︽ᠠᠯᠠᠱᠠ ᠠᠶᠢᠮᠠᠭ ᠤᠨ ᠡᠵᠡᠩᠨᠡᠨ ᠠᠷᠠᠯᠵᠢᠶᠠᠯᠠᠬᠤ ᠣᠷᠴᠢᠨ ᠲᠣᠭᠤᠷᠢᠨ ᠢ ᠰᠢᠯᠢᠳᠡᠭᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢᠨ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2020/11/16
      ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠯᠠᠱᠨ ᠠᠶᠢᠮᠠᠭ ᠤᠨ ᠬᠤᠷᠢᠶ᠎ᠠ᠂ ᠠᠯᠠᠱᠨ ᠠᠶᠢᠮᠠᠭ ᠤᠨ ᠵᠠᠬᠢᠷᠭ᠎ᠠ ︽︿ᠠᠯᠠᠱᠠ ᠠᠶᠢᠮᠠᠭ ᠤᠨ  ᠡᠵᠡᠩᠨᠡᠨ ᠠᠷᠠᠯᠵᠢᠶᠠᠯᠠᠬᠤ ᠣᠷᠴᠢᠨ ᠲᠣᠭᠤᠷᠢᠨ ᠢ ᠰᠢᠯᠢᠳᠡᠭᠵᠢᠭᠦᠯᠦᠨ ᠳᠡᠭᠡᠭᠰᠢᠯᠡᠬᠦᠯᠬᠦ ᠠᠵᠢᠯᠯᠠᠭᠠᠨ ᠤ ᠲᠥᠰᠦᠯ﹀ ᠢ ᠳᠠᠷᠤᠮᠠᠯᠯᠠᠨ ᠳᠠᠷᠬᠠᠭᠠᠬᠤ ᠲᠤᠬᠠᠶ ᠮᠡᠳᠡᠭᠳᠡᠯ︾     ︵ᠠᠯᠠᠱᠠ ᠨᠠᠮ ᠠᠯᠪᠠᠨ ᠲᠠᠷᠬᠠᠭᠠᠭᠰᠠᠨ ︹ 2020 ︺ 5 ᠳ᠋ᠤᠭᠠᠷ ᠲᠣᠭᠠᠲᠤ︶ ᠢ ᠨᠡᠶᠢᠲᠡᠯᠡᠪᠡ᠃ ︽ᠠᠯᠠᠱᠠ ᠠᠶᠢᠮᠠᠭ ᠤᠨ ᠡᠵᠡᠩᠨᠡᠨ ᠠᠷᠠᠯᠵᠢᠶᠠᠯᠠᠬᠤ ᠣᠷᠴᠢᠨ ᠲᠣᠭᠤᠷᠢᠨ ᠢ ᠰᠢᠯᠢᠳᠡᠭᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢᠨ ᠲᠥᠰᠦᠯ︾ ︵ᠳᠣᠷᠣᠭᠰᠢ ︽ᠠᠵᠢᠯᠯᠠᠭᠠᠨ ᠤ ᠲᠥᠰᠦᠯ︾ ᠭᠡᠵᠦ ᠲᠣᠪᠴᠢᠯᠠᠨ᠎ᠠ︶ ᠤᠨ ᠬᠠᠮᠢᠶ᠎ᠠ ᠪᠥᠬᠦᠶ ᠠᠭᠤᠯᠭ᠎ᠠ ᠶᠢᠨ ᠳᠣᠬᠠᠢ ᠲᠠᠶᠢᠯᠤᠮᠵᠢ  ᠬᠢᠶ᠎ᠡ᠄       ᠨᠢᠭᠡ᠂ ︽ᠠᠵᠢᠯᠯᠠᠭᠠᠨ ᠤ ᠲᠥᠰᠦᠯ︾ ᠢ ᠨᠡᠶᠢᠲᠡᠯᠡᠭᠰᠡᠨ ᠠᠬᠤᠶ ᠪᠠᠶᠢᠳᠠᠯ       ᠶᠡᠷᠦᠩᠬᠡᠶ ᠱᠦᠵᠢ ᠰᠢ ᠶᠢᠨ ᠫᠢᠩ ᠤᠨ ᠡᠵᠡᠩᠨᠡᠨ ᠠᠷᠠᠯᠵᠢᠶᠠᠯᠠᠬᠤ ᠣᠷᠴᠢᠨ ᠳᠣᠭᠤᠷᠢᠨ ᠢ ᠰᠢᠯᠢᠳᠡᠭᠵᠢᠭᠦᠯᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ  ᠤᠨ ᠣᠷᠳᠣᠨ ᠤ ᠡᠯ᠎ᠡ ᠵᠦᠢᠯ ᠤᠨ ᠰᠢᠢᠳᠪᠦᠷᠢᠡᠳᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠳᠣᠣᠱᠯᠠᠭᠤᠯᠬᠤ ᠶᠢᠨ ᠲᠥᠯᠥᠭᠡ᠂ ᠮᠠᠨ ᠤ ᠠᠶᠢᠮᠠᠭ ᠤᠨ ᠡᠵᠡᠩᠨᠡᠨ ᠠᠷᠠᠯᠵᠢᠶᠠᠯᠠᠬᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠣᠭᠲᠠᠭᠤᠨ᠂ ᠡᠷᠬᠡ ᠲᠡᠭᠰᠢ᠂ ᠢᠯᠡ ᠲᠣᠳᠣ᠂ ᠵᠢᠱᠢᠵᠦ ᠪᠣᠯᠬᠤᠶᠢᠴᠠ ᠡᠵᠡᠩᠨᠡᠨ ᠠᠷᠠᠯᠵᠢᠶᠠᠯᠠᠬᠤ ᠣᠷᠴᠢᠨ ᠲᠣᠭᠤᠷᠢᠨ ᠢ ᠪᠤᠢ ᠪᠣᠯᠭᠠᠵᠤ᠂ ᠮᠠᠨ ᠤ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠦ᠂ ︽ᠡᠵᠡᠩᠨᠡᠨ ᠠᠷᠠᠯᠵᠢᠶᠠᠯᠠᠬᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠦᠷᠢᠮ︾ ︵ᠲᠥᠷᠥ ᠶᠢᠨ ᠶᠠᠪᠤᠳᠠᠯ ᠤᠨ ᠬᠣ‌‍ᠷᠢᠶᠠᠨ ᠤ ᠵᠠᠷᠯᠢᠭ 722 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠩᠨᠡᠨ ᠠᠷᠠᠯᠵᠢᠶᠠᠯᠠᠬᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯᠯᠠᠭ᠎ᠠ ᠶᠢᠨ ᠲᠥᠰᠦᠯ︾ ︵ᠥᠪᠥᠷ ᠵᠠᠰᠠᠭ ᠳᠠᠷᠬᠠᠭᠠᠭᠰᠠᠨ ︹ 2020 ︺ 9 ᠳ᠋ᠣᠭᠡᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠠᠶᠢᠮᠠᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ ᠠᠵᠢᠯᠯᠠᠭ᠎ᠠ ᠶᠢᠨ ᠲᠥᠰᠦᠯ ᠢ ᠨᠠᠶᠢᠷᠠᠭᠤᠯᠪᠠ᠃       ᠬᠤᠶᠠᠷ᠂ ︽ᠠᠵᠢᠯᠯᠠᠭᠠᠨ ᠤ ᠲᠥᠰᠦᠯ︾ ᠤᠨ ᠠᠵᠢᠯ ᠤᠨ ᠬᠠᠷᠠᠯᠲᠠ       ᠠᠯᠠᠱᠠ ᠠᠶᠢᠮᠠᠭ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠵᠡᠩᠨᠡᠨ ᠠᠷᠠᠯᠵᠢᠶᠠᠯᠠᠬᠤ ᠣᠷᠴᠢᠨ ᠲᠣᠭᠤᠷᠢᠨ ᠤ ᠳᠣᠬᠠᠢ ᠬᠦᠰᠡᠯ ᠱᠠᠭᠠᠷᠳᠠᠯᠭ᠎ᠠ ᠳᠤ ᠴᠢᠭᠯᠡᠭᠦᠯᠦᠨ᠂ ᠠᠵᠤ ᠠᠬᠤᠶᠢᠯᠠᠯ ᠡᠷᠬᠢᠯᠡᠬᠦ᠂ ᠪᠠᠷᠢᠯᠭ᠎ᠠ ᠪᠠᠷᠢᠬᠤ ᠵᠥᠪᠰᠢᠶᠡᠷᠡᠯ ᠣᠯᠭᠤᠬᠤ᠂ ᠴᠠᠬᠢᠯᠭᠠᠨ ᠬᠦᠴᠦᠨ᠂ ᠤᠰᠤ ᠬᠡᠷᠡᠭᠯᠡᠬᠦ᠂ ᠬᠡᠢ ᠬᠡᠷᠡᠭᠯᠡᠬᠦ᠂ ᠡᠳ᠋ ᠬᠥᠷᠥᠩᠭᠡ ᠳᠠᠩᠰᠠᠯᠠᠬᠤ᠂ ᠭᠠᠶᠢᠯᠢ ᠲᠤᠰᠢᠶᠠᠬᠤ ᠪᠠ ᠵᠠᠰᠠᠭ ᠤᠨ ᠶᠠᠪᠣᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ ᠵᠡᠷᠭᠡ 21 ᠲᠠᠯ᠎ᠠ ᠶᠢᠨ ᠠᠵᠢᠯ ᠤᠨ ᠭᠤᠤᠯᠳᠠᠯᠭ᠎ᠠ ᠲᠠᠢ ᠤᠶᠠᠯᠳᠤᠭᠤᠯᠤᠨ᠂ ᠶᠠᠪᠣᠴᠠ ᠶᠢ ᠪᠠᠭᠠᠰᠬᠠᠬᠤ᠂ ᠴᠠᠭ ᠬᠤᠭᠤᠴᠠᠭ᠎ᠠ ᠶᠢ ᠪᠠᠭᠠᠰᠬᠠᠬᠤ᠂ ᠥᠪᠡᠷ ᠤᠨ ᠥᠷᠲᠡᠭ ᠢ ᠪᠠᠭᠤᠷᠠᠭᠤᠯᠬᠤ᠂ ᠬᠢᠨᠠᠠ ᠬᠠᠮᠢᠶᠠᠷᠤᠯᠲᠠ ᠶᠢ ᠴᠢᠩᠭᠠᠳᠬᠠᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠪᠠᠷ ᠳᠠᠮᠵᠢᠭᠤᠯᠤᠨ᠂ ᠪᠥᠬᠦ ᠠᠶᠢᠮᠠᠭ ᠤᠨ ᠡᠵᠡᠩᠨᠡᠨ ᠠᠷᠠᠯᠵᠢᠶᠠᠯᠠᠬᠤ ᠣᠷᠴᠢᠨ ᠲᠣᠭᠤᠷᠢᠨ ᠳᠤ ︽ᠨᠢᠭᠡ ᠵᠢᠯ ᠳᠤ ᠭᠤᠤᠯᠳᠠᠯᠭ᠎ᠠ ᠲᠠᠢ ᠪᠠᠷ ᠰᠢᠪᠳᠣᠯᠣᠯᠳᠠ ᠬᠢᠵᠦ᠂ ᠬᠤᠶᠠᠷ ᠵᠢᠯ ᠳᠤ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠭᠤᠷᠪᠠᠨ ᠵᠢᠯ ᠳᠤ ᠲᠡᠷᠢᠭᠦᠨ ᠤ ᠬᠢ ᠶᠢ ᠴᠢᠷᠮᠠᠶᠢᠨ ᠡᠭᠦᠳᠬᠦ︾ ᠶᠢ ᠪᠡᠶᠡᠯᠡᠭᠦᠯᠦᠨ᠎ᠡ᠃       ᠭᠤᠷᠪᠠ᠂ ︽ᠠᠵᠢᠯᠯᠠᠭᠠᠨ ᠤ ᠲᠥᠰᠦᠯ︾ ᠤᠨ ᠭᠤᠤᠯᠳᠠᠯᠭ᠎ᠠ ᠲᠠᠢ ᠡᠭᠦᠷᠭᠡ       ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠮᠠᠭᠠᠯᠠᠯᠲᠠ ᠶᠢ ᠴᠢᠩᠭᠠᠳᠬᠠᠬᠤ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠴᠡᠪᠡᠷᠰᠢᠭᠦᠯᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ᠂ ᠬᠢᠨᠠᠨ ᠬᠠᠮᠢᠶᠠᠷᠣᠯᠳᠠ ᠬᠠᠤᠯᠢ ᠬᠡᠷᠡᠭᠵᠢᠭᠦᠯᠬᠦ ᠶᠢ ᠳᠦᠷᠢᠮᠵᠢᠬᠦᠯᠬᠦ᠂ ᠬᠠᠤᠯᠢ ᠪᠠᠷ ᠵᠠᠰᠠᠬᠤ ᠪᠠᠲᠤᠯᠠᠭ᠎ᠠ ᠶᠢ ᠴᠢᠩᠭᠠᠳᠬᠠᠬᠤ 5 ᠳᠠᠯ᠎ᠠ ᠶᠢᠨ ᠲᠣᠭᠤᠷᠢᠨ ᠳᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠩᠨᠡᠨ ᠠᠷᠠᠯᠵᠢᠶᠠᠯᠠᠬᠤ ᠣᠷᠴᠢᠨ ᠲᠣᠭᠤᠷᠢᠨ ᠢ ᠰᠢᠯᠢᠳᠡᠭᠵᠢᠬᠦᠯᠬᠦ ᠠᠵᠢᠯᠯᠠᠭᠠᠨ ᠤ ᠲᠥᠰᠦᠯ︾ ᠳᠤ ᠳᠤᠷᠠᠳᠤᠭᠰᠠᠨ 20 ᠵᠦᠢᠯ ᠤᠨ ᠭᠤᠤᠯᠳᠠᠯᠭ᠎ᠠ ᠲᠠᠢ ᠡᠭᠦᠷᠭᠡ ᠶᠢ 21 ᠵᠦᠢᠯ 87 ᠵᠤᠷᠪᠤᠰ ᠪᠣᠯᠭᠠᠨ ᠨᠠᠷᠢᠯᠢᠬᠵᠢᠭᠤᠯᠪᠠ᠃ ᠡᠭᠦᠨ ᠳᠤ ᠥᠨᠳᠥᠷ ᠪᠠᠷᠢᠮᠵᠢᠶ᠎ᠠ ᠴᠢᠨᠠᠷ ᠰᠠᠶᠢᠲᠠᠶ   ᠪᠠᠷ ᠠᠵᠤ ᠠᠬᠤᠶᠢᠯᠠᠯ ᠳᠤ ᠦᠢᠯᠡᠴᠢᠯᠡᠭᠡ ᠬᠠᠩᠭᠠᠬᠤ ᠳᠠᠯ᠎ᠠ ᠪᠠᠷ᠄ ᠠᠵᠤ ᠠᠬᠤᠶᠢᠯᠠᠯ ᠡᠷᠭᠢᠯᠡᠬᠦ᠂ ᠪᠠᠷᠢᠯᠭ᠎ᠠ ᠶᠢᠨ ᠵᠥᠪᠰᠢᠶᠡᠷᠡᠯ ᠤᠨ ᠭᠠᠷᠳᠠᠮ ᠬᠦᠢᠴᠡᠳᠬᠡᠬᠦ᠂ ᠴᠠᠬᠢᠯᠭᠠᠨ ᠬᠦᠴᠦᠨ᠂ ᠤᠰᠤ ᠬᠡᠷᠡᠭᠯᠡᠬᠦ᠂ ᠬᠡᠶ ᠬᠡᠷᠡᠭᠯᠡᠬᠦ᠂ ᠲᠣᠤᠷ ᠰᠦᠯᠵᠢᠶ᠎ᠡ ᠬᠠᠩᠭᠠᠬᠤ ᠵᠡᠷᠭᠡ 6 ᠲᠠᠯ᠎ᠠ ᠪᠠᠭᠲᠠᠨ᠎ᠠ︔ ᠠᠵᠤ ᠠᠬᠤᠶᠢᠯᠠᠯ ᠤᠨ ᠡᠵᠡᠩᠨᠡᠯᠲᠡ ᠶᠢᠨ ᠠᠭᠤᠵᠢᠭᠤ ᠣᠷᠴᠢᠨ ᠲᠣᠭᠤᠷᠢᠨ ᠢ ᠡᠮᠬᠢ ᠵᠢᠷᠤᠮ ᠲᠠᠢ ᠪᠣᠢ ᠪᠣᠯᠭᠠᠬᠤ ᠳᠠᠯ᠎ᠠ ᠪᠠᠷ᠄ ᠡᠳ᠋ ᠬᠥᠷᠥᠩᠭᠡ ᠶᠢ ᠳᠠᠩᠰᠠᠯᠠᠬᠤ᠂ ᠭᠠᠶᠢᠯᠢ ᠲᠤᠰᠢᠶᠠᠬᠤ᠂ ᠬᠢᠯᠢ ᠠᠯᠤᠰᠯᠠᠭᠰᠠᠨ ᠠᠷᠠᠯᠵᠢᠶ᠎ᠠ ᠬᠢᠬᠦ᠂ ᠳᠠᠮᠫᠤᠷᠠᠬᠤ ᠶᠢ  ᠬᠦᠢᠴᠡᠳᠬᠡᠬᠦ᠂ ᠢᠲᠡᠭᠡᠮᠵᠢᠲᠦ ᠵᠢᠭᠡᠯᠡᠯᠭᠡ ᠤᠯᠬᠤ᠂ ᠳᠤᠮᠳᠠ ᠪᠠᠭ᠎ᠠ ᠪᠠᠯᠠ ᠣᠷᠣᠭᠤᠯᠤᠭᠴᠢ ᠶᠢ ᠬᠠᠮᠠᠭᠠᠯᠠᠬᠤ 6 ᠲᠠᠯ᠎ᠠ ᠪᠠᠭᠲᠠᠨ᠎ᠠ︔ ᠡᠷᠬᠡ ᠳᠡᠭᠰᠢ ᠲᠥᠪ ᠭᠤᠤᠯᠴᠢ ᠡᠵᠡᠩᠨᠡᠨ ᠠᠷᠠᠯᠵᠢᠶᠠᠯᠠᠬᠤ ᠠᠭᠤᠷ ᠠᠮᠢᠰᠬᠤᠯ ᠢ ᠢᠳᠡᠪᠬᠢᠲᠡᠶ ᠪᠠᠷ ᠪᠣᠶ ᠪᠣᠯᠭᠠᠬᠤ ᠳᠠᠯ᠎ᠠ ᠪᠠᠷ᠄ ᠭᠡᠷ᠎ᠡ ᠶᠢ ᠬᠡᠷᠡᠭᠵᠢᠭᠦᠯᠬᠦ᠂ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ  ᠲᠤ ᠬᠢᠨᠠᠯᠲᠠ ᠲᠠᠯᠪᠢᠬᠤ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠳᠠᠭᠠᠭᠠᠴᠢᠯᠠᠯᠲᠠ ᠬᠦᠯᠢᠶᠡᠬᠦ ᠳᠠᠭᠠᠭᠠᠴᠢᠯᠠᠯᠲᠠ ᠵᠠᠷᠯᠠᠬᠤ ᠵᠡᠷᠭᠡ 4 ᠲᠠᠯ᠎ᠠ ᠪᠠᠭᠲᠠᠨ᠎ᠠ︔ ᠵᠠᠰᠠᠭ ᠤᠨ ᠣᠷᠳᠣᠨ ᠪᠠ  ᠠᠷᠠᠯᠵᠢᠶᠠᠴᠢᠨ ᠤ ᠬᠤᠭᠤᠷᠣᠨᠳᠣᠬᠢ ᠳᠣᠲᠣᠨᠣ ᠴᠢᠬᠡᠴᠢ ᠰᠢᠨ᠎ᠡ ᠬᠡᠯᠪᠡᠷᠢ ᠶᠢᠨ ᠬᠠᠷᠢᠴᠠᠭ᠎ᠠ ᠶᠢ ᠪᠠᠶᠢᠭᠤᠯᠬᠤ ᠳᠠᠯ᠎ᠠ ᠪᠠᠷ᠄ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ᠂ ᠡᠷᠬᠡ ᠲᠡᠭᠰᠢ ᠦᠷᠢᠰᠦᠯᠳᠦᠭᠡᠨ ᠢ ᠬᠢᠨᠠᠨ ᠪᠠᠶᠢᠴᠠᠭᠠᠬᠤ 2 ᠲᠠᠯ᠎ᠠ ᠪᠠᠭᠲᠠᠨ᠎ᠠ︔ ᠵᠠᠬ᠎ᠠ ᠳᠡᠯᠭᠡᠭᠦᠷ ᠤᠨ ᠬᠢᠨᠠᠠ ᠬᠠᠮᠢᠶᠠᠷᠤᠯᠲᠠ ᠶᠢ ᠴᠢᠩᠭᠠᠳᠬᠠᠵᠤ᠂ ᠪᠠᠭᠲᠠᠭᠠᠮᠵᠢᠲᠠᠶ ᠲᠦᠭᠡᠮᠡᠯ ᠬᠠᠷᠠᠭᠠᠯᠵᠠᠯ ᠬᠦᠷᠳᠡᠭᠡᠵᠦ ᠰᠢᠨ᠎ᠡ ᠶᠢ ᠡᠭᠦᠳᠬᠦ ᠶᠢ ᠠᠬᠢᠭᠤᠯᠬᠤ ᠳᠠᠯ᠎ᠠ ᠪᠠᠷ᠄ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ ᠡᠭᠦᠳᠦᠨ ᠪᠦᠲᠦᠭᠡᠯᠲᠡ᠂ ᠬᠠᠮᠠᠭᠠᠯᠠᠯᠲᠠ ᠪᠠ ᠬᠡᠷᠡᠭᠯᠡᠯᠲᠡ᠂ ᠵᠠᠬ᠎ᠠ ᠳᠡᠯᠭᠡᠭᠦᠷ ᠤᠨ ᠬᠢᠨᠠᠠ ᠬᠠᠮᠢᠶᠠᠷᠣᠯᠳᠠ᠂ ᠪᠠᠭᠲᠠᠭᠠᠮᠵᠢᠲᠠᠶ ᠲᠦᠭᠡᠮᠡᠯ ᠬᠠᠷᠠᠭᠠᠯᠵᠠᠯ ᠬᠦᠷᠳᠡᠭᠡᠵᠦ ᠰᠢᠨ᠎ᠡ ᠶᠢ ᠡᠭᠦᠳᠬᠦ 3 ᠲᠠᠯ᠎ᠠ ᠪᠠᠭᠲᠠᠨ᠎ᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号