ᠥᠪᠥᠷ ᠮᠣᠩᠭᠤᠯ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠳᠠᠷᠤᠭᠠᠰᠤ ᠶᠢ ᠬᠥᠩᠭᠡᠷᠡᠬᠦᠯᠬᠦ ᠲᠣᠳᠣᠷᠬᠠᠶ ᠳᠠᠩᠰᠠ ᠶᠢ ᠨᠡᠶᠢᠲᠡᠯᠡᠪᠠ
ᠨᠡᠶᠢᠲᠡᠯᠡᠭᠰᠡᠨ ᠴᠠᠭ᠄
2020/11/17
      ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠳᠠᠷᠤᠭᠠᠰᠤ ᠶᠢ ᠬᠥᠩᠭᠡᠷᠡᠭᠦᠯᠬᠦ ᠳᠤᠳᠤᠷᠬᠠᠢ ᠳᠠᠩᠰᠠ︾ ᠶᠢ ᠨᠡᠶᠢᠲᠡᠯᠡᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠳᠠᠷᠤᠭᠠᠰᠤ ᠶᠢ ᠬᠥᠩᠭᠡᠷᠡᠭᠦᠯᠬᠦ ᠶᠢ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠪᠠ ᠰᠤᠷᠭᠠᠭᠤᠯᠢ ᠡᠬᠢᠯᠡᠬᠦ ᠪᠠᠶᠢᠴᠠᠭᠠᠯᠲᠠ ᠶᠢᠨ ᠴᠢᠬᠤᠯᠠ ᠠᠭᠤᠯᠭ᠎ᠠ ᠪᠣᠯᠭᠠᠨ᠎ᠠ ᠭᠡᠵᠦ ᠲᠣᠳᠣᠷᠬᠠᠶ ᠲᠣᠭᠲᠠᠭᠠᠪᠠ᠃ ᠬᠢᠨᠠᠨ ᠵᠢᠯᠣᠭᠤᠳᠤᠭᠰᠠᠨ ᠦᠷ᠎ᠡ ᠳ᠋ᠦᠩ ᠢ ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠬᠤ ᠪᠠᠭ ᠵᠢᠴᠢ ᠬᠤᠯᠪᠣᠭᠳᠠᠯ ᠪᠦᠬᠦᠢ ᠤᠳᠤᠷᠢᠳᠬᠤ ᠺᠠᠳ᠋ᠷ ᠢ ᠶᠡᠷᠦᠩᠬᠡᠶᠢᠯᠡᠨ ᠬᠢᠨᠠᠨ ᠰᠢᠯᠭᠠᠵᠤ ᠦᠨᠡᠯᠡᠬᠦ᠂ ᠱᠠᠩᠨᠠᠵᠤ ᠲᠣᠷᠭᠠᠬᠤ᠂ ᠲᠣᠮᠢᠯᠠᠬᠤ ᠪᠠ ᠪᠠᠭᠤᠯᠭᠠᠬᠤ ᠶᠢᠨ ᠴᠢᠬᠤᠯᠠ ᠯᠠᠪᠯᠠᠯᠲᠠ ᠪᠣᠯᠭᠠᠨ᠎ᠠ᠃       ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠳᠠᠷᠤᠭᠠᠰᠤ ᠶᠢ ᠬᠥᠩᠭᠡᠷᠡᠭᠦᠯᠬᠦ ᠳᠤᠳᠤᠷᠬᠠᠢ ᠲᠠᠩᠰᠠ︾ ᠨᠢ ᠰᠢᠮᠳᠠᠭᠤᠯᠣᠨ ᠪᠠᠶᠢᠴᠠᠭᠠᠬᠤ᠂ ᠪᠠᠶᠢᠴᠠᠭᠠᠬᠤ᠂ ᠠᠳᠠᠯᠢᠳᠬᠠᠨ ᠰᠢᠯᠭᠠᠷᠠᠭᠤᠯᠬᠤ᠂ ᠰᠢᠯᠭᠠᠨ ᠬᠢᠨᠠᠬᠤ᠂ ᠨᠡᠶᠢᠭᠡᠮ ᠤᠨ ᠬᠡᠷᠡᠭ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠬᠦᠰᠦᠨᠦᠭᠲᠦ ᠲᠠᠭᠯᠠᠨ ᠪᠦᠷᠢᠳᠬᠡᠬᠦ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠵᠢᠬᠡᠯᠡᠨ ᠬᠡᠷᠡᠭᠯᠡᠬᠦ ᠵᠢᠴᠢ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠠᠴᠠ ᠪᠣᠯᠤᠭᠰᠠᠨ ᠳᠠᠷᠤᠭᠠᠰᠤ ᠵᠡᠷᠭᠡ 5 ᠲᠠᠯ᠎ᠠ ᠶᠢᠨ 26 ᠵᠦᠢᠯ ᠤᠨ ᠳᠠᠷᠤᠭᠠᠰᠤ ᠶᠢ ᠬᠥᠩᠭᠡᠷᠡᠭᠦᠯᠬᠦ ᠪᠣᠳᠠᠲᠠᠶ ᠲᠣᠳᠣᠷᠬᠠᠶ ᠳᠠᠩᠰᠠ ᠶᠢ ᠵᠢᠭᠰᠠᠭᠠᠪᠠ᠃       ᠣᠶᠢᠯᠠᠭᠠᠭᠰᠠᠨ ᠢᠶᠠᠷ᠂ ᠮᠠᠨ ᠤ ᠣᠷᠣᠨ ᠤ ᠡᠯ᠎ᠡ ᠭᠠᠵᠠᠷ ᠤᠨ ᠬᠢᠨ ᠢ ᠲᠥᠪᠯᠡᠷᠡᠭᠦᠯᠦᠨ ᠴᠡᠪᠡᠷᠯᠡᠬᠦ ᠠᠵᠢᠯᠯᠠᠭ᠎ᠠ ᠥᠷᠨᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠪᠣᠯᠤᠨ ᠪᠠᠭᠰᠢ ᠶᠢ ᠰᠢᠮᠳᠠᠭᠤᠯᠣᠨ ᠪᠠᠶᠢᠴᠠᠭᠠᠬᠤ᠂ ᠪᠠᠶᠢᠴᠠᠭᠠᠬᠤ᠂ ᠠᠳᠠᠯᠢᠳᠬᠠᠨ ᠰᠢᠯᠭᠠᠷᠠᠭᠤᠯᠬᠤ᠂ ᠬᠢᠨᠠᠨ ᠰᠢᠯᠭᠠᠬᠤ ᠵᠦᠢᠯᠡᠰ ᠢ ᠣᠲᠣ ᠶᠢᠨ ᠰᠠᠭᠤᠷᠢᠨ ᠳᠡᠭᠡᠷ᠎ᠡ 50% ᠠᠴᠠ ᠢᠯᠡᠭᠦᠦ ᠬᠡᠮᠵᠢᠶ᠎ᠡ ᠪᠠᠷ ᠪᠠᠭᠠᠰᠬᠠᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ᠬᠤᠶᠢᠰᠢᠳᠠ ᠡᠯ᠎ᠡ ᠰᠠᠯᠠᠭ᠎ᠠ ᠮᠥᠴᠢᠷ ᠤᠨ ᠬᠢᠨ ᠳᠤᠮᠳᠠᠳᠤ ᠪᠠᠭ᠎ᠠ ᠰᠤᠷᠭᠠᠭᠤᠯᠢ ᠪᠠ ᠪᠠᠭᠰᠢ ᠨᠠᠷ ᠲᠤ ᠬᠤᠯᠪᠣᠭᠳᠠᠭᠰᠠᠨ ᠰᠢᠮᠳᠠᠭᠤᠯᠣᠨ ᠪᠠᠶᠢᠴᠠᠭᠠᠬᠤ ᠪᠠ ᠠᠳᠠᠯᠢᠳᠬᠠᠨ ᠰᠢᠯᠭᠠᠷᠠᠭᠤᠯᠬᠤ ᠬᠢᠨᠠᠨ ᠰᠢᠯᠭᠠᠬᠤ ᠵᠦᠢᠯᠡᠰ ᠢ ᠥᠷᠨᠢᠭᠦᠯᠬᠦ ᠳᠡᠭᠡᠨ᠂ ᠣᠨ ᠤ ᠲᠥᠯᠥᠪᠯᠡᠭᠡ ᠪᠣᠯᠤᠨ ᠬᠢᠨᠠᠨ ᠵᠥᠪᠰᠢᠶᠡᠷᠡᠵᠦ ᠮᠡᠳᠡᠭᠦᠯᠦᠨ ᠳᠠᠩᠰᠠᠯᠠᠭᠤᠯᠬᠤ ᠳᠦᠷᠢᠮ ᠢ ᠬᠡᠷᠡᠭᠵᠢᠭᠦᠯᠵᠦ᠂ ᠣᠨ ᠤ ᠲᠥᠯᠥᠪᠯᠡᠭᠡ ᠳᠤ ᠣᠷᠣᠭᠤᠯᠤᠭᠰᠠᠨ ᠦᠭᠡᠶ᠂ ᠬᠢᠨᠠᠨ ᠵᠥᠪᠰᠢᠶᠡᠷᠡᠭᠦᠯᠵᠦ ᠮᠡᠳᠡᠭᠦᠯᠦᠨ ᠳᠠᠩᠰᠠᠯᠠᠭᠤᠯᠤᠭᠰᠠᠨ ᠦᠭᠡᠶ ᠰᠢᠮᠳᠠᠭᠤᠯᠣᠨ ᠪᠠᠶᠢᠴᠠᠭᠠᠬᠤ᠂ ᠪᠠᠶᠢᠴᠠᠭᠠᠬᠤ᠂ ᠠᠳᠠᠯᠢᠳᠬᠠᠨ ᠰᠢᠯᠭᠠᠷᠠᠭᠤᠯᠬᠤ ᠬᠢᠨᠠᠨ ᠰᠢᠯᠭᠠᠬᠤ ᠵᠦᠢᠯᠡᠰ ᠢ ᠴᠥᠮ ᠥᠷᠨᠢᠭᠦᠯᠵᠦ ᠪᠣᠯᠬᠤ ᠦᠭᠡᠶ᠃ ᠳᠤᠮᠳᠠᠳᠤ ᠪᠠᠭ᠎ᠠ ᠰᠤᠷᠭᠠᠭᠤᠯᠢ ᠪᠣᠯᠤᠨ ᠪᠠᠭᠰᠢ ᠨᠠᠷ ᠤᠨ ᠬᠢᠨᠠᠨ ᠪᠠᠶᠢᠴᠠᠭᠠᠬᠤ ᠪᠠ ᠠᠳᠠᠯᠢᠳᠬᠠᠨ ᠰᠢᠯᠭᠠᠷᠠᠭᠤᠯᠬᠤ ᠤᠴᠢᠷ ᠶᠠᠪᠤᠳᠠᠯ ᠳᠤ ᠬᠤᠯᠪᠣᠭᠳᠠᠬᠤ ᠵᠦᠢᠯᠡᠰ ᠢ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠵᠦ᠂ ᠳᠢᠭ ᠵᠢᠷᠣᠮ ᠤᠨ ᠶᠣᠰᠣᠭᠠᠷ ᠮᠡᠳᠡᠭᠦᠯᠦᠨ ᠵᠥᠪᠰᠢᠶᠡᠷᠡᠭᠦᠯᠦᠨ᠎ᠡ᠂ ᠪᠤᠰᠤᠳ ᠰᠠᠯᠠᠭ᠎ᠠ ᠮᠥᠴᠢᠷ ᠥᠪᠡᠷ ᠢᠶᠠᠨ ᠳᠤᠬᠢᠷᠠᠭᠤᠯᠵᠤ ᠪᠣᠯᠬᠤ ᠦᠭᠡᠢ᠃ ᠡᠯ᠎ᠡ ᠭᠠᠵᠠᠷ ᠤᠨ ᠬᠢᠨ ᠠᠵᠢᠯ ᠤᠨ ᠦᠷ᠎ᠡ ᠪᠦᠲᠦᠮᠵᠢ ᠶᠢᠨ ᠲᠤᠬᠠᠶ ᠵᠥᠪ ᠦᠵᠡᠯᠲᠡ ᠶᠢ ᠪᠠᠷᠢᠮᠲᠠᠯᠠᠵᠤ᠂ ᠰᠤᠷᠭᠠᠭᠤᠯᠢ ᠳᠡᠪᠰᠢᠬᠦ ᠨᠣᠷᠮ᠎ᠠ ᠶᠢ ᠥᠷᠥᠭᠡᠰᠦᠭᠡᠯ ᠢᠶᠠᠷ ᠬᠥᠭᠡᠭᠡᠴᠡᠯᠳᠦᠬᠦ ᠬᠡᠯᠪᠡᠷᠢᠯ ᠢ ᠡᠷᠡᠰ ᠵᠠᠯᠠᠷᠠᠭᠤᠯᠵᠤ᠂ ᠰᠢᠮᠳᠠᠭᠤᠯᠣᠨ ᠪᠠᠶᠢᠴᠠᠭᠠᠬᠤ᠂ ᠪᠠᠶᠢᠴᠠᠭᠠᠬᠤ᠂ ᠠᠳᠠᠯᠢᠳᠬᠠᠨ ᠰᠢᠯᠭᠠᠷᠠᠭᠤᠯᠬᠤ᠂ ᠬᠢᠨᠠᠨ ᠰᠢᠯᠭᠠᠬᠤ ᠳᠠᠷᠤᠭᠠᠰᠤ ᠶᠢ ᠦᠨᠡᠨᠬᠦ ᠬᠥᠩᠭᠡᠷᠡᠭᠦᠯᠬᠦ ᠬᠡᠷᠡᠭᠲᠡᠶ ᠬᠡᠵᠡᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号