ᠠᠯᠠᠱᠠ ᠠᠶᠢᠮᠠᠭ ᠤᠨ ᠲᠡᠪᠰᠢᠬᠦᠯᠦᠭᠰᠡᠨ ᠪᠦᠵᠢᠭ ᠥᠪᠥᠷ ᠮᠣᠩᠭᠤᠯ ᠤᠨ ᠠᠷᠠᠳ ᠤᠨ ᠪᠥᠵᠢᠭ ᠤᠨ ᠤᠷᠤᠯᠳᠤᠭᠠᠨ ᠳᠤ ᠰᠢᠯᠢᠳᠡᠭ ᠬᠢᠷᠢ ᠪᠦᠲᠦᠮᠵᠢ ᠣᠯᠣᠯ᠎ᠠ
ᠨᠡᠶᠢᠲᠡᠯᠡᠭᠰᠡᠨ ᠴᠠᠭ᠄
2020/11/18
       ᠣᠶᠢᠷ᠎ᠠ ᠶᠢᠨ ᠡᠳᠦᠷ᠂ ᠠᠶᠢᠮᠠᠭ ᠤᠨ ᠣᠯᠠᠨ ᠲᠦᠮᠡᠨᠴᠢ ᠤᠷᠠᠯᠢᠭ ᠤᠨ ᠣᠷᠳᠣᠨ ᠠᠴᠠ ᠲᠡᠪᠰᠢᠬᠦᠯᠦᠭᠰᠡᠨ ᠪᠦᠵᠢᠭ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠠᠷᠠᠳ ᠤᠨ ᠪᠥᠵᠢᠭ ᠤᠨ ᠤᠷᠤᠯᠳᠤᠭᠠᠨ ᠤ ᠮᠡᠷᠭᠡᠵᠢᠯ ᠤᠨ ᠪᠤᠰᠤ ᠳᠤᠭᠤᠶᠢᠯᠠᠩ ᠤᠨ ᠲᠣᠭᠯᠠᠯᠲᠠ ᠶᠢᠨ ᠠᠯᠲᠠᠨ ᠮᠧᠳᠠᠯ᠂ ᠵᠣᠬᠢᠶᠠᠨ ᠪᠦᠲᠦᠭᠡᠯᠭᠡ ᠶᠢᠨ ᠮᠥᠩᠭᠦᠨ ᠱᠠᠩᠨᠠᠯ ᠢ ᠭᠥᠷᠳᠡᠭᠰᠡᠨ ᠪᠠᠶᠢᠨ᠎ᠠ᠃        ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠠᠷᠠᠳ ᠤᠨ ᠪᠥᠵᠢᠭ ᠤᠨ ᠤᠷᠤᠯᠳᠤᠭᠠᠨ ᠤᠢᠢᠷ᠎ᠠ ᠶᠢᠨ ᠡᠳᠦᠷ ᠬᠥᠬᠡᠬᠤᠲᠠ ᠳᠤ ᠶᠠᠪᠤᠭᠳᠠᠵᠦ᠂ ᠥᠪᠥᠷ ᠮᠣᠩᠭᠤᠯ ᠤᠨ 12 ᠠᠶᠢᠮᠠᠭ ᠬᠤᠲᠠ ᠵᠢᠴᠢ ᠰᠢᠨᠵᠢᠶᠠᠩ ᠵᠡᠷᠭᠡ ᠭᠠᠵᠠᠷ ᠤᠨ ᠲᠤᠰᠬᠠᠶ ᠮᠡᠷᠭᠡᠵᠢᠯ ᠤᠨ ᠤᠷᠠᠯᠢᠭ ᠤᠨ ᠪᠦᠯᠬᠦᠮ᠂ ᠤᠷᠠᠯᠢᠭ ᠤᠨ ᠳᠡᠭᠡᠳᠦ ᠰᠤᠷᠭᠠᠭᠤᠯᠢ᠂ ᠤᠯᠠᠭᠠᠨᠮᠥ᠋ᠴᠢᠷ᠂ ᠣᠯᠠᠨ ᠲᠦᠮᠡᠨᠴᠢ ᠤᠷᠠᠯᠢᠭ ᠤᠨ ᠣᠷᠳᠣᠨ᠂ ᠰᠣᠶᠣᠯ ᠤᠨ ᠣᠷᠳᠣᠨ᠂ ᠨᠡᠶᠢᠭᠡᠮ ᠲᠣᠭᠤᠷᠢᠭ᠂ ᠠᠵᠤ ᠠᠬᠤᠶᠢᠯᠠᠯ ᠠᠵᠢᠯ ᠦᠶᠯᠡᠰ ᠤᠨ ᠨᠢᠭᠡᠴᠡ ᠠᠴᠠ ᠲᠡᠪᠰᠢᠬᠦᠯᠦᠭᠰᠡᠨ 100 ᠰᠢᠯᠢᠳᠡᠭ ᠪᠥᠵᠢᠭ ᠤᠨ ᠪᠦᠲᠦᠭᠡᠯ ᠲᠣᠰ ᠲᠣᠰ ᠮᠡᠷᠭᠡᠵᠢᠯ ᠤᠨ ᠳᠤᠭᠤᠶᠢᠯᠠᠩ ᠪᠠ ᠮᠡᠷᠭᠡᠵᠢᠯ ᠤᠨ ᠪᠤᠰᠤ ᠳᠤᠭᠤᠶᠢᠯᠠᠩ ᠤᠨ ᠤᠷᠤᠯᠳᠤᠭᠠᠨ ᠳᠤ ᠣᠷᠣᠯᠴᠠᠪᠠ᠃ ᠮᠠᠨ ᠤ ᠠᠶᠢᠮᠠᠭ ᠤᠨ ᠲᠡᠪᠰᠢᠬᠦᠯᠦᠭᠰᠡᠨ ᠪᠦᠵᠢᠭ ᠨᠢ ᠠᠯᠠᠱᠠ ᠶᠢᠨ ᠮᠠᠯᠵᠢᠬᠤ ᠠᠮᠢᠳᠤᠷᠠᠯ ᠪᠤᠯᠤᠨ ᠠᠯᠠᠱᠠᠴᠤᠳ ᠤᠨ ᠠᠵᠢᠯᠴᠢ ᠬᠥᠳᠡᠯᠮᠦᠷᠢᠴᠢ᠂ ᠠᠰᠪᠤᠷ ᠴᠠᠭᠠᠪᠤᠷ ᠵᠠᠩ ᠴᠢᠨᠡᠷ ᠢ ᠢᠯᠡᠷᠡᠬᠦᠯᠬᠦ ᠶᠢᠨ ᠬᠠᠮᠲᠦ᠂ ᠵᠤᠬᠢᠶᠠᠨ ᠪᠦᠲᠦᠬᠡᠭᠴᠢ ᠠᠴᠠ ᠪᠠᠰᠠ ᠪᠠᠭ᠎ᠠ ᠨᠠᠰᠤᠨ ᠳᠠᠭᠠᠨ ᠠᠬᠠᠮᠠᠳ ᠤᠨ ᠢᠶᠠᠨ ᠬᠥᠳᠡᠯᠮᠦᠷᠢᠯᠡᠵᠦ ᠪᠠᠶᠢᠭᠰᠠᠨ ᠢ ᠡᠷᠭᠢᠴᠡᠭᠦᠯᠬᠦ ᠦᠵᠡᠭᠳᠡᠯ ᠢᠶᠠᠷ ᠠᠬᠠᠮᠠᠳ ᠦᠶ᠎ᠡ ᠶᠢᠨ ᠬᠢᠨ ᠪᠤᠯᠤᠨ ᠡᠬᠡ ᠤᠷᠤᠨ ᠢᠶᠠᠨ ᠮᠥᠷᠥᠭᠡᠳᠦᠨ ᠰᠠᠨᠠᠭᠠᠯᠵᠠᠵᠤ ᠪᠠᠶᠢᠬᠤ ᠰᠡᠳᠬᠢᠯ ᠢᠶᠠᠨ ᠢᠯᠡᠳᠬᠡᠭᠰᠡᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号