ᠰᠢᠮᠡᠳᠦ ᠬᠥᠷᠥᠰᠥᠨ ᠳᠤ ᠦᠨᠳᠦᠰᠦᠯᠡᠵᠦ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ ᠠᠷᠠᠳ ᠲᠦᠮᠡᠨ ᠳᠤ ᠦᠢᠯᠡᠴᠢᠯᠡᠬᠦ ᠳᠣᠯᠭᠤᠷ ᠵᠣᠷᠢᠯᠳᠠ ᠪᠠᠨ ᠦᠢᠯᠡᠳᠦᠯᠬᠡᠵᠢᠬᠦᠯᠦᠨ᠎ᠡ
ᠨᠡᠶᠢᠲᠡᠯᠡᠭᠰᠡᠨ ᠴᠠᠭ᠄
2020/11/24
       — ᠥᠪᠥᠷ ᠮᠣᠩᠭᠤᠯ ᠰᠢᠨ᠎ᠠ ᠴᠠᠭ ᠦᠶ᠎ᠡ ᠶᠢᠨ ᠤᠯᠠᠭᠠᠨᠮᠥ᠋ᠴᠢᠷ ᠤᠨ ᠦᠢᠯᠡᠰ ᠤᠨ ᠰᠢᠨ᠎ᠡ ᠶᠢ ᠡᠭᠦᠳᠬᠦ ᠬᠥᠭᠵᠢᠯᠳᠡ ᠶᠢ ᠠᠬᠢᠭᠤᠯᠤᠭᠰᠠᠨ ᠪᠣᠳᠠᠲᠤ ᠲᠡᠮᠳᠡᠭᠯᠡᠯ       11 ᠰᠠᠷ᠎ᠡ ᠶᠢᠨ 19 ᠤ ᠡᠳᠦᠷ ᠤᠨ ᠦᠳᠡ ᠶᠢᠨ ᠬᠤᠶᠢᠨ᠎ᠠ᠂ ᠨᠢᠭᠡᠨ ᠸᠢᠳᠢᠣ᠋ ᠰᠢᠩᠭᠡᠭᠡᠯᠲᠡ ᠰᠦᠯᠵᠢᠶᠡᠨ ᠠᠨᠳᠠ ᠨᠠᠷ ᠤᠨ ᠠᠩᠬᠠᠷᠤᠯ ᠢ ᠳᠠᠳᠠᠵᠦ ᠬᠠᠯᠠᠭᠤᠨ ᠳᠤᠰᠬᠠᠯ ᠭᠠᠷᠪᠠ᠃ ᠲᠤᠰ ᠡᠳᠦᠷ ᠦᠪᠦᠷ ᠮᠤᠩᠭᠤᠯ ᠤᠨ ᠵᠡᠬᠦᠨ ᠬᠡᠰᠡᠭ ᠢᠶᠠᠷ ᠶᠡᠭᠡ ᠴᠠᠰᠦ ᠤᠷᠤᠭᠰᠠᠨ ᠠᠴᠠ ᠵᠠᠮ ᠬᠠᠭᠠᠭᠳᠠᠵᠦ᠂ ᠪᠤᠭᠤᠲᠤ ᠠᠴᠠ ᠤᠯᠠᠭᠠᠨᠬᠠᠳᠠ ᠬᠦᠷᠬᠦ ᠠᠶᠠᠨᠴᠢᠳ ᠤᠨ ᠭᠠᠯᠲᠤ ᠲᠡᠷᠭᠡ 8 ᠴᠠᠭ ᠭᠠᠷᠤᠢ ᠤᠷᠦ᠋ᠢᠳᠠᠵᠠᠢ᠃ ᠭᠡᠲᠡᠯ᠎ᠡ ᠸᠢᠳᠢᠣ᠋ ᠳᠤ ᠭᠠᠷᠴᠤ ᠪᠠᠶᠢᠭ᠎ᠠ ᠡᠨᠡ ᠡᠭᠡᠯᠵᠢ ᠶᠢᠨ ᠭᠠᠯᠲᠤ ᠲᠡᠷᠭᠡᠨ ᠤ ᠠᠶᠠᠨᠴᠢᠳ ᠲᠤ ᠬᠠᠷᠢᠨ ᠪᠤᠬᠢᠨᠢᠳᠤᠭᠰᠠᠨ ᠪᠠᠶᠢᠳᠠᠯ ᠠᠯᠠᠭ᠎ᠠ᠂ ᠣᠯᠠᠨ ᠢᠶᠠᠷ ᠢᠶᠠᠨ ᠭᠠᠷ ᠤᠲᠠᠰᠤ ᠪᠠᠨ ᠳᠡᠭᠡᠷ᠎ᠡ ᠡᠷᠭᠦᠵᠡᠭᠡᠵᠦ᠂ ᠲᠤᠬᠠᠶ ᠶᠢᠨ ᠲᠠᠯᠠᠪᠠᠢ ᠳᠤ ᠬᠥᠭᠵᠢᠮᠳᠡᠵᠦ ᠪᠠᠶᠢᠭ᠎ᠠ 3 ᠵᠠᠯᠠᠭᠤ ᠶᠢ ᠳᠤᠭᠤᠢᠢᠯᠠᠨ ᠵᠤᠭᠰᠤᠵᠠᠭᠠᠵᠦ᠂ ᠰᠤᠨᠤᠷ ᠪᠠᠶᠠᠰᠬᠠᠭᠰᠠᠨ ︽ᠬᠥᠩᠭᠡᠨ ᠮᠣᠷᠢᠲᠤ ᠴᠡᠷᠢᠭ︾ ᠢ ᠰᠤᠨᠢᠷᠬᠠᠵᠦ ᠰᠣᠭᠲᠣᠭᠤᠷᠠᠨ᠎ᠠ᠃ ᠤᠤᠯ ᠨᠢ ᠣᠷᠳᠣᠰ ᠬᠤᠲᠠ ᠶᠢᠨ ᠳᠠᠯᠠᠳ ᠬᠤᠰᠢᠭᠤᠨ ᠤ ᠤᠯᠠᠭᠠᠨᠮᠥ᠋ᠴᠢᠷ ᠤᠨ ᠡᠨᠡ 3 ᠵᠠᠯᠠᠭᠤ ᠭᠠᠯᠲᠤ ᠲᠡᠷᠭᠡ ᠤᠷᠦ᠋ᠢᠲᠠᠭᠰᠠᠠ ᠠᠴᠠ ᠪᠣᠯᠵᠤ᠂ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠬᠤᠭᠤᠴᠠᠭᠠᠨ ᠤ ᠤᠯᠠᠭᠠᠨᠮᠥ᠋ᠴᠢᠷ ᠤᠨ ᠰᠢᠨ᠎ᠡ ᠬᠥᠮᠦᠨ ᠤ ᠰᠢᠨ᠎ᠡ ᠪᠦᠲᠦᠭᠡᠯ ᠤᠨ ᠤᠷᠤᠯᠳᠤᠭᠠᠨ ᠠᠴᠠ ᠬᠤᠴᠤᠷᠤᠬᠰᠠᠠ ᠴᠤ᠂ ᠣᠯᠠᠨ ᠤ ᠤᠢᠢᠳᠬᠠᠷ ᠪᠤᠬᠢᠨᠢᠳᠤᠯ ᠢ ᠲᠠᠶᠢᠯᠬᠤ ᠶᠢᠨ ᠲᠤᠰᠠᠳᠠ ᠤᠷᠤᠯᠳᠤᠭᠠᠨ ᠳᠤ ᠣᠷᠣᠯᠴᠠᠬᠤ ᠪᠠᠷ ᠪᠡᠯᠡᠳᠭᠡᠭᠰᠡᠨ ᠠᠶ᠎ᠠ ᠬᠦᠭᠵᠢᠮ ᠢᠶᠠᠨ ᠠᠶᠠᠨ ᠤ ᠬᠠᠨᠢᠲᠠᠳ ᠲᠠᠭᠠᠨ ᠡᠷᠭᠦᠭᠰᠡᠨ ᠨᠢ ᠡᠨᠠ ᠪᠠᠶᠢᠵᠠᠢ᠃       ︽ᠤᠯᠠᠭᠠᠨᠮᠥ᠋ᠴᠢᠷ ᠤᠨ ᠬᠢᠨ ᠤ ᠪᠢᠳᠡᠨ ᠳᠤ ᠤᠯᠭᠤᠭᠰᠠᠨ ᠡᠨᠡᠬᠦ ᠰᠡᠳᠬᠢᠯ ᠳᠤᠭᠳᠤᠯᠤᠭᠤᠯᠤᠮ᠎ᠠ ᠴᠠᠭ ᠮᠥᠴᠡ ᠶᠢ ᠬᠤᠷᠳᠤᠨ ᠬᠤᠪᠢᠶᠠᠯᠴᠠᠶ᠎ᠠ︕︾ ︽ᠨᠢᠯᠪᠤᠰᠤ ᠠᠰᠬᠠᠷᠠᠯ᠎ᠠ︕ 3 ᠵᠢᠪᠬᠤᠭᠠᠯᠢᠭ ᠤᠯᠠᠭᠠᠨᠮᠥ᠋ᠴᠢᠷ ᠤᠨ ᠭᠡᠰᠢᠭᠦᠨ︕︾᠂ ︽ᠤᠯᠠᠭᠠᠨᠮᠥ᠋ᠴᠢᠷ ᠡᠶᠢᠮᠦ ᠯᠠ ᠪᠠᠶᠢᠬᠤ ᠶᠤᠰᠤᠳᠠᠢ︕︾ ᠭᠡᠵᠦ ᠰᠦᠯᠵᠢᠶᠡᠨ ᠠᠨᠳᠠ ᠨᠠᠷ ᠪᠢᠴᠢᠭᠡᠰᠦ ᠦᠯᠡᠳᠡᠭᠡᠵᠡᠢ ᠁ ᠠᠷᠠᠳ ᠲᠦᠮᠡᠨ ᠬᠠᠮᠢᠭ᠎ᠠ ᠪᠠᠶᠢᠪᠠᠯ᠂ ᠤᠷᠠᠯᠢᠭ ᠤᠨ ᠲᠠᠶᠢᠰᠠ ᠲᠡᠨᠳᠡ ᠪᠠᠶᠢᠬᠤ ᠶᠤᠰᠤᠳᠠᠢ︔ ᠬᠠᠮᠢᠭ᠎ᠠ ᠬᠡᠷᠡᠭᠴᠡᠭᠡ ᠲᠠᠢ ᠪᠣᠯ ᠲᠣᠭᠯᠠᠯᠲᠠ ᠶᠢ ᠲᠡᠨᠳᠡ ᠨᠢ ᠬᠦᠷᠭᠡᠵᠦ ᠥᠭᠭᠦᠨ᠎ᠡ — ᠡᠨᠡ ᠪᠣᠯ ᠥᠪᠥᠷ ᠮᠣᠩᠭᠤᠯ ᠤᠨ ᠥᠷᠭᠡᠨ ᠤᠯᠠᠨ ᠤᠯᠠᠭᠠᠨᠮᠥ᠋ᠴᠢᠷ ᠤᠨ ᠭᠡᠰᠢᠭᠦᠳ ᠤᠨ 60 ᠭᠠᠷᠤᠢ ᠵᠢᠯ ᠤᠨ ᠲᠤᠷᠰᠢᠬᠢ ᠬᠤᠪᠢᠷᠠᠰᠢ ᠦᠭᠡᠢ ᠳᠣᠯᠭᠤᠷ ᠵᠣᠷᠢᠯᠳᠠ ᠪᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ ᠪᠠᠶᠢᠭ᠎ᠠ ᠶᠠᠪᠤᠳᠠᠯ ᠪᠣᠯᠤᠨ᠎ᠠ᠃       ︽ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ ᠢ ᠶᠡᠭᠡ ᠪᠠᠷ ᠪᠠᠳᠠᠷᠠᠭᠤᠯᠤᠨ᠂ ᠠᠮᠢᠳᠤᠷᠠᠯ ᠤᠨ ᠰᠢᠮᠡᠯᠢᠭ ᠬᠥᠷᠥᠰᠥᠨ ᠳᠤ ᠦᠨᠳᠦᠰᠦᠯᠡᠵᠤ᠂ ᠮᠠᠯᠴᠢᠨ ᠲᠦᠮᠡᠨ ᠳᠤ ᠦᠢᠯᠡᠴᠢᠯᠡᠵᠦ᠂ ᠤᠳᠬ᠎ᠠ ᠤᠷᠠᠯᠢᠭ ᠤᠨ ᠰᠢᠨ᠎ᠡ ᠡᠭᠦᠳᠤᠯᠳᠠ ᠶᠢ ᠠᠬᠢᠭᠤᠯᠵᠤ᠂ ᠤᠯᠠᠨ ᠲᠦᠮᠡᠨ ᠲᠠᠢ ᠣᠶᠢᠷᠠᠲᠤᠭᠰᠠᠨ᠂ ᠤᠯᠠᠨ ᠲᠦᠮᠡᠨ ᠤ ᠲᠤᠮᠳᠠ ᠲᠡᠯᠬᠡᠷᠡᠵᠤ ᠲᠠᠭᠠᠰᠢᠶᠠᠭᠳᠠᠭᠰᠠᠨ ᠰᠢᠯᠢᠳᠡᠭ ᠪᠦᠲᠦᠭᠡᠯ ᠢ ᠨᠡᠩ ᠤᠯᠠᠨ ᠵᠣᠬᠢᠶᠠᠨ ᠪᠦᠲᠦᠭᠡᠬᠦ ᠪᠠᠷ ᠴᠢᠷᠮᠠᠶᠢᠵᠤ᠂ ᠥᠨᠢ ᠡᠭᠦᠷᠢᠳᠡ ᠲᠠᠯ᠎ᠠ ᠨᠤᠲᠤᠭ ᠤᠨ ︿ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ﹀ ᠪᠤᠯᠰᠤᠭᠠᠢ︾᠃       ᠶᠡᠷᠦᠩᠬᠡᠶ ᠱᠦᠵᠢ ᠰᠢ ᠶᠢᠨ ᠫᠢᠩ ᠤᠨ 2017 ᠣᠨ ᠤ 11 ᠰᠠᠷ᠎ᠡ ᠶᠢᠨ 21 ᠤ ᠡᠳᠦᠷ ᠤᠯᠠᠭᠠᠨᠮᠥ᠋ᠴᠢᠷ ᠤᠨ ᠭᠡᠰᠢᠭᠦᠳ ᠲᠤ ᠬᠠᠷᠢᠭᠤ ᠵᠠᠬᠢᠳᠠᠯ ᠢᠯᠡᠭᠡᠬᠦ ᠳᠤ ᠲᠠᠯᠪᠢᠭᠰᠠᠨ ᠬᠦᠨᠳᠤ ᠨᠠᠶᠢᠳᠠᠯᠭ᠎ᠠ ᠨᠢ ᠰᠢᠨ᠎ᠠ ᠴᠠᠭ ᠦᠶ᠎ᠠ ᠶᠢᠨ ᠤᠯᠠᠭᠠᠨᠮᠥ᠋ᠴᠢᠷ ᠤᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠢᠮᠡᠯᠢᠭ ᠬᠥᠷᠥᠰᠥᠨ ᠳᠤ ᠦᠨᠳᠦᠰᠦᠯᠠᠵᠦ᠂ ᠳᠣᠯᠭᠤᠷ ᠵᠣᠷᠢᠯᠳᠠ ᠪᠠᠨ ᠥᠯᠥ ᠮᠠᠷᠲᠠᠨ᠂ ᠠᠷᠠᠳ ᠲᠦᠮᠡᠨ ᠳᠤ ᠦᠢᠯᠡᠴᠢᠯᠡᠬᠦ ᠶᠢ ᠨᠢ ᠵᠤᠷᠢᠬᠵᠢᠭᠤᠯᠤᠭᠰᠠᠭᠠᠷ ᠪᠤᠢ᠃       ᠪᠦᠷᠢᠳᠬᠡᠯ  ᠢ ᠦᠨᠳᠦᠰᠦᠯᠡᠪᠡᠯ᠂ ᠪᠥᠬᠦ ᠣᠷᠣᠨ  ᠤ 75 ᠤᠯᠠᠭᠠᠨᠮᠥ᠋ᠴᠢᠷ᠂ 3000 ᠭᠠᠷᠤᠢ ᠭᠡᠰᠢᠬᠦᠨ ᠵᠢᠯ ᠪᠦᠷᠢ 7000 ᠭᠠᠷᠤᠶ ᠲᠠᠯᠠᠪᠠᠶ ᠲᠣᠭᠯᠠᠯᠲᠠ ᠭᠠᠷᠭᠠᠵᠤ ᠪᠠᠶᠢᠨ᠎ᠠ᠃ ᠤᠯᠠᠭᠠᠨᠮᠥ᠋ᠴᠢᠷ  ᠨᠢ ᠨᠢᠭᠡᠨᠳᠡ ᠥᠪᠥᠷ ᠮᠣᠩᠭᠤᠯ  ᠤᠨ ᠲᠠᠯ᠎ᠠ ᠨᠤᠲᠤᠭ  ᠤᠨ ᠨᠢᠭᠡᠨ ᠬᠠᠮᠤᠭ  ᠤᠨ ᠦᠵᠡᠰᠬᠦᠯᠡᠩᠲᠦ ᠰᠠᠶᠢᠬᠠᠨ ᠦᠵᠡᠮᠵᠢ ᠪᠣᠯᠤᠭᠰᠠᠨ ᠪᠠᠶᠢᠨ᠎ᠠ᠃       ᠶᠡᠷᠦᠩᠬᠡᠶ ᠱᠦᠵᠢ ᠰᠢ ᠶᠢᠨ ᠫᠢᠩ ᠤᠨ ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠤᠨ ᠭᠡᠰᠢᠭᠦᠳ ᠲᠤ ᠢᠯᠡᠭᠡᠭᠰᠡᠨ ᠬᠠᠷᠢᠭᠤ ᠵᠠᠬᠢᠳᠠᠯ ᠨᠢ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠬᠤ᠂ ᠦᠨᠳᠦᠰᠦᠲᠡᠨ ᠤ ᠰᠣᠶᠣᠯ ᠤᠨ ᠬᠦᠴᠦᠷᠬᠡᠭ ᠣᠷᠣᠨ ᠢ ᠪᠥᠲᠥᠭᠡᠨ ᠪᠠᠶᠢᠭᠤᠯᠬᠤ ᠳᠤ ᠦᠨᠳᠦᠰᠦᠨ ᠵᠢᠷᠤᠮᠯᠠᠯ ᠬᠠᠩᠭᠠᠪᠠ᠃ 3 ᠵᠢᠯ ᠤᠨ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠠᠯᠢ ᠣᠯᠠᠨ ᠳᠡᠮᠵᠢᠬᠦ ᠲᠥᠷᠥ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠵᠦ᠂ ᠤᠯᠠᠭᠠᠨᠮᠥ᠋ᠴᠢᠷ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠡᠭᠡᠳᠦ ᠳᠡᠰ ᠤᠨ ᠲᠥᠯᠥᠪᠯᠡᠭᠡ ᠶᠢ ᠴᠢᠩᠭᠠᠳᠬᠠᠠ᠂ ᠪᠡᠯᠡ ᠣᠷᠣᠭᠤᠯᠤᠯᠲᠠ ᠶᠢᠨ ᠡᠷᠴᠢᠮ ᠢᠶᠠᠨ ᠪᠦᠬᠦ ᠲᠠᠯ᠎ᠠ ᠪᠠᠷ ᠴᠢᠩᠭᠠᠷᠠᠭᠤᠯᠵᠤ᠂ ᠤᠯᠠᠭᠠᠨᠮᠥ᠋ᠴᠢᠷ ᠤᠨ ᠦᠢᠯᠡᠰ ᠤᠨ ᠬᠦᠭᠵᠢᠯᠳᠡ ᠳᠤ ᠵᠠᠮ ᠨᠡᠭᠡᠭᠡᠨ ᠪᠠᠲᠤᠯᠠᠭ᠎ᠠ ᠬᠠᠩᠭᠠᠵᠠᠢ᠃       — ︽ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠳᠣᠣᠱᠯᠠᠭᠤᠯᠣᠨ ᠨᠠᠶᠢᠳᠠᠪᠤᠷᠢᠵᠢᠭᠤᠯᠵᠤ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠲᠤᠬᠠᠶ ᠰᠠᠨᠠᠯ︾ ᠢ ᠨᠡᠶᠢᠲᠡᠯᠡᠵᠦ᠂ ︽ᠪᠥᠬᠦ ᠣᠷᠣᠨ ᠤ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢᠨ ᠳᠤᠮᠳᠠ ᠣᠷᠳᠣ ᠬᠤᠭᠤᠴᠠᠭᠠᠨ ᠤ ᠲᠥᠯᠥᠪᠵᠢᠭᠦᠯᠭᠡ ︵2018 — 2025︶︾ ᠶᠢ ᠰᠤᠳᠤᠯᠤᠨ ᠲᠣᠭᠲᠠᠭᠠᠵᠠᠢ︔       — ᠤᠯᠠᠭᠠᠨᠮᠥ᠋ᠴᠢᠷ ᠤᠨ ᠬᠠᠤᠯᠢ ᠲᠣᠭᠲᠠᠭᠠᠬᠤ ᠠᠵᠢᠯ ᠢ ᠪᠥᠬᠦ ᠲᠠᠯ᠎ᠠ ᠪᠠᠷ ᠠᠬᠢᠭᠤᠯᠵᠤ᠂ 2019 ᠣᠨ ᠤ 11 ᠰᠠᠷ᠎ᠡ ᠶᠢᠨ 1 ᠤ ᠡᠳᠦᠷ ᠠᠴᠠ ᠡᠬᠢᠯᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠲᠦᠷᠢᠮ︾ ᠢ ᠵᠢᠩᠬᠢᠨᠢ ᠪᠠᠷ ᠬᠡᠷᠡᠭᠵᠢᠭᠦᠯᠵᠠᠢ︔       — ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠬᠢᠨᠠᠨ ᠰᠢᠯᠭᠠᠵᠤ ᠦᠨᠡᠯᠡᠨ ᠵᠢᠱᠢᠬᠦ ᠬᠠᠮᠢᠶᠠᠷᠤᠯᠲᠠ ᠶᠢᠨ ᠠᠷᠭ᠎ᠠ︾ ᠳᠤ ᠳᠠᠬᠢᠨ ᠵᠠᠰᠠᠪᠤᠷᠢ ᠣᠷᠣᠭᠤᠯᠵᠤ᠂ ᠤᠯᠠᠭᠠᠨᠮᠥ᠋ᠴᠢᠷ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠂ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ᠂ ᠲᠤᠬᠠᠶᠢᠯᠠᠭᠰᠠᠨ ᠠᠵᠢᠯ᠂ ᠥᠭᠡᠷᠡᠴᠢᠯᠡᠯᠲᠡ ᠬᠥᠭᠵᠢᠯᠲᠡ ᠵᠡᠷᠭᠡ ᠳᠤ ᠦᠨᠡᠯᠡᠨ ᠵᠢᠱᠢᠬᠦ ᠪᠠᠷᠢᠮᠵᠢᠶ᠎ᠠ ᠶᠢ ᠨᠠᠷᠢᠨ ᠲᠣᠭᠲᠠᠭᠠᠵᠤ᠂ ᠲᠥᠷᠥᠯ ᠬᠤᠪᠢᠶᠠᠨ ᠵᠢᠯᠣᠭᠤᠳᠬᠤ ᠪᠠ ᠬᠥᠳᠡᠯᠦᠩᠭᠦᠶ ᠬᠠᠮᠢᠶᠠᠷᠤᠯᠲᠠ ᠬᠢᠵᠠᠢ︔       — ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ ᠲᠡᠭᠦᠯᠳᠡᠷᠵᠢᠭᠦᠯᠵᠦ᠂ ᠪᠦᠬᠦ ᠣᠷᠣᠨ ᠤ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢᠨ ᠲᠤᠰᠬᠠᠢ ᠵᠠᠷᠤᠳᠠᠯ ᠮᠦᠩᠬᠦ ᠭᠠᠷᠭᠠᠵᠦ᠂ ᠤᠷᠢᠳ ᠬᠤᠵᠢᠳ ᠪᠦᠬᠦ ᠣᠷᠣᠨ ᠤ 75 ᠤᠯᠠᠭᠠᠨᠮᠥ᠋ᠴᠢᠷ ᠲᠤ ᠲᠣᠭᠯᠠᠯᠲᠠ ᠶᠢᠨ ᠲᠣᠮᠣ ᠰᠠᠭᠤᠳᠠᠯ ᠤᠨ ᠮᠠᠰᠢᠨ ᠪᠠ ᠺᠢᠨᠣ᠋ ᠭᠠᠷᠭᠠᠬᠤ ᠰᠢᠯᠵᠢᠮᠡᠯ ᠮᠠᠰᠢᠨ ᠢ ᠲᠣᠬᠢᠷᠠᠭᠤᠯᠵᠠᠢ᠃ 32 ᠶᠠᠳᠠᠭᠤ ᠬᠦᠴᠢᠷᠳᠡᠯᠲᠡᠶ ᠬᠤᠰᠢᠭᠤ ᠰᠢᠶᠠᠨ᠂ ᠬᠢᠯᠢ ᠬᠢᠵᠠᠭᠠᠷ ᠤᠨ ᠬᠤᠰᠢᠭᠤ ᠰᠢᠶᠠᠨ ᠤ ᠤᠯᠠᠭᠠᠨᠮᠥ᠋ᠴᠢᠷ ᠲᠤ ᠲᠣᠭᠯᠠᠯᠲᠠ ᠭᠠᠷᠭᠠᠬᠤ ᠳᠤᠮᠳᠠ ᠵᠡᠷᠭᠡ ᠶᠢᠨ ᠰᠠᠭᠤᠳᠠᠯ ᠤᠨ ᠮᠠᠰᠢᠨ ᠢ ᠳᠣᠭᠢᠷᠠᠭᠤᠯᠪᠠ᠃       ᠤᠯᠠᠭᠠᠨᠮᠥ᠋ᠴᠢᠷ ᠤᠨ ᠳᠣᠲᠣᠭᠠᠳᠤ ᠬᠥᠳᠡᠯᠭᠡᠬᠦ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠶᠢᠨ ᠲᠥᠯᠥᠭᠡ᠂ ᠮᠠᠨ ᠤ ᠣᠷᠣᠨ ᠳᠣᠲᠣᠭᠠᠳᠤ ᠶᠢᠨ ᠠᠵᠢᠯᠯᠠᠭᠠᠨ ᠤ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠤᠯᠠᠭᠠᠨᠮᠥ᠋ᠴᠢᠷ ᠤᠨ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠶᠢ ᠠᠬᠢᠭᠤᠯᠪᠠ᠃ ᠡᠭᠦᠷᠭᠡ ᠴᠢᠳᠠᠪᠬᠢ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ᠂ ᠪᠥᠬᠦ ᠣᠷᠣᠨ ᠤ 75 ᠤᠯᠠᠭᠠᠨᠮᠥ᠋ᠴᠢᠷ ᠢ ᠨᠡᠶᠢᠲᠡ  ᠳᠤ ᠠᠰᠢᠭ ᠬᠦᠷᠳᠡᠭᠡᠬᠦ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠬᠡᠴᠡ ᠪᠣᠯᠭᠠᠨ ᠲᠣᠳᠣᠷᠬᠠᠶᠢᠯᠠᠪᠠ︔ ᠠᠵᠢᠯᠲᠠᠨ ᠤ ᠶᠠᠪᠤᠳᠠᠯ ᠪᠠ ᠴᠠᠯᠢᠩ ᠬᠥᠯᠥᠰᠥ ᠶᠢᠨ ᠥᠭᠡᠷᠡᠴᠢᠯᠡᠯᠲᠡ ᠶᠢ ᠠᠬᠢᠭᠤᠯᠵᠤ᠂ ᠲᠡᠷᠡᠴᠢᠯᠡᠨ ᠪᠥᠬᠦ ᠣᠷᠣᠨ ᠳᠤ 12 ᠤᠯᠠᠭᠠᠨᠮᠥ᠋ᠴᠢᠷ ᠤᠨ ᠠᠵᠢᠯᠲᠠᠨ ᠤ ᠶᠠᠪᠤᠳᠠᠯ᠂ ᠴᠠᠯᠢᠩ ᠬᠥᠯᠥᠰᠥ᠂ ᠴᠢᠳᠠᠪᠤᠷᠢᠲᠠᠨ ᠤ ᠲᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠲᠣᠭᠲᠠᠭᠠᠵᠤ᠂ ᠤᠯᠠᠭᠠᠨᠮᠥ᠋ᠴᠢᠷ ᠲᠤ ᠡᠷᠡᠭᠦᠯ ᠪᠥᠭᠡᠳ ᠡᠮᠬᠢ ᠵᠢᠷᠤᠮ ᠲᠠᠢ ᠬᠦᠭᠵᠢᠨ ᠪᠤᠶᠢᠵᠢᠬᠤ ᠣᠷᠴᠢᠨ ᠢ ᠬᠠᠩᠭᠠᠵᠠᠢ᠃       2018 ᠣᠨ ᠳᠤ ᠪᠥᠬᠦ ᠣᠷᠣᠨ ᠤ ᠤᠯᠠᠭᠠᠨᠮᠥ᠋ᠴᠢᠷ ᠤᠨ ᠳᠠᠷᠤᠭ᠎ᠠ ᠶᠢᠨ ᠪᠣᠯᠪᠠᠰᠤᠷᠠᠯ ᠤᠨ ᠠᠩᠭᠢ᠂ ᠤᠯᠠᠭᠠᠨᠮᠥ᠋ᠴᠢᠷ ᠤᠨ ᠮᠣᠩᠭᠤᠯ ᠬᠢᠲᠠᠳ ᠪᠥᠵᠢᠭ ᠤᠨ ᠲᠠᠶᠢᠰᠠᠨ ᠤ ᠤᠷᠠᠯᠢᠭ ᠤᠨ ᠵᠣᠬᠢᠶᠠᠨ ᠪᠦᠲᠦᠭᠡᠯᠭᠡ ᠶᠢᠨ ᠪᠣᠯᠪᠠᠰᠤᠷᠠᠯ ᠤᠨ ᠠᠩᠭᠢ ᠵᠡᠷᠭᠡ ᠶᠢ ᠵᠠᠯᠭᠠᠭ᠎ᠠ ᠪᠠᠷ ᠡᠷᠭᠢᠯᠡᠵᠦ᠂ ᠲᠦᠩᠯᠢᠶᠣᠤ᠂ ᠰᠢᠯᠢ ᠶᠢᠨ ᠭᠤᠤᠯ᠂ ᠣᠷᠳᠣᠰ ᠲᠤ ᠪᠠᠶᠢᠷᠢᠯᠠᠭᠰᠠᠨ ᠤᠯᠠᠭᠠᠨᠮᠥ᠋ᠴᠢᠷ ᠤᠨ ᠭᠡᠰᠢᠭᠦᠳ ᠤᠨ ᠪᠣᠯᠪᠠᠰᠤᠷᠠᠯ ᠤᠨ ᠰᠠᠭᠤᠷᠢᠨ ᠢ ᠵᠠᠯᠭᠠᠭ᠎ᠠ ᠪᠠᠷ ᠪᠠᠶᠢᠭᠤᠯᠪᠠ᠃ ᠪᠥᠬᠦ ᠣᠷᠣᠨ ᠤ ᠤᠯᠠᠭᠠᠨᠮᠥ᠋ᠴᠢᠷ ᠤᠨ ᠭᠡᠰᠢᠭᠦᠳ ᠪᠣᠯᠪᠠᠰᠤᠷᠠᠯ ᠤᠨ ᠰᠠᠭᠤᠷᠢᠨ ᠳᠤ ᠡᠭᠡᠯᠵᠢᠯᠡᠨ ᠪᠣᠯᠪᠠᠰᠤᠷᠠᠯ ᠬᠦᠷᠲᠡᠵᠦ ᠪᠤᠢ᠃ 2019 ᠣᠨ ᠳᠤ ᠪᠥᠬᠦ ᠣᠷᠣᠨ ᠤ ᠤᠯᠠᠭᠠᠨᠮᠥ᠋ᠴᠢᠷ ᠤᠨ ᠦᠨᠳᠦᠰᠦᠲᠡᠨ ᠤ ᠬᠥᠭᠵᠢᠮ ᠤᠨ ᠪᠣᠯᠪᠠᠰᠤᠷᠠᠯ ᠤᠨ ᠠᠩᠭᠢ᠂ ᠪᠥᠵᠢᠭ ᠤᠨ ᠨᠠᠶᠢᠷᠠᠭᠤᠯᠤᠨ ᠵᠢᠯᠣᠭᠤᠳᠬᠤ ᠪᠣᠯᠪᠠᠰᠤᠷᠠᠯ ᠤᠨ ᠠᠩᠭᠢ᠂ ᠭᠢᠯᠪᠢᠭᠡᠨ ᠵᠦᠴᠦᠭᠡ ᠶᠢᠨ ᠲᠣᠭᠯᠠᠯᠲᠠ ᠶᠢᠨ ᠴᠢᠳᠠᠪᠤᠷᠢᠲᠠᠨ ᠤ ᠪᠣᠯᠪᠠᠰᠤᠷᠠᠯ ᠤᠨ ᠠᠩᠭᠢ ᠵᠡᠷᠭᠡ ᠶᠢ ᠡᠷᠬᠢᠯᠡᠭᠰᠡᠨ ᠨᠢ ᠤᠯᠠᠭᠠᠨᠮᠥ᠋ᠴᠢᠷ ᠲᠤ ᠲᠠᠰᠤᠷᠠᠯᠲᠠ ᠥᠬᠡᠶ ᠰᠢᠮ᠎ᠠ ᠲᠡᠵᠢᠭᠡᠯ ᠬᠦᠷᠳᠡᠭᠡᠵᠦ᠂ ᠲᠤᠰᠬᠠᠶ ᠮᠡᠷᠭᠡᠵᠢᠯ ᠤᠨ ᠲᠠᠶᠢᠯᠪᠤᠷᠢᠯᠠᠯᠲᠠ ᠪᠠ ᠰᠢᠰᠲ᠋ᠧᠮ ᠲᠠᠢ ᠵᠢᠯᠣᠭᠤᠳᠤᠯᠭ᠎ᠠ ᠨᠢ ᠤᠯᠠᠭᠠᠨᠮᠦ᠋ᠴᠢᠷ ᠤᠨ ᠭᠡᠰᠢᠬᠦᠳ ᠤᠨ ᠵᠣᠬᠢᠶᠠᠨ ᠪᠦᠲᠦᠭᠡᠬᠦ ᠰᠡᠳᠬᠢᠬᠦᠢ ᠶᠢ ᠨᠡᠭᠡᠭᠡᠵᠦ ᠥᠭᠴᠡᠶ᠃ 2020 ᠣᠨ ᠳᠤ ᠪᠦᠬᠦ ᠣᠷᠣᠨ ᠤ ᠤᠯᠠᠭᠠᠨᠮᠥ᠋ᠴᠢᠷ ᠤᠨ ᠰᠢᠨ᠎ᠠ ᠵᠠᠭᠤᠴᠢᠯᠠᠭᠤᠷ ᠤᠨ ᠬᠡᠷᠡᠭᠯᠡᠭᠡᠨ ᠤ ᠪᠣᠯᠪᠠᠰᠤᠷᠠᠯ ᠤᠨ ᠠᠩᠭᠢ ᠶᠠᠭ ᠡᠬᠢᠯᠡᠬᠦ ᠪᠠᠷ ᠪᠤᠯᠵᠤ᠂ ᠡᠨᠡ ᠨᠢ ᠰᠢᠨ᠎ᠠ ᠵᠠᠭᠤᠴᠢᠯᠠᠭᠤᠷ ᠤᠨ ᠴᠠᠭ ᠦᠶ᠎ᠠ ᠳᠤ ᠠᠷᠠᠳ ᠣᠯᠠᠨ ᠤ ᠣᠯᠠᠨ ᠶᠠᠩᠵᠤ ᠶᠢᠨ ᠰᠣᠶᠣᠯ ᠤᠨ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠶᠢ ᠢᠳᠡᠪᠬᠢᠲᠡᠶ ᠰᠦᠪᠡᠭᠴᠢᠯᠡᠵᠦ᠂ ᠤᠯᠠᠭᠠᠨᠮᠥ᠋ᠴᠢᠷ ᠤᠨ ᠲᠦᠷᠦᠯ ᠲᠡᠮᠳᠡᠭ ᠤᠨ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ ᠶᠤᠮ᠃        ᠶᠠᠰᠤ ᠴᠢᠨᠠᠷ ᠢ ᠬᠥᠭᠡᠭᠡᠴᠡᠯᠳᠦᠵᠦ ᠤᠯᠠᠭᠠᠨᠮᠥ᠋ᠴᠢᠷ ᠤᠨ ᠲᠤᠭ ᠥᠨᠢᠳᠡ ᠨᠠᠮᠢᠷᠠᠨ᠎ᠠ       11 ᠰᠠᠷ᠎ᠡ ᠶᠢᠨ 7 ᠤ ᠣᠷᠣᠶ᠂ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠠᠷᠠᠳ ᠤᠨ ᠪᠥᠵᠢᠭ ᠤᠨ ᠤᠷᠤᠯᠳᠤᠭᠠᠨ ᠥᠪᠥᠷ ᠮᠣᠩᠭᠤᠯ ᠤᠨ ᠦᠨᠳᠦᠰᠦᠲᠡᠨ ᠤ ᠤᠷᠠᠯᠢᠭ ᠤᠨ ᠲᠢᠶᠠᠲᠷ ᠲᠤ ᠥᠨᠳᠥᠷᠯᠡᠪᠡ᠃ ᠤᠷᠤᠯᠳᠤᠭᠠᠨ ᠤ ᠬᠤᠭᠤᠴᠠᠭᠠᠨ ᠳᠤ ᠰᠡᠳᠦᠪ ᠨᠢ ᠠᠳᠠᠯᠢ ᠪᠤᠰᠤ᠂ ᠬᠡᠪ ᠨᠠᠮᠪᠠ ᠨᠢ ᠢᠯᠡ ᠲᠣᠳᠣ 100 ᠪᠥᠵᠢᠭ ᠤᠨ ᠪᠦᠲᠦᠭᠡᠯ ᠨᠢ ᠨᠢᠭᠡᠨ ᠲᠠᠶᠢᠰᠠᠨ᠎ᠠ ᠮᠦᠴᠡᠭᠡᠷᠭᠡᠨ ᠦᠵᠡᠭᠴᠢᠳ ᠤᠨ ᠬᠠᠷᠠᠭ᠎ᠠ ᠶᠢ ᠪᠤᠯᠢᠶᠠᠪᠠ︔ ᠡᠯ᠎ᠡ ᠠᠶᠢᠮᠠᠭ ᠬᠤᠲᠠ᠂ ᠬᠤᠰᠢᠭᠤ ᠰᠢᠶᠠᠨ ᠤ ᠤᠯᠠᠭᠠᠨᠮᠥ᠋ᠴᠢᠷ ᠤᠨ ᠲᠣᠭᠯᠠᠭᠰᠠᠨ ᠪᠦᠲᠦᠭᠡᠯ ᠨᠢ ᠭᠦᠨ ᠵᠤᠵᠠᠭᠠᠨ ᠠᠮᠢᠳᠤᠷᠠᠯ ᠤᠨ ᠠᠭᠤᠷ ᠠᠮᠢᠰᠬᠤᠯ᠂ ᠢᠯᠡ ᠳᠤᠲᠤ ᠣᠷᠣᠨ ᠨᠤᠲᠤᠭ ᠤᠨ ᠣᠨᠴᠠᠯᠢᠭ ᠢᠶᠠᠷ ᠢᠶᠠᠨ ᠦᠵᠡᠭᠴᠢᠳ ᠪᠠ ᠰᠢᠯᠭᠠᠷᠠᠭᠤᠯᠬᠤ ᠺᠣᠮᠢᠰ ᠤᠨ ᠬᠢᠨ ᠤ ᠲᠠᠭᠠᠰᠢᠶᠠᠯ ᠢ ᠤᠯᠵᠠᠢ᠃ ᠪᠠᠭᠠᠷᠢᠨ ᠪᠠᠷᠠᠭᠤᠨ ᠬᠤᠰᠢᠭᠤᠨ ᠤ ᠤᠯᠠᠭᠠᠨᠮᠥ᠋ᠴᠢᠷ ᠤᠨ ᠬᠢᠨ ᠨᠠᠷᠢᠯᠢᠭ ᠪᠡᠯᠡᠳᠭᠡᠭᠰᠡᠨ ᠭᠤᠴᠣᠯᠠᠯ ᠪᠥᠵᠢᠭ ︽ᠮᠦᠡᠭᠭᠡ ᠵᠤᠯᠡ︾᠂ ᠭᠤᠷᠪᠠᠨ ᠬᠥᠮᠦᠨ ᠤ ᠪᠥᠵᠢᠭ ︽ᠳᠡᠭᠡᠵᠢ︾᠂ ᠣᠯᠠᠨ ᠬᠥᠮᠦᠨ ᠤ ᠪᠥᠵᠢᠭ ︽ᠪᠠᠭᠠᠷᠢᠨ ᠮᠤᠩᠭᠤᠯᠵᠢᠨ ᠭᠤᠸ᠎ᠠ︾ ᠵᠡᠷᠭᠡ ᠪᠦᠲᠦᠭᠡᠯ ᠢᠶᠠᠷ ᠢᠶᠠᠨ ᠤᠷᠤᠯᠳᠤᠭᠠᠨ ᠳᠤ ᠣᠷᠣᠯᠴᠠᠬᠤ ᠪᠠᠷ ᠢᠷᠡᠪᠡ᠃ ︽ᠪᠠᠭᠠᠷᠢᠨ ᠮᠤᠩᠭᠤᠯᠵᠢᠨ ᠭᠤᠸ᠎ᠠ︾ ᠨᠢ ᠲᠣᠭᠯᠠᠯᠲᠠ ᠶᠢᠨ ᠱᠠᠩᠨᠠᠯ ᠪᠠ ᠵᠣᠬᠢᠶᠠᠨ ᠪᠦᠲᠦᠭᠡᠯᠭᠡ ᠶᠢᠨ ᠱᠠᠩᠨᠠᠯ ᠤᠨ ᠠᠯᠲᠠᠨ ᠱᠠᠩᠨᠠᠯ ᠭᠠᠷᠳᠠᠪᠠ᠃ ᠳᠤᠰ ᠤᠯᠠᠭᠠᠨᠮᠦ᠋ᠴᠢᠷ ᠤᠨ ᠳᠠᠷᠤᠭ᠎ᠠ᠂ ᠨᠠᠶᠢᠷᠠᠭᠤᠯᠤᠨ ᠤᠳᠤᠷᠢᠳᠤᠭᠠᠴᠢ ᠰᠠᠷᠠᠩᠭᠤᠸ᠎ᠠ᠄ ︽ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ ︿ᠤᠳᠤ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠪᠠ ᠳᠤᠮᠳᠠᠳᠤ ᠤᠯᠤᠰ ᠤᠨ ᠠᠷᠠᠳ ᠲᠦᠮᠡᠨ ᠰᠣᠶᠣᠯ ᠤᠨ ᠰᠢᠨ᠎ᠡ ᠡᠭᠦᠷᠭᠡ ᠶᠢ ᠡᠭᠦᠷᠭᠡᠯᠡᠬᠦ ᠶᠣᠰᠣᠲᠠᠶ ᠪᠥᠭᠡᠳ ᠯᠠᠪᠲᠠᠶ ᠡᠭᠦᠷᠭᠡᠯᠡᠵᠦ ᠴᠢᠳᠠᠬᠤ ᠶᠤᠮ᠂ ᠦᠢᠯᠡᠳᠦᠯᠭᠡ ᠶᠢᠨ ᠡᠭᠦᠳᠦᠨ ᠪᠦᠲᠦᠭᠡᠯᠭᠡ ᠶᠢᠨ ᠳᠤᠮᠳᠠ ᠰᠤᠶᠤᠯ ᠢ ᠡᠭᠦᠳᠦᠨ ᠪᠦᠲᠦᠭᠡᠵᠦ᠂ ᠲᠡᠦᠬᠡ ᠶᠢᠨ ᠳᠠᠪᠰᠢᠯᠳᠠ ᠶᠢᠨ ᠳᠤᠮᠳᠠ ᠰᠣᠶᠣᠯ ᠤᠨ ᠲᠠᠪᠰᠢᠯᠳᠠ ᠶᠢ ᠪᠡᠶᠡᠯᠡᠭᠦᠯᠪᠡᠯ ᠵᠤᠬᠢᠨ᠎ᠠ﹀ ᠭᠡᠪᠡ᠃ ᠰᠢᠨ᠎ᠡ ᠴᠠᠭ ᠦᠶ᠎ᠡ ᠳᠤ ᠠᠷᠠᠳ ᠤᠯᠠᠨ ᠤ ᠳᠠᠰᠤᠷᠠᠯᠲᠠ ᠦᠬᠡᠢ ᠳᠡᠭᠡᠭᠰᠢᠯᠡᠵᠦ ᠪᠠᠶᠢᠭ᠎ᠠ ᠭᠤᠸ᠎ᠠ ᠲᠠᠭᠠᠰᠢᠶᠠᠯ ᠤᠨ ᠬᠡᠪ ᠪᠤᠯᠪᠠᠰᠤᠷᠠᠯ ᠳᠤ ᠬᠠᠨᠳᠤᠭᠤᠯᠤᠨ᠂ ᠤᠯᠠᠭᠠᠨᠮᠦ᠋ᠴᠢᠷ ᠴᠤ ᠰᠤᠳᠤᠨ ᠰᠢᠯᠢᠳᠡᠭ ᠪᠦᠲᠦᠭᠡᠯ ᠢᠶᠠᠷ ᠢᠶᠠᠨ ᠦᠵᠡᠭᠴᠢᠳ ᠲᠤ ᠬᠠᠷᠢᠭᠤ ᠦᠭᠴᠦ᠂ ᠴᠢᠨᠠᠷ ᠰᠠᠶᠢᠲᠠᠢ ᠵᠤᠬᠢᠶᠠᠨ ᠪᠦᠲᠦᠭᠡᠯᠭᠡ ᠪᠠᠷ ᠤᠯᠠᠭᠠᠨᠮᠦ᠋ᠴᠢᠷ ᠤᠨ ᠠᠮᠢᠵᠢᠷᠠᠯ ᠤᠨ ᠬᠦᠴᠦᠨ ᠢ ᠬᠦᠭᠵᠢᠭᠡᠬᠦ ᠶᠤᠰᠤᠲᠠᠢ︾ ᠭᠡᠵᠦ ᠶᠠᠷᠢᠵᠤ ᠪᠠᠶᠢᠯ᠎ᠠ᠃       ᠰᠢᠨ᠎ᠠ ᠴᠠᠬ ᠦᠶ᠎ᠠ ᠶᠢᠨ ᠤᠯᠠᠭᠠᠨᠮᠥ᠋ᠴᠢᠷ ᠴᠠᠬ ᠦᠶ᠎ᠠ ᠶᠢᠨ ᠠᠯᠬᠤᠭ᠎ᠠ ᠶᠢ ᠳᠠᠭᠠᠵᠤ᠂ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠠᠷᠠᠳ ᠲᠦᠮᠡᠨ ᠲᠠᠢ ᠣᠶᠢᠷᠠᠳᠤᠵᠤ᠂ ᠤᠯᠠᠮᠵᠢᠯᠠᠭᠳᠠᠨ ᠦᠯᠡᠳᠡᠵᠦ ᠳᠡᠶᠢᠯᠬᠦ ᠰᠢᠯᠢᠳᠡᠭ ᠪᠦᠲᠦᠭᠡᠯ ᠢ ᠵᠣᠬᠢᠶᠠᠨ ᠪᠦᠲᠦᠭᠡᠬᠦ ᠴᠢᠬᠤᠯᠠᠲᠠᠢ᠃ ᠥᠪᠥᠷ ᠮᠣᠩᠭᠤᠯ ᠤᠨ ᠦᠨᠳᠦᠰᠦᠲᠡᠨ ᠤ ᠤᠷᠠᠯᠢᠭ ᠵᠦᠴᠦᠭᠡ ᠶᠢᠨ ᠬᠦᠷᠢᠶᠡᠯᠡᠩ ᠤᠨ ᠰᠢᠭᠤᠳ ᠬᠠᠷᠢᠶ᠎ᠠ ᠤᠯᠠᠭᠠᠨᠮᠥ᠋ᠴᠢᠷ ᠤᠨ ᠳᠠᠷᠤᠭ᠎ᠠ ᠨᠠᠰᠤᠨ᠄ ︽ᠤᠯᠠᠭᠠᠨᠮᠥ᠋ᠴᠢᠷ ᠤᠨ ᠵᠣᠬᠢᠶᠠᠨ ᠪᠦᠲᠦᠭᠡᠭᠰᠡᠨ ᠲᠣᠭᠯᠠᠯᠲᠠ ᠨᠢ ᠣᠲᠣ ᠦᠶ᠎ᠡ ᠶᠢᠨ ᠦᠵᠡᠭᠴᠢᠳ ᠤᠨ ᠲᠠᠭᠠᠰᠢᠶᠠᠯ ᠳᠤ ᠨᠡᠶᠢᠴᠡᠭᠰᠡᠨ ᠪᠠᠶᠢᠬᠤ ᠬᠡᠷᠡᠭᠲᠡᠶ᠂ ᠬᠡᠳᠦᠨ ᠠᠷᠪᠠᠨ ᠵᠢᠯ ᠤᠨ ᠬᠤᠪᠢᠷᠠᠰᠢ ᠦᠭᠡᠢ ᠬᠠᠭᠤᠴᠢᠨ ᠶᠠᠩᠵᠤ ᠪᠠᠷ ᠢᠶᠠᠨ ᠪᠠᠶᠢᠵᠤ ᠤᠭᠳᠤ ᠪᠣᠯᠬᠤ ᠦᠭᠡᠢ᠂ ᠨᠡᠩ ᠤᠯᠠᠭᠠᠨᠮᠥ᠋ᠴᠢᠷ ᠤᠨ ᠴᠤᠭ ᠵᠢᠪᠬᠤᠭ᠎ᠠ ᠶᠢ ᠪᠠᠳᠠᠷᠠᠭᠤᠯᠬᠤ ᠭᠡᠷᠡᠭᠲᠠᠢ︾ ᠭᠡᠪᠡ᠃       ᠤᠯᠠᠭᠠᠨᠮᠥ᠋ᠴᠢᠷ ᠤᠨ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠴᠡᠴᠡᠭᠯᠡᠭᠦᠯᠬᠦ ᠶᠢᠨ ᠲᠥᠯᠥᠭᠡ᠂ ᠮᠠᠨ ᠤ ᠣᠷᠣᠨ ᠤᠳᠬ᠎ᠠ ᠤᠷᠠᠯᠢᠭ ᠤᠨ ᠰᠣᠳᠣᠨ ᠪᠦᠲᠦᠭᠡᠯ ᠤᠨ ᠵᠣᠬᠢᠶᠠᠨ ᠪᠦᠲᠦᠭᠡᠬᠦ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠪᠡ᠃ ᠰᠢᠯᠢ ᠶᠢᠨ ᠭᠤᠤᠯ ᠤᠨ ᠤᠯᠠᠭᠠᠨᠮᠥ᠋ᠴᠢᠷ ᠤᠨ ᠰᠢᠨ᠎ᠡ ᠪᠠᠷ ᠵᠤᠬᠢᠶᠠᠨ ᠪᠦᠲᠦᠭᠡᠭᠰᠡᠨ ᠦᠨᠳᠦᠰᠦᠲᠡᠨ ᠤ ᠳᠠᠭᠤᠤ ᠪᠥᠵᠢᠭᠲᠦ ᠵᠦᠴᠦᠭᠡ ︽ᠮᠢᠨᠦ ᠤᠯᠠᠭᠠᠨᠮᠥ᠋ᠴᠢᠷ︾ ᠨᠢ 2018 ᠣᠨ ᠤ ᠤᠯᠤᠰ ᠤᠨ ᠲᠠᠶᠢᠰᠠᠨ ᠤ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠶᠢ ᠲᠡᠳᠬᠦᠨ ᠳᠡᠮᠵᠢᠬᠦ ᠢᠨᠵᠧᠨᠧᠷᠢᠩ ᠤᠨ 10 ᠲᠣᠮᠣ ᠵᠦᠴᠦᠭᠡ ᠶᠢ ᠭᠤᠤᠯᠳᠠᠯᠭ᠎ᠠ ᠲᠠᠢ ᠲᠡᠳᠬᠦᠨ ᠳᠡᠮᠵᠢᠬᠦ ᠲᠦᠷᠦᠯ ᠵᠦᠢᠯ ᠳᠤ ᠰᠣᠩᠭᠤᠭᠳᠠᠪᠠ︔ 2019 ᠣᠨ ᠳᠤ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠤᠯᠠᠭᠠᠨᠮᠥ᠋ᠴᠢᠷ ᠤᠨ ᠪᠥᠵᠢᠭ ᠤᠨ ᠠᠩᠭᠢ ᠶᠢᠨ ᠤᠤᠭᠠᠯ ᠪᠦᠲᠦᠭᠡᠯ ᠪᠤᠯᠬᠤ ᠪᠥᠵᠢᠭᠲᠦ ᠵᠦᠴᠦᠭᠡ ︽ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠤ︾ ᠸᠧᠨ ᠬᠤᠸᠠ ᠱᠠᠩᠨᠠᠯ ᠬᠦᠷᠲᠠᠵᠦ᠂ ᠮᠠᠨ ᠤ ᠤᠷᠤᠨ ᠤ ᠬᠤᠭᠤᠰᠤᠨ ᠢ ᠨᠦᠬᠦᠪᠡ︔ ᠬᠢᠯᠪᠢᠭᠡᠨ ᠵᠦᠴᠦᠭᠡ ︽ᠲᠣᠰᠬᠤᠨ ᠳᠤ ᠰᠠᠭᠤᠭ᠎ᠠ ᠺᠠᠳ᠋ᠷ︾᠂ ᠳᠠᠭᠤᠤ ᠪᠥᠵᠢᠭᠲᠦ ᠵᠦᠴᠦᠭᠡ ︽ᠲᠠᠯ᠎ᠠ ᠨᠤᠲᠤᠭ ᠤᠨ ᠤᠯᠠᠭᠠᠨᠮᠥ᠋ᠴᠢᠷ︾᠂ ᠪᠥᠵᠢᠭ ︽ᠬᠠᠷ᠎ᠡ ᠲᠤᠷᠭᠠᠨ ᠬᠠᠨᠵᠢᠶᠠᠷ︾᠂ ︽ᠲᠠᠩᠰᠤᠭ ᠳᠠᠷᠬᠠᠨ︾ ᠁ ᠵᠡᠷᠭᠡ ᠨᠢ ᠭᠦᠨ ᠭᠦᠨᠵᠡᠭᠡᠶ ᠴᠠᠭ ᠦᠶ᠎ᠡ ᠶᠢᠨ ᠭᠤᠣᠯ ᠰᠡᠳᠦᠪ ᠢ ᠳᠣᠪᠤᠶᠢᠯᠭᠠᠨ ᠲᠤᠰᠬᠠᠵᠤ᠂ ᠠᠷᠠᠳ ᠤᠯᠠᠨ ᠤ ᠠᠮᠢᠳᠤᠷᠠᠯ ᠳᠤ ᠤᠢᠢᠷᠠᠳᠤᠨ ᠲᠠᠶᠢᠰᠠᠨ᠎ᠠ ᠰᠢᠨ᠎ᠡ ᠳᠦᠷᠬᠦ ᠪᠠᠷ ᠳᠠᠬᠢᠨ ᠠᠮᠢᠯᠠᠨ᠎ᠠ᠃       ᠣᠶᠢᠷ᠎ᠡ ᠶᠢᠨ ᠵᠢᠯ ᠤᠨ ᠲᠤᠷᠰᠢ᠂ ᠮᠠᠨ ᠤ ᠣᠷᠣᠨ ᠪᠠᠰᠠ ᠰᠣᠯᠢᠯᠴᠠᠨ ᠲᠣᠭᠯᠠᠯᠲᠠ ᠭᠠᠷᠭᠠᠬᠤ᠂ ᠤᠷᠤᠯᠳᠤᠭᠠᠨ ᠬᠢᠬᠦ ᠵᠡᠷᠭᠡ ᠬᠡᠯᠪᠡᠷᠢ ᠪᠠᠷ ᠤᠯᠠᠭᠠᠨᠮᠥ᠋ᠴᠢᠷ ᠤᠨ ᠵᠣᠬᠢᠶᠠᠨ ᠪᠦᠲᠦᠭᠡᠬᠦ᠂ ᠲᠣᠭᠯᠠᠯᠲᠠ ᠭᠠᠷᠭᠠᠬᠤ ᠪᠠ ᠣᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢ ᠠᠬᠢᠭᠤᠯᠪᠠ᠃ ᠪᠠᠰᠠ ᠬᠤᠶᠠᠷ ᠵᠢᠯ ᠳᠤ ᠨᠢᠭᠡ ᠤᠳᠠᠭ᠎ᠠ ᠶᠠᠪᠤᠭᠳᠠᠬᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠨᠢ ᠣᠷᠣᠨ ᠤ ᠳᠣᠲᠣᠷ᠎ᠠ ᠭᠠᠳᠠᠨᠠᠬᠢ ᠤᠯᠠᠭᠠᠨᠮᠥ᠋ᠴᠢᠷ ᠤᠨ ᠲᠣᠭᠯᠠᠯᠲᠠ ᠶᠢᠨ ᠦᠢᠯᠡᠳᠦᠯᠴᠡᠯ ᠢ ᠠᠬᠢᠭᠤᠯᠵᠦ᠂ ᠦᠵᠡᠭᠴᠢᠳ ᠲᠤ ᠴᠣ᠋ ᠰᠢᠨ᠎ᠠ ᠤᠷᠠᠯᠢᠭ ᠤᠨ ᠬᠦᠷᠲᠡᠭᠡᠯ ᠠᠪᠴᠢᠷᠠᠵᠡᠶ᠃ 2020 ᠤᠨ ᠤ 11 ᠰᠠᠷ᠎ᠡ ᠶᠢᠨ 18 ᠤ ᠡᠳᠦᠷ᠂ ᠬᠤᠶᠠᠳᠤᠭᠠᠷ ᠬᠤᠭᠤᠴᠠᠭᠠᠨ ᠤ ᠤᠯᠠᠭᠠᠨᠮᠥ᠋ᠴᠢᠷ ᠤᠨ ᠰᠢᠨ᠎ᠡ ᠬᠥᠮᠦᠨ ᠤ ᠰᠢᠨ᠎ᠡ ᠪᠦᠲᠦᠭᠡᠯ ᠤᠨ ᠲᠤᠭᠯᠠᠯᠲᠠ ᠤᠯᠠᠭᠠᠨᠬᠠᠳᠠ ᠬᠤᠲᠠ ᠳᠤ ᠶᠠᠪᠤᠭᠳᠠᠵᠤ᠂ 400 ᠬᠤᠪᠢ ᠮᠡᠳᠡᠭᠦᠯᠦᠨ ᠬᠦᠷᠭᠡᠭᠰᠡᠨ ᠪᠦᠲᠦᠭᠡᠯ ᠠᠴᠠ ᠴᠣᠯᠭᠤᠷᠠᠨ ᠭᠠᠷᠤᠭᠰᠠᠨ 97 ᠤᠯᠠᠭᠠᠨᠮᠥ᠋ᠴᠢᠷ ᠤᠨ ᠰᠢᠨ᠎ᠠ ᠪᠦᠳᠦᠬᠡᠯ ᠨᠢ ᠰᠢᠢᠳᠪᠦᠷᠢᠳᠦ ᠤᠷᠤᠯᠳᠤᠭᠠᠨ ᠳᠤ ᠲᠣᠳᠣᠷᠠᠪᠠ᠃       ᠠᠭᠤᠤ ᠶᠡᠭᠡ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠦᠨᠢᠲᠡ ᠤᠯᠠᠮᠵᠢᠯᠠᠨ᠎ᠠ       ᠠᠷᠠᠳ ᠲᠦᠮᠡᠨ ᠳᠤ ᠰᠣᠶᠣᠯ ᠤᠷᠠᠯᠢᠭ ᠬᠡᠷᠡᠭ ᠲᠠᠢ᠂ ᠰᠣᠶᠣᠯ ᠤᠷᠠᠯᠢᠭ ᠪᠣᠯ ᠨᠡᠩ ᠴᠤ ᠠᠷᠠᠳ ᠲᠦᠮᠡᠨ ᠠᠴᠠ ᠰᠠᠯᠵᠤ ᠴᠢᠳᠠᠬᠤ ᠦᠭᠡᠢ ᠶᠤᠮ᠃ ᠪᠤᠶᠢᠳᠠ ᠪᠥᠭᠯᠡᠭᠦᠦ ᠭᠠᠵᠠᠷ ᠣᠷᠣᠨ ᠤ ᠮᠠᠯᠴᠢᠨ ᠲᠠᠷᠢᠶᠠᠴᠢᠳ ᠤᠨ ᠳᠡᠷᠭᠡᠳᠡ ᠬᠦᠷᠦᠨ᠎ᠠ — ᠠᠷᠠᠳ ᠲᠦᠮᠡᠨ ᠬᠠᠮᠢᠭ᠎ᠠ ᠪᠠᠶᠢᠪᠠᠯ ᠪᠥᠵᠢᠭ ᠤᠨ ᠲᠠᠶᠢᠰᠠ ᠲᠡᠨᠳᠡ ᠪᠤᠢ᠃       ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠳᠡᠯᠭᠡᠷᠡᠵᠦ ᠪᠠᠶᠢᠬᠤ ᠦᠶ᠎ᠠ ᠳᠤ ᠤᠯᠠᠭᠠᠨᠮᠥ᠋ᠴᠢᠷ ᠤᠨ ᠬᠢᠨ ᠲᠤᠭᠯᠠᠯᠲᠠ ᠪᠠᠨ ᠰᠦᠯᠵᠢᠶᠡᠨ ᠳᠤ ᠭᠠᠷᠭᠠᠪᠠ᠃ ᠠᠮᠢ ᠪᠡᠶ᠎ᠡ ᠪᠠᠨ ᠬᠠᠶᠢᠬᠤᠷᠤᠯ ᠦᠭᠡᠢ ᠠᠵᠢᠯᠯᠠᠵᠤ ᠪᠠᠶᠢᠭ᠎ᠠ ᠡᠮᠴᠢ ᠰᠤᠪᠢᠯᠠᠭᠴᠢᠳ ᠤᠨ ᠦᠢᠯᠡ ᠠᠵᠢᠯᠯᠠᠭ᠎ᠠ ᠤᠷᠳᠤᠰ ᠬᠤᠳᠠ ᠶᠢᠨ ᠬᠠᠩᠭᠢᠨ ᠬᠤᠰᠢᠭᠤᠨ ᠤ ᠤᠯᠠᠭᠠᠨᠮᠥ᠋ᠴᠢᠷ ᠤᠨ ᠳᠡᠳ᠋ ᠳᠠᠷᠤᠭ᠎ᠠ ᠯᠢᠦ ᠶᠠᠩ ᠤᠨ ᠰᠡᠳᠬᠢᠯ ᠢ ᠲᠤᠭᠳᠤᠯᠤᠭᠤᠯᠵᠦ᠂ ᠲᠡᠷᠡ ᠬᠤᠶᠠᠷ ᠡᠳᠦᠷ ᠬᠤᠶᠠᠷ ᠰᠥᠨᠢ ᠶᠢᠨ ᠴᠠᠭ ᠵᠠᠷᠤᠴᠠᠭᠤᠯᠤᠨ ︽ᠪᠠᠭᠠᠲᠤᠷᠴᠤᠳ︾ ᠭᠡᠬᠦ ᠬᠢᠵᠢᠭ ᠢ ᠡᠰᠡᠷᠭᠦᠴᠡᠬᠦ ᠪᠦᠲᠦᠭᠡᠯ ᠢᠶᠠᠨ ᠰᠢᠩᠭᠡᠭᠡᠵᠦ ᠳᠠᠭᠤᠰᠬᠠᠭᠠᠳ ᠨᠡᠶᠢᠭᠡᠮ ᠤᠨ ᠬᠠᠷᠢᠯᠴᠠᠭᠠᠨ ᠤ ᠲᠠᠪᠴᠠᠩ ᠳᠤ ᠨᠡᠶᠢᠲᠡᠯᠡᠵᠦ᠂ ᠬᠢᠵᠢᠭ ᠢ ᠡᠰᠡᠷᠭᠦᠴᠡᠬᠦ ᠡᠮᠦᠨ᠎ᠠ ᠹᠷᠣᠨᠲ ᠲᠤ ᠭᠠᠪᠰᠢᠭᠠᠢᠢᠯᠠᠵᠤ ᠪᠠᠶᠢᠭ᠎ᠠ ᠬᠠᠮᠤᠭ ᠤᠨ ᠭᠤᠶᠤ ᠬᠦᠮᠦᠰ ᠲᠤ ᠬᠦᠨᠳᠦᠳᠭᠡᠯ ᠲᠡᠪᠰᠢᠬᠦᠯᠵᠠᠢ᠃       ᠬᠢᠵᠢᠭ ᠤᠨ ᠬᠤᠭᠤᠴᠠᠭᠠᠨ ᠳᠤ ᠬᠥᠬᠡᠬᠤᠲᠠ ᠶᠢᠨ ᠢᠦ᠋ᠢᠴᠢᠤᠸᠠᠨ ᠲᠣᠭᠤᠷᠢᠭ ᠤᠨ ᠤᠯᠠᠭᠠᠨᠮᠥ᠋ᠴᠢᠷ ᠤᠨ ᠪᠥᠵᠢᠭᠴᠢᠨ ᠬᠤᠤ ᠲᠢᠩ ᠲᠢᠩ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠤᠨ ᠲᠣᠭᠤᠷᠢᠭ ᠤᠨ ᠣᠷᠣᠵᠤ ᠭᠠᠷᠬᠤ ᠳᠡᠩᠰᠡᠯᠡᠯᠲᠡ ᠶᠢ ᠬᠠᠷᠢᠭᠤᠴᠠᠬᠤ ᠪᠠᠷ ᠪᠠᠷᠠᠬᠤ ᠥᠬᠡᠶ᠂ ᠪᠠᠰᠠ ᠡᠳᠦᠷ ᠪᠦᠷᠢ ᠲᠦᠷᠢᠶᠡᠰᠦᠨ ᠬᠡᠷ ᠲᠡᠭᠡᠨ ᠪᠥᠵᠢᠭ ᠤᠨ ᠸᠢᠳᠢᠣ᠋ ᠰᠢᠩᠭᠡᠭᠡᠨ ᠦᠢᠯᠡᠳᠴᠦ ᠰᠦᠯᠵᠢᠶᠡᠨ ᠠᠨᠳᠠ ᠨᠠᠷ ᠲᠠᠢ ᠬᠤᠪᠢᠶᠠᠯᠴᠠᠭᠰᠠᠨ ᠪᠢᠯᠠ᠃ ᠬᠢᠵᠢᠭ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠤᠯᠠᠭᠠᠨᠮᠥ᠋ᠴᠢᠷ ᠤᠨ ᠭᠡᠰᠢᠭᠦᠳ ᠰᠦᠯᠵᠢᠶᠡᠨ ᠳᠤ ᠵᠣᠬᠢᠶᠠᠨ ᠪᠦᠲᠦᠭᠡᠯᠭᠡ ᠪᠠᠨ ᠳᠡᠪᠰᠢᠬᠦᠯᠵᠦ᠂ ᠲᠦᠮᠡ ᠭᠠᠷᠤᠶ ᠪᠦᠲᠦᠭᠡᠯ ᠨᠡᠶᠢᠲᠡᠯᠡᠭᠦᠯᠵᠤ᠂ ᠳᠠᠷᠤᠮ ᠤᠨ ᠳᠤᠭ᠎ᠠ 7.3 ᠳ᠋ᠦᠩᠰᠢᠭᠤᠷ ᠤᠳᠠᠭ᠎ᠠ ᠳᠤ ᠬᠦᠷᠴᠡᠶ᠃       ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠰᠢᠨ᠎ᠠ ᠴᠠᠬ ᠦᠶ᠎ᠠ ᠶᠢᠨ ᠪᠣᠯᠪᠠᠰᠤᠨ ᠤ ᠦᠢᠯᠡᠳᠦᠯᠬᠡ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠰᠠᠶᠢᠨ ᠳᠤᠷ᠎ᠡ ᠶᠢᠨ ᠦᠢᠯᠡᠴᠢᠯᠡᠬᠡᠨ ᠥᠪᠥᠷ ᠮᠣᠩᠭᠤᠯ ᠳᠤ ᠬᠦᠨᠵᠡᠭᠡᠶᠢᠷᠡᠬᠦ ᠶᠢ ᠠᠬᠢᠭᠤᠯᠬᠤ ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠬᠠᠤᠯᠢ ᠴᠠᠭᠠᠵᠠ᠂ ᠮᠠᠯ ᠠᠵᠤ ᠠᠬᠤᠶ ᠲᠠᠷᠢᠶᠠᠯᠠᠩ᠂ ᠬᠤᠳᠠᠯᠳᠤᠭᠠᠨ ᠤ ᠶᠠᠪᠤᠳᠠᠯ᠂ ᠰᠣᠶᠣᠯ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠵᠡᠷᠭᠡ 11 ᠲᠢᠩᠬᠢᠮ ᠲᠣᠪᠴᠢᠶ᠎ᠠ ᠪᠠ ᠤᠯᠠᠭᠠᠨᠮᠥ᠋ᠴᠢᠷ ᠲᠠᠢ ᠬᠠᠮᠲᠤᠷᠠᠨ 400 ᠭᠠᠷᠤᠶ ᠰᠠᠯᠠᠭ᠎ᠠ ︽ᠲᠠᠯ᠎ᠠ ᠨᠤᠲᠤᠭ ᠤᠨ ᠶᠡᠷᠦᠩᠬᠡᠶᠢᠯᠡᠭᠰᠡᠨ ᠰᠠᠶᠢᠨ ᠳᠤᠷ᠎ᠡ ᠶᠢᠨ ᠦᠢᠯᠡᠴᠢᠯᠡᠬᠡᠨ ᠤ ᠬᠥᠩᠭᠡᠨ ᠮᠣᠷᠢᠲᠤ ᠴᠡᠷᠢᠭ︾ ᠢ ᠵᠣᠬᠢᠶᠠᠨ ᠪᠠᠶᠢᠭᠤᠯᠵᠤ᠂ ︽ᠤᠯᠠᠭᠠᠨᠮᠥ᠋ᠴᠢᠷ +︾ ᠠᠷᠭ᠎ᠠ ᠪᠠᠷ ᠦᠨᠳᠦᠰᠦᠨ ᠱᠠᠲᠤᠨ ᠳᠤ ᠰᠢᠨ᠎ᠡ ᠶᠢ ᠡᠭᠦᠳᠬᠦ ᠴᠢᠨᠠᠷᠲᠠᠶ ᠶᠡᠷᠦᠩᠬᠡᠶᠢᠯᠡᠭᠰᠡᠨ ᠴᠢᠨᠠᠷᠲᠠᠶ ᠦᠢᠯᠡᠴᠢᠯᠡᠭᠡ ᠬᠠᠨᠭ᠍ᠭᠠᠪᠠ᠃       ᠡᠨᠡ ᠵᠢᠯ ᠤᠨ 6 ᠰᠠᠷ᠎ᠡ ᠠᠴᠠ 7 ᠰᠠᠷ᠎ᠡ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ        ︽ᠤᠯᠠᠭᠠᠨᠮᠥ᠋ᠴᠢᠷ ᠤᠨ ᠰᠠᠷ᠎ᠠ · ᠠᠯᠢᠪᠠ ᠪᠦᠬᠦᠨ ᠠᠷᠠᠳ ᠲᠦᠮᠡᠨ ᠤ ᠲᠥᠯᠥᠭᠡ︾ ᠭᠡᠬᠦ ᠭᠤᠤᠯ ᠰᠡᠳᠦᠪᠲᠦ ᠠᠵᠢᠯᠯᠠᠭ᠎ᠠ ᠶᠢ ᠡᠬᠢᠯᠡᠭᠦᠯᠵᠦ᠂ ᠤᠯᠠᠭᠠᠨᠮᠥ᠋ᠴᠢᠷ ᠤᠨ ᠬᠤᠪᠢᠶᠠᠷᠢ ᠳᠤᠭᠤᠢᠢᠯᠠᠩ ᠬᠤᠪᠢᠶᠠᠨ ᠮᠠᠯᠴᠢᠨ ᠲᠠᠷᠢᠶᠠᠴᠢᠨ ᠤ ᠬᠡᠷ ᠲᠤ ᠬᠦᠷᠴᠦ᠂ ᠤᠨᠴᠠᠯᠢᠬᠳᠤ ᠦᠵᠡᠮᠵᠢ ᠶᠢᠨ ᠣᠷᠣᠨ ᠢᠶᠠᠷ ᠭᠦᠨᠵᠡᠭᠡᠶᠢᠷᠡᠨ ᠨᠡᠶᠢᠲᠡ 1329 ᠲᠠᠯᠠᠪᠠᠶ ᠲᠣᠭᠯᠠᠯᠲᠠ ᠭᠠᠷᠭᠠᠪᠠ᠃       ᠭᠤᠣᠯ ᠰᠡᠳᠦᠪᠲᠦ ᠠᠵᠢᠯᠯᠠᠭ᠎ᠠ ᠶᠢᠨ ᠬᠤᠭᠤᠴᠠᠭᠠᠨ ᠳᠤ ᠣᠷᠳᠣᠰ ᠬᠤᠲᠠ ᠶᠢᠨ ᠰᠢᠭᠤᠳ ᠬᠠᠷᠢᠶ᠎ᠠ ᠤᠯᠠᠭᠠᠨᠮᠥ᠋ᠴᠢᠷ ᠡᠵᠡᠨ ᠬᠤᠷᠤᠭ᠎ᠠ ᠬᠤᠰᠢᠭᠤᠨ ᠤ ᠰᠤᠪᠤᠷᠭ᠎ᠠ ᠭᠠᠴᠠᠭ᠎ᠠ ᠶᠢᠨ ᠮᠠᠯᠴᠢᠨ ᠲᠠᠷᠢᠶᠠᠴᠢᠨ ᠤ ᠳᠡᠷᠭᠡᠳᠡ ᠤᠴᠢᠵᠦ᠂ ᠰᠣᠶᠣᠯ ᠤᠨ ᠥᠷᠲᠡᠭᠡᠨ ᠳᠤ ᠮᠠᠯᠴᠢᠨ ᠲᠠᠷᠢᠶᠠᠴᠢᠳ ᠲᠤ ᠤᠳᠬ᠎ᠠ ᠤᠷᠠᠯᠢᠭ ᠤᠨ ᠬᠠᠪᠰᠤᠷᠤᠨ ᠵᠢᠯᠣᠭᠤᠳᠣᠯᠭ᠎ᠠ ᠬᠢᠵᠡᠶ᠃       ᠬᠠᠤᠯᠢ ᠪᠠᠷ ᠵᠠᠰᠠᠬᠤ ᠤᠯᠠᠭᠠᠨᠮᠥ᠋ᠴᠢᠷ ᠪᠣᠯᠤᠨ ᠤᠯᠠᠭᠠᠨᠴᠠᠪ ᠬᠤᠲᠠ ᠶᠢᠨ ᠳᠥᠷᠪᠡᠳ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠲᠤᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠴᠠᠭᠠᠨᠪᠤᠯᠠᠭ ᠰᠤᠮᠤᠨ ᠤ ᠭᠡᠷᠡᠯᠲᠤᠶᠠᠭ᠎ᠠ ᠭᠠᠴᠠᠭᠠᠨ ᠳᠤ ᠢᠷᠭᠡᠨ ᠤ ᠬᠠᠤᠯᠢ ᠶᠢᠨ ᠪᠢᠴᠢᠭ ᠤᠨ ᠰᠤᠷᠤᠯᠴᠠᠯᠭ᠎ᠠ ᠤᠬᠠᠭᠤᠯᠭ᠎ᠠ ᠥᠷᠨᠢᠭᠦᠯᠪᠠ᠃ ᠮᠠᠯᠵᠢᠬᠤ ᠲᠠᠷᠢᠶᠠᠯᠠᠬᠤ ᠣᠷᠣᠨ᠂ ᠨᠡᠶᠢᠭᠡᠮ ᠲᠣᠭᠤᠷᠢᠭ᠂ ᠰᠤᠷᠭᠠᠭᠤᠯᠢ᠂ ᠠᠵᠤ ᠠᠬᠤᠶᠢᠯᠠᠯ᠂ ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠲᠤ ᠬᠦᠷᠴᠦ᠂ ᠭᠤᠤᠯ ᠰᠡᠳᠦᠪᠲᠦ ᠤᠬᠠᠭᠤᠯᠭ᠎ᠠ ᠲᠠᠶᠢᠯᠪᠤᠷᠢ᠂ ᠤᠷᠠᠨ ᠰᠠᠶᠢᠬᠠᠨ ᠤ ᠲᠣᠭᠯᠠᠯᠲᠠ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠵᠡᠷᠭᠡ ᠶᠡᠷᠦᠩᠬᠡᠶᠢᠯᠡᠭᠰᠡᠨ ᠦᠢᠯᠡᠴᠢᠯᠡᠭᠡ ᠥᠷᠨᠢᠭᠦᠯᠪᠡ᠃ ᠪᠦᠷᠢᠳᠬᠡᠯ ᠢ ᠦᠨᠳᠦᠰᠦᠯᠡᠪᠡᠯ᠂ ᠪᠥᠬᠦ ᠣᠷᠣᠨ ᠤ ᠡᠯ᠎ᠡ ᠱᠠᠲᠤᠨ ᠤ ᠤᠯᠠᠭᠠᠨᠮᠥ᠋ᠴᠢᠷ ᠵᠢᠯ ᠪᠦᠷᠢ ᠳᠤᠮᠳᠠᠴᠢ ᠪᠠᠷ ᠠᠷᠠᠳ ᠲᠤ ᠠᠰᠢᠭ ᠬᠦᠷᠲᠡᠭᠡᠬᠦ ᠰᠠᠶᠢᠨ ᠳᠤᠷ᠎ᠡ ᠶᠢᠨ ᠲᠣᠭᠯᠠᠯᠲᠠ ᠶᠢᠨ ᠲᠥᠷᠥᠯ ᠤᠨ ᠶᠡᠷᠦᠩᠬᠡᠶᠢᠯᠡᠭᠰᠡᠨ ᠦᠢᠯᠡᠴᠢᠯᠡᠭᠡ ᠶᠢ 4000 ᠭᠠᠷᠤᠶ ᠤᠳᠠᠭ᠎ᠠ ᠥᠷᠨᠢᠭᠦᠯᠵᠦ᠂ ᠣᠯᠠᠨ ᠲᠦᠮᠡᠨ ᠳᠤ 200 ᠭᠠᠷᠤᠶ ᠲᠦᠮᠡᠨ ᠬᠥᠮᠦᠨ ᠤᠳᠠᠭ᠎ᠠ ᠦᠢᠯᠡᠴᠢᠯᠡᠪᠡ᠃       ᠤᠯᠠᠭᠠᠨᠮᠥ᠋ᠴᠢᠷ ᠨᠢ ᠥᠪᠥᠷ ᠮᠣᠩᠭᠤᠯ ᠤᠨ ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠪᠣᠯᠤᠭᠰᠠᠨ ᠤ ᠬᠤᠪᠢ ᠳᠤ᠂ ᠢᠮᠠᠭᠲᠠ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠪᠠᠷᠢᠮᠲᠠᠯᠠᠵᠤ᠂ ᠠᠷᠠᠳ ᠲᠦᠮᠡᠨ ᠢ ᠳᠡᠭᠡᠳᠦᠯᠡᠬᠦ ᠣᠶᠢᠯᠠᠭᠠᠭᠳᠠᠬᠤᠨ ᠢ ᠪᠠᠷᠢᠮᠲᠠᠯᠠᠠ᠂ ᠲᠣᠭᠯᠠᠯᠲᠠ ᠭᠠᠷᠭᠠᠬᠤ᠂ ᠤᠬᠠᠭᠤᠯᠬᠤ᠂ ᠬᠠᠪᠰᠤᠷᠤᠨ ᠵᠢᠯᠣᠭᠤᠳᠬᠤ᠂ ᠦᠢᠯᠡᠴᠢᠯᠡᠬᠦ᠂ ᠵᠣᠬᠢᠶᠠᠨ ᠪᠦᠲᠦᠭᠡᠬᠦ᠂ ᠰᠢᠨ᠎ᠡ ᠶᠢ ᠡᠭᠦᠳᠬᠦ᠂ ᠤᠯᠠᠮᠵᠢᠯᠠᠨ ᠵᠠᠯᠭᠠᠮᠵᠢᠯᠠᠬᠤ᠂ ᠰᠣᠶᠣᠯ ᠤᠨ ᠰᠣᠯᠢᠯᠴᠠᠭ᠎ᠠ ᠬᠢᠬᠦ ᠵᠡᠷᠭᠡ ᠡᠭᠦᠷᠭᠡ ᠴᠢᠳᠠᠪᠤᠷᠢ ᠪᠠᠨ ᠰᠢᠳᠤᠷᠭᠤ ᠪᠠᠷ ᠬᠦᠢᠴᠡᠳᠬᠡᠵᠦ᠂ ᠢᠮᠠᠭᠲᠠ ᠥᠩ ᠰᠢᠮᠡᠯᠢᠭ ᠬᠥᠷᠥᠰᠥᠨ ᠳᠤ ᠦᠨᠳᠦᠰᠦᠯᠡᠠ᠂  ᠳᠣᠯᠭᠤᠷ ᠵᠣᠷᠢᠯᠳᠠ ᠪᠠᠨ ᠮᠠᠷᠳᠠᠯ ᠦᠬᠡᠢ᠂ ᠴᠠᠭ ᠦᠶ᠎ᠡ ᠶᠢ ᠲᠠᠭᠠᠨ ᠰᠢᠨ᠎ᠡ ᠶᠢ ᠡᠭᠦᠳᠦᠨ ᠬᠥᠭᠵᠢᠭᠦᠯᠵᠦ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠠᠷᠠᠳ ᠲᠦᠮᠡᠨ ᠳᠤ ᠤᠢᠢᠯᠠᠴᠢᠯᠠᠵᠤ ᠪᠠᠶᠢᠨ᠎ᠠ︕
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号