦ ᠪᠠᠶᠢᠭ᠎ᠠ ᠨᠤᠷᠮ᠎ᠠ ᠶᠢ ᠤᠲᠤ ᠶᠢᠨ ᠪᠠᠶᠢᠭ᠎ᠠ ᠰᠠᠭᠤᠷᠢᠨ ᠲᠡᠭᠡᠷ᠎ᠠ 10% ᠪᠠᠷ  ᠲᠡᠭᠡᠭᠰᠢᠯᠡᠬᠦᠯᠦᠨ᠎ᠠ᠃        2030 ᠤᠨ ᠪᠤᠯᠬᠤ ᠳᠤ᠂ ᠪᠦᠬᠦ ᠠᠶᠢᠮᠠᠭ ᠤᠨ ᠰᠢᠮ᠎ᠠ ᠲᠡᠵᠢᠭᠡᠯ ᠤᠨ ᠠᠵᠢᠯ ᠤᠨ ᠰᠢᠰᠲ᠋ᠧᠮᠵᠢ ᠶᠢ ᠨᠠᠩ ᠰᠠᠶᠢᠨ ᠳᠡᠬᠦᠯᠳᠡᠷᠵᠢᠬᠦᠯᠵᠦ᠂ ᠢᠳᠡᠭᠡᠨ ᠤ ᠰᠢᠮ᠎ᠠ ᠲᠡᠵᠢᠭᠡᠯ ᠡᠷᠡᠬᠦᠯ ᠮᠡᠨᠳᠦ ᠶᠢᠨ ᠠᠵᠤ ᠦᠢᠯᠡᠰ ᠦᠷᠬᠦᠯᠵᠢᠯᠠᠨ ᠡᠷᠡᠬᠦᠯ ᠢᠶᠠᠷ ᠬᠦᠭᠵᠢᠵᠦ᠂ ᠤᠯᠠᠮᠵᠢᠯᠠᠯᠲᠤ ᠢᠳᠡᠭᠡᠨ ᠤ ᠰᠢᠮ᠎ᠠ ᠲᠡᠵᠢᠭᠡᠯ ᠤᠨ ᠦᠢᠯᠠᠴᠢᠯᠡᠭᠡ ᠨᠠᠩ ᠢᠯᠡᠭᠦᠦ ᠪᠠᠶᠠᠯᠢᠭᠵᠢᠵᠦ᠂ ︽ᠢᠨᠲ᠋ᠧᠷ ᠰᠦᠯᠵᠢᠶ᠎ᠡ  +  ᠰᠢᠮ᠎ᠠ ᠲᠡᠵᠢᠭᠡᠯ ᠡᠷᠡᠬᠦᠯ ᠮᠡᠨᠳᠦ︾ ᠶᠢᠨ ᠤᠶᠦᠨᠴᠢᠯᠠᠭᠰᠠᠨ ᠭᠡᠷᠡᠭᠯᠡᠭᠡᠨ ᠢ ᠨᠠᠶᠢᠳᠠᠮ ᠲᠡᠯᠭᠡᠷᠡᠬᠦᠯᠵᠦ᠂ ᠰᠠᠭᠤᠭᠠᠯᠢ ᠠᠷᠠᠳ ᠤᠨ ᠰᠢᠮ᠎ᠠ ᠲᠡᠵᠢᠭᠡᠯ ᠡᠷᠡᠬᠦᠯ ᠮᠡᠨᠳᠦ ᠶᠢᠨ ᠳᠣᠬᠠᠢ ᠬᠡᠪ ᠪᠤᠯᠪᠠᠰᠤᠷᠠᠯ ᠢ ᠤᠯᠠᠮ ᠨᠢᠭᠡ ᠠᠯᠬᠤᠮ ᠲᠡᠭᠡᠭᠰᠢᠯᠡᠬᠦᠯᠵᠦ᠂ ᠰᠢᠮ᠎ᠠ ᠲᠡᠵᠢᠭᠡᠯ ᠡᠷᠡᠬᠦᠯ ᠮᠡᠨᠳᠦ ᠶᠢᠨ ᠪᠠᠶᠢᠳᠠᠯ ᠢ ᠢᠯᠡᠳᠳᠡ ᠰᠠᠶᠢᠵᠢᠷᠠᠭᠤᠯᠤᠨ᠎ᠠ᠃ ᠲᠤᠤᠷᠠᠬᠢ ᠬᠠᠷᠠᠯᠳᠠ ᠶᠢ ᠪᠠᠶᠠᠯᠡᠬᠦᠯᠦᠨ᠎ᠠ᠄        — —  ᠭᠤᠤᠯᠳᠠᠯᠭ᠎ᠠ ᠲᠠᠢ ᠬᠦᠮᠦᠰ ᠤᠨ ᠴᠢᠰᠤ ᠲᠤᠳᠠᠭᠳᠠᠬᠤ ᠨᠤᠷᠮ᠎ᠠ ᠶᠢ ᠤᠯᠠᠮ ᠨᠢᠭᠡ ᠠᠯᠬᠤᠮ ᠪᠠᠭᠤᠷᠠᠭᠤᠯᠤᠨ᠎ᠠ᠃ 5 ᠨᠠᠰᠤᠨ ᠠᠴᠠ ᠲᠤᠷᠤᠭᠰᠢᠬᠢ ᠭᠡᠤᠭᠡᠳ ᠪᠠᠭᠠᠴᠤᠳ ᠤᠨ ᠴᠢᠰᠤ ᠲᠤᠳᠠᠭᠳᠠᠬᠤ ᠨᠤᠷᠮ᠎ᠠ ᠪᠠ ᠵᠢᠷᠮᠤᠰᠤᠨ ᠪᠦᠰᠡᠬᠦᠢ ᠶᠢᠨ ᠴᠢᠰᠤ ᠲᠤᠳᠠᠭᠳᠠᠬᠤ ᠨᠤᠷᠮ᠎ᠠ ᠶᠢ 10% ᠠᠴᠠ ᠲᠤᠷᠤᠭᠰᠢ ᠪᠠᠶᠢᠯᠭᠠᠨ᠎ᠠ᠃        — — 5 ᠨᠠᠰᠤᠨ ᠠᠴᠠ ᠲᠤᠷᠤᠭᠰᠢᠬᠢ ᠭᠡᠤᠭᠡᠳ ᠪᠠᠭᠠᠴᠤᠳ ᠤᠨ ᠦᠰᠦᠯᠳᠠ ᠶᠢᠨ ᠤᠳᠠᠭᠠᠰᠢᠷᠠᠯᠳᠠ  ᠶᠢᠨ ᠨᠤᠷᠮ᠎ᠠ ᠶᠢ 5% ᠠᠴᠠ ᠲᠤᠷᠤᠭᠰᠢ ᠪᠠᠶᠢᠯᠭᠠᠨ᠎ᠠ︔ 0 — 6 ᠰᠠᠷ᠎ᠠ ᠲᠠᠢ ᠨᠢᠯᠬ᠎ᠠ ᠭᠡᠤᠭᠡᠳ ᠢ ᠴᠡᠪᠠᠷ ᠡᠭᠡ  ᠶᠢᠨ ᠰᠦ ᠪᠠᠷ ᠲᠡᠵᠢᠭᠡᠬᠦ ᠨᠤᠷᠮ᠎ᠠ ᠶᠢ 2020 ᠤᠨ ᠤ ᠰᠠᠭᠤᠷᠢᠨ ᠲᠡᠭᠡᠷ᠎ᠠ 10%   ᠪᠠᠷ ᠲᠡᠭᠡᠭᠰᠢᠯᠡᠬᠦᠯᠦᠨ᠎ᠠ᠃        — — ᠬᠤᠳᠠ ᠬᠦᠳᠡᠭᠡ ᠶᠢᠨ ᠰᠤᠷᠤᠭᠴᠢ ᠶᠢᠨ ᠪᠠᠶ᠎ᠠ ᠶᠢᠨ ᠦᠨᠲᠤᠷ ᠤᠨ ᠵᠦᠷᠢᠶ᠎ᠠ ᠶᠢ ᠪᠠᠭᠠᠰᠬᠠᠨ᠎ᠠ︔ ᠰᠤᠷᠤᠭᠴᠢ ᠶᠢᠨ ᠮᠠᠷᠢᠶᠠᠯᠠᠬᠤ ᠨᠤᠷᠮ᠎ᠠ ᠶᠢᠨ ᠲᠡᠭᠡᠭᠰᠢᠯᠡᠬᠦ ᠬᠠᠨᠲᠤᠰᠢ ᠶᠢ ᠪᠦᠲᠤᠮᠵᠢᠲᠡᠢ ᠬᠢᠵᠠᠭᠠᠷᠯᠠᠨ᠎ᠠ᠃        — — ᠡᠮᠨᠡᠯᠭᠡ ᠳᠤ ᠰᠠᠭᠤᠵᠦ ᠪᠠᠶᠢᠭ᠎ᠠ ᠡᠪᠠᠳᠴᠢᠳᠠᠨ ᠤ ᠰᠢᠮ᠎ᠠ ᠲᠡᠵᠢᠭᠡᠯ ᠢ ᠰᠢᠭᠰᠢᠨ ᠪᠠᠶᠢᠴᠠᠭᠠᠭᠰᠠᠨ ᠨᠤᠷᠮ᠎ᠠ ᠪᠠ ᠰᠢᠮ᠎ᠠ ᠲᠡᠵᠢᠭᠡᠯ ᠨᠢ ᠬᠡᠪ ᠤᠨ ᠪᠣᠰᠣ ᠪᠠᠶᠢᠬᠤ ᠡᠮᠨᠡᠯᠭᠡ ᠳᠤ ᠰᠠᠭᠤᠵᠦ ᠪᠠᠶᠢᠭ᠎ᠠ ᠡᠪᠠᠳᠴᠢᠳᠠᠨ ᠢ  ᠰᠢᠮ᠎ᠠ ᠲᠡᠵᠢᠭᠡᠯ ᠢᠶᠠᠷ ᠡᠮᠨᠡᠬᠦ ᠬᠠᠷᠢᠴᠠᠯ ᠢ ᠲᠡᠭᠡᠭᠰᠢᠯᠡᠬᠦᠯᠦᠨ᠎ᠠ᠃        — — ᠰᠠᠭᠤᠭᠠᠯᠢ ᠠᠷᠠᠳ ᠤᠨ ᠰᠢᠮ᠎ᠠ ᠲᠡᠵᠢᠭᠡᠯ ᠡᠷᠡᠬᠦᠯ ᠮᠡᠨᠳᠦ ᠶᠢᠨ ᠳᠣᠬᠠᠢ ᠮᠡᠳᠡᠯᠭᠡ ᠶᠢ ᠤᠶᠢᠯᠠᠭᠠᠵᠦ ᠪᠠᠶᠢᠭ᠎ᠠ ᠨᠤᠷᠮ᠎ᠠ ᠶᠢ  2020 ᠤᠨ ᠤ ᠰᠠᠭᠤᠷᠢᠨ ᠲᠡᠭᠡᠷ᠎ᠠ ᠦᠷᠬᠦᠯᠵᠢᠯᠠᠨ 10% ᠪᠠᠷ ᠲᠡᠭᠡᠭᠰᠢᠯᠡᠬᠦᠯᠦᠨ᠎ᠠ᠃        — — ᠪᠦᠬᠦ ᠠᠶᠢᠮᠠᠭ ᠤᠨ ᠬᠦᠮᠦᠨ ᠲᠤᠮᠳᠠᠴᠢ ᠶᠢᠨ ᠡᠲᠤᠷ ᠪᠦᠷᠢ ᠶᠢᠨ ᠢᠳᠡᠬᠦ ᠲᠠᠪᠤᠰᠤᠨ ᠤ ᠭᠡᠮᠵᠢᠶ᠎ᠠ  ᠶᠢ 20% ᠪᠠᠷ ᠪᠠᠭᠤᠷᠠᠭᠤᠯᠵᠦ᠂ ᠰᠠᠭᠤᠭᠠᠯᠢ ᠠᠷᠠᠳ ᠤᠨ ᠪᠠᠶ᠎ᠠ ᠶᠢᠨ ᠬᠦᠨᠲᠤ ᠨᠢ ᠭᠡᠲᠤᠷᠠᠬᠦ ᠪᠠ ᠮᠠᠷᠢᠶᠠᠯᠠᠬᠤ ᠬᠤᠷᠲᠤᠴᠠ ᠶᠢ ᠢᠯᠡᠳᠳᠡ ᠤᠳᠠᠭᠠᠰᠢᠷᠠᠭᠤᠯᠤᠨ᠎ᠠ᠃        ᠬᠤᠶᠠᠷ᠂ ᠭᠤᠤᠯᠳᠠᠯᠭ᠎ᠠ ᠲᠠᠢ ᠡᠬᠦᠷᠭᠡ        ︵ᠨᠢᠭᠡ︶ ᠰᠢᠮ᠎ᠠ ᠲᠡᠵᠢᠭᠡᠯ ᠤᠨ ᠬᠠᠤᠯᠢ ᠲᠦᠷᠢᠮ ᠤᠨ ᠲᠦᠷᠦ ᠶᠢᠨ ᠪᠤᠲᠤᠯᠭ᠎ᠠ ᠶᠢᠨ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠎ᠠ        ᠰᠢᠮ᠎ᠠ ᠲᠡᠵᠢᠭᠡᠯ ᠤᠨ ᠬᠠᠤᠯᠢ ᠴᠠᠭᠠᠵᠠ ᠬᠠᠤᠯᠢ ᠲᠦᠷᠢᠮ᠂ ᠬᠤᠯᠪᠤᠭᠳᠠᠯ ᠪᠦᠬᠦᠢ ᠲᠦᠷᠦ ᠶᠢᠨ ᠪᠤᠲᠤᠯᠭ᠎ᠠ ᠪᠠ ᠡᠮᠴᠢᠯᠡᠭᠡᠨ ᠤ ᠰᠢᠮ᠎ᠠ ᠲᠡᠵᠢᠭᠡᠯ᠂ ᠤᠯᠠᠨ ᠨᠠᠶᠢᠳᠠ ᠶᠢᠨ ᠰᠢᠮ᠎ᠠ ᠲᠡᠵᠢᠭᠡᠯ ᠢ ᠬᠢᠨ᠋ᠨᠨ ᠬᠡᠮᠵᠢᠬᠦ ᠠᠵᠢᠯ ᠤᠨ ᠬᠠᠮᠢᠶᠠᠷᠤᠯᠳᠠ ᠵᠡᠷᠭᠡ ᠲᠦᠷᠢᠮ ᠲᠤᠭᠳᠠᠭᠠᠯ ᠢ ᠦᠨ᠋ᠨᠨᠬᠦ ᠨᠠᠶᠢᠳᠠᠪᠤᠷᠢᠵᠢᠭᠤᠯᠤᠨ᠎ᠠ᠃ ᠠᠶᠢᠮᠠᠭ᠂ ᠬᠤᠰᠢᠭᠤᠨ         ︵ᠨᠡᠭᠡᠭᠡᠯᠳᠡ ᠶᠢᠨ ᠤᠷᠤᠨ︶ ᠳᠤ ᠰᠢᠮ᠎ᠠ ᠲᠡᠵᠢᠭᠡᠯ ᠡᠷᠡᠬᠦᠯ ᠮᠡᠨᠳᠦ ᠶᠢᠨ ᠵᠢᠭᠠᠨ ᠵᠢᠯᠤᠭᠤᠳᠬᠤ ᠠᠵᠢᠯ ᠤᠨ ᠵᠦᠪᠯᠠᠯ  ᠢ ᠪᠠᠶᠢᠭᠤᠯᠵᠦ᠂ ᠰᠢᠮ᠎ᠠ ᠲᠡᠵᠢᠭᠡᠯ ᠡᠷᠡᠬᠦᠯ ᠮᠡᠨᠳᠦ ᠶᠢᠨ ᠠᠵᠢᠯ ᠤᠨ ᠮᠡᠷᠭᠡᠵᠢᠯ ᠤᠨ ᠠᠰᠠᠭᠤᠨ ᠯᠠᠪᠯᠠᠯᠭ᠎ᠠ ᠪᠠ ᠵᠢᠭᠠᠨ ᠵᠢᠯᠣᠭᠤᠳᠣᠯᠭ᠎ᠠ ᠶᠢ ᠴᠢᠩᠭᠠᠳᠬᠠᠨ᠎ᠠ᠃ ᠰᠢᠮ᠎ᠠ ᠲᠡᠵᠢᠭᠡᠯ ᠡᠷᠡᠬᠦᠯ ᠮᠡᠨᠳᠦ ᠶᠢᠨ ᠪᠠᠷᠢᠮᠵᠢᠶ᠎ᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠦ᠂ ᠰᠢᠮ᠎ᠠ ᠲᠡᠵᠢᠭᠡᠯ ᠡᠷᠡᠬᠦᠯ ᠮᠡᠨᠳᠦ ᠶᠢᠨ ᠬᠤᠯᠪᠤᠭᠳᠠᠯ ᠪᠦᠬᠦᠢ ᠪᠠᠷᠢᠮᠵᠢᠶ᠎ᠠ ᠶᠢᠨ ᠭᠡᠷᠡᠭᠯᠡᠭᠡᠨ ᠢ ᠠᠬᠢᠭᠤᠯᠤᠨ᠎ᠠ᠃        ︵ᠬᠤᠶᠠᠷ︶ ᠰᠢᠮ᠎ᠠ ᠲᠡᠵᠢᠭᠡᠯ ᠤᠨ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠨ᠎ᠠ        ᠰᠢᠮ᠎ᠠ ᠲᠡᠵᠢᠭᠡᠯ ᠤᠨ ᠠᠵᠢᠯ ᠤᠨ ᠡᠩᠨᠡᠭᠡ ᠶᠢ ᠪᠠᠶᠢᠭᠤᠯᠤᠨ᠎ᠠ᠃ ᠰᠢᠮ᠎ᠠ ᠲᠡᠵᠢᠭᠡᠯ ᠤᠨ ᠲᠤᠰᠬᠠᠢ ᠮᠡᠷᠭᠡᠵᠢᠯ  ᠤᠨ ᠬᠦᠮᠦᠵᠢᠯ ᠢ ᠴᠢᠩᠭᠠᠷᠠᠭᠤᠯᠵᠦ᠂ ᠬᠢᠵᠢᠭ ᠢ ᠰᠡᠷᠭᠡᠶᠢᠯᠠᠬᠦ ᠪᠠᠶᠢᠭᠤᠯᠤᠮᠵᠢ᠂ ᠶᠠᠷᠤᠩᠭᠡᠶᠢᠯᠡᠭᠰᠡᠨ ᠡᠮᠨᠡᠯᠭᠡ ᠶᠢᠨ ᠬᠤᠷᠢᠶ᠎ᠠ᠂ ᠡᠭᠡ ᠨᠢᠯᠬᠠᠰ ᠤᠨ ᠡᠷᠡᠬᠦᠯᠵᠢᠯ ᠤᠨ ᠪᠠᠶᠢᠭᠤᠯᠤᠮᠵᠢ᠂ ᠦᠨᠲᠤᠰᠤᠨ ᠱᠠᠲᠤᠨ ᠤ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠰᠢᠮ᠎ᠠ ᠲᠡᠵᠢᠭᠡᠯ ᠤᠨ ᠠᠵᠢᠯᠳᠠᠨ᠂ ᠡᠮᠴᠢᠯᠡᠭᠡᠨ ᠤ ᠡᠮᠴᠢ᠂ ᠳᠦᠪᠯᠡᠷᠡᠭᠦᠯᠦᠨ ᠬᠤᠭᠤᠯᠠ ᠬᠠᠩᠭᠠᠬᠤ ᠨᠢᠭᠡᠴᠠ ᠶᠢᠨ ᠬᠤᠭᠤᠯᠠ ᠲᠤᠬᠢᠷᠠᠭᠤᠯᠬᠤ ᠠᠵᠢᠯᠳᠠᠨ ᠳᠤ ᠰᠢᠮ᠎ᠠ ᠲᠡᠵᠢᠭᠡᠯ ᠤᠨ ᠮᠡᠳᠡᠯᠭᠡ ᠶᠢᠨ ᠪᠤᠯᠪᠠᠰᠤᠷᠠᠯ ᠢ ᠦᠷᠨᠢᠬᠦᠯᠦᠨ᠎ᠠ᠃ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠰᠢᠮ᠎ᠠ ᠲᠡᠵᠢᠭᠡᠯ ᠤᠨ ᠮᠡᠷᠭᠡᠵᠢᠯᠳᠡᠨ᠂ ᠰᠢᠮ᠎ᠠ ᠲᠡᠵᠢᠭᠡᠯ ᠲᠠᠢ ᠬᠤᠭᠤᠯᠠ ᠲᠤᠬᠢᠷᠠᠭᠤᠯᠬᠤ ᠠᠵᠢᠯᠳᠠᠨ ᠵᠡᠷᠭᠡ ᠴᠢᠳᠠᠪᠤᠷᠢᠳᠠᠨ ᠢ ᠬᠦᠮᠦᠵᠢᠬᠦᠯᠬᠦ ᠠᠵᠢᠯ ᠢ ᠠᠬᠢᠭᠤᠯᠵᠦ᠂ ᠨᠦᠬᠦᠴᠠᠯ ᠲᠠᠢ ᠰᠤᠷᠭᠠᠭᠤᠯᠢ᠂ ᠴᠡᠴᠡᠷᠯᠢᠭ᠂ ᠨᠠᠰᠣᠳᠠᠨ ᠢ ᠠᠰᠠᠷᠠᠬᠤ ᠪᠠᠶᠢᠭᠤᠯᠤᠮᠵᠢ ᠵᠡᠷᠭᠡ ᠭᠠᠵᠠᠷ ᠲᠤ ᠰᠢᠮ᠎ᠠ ᠲᠡᠵᠢᠭᠡᠯ ᠤᠨ ᠮᠡᠷᠭᠡᠵᠢᠯᠳᠡᠨ ᠢ ᠲᠤᠬᠢᠷᠠᠭᠤᠯᠬᠤ ᠪᠤᠶᠤ ᠤᠷᠢᠨ ᠭᠡᠷᠡᠭᠯᠡᠨ᠎ᠠ᠃ ᠡᠷᠡᠬᠦᠯ ᠴᠢᠬᠢᠷᠠᠭ ᠢ ᠡᠷᠬᠢᠮᠯᠡᠭᠰᠡᠨ ᠬᠤᠳᠠ ᠪᠠᠯᠭᠠᠰᠤ ᠶᠢ ᠡᠬᠦᠲᠤᠨ ᠪᠠᠶᠢᠭᠤᠯᠬᠤ ᠠᠵᠢᠯᠯᠠᠭ᠎ᠠ ᠲᠠᠢ ᠤᠶᠠᠯᠲᠤᠭᠤᠯᠵᠦ᠂ ᠰᠢᠮ᠎ᠠ ᠲᠡᠵᠢᠭᠡᠯ  ᠤᠨ ᠵᠢᠱᠢᠶ᠎ᠠ ᠦᠵᠡᠬᠦᠯᠬᠦ ᠠᠵᠢᠯ ᠤᠨ ᠪᠠᠶᠢᠭᠤᠯᠤᠯᠳᠠ ᠶᠢ ᠬᠠᠶᠢᠨ ᠰᠦᠪᠡᠭᠴᠢᠯᠠᠵᠦ᠂ ᠵᠢᠱᠢᠶ᠎ᠠ ᠦᠵᠡᠬᠦᠯᠵᠦ ᠬᠦᠲᠤᠯᠤᠨ ᠵᠢᠯᠤᠭᠤᠳᠬᠤ ᠦᠢᠯᠡᠲᠤᠯ ᠢ ᠪᠠᠳᠠᠷᠠᠭᠤᠯᠤᠨ᠎ᠠ᠃        ︵ᠭᠤᠷᠪᠠ︶ ᠰᠢᠮ᠎ᠠ ᠲᠡᠵᠢᠭᠡᠯ ᠪᠠ ᠢᠳᠡᠭᠡᠨ ᠤ ᠠᠮᠤᠷ ᠲᠦᠪᠰᠢᠨ ᠢ ᠬᠢᠨ᠋ᠨᠨ ᠬᠡᠮᠵᠢᠬᠦ ᠬᠢᠭᠡᠳ ᠦᠨᠠᠯᠠᠨ ᠵᠢᠱᠢᠬᠦ ᠠᠵᠢᠯ ᠢ ᠦᠷᠨᠢᠬᠦᠯᠦᠨ᠎ᠠ        ᠰᠠᠭᠤᠭᠠᠯᠢ ᠠᠷᠠᠳ ᠤᠨ ᠰᠢᠮ᠎ᠠ ᠲᠡᠵᠢᠭᠡᠯ ᠤᠨ ᠲᠤᠭ᠎ᠠ ᠪᠠᠷᠢᠮᠳᠠ ᠶᠢᠨ ᠬᠦᠮᠦᠷᠭᠡ ᠶᠢ ᠪᠠᠶᠢᠭᠤᠯᠤᠨ ᠲᠡᠬᠦᠯᠳᠡᠷᠵᠢᠬᠦᠯᠦᠨ᠎ᠠ᠃ ᠰᠢᠮ᠎ᠠ ᠲᠡᠵᠢᠭᠡᠯ ᠡᠷᠡᠬᠦᠯ ᠮᠡᠨᠳᠦ ᠶᠢᠨ ᠬᠢᠨ᠋ᠨᠨ ᠭᠡᠮᠵᠢᠬᠦ ᠰᠦᠯᠵᠢᠶ᠎ᠠ ᠶᠢ ᠪᠠᠶᠢᠭᠤᠯᠵᠤ᠂ ᠬᠦᠮᠦᠰ ᠤᠨ ᠰᠢᠮ᠎ᠠ ᠲᠡᠵᠢᠭᠡᠯ ᠡᠷᠡᠬᠦᠯ ᠮᠡᠨᠳᠦ ᠶᠢᠨ ᠪᠠᠶᠢᠳᠠᠯ᠂ ᠢᠳᠡᠭᠡᠨ ᠤ ᠭᠡᠷᠡᠭᠯᠡᠭᠡᠨ ᠤ ᠪᠠᠶᠢᠳᠠᠯ ᠢ ᠬᠢᠨ᠋ᠨᠨ ᠭᠡᠮᠵᠢᠬᠦ ᠠᠵᠢᠯ ᠢ ᠦᠷᠨᠢᠬᠦᠯᠦᠨ᠎ᠠ᠃        ᠢᠳᠡᠭᠡᠨ ᠤ ᠪᠦᠷᠢᠯᠲᠤᠬᠦᠨ ᠢ ᠬᠢᠨ᠋ᠨᠨ ᠭᠡᠮᠵᠢᠬᠦ ᠠᠵᠢᠯ ᠢ ᠦᠷᠨᠢᠬᠦᠯᠦᠨ᠎ᠠ᠃ ᠠᠯᠠᠱᠨ ᠶᠢᠨ ᠤᠨᠴᠠᠯᠢᠭᠲᠤ ᠢᠳᠡᠭᠡᠨ ᠤ ᠪᠦᠷᠢᠯᠲᠤᠬᠦᠨ ᠢ ᠬᠢᠨ᠋ᠨᠨ ᠭᠡᠮᠵᠢᠬᠦ ᠠᠵᠢᠯ ᠢ ᠦᠷᠨᠢᠬᠦᠯᠵᠦ᠂ ᠰᠠᠭᠤᠭᠠᠯᠢ ᠠᠷᠠᠳ ᠤᠨ ᠢᠳᠡᠭᠡᠨ ᠤᠮᠳᠠᠭᠠᠨ  ᠤ ᠵᠠᠩᠰᠢᠯ ᠢᠶᠠᠷ ᠦᠨᠳᠦᠰᠦᠯᠡᠯ ᠪᠣᠯᠭᠠᠵᠦ ᠬᠤᠯᠪᠤᠭᠳᠠᠯ ᠪᠦᠬᠦᠢ ᠢᠳᠡᠭᠡᠨ ᠤ ᠰᠢᠮ᠎ᠠ ᠲᠡᠵᠢᠭᠡᠯ ᠤᠨ ᠪᠦᠷᠢᠯᠲᠤᠬᠦᠨ᠂ ᠴᠢᠳᠠᠮᠵᠢ ᠶᠢᠨ ᠪᠦᠷᠢᠯᠲᠤᠬᠦᠨ᠂ ᠣᠨᠴᠣᠭᠤᠢ ᠡᠪᠠᠳᠴᠢᠨ ᠡᠮᠭᠡᠭ ᠲᠠᠢ ᠬᠤᠯᠪᠤᠭᠳᠠᠯ ᠲᠠᠢ ᠪᠦᠷᠢᠯᠲᠤᠬᠦᠨ᠂ ᠬᠤᠤᠷᠲᠡᠢ ᠪᠦᠷᠢᠯᠲᠤᠬᠦᠨ ᠵᠡᠷᠭᠡ ᠲᠤᠭ᠎ᠠ ᠪᠠᠷᠢᠮᠳᠠ ᠶᠢ ᠬᠤᠷᠢᠶᠠᠨ ᠴᠤᠭᠯᠠᠭᠤᠯᠤᠨ᠎ᠠ᠃ ᠠᠯᠠᠱᠨ ᠶᠢᠨ ᠤᠷᠤᠨ ᠨᠤᠲᠤᠭ ᠤᠨ ᠤᠨᠴᠠᠯᠢᠭᠲᠤ ᠲᠠᠷᠢᠶᠠᠯᠠᠩ ᠤᠨ ᠪᠦᠲᠤᠭᠡᠭᠳᠡᠬᠦᠨ ᠮᠠᠯ ᠤᠨ ᠠᠰᠢᠭ ᠰᠢᠮ᠎ᠠ ᠶᠢᠨ ᠢᠳᠡᠭᠡᠨ ᠤ ᠪᠦᠷᠢᠯᠲᠤᠬᠦᠨ ᠢ ᠬᠢᠨ᠋ᠨᠨ ᠭᠡᠮᠵᠢᠬᠦ ᠠᠵᠢᠯ ᠢ ᠦᠷᠨᠢᠬᠦᠯᠵᠦ᠂ ᠢᠳᠡᠭᠡᠨ ᠤ ᠰᠢᠮ᠎ᠠ ᠲᠡᠵᠢᠭᠡᠯ ᠤᠨ ᠪᠦᠷᠢᠯᠲᠤᠬᠦᠨ᠂ ᠢᠳᠡᠭᠡᠨ ᠤ ᠠᠮᠤᠷ ᠲᠦᠪᠰᠢᠨ ᠵᠡᠷᠭᠡ ᠲᠤᠷᠰᠢᠯᠳᠠ ᠶᠢᠨ ᠳᠠᠰᠤᠭ ᠤᠨ ᠵᠠᠳᠠᠯᠬᠤ ᠴᠢᠳᠠᠪᠤᠷᠢ ᠶᠢ ᠲᠡᠭᠡᠭᠰᠢᠯᠡᠬᠦᠯᠦᠨ᠎ᠠ᠃         ᠶᠠᠷᠤᠩᠭᠡᠶᠢᠯᠡᠨ ᠦᠨᠠᠯᠠᠬᠦ ᠬᠢᠭᠡᠳ ᠦᠨᠠᠯᠠᠨ ᠵᠢᠱᠢᠬᠦ ᠠᠵᠢᠯ ᠢ ᠦᠷᠨᠢᠬᠦᠯᠦᠨ᠎ᠠ᠃ ᠬᠦᠮᠦᠰ ᠤᠨ ᠰᠢᠮ᠎ᠠ ᠲᠡᠵᠢᠭᠡᠯ ᠡᠷᠡᠬᠦᠯ ᠮᠡᠨᠳᠦ ᠶᠢᠨ ᠪᠠᠶᠢᠳᠠᠯ ᠢ ᠦᠨᠠᠯᠠᠬᠦ᠂ ᠢᠳᠡᠭᠡᠨ ᠤ ᠰᠢᠮ᠎ᠠ ᠲᠡᠵᠢᠭᠡᠯ ᠤᠨ ᠦᠨ᠎ᠠ ᠦᠷᠳᠡᠭ ᠢ ᠦᠨᠠᠯᠠᠬᠦ ᠠᠵᠢᠯ ᠢ ᠦᠷᠨᠢᠬᠦᠯᠵᠦ᠂ ᠠᠯᠠᠱᠨ ᠠᠶᠢᠮᠠᠭ ᠤᠨ ᠰᠠᠭᠤᠭᠠᠯᠢ ᠠᠷᠠᠳ ᠤᠨ ᠰᠢᠮ᠎ᠠ ᠲᠡᠵᠢᠭᠡᠯᠲᠤ ᠬᠤᠭᠤᠯᠨ ᠤᠮᠳᠠ᠂ ᠬᠦᠮᠦᠰ ᠤᠨ ᠴᠢᠰᠤ ᠲᠤᠳᠠᠭᠳᠠᠬᠤ ᠪᠠ ᠮᠠᠷᠢᠶᠠᠯᠠᠬᠤ᠂ ᠭᠡᠤᠭᠡᠳ ᠪᠠᠭᠠᠴᠤᠳ ᠪᠠ ᠵᠠᠯᠠᠭᠤ ᠪᠠᠭᠠᠴᠤᠳ ᠤᠨ ᠦᠰᠦᠨ ᠪᠤᠶᠢᠵᠢᠯᠳᠠ᠂ ᠰᠠᠭᠤᠭᠠᠯᠢ ᠠᠷᠠᠳ ᠤᠨ ᠮᠡᠳᠡᠯᠭᠡ ᠮᠡᠳᠡᠴᠠ ᠶᠢᠨ ᠨᠤᠷᠮ᠎ᠠ ᠵᠡᠷᠭᠡ ᠪᠠᠶᠢᠳᠠᠯ ᠢ ᠡᠵᠡᠮᠰᠢᠨ᠎ᠠ᠃ ᠬᠤᠭᠤᠯᠨ ᠤᠮᠳᠠ ᠶᠢᠨ ᠰᠢᠮ᠎ᠠ ᠲᠡᠵᠢᠭᠡᠯ ᠤᠨ ᠡᠯᠧᠮᠧᠨ᠋ᠲ ᠤᠨ ᠠᠭᠤᠯᠤᠭᠳᠠᠴᠠ᠂ ᠪᠤᠬᠢᠷᠲᠤᠯ ᠪᠤᠳᠠᠰ ᠵᠡᠷᠭᠡ ᠬᠤᠤᠷᠲᠡᠢ ᠪᠤᠳᠠᠰ ᠢ ᠢᠯᠡᠷᠡᠬᠦᠯᠦᠭᠰᠡᠨ ᠠᠶᠤᠯ ᠲᠦᠭᠰᠢᠬᠦᠷᠢ —— ᠰᠢᠮ᠎ᠠ ᠬᠦᠷᠳᠡᠬᠦ ᠦᠨᠠᠯᠠᠯᠳᠠ ᠶᠢᠨ ᠠᠵᠢᠯ ᠢ ᠦᠷᠨᠢᠬᠦᠯᠦᠨ᠎ᠠ᠃         ᠢᠤᠳ᠋ ᠤᠨ ᠰᠢᠮ᠎ᠠ ᠲᠡᠵᠢᠭᠡᠯ ᠢ ᠬᠢᠨ᠋ᠨᠨ ᠭᠡᠮᠵᠢᠬᠦ ᠬᠢᠭᠡᠳ ᠢᠤᠳ᠋ ᠲᠤᠳᠠᠭᠳᠠᠬᠤ ᠡᠪᠠᠳᠴᠢᠨ ᠢ ᠰᠡᠷᠭᠡᠶᠢᠯᠠᠨ ᠵᠠᠰᠠᠬᠤ ᠠᠵᠢᠯ ᠢ ᠴᠢᠩᠭᠠᠳᠬᠠᠨ᠎ᠠ᠃ ᠬᠦᠮᠦᠰ ᠤᠨ ᠰᠢᠭᠡᠰᠤᠨ ᠤ ᠢᠤᠳ᠋᠂ ᠤᠰᠤᠨ ᠤ ᠢᠤᠳ᠋᠂ ᠲᠠᠪᠤᠰᠤᠨ ᠤ ᠢᠤᠳ᠋ ᠢ ᠬᠢᠨ᠋ᠨᠨ ᠭᠡᠮᠵᠢᠬᠦ ᠵᠢᠴᠢ ᠭᠤᠤᠯᠳᠠᠯᠭ᠎ᠠ ᠲᠠᠢ ᠢᠳᠡᠭᠡᠨ ᠤ ᠲᠤᠲᠤᠷᠠᠬᠢ ᠢᠤᠳ᠋ ᠤᠨ ᠪᠠᠶᠢᠴᠠᠭᠠᠯᠳᠠ ᠶᠢ ᠦᠷᠬᠦᠯᠵᠢᠯᠠᠨ ᠦᠷᠨᠢᠬᠦᠯᠵᠦ᠂ ᠬᠠᠮᠣᠷᠬᠤ ᠬᠦᠮᠦᠰ ᠤᠨ ᠬᠡᠪᠴᠢᠶ᠎ᠡ ᠶᠢ ᠠᠯᠬᠤᠮ ᠠᠯᠬᠤᠮ ᠢᠶᠠᠷ ᠦᠷᠭᠡᠳᠭᠡᠵᠦ᠂ ᠪᠦᠬᠦ ᠠᠶᠢᠮᠠᠭ ᠤᠨ ᠰᠠᠭᠤᠭᠠᠯᠢ ᠠᠷᠠᠳ ᠤᠨ ᠢᠤᠳ᠋ ᠤᠨ ᠰᠢᠮ᠎ᠠ ᠲᠡᠵᠢᠭᠡᠯ ᠤᠨ ᠪᠠᠶᠢᠳᠠᠯ ᠤᠨ ᠲᠤᠭ᠎ᠠ ᠪᠠᠷᠢᠮᠳᠠ ᠶᠢᠨ ᠬᠦᠮᠦᠷᠭᠡ ᠶᠢ ᠪᠠᠶᠢᠭᠤᠯᠵᠦ᠂ ᠰᠢᠨᠵᠢᠯᠠᠬᠦ ᠤᠬᠠᠭᠠᠨᠴᠢ ᠪᠠᠷ ᠢᠤᠳ᠋ ᠨᠦᠬᠦᠪᠤᠷᠢᠯᠠᠵᠦ ᠢᠤᠳ᠋ ᠲᠤᠳᠠᠭᠳᠠᠬᠤ ᠶᠢ ᠰᠡᠷᠭᠡᠶᠢᠯᠠᠬᠦ ᠲᠦᠷᠦ ᠶᠢᠨ ᠪᠤᠲᠤᠯᠭ᠎ᠠ ᠶᠢ ᠢᠳᠡᠪᠬᠢᠲᠡᠢ ᠠᠬᠢᠭᠤᠯᠤᠨ᠎ᠠ᠃        ︵ᠲᠦᠷᠪᠠ︶ ᠢᠳᠡᠭᠡᠨ ᠤ ᠰᠢᠮ᠎ᠠ ᠲᠡᠵᠢᠭᠡᠯ ᠡᠷᠡᠬᠦᠯ ᠮᠡᠨᠳᠦ ᠶᠢᠨ ᠠᠵᠤ ᠦᠢᠯᠡᠰ ᠢ ᠢᠳᠡᠪᠬᠢᠲᠡᠢ ᠬᠦᠭᠵᠢᠬᠦᠯᠦᠨ᠎ᠠ        ᠰᠢᠮ᠎ᠠ ᠲᠡᠵᠢᠭᠡᠯᠲᠤ ᠭᠡᠯᠪᠠᠷᠢ ᠶᠢᠨ ᠴᠢᠨᠠᠷᠯᠢᠭ ᠢᠳᠡᠭᠡᠨ ᠳᠤ ᠭᠡᠷᠡᠭᠯᠡᠬᠦ ᠲᠡᠷᠢᠶᠠᠯᠠᠩ ᠤᠨ ᠪᠦᠲᠤᠭᠡᠭᠳᠡᠬᠦᠨ ᠮᠠᠯ ᠤᠨ ᠠᠰᠢᠭ ᠰᠢᠮ᠎ᠠ ᠶᠢᠨ ᠦᠢᠯᠡᠳᠪᠤᠷᠢᠯᠠᠯ ᠢ ᠠᠬᠢᠭᠤᠯᠤᠨ᠎ᠠ᠃ ᠠᠯᠠᠱᠨ ᠶᠢᠨ ᠤᠷᠤᠨ ᠨᠤᠲᠤᠭ ᠤᠨ ᠤᠨᠴᠠᠯᠢᠭ  ᠲᠠᠢ ᠢᠳᠡᠭᠡᠨ ᠳᠤ ᠭᠡᠷᠡᠭᠯᠡᠬᠦ ᠲᠠᠷᠢᠶᠠᠯᠠᠩ ᠤᠨ ᠪᠦᠲᠤᠭᠡᠭᠳᠡᠬᠦᠨ ᠪᠠ ᠮᠠᠯ ᠤᠨ ᠠᠰᠢᠭ ᠰᠢᠮ᠎ᠠ ᠶᠢᠨ ᠰᠢᠮ᠎ᠠ ᠲᠡᠵᠢᠭᠡᠯ  ᠤᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠬᠦ ᠲᠦᠷᠦᠯ ᠵᠦᠢᠯ ᠢ ᠭᠡᠷᠡᠭᠵᠢᠬᠦᠯᠵᠦ᠂ ᠴᠢᠨᠠᠷᠯᠢᠭ ᠲᠡᠷᠢᠶᠠᠯᠠᠩ ᠤᠨ ᠪᠦᠲᠤᠭᠡᠭᠳᠡᠬᠦᠨ ᠪᠠ ᠮᠠᠯ ᠤᠨ ᠠᠰᠢᠭ ᠰᠢᠮ᠎ᠠ ᠶᠢᠨ ᠰᠢᠮ᠎ᠠ ᠲᠡᠵᠢᠭᠡᠯ ᠤᠨ ᠬᠢᠷᠢ ᠬᠡᠮᠵᠢᠶ᠎ᠡ ᠶᠢ ᠲᠡᠭᠡᠭᠰᠢᠯᠡᠬᠦᠯᠵᠦ᠂ ᠢᠳᠡᠰᠢᠨ ᠨᠤᠭᠤᠭ᠎ᠠ᠂ ᠭᠤᠸ᠋ᠨ ᠵᠢᠮᠢᠰ᠂ ᠮᠢᠬ᠎ᠠ᠂ ᠦᠨᠳᠡᠭᠡ ᠵᠡᠷᠭᠡ ᠰᠢᠨ᠎ᠠ ᠰᠤᠷᠭᠤᠭ ᠪᠤᠬᠢᠷᠲᠤᠯ ᠦᠭᠡᠢ ᠲᠠᠷᠢᠶᠠᠯᠠᠩ  ᠤᠨ ᠪᠦᠲᠤᠭᠡᠭᠳᠡᠬᠦᠨ ᠪᠠ ᠮᠠᠯ ᠤᠨ ᠠᠰᠢᠭ ᠰᠢᠮ᠎ᠠ ᠶᠢ ᠠᠳᠠᠯᠢ ᠲᠦᠷᠦᠯ ᠤᠨ ᠲᠠᠷᠢᠶᠠᠯᠠᠩ ᠤᠨ ᠪᠦᠲᠤᠭᠡᠭᠳᠡᠬᠦᠨ ᠤ ᠲᠤᠮᠳᠠᠬᠢ ᠶᠠᠷᠤᠩᠭᠡᠢ ᠡᠵᠡᠯᠡᠬᠦ ᠬᠠᠷᠢᠴᠠᠯ ᠢ ᠠᠯᠬᠤᠮ ᠠᠯᠬᠤᠮ ᠢᠶᠠᠷ ᠲᠡᠭᠡᠭᠰᠢᠯᠡᠬᠦᠯᠵᠦ 80% ᠠᠴᠠ ᠲᠡᠭᠡᠭᠰᠢ ᠪᠣᠯᠭᠠᠨ᠎ᠠ᠃ ᠰᠢᠮ᠎ᠠ ᠲᠡᠵᠢᠭᠡᠯᠲᠤ ᠭᠡᠯᠪᠠᠷᠢ ᠶᠢᠨ ᠲᠡᠷᠢᠶᠠᠯᠠᠩ ᠤᠨ ᠪᠦᠲᠤᠭᠡᠭᠳᠡᠬᠦᠨ ᠪᠠ ᠮᠠᠯ ᠤᠨ ᠠᠰᠢᠭ ᠰᠢᠮ᠎ᠠ ᠶᠢ ᠲᠡᠯᠭᠡᠷᠡᠬᠦᠯᠬᠦ ᠠᠵᠢᠯ ᠢ ᠦᠷᠨᠢᠬᠦᠯᠵᠦ᠂ ᠠᠯᠠᠱᠨ ᠶᠢᠨ ᠤᠨᠴᠠᠯᠢᠭ ᠲᠠᠢ ᠠᠮᠤᠷ ᠲᠦᠪᠰᠢᠨ᠂ ᠰᠢᠮ᠎ᠠ ᠲᠡᠵᠢᠭᠡᠯ ᠲᠠᠢ ᠲᠠᠷᠢᠶᠠᠯᠠᠩ ᠤᠨ ᠪᠦᠲᠤᠭᠡᠭᠳᠡᠬᠦᠨ ᠪᠠ ᠮᠠᠯ ᠤᠨ ᠠᠰᠢᠭ ᠰᠢᠮ᠎ᠠ ᠶᠢ ᠭᠠᠳᠠᠭᠰᠢ ᠭᠠᠷᠭᠠᠬᠤ ᠶᠢ  ᠠᠬᠢᠭᠤᠯᠤᠨ᠎ᠠ᠃        ᠢᠳᠡᠭᠡᠨ ᠤ ᠰᠢᠮ᠎ᠠ ᠲᠡᠵᠢᠭᠡᠯ ᠡᠷᠡᠬᠦᠯ ᠮᠡᠨᠳᠦ ᠶᠢᠨ ᠠᠵᠤ ᠦᠢᠯᠡᠰ ᠤᠨ ᠬᠦᠭᠵᠢᠯᠳᠡ ᠶᠢ ᠠᠬᠢᠭᠤᠯᠤᠨ᠎ᠠ᠃ ᠠᠯᠠᠱᠨ ᠶᠢᠨ ᠡᠯᠪᠡᠭ ᠪᠠᠶᠠᠯᠢᠭ ᠴᠠᠭᠠᠨ ᠭᠤᠶᠤᠤ᠂ ᠤᠯᠠᠭᠠᠨ ᠭᠤᠶᠤᠤ᠂ ᠬᠦᠮᠠᠯᠢ᠂ ᠲᠡᠮᠡᠭᠡᠨ ᠮᠢᠬ᠎ᠠ᠂ ᠲᠡᠮᠡᠭᠡᠨ ᠰᠦ ᠵᠡᠷᠭᠡ ᠤᠨᠴᠠᠯᠢᠭᠲᠤ ᠲᠡᠷᠢᠶᠠᠯᠠᠩ ᠤᠨ ᠪᠦᠲᠤᠭᠡᠭᠳᠡᠬᠦᠨ ᠪᠠ ᠮᠠᠯ ᠤᠨ ᠠᠰᠢᠭ ᠰᠢᠮ᠎ᠠ ᠶᠢᠨ ᠡᠬᠢ ᠪᠠᠶᠠᠯᠢᠭ ᠢ ᠨᠡᠭᠡᠭᠡᠨ ᠬᠦᠭᠵᠢᠬᠦᠯᠵᠦ ᠠᠰᠢᠭᠯᠠᠨ᠂ ᠡᠷᠡᠬᠦᠯᠵᠢᠯ ᠤᠨ ᠢᠳᠡᠭᠡᠨ᠂ ᠰᠢᠮ᠎ᠠ ᠲᠡᠵᠢᠭᠡᠯ ᠢ ᠨᠡᠮᠡᠭᠳᠡᠬᠦᠯᠬᠦ ᠢᠳᠡᠭᠡᠨ᠂ ᠬᠤᠤᠰ ᠤᠭᠤᠷᠠᠭᠲᠤ ᠢᠳᠡᠭᠡᠨ ᠵᠡᠷᠭᠡ ᠰᠢᠨ᠎ᠠ ᠭᠡᠯᠪᠠᠷᠢ ᠶᠢᠨ ᠰᠢᠮ᠎ᠠ ᠲᠡᠵᠢᠭᠡᠯ ᠲᠠᠢ ᠡᠷᠡᠬᠦᠯ ᠢᠳᠡᠭᠡᠨ ᠢ ᠬᠦᠴᠦᠯᠠᠨ ᠬᠦᠭᠵᠢᠬᠦᠯᠦᠨ᠎ᠠ᠃ ᠠᠵᠤ ᠦᠢᠯᠡᠰ ᠤᠨ ᠵᠢᠯᠤᠭᠤᠲᠤᠯᠭ᠎ᠠ ᠶᠢ ᠴᠢᠩᠭᠠᠳᠬᠠᠵᠦ᠂ ᠵᠠᠬ᠎ᠠ ᠲᠡᠯᠭᠡᠬᠦᠷ ᠤᠨ ᠡᠮᠬᠢ ᠵᠢᠷᠤᠮ  ᠢ ᠲᠦᠷᠢᠮᠵᠢᠬᠦᠯᠵᠦ᠂ ᠭᠡᠷᠡᠭᠯᠡᠭᠡᠨ ᠢ ᠰᠢᠨᠵᠢᠯᠠᠬᠦ ᠤᠬᠠᠭᠠᠨᠴᠢ ᠪᠠᠷ ᠵᠢᠯᠤᠭᠤᠳᠴᠦ᠂ ᠦᠢᠯᠡᠳᠪᠤᠷᠢᠯᠠᠯ᠂ ᠭᠡᠷᠡᠭᠯᠡᠭᠡᠨ᠂ ᠰᠢᠮ᠎ᠠ ᠲᠡᠵᠢᠭᠡᠯ᠂ ᠡᠷᠡᠬᠦᠯ ᠮᠡᠨᠳᠦ ᠶᠢ ᠵᠤᠬᠢᠴᠠᠭᠤᠯᠤᠨ ᠬᠦᠭᠵᠢᠬᠦᠯᠬᠦ ᠶᠢ ᠠᠬᠢᠭᠤᠯᠤᠨ᠎ᠠ᠃        ᠡᠷᠡᠬᠦᠯ ᠲᠤᠭᠤᠭᠠᠯᠠᠬᠤ ᠠᠷᠭ᠎ᠠ ᠮᠠᠶ᠋ᠢᠭ ᠬᠢᠭᠡᠳ ᠰᠢᠮ᠎ᠠ ᠲᠡᠵᠢᠭᠡᠯ ᠢ ᠲᠡᠩᠴᠡᠬᠦᠷᠢᠲᠡᠢ ᠪᠠᠶᠢᠯᠭᠠᠬᠤ ᠪᠠᠷ ᠬᠤᠭᠤᠯᠠ ᠳᠣᠬᠢᠷᠠᠭᠤᠯᠬᠤ ᠶᠢ ᠵᠢᠱᠢᠶ᠎ᠠ ᠦᠵᠡᠬᠦᠯᠤᠨ ᠲᠡᠯᠭᠡᠷᠡᠬᠦᠯᠬᠦ ᠠᠵᠢᠯ ᠢ ᠦᠷᠨᠢᠬᠦᠯᠦᠨ᠎ᠠ᠃ ᠤᠯᠠᠮᠵᠢᠯᠠᠯᠲᠤ ᠲᠤᠭᠤᠭᠠᠯᠠᠬᠤ ᠠᠷᠭ᠎ᠠ ᠮᠠᠶ᠋ᠢᠭ ᠤᠨ ᠰᠢᠮ᠎ᠠ ᠳᠡᠵᠢᠭᠡᠯᠵᠢᠬᠦᠯᠦᠭᠰᠡᠨ ᠦᠭᠡᠷᠡᠴᠢᠯᠠᠯᠳᠠ ᠶᠢ ᠴᠢᠩᠭᠠᠳᠬᠠᠵᠦ᠂ ᠡᠷᠡᠬᠦᠯ ᠲᠤᠭᠤᠭᠠᠯᠠᠬᠤ ᠰᠢᠨ᠎ᠠ ᠭᠡᠪ ᠮᠠᠶ᠋ᠢᠭ ᠢ ᠬᠠᠶᠢᠨ ᠰᠦᠪᠡᠭᠴᠢᠯᠠᠵᠦ᠂ ᠡᠷᠡᠬᠦᠯ ᠲᠤᠭᠤᠭᠠᠯᠠᠬᠤ ᠠᠷᠭ᠎ᠠ ᠮᠠᠶ᠋ᠢᠭ ᠬᠢᠭᠡᠳ ᠰᠢᠮ᠎ᠠ ᠲᠡᠵᠢᠭᠡᠯ ᠢ ᠲᠡᠩᠴᠡᠬᠦᠷᠢᠲᠡᠢ ᠪᠠᠶᠢᠯᠭᠠᠬᠤ ᠪᠠᠷ ᠬᠤᠭᠤᠯᠠ ᠲᠤᠬᠢᠷᠠᠭᠤᠯᠬᠤ ᠶᠢ ᠲᠡᠯᠭᠡᠷᠡᠬᠦᠯᠦᠨ᠎ᠠ᠃ ᠢᠳᠡᠭᠡᠨ ᠢ ᠪᠣᠯᠪᠠᠰᠣᠷᠠᠭᠤᠯᠬᠤ ᠶᠢ ᠰᠢᠮ᠎ᠠ ᠳᠡᠵᠢᠬᠡᠯᠵᠢᠬᠦᠯᠬᠦ ᠳᠡᠰᠢ ᠭᠡᠯᠪᠡᠷᠢ ᠶᠢ ᠨᠢ ᠬᠤᠪᠢᠷᠠᠭᠤᠯᠬᠤ ᠶᠢ ᠠᠬᠢᠭᠤᠯᠵᠦ᠂ ᠪᠤᠯᠪᠠᠰᠤᠷᠠᠭᠤᠯᠤᠭᠰᠠᠨ ᠢᠳᠡᠭᠡᠨ ᠳᠠᠬᠢ ᠲᠤᠰᠤ᠂ ᠲᠠᠪᠤᠰᠤ᠂ ᠰᠢᠬᠢᠷ ᠢ ᠬᠢᠵᠠᠭᠠᠷᠯᠠᠬᠤ ᠠᠷᠭ᠎ᠠ ᠪᠠᠷᠢᠯ ᠢ ᠰᠠᠶᠢᠲᠤᠷ ᠨᠠᠶᠢᠳᠠᠪᠤᠷᠢᠵᠢᠭᠤᠯᠤᠨ᠎ᠠ᠃        ︵ᠲᠠᠪᠤ︶ ᠤᠯᠠᠮᠵᠢᠯᠠᠯᠲᠤ ᠢᠳᠡᠭᠡᠨ ᠤ ᠰᠢᠮ᠎ᠠ ᠲᠡᠵᠢᠭᠡᠯ ᠤᠨ ᠦᠢᠯᠡᠴᠢᠯᠡᠭᠡᠨ ᠢ ᠶᠡᠭᠡᠪᠠᠷ ᠬᠦᠭᠵᠢᠬᠦᠯᠦᠨ᠎ᠠ        ᠤᠯᠠᠮᠵᠢᠯᠠᠯᠲᠤ ᠢᠳᠡᠭᠡᠨ ᠤ ᠰᠢᠮ᠎ᠠ ᠲᠡᠵᠢᠭᠡᠯ ᠢ ᠰᠤᠲᠤᠯᠤᠨ ᠬᠦᠭᠵᠢᠬᠦᠯᠬᠦ ᠳᠣᠬᠠᠢ ᠵᠢᠯᠤᠭᠤᠲᠤᠯᠭ᠎ᠠ ᠶᠢ ᠴᠢᠩᠭᠠᠳᠬᠠᠨ᠎ᠠ᠃ ᠠᠯᠠᠱᠨ ᠶᠢᠨ ᠮᠤᠩᠭᠤᠯ ᠡᠮ ᠡᠮᠨᠡᠯᠭᠡ ᠬᠢᠳᠠᠳ ᠡᠮ ᠡᠮᠨᠡᠯᠭᠡ ᠶᠢᠨ ᠤᠨᠴᠠᠯᠢᠭ ᠲᠠᠪᠠᠭᠤᠯᠢᠭ ᠢ ᠪᠠᠳᠠᠷᠠᠭᠤᠯᠵᠦ᠂ ᠰᠢᠨᠵᠢᠯᠠᠬᠦ ᠤᠬᠠᠭᠠᠨᠴᠢ ᠢᠳᠡᠭᠡᠨ ᠤ ᠰᠢᠮ᠎ᠠ ᠲᠡᠵᠢᠭᠡᠯ ᠤᠨ ᠲᠠᠳᠬᠠᠯ ᠢ ᠬᠦᠲᠤᠯᠤᠨ ᠵᠢᠯᠤᠭᠤᠳᠴᠦ᠂ ᠠᠯᠠᠱᠨ ᠶᠢᠨ ᠤᠷᠤᠨ ᠨᠤᠲᠤᠭ ᠤᠨ ᠤᠨᠴᠠᠯᠢᠭ ᠲᠠᠢ ᠤᠯᠠᠮᠵᠢᠯᠠᠯᠲᠤ ᠢᠳᠡᠭᠡᠨ ᠤ ᠰᠢᠮ᠎ᠠ ᠲᠡᠵᠢᠭᠡᠯ ᠤᠨ ᠮᠡᠳᠡᠯᠭᠡ ᠶᠢ ᠲᠠᠮᠵᠢᠭᠤᠯᠬᠤ ᠶᠢ ᠠᠬᠢᠭᠤᠯᠵᠦ᠂ ᠤᠯᠠᠮᠵᠢᠯᠠᠯᠲᠤ ᠢᠳᠡᠭᠡᠨ ᠤ ᠰᠢᠮ᠎ᠠ ᠲᠡᠵᠢᠭᠡᠯ ᠬᠢᠭᠡᠳ ᠤᠲᠤ ᠦᠶ᠎ᠠ ᠶᠢᠨ ᠰᠢᠮ᠎ᠠ ᠲᠡᠵᠢᠭᠡᠯ ᠤᠨ ᠤᠬᠠᠭᠠᠨ᠂ ᠪᠠᠶ᠎ᠠ ᠶᠢᠨ ᠲᠡᠮᠢᠷ ᠪᠠᠶ᠎ᠠ ᠪᠠᠨ ᠴᠢᠬᠢᠷᠠᠭᠵᠢᠭᠤᠯᠬᠤ ᠶᠢ ᠪᠦᠲᠤᠮᠵᠢᠲᠡᠢ ᠠᠭᠤᠰᠤᠯᠴᠠᠭᠤᠯᠬᠤ  ᠶᠢ ᠠᠬᠢᠭᠤᠯᠵᠦ᠂ ᠤᠯᠠᠮᠵᠢᠯᠠᠯᠲᠤ ᠢᠳᠡᠭᠡᠨ ᠤ ᠵᠦᠢᠯ ᠮᠦᠷᠳᠡᠭᠡᠨ ᠬᠢᠳᠠᠳ ᠡᠮ ᠤᠨ ᠮᠠᠲ᠋ᠧᠷᠢᠶᠠᠯ ᠴᠠᠭᠠᠨ ᠭᠤᠶᠤᠤ   ︵ᠴᠦᠯᠡᠷᠭᠡᠭ ᠭᠠᠵᠠᠷ ᠤᠨ︶ ᠶᠢᠨ ᠢᠳᠡᠭᠡᠨ ᠡᠮ ᠤᠨ ᠵᠦᠢᠯ ᠢ ᠦᠢᠯᠡᠳᠪᠤᠷᠢᠯᠠᠬᠦ ᠲᠤᠷᠰᠢᠯᠳᠠ ᠶᠢᠨ ᠴᠡᠭ ᠤᠨ ᠠᠵᠢᠯ  ᠢ ᠦᠷᠬᠦᠵᠢᠯᠠᠨ ᠠᠬᠢᠭᠤᠯᠵᠦ᠂ ᠴᠠᠭᠠᠨ ᠭᠤᠶᠤᠤ ︵ᠴᠦᠯᠡᠷᠭᠡᠭ ᠭᠠᠵᠠᠷ ᠤᠨ︶ ᠶᠢᠨ ᠢᠳᠡᠭᠡᠨ ᠤ ᠵᠦᠢᠯ ᠢ ᠬᠦᠴᠦᠯᠡᠨ ᠰᠤᠲᠤᠯᠤᠨ ᠬᠦᠭᠵᠢᠬᠦᠯᠬᠦ᠂ ᠦᠢᠯᠡᠳᠪᠤᠷᠢᠯᠠᠬᠦ ᠪᠠ ᠪᠤᠷᠤᠯᠠᠭᠤᠯᠤᠨ᠎ᠠ᠃ ᠨᠠᠰᠤᠳᠠᠶᠢᠴᠤᠤᠯ᠂ ᠭᠡᠤᠭᠡᠳ ᠪᠠᠭᠠᠴᠤᠳ᠂ ᠵᠢᠷᠮᠤᠰᠤᠨ ᠪᠦᠰᠡᠬᠦᠢ ᠵᠢᠴᠢ ᠣᠵᠢᠭ ᠡᠪᠠᠳᠴᠢᠳᠠᠨ ᠤ ᠢᠳᠡᠭᠡᠨ ᠤ ᠰᠢᠮ᠎ᠠ ᠲᠡᠵᠢᠭᠡᠯ ᠤᠨ ᠵᠢᠯᠤᠭᠤᠲᠤᠯᠭ᠎ᠠ ᠶᠢᠨ ᠠᠵᠢᠯ ᠢ ᠦᠷᠨᠢᠬᠦᠯᠵᠦ᠂ ᠰᠠᠭᠤᠭᠠᠯᠢ ᠠᠷᠠᠳ ᠤᠨ ᠢᠳᠡᠭᠡᠨ ᠤ ᠰᠢᠮ᠎ᠠ ᠲᠡᠵᠢᠭᠡᠯ ᠤᠨ ᠳᠣᠬᠠᠢ ᠬᠡᠪ ᠪᠤᠯᠪᠠᠰᠤᠷᠠᠯ ᠢ ᠲᠡᠭᠡᠭᠰᠢᠯᠡᠬᠦᠯᠦᠨ᠎ᠠ᠃ ᠮᠤᠩᠭᠤᠯ ᠡᠮ ᠡᠮᠨᠡᠯᠭᠡ ᠬᠢᠳᠠᠳ ᠡᠮ ᠡᠮᠨᠡᠯᠭᠡ ᠶᠢᠨ ᠡᠪᠠᠳᠴᠢᠨ ᠢ ᠰᠡᠷᠭᠡᠶᠢᠯᠠᠬᠦ ᠡᠷᠡᠬᠦᠯ ᠮᠡᠨᠳᠦ ᠶᠢᠨ ᠢᠨᠵᠧᠨᠧᠷᠢᠩ ᠢ ᠠᠬᠢᠭᠤᠯᠵᠦ᠂ ︽ᠵᠢᠷᠤᠭᠡ ᠶᠢ ᠲᠠᠮᠢᠷᠵᠢᠭᠤᠯᠬᠤ ᠡᠮ︾        ︽ᠲᠡᠮᠡᠭᠡᠨ ᠠᠶᠢᠷᠠᠭ︾ ︽ᠳᠠᠪᠬᠤᠷ ᠳᠣᠭᠤᠭ᠎ᠠ︾ ︽ᠴᠤᠯᠢᠭᠡᠷ ᠤᠨ ᠰᠢᠩᠭᠡᠨ ᠪᠤᠳᠠᠭ᠎ᠠ︾ ᠵᠡᠷᠭᠡ ᠤᠯᠠᠮᠵᠢᠯᠠᠯᠲᠤ ᠮᠤᠩᠭᠤᠯ ᠡᠮ ᠡᠮᠨᠡᠯᠭᠡ ᠶᠢᠨ ᠢᠳᠡᠭᠡᠨ ᠤ ᠰᠢᠮ᠎ᠠ ᠲᠡᠵᠢᠭᠡᠯ ᠢᠶᠠᠷ ᠡᠮᠨᠡᠬᠦ ᠠᠷᠭ᠎ᠠ ᠶᠢ ᠲᠡᠯᠭᠡᠷᠡᠬᠦᠯᠦᠨ᠎ᠠ᠃        ᠤᠯᠠᠮᠵᠢᠯᠠᠯᠲᠤ ᠪᠠᠶ᠎ᠠ ᠰᠤᠪᠢᠯᠠᠬᠤ ᠢᠳᠡᠭᠡᠨ ᠤ ᠮᠠᠲ᠋ᠧᠷᠢᠶᠠᠯ ᠢ ᠬᠢᠨ᠋ᠨᠨ ᠭᠡᠮᠵᠢᠵᠦ ᠦᠨᠠᠯᠠᠯᠳᠠ ᠬᠢᠬᠦ ᠠᠵᠢᠯ ᠢ ᠦᠷᠨᠢᠬᠦᠯᠦᠨ᠎ᠠ᠃ ᠠᠯᠠᠱᠨ ᠶᠢᠨ ᠤᠯᠠᠮᠵᠢᠯᠠᠯᠲᠤ ᠤᠨᠴᠠᠯᠢᠭᠲᠤ ᠢᠳᠡᠭᠡᠨ ᠤ ᠰᠢᠮ᠎ᠠ ᠲᠡᠵᠢᠭᠡᠯ ᠤᠨ ᠪᠦᠲᠤᠭᠡᠭᠳᠡᠬᠦᠨ ᠢ ᠰᠤᠲᠤᠯᠤᠨ ᠬᠦᠭᠵᠢᠬᠦᠯᠬᠦ ᠵᠢᠴᠢ ᠠᠵᠤ ᠦᠢᠯᠡᠰ ᠤᠨ ᠲᠡᠰ ᠲᠡᠪᠰᠢᠬᠦ ᠶᠢ ᠠᠬᠢᠭᠤᠯᠤᠨ᠎ᠠ᠃ ᠤᠲᠤ ᠦᠶ᠎ᠠ ᠶᠢᠨ ᠢᠳᠡᠭᠡᠨ ᠤ ᠪᠤᠯᠪᠠᠰᠤᠷᠠᠭᠤᠯᠬᠤ ᠠᠵᠤ ᠦᠢᠯᠡᠳᠪᠤᠷᠢ ᠬᠢᠭᠡᠳ ᠤᠯᠠᠮᠵᠢᠯᠠᠯᠲᠤ ᠢᠳᠡᠭᠡᠨ ᠤ ᠰᠢᠮ᠎ᠠ ᠲᠡᠵᠢᠭᠡᠯ ᠤᠨ ᠪᠦᠲᠤᠭᠡᠭᠳᠡᠬᠦᠨ᠂ ᠨᠠᠶᠢᠷᠠᠯᠭ᠎ᠠ ᠵᠡᠷᠭᠡ ᠶᠢ ᠬᠠᠷᠢᠯᠴᠠᠨ ᠤᠶᠠᠯᠲᠤᠭᠤᠯᠵᠦ᠂ ᠪᠦᠲᠤᠭᠡᠭᠳᠡᠬᠦᠨ᠂ ᠨᠠᠶᠢᠷᠠᠯᠭ᠎ᠠ ᠶᠢ ᠪᠠᠷᠢᠮᠵᠢᠶᠠᠵᠢᠭᠤᠯᠬᠤ ᠶᠢ ᠠᠬᠢᠭᠤᠯᠵᠦ᠂ ᠠᠵᠤ ᠦᠢᠯᠡᠰ ᠤᠨ ᠭᠡᠪᠴᠢᠶᠠᠵᠢᠬᠦᠯᠦᠯᠳᠡ ᠶᠢ ᠠᠬᠢᠭᠤᠯᠤᠨ᠎ᠠ᠃        ︵ᠵᠢᠷᠭᠤᠭ᠎ᠠ︶ ᠰᠢᠮ᠎ᠠ ᠲᠡᠵᠢᠭᠡᠯ ᠡᠷᠡᠬᠦᠯ ᠮᠡᠨᠳᠦ ᠶᠢᠨ ᠰᠠᠭᠤᠷᠢ ᠲᠤᠭ᠎ᠠ ᠪᠠᠷᠢᠮᠳᠠ ᠶᠢ ᠬᠠᠮᠲᠤ ᠪᠠᠷ ᠬᠤᠪᠢᠶᠠᠯᠴᠠᠵᠦ ᠠᠰᠢᠭᠯᠠᠬᠤ ᠶᠢ ᠴᠢᠩᠭᠠᠳᠬᠠᠨ᠎ᠠ        ᠰᠢᠮ᠎ᠠ ᠲᠡᠵᠢᠭᠡᠯ ᠡᠷᠡᠬᠦᠯ ᠮᠡᠨᠳᠦ ᠶᠢᠨ ᠲᠤᠭ᠎ᠠ ᠪᠠᠷᠢᠮᠳᠠ ᠶᠢ ᠬᠠᠷᠢᠯᠴᠠᠨ ᠨᠡᠪᠳᠡᠷᠡᠬᠦᠯᠵᠦ ᠬᠠᠮᠲᠤ ᠪᠠᠷ ᠬᠤᠪᠢᠶᠠᠯᠴᠠᠬᠤ ᠶᠢ ᠠᠬᠢᠭᠤᠯᠤᠨ᠎ᠠ᠃ ᠰᠢᠮ᠎ᠠ ᠲᠡᠵᠢᠭᠡᠯ ᠬᠢᠭᠡᠳ ᠡᠷᠡᠬᠦᠯ ᠮᠡᠨᠳᠦ ᠶᠢᠨ ᠮᠡᠳᠡᠭᠡ  ᠵᠠᠩᠬᠢᠴᠢᠯᠠᠯᠳᠠ ᠶᠢᠨ ᠪᠠᠶᠢᠭᠤᠯᠤᠯᠳᠠ ᠶᠢ ᠢᠳᠡᠪᠬᠢᠲᠡᠢ ᠠᠬᠢᠭᠤᠯᠵᠦ᠂ ᠮᠡᠳᠡᠭᠡ ᠵᠠᠩᠬᠢ ᠶᠢ ᠬᠠᠮᠲᠤ ᠪᠠᠷ ᠬᠤᠪᠢᠶᠠᠯᠴᠠᠬᠤ ᠬᠢᠭᠡᠳ ᠰᠤᠯᠢᠯᠴᠠᠬᠤ ᠲᠤᠭᠳᠠᠴᠠ ᠶᠢ ᠪᠠᠶᠢᠭᠤᠯᠵᠦ᠂ ᠤᠷᠴᠢᠨ ᠲᠤᠭᠤᠷᠢᠨ᠂ ᠲᠠᠷᠢᠶᠠᠯᠠᠩ ᠮᠠᠯ ᠠᠵᠤ ᠠᠬᠤᠢ᠂ ᠢᠳᠡᠭᠡᠨ ᠡᠮ  ᠤᠨ ᠵᠦᠢᠯ᠂ ᠡᠮ ᠡᠮᠨᠡᠯᠭᠡ᠂ ᠰᠤᠷᠭᠠᠨ ᠬᠦᠮᠦᠵᠢᠯ᠂ ᠪᠠᠶ᠎ᠠ ᠶᠢᠨ ᠲᠠᠮᠢᠷ ᠵᠡᠷᠭᠡ ᠰᠠᠯᠠᠭ᠎ᠠ ᠮᠦᠴᠢᠷ ᠲᠠᠢ ᠬᠠᠮᠲᠤᠷᠠᠨ ᠮᠡᠳᠡᠭᠡ ᠵᠠᠩᠬᠢ ᠶᠢᠨ ᠲᠤᠭ᠎ᠠ ᠪᠠᠷᠢᠮᠳᠠ ᠶᠢᠨ ᠡᠬᠢ ᠪᠠᠶᠠᠯᠢᠭ ᠢ ᠬᠠᠮᠲᠤ ᠪᠠᠷ ᠬᠤᠪᠢᠶᠠᠯᠴᠠᠨ᠎ᠠ᠃        ︵ᠲᠤᠯᠤᠭ᠎ᠠ︶ ᠰᠢᠮ᠎ᠠ ᠲᠡᠵᠢᠭᠡᠯ ᠡᠷᠡᠬᠦᠯ ᠮᠡᠨᠳᠦ ᠶᠢᠨ ᠮᠡᠳᠡᠯᠭᠡ ᠶᠢ ᠲᠦᠭᠡᠮᠠᠯᠵᠢᠬᠦᠯᠦᠨ᠎ᠠ        ᠰᠢᠮ᠎ᠠ ᠲᠡᠵᠢᠭᠡᠯ ᠤᠨ ᠬᠠᠤᠯᠢ ᠲᠦᠷᠢᠮ ᠤᠨ ᠲᠦᠷᠤ ᠶᠢᠨ ᠪᠤᠲᠤᠯᠭ᠎ᠠ ᠪᠠ ᠰᠢᠨᠵᠢᠯᠠᠬᠦ ᠤᠬᠠᠭᠠᠨ ᠢ ᠲᠦᠭᠡᠮᠠᠯᠵᠢᠬᠦᠯᠬᠦ ᠮᠡᠳᠡᠯᠭᠡ ᠶᠢ ᠤᠬᠠᠭᠤᠯᠵᠦ ᠬᠦᠮᠦᠵᠢᠬᠦᠯᠬᠦ ᠠᠵᠢᠯᠯᠠᠭ᠎ᠠ ᠶᠢ ᠦᠷᠨᠢᠬᠦᠯᠦᠨ᠎ᠠ᠃ ᠰᠠᠭᠤᠭᠠᠯᠢ ᠠᠷᠠᠳ  ᠤᠨ ᠬᠤᠭᠤᠯᠠ ᠣᠮᠳᠠ ᠶᠢᠨ ᠵᠢᠯᠣᠭᠤᠳᠣᠮᠵᠢ ᠵᠡᠷᠭᠡ ᠰᠢᠮ᠎ᠠ ᠲᠡᠵᠢᠭᠡᠯ᠂ ᠢᠳᠡᠭᠡᠨ ᠤ ᠠᠮᠤᠷ ᠲᠦᠪᠰᠢᠨ ᠤ ᠰᠢᠨᠵᠢᠯᠠᠬᠦ ᠤᠬᠠᠭᠠᠨ ᠤ ᠲᠦᠭᠡᠮᠡᠯᠵᠢᠬᠦᠯᠦᠯᠳᠡ ᠶᠢ ᠤᠬᠠᠭᠤᠯᠬᠤ ᠮᠠᠲ᠋ᠧᠷᠢᠶᠠᠯ ᠢ ᠬᠦᠢᠴᠡᠳ ᠠᠰᠢᠭᠯᠠᠵᠦ᠂ ᠵᠠᠭᠤᠴᠢᠯᠠᠭᠤᠷ ᠤᠨ ᠢᠳᠡᠪᠬᠢ ᠦᠢᠯᠡᠳᠦᠯ ᠢ ᠬᠦᠢᠴᠡᠳ ᠪᠠᠳᠠᠷᠠᠭᠤᠯᠵᠦ᠂ ᠶᠠᠷᠢᠶ᠎ᠠ ᠭᠡᠯᠡᠯᠴᠡᠭᠡ ᠶᠢ ᠬᠦᠲᠤᠯᠤᠨ ᠵᠢᠯᠤᠭᠤᠳᠬᠤ ᠶᠢ ᠴᠢᠩᠭᠠᠷᠠᠭᠤᠯᠵᠦ᠂ ᠰᠢᠮ᠎ᠠ ᠲᠡᠵᠢᠭᠡᠯ ᠤᠨ ᠤᠬᠠᠭᠤᠯᠭ᠎ᠠ ᠶᠢᠨ ᠵᠦᠪ ᠤᠨᠤᠪᠴᠢᠲᠡᠢ  ᠤᠲᠤᠷᠢᠲᠤᠮᠵᠢ ᠶᠢ ᠪᠤᠢ ᠪᠤᠯᠭᠠᠨ᠎ᠠ᠃        ᠰᠢᠮ᠎ᠠ ᠲᠡᠵᠢᠭᠡᠯ ᠡᠷᠡᠬᠦᠯ ᠮᠡᠨᠳᠦ ᠶᠢᠨ ᠰᠢᠨᠵᠢᠯᠠᠬᠦ ᠤᠬᠠᠭᠠᠨ ᠤ ᠲᠦᠭᠡᠮᠠᠯᠵᠢᠬᠦᠯᠦᠯᠳᠡ ᠶᠢ ᠤᠬᠠᠭᠤᠯᠤᠨ ᠬᠦᠮᠦᠵᠢᠬᠦᠯᠬᠦ ᠠᠵᠢᠯᠯᠠᠭ᠎ᠠ ᠶᠢ ᠪᠠᠶᠢᠩᠭᠤᠵᠢᠭᠤᠯᠬᠤ ᠶᠢ ᠠᠬᠢᠭᠤᠯᠤᠨ᠎ᠠ᠃ ᠪᠦᠬᠦ ᠠᠷᠠᠳ ᠤᠨ ᠰᠢᠮ᠎ᠠ ᠲᠡᠵᠢᠭᠡᠯ ᠤᠨ ᠭᠠᠷᠠᠭ᠂ ᠪᠦᠬᠦ ᠤᠯᠤᠰ ᠤᠨ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ᠂ ︽5.20︾ ᠪᠦᠬᠦ ᠤᠯᠤᠰ ᠤᠨ ᠰᠤᠷᠤᠭᠴᠢ ᠶᠢᠨ ᠰᠢᠮ᠎ᠠ ᠲᠡᠵᠢᠭᠡᠯ ᠤᠨ ᠡᠲᠤᠷ᠂ ︽5.15︾ ᠪᠦᠬᠦ ᠤᠯᠤᠰ ᠤᠨ ᠢᠤᠳ᠋ ᠲᠤᠳᠠᠭᠳᠠᠬᠤ ᠡᠪᠠᠳᠴᠢᠨ ᠢ ᠰᠡᠷᠭᠡᠶᠢᠯᠠᠨ ᠵᠠᠰᠠᠬᠤ ᠡᠲᠤᠷ ᠵᠡᠷᠭᠡ ᠰᠢᠨᠵᠢᠯᠠᠬᠦ ᠤᠬᠠᠭᠠᠨ ᠤ ᠲᠦᠭᠡᠮᠠᠯᠵᠢᠬᠦᠯᠦᠯᠳᠡ ᠶᠢ ᠤᠬᠠᠭᠤᠯᠤᠨ ᠬᠦᠮᠦᠵᠢᠬᠦᠯᠬᠦ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠬᠦᠯᠵᠦ᠂ ᠰᠢᠮ᠎ᠠ ᠲᠡᠵᠢᠭᠡᠯ ᠤᠨ ᠤᠬᠠᠭᠤᠯᠭ᠎ᠠ ᠶᠢ ᠨᠡᠶᠢᠭᠡᠮ ᠲᠤᠭᠤᠷᠢᠭ ᠲᠤ ᠤᠷᠤᠭᠤᠯᠬᠤ᠂ ᠰᠤᠷᠭᠠᠭᠤᠯᠢ ᠳᠤ ᠤᠷᠤᠭᠤᠯᠬᠤ᠂ ᠭᠡᠷ ᠪᠦᠯᠢ ᠳᠤ ᠤᠷᠤᠭᠤᠯᠬᠤ᠂ ᠡᠮᠨᠡᠯᠭᠡ ᠶᠢᠨ ᠬᠤᠷᠢᠶᠠᠨ ᠳᠤ ᠤᠷᠤᠭᠤᠯᠬᠤ ᠵᠡᠷᠭᠡ ᠠᠵᠢᠯᠯᠠᠭ᠎ᠠ ᠶᠢ ᠦᠷᠬᠦᠯᠵᠢᠯᠠᠨ ᠦᠷᠨᠢᠬᠦᠯᠵᠦ᠂ ᠤᠬᠠᠭᠤᠯᠤᠨ ᠬᠦᠮᠦᠵᠢᠬᠦᠯᠬᠦ ᠠᠵᠢᠯᠯᠠᠭ᠎ᠠ ᠶᠢ ᠪᠠᠶᠢᠩᠭᠤᠵᠢᠭᠤᠯᠬᠤ ᠶᠢ ᠠᠬᠢᠭᠤᠯᠤᠨ᠎ᠠ᠃ ᠰᠢᠮ᠎ᠠ ᠳᠡᠵᠢᠭᠡᠯ ᠢ ᠡᠷᠬᠢᠮᠯᠡᠭᠰᠡᠨ ᠬᠤᠭᠤᠯᠠᠨ ᠲᠢᠩᠬᠢᠮ᠂ ᠰᠢᠮ᠎ᠠ ᠲᠡᠵᠢᠭᠡᠯ ᠪᠠ ᠢᠳᠡᠭᠡᠨ ᠤ ᠠᠮᠤᠷ ᠲᠦᠪᠰᠢᠨ ᠤ ᠰᠢᠨᠵᠢᠯᠠᠬᠦ ᠤᠬᠠᠭᠠᠨ ᠤ ᠲᠦᠭᠡᠮᠡᠯᠵᠢᠬᠦᠯᠦᠯᠳᠡ ᠶᠢᠨ ᠵᠢᠵᠢᠭ ᠦᠷᠤᠭᠡ᠂ ᠰᠢᠮ᠎ᠠ ᠳᠡᠵᠢᠬᠡᠯ ᠢ ᠡᠷᠬᠢᠮᠯᠡᠭᠰᠡᠨ ᠰᠤᠷᠭᠠᠭᠤᠯᠢ ᠶᠢᠨ ᠬᠦᠷᠢᠶ᠎ᠠ ᠵᠢᠴᠢ ᠡᠷᠡᠬᠦᠯ ᠮᠡᠨᠳᠦ ᠶᠢ ᠡᠷᠬᠢᠮᠯᠡᠭᠰᠡᠨ ᠠᠵᠤ ᠠᠬᠤᠶᠢᠯᠠᠯ ᠵᠡᠷᠭᠡ ᠰᠢᠮ᠎ᠠ ᠲᠡᠵᠢᠭᠡᠯ᠂ ᠢᠳᠡᠭᠡᠨ ᠤ ᠠᠮᠤᠷ ᠲᠦᠪᠰᠢᠨ ᠤ ᠰᠢᠨᠵᠢᠯᠠᠬᠦ ᠤᠬᠠᠭᠠᠨ ᠤ ᠲᠦᠭᠡᠮᠡᠯᠵᠢᠬᠦᠯᠦᠯᠳᠡ ᠶᠢᠨ ᠵᠢᠱᠢᠶ᠎ᠠ ᠦᠵᠡᠬᠦᠯᠬᠦ ᠭᠠᠵᠠᠷ ᠤᠨ ᠪᠠᠶᠢᠭᠤᠯᠤᠯᠳᠠ ᠶᠢ ᠢᠳᠡᠪᠬᠢᠲᠡᠢ ᠠᠬᠢᠭᠤᠯᠵᠦ᠂ ᠤᠬᠠᠭᠤᠯᠭ᠎ᠠ ᠶᠢᠨ ᠠᠵᠢᠯ ᠤᠨ ᠬᠠᠨᠲᠤᠯᠭᠠᠲᠤ ᠴᠢᠨᠠᠷ ᠪᠠ ᠪᠦᠲᠤᠮᠵᠢᠲᠤ ᠴᠢᠨᠠᠷ ᠢ ᠴᠢᠩᠭᠠᠷᠠᠭᠤᠯᠤᠨ᠎ᠠ᠂ ᠶᠠᠷᠢᠶ᠎ᠠ ᠭᠡᠯᠡᠯᠴᠡᠭᠡ ᠶᠢ ᠬᠢᠨ᠋ᠨᠨ ᠪᠠᠶᠢᠴᠠᠭᠠᠬᠤ ᠠᠵᠢᠯ ᠢ ᠦᠷᠨᠢᠬᠦᠯᠵᠦ᠂ ᠨᠠᠶᠢᠭᠡᠮ ᠨᠠᠶᠢᠳᠠ ᠶᠢᠨ ᠠᠩᠬᠠᠷᠤᠯ ᠳᠤ ᠬᠠᠷᠢᠭᠤᠯᠳᠠ ᠦᠭᠬᠦᠨ᠎ᠠ᠃        ᠭᠤᠷᠪᠠ᠂ ᠡᠷᠡᠬᠦᠯ ᠮᠡᠨᠳᠦ ᠶᠢᠨ ᠠᠵᠢᠯᠯᠠᠭ᠎ᠠ        ︵ᠨᠢᠭᠡ︶ ᠰᠠᠭᠤᠭᠠᠯᠢ ᠠᠷᠠᠳ ᠤᠨ ᠰᠢᠮ᠎ᠠ ᠲᠡᠵᠢᠭᠡᠯ ᠬᠢᠭᠡᠳ ᠡᠷᠡᠬᠦᠯ ᠮᠡᠨᠳᠦ ᠶᠢ ᠪᠠᠶᠢᠴᠠᠭᠠᠬᠤ ᠠᠵᠢᠯᠯᠠᠭ᠎ᠠ        ᠠᠯᠠᠱᠨ ᠶᠢᠨ ᠰᠠᠭᠤᠭᠠᠯᠢ ᠠᠷᠠᠳ ᠤᠨ ᠰᠢᠮ᠎ᠠ ᠲᠡᠵᠢᠭᠡᠯ ᠬᠢᠭᠡᠳ ᠡᠷᠡᠬᠦᠯ ᠮᠡᠨᠳᠦ ᠶᠢᠨ ᠪᠠᠶᠢᠴᠠᠭᠠᠯᠳᠠ ᠶᠢ ᠵᠤᠬᠢᠶᠠᠨ ᠪᠠᠶᠢᠭᠤᠯᠤᠨ ᠦᠷᠨᠢᠬᠦᠯᠦᠨ᠎ᠠ᠃ ᠠᠯᠠᠱᠨ ᠶᠢᠨ ᠰᠠᠭᠤᠭᠠᠯᠢ ᠠᠷᠠᠳ ᠤᠨ ᠰᠢᠮ᠎ᠠ ᠲᠡᠵᠢᠭᠡᠯ ᠡᠷᠡᠬᠦᠯ ᠮᠡᠨᠳᠦ ᠪᠠ ᠢᠳᠡᠭᠡᠨ ᠤ ᠭᠡᠷᠡᠭᠯᠡᠭᠡᠨ ᠤ ᠪᠠᠶᠢᠳᠠᠯ ᠢ ᠣᠶᠢᠯᠠᠭᠠᠨ ᠡᠵᠡᠮᠰᠢᠵᠦ᠂ ᠠᠳᠠᠯᠢ ᠪᠤᠰᠤ ᠬᠦᠮᠦᠰ ᠤᠨ ᠢᠳᠡᠭᠡᠨ ᠤ ᠭᠡᠷᠡᠭᠯᠡᠭᠡᠨ ᠤ ᠭᠡᠮᠵᠢᠶ᠎ᠠ᠂ ᠰᠢᠮ᠎ᠠ ᠲᠡᠵᠢᠭᠡᠯ ᠢ ᠬᠦᠷᠳᠡᠭᠰᠡᠨ ᠭᠡᠮᠵᠢᠶ᠎ᠠ᠂ ᠪᠠᠶ᠎ᠠ ᠶᠢᠨ ᠭᠡᠮᠵᠢᠯᠳᠠ᠂ ᠲᠤᠷᠰᠢᠯᠳᠠ ᠶᠢᠨ ᠲᠠᠰᠤᠭ ᠤᠨ ᠪᠠᠶᠢᠴᠠᠭᠠᠨ ᠭᠡᠮᠵᠢᠯᠳᠠ ᠵᠡᠷᠭᠡ ᠮᠡᠳᠡᠭᠡ ᠵᠠᠩᠬᠢ ᠶᠢ ᠬᠤᠷᠢᠶᠠᠨ ᠴᠤᠭᠯᠠᠭᠤᠯᠵᠦ᠂ ᠪᠦᠬᠦ ᠠᠶᠢᠮᠠᠭ ᠤᠨ ᠡᠷᠡᠬᠦᠯ ᠬᠠᠮᠠᠭᠠᠯᠠᠯ ᠡᠷᠡᠬᠦᠯ ᠮᠠᠨᠲᠤ ᠶᠢᠨ ᠮᠡᠳᠡᠭᠡ ᠵᠠᠩᠬᠢ ᠶᠢᠨ ᠲᠠᠪᠴᠠᠩ ᠳᠠᠬᠢ ᠬᠦᠮᠦᠰ ᠤᠨ ᠰᠢᠮ᠎ᠠ ᠲᠡᠵᠢᠭᠡᠯ ᠬᠢᠭᠡᠳ ᠬᠤᠯᠪᠤᠭᠳᠠᠯ ᠪᠦᠬᠦᠢ ᠡᠪᠠᠳᠴᠢᠨ ᠡᠮᠭᠡᠭ ᠤᠨ ᠲᠤᠭ᠎ᠠ ᠪᠠᠷᠢᠮᠳᠠ ᠶᠢᠨ ᠬᠦᠮᠦᠷᠭᠡ ᠳᠤ ᠲᠦᠰᠢᠭᠯᠡᠵᠦ᠂ ᠠᠳᠠᠯᠢ ᠪᠤᠰᠤ ᠬᠦᠮᠦᠰ ᠤᠨ ᠴᠢᠰᠤ ᠲᠤᠳᠠᠭᠳᠠᠬᠤ᠂ ᠰᠢᠮ᠎ᠠ ᠲᠡᠵᠢᠭᠡᠯ ᠨᠢ ᠬᠡᠪ ᠤᠨ ᠪᠣᠰᠣ ᠪᠠᠶᠢᠬᠤ᠂ ᠭᠡᠲᠤᠷᠭᠡᠢ ᠬᠦᠨᠲᠤ ᠪᠣᠶᠣ ᠬᠡᠳᠦ ᠮᠠᠷᠢᠶᠠᠯᠠᠬᠤ ᠵᠡᠷᠭᠡ ᠰᠢᠮ᠎ᠠ ᠲᠡᠵᠢᠭᠡᠯ ᠬᠢᠭᠡᠳ ᠡᠷᠡᠬᠦᠯ ᠮᠡᠨᠳᠦ ᠶᠢᠨ ᠪᠠᠶᠢᠳᠠᠯ ᠢ ᠡᠵᠠᠮᠰᠢᠨ᠎ᠠ᠃ ᠰᠢᠮ᠎ᠠ ᠲᠡᠵᠢᠭᠡᠯ ᠬᠢᠭᠡᠳ ᠡᠷᠡᠬᠦᠯ ᠮᠡᠨᠳᠦ ᠶᠢᠨ ᠪᠠᠶᠢᠴᠠᠭᠠᠯᠳᠠ ᠶᠢᠨ ᠲᠤᠭ᠎ᠠ ᠪᠠᠷᠢᠮᠳᠠ ᠶᠢ ᠠᠰᠢᠭᠯᠠᠵᠦ᠂ ᠰᠢᠮ᠎ᠠ ᠲᠡᠵᠢᠭᠡᠯ ᠭᠢᠭᠡᠳ ᠡᠷᠡᠬᠦᠯ ᠮᠡᠨᠳᠦ ᠶᠢᠨ ᠦᠨᠠᠯᠠᠯᠳᠠ ᠬᠢᠵᠦ᠂ ᠤᠷᠤᠰᠢᠵᠦ ᠪᠠᠶᠢᠭ᠎ᠠ ᠰᠢᠮ᠎ᠠ ᠲᠡᠵᠢᠭᠡᠯ ᠬᠢᠭᠡᠳ ᠡᠪᠠᠳᠴᠢᠨ ᠡᠮᠭᠡᠭ  ᠲᠤ ᠲᠤᠭᠳᠠᠭᠰᠠᠨ ᠬᠠᠨᠲᠤᠯᠭᠠᠲᠤ ᠴᠢᠨᠠᠷ ᠲᠠᠢ ᠪᠠᠷ ᠨᠦᠯᠦᠬᠡᠯᠡᠬᠦ ᠠᠷᠭ᠎ᠠ ᠪᠠᠷᠢᠯ ᠢ ᠭᠡᠷᠡᠭᠯᠡᠨ᠎ᠠ᠃       ︵ᠬᠤᠶᠠᠷ︶ ᠠᠮᠢ ᠨᠠᠰᠤᠨ ᠤ ᠡᠬᠢᠨ ᠤ ᠬᠤᠭᠤᠴᠠᠭᠠᠨ ᠤ 1000 ᠡᠲᠤᠷ ᠤᠨ ᠰᠢᠮ᠎ᠠ ᠲᠡᠵᠢᠭᠡᠯ ᠡᠷᠡᠬᠦᠯ ᠮᠡᠨᠳᠦ ᠶᠢᠨ ᠠᠵᠢᠯᠯᠠᠭ᠎ᠠ       ᠵᠢᠷᠮᠤᠰᠤᠯᠠᠬᠦ ᠠᠴᠠ ᠡᠮᠤᠨ᠎ᠠ ᠪᠠ ᠵᠢᠷᠮᠤᠰᠤᠯᠠᠵᠦ ᠬᠦᠩᠭᠡᠵᠢᠬᠦ ᠬᠤᠭᠤᠴᠠᠭᠠᠨ ᠤ ᠰᠢᠮ᠎ᠠ ᠲᠡᠵᠢᠭᠡᠯ ᠢ ᠦᠨᠠᠯᠠᠬᠦ ᠬᠢᠭᠡᠳ ᠬᠤᠭᠤᠯᠠ ᠣᠮᠳᠠ ᠶᠢᠨ ᠵᠢᠯᠤᠭᠤᠲᠤᠯᠭ᠎ᠠ ᠶᠢᠨ ᠠᠵᠢᠯ ᠢ ᠦᠷᠨᠢᠬᠦᠯᠦᠨ᠎ᠠ᠃ ᠰᠢᠮ᠎ᠠ ᠲᠡᠵᠢᠭᠡᠯ ᠢ ᠦᠨᠠᠯᠠᠬᠦ ᠪᠠ ᠬᠤᠭᠤᠯᠠ ᠣᠮᠳᠠ ᠶᠢᠨ ᠵᠢᠯᠤᠭᠤᠲᠤᠯᠭ᠎ᠠ ᠶᠢ ᠡᠯ᠎ᠠ ᠱᠠᠲᠤᠨ ᠤ ᠡᠭᠡ ᠨᠢᠯᠬᠠᠰ ᠤᠨ ᠡᠷᠡᠬᠦᠯᠵᠢᠯ ᠤᠨ ᠪᠠᠶᠢᠭᠤᠯᠤᠮᠵᠢ  ᠶᠢᠨ ᠵᠢᠷᠮᠤᠰᠤᠯᠠᠬᠦ ᠠᠴᠠ ᠡᠮᠤᠨᠡᠬᠢ ᠪᠠ ᠵᠢᠷᠮᠤᠰᠤᠯᠠᠵᠦ ᠬᠦᠩᠭᠡᠵᠢᠬᠦ ᠬᠤᠭᠤᠴᠠᠭᠠᠨ ᠤ ᠪᠠᠶᠢᠴᠠᠭᠠᠯᠳᠠ ᠳᠤ ᠤᠷᠤᠭᠤᠯᠵᠦ᠂ ᠵᠢᠷᠮᠤᠰᠤᠨ ᠪᠦᠰᠡᠬᠦᠢ ᠳᠤ ᠰᠢᠮ᠎ᠠ ᠲᠡᠵᠢᠭᠡᠯ ᠤᠨ ᠵᠢᠯᠤᠭᠤᠲᠤᠯᠭ᠎ᠠ ᠬᠢᠵᠦ᠂ ᠵᠢᠷᠮᠤᠰᠤᠨ ᠬᠦᠩᠭᠡᠵᠢᠬᠦ  ᠪᠠᠷ ᠪᠠᠶᠢᠭ᠎ᠠ ᠪᠦᠰᠡᠬᠦᠢ ᠳᠤ ᠰᠢᠮ᠎ᠠ ᠲᠡᠵᠢᠭᠡᠯ ᠢ ᠰᠢᠭᠰᠢᠨ ᠪᠠᠶᠢᠴᠠᠭᠠᠬᠤ ᠪᠠ ᠨᠦᠯᠦᠬᠡᠯᠡᠬᠦ ᠠᠵᠢᠯ ᠢ ᠦᠷᠨᠢᠬᠦᠯᠵᠦ᠂ ᠪᠠᠶ᠎ᠠ ᠶᠢᠨ ᠬᠦᠨᠲᠤ ᠨᠢ ᠬᠦᠩᠭᠡᠨ ᠪᠣᠶᠣ ᠭᠡᠲᠤᠷᠭᠡᠢ ᠲᠤᠮᠤ ᠭᠡᠤᠭᠡᠳ ᠲᠦᠷᠦᠬᠦ ᠨᠤᠷᠮ᠎ᠠ ᠶᠢ ᠲᠤᠷᠤᠭᠰᠢᠯᠠᠭᠤᠯᠤᠨ᠎ᠠ᠃ ᠠᠮᠢ ᠨᠠᠰᠤᠨ ᠤ ᠡᠬᠢᠨ ᠤ ᠬᠤᠭᠤᠴᠠᠭᠠᠨ ᠤ 1000 ᠡᠲᠤᠷ ᠤᠨ ᠰᠢᠮ᠎ᠠ ᠲᠡᠵᠢᠭᠡᠯ ᠤᠨ ᠠᠰᠠᠭᠤᠨ ᠯᠠᠪᠯᠠᠬᠤ ᠲᠠᠪᠴᠠᠩ ᠢ ᠪᠠᠶᠢᠭᠤᠯᠤᠨ ᠲᠡᠬᠦᠯᠳᠡᠷᠵᠢᠬᠦᠯᠦᠨ᠎ᠠ᠃       ᠪᠦᠰᠡᠬᠦᠶᠢᠴᠣᠳ ᠪᠠ ᠨᠢᠯᠬ᠎ᠠ ᠭᠡᠤᠭᠡᠳ ᠤᠨ ᠰᠢᠮ᠎ᠠ ᠲᠡᠵᠢᠭᠡᠯ ᠢ ᠨᠦᠯᠦᠬᠡᠯᠡᠬᠦ ᠲᠦᠯᠦᠪᠯᠡᠭᠡ ᠶᠢ ᠭᠡᠷᠡᠭᠵᠢᠬᠦᠯᠦᠨ᠎ᠠ᠃ ᠪᠦᠬᠦ ᠠᠶᠢᠮᠠᠭ ᠤᠨ ᠵᠢᠷᠮᠤᠰᠤᠨ ᠪᠦᠰᠡᠬᠦᠢ᠂ ᠬᠦᠬᠦᠬᠦᠯ ᠡᠬᠡ ᠶᠢᠨ ᠴᠢᠰᠤ ᠲᠤᠳᠠᠭᠳᠠᠬᠤ ᠨᠤᠷᠮ᠎ᠠ ᠪᠠ ᠨᠠᠪᠴᠢᠨ ᠬᠦᠴᠢᠯ ᠲᠤᠳᠠᠭᠳᠠᠬᠤ ᠨᠤᠷᠮ᠎ᠠ ᠶᠢ ᠬᠢᠨ᠋ᠨᠨ ᠭᠡᠮᠵᠢᠬᠦ ᠠᠵᠢᠯ ᠢ ᠦᠷᠨᠢᠬᠦᠯᠵᠦ᠂ ᠬᠠᠨᠲᠤᠯᠭᠠᠲᠤ ᠴᠢᠨᠠᠷᠲᠡᠢ  ᠪᠠᠷ ᠨᠦᠯᠦᠬᠡᠯᠡᠬᠦ ᠠᠷᠭ᠎ᠠ ᠪᠠᠷᠢᠯ ᠢ ᠳᠣᠷᠠᠳᠣᠨ᠎ᠠ᠃ ᠬᠦᠳᠡᠭᠡ ᠲᠤᠰᠬᠤᠨ ᠮᠠᠯᠵᠢᠬᠤ ᠤᠷᠤᠨ ᠤ ᠪᠦᠰᠡᠬᠦᠶᠢᠴᠣᠳ ᠲᠤ ᠨᠠᠪᠴᠢᠨ ᠬᠦᠴᠢᠯ ᠨᠦᠬᠦᠪᠤᠷᠢᠯᠠᠵᠦ ᠮᠡᠳᠡᠷᠡᠯ ᠤᠨ ᠰᠢᠰᠲ᠋ᠧᠮ ᠤᠨ ᠬᠡᠪ ᠤᠨ ᠠᠵᠢᠯᠯᠠᠭ᠎ᠠ ᠪᠠᠨ ᠠᠯᠳᠠᠬᠤ ᠶᠢ ᠤᠷᠢᠳᠴᠢᠯᠠᠨ ᠰᠡᠷᠭᠡᠶᠢᠯᠠᠬᠦ ᠲᠦᠷᠦᠯ ᠵᠦᠢᠯ ᠢ ᠠᠬᠢᠭᠤᠯᠵᠦ᠂ ᠵᠢᠷᠮᠤᠰᠤᠨ ᠪᠦᠰᠡᠬᠦᠢ ᠶᠢᠨ ᠴᠢᠰᠤ ᠲᠤᠳᠠᠭᠳᠠᠬᠤ ᠨᠤᠷᠮ᠎ᠠ ᠶᠢ ᠲᠤᠷᠤᠭᠰᠢᠯᠠᠭᠤᠯᠵᠦ᠂ ᠪᠠᠭᠠᠴᠤᠳ ᠭᠡᠤᠭᠡᠳ ᠤᠨ ᠰᠢᠮ᠎ᠠ ᠲᠡᠵᠢᠭᠡᠯ ᠲᠤᠳᠠᠭᠳᠠᠬᠤ ᠶᠢ ᠤᠷᠢᠳᠴᠢᠯᠠᠨ ᠰᠡᠷᠭᠡᠶᠢᠯᠠᠨ᠎ᠠ᠃ ᠵᠢᠷᠮᠤᠰᠤᠨ ᠪᠦᠰᠡᠬᠦᠢ ᠶᠢᠨ ᠰᠢᠮ᠎ᠠ ᠲᠡᠵᠢᠭᠡᠯ ᠤᠨ ᠡᠯ᠎ᠡ ᠲᠦᠷᠦᠯ ᠢ ᠨᠦᠯᠦᠬᠡᠯᠡᠬᠦ ᠲᠦᠷᠦᠯ ᠵᠦᠢᠯ ᠢ ᠬᠠᠶᠢᠨ ᠰᠦᠪᠡᠭᠴᠢᠯᠠᠵᠦ ᠦᠷᠨᠢᠬᠦᠯᠦᠨ᠎ᠠ᠃       ᠡᠭᠡ ᠶᠢᠨ ᠰᠦ ᠪᠠᠷ ᠲᠡᠵᠢᠭᠡᠬᠦ ᠨᠤᠷᠮ᠎ᠠ ᠶᠢ ᠲᠡᠭᠡᠭᠰᠢᠯᠠᠬᠦᠯᠦᠨ᠎ᠠ᠃ ᠡᠭᠡ ᠶᠢᠨ ᠰᠦ ᠪᠠᠷ ᠲᠡᠵᠢᠬᠡᠬᠦ ᠪᠠᠲᠤᠯᠠᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠦ᠂ ᠡᠭᠡ ᠶᠢᠨ ᠰᠦ ᠪᠠᠷ ᠲᠡᠵᠢᠭᠡᠬᠦ ᠤᠷᠴᠢᠨ ᠲᠤᠭᠤᠷᠢᠨ ᠢ ᠰᠠᠶᠢᠵᠢᠷᠠᠭᠤᠯᠵᠦ᠂ ᠨᠢᠰᠭᠡᠯ ᠤᠨ ᠪᠠᠭᠤᠳᠠᠯ᠂ ᠲᠡᠷᠭᠡᠨ ᠦᠷᠳᠡᠭᠡ᠂ ᠡᠮᠨᠡᠯᠭᠡ ᠶᠢᠨ ᠬᠤᠷᠢᠶ᠎ᠠ ᠵᠡᠷᠭᠡ ᠤᠯᠠᠨ ᠨᠠᠶᠢᠳᠠ  ᠶᠢᠨ ᠭᠠᠵᠠᠷ ᠲᠤ ᠡᠭᠡ ᠨᠢᠯᠬᠠᠰ ᠤᠨ ᠲᠠᠰᠤᠭ ᠢ ᠪᠠᠶᠢᠭᠤᠯᠤᠨ᠎ᠠ᠃ ᠴᠡᠪᠠᠷ ᠡᠭᠡ ᠶᠢᠨ ᠰᠦ ᠪᠠᠷ ᠲᠡᠵᠢᠭᠡᠭᠰᠡᠨ ᠲᠤᠬᠠᠢ ᠪᠠᠶᠢᠴᠠᠭᠠᠯᠳᠠ ᠬᠢᠵᠦ᠂ ᠵᠦᠢ ᠵᠤᠬᠢᠰᠲᠡᠢ ᠳᠣᠰᠠᠯᠠᠬᠤ ᠢᠳᠡᠭᠡᠨ ᠢᠶᠠᠷ ᠲᠡᠵᠢᠭᠡᠬᠦ ᠶᠢ ᠤᠬᠠᠭᠤᠯᠵᠦ ᠬᠦᠲᠤᠯᠤᠨ ᠵᠢᠯᠤᠭᠤᠲᠤᠨ᠎ᠠ᠃ ᠨᠢᠯᠬ᠎ᠠ ᠭᠡᠤᠭᠡᠳ ᠤᠨ ᠴᠢᠴᠠᠭ᠎ᠠ ᠠᠯᠳᠠᠬᠤ᠂ ᠰᠢᠮ᠎ᠠ ᠲᠡᠵᠢᠭᠡᠯ ᠨᠢ ᠬᠡᠪ ᠤᠨ ᠪᠣᠰᠣ ᠪᠠᠶᠢᠬᠤ ᠵᠡᠷᠭᠡ ᠡᠪᠠᠳᠴᠢᠨ ᠤ ᠵᠢᠱᠢᠶ᠎ᠠ ᠶᠢ ᠬᠢᠨ᠋ᠨᠨ ᠭᠡᠮᠵᠢᠵᠦ ᠤᠷᠢᠳᠴᠢᠯᠠᠨ ᠰᠡᠷᠡᠮᠵᠢᠯᠠᠬᠦᠯᠬᠦ ᠠᠵᠢᠯ ᠢ ᠴᠢᠩᠭᠠᠳᠬᠠᠵᠦ᠂ ᠨᠢᠯᠬ᠎ᠠ ᠭᠡᠤᠭᠡᠳ ᠤᠨ ᠢᠳᠡᠭᠡᠨ ᠠᠴᠠ ᠪᠤᠯᠤᠭᠰᠠᠨ ᠡᠪᠠᠳᠴᠢᠨ ᠡᠮᠭᠡᠭ ︵ᠴᠢᠴᠠᠭ᠎ᠠ ᠠᠯᠳᠠᠬᠤ ᠵᠡᠷᠭᠡ︶ ᠢ ᠰᠡᠷᠭᠡᠶᠢᠯᠠᠬᠦ ᠠᠷᠭ᠎ᠠ ᠪᠤᠲᠤᠯᠭ᠎ᠠ ᠶᠢ ᠭᠡᠷᠡᠭᠵᠢᠬᠦᠯᠦᠨ᠎ᠠ᠃       ︵ᠭᠤᠷᠪᠠ︶ ᠰᠤᠷᠤᠭᠴᠢ ᠶᠢᠨ ᠰᠢᠮ᠎ᠠ ᠲᠡᠵᠢᠭᠡᠯ ᠢ ᠰᠠᠶᠢᠵᠢᠷᠠᠭᠤᠯᠬᠤ ᠠᠵᠢᠯᠯᠠᠭ᠎ᠠ       ᠰᠤᠷᠤᠭᠴᠢ ᠶᠢᠨ ᠰᠢᠮ᠎ᠠ ᠲᠡᠵᠢᠭᠡᠯ ᠲᠠᠢ ᠪᠠᠷ ᠬᠤᠭᠤᠯᠠᠯᠠᠬᠤ ᠶᠢ ᠵᠢᠯᠤᠭᠤᠲᠤᠨ᠎ᠠ᠃ ᠰᠤᠷᠭᠠᠭᠤᠯᠢ ᠳᠤ ᠬᠠᠮᠲᠤ ᠣᠯᠠᠨ ᠢᠶᠠᠷ ᠢᠶᠠᠨ ᠬᠤᠭᠤᠯᠠᠯᠠᠬᠤ ᠰᠢᠮ᠎ᠠ ᠲᠡᠵᠢᠭᠡᠯ ᠤᠨ ᠠᠵᠢᠯᠯᠠᠭ᠎ᠠ ᠶᠢ ᠲᠦᠷᠢᠮᠵᠢᠬᠦᠯᠬᠦ ᠶᠢ ᠨᠠᠶᠢᠳᠠᠪᠤᠷᠢᠵᠢᠭᠤᠯᠵᠦ᠂ ᠬᠤᠭᠤᠯᠠᠨ ᠲᠢᠩᠬᠢᠮ ᠤᠨ ᠠᠵᠢᠯᠳᠠᠨ ᠤ ᠰᠢᠮ᠎ᠠ ᠲᠡᠵᠢᠭᠡᠯ ᠲᠠᠢ ᠬᠤᠭᠤᠯᠠ ᠲᠤᠬᠢᠷᠠᠭᠤᠯᠬᠤ ᠳᠣᠬᠠᠢ ᠮᠡᠳᠡᠯᠭᠡ ᠶᠢᠨ ᠪᠤᠯᠪᠠᠰᠤᠷᠠᠯ ᠢ ᠴᠢᠩᠭᠠᠳᠬᠠᠵᠦ᠂ ᠰᠤᠷᠤᠭᠴᠢ ᠶᠢᠨ ᠰᠢᠮ᠎ᠠ ᠲᠡᠵᠢᠭᠡᠯ ᠤᠨ ᠭᠡᠷᠡᠭᠴᠡᠭᠡ ᠱᠠᠭᠠᠷᠳᠠᠯᠭ᠎ᠠ ᠶᠢ ᠦᠨ᠋ᠨᠨᠬᠦ ᠬᠠᠩᠭᠠᠨ᠎ᠠ᠃       ᠰᠤᠷᠤᠭᠴᠢ ᠶᠢᠨ ᠪᠠᠶ᠎ᠠ ᠶᠢᠨ ᠬᠦᠨᠲᠤ ᠨᠢ ᠭᠡᠲᠤᠷᠡᠬᠦ᠂ ᠮᠠᠷᠢᠶᠠᠯᠠᠬᠤ ᠶᠢ ᠰᠡᠷᠭᠡᠶᠢᠯᠠᠬᠦ ᠶᠢ ᠭᠡᠷᠡᠭᠵᠢᠬᠦᠯᠦᠨ᠎ᠠ᠃ ᠰᠤᠷᠤᠭᠴᠢ ᠶᠢᠨ ︽ᠬᠦᠳᠡᠯᠭᠡᠭᠡᠨ + ᠰᠢᠮ᠎ᠠ ᠲᠡᠵᠢᠭᠡᠯ︾ ᠪᠠᠶ᠎ᠠ ᠶᠢᠨ ᠬᠦᠨᠲᠤ ᠶᠢᠨ ᠬᠠᠮᠢᠶᠠᠷᠤᠯᠳᠠ ᠪᠠ ᠨᠦᠯᠦᠬᠡᠯᠡᠬᠦ ᠠᠷᠭ᠎ᠠ ᠪᠤᠲᠤᠯᠭ᠎ᠠ ᠶᠢ ᠨᠠᠶᠢᠳᠠᠪᠤᠷᠢᠵᠢᠭᠤᠯᠵᠦ᠂ ᠲᠡᠩᠴᠡᠬᠦᠷᠢᠲᠡᠢ ᠬᠤᠭᠤᠯᠠ ᠣᠮᠳᠠ ᠪᠠ ᠰᠢᠮ᠎ᠠ ᠲᠡᠵᠢᠭᠡᠯ ᠤᠨ ᠤᠬᠠᠭᠤᠯᠭ᠎ᠠ ᠬᠦᠮᠦᠵᠢᠯ ᠢ ᠦᠷᠨᠢᠬᠦᠯᠵᠦ᠂ ᠰᠤᠷᠤᠭᠴᠢ ᠶᠢᠨ ᠪᠠᠶ᠎ᠠ ᠶᠢᠨ ᠲᠠᠮᠢᠷ ᠤᠨ ᠪᠤᠯᠪᠠᠰᠤᠷᠠᠯ ᠢ ᠴᠢᠩᠭᠠᠷᠠᠭᠤᠯᠤᠨ᠎ᠠ᠃ ᠰᠤᠷᠭᠠᠭᠤᠯᠢ ᠶᠢᠨ ᠬᠦᠷᠢᠶ᠎ᠠ ᠵᠢᠴᠢ ᠤᠶᠢᠷ᠎ᠠ ᠬᠠᠪᠢ ᠶᠢᠨ ᠢᠳᠡᠭᠡᠨ ᠤ ᠪᠣᠷᠣᠯᠠᠭᠤᠯᠭ᠎ᠠ ᠶᠢᠨ ᠳᠣᠬᠠᠢ ᠬᠠᠮᠢᠶᠠᠷᠤᠯᠳᠠ ᠶᠢ ᠴᠢᠩᠭᠠᠳᠬᠠᠵᠦ᠂ ᠰᠢᠬᠢᠷ ᠤᠨ ᠠᠭᠤᠯᠣᠭᠳᠠᠴᠠ ᠶᠡᠬᠡᠳᠡᠢ ᠤᠮᠳᠠᠭᠠᠨ ᠪᠠ ᠲᠠᠪᠤᠰᠤ ᠶᠡᠬᠡᠳᠡᠢ ᠦᠭᠡᠬᠦ ᠶᠡᠬᠡᠳᠡᠢ ᠢᠳᠡᠭᠡᠨ ᠤ ᠪᠤᠷᠤᠯᠠᠭᠤᠯᠭ᠎ᠠ ᠶᠢ ᠪᠠᠭᠠᠰᠬᠠᠬᠤ ᠶᠢ ᠰᠠᠨᠠᠭᠠᠴᠢᠯᠠᠨ᠎ᠠ᠃ ᠰᠤᠷᠤᠭᠴᠢ ᠶᠢᠨ ᠪᠠᠶ᠎ᠠ ᠶᠢᠨ ᠬᠦᠨᠲᠤ ᠨᠢ ᠬᠡᠳᠦᠷᠡᠬᠦ᠂ ᠮᠠᠷᠢᠶᠠᠯᠠᠬᠤ ᠪᠠᠶᠢᠳᠠᠯ ᠢ ᠬᠢᠨ᠋ᠨᠨ ᠭᠡᠮᠵᠢᠬᠦ ᠭᠢᠭᠡᠳ ᠦᠨᠠᠯᠠᠬᠦ ᠠᠵᠢᠯ ᠢ ᠦᠷᠨᠢᠬᠦᠯᠵᠦ᠂ ᠵᠢᠯ ᠪᠦᠷᠢ ᠳᠤ ᠰᠤᠷᠤᠭᠴᠢ ᠶᠢᠨ ᠴᠢᠰᠤ ᠲᠤᠳᠠᠭᠳᠠᠬᠤ᠂ ᠦᠰᠦᠯᠳᠡ ᠨᠢ ᠤᠳᠠᠭᠠᠰᠢᠷᠠᠬᠤ᠂ ᠪᠠᠶ᠎ᠠ ᠶᠢᠨ ᠬᠦᠨᠲᠤ ᠨᠢ ᠭᠡᠲᠤᠷᠡᠬᠦ᠂ ᠮᠠᠷᠢᠶᠠᠯᠠᠬᠤ ᠵᠡᠷᠭᠡ ᠰᠢᠮ᠎ᠠ ᠲᠡᠵᠢᠭᠡᠯ ᠨᠢ ᠬᠡᠪ ᠤᠨ ᠪᠤᠰᠤ ᠪᠠᠶᠢᠬᠤ ᠪᠠᠶᠢᠳᠠᠯ ᠢ ᠬᠢᠨ᠋ᠨᠨ ᠭᠡᠮᠵᠢᠬᠦ ᠲᠤᠭᠳᠠᠴᠠ ᠶᠢ ᠪᠠᠶᠢᠭᠤᠯᠵᠦ᠂ ᠭᠡᠷ ᠪᠦᠯᠢ᠂ ᠰᠤᠷᠭᠠᠭᠤᠯᠢ ᠪᠠ ᠨᠡᠶᠢᠭᠡᠮ ᠵᠡᠷᠭᠡ ᠨᠦᠯᠦᠭᠡᠯᠡᠯ ᠤᠨ ᠡᠯᠧᠮᠧᠨ᠋ᠲ ᠢ ᠰᠢᠨᠵᠢᠯᠠᠬᠦ ᠤᠬᠠᠭᠠᠨᠴᠢ ᠪᠠᠷ ᠵᠠᠳᠠᠯᠵᠦ᠂ ᠬᠠᠨᠲᠤᠯᠭᠠᠲᠤ ᠴᠢᠨᠠᠷᠲᠡᠢ ᠪᠠᠷ ᠶᠠᠷᠤᠩᠭᠡᠶᠢᠯᠠᠨ ᠨᠦᠯᠦᠬᠡᠯᠡᠬᠦ ᠠᠷᠭ᠎ᠠ ᠪᠤᠲᠤᠯᠭ᠎ᠠ ᠶᠢ ᠭᠡᠷᠡᠭᠵᠢᠬᠦᠯᠦᠨ᠎ᠠ᠃       ᠰᠤᠷᠤᠭᠴᠢ ᠳᠤ ᠰᠢᠮ᠎ᠠ ᠲᠡᠵᠢᠭᠡᠯ ᠡᠷᠡᠬᠦᠯ ᠮᠡᠨᠳᠦ ᠶᠢᠨ ᠬᠦᠮᠦᠵᠢᠯ ᠤᠨ ᠠᠵᠢᠯ ᠢ ᠦᠷᠨᠢᠬᠦᠯᠦᠨ᠎ᠠ᠃ ᠡᠯ᠎ᠠ ᠱᠠᠲᠤᠨ ᠤ ᠡᠯ᠎ᠠ ᠲᠦᠷᠦᠯ ᠤᠨ ᠰᠤᠷᠭᠠᠭᠤᠯᠢ ᠣᠨᠴᠣᠭᠤᠶᠢᠯᠠᠨ ᠲᠤᠮᠳᠠᠲᠤ ᠪᠠᠭ᠎ᠠ ᠰᠤᠷᠭᠠᠭᠤᠯᠢ ᠳᠤ ᠰᠢᠮ᠎ᠠ ᠲᠡᠵᠢᠭᠡᠯ ᠡᠷᠡᠬᠦᠯ  ᠮᠡᠨᠳᠦ ᠶᠢᠨ ᠬᠦᠮᠦᠵᠢᠯ ᠢ ᠴᠢᠩᠭᠠᠳᠬᠠᠬᠤ ᠶᠢ ᠠᠬᠢᠭᠤᠯᠵᠦ᠂ ᠰᠢᠮ᠎ᠠ ᠲᠡᠵᠢᠭᠡᠯ ᠡᠷᠡᠬᠦᠯ  ᠮᠡᠨᠳᠦ ᠶᠢᠨ ᠬᠦᠮᠦᠵᠢᠯ ᠤᠨ ᠬᠢᠴᠢᠶᠠᠯ ᠢ ᠰᠢᠨᠵᠢᠯᠠᠬᠦ ᠤᠬᠠᠭᠠᠨᠴᠢ ᠪᠠᠷ ᠲᠤᠬᠢᠷᠠᠭᠤᠯᠵᠦ᠂ ᠰᠢᠮ᠎ᠠ ᠲᠡᠵᠢᠭᠡᠯ ᠪᠠ ᠢᠳᠡᠭᠡᠨ ᠤᠮᠳᠠᠭᠠᠨ  ᠤ ᠬᠦᠮᠦᠵᠢᠯ ᠢ ᠰᠤᠷᠤᠭᠴᠢ ᠶᠢᠨ ᠡᠷᠡᠬᠦᠯ ᠮᠡᠨᠳᠦ ᠶᠢᠨ ᠬᠦᠮᠦᠵᠢᠯ ᠤᠨ ᠴᠢᠬᠤᠯᠨ ᠠᠭᠤᠯᠭ᠎ᠠ ᠳᠤ ᠤᠷᠤᠭᠤᠯᠵᠦ᠂ ᠵᠢᠯ ᠪᠦᠷᠢ ᠳᠤ ᠪᠠᠭ᠎ᠠ ᠳᠠᠭᠠᠨ 3 ᠤᠳᠠᠭᠠᠨ ᠤ ᠬᠢᠴᠢᠶᠠᠯ ᠤᠨ ᠴᠠᠭ ᠢ ᠲᠤᠬᠢᠷᠠᠭᠤᠯᠤᠨ᠎ᠠ᠃  ᠪᠠᠭᠰᠢ ᠪᠤᠯᠤᠨ ᠬᠤᠭᠤᠯᠠᠨ ᠲᠢᠩᠬᠢᠮ ᠤᠨ ᠠᠵᠢᠯᠳᠠᠨ ᠳᠤ ᠬᠠᠨᠲᠤᠯᠭᠠᠲᠤ ᠴᠢᠨᠠᠷᠲᠡᠢ᠂ ᠲᠦᠷᠢᠮᠵᠢᠯ ᠤᠨ ᠴᠢᠨᠠᠷᠲᠡᠢ ᠪᠤᠯᠪᠠᠰᠤᠷᠠᠯ ᠦᠷᠨᠢᠬᠦᠯᠵᠦ᠂ ᠰᠤᠷᠤᠭᠴᠢ ᠶᠢᠨ ᠰᠢᠮ᠎ᠠ ᠲᠡᠵᠢᠭᠡᠯ ᠡᠷᠡᠬᠦᠯ ᠮᠡᠨᠳᠦ ᠶᠢᠨ ᠬᠦᠮᠦᠵᠢᠯ ᠤᠨ ᠠᠵᠢᠯ ᠤᠨ ᠡᠩᠨᠡᠭᠡ ᠶᠢ ᠲᠦᠷᠭᠡᠭᠡᠨ ᠬᠦᠮᠦᠵᠢᠬᠦᠯᠦᠨ᠎ᠠ᠃ ᠠᠳᠠᠯᠢ ᠪᠤᠰᠤ ᠨᠠᠰᠤᠨ ᠤ ᠰᠤᠷᠤᠭᠴᠢ ᠶᠢᠨ ᠤᠨᠴᠠᠯᠢᠭ ᠲᠠᠢ ᠤᠶᠠᠯᠲᠤᠭᠤᠯᠵᠦ᠂ ᠭᠡᠯᠪᠠᠷᠢ ᠮᠠᠶ᠋ᠢᠭ ᠨᠢ ᠤᠯᠠᠨ ᠶᠠᠩᠵᠦ ᠶᠢᠨ ᠬᠢᠴᠢᠶᠠᠯ ᠤᠨ ᠴᠠᠭ ᠲᠠᠬᠢ ᠪᠠ ᠬᠢᠴᠢᠶᠡᠯ ᠤᠨ ᠭᠠᠳᠠᠨᠠᠬᠢ ᠰᠢᠮ᠎ᠠ ᠲᠡᠵᠢᠭᠡᠯ ᠡᠷᠡᠬᠦᠯ ᠮᠡᠨᠳᠦ ᠶᠢᠨ ᠬᠦᠮᠦᠵᠢᠯ ᠤᠨ ᠠᠵᠢᠯᠯᠠᠭ᠎ᠠ ᠦᠷᠨᠢᠬᠦᠯᠵᠦ᠂ ᠰᠤᠷᠤᠭᠴᠢ᠂ ᠭᠡᠷ ᠤᠨ ᠠᠬᠠᠮᠠᠳ ᠢᠶᠠᠷ ᠰᠢᠮ᠎ᠠ ᠲᠡᠵᠢᠭᠡᠯ  ᠤᠨ ᠦᠨᠲᠤᠰᠤᠨ ᠮᠡᠳᠡᠯᠭᠡ ᠶᠢ ᠡᠵᠡᠮᠰᠢᠬᠦᠯᠵᠦ᠂ ᠵᠦᠢ ᠵᠤᠬᠢᠰᠲᠡᠢ ᠬᠤᠭᠤᠯᠠᠯᠠᠬᠤ ᠲᠠᠳᠬᠠᠯ ᠢ ᠪᠤᠢ ᠪᠤᠯᠭᠠᠨ᠎ᠠ᠃       ︵ᠲᠦᠷᠪᠠ︶ ᠨᠠᠰᠤᠳᠠᠶᠢᠴᠤᠳ ᠤᠨ ᠰᠢᠮ᠎ᠠ ᠲᠡᠵᠢᠭᠡᠯ ᠢ ᠰᠠᠶᠢᠵᠢᠷᠠᠭᠤᠯᠬᠤ ᠠᠵᠢᠯᠯᠠᠭ᠎ᠠ       ᠨᠠᠰᠤᠳᠠᠶᠢᠴᠤᠳ ᠤᠨ ᠴᠢᠰᠤ ᠲᠤᠳᠠᠭᠳᠠᠬᠤ ᠵᠡᠷᠭᠡ ᠰᠢᠮ᠎ᠠ ᠲᠡᠵᠢᠭᠡᠯ ᠤᠨ ᠪᠠᠶᠢᠳᠠᠯ ᠢ ᠬᠢᠨ᠋ᠨᠨ ᠭᠡᠮᠵᠢᠬᠦ ᠪᠠ ᠦᠨᠠᠯᠠᠬᠦ ᠠᠵᠢᠯ ᠢ ᠦᠷᠨᠢᠬᠦᠯᠦᠨ᠎ᠠ᠃ ᠨᠠᠰᠤᠳᠠᠶᠢᠴᠤᠳ ᠤᠨ ᠰᠢᠮ᠎ᠠ ᠲᠡᠵᠢᠭᠡᠯ ᠤᠨ ᠪᠠᠶᠢᠳᠠᠯ ᠢ ᠬᠢᠨ᠋ᠨᠨ ᠭᠡᠮᠵᠢᠬᠦ᠂ ᠰᠢᠭᠰᠢᠨ ᠪᠠᠶᠢᠴᠠᠭᠠᠬᠤ ᠬᠢᠭᠡᠳ ᠦᠨᠠᠯᠠᠬᠦ ᠠᠵᠢᠯ ᠢ ᠦᠷᠨᠢᠬᠦᠯᠵᠦ᠂ ᠨᠠᠰᠤᠳᠠᠶᠢᠴᠤᠳ ᠤᠨ ᠰᠢᠮ᠎ᠠ ᠲᠡᠵᠢᠭᠡᠯ ᠡᠷᠡᠬᠦᠯ ᠮᠡᠨᠳᠦ ᠶᠢᠨ ᠪᠠᠶᠢᠳᠠᠯ ᠢ ᠡᠵᠡᠮᠰᠢᠵᠦ᠂ ᠨᠠᠰᠤᠳᠠᠶᠢᠴᠤᠳ ᠤᠨ ᠰᠢᠮ᠎ᠠ ᠲᠡᠵᠢᠭᠡᠯ ᠢ ᠰᠠᠶᠢᠵᠢᠷᠠᠭᠤᠯᠬᠤ ᠠᠷᠭ᠎ᠠ ᠪᠠᠷᠢᠯ ᠢ ᠲᠤᠭᠳᠠᠭᠠᠬᠤ ᠶᠢᠨ ᠬᠠᠮᠲᠤ ᠨᠠᠶᠢᠳᠠᠪᠤᠷᠢᠵᠢᠭᠤᠯᠵᠦ᠂ ︽ᠦᠳᠡᠯᠦᠬᠡ ᠨᠠᠰᠣᠨ ᠳᠠᠭᠠᠨ ᠡᠷᠡᠬᠦᠯ ᠳᠡᠩᠬᠡᠯᠡᠬᠦᠨ ᠪᠠᠶᠢᠬᠤ︾  ᠶᠢ ᠠᠬᠢᠭᠤᠯᠤᠨ᠎ᠠ᠃ ᠨᠠᠶᠢᠭᠡᠮ ᠲᠤᠭᠤᠷᠢᠭ ᠪᠠ ᠭᠡᠷ ᠲᠡᠭᠡᠨ ᠰᠠᠭᠤᠬᠤ ᠨᠠᠰᠣᠵᠢᠯ ᠤᠨ ᠠᠰᠠᠷᠠᠮᠵᠢ ᠶᠢᠨ ᠦᠢᠯᠡᠴᠢᠯᠡᠭᠡ  ᠶᠢ ᠬᠦᠭᠵᠢᠬᠦᠯᠵᠦ᠂ ᠦᠨᠲᠤᠰᠤᠨ ᠱᠠᠲᠤᠨ ᠤ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠳᠤ ᠲᠦᠰᠢᠭᠯᠡᠵᠦ᠂ ᠦᠨᠲᠤᠰᠤᠨ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠲᠦᠷᠦᠯ ᠵᠦᠢᠯ ᠪᠠ ᠭᠡᠷ ᠪᠦᠯᠢ ᠶᠢᠨ ᠡᠮᠴᠢ ᠶᠢᠨ ᠭᠡᠷ᠎ᠠ ᠲᠤᠭᠳᠠᠬᠤ ᠦᠢᠯᠠᠴᠢᠯᠡᠭᠡᠨ ᠤ ᠠᠵᠢᠯ ᠢᠶᠠᠷ ᠲᠠᠮᠵᠢᠭᠤᠯᠵᠦ᠂ ᠭᠡᠷ ᠲᠡᠭᠡᠨ ᠰᠠᠭᠤᠭ᠎ᠠ ᠨᠠᠰᠤᠳᠠᠶᠢᠴᠤᠳ ᠲᠤ ᠬᠤᠭᠤᠯᠠ ᠣᠮᠳᠠ ᠶᠢᠨ ᠵᠢᠯᠤᠭᠤᠲᠤᠯᠭ᠎ᠠ ᠪᠠ ᠠᠰᠠᠭᠤᠨ ᠯᠠᠪᠯᠠᠯᠭ᠎ᠠ ᠶᠢᠨ ᠦᠢᠯᠠᠴᠢᠯᠡᠭᠡ ᠬᠠᠩᠭᠠᠨ᠎ᠠ᠃ ᠨᠠᠰᠤᠳᠠᠶᠢᠴᠤᠳ ᠤᠨ ᠰᠢᠮ᠎ᠠ ᠳᠡᠵᠢᠭᠡᠯ ᠲᠠᠢ ᠪᠠᠷ ᠬᠤᠭᠤᠯᠠᠯᠠᠬᠤ ᠲᠦᠷᠢᠮᠵᠢᠯ ᠢ ᠨᠠᠶᠢᠳᠠᠪᠤᠷᠢᠵᠢᠭᠤᠯᠵᠦ᠂ ᠡᠮᠨᠡᠯᠭᠡ ᠶᠢᠨ ᠬᠤᠷᠢᠶ᠎ᠠ᠂ ᠨᠠᠶᠢᠭᠡᠮ ᠲᠤᠭᠤᠷᠢᠭ ᠤᠨ ᠬᠤᠭᠤᠯᠠᠨ ᠲᠢᠩᠬᠢᠮ᠂ ᠡᠮᠴᠢᠯᠡᠭᠡ ᠰᠤᠪᠢᠯᠠᠯᠳᠠ ᠶᠢ ᠣᠶᠠᠯᠳᠣᠭᠤᠯᠣᠭᠰᠠᠨ ᠪᠠᠶᠢᠭᠤᠯᠤᠮᠵᠢ᠂ ᠨᠠᠰᠣᠳᠠᠨ ᠢ ᠠᠰᠠᠷᠠᠬᠤ ᠪᠠᠶᠢᠭᠤᠯᠤᠮᠵᠢ ᠶᠢᠨ ᠬᠢᠨ ᠤ ᠰᠢᠮ᠎ᠠ ᠲᠡᠵᠢᠭᠡᠯᠲᠤ ᠬᠤᠭᠤᠯᠨ ᠲᠤᠬᠢᠷᠠᠭᠤᠯᠬᠤ ᠶᠢ ᠵᠢᠯᠤᠭᠤᠲᠤᠨ᠎ᠠ᠃ ᠪᠠᠶ᠎ᠠ ᠶᠢᠨ ᠬᠦᠨᠲᠤ ᠨᠢ ᠬᠡᠳᠦ ᠬᠦᠩᠭᠡᠨ ᠦᠨᠲᠤᠷ ᠨᠠᠰᠤᠲᠡᠶᠢᠴᠤᠳ ᠲᠤ ᠲᠤᠰᠬᠠᠢ ᠲᠦᠷᠦᠯ ᠤᠨ ᠰᠢᠮ᠎ᠠ ᠲᠡᠵᠢᠭᠡᠯ ᠬᠠᠩᠭᠠᠵᠦ᠂ ᠨᠠᠰᠤᠳᠠᠶᠢᠴᠤᠳ ᠤᠨ ᠶᠡᠷᠦᠩᠬᠡᠶᠢᠯᠡᠭᠰᠡᠨ ᠡᠷᠡᠬᠦᠯ ᠮᠡᠨᠳᠦ ᠶᠢᠨ ᠬᠢᠷᠢ ᠲᠦᠪᠰᠢᠨ ᠢ ᠠᠯᠬᠤᠮ ᠠᠯᠬᠤᠮ ᠢᠶᠠᠷ ᠲᠡᠭᠡᠭᠰᠢᠯᠡᠬᠦᠯᠦᠨ᠎ᠠ᠃       ᠨᠠᠰᠤᠳᠠᠶᠢᠴᠤᠳ ᠤᠨ ᠰᠢᠮ᠎ᠠ ᠲᠡᠵᠢᠭᠡᠯ ᠡᠷᠡᠬᠦᠯ  ᠮᠡᠨᠳᠦ ᠶᠢᠨ ᠬᠠᠮᠢᠶᠠᠷᠤᠯᠳᠠ ᠬᠢᠭᠡᠳ ᠠᠰᠠᠷᠠᠵᠦ ᠬᠠᠷᠠᠭᠠᠯᠵᠠᠬᠤ ᠲᠦᠷᠢᠮ ᠢ ᠪᠠᠶᠢᠭᠤᠯᠤᠨ ᠲᠡᠬᠦᠯᠳᠡᠷᠵᠢᠬᠦᠯᠤᠨ᠎ᠠ᠃ ᠨᠠᠰᠤᠳᠠᠶᠢᠴᠤᠳ ᠤᠨ ᠰᠢᠮ᠎ᠠ ᠲᠡᠵᠢᠭᠡᠯ ᠡᠷᠡᠬᠦᠯ ᠮᠡᠨᠳᠦ ᠶᠢᠨ ᠪᠠᠶᠢᠳᠠᠯ ᠢ ᠰᠠᠭᠤᠭᠠᠯᠢ ᠠᠷᠠᠳ ᠤᠨ ᠡᠷᠡᠬᠦᠯ ᠮᠡᠨᠳᠦ ᠶᠢᠨ ᠲᠠᠩᠰᠠ ᠡᠪᠭᠡᠮᠠᠯ ᠳᠤ ᠠᠯᠬᠤᠮ ᠠᠯᠬᠤᠮ ᠢᠶᠠᠷ ᠤᠷᠤᠭᠤᠯᠵᠦ᠂ ᠪᠦᠲᠤᠮᠵᠢᠲᠡᠢ ᠪᠠᠷ ᠬᠠᠮᠢᠶᠠᠷᠤᠨ᠎ᠠ᠃ ᠤᠯᠠᠨ ᠰᠠᠯᠠᠭ᠎ᠠ ᠮᠦᠴᠢᠷ ᠤᠨ ᠬᠠᠮᠵᠢᠯᠴᠠᠬᠤ ᠲᠤᠭᠳᠠᠴᠠ ᠶᠢ ᠠᠬᠢᠭᠤᠯᠵᠦ᠂ ᠰᠢᠮ᠎ᠠ ᠲᠡᠵᠢᠭᠡᠯ ᠤᠨ ᠠᠵᠢᠯ ᠬᠢᠭᠡᠳ ᠡᠮᠴᠢᠯᠡᠭᠡ ᠰᠤᠪᠢᠯᠠᠯᠳᠠ ᠶᠢ ᠤᠶᠠᠯᠲᠤᠭᠤᠯᠤᠭᠰᠠᠨ ᠦᠢᠯᠡᠴᠢᠯᠡᠭᠡ  ᠶᠢᠨ ᠠᠭᠤᠯᠭ᠎ᠠ ᠶᠢ ᠪᠦᠲᠤᠮᠵᠢᠲᠡᠢ ᠪᠠᠷ ᠵᠠᠯᠭᠠᠯᠲᠤᠭᠤᠯᠬᠤ ᠶᠢ ᠪᠠᠶᠠᠯᠡᠬᠦᠯᠦᠨ᠎ᠠ᠃       ︵ᠲᠠᠪᠤ︶ ᠡᠮᠴᠢᠯᠡᠭᠡᠨ ᠤ ᠰᠢᠮ᠎ᠠ ᠲᠡᠵᠢᠭᠡᠯ ᠤᠨ ᠠᠵᠢᠯᠯᠠᠭ᠎ᠠ       ᠡᠮᠨᠡᠯᠭᠡ ᠶᠢᠨ ᠬᠤᠷᠢᠶ᠎ᠠ ᠶᠢᠨ ᠡᠮᠴᠢᠯᠠᠭᠡᠨ ᠤ ᠰᠢᠮ᠎ᠠ ᠲᠡᠵᠢᠭᠡᠯ ᠤᠨ ᠠᠵᠢᠯ ᠤᠨ ᠲᠦᠷᠢᠮ ᠢ ᠪᠠᠶᠢᠭᠤᠯᠤᠨ ᠲᠡᠬᠦᠯᠳᠡᠷᠵᠢᠬᠦᠯᠦᠨ᠎ᠠ᠃ ᠡᠮᠴᠢᠯᠡᠭᠡᠨ ᠤ ᠰᠢᠮ᠎ᠠ ᠲᠡᠵᠢᠭᠡᠯ ᠤᠨ ᠠᠵᠢᠯ ᠢ ᠠᠬᠢᠭᠤᠯᠵᠦ᠂ ᠡᠮᠴᠢᠯᠡᠭᠡᠨ ᠤ ᠰᠢᠮ᠎ᠠ ᠲᠡᠵᠢᠭᠡᠯ ᠤᠨ ᠰᠠᠯᠠᠭ᠎ᠠ ᠶᠢᠨ ᠪᠠᠶᠢᠭᠤᠯᠤᠯᠳᠠ ᠶᠢ ᠴᠢᠩᠭᠠᠳᠬᠠᠵᠦ᠂ ᠡᠮᠴᠢᠯᠡᠭᠡᠨ ᠤ ᠰᠢᠮ᠎ᠠ ᠲᠡᠵᠢᠭᠡᠯ ᠤᠨ ᠮᠡᠷᠬᠡᠵᠢᠯᠳᠡᠨ ᠪᠠ ᠡᠪᠡᠳᠴᠢᠳᠡᠨ ᠤ ᠤᠷᠤᠨ ᠤ ᠬᠠᠷᠢᠴᠠᠯ ᠢ 1᠄150 ᠳᠤ ᠬᠦᠷᠭᠡᠵᠦ᠂ ᠰᠢᠮ᠎ᠠ ᠲᠡᠵᠢᠭᠡᠯ ᠢ ᠲᠡᠮᠵᠢᠬᠦ ᠪᠦᠯᠬᠦᠮ ᠢ ᠵᠤᠬᠢᠶᠠᠨ ᠪᠠᠶᠢᠭᠤᠯᠵᠦ᠂ ᠰᠢᠮ᠎ᠠ ᠲᠡᠵᠢᠭᠡᠯ ᠢᠶᠠᠷ ᠡᠮᠨ᠋ᠨᠨ ᠵᠠᠰᠠᠬᠤ ᠠᠵᠢᠯ ᠢ ᠦᠷᠨᠢᠬᠦᠯᠦᠨ᠎ᠠ᠃       ᠡᠮᠨᠡᠯᠭᠡ ᠳᠤ ᠰᠠᠭᠤᠵᠦ ᠪᠠᠶᠢᠭ᠎ᠠ ᠡᠪᠠᠳᠴᠢᠳᠠᠨ ᠤ ᠰᠢᠮ᠎ᠠ ᠲᠡᠵᠢᠭᠡᠯ ᠢ ᠰᠢᠭᠰᠢᠨ ᠪᠠᠶᠢᠴᠠᠭᠠᠬᠤ᠂ ᠦᠨᠠᠯᠠᠬᠦ᠂ ᠤᠨᠤᠰᠢᠯᠠᠬᠤ ᠪᠠ ᠡᠮᠴᠢᠯᠠᠬᠦ ᠠᠵᠢᠯ ᠢ ᠦᠷᠨᠢᠬᠦᠯᠦᠨ᠎ᠠ᠃ ᠡᠮᠨᠡᠯᠭᠡ ᠳᠤ ᠰᠠᠭᠤᠵᠦ ᠪᠠᠶᠢᠭ᠎ᠠ ᠡᠪᠠᠳᠴᠢᠳᠠᠨ ᠤ ᠰᠢᠮ᠎ᠠ ᠲᠡᠵᠢᠭᠡᠯ ᠢ ᠰᠢᠭᠰᠢᠨ ᠪᠠᠶᠢᠴᠠᠭᠠᠬᠤ ᠠᠵᠢᠯ ᠢ ᠦᠷᠨᠢᠬᠦᠯᠵᠦ᠂ ᠡᠪᠠᠳᠴᠢᠳᠠᠨ ᠤ ᠰᠢᠮ᠎ᠠ ᠲᠡᠵᠢᠭᠡᠯ ᠤᠨ ᠪᠠᠶᠢᠳᠠᠯ ᠢ ᠤᠶᠢᠯᠠᠭᠠᠵᠦ᠂ ᠡᠮᠨᠡᠯᠭᠡ ᠳᠤ ᠰᠠᠭᠤᠵᠦ ᠪᠠᠶᠢᠭ᠎ᠠ ᠡᠪᠠᠳᠴᠢᠳᠠᠨ ᠤ ᠰᠢᠮ᠎ᠠ ᠲᠡᠵᠢᠭᠡᠯ ᠤᠨ ᠰᠢᠭᠰᠢᠨ ᠪᠠᠶᠢᠴᠠᠭᠠᠭᠰᠠᠨ ᠨᠤᠷᠮ᠎ᠠ ᠪᠠ ᠰᠢᠮ᠎ᠠ ᠲᠡᠵᠢᠭᠡᠯ ᠨᠢ ᠬᠡᠪ ᠤᠨ ᠪᠣᠰᠣ ᠪᠠᠶᠢᠬᠤ ᠡᠮᠨᠡᠯᠬᠡ ᠳᠤ ᠰᠠᠭᠤᠵᠦ ᠪᠠᠶᠢᠭ᠎ᠠ ᠡᠪᠡᠳᠴᠢᠳᠠᠨ ᠢ ᠰᠢᠮ᠎ᠠ ᠲᠡᠵᠢᠭᠡᠯ ᠢᠶᠠᠷ ᠡᠮᠨᠡᠬᠦ ᠨᠤᠷᠮ᠎ᠠ ᠶᠢ ᠡᠵᠡᠮᠰᠢᠬᠦ ᠶᠢᠨ ᠬᠠᠮᠲᠤ ᠲᠡᠭᠡᠭᠰᠢᠯᠡᠬᠦᠯᠦᠨ᠎ᠠ᠃ ᠰᠢᠮ᠎ᠠ ᠲᠡᠵᠢᠭᠡᠯ ᠢ ᠰᠢᠭᠰᠢᠨ ᠪᠠᠶᠢᠴᠠᠭᠠᠬᠤ — ᠦᠨᠠᠯᠠᠬᠦ — ᠤᠨᠤᠰᠢᠯᠠᠬᠤ — ᠡᠮᠨᠡᠬᠦ ᠪᠠᠷ ᠰᠠᠭᠤᠷᠢ ᠪᠤᠯᠭᠠᠭᠰᠠᠨ ᠲᠦᠷᠢᠮᠵᠢᠭᠰᠡᠨ ᠡᠮᠴᠢᠯᠡᠭᠡᠨ ᠤ ᠰᠢᠮ᠎ᠠ ᠲᠡᠵᠢᠭᠡᠯ ᠢᠶᠠᠷ ᠡᠮᠨᠡᠬᠦ ᠠᠷᠭ᠎ᠠ ᠵᠠᠮ ᠢ ᠬᠠᠶᠢᠨ ᠰᠦᠪᠡᠭᠴᠢᠯᠠᠵᠦ ᠪᠠᠶᠢᠭᠤᠯᠤᠨ᠂ ᠰᠢᠮ᠎ᠠ ᠲᠡᠵᠢᠭᠡᠯ ᠤᠨ ᠱᠠᠲᠤᠴᠢ ᠴᠢᠨᠠᠷᠲᠡᠢ ᠪᠠᠷ ᠡᠮᠨᠡᠬᠦ ᠵᠠᠷᠴᠢᠮ ᠢᠶᠠᠷ ᠡᠰᠢ ᠪᠠᠷᠢᠮᠳᠠ ᠪᠤᠯᠭᠠᠵᠦ ᠰᠢᠮ᠎ᠠ ᠲᠡᠵᠢᠭᠡᠯ ᠨᠢ ᠬᠡᠪ ᠤᠨ ᠪᠣᠰᠣ ᠪᠠᠶᠢᠬᠤ ᠡᠮᠨᠡᠯᠭᠡ ᠳᠤ ᠰᠠᠭᠤᠵᠦ ᠪᠠᠶᠢᠭ᠎ᠠ ᠡᠪᠠᠳᠴᠢᠳᠠᠨ ᠢ ᠰᠢᠮ᠎ᠠ ᠲᠡᠵᠢᠭᠡᠯ ᠢᠶᠠᠷ ᠡᠮᠨᠡᠨ᠎ᠡ᠃       ᠰᠢᠮ᠎ᠠ ᠲᠡᠵᠢᠭᠡᠯ ᠲᠠᠢ ᠬᠤᠯᠪᠤᠭᠳᠠᠯ ᠪᠦᠬᠦᠢ ᠣᠵᠢᠭ ᠡᠪᠠᠳᠴᠢᠨ ᠢ ᠰᠢᠮ᠎ᠡ ᠳᠡᠵᠢᠭᠡᠯ ᠢᠶᠠᠷ ᠰᠡᠷᠭᠡᠶᠢᠯᠠᠨ ᠵᠠᠰᠠᠬᠤ ᠶᠢ ᠠᠬᠢᠭᠤᠯᠤᠨ᠎ᠠ᠃ ᠴᠢᠰᠤᠨ ᠲᠠᠷᠤᠯᠳᠠ ᠦᠨᠲᠤᠷ᠂ ᠰᠢᠬᠢᠷ ᠰᠢᠵᠢᠩ ᠡᠪᠠᠳᠴᠢᠨ᠂ ᠲᠡᠷᠢᠬᠢᠨ ᠤ ᠰᠠ ᠡᠪᠡᠳᠴᠢᠨ ᠵᠢᠴᠢ ᠦᠮᠠᠨ ᠵᠡᠷᠭᠡ ᠣᠵᠢᠭ ᠡᠪᠡᠳᠴᠢᠨ ᠢ ᠡᠮᠴᠢᠯᠡᠭᠡᠨ ᠤ ᠰᠢᠮ᠎ᠠ ᠲᠡᠵᠢᠭᠡᠯ ᠢᠶᠠᠷ ᠨᠦᠯᠦᠬᠡᠯᠡᠬᠦ ᠵᠢᠯᠣᠭᠤᠳᠣᠮᠵᠢ ᠶᠢ ᠲᠦᠷᠢᠮᠵᠢᠬᠦᠯᠦᠨ ᠨᠠᠶᠢᠳᠠᠪᠤᠷᠢᠵᠢᠭᠤᠯᠵᠦ᠂ ᠲᠦᠷᠦᠯ ᠬᠤᠪᠢᠶᠠᠨ ᠵᠢᠯᠤᠭᠤᠳᠴᠦ ᠡᠮᠨᠡᠬᠦ ᠶᠢ ᠭᠡᠷᠡᠭᠵᠢᠬᠦᠯᠦᠨ᠎ᠠ᠃ ᠡᠮᠨᠡᠯᠭᠡ ᠶᠢᠨ ᠬᠤᠷᠢᠶ᠎ᠠ᠂ ᠨᠡᠶᠢᠭᠡᠮ ᠲᠤᠭᠤᠷᠢᠭ ᠠᠴᠠ ᠭᠡᠷ ᠪᠦᠯᠢ ᠬᠦᠷᠳᠡᠯᠡᠬᠢ ᠰᠢᠮ᠎ᠠ ᠲᠡᠵᠢᠭᠡᠯ  ᠲᠠᠢ ᠬᠤᠯᠪᠤᠭᠳᠠᠯ ᠪᠦᠬᠦᠢ ᠣᠵᠢᠭ ᠡᠪᠠᠳᠴᠢᠳᠠᠨ ᠤ ᠰᠢᠮ᠎ᠠ ᠲᠡᠵᠢᠭᠡᠯ ᠢ ᠨᠢ ᠣᠷᠳᠣ ᠬᠤᠣᠭᠴᠠᠭ᠎ᠠ ᠪᠠᠷ ᠬᠠᠮᠢᠶᠠᠷᠬᠤ ᠭᠡᠪ ᠮᠠᠶ᠋ᠢᠭ ᠢ ᠠᠯᠬᠤᠮ ᠠᠯᠬᠤᠮ ᠢᠶᠠᠷ ᠪᠠᠶᠢᠭᠤᠯᠵᠦ᠂ ᠰᠢᠮ᠎ᠠ ᠲᠡᠵᠢᠭᠡᠯ ᠤᠨ ᠲᠡᠰ ᠬᠤᠪᠢᠶᠠᠭᠰᠠᠨ ᠡᠮᠴᠢᠯᠡᠭᠡ ᠬᠢᠨ᠎ᠡ᠃ ᠠᠨᠠᠭᠠᠬᠤ ᠤᠬᠠᠭᠠᠨ ᠤ ᠣᠨᠴᠠ ᠬᠡᠷᠡᠭᠴᠡᠭᠡᠳᠡᠢ ᠨᠠᠶᠢᠷᠠᠯᠭ᠎ᠠ ᠪᠣᠯᠣᠭᠰᠠᠨ ᠢᠳᠡᠭᠡᠨ ᠤ ᠪᠠᠷᠢᠮᠵᠢᠶ᠎ᠠ ᠪᠠ ᠡᠮᠴᠢᠯᠡᠭᠡᠨ ᠳᠤ ᠬᠡᠷᠡᠭᠰᠡᠬᠦ ᠬᠤᠭᠤᠯᠠ ᠣᠮᠳᠠ ᠶᠢᠨ ᠰᠢᠮ᠎ᠠ ᠲᠡᠵᠢᠭᠡᠯ ᠤᠨ ᠪᠠᠷᠢᠮᠵᠢᠶ᠎ᠠ ᠶᠢ ᠲᠦᠷᠢᠮᠵᠢᠬᠦᠯᠦᠨ ᠨᠠᠶᠢᠳᠠᠪᠤᠷᠢᠵᠢᠭᠤᠯᠤᠨ᠎ᠠ᠃       ︵ᠵᠢᠷᠭᠤᠭ᠎ᠠ︶ ᠶᠠᠳᠠᠭᠤ ᠬᠦᠴᠢᠷᠳᠡᠯᠲᠡᠢ ᠬᠦᠮᠦᠰ ᠤᠨ ᠰᠢᠮ᠎ᠠ ᠲᠡᠵᠢᠭᠡᠯ ᠢ ᠨᠦᠯᠦᠬᠡᠯᠡᠬᠦ ᠠᠵᠢᠯᠯᠠᠭ᠎ᠠ       ᠶᠠᠳᠠᠭᠤ ᠬᠦᠴᠢᠷᠳᠡᠯᠲᠡᠢ ᠭᠠᠵᠠᠷ ᠤᠷᠤᠨ ᠤ ᠭᠤᠤᠯᠳᠠᠯᠭ᠎ᠠ ᠲᠠᠢ ᠬᠦᠮᠦᠰ ᠤᠨ ᠰᠢᠮ᠎ᠠ ᠲᠡᠵᠢᠭᠡᠯ ᠪᠠ ᠬᠤᠭᠤᠯᠠ ᠣᠮᠳᠠ ᠶᠢᠨ ᠵᠢᠯᠤᠭᠤᠲᠤᠯᠭ᠎ᠠ ᠶᠢ ᠦᠷᠨᠢᠬᠦᠯᠦᠨ᠎ᠠ᠃ ᠰᠢᠮ᠎ᠠ ᠲᠡᠵᠢᠭᠡᠯ ᠤᠨ ᠬᠠᠮᠢᠶᠠᠷᠤᠯᠳᠠ ᠶᠢ ᠡᠷᠡᠬᠦᠯ ᠮᠡᠨᠳᠦ ᠪᠠᠷ ᠶᠠᠳᠠᠭᠤ ᠶᠢ ᠲᠡᠳᠬᠦᠬᠦ ᠠᠵᠢᠯ ᠳᠤ ᠤᠷᠤᠭᠤᠯᠵᠦ᠂ ᠶᠠᠳᠠᠭᠤ ᠬᠦᠴᠢᠷᠳᠡᠯᠲᠡᠢ ᠭᠠᠵᠠᠷ ᠤᠷᠤᠨ ᠤ ᠭᠤᠤᠯᠳᠠᠯᠭ᠎ᠠ ᠲᠠᠢ ᠬᠦᠮᠦᠰ ᠤᠨ ᠡᠷᠡᠬᠦᠯ ᠮᠡᠨᠳᠦ ᠶᠢᠨ ᠪᠠᠶᠢᠳᠠᠯ᠂ ᠢᠳᠡᠭᠡᠨ ᠤ ᠭᠡᠷᠡᠭᠯᠡᠭᠡᠨ ᠤ ᠭᠡᠪ ᠮᠠᠶ᠋ᠢᠭ᠂ ᠢᠳᠡᠭᠡᠨ  ᠤ ᠲᠤᠲᠤᠷᠠᠬᠢ ᠭᠤᠤᠯ ᠪᠣᠯᠬᠤ ᠰᠢᠮ᠎ᠠ ᠲᠡᠵᠢᠭᠡᠯ ᠤᠨ ᠪᠦᠷᠢᠯᠲᠤᠬᠦᠨ ᠪᠠ ᠪᠤᠬᠢᠷᠲᠤᠯ ᠪᠤᠳᠠᠰ ᠢ ᠬᠢᠨ᠋ᠨᠨ ᠭᠡᠮᠵᠢᠬᠦ ᠠᠵᠢᠯ  ᠢ ᠦᠷᠨᠢᠬᠦᠯᠵᠦ᠂ ᠬᠤᠭᠤᠯᠠ ᠣᠮᠳᠠ ᠶᠢᠨ ᠰᠢᠮ᠎ᠠ ᠲᠡᠵᠢᠭᠡᠯ ᠢ ᠵᠢᠯᠤᠭᠤᠳᠬᠤ ᠲᠦᠰᠦᠯ ᠢ ᠲᠤᠭᠳᠠᠭᠠᠵᠦ᠂ ᠤᠨᠤᠪᠴᠢᠲᠡᠢ ᠲᠦᠷᠦᠯ ᠬᠤᠪᠢᠶᠠᠭᠰᠠᠨ ᠵᠢᠯᠤᠭᠤᠲᠤᠯᠭ᠎ᠠ ᠪᠠ ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠶᠢ ᠦᠷᠨᠢᠬᠦᠯᠦᠨ᠎ᠠ᠃ ᠶᠠᠳᠠᠭᠤ ᠬᠦᠴᠢᠷᠳᠡᠯᠲᠡᠢ ᠨᠠᠰᠤᠳᠠᠶᠢᠴᠤᠳ᠂ ᠶᠠᠳᠠᠭᠤ ᠬᠦᠴᠢᠷᠳᠡᠯᠲᠡᠢ ᠪᠦᠰᠡᠭᠦᠶᠢᠴᠣᠳ᠂ ᠶᠠᠳᠠᠭᠤ ᠬᠦᠴᠢᠷᠳᠡᠯᠲᠡᠢ ᠭᠡᠤᠭᠡᠳ᠂ ᠠᠮᠢᠳᠣᠷᠠᠯ ᠤᠨ ᠨᠠᠭᠠᠳᠣ ᠵᠠᠬ᠎ᠠ ᠶᠢᠨ ᠪᠠᠳᠣᠯᠠᠭ᠎ᠠ ᠶᠢ ᠬᠦᠷᠳᠡᠵᠦ ᠪᠦᠬᠦᠢ ᠭᠡᠷ ᠪᠦᠯᠢ᠂ ᠲᠠᠪᠤᠨ ᠪᠠᠲᠤᠯᠠᠭᠠᠲᠤ ᠭᠡᠷ ᠪᠦᠯᠢ ᠵᠡᠷᠭᠡ ᠭᠤᠤᠯᠳᠠᠯᠭ᠎ᠠ ᠲᠠᠢ ᠬᠦᠮᠦᠰ ᠤᠨ ᠰᠢᠮ᠎ᠠ ᠲᠡᠵᠢᠭᠡᠯ ᠤᠨ ᠬᠠᠮᠢᠶᠠᠷᠤᠯᠳᠠ ᠶᠢ  ᠭᠡᠷᠡᠭᠵᠢᠬᠦᠯᠵᠦ᠂  ᠬᠦᠳᠡᠭᠡ ᠲᠤᠰᠬᠤᠨ ᠮᠠᠯᠵᠢᠬᠤ ᠤᠷᠤᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠬᠦᠷᠳᠡᠵᠦ ᠪᠦᠬᠦᠢ ᠰᠤᠷᠤᠭᠴᠢ ᠶᠢᠨ ᠰᠢᠮ᠎ᠠ ᠲᠡᠵᠢᠭᠡᠯ ᠢ ᠰᠠᠶᠢᠵᠢᠷᠠᠭᠤᠯᠬᠤ ᠲᠦᠷᠦᠯ ᠵᠦᠢᠯ ᠢ ᠬᠦᠨᠵᠡᠭᠡᠢ ᠠᠬᠢᠭᠤᠯᠵᠦ᠂ ᠰᠢᠮ᠎ᠠ ᠲᠡᠵᠢᠭᠡᠯᠲᠤ ᠬᠤᠭᠤᠯᠠ ᠣᠮᠳᠠ ᠶᠢᠨ ᠨᠦᠬᠦᠪᠤᠷᠢ ᠮᠦᠩᠬᠦ ᠶᠢ ᠪᠤᠳᠠᠲᠠᠢ ᠨᠠᠶᠢᠳᠠᠪᠤᠷᠢᠵᠢᠭᠤᠯᠬᠤ ᠶᠢ ᠦᠨ᠋ᠨᠨᠬᠦ ᠪᠠᠲᠤᠯᠠᠵᠦ᠂ ᠰᠢᠮ᠎ᠠ ᠲᠡᠵᠢᠭᠡᠯ ᠤᠨ ᠰᠠᠶᠢᠵᠢᠷᠠᠯᠳᠠ ᠶᠢ ᠭᠡᠷᠡᠭᠵᠢᠬᠦᠯᠦᠭᠰᠡᠨ ᠦᠷ᠎ᠠ ᠪᠦᠲᠤᠮᠵᠢ ᠶᠢ ᠰᠢᠨᠵᠢᠯᠠᠬᠦ ᠤᠬᠠᠭᠠᠨᠴᠢ ᠪᠠᠷ ᠦᠨᠠᠯᠠᠨ᠎ᠠ᠃ ᠢᠳᠡᠭᠡᠨ ᠠᠴᠠ ᠪᠣᠯᠣᠭᠰᠠᠨ ᠡᠪᠠᠳᠴᠢᠨ ᠡᠮᠭᠡᠭ ᠢ ᠬᠢᠨ᠋ᠨᠨ ᠭᠡᠮᠵᠢᠬᠦ ᠬᠢᠭᠡᠳ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠦ᠂ ᠢᠳᠡᠭᠡᠨ ᠠᠴᠠ ᠪᠣᠯᠣᠭᠰᠠᠨ ᠡᠪᠠᠳᠴᠢᠨ ᠡᠮᠭᠡᠭ ᠠᠴᠠ ᠰᠢᠯᠳᠠᠭᠠᠯᠠᠭᠳᠠᠵᠦ ᠰᠢᠮ᠎ᠠ ᠲᠡᠵᠢᠭᠡᠯ ᠲᠤᠳᠠᠭᠳᠠᠬᠤ ᠶᠢ ᠪᠠᠭᠠᠰᠬᠠᠨ᠎ᠠ᠃ ᠢᠳᠡᠭᠡᠨ ᠠᠴᠠ ᠪᠣᠯᠣᠭᠰᠠᠨ  ᠡᠪᠠᠳᠴᠢᠨ ᠡᠮᠭᠡᠭ ᠢ ᠰᠡᠷᠭᠡᠶᠢᠯᠠᠬᠦ ᠠᠷᠭ᠎ᠠ ᠪᠤᠲᠤᠯᠭ᠎ᠠ  ᠶᠢ ᠨᠠᠶᠢᠳᠠᠪᠤᠷᠢᠵᠢᠭᠤᠯᠤᠨ᠎ᠠ᠃ ᠰᠢᠮ᠎ᠠ ᠲᠡᠵᠢᠭᠡᠯ ᠬᠢᠭᠡᠳ ᠡᠷᠡᠬᠦᠯ ᠮᠡᠨᠳᠦ ᠶᠢ ᠠᠭᠤᠰᠣᠯᠴᠠᠭᠤᠯᠣᠭᠰᠠᠨ ᠮᠡᠳᠡᠯᠭᠡ ᠶᠢᠨ ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠶᠢ ᠦᠷᠨᠢᠬᠦᠯᠦᠨ᠎ᠠ᠃       ︵ᠲᠤᠯᠤᠭ᠎ᠠ︶  ᠬᠤᠭᠤᠯᠠᠯᠠᠬᠤ ᠪᠠ ᠬᠦᠳᠡᠯᠭᠡᠭᠡᠨ ᠬᠢᠬᠦ ᠶᠢ ᠲᠡᠩᠴᠡᠬᠦᠷᠢᠰᠢᠬᠦᠯᠬᠦ ᠠᠵᠢᠯᠯᠠᠭ᠎ᠠ       ᠡᠷᠡᠬᠦᠯ ᠴᠢᠬᠢᠷᠠᠭ ᠠᠮᠢᠲᠤᠷᠠᠯ ᠤᠨ ᠠᠷᠭ᠎ᠠ ᠭᠡᠯᠪᠠᠷᠢ ᠶᠢ ᠬᠦᠴᠦᠯᠡᠨ ᠲᠡᠯᠭᠡᠷᠡᠬᠦᠯᠦᠨ᠎ᠠ᠃ ᠪᠦᠬᠦ ᠠᠷᠠᠳ ᠤᠨ ᠡᠷᠡᠬᠦᠯ ᠴᠢᠬᠢᠷᠠᠭ ᠠᠮᠢᠳᠣᠷᠠᠯ ᠤᠨ ᠠᠷᠭ᠎ᠠ ᠭᠡᠯᠪᠠᠷᠢ ᠶᠢᠨ ᠠᠵᠢᠯᠯᠠᠭ᠎ᠠ ᠶᠢ ᠬᠦᠨᠵᠡᠭᠡᠢ ᠠᠬᠢᠭᠤᠯᠵᠦ᠂ ︽ᠭᠤᠷᠪᠠ ᠶᠢ ᠪᠠᠭᠠᠰᠬᠠᠵᠦ ᠭᠤᠷᠪᠠ ᠶᠢ ᠡᠷᠡᠬᠦᠯᠵᠢᠬᠦᠯᠬᠦ︾ ︵ᠲᠠᠪᠤᠰᠤ ᠶᠢ ᠪᠠᠭᠠᠰᠬᠠᠬᠤ᠂ ᠲᠤᠰᠤ ᠶᠢ ᠪᠠᠭᠠᠰᠬᠠᠬᠤ᠂ ᠰᠢᠬᠢᠷ ᠢ ᠪᠠᠭᠠᠰᠬᠠᠬᠤ᠂ ᠡᠷᠡᠭᠦᠯ ᠠᠮᠠᠨ ᠬᠦᠨᠳᠡᠢ᠂ ᠡᠷᠡᠬᠦᠯ ᠪᠠᠶ᠎ᠠ ᠶᠢᠨ ᠬᠦᠨᠲᠤ᠂  ᠡᠷᠡᠭᠦᠯ ᠠᠷᠠᠭ ᠶᠠᠰᠣ︶ ᠪᠠᠷ ᠭᠤᠤᠯᠳᠠᠯᠭ᠎ᠠ ᠪᠤᠯᠭᠠᠭᠰᠠᠨ ᠲᠤᠰᠬᠠᠢ ᠲᠦᠷᠦᠯ ᠤᠨ ᠠᠵᠢᠯᠯᠠᠭ᠎ᠠ ᠶᠢ ᠦᠷᠭᠡᠨ ᠢᠶᠠᠷ ᠦᠷᠨᠢᠬᠦᠯᠦᠨ᠎ᠠ᠃ ︽ᠲᠤᠮᠳᠠᠲᠤ ᠤᠯᠤᠰ ᠤᠨ ᠰᠠᠭᠤᠭᠠᠯᠢ ᠠᠷᠠᠳ ᠤᠨ ᠬᠤᠭᠤᠯᠠ ᠣᠮᠳᠠ ᠶᠢᠨ ᠵᠢᠯᠣᠭᠤᠳᠣᠮᠵᠢ︾ ᠶᠢ ᠦᠷᠭᠡᠨ ᠢᠶᠠᠷ ᠲᠡᠯᠭᠡᠷᠡᠬᠦᠯᠦᠨ ᠭᠡᠷᠡᠭᠯᠡᠵᠦ ᠡᠲᠤᠷ ᠲᠤᠲᠤᠮ ᠤᠨ ᠬᠤᠭᠤᠯᠠᠯᠠᠬᠤ ᠠᠵᠢᠯᠯᠠᠭ᠎ᠠ ᠶᠢ ᠵᠢᠯᠤᠭᠤᠳᠴᠦ᠂ ᠲᠡᠩᠴᠡᠬᠦᠷᠢᠲᠡᠢ ᠪᠠᠷ ᠬᠤᠭᠤᠯᠠᠯᠠᠬᠤ ᠦᠨᠲᠤᠰᠤᠨ ᠵᠠᠷᠴᠢᠮ ᠢ ᠰᠠᠨᠠᠭᠠᠴᠢᠯᠠᠵᠦ᠂ ᠢᠳᠡᠭᠡᠨ ᠨᠢ ᠤᠯᠠᠨ ᠶᠠᠩᠵᠦ ᠪᠠᠶᠢᠬᠤ ᠪᠠ ᠠᠮᠤ ᠪᠤᠳᠠᠭᠠᠨ ᠤ ᠲᠦᠷᠦᠯ  ᠢᠶᠠᠷ ᠭᠤᠤᠯ ᠪᠤᠯᠭᠠᠭᠰᠠᠨ ᠬᠤᠭᠤᠯᠠᠯᠠᠬᠤ ᠭᠡᠪ ᠮᠠᠶ᠋ᠢᠭ ᠢ ᠪᠠᠷᠢᠮᠳᠠᠯᠠᠵᠦ᠂ ᠪᠦᠬᠦ ᠠᠶᠢᠮᠠᠭ ᠤᠨ ᠦᠨᠲᠤᠰᠦᠳᠠᠨ ᠨᠦᠭᠦᠳ  ᠤᠨ ᠤᠯᠠᠨ ᠲᠦᠮᠠᠨ ᠤ ᠡᠷᠡᠬᠦᠯ ᠬᠤᠭᠤᠯᠠᠯᠠᠬᠤ ᠲᠠᠳᠬᠠᠯ ᠢ ᠪᠤᠢ ᠪᠤᠯᠭᠠᠨ ᠪᠠᠳᠣᠳᠬᠠᠬᠤ ᠶᠢ ᠠᠬᠢᠭᠤᠯᠤᠨ᠎ᠠ᠃ ᠰᠢᠨᠵᠢᠯᠠᠬᠦ ᠤᠬᠠᠭᠠᠨᠴᠢ ᠪᠠᠷ ᠬᠦᠳᠡᠯᠭᠡᠭᠡᠨ ᠬᠢᠬᠦ ᠣᠶᠢᠯᠠᠭᠠᠭᠳᠠᠬᠤᠨ ᠢ ᠤᠬᠠᠭᠤᠯᠵᠦ᠂ ᠬᠦᠳᠡᠯᠭᠡᠭᠡᠨ ᠬᠢᠵᠦ ᠪᠠᠶ᠎ᠠ ᠪᠠᠨ ᠴᠢᠬᠢᠷᠠᠭᠵᠢᠭᠤᠯᠬᠤ ᠲᠠᠳᠬᠠᠯ ᠢ ᠬᠦᠮᠦᠵᠢᠬᠦᠯᠵᠦ᠂ ᠬᠤᠪᠢ ᠬᠦᠮᠦᠨ ᠤ ᠪᠠᠶ᠎ᠠ ᠶᠢᠨ ᠬᠦᠨᠲᠤ ᠶᠢᠨ ᠬᠠᠮᠢᠶᠠᠷᠤᠯᠳᠠ ᠶᠢ ᠴᠢᠩᠭᠠᠳᠬᠠᠵᠦ᠂ ᠨᠠᠰᠤᠨ ᠳᠤ ᠬᠦᠷᠦᠭᠰᠡᠳ ᠤᠨ ᠪᠠᠶ᠎ᠠ ᠶᠢᠨ ᠬᠦᠨᠲᠤ ᠨᠢ ᠭᠡᠲᠤᠷᠡᠭᠰᠡᠨ ᠪᠠ  ᠮᠠᠷᠢᠶᠠᠳᠠᠢ ᠬᠦᠮᠦᠰ ᠢ ᠢᠳᠡᠭᠡᠨ ᠤᠮᠳᠠᠭᠠᠨ ᠪᠠ ᠬᠦᠳᠡᠯᠭᠡᠭᠡᠨ ᠬᠢᠬᠦ ᠲᠠᠯ᠎ᠠ ᠪᠠᠷ ᠨᠦᠯᠦᠬᠡᠯᠡᠬᠦ ᠬᠠᠮᠢᠶᠠᠷᠤᠯᠳᠠ ᠶᠢ ᠴᠢᠩᠭᠠᠳᠬᠠᠨ᠎ᠠ᠃ ᠰᠢᠬᠢᠷ ᠰᠢᠵᠢᠩ ᠡᠪᠠᠳᠴᠢᠨ᠂ ᠮᠠᠷᠢᠶᠠᠯᠠᠬᠤ᠂ ᠶᠠᠰᠤᠨ ᠤ ᠡᠪᠠᠳᠴᠢᠨ ᠵᠡᠷᠭᠡ ᠰᠢᠮ᠎ᠠ ᠲᠡᠵᠢᠭᠡᠯ ᠲᠠᠢ ᠬᠤᠯᠪᠤᠭᠳᠠᠯ ᠪᠦᠬᠦᠢ ᠣᠵᠢᠭ ᠡᠪᠡᠳᠴᠢᠳᠡᠨ ᠤ ᠰᠢᠮ᠎ᠠ ᠲᠡᠵᠢᠭᠡᠯ ᠤᠨ ᠪᠠᠶᠢᠳᠠᠯ ᠪᠠ ᠬᠦᠳᠡᠯᠭᠡᠭᠡᠨ ᠬᠢᠬᠦ ᠠᠵᠢᠯᠯᠠᠭ᠎ᠠ ᠶᠢᠨ ᠪᠠᠶᠢᠴᠠᠭᠠᠯᠳᠠ ᠶᠢ ᠦᠷᠨᠢᠬᠦᠯᠵᠦ᠂ ᠰᠢᠮ᠎ᠠ ᠲᠡᠵᠢᠭᠡᠯ ᠲᠠᠢ ᠬᠤᠯᠪᠤᠭᠳᠠᠯ ᠪᠦᠬᠦᠢ ᠣᠵᠢᠭ ᠡᠪᠠᠳᠴᠢᠨ ᠢ ᠬᠦᠳᠡᠯᠭᠡᠭᠡᠨ ᠬᠢᠬᠦ ᠪᠠᠷ ᠨᠦᠯᠦᠬᠡᠯᠡᠬᠦ ᠠᠷᠭ᠎ᠠ ᠵᠠᠮ ᠢ ᠪᠤᠢ ᠪᠤᠯᠭᠠᠨ᠎ᠠ᠃ ᠪᠠᠶ᠎ᠠ ᠶᠢᠨ ᠲᠠᠮᠢᠷ ᠪᠠ ᠡᠮᠴᠢᠯᠡᠭᠡ ᠶᠢ ᠠᠭᠤᠰᠤᠯᠴᠠᠭᠤᠯᠬᠤ ᠭᠡᠪ ᠮᠠᠶ᠋ᠢᠭ ᠢ ᠪᠣᠢ ᠪᠣᠯᠭᠠᠵᠦ᠂ ᠬᠦᠳᠡᠯᠭᠡᠭᠡᠨ ᠬᠢᠬᠦ ᠨᠦᠯᠦᠭᠡᠯᠡᠯ ᠤᠨ ᠬᠢᠨ ᠤ ᠰᠢᠮ᠎ᠠ ᠲᠡᠵᠢᠭᠡᠯ ᠲᠠᠢ ᠬᠤᠯᠪᠤᠭᠳᠠᠯ ᠪᠦᠬᠦᠢ ᠣᠵᠢᠭ ᠡᠪᠠᠳᠴᠢᠨ ᠢ ᠤᠷᠢᠳᠴᠢᠯᠠᠨ ᠰᠡᠷᠭᠡᠶᠢᠯᠡᠬᠦ ᠪᠠ ᠡᠷᠡᠭᠦᠯᠵᠢᠬᠦᠯᠬᠦ ᠵᠡᠷᠭᠡ ᠲᠠᠯ᠎ᠠ ᠳᠠᠬᠢ ᠢᠳᠡᠪᠬᠢᠲᠡᠢ ᠦᠢᠯᠡᠲᠤᠯ  ᠢ ᠨᠢ ᠪᠠᠳᠠᠷᠠᠭᠤᠯᠤᠨ᠎ᠠ᠃        ᠲᠦᠷᠪᠠ᠂ ᠪᠠᠲᠤᠯᠠᠭ᠎ᠠ ᠶᠢᠨ ᠠᠷᠭ᠎ᠠ ᠪᠠᠷᠢᠯ        ︵ᠨᠢᠭᠡ︶ ᠵᠤᠬᠢᠶᠠᠨ ᠪᠠᠶᠢᠭᠤᠯᠤᠯᠳᠠ ᠶᠢᠨ ᠤᠲᠤᠷᠢᠲᠤᠯᠭ᠎ᠠ ᠪᠠᠨ ᠴᠢᠩᠭᠠᠳᠬᠠᠨ᠎ᠠ᠃ ᠡᠯ᠎ᠠ ᠬᠤᠰᠢᠭᠤ     ︵ᠨᠡᠭᠡᠭᠡᠯᠳᠡ ᠶᠢᠨ ᠤᠷᠤᠨ︶ ᠡᠷᠭᠡᠪᠰᠢ ᠪᠤᠳᠠᠲᠠᠢ ᠲᠠᠢ ᠪᠠᠨ ᠤᠶᠠᠯᠲᠤᠭᠤᠯᠵᠦ᠂ ᠰᠢᠮ᠎ᠠ ᠲᠡᠵᠢᠭᠡᠯ ᠤᠨ ᠠᠵᠢᠯ ᠤᠨ ᠲᠤᠭᠳᠠᠴᠠ ᠶᠢ ᠪᠠᠶᠢᠭᠤᠯᠤᠨ ᠪᠦᠷᠢᠨᠰᠢᠬᠦᠯᠵᠦ᠂ ᠠᠵᠢᠯ ᠤᠨ ᠠᠷᠭ᠎ᠠ ᠪᠠᠷᠢᠯ ᠢᠶᠠᠨ ᠨᠠᠷᠢᠯᠢᠭᠵᠢᠭᠤᠯᠵᠦ᠂ ᠰᠢᠮ᠎ᠠ ᠲᠡᠵᠢᠭᠡᠯ ᠤᠨ ᠠᠵᠢᠯ ᠢ ᠡᠷᠡᠬᠦᠯ ᠡᠩᠭᠡ ᠠᠯᠠᠱᠨ ᠪᠠᠨ ᠪᠠᠶᠢᠭᠤᠯᠬᠤ ᠭᠤᠤᠯᠳᠠᠯᠭ᠎ᠠ ᠲᠠᠢ ᠠᠭᠤᠯᠭ᠎ᠠ ᠪᠠ ᠠᠷᠠᠳ ᠤᠨ ᠠᠮᠢᠲᠤᠷᠠᠯ ᠤᠨ ᠴᠢᠬᠤᠯᠨ ᠢᠨᠵᠧᠨᠧᠷᠢᠩ ᠢᠶᠠᠨ ᠪᠤᠯᠭᠠᠵᠦ ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠵᠦ᠂ ᠲᠡᠷᠡᠴᠢᠯᠠᠨ ᠭᠡᠷᠡᠭᠵᠢᠬᠦᠯᠦᠭᠰᠡᠨ ᠪᠠᠶᠢᠳᠠᠯ ᠢ ᠵᠠᠰᠠᠭ ᠤᠨ ᠤᠷᠲᠤᠨ ᠤ ᠠᠵᠢᠯ ᠤᠨ ᠦᠷ᠎ᠡ ᠪᠦᠲᠤᠮᠵᠢ ᠶᠢᠨ ᠬᠢᠨ᠋ᠨᠨ ᠰᠢᠯᠭᠠᠯᠳᠠ ᠳᠤ ᠤᠷᠤᠭᠤᠯᠵᠦ᠂ ᠪᠤᠳᠠᠲᠠᠢ ᠦᠷ᠎ᠠ ᠪᠦᠲᠤᠮᠵᠢ ᠤᠯᠬᠤ ᠶᠢ ᠦᠨ᠋ᠨᠨᠬᠦ ᠪᠠᠳᠣᠯᠠᠬᠤ ᠬᠡᠷᠡᠭᠳᠡᠢ᠃        ︵ᠬᠤᠶᠠᠷ︶ ᠪᠠᠯᠨ ᠤᠷᠤᠭᠤᠯᠤᠯᠳᠠ ᠶᠢᠨ ᠬᠦᠴᠦᠯᠠᠴᠠ ᠪᠠᠨ ᠨᠡᠮᠡᠭᠳᠡᠬᠦᠯᠦᠨ᠎ᠠ᠃ ᠡᠯ᠎ᠠ ᠲᠠᠯ᠎ᠠ ᠶᠢᠨ ᠪᠠᠯᠨ ᠮᠦᠩᠬᠦ ᠤᠯᠬᠤ ᠠᠷᠭ᠎ᠠ ᠵᠠᠮ ᠳᠤ ᠬᠦᠢᠴᠡᠳ ᠲᠦᠰᠢᠭᠯᠡᠵᠦ᠂ ᠨᠠᠶᠢᠭᠡᠮ ᠤᠨ ᠳᠠᠯ᠎ᠠ ᠶᠢᠨ ᠬᠢᠨ ᠢ ᠦᠷᠭᠡᠨ ᠢᠶᠠᠷ ᠤᠷᠤᠯᠴᠠᠭᠤᠯᠬᠤ ᠪᠠ ᠪᠠᠯᠨ ᠤᠷᠤᠭᠤᠯᠤᠯᠳᠠ ᠪᠠᠨ ᠤᠯᠠᠨ ᠡᠰᠢᠵᠢᠬᠦᠯᠬᠦ ᠶᠢ ᠬᠦᠲᠤᠯᠤᠨ ᠵᠢᠯᠣᠭᠤᠳᠬᠤ ᠬᠡᠷᠡᠭᠳᠡᠢ᠃        ︵ᠭᠤᠷᠪᠠ︶ ᠦᠷᠭᠡᠨ ᠢᠶᠠᠷ ᠤᠬᠠᠭᠤᠯᠤᠨ ᠳᠠᠶᠢᠴᠢᠯᠠᠨ᠎ᠠ᠃ ᠡᠯ᠎ᠠ ᠱᠠᠲᠤᠨ ᠤ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ᠂ ᠰᠤᠷᠭᠠᠭᠤᠯᠢ᠂ ᠰᠤᠨᠢᠨ ᠮᠡᠳᠡᠭᠡ ᠵᠠᠭᠤᠴᠢᠯᠠᠭᠤᠷ ᠵᠡᠷᠭᠡ ᠲᠤᠰᠬᠠᠢ ᠮᠡᠷᠭᠡᠵᠢᠯ ᠤᠨ ᠪᠠᠶᠢᠭᠤᠯᠤᠮᠵᠢ ᠨᠢ ᠡᠷᠭᠡᠪᠰᠢ ᠲᠤᠰᠬᠠᠢ ᠰᠡᠲᠤᠪᠲᠤ ᠤᠬᠠᠭᠤᠯᠭ᠎ᠠ ᠶᠢᠨ ᠠᠵᠢᠯ ᠢ ᠵᠤᠬᠢᠶᠠᠨ ᠪᠠᠶᠢᠭᠤᠯᠤᠨ ᠦᠷᠨᠢᠬᠦᠯᠵᠦ᠂ ᠪᠦᠬᠦ ᠨᠠᠶᠢᠭᠡᠮ ᠢᠶᠠᠷ ᠢᠶᠠᠨ ᠤᠯᠤᠰ ᠠᠷᠠᠳ ᠤᠨ ᠰᠢᠮ᠎ᠠ ᠲᠡᠵᠢᠭᠡᠯ ᠤᠨ ᠲᠦᠯᠦᠪᠯᠡᠭᠡ ᠶᠢ ᠨᠠᠶᠢᠳᠠᠮ ᠳᠡᠭᠡᠨ ᠲᠠᠨᠢᠵᠦ ᠮᠠᠳᠡᠬᠦ ᠶᠢ ᠴᠢᠩᠭᠠᠳᠬᠠᠵᠦ᠂ ᠡᠯ᠎ᠠ ᠲᠠᠯ᠎ᠠ ᠶᠢᠨ ᠲᠡᠮᠵᠢᠯᠭᠡ ᠶᠢ ᠴᠢᠷᠮᠠᠶᠢᠨ ᠤᠯᠵᠦ᠂ ᠪᠦᠬᠦ ᠨᠠᠶᠢᠭᠡᠮ ᠢᠶᠠᠷ ᠢᠶᠠᠨ ᠤᠷᠤᠯᠴᠠᠬᠤ ᠶᠢ ᠠᠬᠢᠭᠤᠯᠬᠤ ᠬᠡᠷᠡᠭᠳᠡᠢ᠃        ︵ᠲᠦᠷᠪᠠ︶ ᠰᠢᠮᠳᠠᠭᠤᠯᠤᠨ ᠪᠠᠶᠢᠴᠠᠭᠠᠵᠦ ᠦᠨᠠᠯᠠᠯᠳᠠ ᠬᠢᠬᠦ ᠶᠢ ᠴᠢᠩᠭᠠᠳᠬᠠᠨ᠎ᠠ᠃ ᠡᠯ᠎ᠠ ᠬᠤᠰᠢᠭᠤ     ︵ᠨᠡᠭᠡᠭᠡᠯᠳᠡ ᠶᠢᠨ ᠤᠷᠤᠨ︶ ᠡᠷᠭᠡᠪᠰᠢ ᠡᠬᠦᠷᠭᠡ ᠪᠠᠨ ᠵᠠᠳᠠᠯᠤᠨ ᠨᠠᠶᠢᠳᠠᠪᠤᠷᠢᠵᠢᠭᠤᠯᠬᠤ ᠲᠦᠰᠦᠯ ᠢ ᠲᠤᠭᠳᠠᠭᠠᠵᠦ᠂ ᠴᠠᠭ ᠬᠤᠭᠤᠴᠠᠭ᠎ᠠ ᠶᠢᠨ ᠠᠬᠢᠴᠠ ᠪᠠ ᠶᠠᠰᠤ ᠴᠢᠨᠠᠷ ᠤᠨ ᠱᠠᠭᠠᠷᠳᠠᠯᠭ᠎ᠠ ᠶᠢ ᠲᠤᠲᠤᠷᠬᠠᠶᠢᠯᠠᠵᠦ᠂ ᠲᠤᠭᠳᠠᠭᠰᠠᠨ ᠬᠤᠭᠤᠴᠠᠭ᠎ᠠ ᠲᠠᠢ ᠪᠠᠷ ᠰᠢᠮᠳᠠᠭᠤᠯᠤᠨ ᠵᠢᠯᠤᠭᠤᠳᠴᠦ᠂ ᠦᠨᠠᠯᠠᠯᠳᠠ ᠬᠢᠵᠦ ᠵᠠᠳᠠᠯᠬᠤ ᠶᠢ ᠴᠢᠩᠭᠠᠷᠠᠭᠤᠯᠵᠦ᠂ ᠡᠯ᠎ᠠ ᠲᠦᠷᠦᠯ ᠤᠨ ᠠᠵᠢᠯ ᠤᠨ ᠡᠬᠦᠷᠭᠡ ᠪᠠᠨ ᠤᠷᠤᠨ ᠪᠠᠶᠢᠷᠢᠨ ᠳᠤᠨᠢ ᠨᠠᠶᠢᠳᠠᠪᠤᠷᠢᠵᠢᠭᠤᠯᠬᠤ ᠶᠢ ᠦᠨ᠋ᠨᠨᠬᠦ ᠪᠠᠳᠣᠯᠠᠬᠤ ᠬᠡᠷᠡᠭᠳᠡᠢ᠃        ︵ᠲᠠᠪᠤ︶ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠴᠢᠩᠭᠠᠷᠠᠭᠤᠯᠤᠨ᠎ᠠ᠃ ᠡᠯ᠎ᠠ ᠬᠤᠰᠢᠭᠤ        ︵ᠨᠡᠭᠡᠭᠡᠯᠳᠡ ᠶᠢᠨ ᠤᠷᠤᠨ︶᠂ ᠠᠶᠢᠮᠠᠭ ᠤᠨ ᠰᠢᠭᠤᠳ ᠬᠠᠷᠢᠶ᠎ᠠ ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠨᠢ ᠡᠷᠭᠡᠪᠰᠢ ᠦᠪᠠᠷ ᠦᠪᠠᠷ ᠤᠨ ᠡᠬᠦᠷᠭᠡ ᠬᠠᠷᠢᠭᠤᠴᠠᠯᠭ᠎ᠠ ᠪᠠᠨ ᠡᠬᠦᠷᠭᠡᠯᠡᠵᠦ᠂ ᠰᠢᠮᠳᠠᠭᠤᠯᠤᠨ ᠵᠢᠯᠤᠭᠤᠳᠴᠦ ᠬᠢᠨ᠋ᠨᠨ ᠰᠢᠯᠭᠠᠬᠤ ᠶᠢ ᠴᠢᠩᠭᠠᠳᠬᠠᠵᠦ᠂ ᠠᠵᠢᠯ ᠤᠨ ᠠᠬᠢᠴᠠ ᠶᠢᠨ ᠪᠠᠶᠢᠳᠠᠯ ᠢ ᠡᠵᠡᠮᠰᠢᠵᠦ᠂ ᠲᠡᠷᠡᠴᠢᠯᠠᠨ ᠴᠠᠭ ᠲᠤᠬᠠᠢ  ᠳᠤᠨᠢ ᠠᠶᠢᠮᠠᠭ ᠤᠨ ᠵᠠᠬᠢᠷᠭ᠎ᠠ ᠳᠤ ᠮᠡᠳᠡᠬᠦᠯᠬᠦ ᠬᠡᠷᠡᠭᠳᠡᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号