ᠨᠢᠭᠡ᠂ ᠭᠤᠤᠯ ᠡᠭᠦᠷᠭᠡ ᠴᠢᠳᠠᠪᠤᠷᠢ | ︵ᠨᠢᠭᠡ︶ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠭᠠᠶᠢᠯᠢ ᠶᠢᠨ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠪᠠ ᠥᠭᠡᠷᠡᠴᠢᠯᠡᠯᠲᠡ ᠶᠢᠨ ᠲᠥᠰᠦᠯ ᠢ | ᠲᠤᠤᠱᠯᠠᠭᠤᠯᠤᠨ ᠨᠠᠶᠢᠳᠠᠪᠣᠷᠢᠵᠢᠭᠤᠯᠣᠨ᠎ᠠ᠃ ᠬᠤᠷᠸ᠎ᠠ ᠠᠵᠤ ᠠᠬᠤᠶ ᠶᠢᠨ ᠪᠠᠶᠢᠳᠠᠯ ᠢ ᠵᠠᠳᠠᠯᠤᠨ ᠵᠢᠱᠢᠵᠦ᠂ ᠬᠤᠷᠸ᠎ᠠ | ᠠᠵᠤ ᠠᠬᠤᠶ ᠶᠢᠨ ᠲᠦᠷᠦ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠵᠤ᠂ ᠡᠳ᠋ ᠤᠨ ᠵᠠᠰᠠᠭ ᠭᠠᠶᠢᠯᠢ ᠶᠢᠨ | ᠲᠦᠷᠦ ᠶᠢᠨ ᠪᠤᠳᠤᠯᠭ᠎ᠠ ᠶᠢ ᠬᠡᠷᠡᠭᠯᠡᠨ ᠬᠤᠷᠸ᠎ᠠ ᠳᠣᠬᠢᠷᠠᠭᠤᠯᠭ᠎ᠠ ᠡᠵᠡᠮᠰᠢᠯ ᠢ ᠬᠡᠷᠡᠭᠵᠢᠭᠦᠯᠬᠦ ᠪᠠ ᠨᠡᠶᠢᠭᠡᠮ ᠤᠨ ᠡᠳ᠋ ᠤᠨ | ᠬᠦᠴᠦᠨ ᠢ ᠶᠡᠷᠦᠩᠬᠡᠶᠢᠯᠡᠨ ᠳᠡᠩᠴᠡᠬᠦᠷᠢᠰᠢᠬᠦᠯᠬᠦ ᠰᠠᠨᠠᠭᠤᠯᠭ᠎ᠠ ᠶᠢ ᠳᠣᠷᠠᠳᠣᠨ᠎ᠠ᠃ ᠠᠶᠢᠮᠠᠭ ᠤᠨ ᠱᠠᠲᠤ ᠪᠣᠯᠤᠨ | ᠬᠤᠰᠢᠭᠤ ᠨᠡᠬᠡᠬᠡᠯᠳᠡ ᠶᠢᠨ ᠣᠷᠣᠨ᠂ ᠠᠶᠢᠮᠠᠭ ᠤᠨ ᠵᠠᠬᠢᠷᠭ᠎ᠠ ᠬᠢᠭᠡᠳ ᠠᠵᠤ ᠠᠬᠤᠶᠢᠯᠠᠯ ᠤᠨ ᠬᠤᠪᠢᠶᠠᠷᠢᠯᠠᠯᠲᠠ ᠶᠢᠨ | ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠳᠣᠭᠤᠷᠪᠢᠵᠦ᠂ ᠨᠡᠶᠢᠲᠡ ᠳᠤ ᠠᠰᠢᠭ ᠬᠦᠷᠳᠡᠬᠡᠬᠦ ᠦᠢᠯᠡᠰ ᠤᠨ | ᠬᠥᠭᠵᠢᠯᠲᠡ ᠶᠢ ᠵᠣᠷᠢᠭᠵᠢᠭᠤᠯᠬᠤ ᠡᠳ᠋ ᠤᠨ ᠵᠠᠰᠠᠭ ᠭᠠᠶᠢᠯᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠣᠨ᠎ᠠ᠃ | ᠪᠦᠬᠦ ᠠᠶᠢᠮᠠᠭ ᠤᠨ ᠡᠳ᠋ ᠤᠨ ᠵᠠᠰᠠᠭ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠣᠨ᠎ᠠ᠃ | ︵ᠬᠤᠶᠠᠷ︶ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ᠂ ᠡᠳ᠋ ᠤᠨ ᠶᠠᠪᠤᠳᠠᠯ᠂ ᠨᠢᠭᠲᠠᠯᠠᠨ ᠪᠣᠳᠣᠬᠤ | ᠬᠠᠮᠢᠶᠠᠷᠣᠯᠳᠠ ᠶᠢᠨ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ᠂ ᠳᠦᠷᠢᠮ ᠲᠣᠭᠲᠠᠭᠠᠯ ᠢ ᠲᠤᠤᠱᠯᠠᠭᠤᠯᠤᠨ | ᠨᠠᠶᠢᠳᠠᠪᠣᠷᠢᠵᠢᠭᠤᠯᠬᠤ ᠶᠢᠨ ᠬᠠᠮᠲᠤ ᠬᠡᠷᠡᠭᠵᠢᠬᠦᠯᠬᠦ ᠳᠤ ᠬᠢᠨᠠᠯᠲᠠ ᠳᠠᠯᠪᠢᠨ᠎ᠠ᠃ | ︵ᠭᠤᠷᠪᠠ︶ ᠠᠶᠢᠮᠠᠭ ᠤᠨ ᠱᠠᠲᠤᠨ ᠤ ᠡᠯ᠎ᠡ ᠵᠦᠢᠯ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢ | ᠬᠠᠷᠢᠭᠤᠴᠠᠨ ᠬᠠᠮᠢᠶᠠᠷᠤᠨ᠎ᠠ᠃ ᠣᠨ ᠤ ᠠᠶᠢᠮᠠᠭ ᠤᠨ ᠱᠠᠲᠤᠨ ᠤ ᠲᠥᠰᠦᠪ ᠪᠠ ᠲᠥᠰᠦᠪ ᠤᠨ ᠬᠦᠢᠴᠡᠳᠬᠡᠯ ᠤᠨ | ᠲᠥᠰᠦᠯ ᠢ ᠨᠠᠶᠢᠷᠠᠭᠤᠯᠬᠤ ᠶᠢᠨ ᠬᠠᠮᠲᠤ ᠬᠡᠷᠡᠭᠵᠢᠬᠦᠯᠬᠦ ᠶᠢ ᠵᠣᠬᠢᠶᠠᠨ ᠪᠠᠶᠢᠭᠤᠯᠣᠨ᠎ᠠ᠃ ᠡᠷᠬᠡ ᠶᠢᠨ ᠬᠡᠪᠴᠢᠶ᠎ᠡ | ᠶᠣᠰᠣᠭᠠᠷ ᠵᠠᠷᠤᠳᠠᠯ ᠤᠨ ᠵᠠᠷᠤᠯᠭ᠎ᠠ ᠶᠢᠨ ᠪᠠᠷᠢᠮᠵᠢᠶ᠎ᠠ᠂ ᠲᠣᠭᠲᠠᠭᠰᠠᠨ ᠲᠤᠭ᠎ᠠ ᠶᠢ ᠳᠣᠭᠳᠠᠭᠠᠬᠤ ᠶᠢ ᠵᠣᠬᠢᠶᠠᠨ | ᠪᠠᠶᠢᠭᠤᠯᠣᠨ᠂ ᠬᠠᠤᠯᠢ ᠪᠠᠷ ᠲᠣᠭᠲᠠᠭᠠᠭᠰᠠᠨ ᠵᠢᠷᠤᠮ ᠶᠣᠰᠣᠭᠠᠷ ᠰᠠᠯᠠᠭ᠎ᠠ ᠮᠥᠴᠢᠷ ︵ ᠨᠢᠬᠡᠴᠡ︶ ᠤᠨ ᠣᠨ ᠤ | ᠲᠥᠰᠦᠪ ᠪᠠ ᠲᠥᠰᠦᠪ ᠤᠨ ᠬᠦᠢᠴᠡᠳᠬᠡᠯ ᠢ ᠬᠢᠨᠠᠨ ᠬᠠᠷᠭᠤᠭᠤᠯᠵᠤ ᠴᠤᠬᠤᠯᠠᠪᠤᠷᠢᠯᠠᠨᠠ᠃ ᠠᠶᠢᠮᠠᠭ ᠤᠨ | ᠵᠠᠬᠢᠷᠭ᠎ᠠ ᠶᠢᠨ ᠨᠠᠶᠢᠳᠠᠯᠭ᠎ᠠ ᠪᠠᠷ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ | ᠵᠦᠪᠯᠡᠯ ᠳᠤ ᠡᠳ᠋ ᠤᠨ ᠵᠠᠰᠠᠭ ᠤᠨ ᠲᠥᠰᠦᠪ᠂ ᠭᠦᠢᠴᠡᠳᠬᠡᠭᠰᠡᠨ ᠪᠠ ᠲᠥᠰᠦᠪ ᠤᠨ ᠭᠦᠢᠴᠡᠳᠬᠡᠯ ᠵᠡᠷᠭᠡ | ᠪᠠᠶᠢᠳᠠᠯ ᠢᠶᠠᠨ ᠮᠡᠳᠡᠬᠦᠯᠦᠨ᠎ᠡ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ | ᠠᠶᠢᠮᠠᠭ ᠤᠨ ᠱᠠᠲᠤᠨ ᠤ ᠡᠳ᠋ ᠤᠨ ᠵᠠᠰᠠᠭ ᠤᠨ ᠪᠡᠯᠡ ᠭᠠᠷᠭᠠᠭᠰᠠᠨ ᠡᠳ᠋ ᠬᠥᠷᠥᠩᠭᠡ ᠶᠢᠨ ᠬᠠᠮᠢᠶᠠᠷᠤᠯᠲᠠ ᠶᠢ | ᠬᠠᠷᠢᠭᠤᠴᠠᠨ᠎ᠠ᠃ ᠠᠶᠢᠮᠠᠭ ᠤᠨ ᠱᠠᠲᠤᠨ ᠤ ᠲᠥᠰᠦᠪ ᠪᠠ ᠲᠥᠰᠦᠪ ᠤᠨ ᠭᠦᠢᠴᠡᠳᠬᠡᠯ ᠢ ᠢᠯᠡ ᠪᠠᠶᠢᠯᠭᠠᠬᠤ ᠶᠢ | ᠬᠠᠷᠢᠭᠤᠴᠠᠨ᠎ᠠ᠃ ᠠᠶᠢᠮᠠᠭ ᠤᠨ ᠱᠠᠲᠤᠨ ᠤ ᠡᠳ᠋ ᠤᠨ ᠵᠠᠰᠠᠭ ᠬᠢᠭᠡᠳ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ᠂ ᠬᠤᠰᠢᠭᠤ ᠨᠡᠭᠡᠭᠡᠯᠳᠡ ᠶᠢᠨ ᠣᠷᠣᠨ ᠤ ᠡᠳ᠋ ᠤᠨ ᠵᠠᠰᠠᠭ ᠤᠨ ᠵᠢᠯ ᠤᠨ ᠡᠴᠦᠰ ᠤᠨ ᠳ᠋ᠦᠩᠨᠡᠨ ᠪᠣᠳᠣᠬᠤ | ᠶᠠᠪᠤᠳᠠᠯ ᠢ ᠬᠦᠢᠴᠡᠳᠬᠡᠨ᠎ᠡ᠃ | ︵ᠳᠦᠷᠪᠡ︶ ᠠᠵᠢᠯ ᠤᠨ ᠬᠤᠪᠢᠶᠠᠷᠢᠯᠠᠯᠳᠠ ᠶᠣᠰᠣᠭᠠᠷ ᠵᠠᠰᠠᠭ ᠤᠨ ᠣᠷᠳᠣᠨ ᠤ ᠭᠠᠶᠢᠯᠢ ᠶᠢᠨ ᠪᠤᠰᠤ | ᠣᠷᠣᠯᠭ᠎ᠠ ᠶᠢᠨ ᠬᠠᠮᠢᠶᠠᠷᠣᠯᠳᠠ ᠶᠢ ᠬᠠᠷᠢᠭᠤᠴᠠᠨ᠎ᠠ᠃ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ | ᠬᠠᠮᠢᠶᠠᠷᠤᠯᠲᠠ ᠶᠢ ᠬᠠᠷᠢᠭᠤᠴᠠᠵᠤ᠂ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠶᠢ | ᠲᠣᠭᠲᠠᠭᠠᠯ ᠶᠣᠰᠣᠭᠠᠷ ᠬᠠᠮᠢᠶᠠᠷᠤᠨ᠎ᠠ᠃ ᠡᠳ᠋ ᠤᠨ ᠵᠠᠰᠠᠭ ᠤᠨ ᠪᠠᠷᠢᠮᠲᠠ ᠶᠢ ᠬᠠᠮᠢᠶᠠᠷᠤᠨ᠎ᠠ᠃ ᠱᠠᠩᠨᠠᠯᠳᠣ | ᠰᠤᠭᠤᠯᠤᠭ᠎ᠠ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠷᠭ᠎ᠠ ᠶᠢ ᠨᠠᠶᠢᠳᠠᠪᠣᠷᠢᠵᠢᠭᠤᠯᠵᠦ᠂ | ᠱᠠᠩᠨᠠᠯᠲᠤ ᠰᠤᠭᠤᠯᠤᠭ᠎ᠠ ᠶᠢᠨ ᠵᠠᠬ᠎ᠠ ᠳᠡᠯᠭᠡᠭᠦᠷ ᠢ ᠲᠣᠭᠲᠠᠭᠠᠭᠰᠠᠨ ᠡᠷᠬᠡ ᠶᠢᠨ ᠬᠡᠪᠴᠢᠶ᠎ᠡ ᠶᠣᠰᠣᠭᠠᠷ ᠬᠢᠨᠠᠨ | ᠬᠠᠮᠢᠶᠠᠷᠴᠤ᠂ ᠱᠠᠩᠨᠠᠯᠲᠤ ᠰᠤᠭᠤᠯᠤᠭ᠎ᠠ ᠶᠢᠨ ᠪᠡᠯᠡ ᠮᠥᠩᠭᠦ ᠶᠢ ᠲᠣᠭᠲᠠᠭᠠᠯ ᠶᠣᠰᠣᠭᠠᠷ ᠬᠠᠮᠢᠶᠠᠷᠣᠨ᠎ᠠ᠃ | ︵ᠲᠠᠪᠤ︶ ᠤᠯᠤᠰ ᠤᠨ ᠰᠠᠩ ᠤᠨ ᠬᠠᠮᠢᠶᠠᠷᠤᠯᠲᠠ ᠶᠢᠨ ᠳᠦᠷᠢᠮ᠂ ᠤᠯᠤᠰ ᠤᠨ ᠰᠠᠩ ᠠᠴᠠ ᠲᠥᠪᠯᠡᠷᠡᠭᠦᠯᠦᠨ | ᠬᠤᠷᠢᠶᠠᠬᠤ ᠪᠠ ᠥᠭᠬᠦ ᠳᠦᠷᠢᠮ ᠢ ᠬᠡᠷᠡᠭᠵᠢᠬᠦᠯᠬᠦ ᠶᠢ ᠵᠣᠬᠢᠶᠠᠨ ᠪᠠᠶᠢᠭᠤᠯᠵᠦ᠂ ᠪᠦᠬᠦ ᠠᠶᠢᠮᠠᠭ ᠤᠨ ᠤᠯᠤᠰ ᠤᠨ | ᠰᠠᠩ ᠤᠨ ᠲᠤᠬᠠᠶᠢᠯᠠᠭᠰᠠᠨ ᠠᠵᠢᠯ ᠢ ᠵᠢᠯᠣᠭᠤᠳᠬᠤ ᠪᠠ ᠳᠡᠬᠦᠨ ᠳᠤ ᠬᠢᠨᠠᠯᠲᠠ ᠳᠠᠯᠪᠢᠵᠦ᠂ ᠤᠯᠤᠰ ᠤᠨ ᠰᠠᠩ ᠤᠨ | ᠪᠡᠯᠡᠨ ᠵᠣᠭᠤᠰ ᠤᠨ ᠬᠠᠮᠢᠶᠠᠷᠤᠯᠲᠠ ᠶᠢᠨ ᠠᠵᠢᠯ ᠢ ᠦᠷᠨᠢᠬᠦᠯᠦᠨ᠎ᠡ᠃ ᠵᠠᠰᠠᠭ ᠤᠨ ᠣᠷᠳᠣᠨ ᠤ ᠡᠳ᠋ ᠤᠨ ᠶᠠᠪᠤᠳᠠᠯ ᠤᠨ | ᠮᠡᠳᠡᠭᠦᠯᠦᠯᠲᠡ ᠶᠢ ᠨᠠᠶᠢᠷᠠᠭᠤᠯᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠵᠠᠰᠠᠭ ᠤᠨ ᠣᠷᠳᠣᠨ ᠤ | ᠬᠤᠳᠠᠯᠳᠤᠨ ᠠᠪᠬᠤ ᠳᠦᠷᠢᠮ ᠢ ᠨᠠᠶᠢᠳᠠᠪᠣᠷᠢᠵᠢᠭᠤᠯᠬᠤ ᠶᠢ ᠵᠣᠬᠢᠶᠠᠨ ᠪᠠᠶᠢᠭᠤᠯᠬᠤ ᠶᠢᠨ ᠬᠠᠮᠲᠤ ᠬᠢᠨᠠᠯᠲᠠ ᠲᠠᠯᠪᠢᠵᠤ | ᠬᠠᠮᠢᠶᠠᠷᠤᠨ᠎ᠠ᠃ | ︵ᠵᠢᠷᠭᠤᠭ᠎ᠠ︶ ᠵᠠᠰᠠᠭ ᠤᠨ ᠣᠷᠳᠣᠨ ᠤ ᠤᠯᠤᠰ ᠤᠨ ᠳᠣᠲᠣᠭᠠᠳᠤ ᠶᠢᠨ ᠥᠷᠢ ᠥᠭᠴᠡᠭᠡ ᠶᠢᠨ | ᠬᠠᠮᠢᠶᠠᠷᠤᠯᠲᠠ ᠶᠢᠨ ᠲᠤᠬᠠᠶ ᠤᠯᠤᠰ ᠤᠨ ᠳᠦᠷᠢᠮ ᠪᠣᠯᠤᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ | ᠬᠡᠷᠡᠭᠵᠢᠬᠦᠯᠦᠨ᠎ᠡ᠃ ᠪᠦᠬᠦ ᠠᠶᠢᠮᠠᠭ ᠤᠨ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠶᠢᠨ | ᠬᠠᠮᠢᠶᠠᠷᠤᠯᠲᠠ ᠶᠢᠨ ᠳᠦᠷᠢᠮ ᠪᠣᠯᠤᠨ ᠠᠷᠭ᠎ᠠ ᠬᠡᠮᠵᠢᠶ᠎ᠡ ᠶᠢ ᠬᠠᠤᠯᠢ ᠶᠣᠰᠣᠭᠠᠷ ᠲᠤᠭᠤᠷᠪᠢᠨ ᠲᠣᠭᠲᠠᠭᠠᠨ᠎ᠠ᠃ | ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠲᠤᠭ᠎ᠠ ᠶᠢ | ᠬᠢᠵᠠᠭᠠᠷᠯᠠᠨ ᠬᠠᠮᠢᠶᠠᠷᠬᠤ ᠶᠢ ᠬᠠᠷᠢᠭᠤᠴᠠᠨ᠎ᠠ᠃ ᠵᠠᠰᠠᠭ ᠤᠨ ᠣᠷᠳᠣᠨ ᠤ ᠭᠠᠳᠠᠭᠠᠳᠤ ᠵᠢᠭᠡᠯᠡᠯᠭᠡ ᠶᠢᠨ ᠬᠠᠮᠢᠶ᠎ᠠ ᠪᠦᠬᠦᠢ | ᠠᠵᠢᠯ ᠢ ᠲᠣᠭᠲᠠᠭᠠᠯ ᠶᠣᠰᠣᠭᠠᠷ ᠨᠢᠬᠡᠳᠦᠯᠳᠡᠢ ᠬᠠᠮᠢᠶᠠᠷᠬᠤ ᠶᠢ ᠬᠠᠷᠢᠭᠤᠴᠠᠨ᠎ᠠ᠃ | ︵ᠳᠣᠯᠤᠭ᠎ᠠ︶ ᠡᠳ᠋ ᠤᠨ ᠵᠠᠰᠠᠭ ᠬᠢᠭᠡᠳ ᠮᠥᠩᠭᠦᠨ ᠬᠦᠢᠯᠬᠡᠬᠡᠨ ᠤ ᠵᠣᠬᠢᠴᠠᠯᠳᠤᠨ ᠬᠠᠮᠵᠢᠯᠴᠠᠬᠤ ᠬᠠᠮᠢᠶ᠎ᠠ | ᠪᠦᠬᠦᠢ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠵᠠᠰᠠᠭ ᠤᠨ ᠣᠷᠳᠣᠨ ᠪᠣᠯᠤᠨ ᠨᠡᠶᠢᠭᠡᠮ ᠤᠨ | ᠬᠥᠷᠥᠩᠭᠡ ᠶᠢᠨ ᠬᠤᠷᠰᠢᠯᠴᠠᠭ᠎ᠠ ᠶᠢ ᠬᠠᠮᠢᠶᠠᠷᠬᠤ ᠠᠵᠢᠯ ᠢ ᠬᠠᠷᠢᠭᠤᠴᠠᠨ᠎ᠠ᠃ ᠵᠠᠰᠠᠭ ᠵᠠᠬᠢᠷᠭ᠎ᠠ ᠠᠵᠢᠯ ᠦᠢᠯᠡᠰ ᠤᠨ | ᠨᠢᠭᠡᠴᠡ ᠶᠢᠨ ᠤᠯᠤᠰ ᠤᠨ ᠦᠮᠴᠢᠯᠡᠯᠳᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠤᠨ ᠠᠷᠭ᠎ᠠ | ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠬᠦᠯᠬᠦ ᠶᠢ ᠵᠣᠬᠢᠶᠠᠨ ᠪᠠᠶᠢᠭᠤᠯᠵᠦ᠂ ᠲᠣᠭᠲᠠᠭᠠᠯ | ᠶᠣᠰᠣᠭᠠᠷ ᠠᠶᠢᠮᠠᠭ ᠤᠨ ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠦᠮᠴᠢᠯᠡᠯᠳᠦ | ᠡᠳ᠋ ᠬᠥᠷᠥᠩᠭᠡ ᠶᠢ ᠬᠠᠮᠢᠶᠠᠷᠤᠨ᠎ᠠ᠃ | ︵ᠨᠠᠢᠮᠠ︶ ᠪᠦᠬᠦ ᠠᠶᠢᠮᠠᠭ ᠤᠨ ᠤᠯᠤᠰ ᠤᠨ ᠦᠮᠴᠢᠯᠡᠯᠳᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠪᠠ | ᠲᠥᠰᠦᠪ ᠤᠨ ᠬᠦᠢᠴᠡᠳᠬᠡᠯ ᠤᠨ ᠲᠥᠰᠦᠯ ᠢ ᠬᠢᠨᠠᠨ ᠬᠠᠷᠭᠤᠭᠤᠯᠬᠤ ᠶᠢᠨ ᠬᠠᠮᠲᠤ ᠬᠤᠷᠢᠶᠠᠩᠭᠤᠶᠢᠯᠠᠨ | ᠨᠠᠶᠢᠷᠠᠭᠤᠯᠬᠤ ᠶᠢ ᠬᠠᠷᠢᠭᠤᠴᠠᠨ᠎ᠠ᠃ ᠤᠯᠤᠰ ᠤᠨ ᠦᠮᠴᠢᠯᠡᠯᠳᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ | ᠳᠦᠷᠢᠮ ᠪᠠ ᠠᠷᠭ᠎ᠠ ᠬᠡᠮᠵᠢᠶ᠎ᠡ ᠶᠢ ᠬᠡᠷᠡᠭᠵᠢᠬᠦᠯᠬᠦ ᠶᠢ ᠵᠣᠬᠢᠶᠠᠨ ᠪᠠᠶᠢᠭᠤᠯᠵᠦ᠂ ᠠᠶᠢᠮᠠᠭ ᠤᠨ ᠱᠠᠲᠤᠨ ᠤ ᠠᠵᠤ | ᠠᠬᠤᠶᠢᠯᠠᠯ ᠤᠨ ᠤᠯᠤᠰ ᠤᠨ ᠦᠮᠴᠢᠯᠡᠯᠳᠦ ᠬᠥᠷᠥᠩᠭᠡ ᠶᠢᠨ ᠠᠰᠢᠭ ᠣᠷᠣᠯᠭ᠎ᠠ ᠶᠢ ᠬᠤᠷᠢᠶᠠᠨ ᠠᠪᠤᠨ᠎ᠠ᠃ ᠠᠵᠤ | ᠠᠬᠤᠶᠢᠯᠠᠯ ᠤᠨ ᠡᠳ᠋ ᠤᠨ ᠶᠠᠪᠤᠳᠠᠯ ᠤᠨ ᠳᠦᠷᠢᠮ ᠢ ᠬᠡᠷᠡᠭᠵᠢᠬᠦᠯᠬᠦ ᠶᠢ ᠵᠣᠬᠢᠶᠠᠨ ᠪᠠᠶᠢᠭᠤᠯᠣᠨ᠎ᠠ᠃ | ︵ᠶᠢᠰᠦ︶ ᠪᠦᠬᠦ ᠠᠶᠢᠮᠠᠭ ᠤᠨ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ ᠪᠠ | ᠲᠥᠰᠦᠪ ᠤᠨ ᠬᠦᠢᠴᠡᠳᠬᠡᠯ ᠤᠨ ᠲᠥᠰᠦᠯ ᠢ ᠬᠢᠨᠠᠨ ᠬᠠᠷᠭᠤᠭᠤᠯᠬᠤ ᠶᠢᠨ ᠬᠠᠮᠲᠤ ᠬᠤᠷᠢᠶᠠᠩᠭᠤᠶᠢᠯᠠᠨ | ᠨᠠᠶᠢᠷᠠᠭᠤᠯᠬᠤ ᠶᠢ ᠬᠠᠷᠢᠭᠤᠴᠠᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠤᠯᠪᠣᠭᠳᠠᠯ ᠪᠦᠬᠦᠢ | ᠪᠡᠯᠡ ᠮᠥᠩᠭᠦ ︵ᠰᠠᠭᠤᠷᠢ ᠮᠥᠩᠭᠦ︶ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠬᠦᠯᠬᠦ ᠶᠢ | ᠵᠣᠬᠢᠶᠠᠨ ᠪᠠᠶᠢᠭᠤᠯᠵᠦ᠂ ᠨᠡᠶᠢᠬᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠡᠳ᠋ ᠤᠨ ᠵᠠᠰᠠᠭ ᠤᠨ ᠬᠢᠨᠠᠠ | ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ | ︵ᠠᠷᠪᠠ︶ ᠪᠦᠬᠦ ᠠᠶᠢᠮᠠᠭ ᠤᠨ ᠡᠳ᠋ ᠤᠨ ᠵᠠᠰᠠᠭ ᠤᠨ ᠠᠵᠤ ᠠᠬᠤᠶ ᠶᠢᠨ ᠬᠥᠭᠵᠢᠯᠲᠡ ᠳᠠᠬᠢ ᠵᠠᠷᠤᠯᠭ᠎ᠠ᠂ | ᠲᠥᠪ᠂ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠤᠨ ᠱᠠᠲᠤᠨ ᠤ ᠵᠠᠰᠠᠭ ᠤᠨ ᠣᠷᠳᠣᠨ ᠤ ᠴᠢᠨᠠᠷᠲᠠᠶ ᠪᠡᠯᠡ | ᠣᠷᠣᠭᠤᠯᠤᠯᠲᠠ ᠶᠢᠨ ᠲᠥᠷᠥᠯ ᠵᠦᠢᠯ ᠤᠨ ᠡᠳ᠋ ᠤᠨ ᠵᠠᠰᠠᠭ ᠠᠴᠠ ᠮᠦᠩᠬᠦ ᠰᠠᠯᠭᠠᠨ ᠥᠭᠬᠦ ᠶᠢ ᠬᠦᠢᠴᠡᠳᠬᠡᠬᠦ ᠪᠠ | ᠳᠡᠬᠦᠨ ᠳᠤ ᠬᠢᠨᠠᠯᠲᠠ ᠳᠠᠯᠪᠢᠵᠦ᠂ ᠪᠦᠬᠦ ᠠᠶᠢᠮᠠᠭ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ | ᠣᠷᠣᠭᠤᠯᠤᠯᠲᠠ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠤᠭᠤᠷᠪᠢᠬᠤ ᠳᠤ ᠣᠷᠣᠯᠴᠠᠵᠤ᠂ | ᠦᠨᠳᠦᠰᠦᠨ ᠪᠦᠲᠦᠭᠡᠨ ᠪᠠᠶᠢᠭᠤᠯᠤᠯᠲᠠ ᠶᠢᠨ ᠡᠳ᠋ ᠤᠨ ᠶᠠᠪᠤᠳᠠᠯ ᠤᠨ ᠳᠦᠷᠢᠮ ᠢ ᠨᠠᠶᠢᠳᠠᠪᠣᠷᠢᠵᠢᠭᠤᠯᠣᠨ᠎ᠠ᠃ | ︵ᠠᠷᠪᠠᠨ ᠨᠢᠭᠡ︶ ᠪᠦᠬᠦ ᠠᠶᠢᠮᠠᠭ ᠤᠨ ᠨᠢᠭᠲᠠᠯᠠᠨ ᠪᠣᠳᠣᠬᠤ ᠠᠵᠢᠯ ᠢ ᠬᠠᠷᠢᠭᠤᠴᠠᠨ ᠬᠠᠮᠢᠶᠠᠷᠴᠤ᠂ | ᠨᠢᠭᠲᠠᠯᠠᠨ ᠪᠣᠳᠣᠬᠤ ᠦᠢᠯᠡ ᠠᠵᠢᠯᠯᠠᠭ᠎ᠠ ᠳᠤ ᠬᠢᠨᠠᠯᠲᠠ ᠲᠠᠯᠪᠢᠵᠤ ᠳᠦᠷᠢᠮᠵᠢᠬᠦᠯᠦᠨ᠎ᠡ᠃ | ︵ᠠᠷᠪᠠᠨ ᠬᠤᠶᠠᠷ︶ ᠡᠳ᠋ ᠤᠨ ᠵᠠᠰᠠᠭ ᠭᠠᠶᠢᠯᠢ ᠶᠢᠨ ᠬᠠᠤᠯᠢ ᠳᠦᠷᠢᠮ᠂ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠂ ᠡᠳ᠋ ᠤᠨ ᠵᠠᠰᠠᠭ ᠤᠨ ᠣᠷᠣᠯᠭ᠎ᠠ | ᠵᠠᠷᠤᠯᠭ᠎ᠠ ᠶᠢᠨ ᠬᠠᠮᠢᠶᠠᠷᠣᠯᠳᠠ ᠳᠠᠬᠢ ᠴᠢᠬᠤᠯᠠ ᠶᠡᠭᠡ ᠠᠰᠠᠭᠤᠳᠠᠯ ᠢ ᠲᠤᠰᠬᠠᠬᠤ ᠶᠢ ᠬᠠᠷᠢᠭᠤᠴᠠᠨ᠎ᠠ᠃ ᠲᠥᠰᠦᠪ ᠤᠨ | ᠦᠷ᠎ᠡ ᠪᠦᠲᠦᠮᠵᠢ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠬᠡᠷᠡᠭᠵᠢᠬᠦᠯᠬᠦ ᠶᠢ ᠵᠣᠬᠢᠶᠠᠨ ᠪᠠᠶᠢᠭᠤᠯᠬᠤ ᠶᠢ | ᠬᠠᠷᠢᠭᠤᠴᠠᠨ᠎ᠠ᠃ ᠳᠣᠲᠣᠭᠠᠳᠤ ᠡᠵᠡᠮᠳᠡᠯ ᠢ ᠬᠢᠨᠠᠨ ᠵᠢᠯᠣᠭᠤᠳᠬᠤ ᠪᠠ ᠳᠦᠷᠢᠮᠵᠢᠬᠦᠯᠵᠦ᠂ ᠡᠳ᠋ ᠤᠨ ᠵᠠᠰᠠᠭ ᠤᠨ | ᠬᠠᠮᠢᠶᠠᠷᠤᠯᠲᠠ ᠶᠢ ᠴᠢᠩᠭᠠᠳᠬᠠᠬᠤ ᠳᠣᠬᠠᠢ ᠲᠦᠷᠦ ᠶᠢᠨ ᠪᠤᠳᠤᠯᠭ᠎ᠠ ᠪᠠ ᠰᠠᠨᠠᠭᠤᠯᠭ᠎ᠠ ᠶᠢ ᠳᠣᠷᠠᠳᠣᠨ᠎ᠠ᠃ | ︵ᠠᠷᠪᠠᠨ ᠭᠤᠷᠪᠠ︶ ᠤᠯᠤᠰ ᠤᠨ ᠦᠮᠴᠢᠯᠡᠯᠳᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ | ᠮᠡᠳᠡᠬᠦᠯᠦᠯᠳᠡ ᠶᠢ ᠲᠦᠷᠦᠭᠦᠯᠡᠨ ᠨᠠᠶᠢᠷᠠᠭᠤᠯᠣᠨ᠎ᠠ᠃ ᠠᠶᠢᠮᠠᠭ ᠤᠨ ᠵᠠᠬᠢᠷᠭ᠎ᠠ ᠶᠢᠨ ᠣᠯᠭᠤᠭᠰᠠᠨ ᠡᠷᠬᠡ ᠶᠢ | ᠦᠨᠳᠦᠰᠦᠯᠡᠨ᠂ ᠠᠶᠢᠮᠠᠭ ᠤᠨ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠪᠡᠯᠡ ᠭᠠᠷᠭᠠᠭᠴᠢᠳ ᠤᠨ | ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠲᠥᠪᠯᠡᠷᠡᠭᠦᠯᠦᠨ ᠨᠢᠭᠡᠳᠦᠯᠲᠡᠶ ᠬᠦᠢᠴᠡᠳᠬᠡᠵᠦ᠂ ᠠᠶᠢᠮᠠᠭ ᠤᠨ | ᠱᠠᠲᠤᠨ ᠤ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠨᠢ ᠬᠢᠨᠠᠨ ᠬᠠᠮᠢᠶᠠᠷᠴᠣ᠂ | ᠤᠯᠤᠰ ᠤᠨ ᠦᠮᠴᠢᠯᠡᠯᠳᠦ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠎ᠠ᠃ ᠬᠢᠨᠠᠨ | ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠤᠯᠤᠰ ᠤᠨ ᠦᠮᠴᠢᠯᠡᠯᠳᠦ ᠡᠳ᠋ ᠬᠥᠷᠥᠩᠭᠡ ᠶᠢᠨ ᠥᠷᠲᠡᠭ ᠢ ᠪᠠᠳᠣᠯᠠᠵᠦ | ᠥᠷᠲᠡᠭ ᠢ ᠨᠡᠮᠡᠭᠳᠡᠭᠦᠯᠬᠦ ᠶᠠᠪᠤᠳᠠᠯ ᠳᠤ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠡᠭᠦᠷᠭᠡᠯᠡᠵᠦ᠂ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠬᠦᠢᠴᠡᠳᠬᠡᠯ ᠲᠤᠭ᠎ᠠ ᠶᠢᠨ | ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠬᠢᠨᠠᠨ ᠰᠢᠯᠭᠠᠬᠤ ᠪᠠᠷᠢᠮᠵᠢᠶ᠎ᠠ ᠪᠣᠯᠤᠨ ᠠᠷᠭ᠎ᠠ ᠬᠡᠮᠵᠢᠶ᠎ᠡ ᠶᠢ | ᠲᠣᠭᠲᠠᠭᠠᠵᠤ᠂ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠦᠭᠰᠡᠨ ᠪᠠᠶᠢᠳᠠᠯ ᠳᠤ ᠲᠤᠭ᠎ᠠ ᠪᠦᠷᠢᠳᠬᠡᠯ ᠬᠢᠬᠦ᠂ ᠬᠠᠷᠭᠤᠭᠤᠯᠤᠨ | ᠪᠣᠳᠣᠬᠤ ᠪᠠᠷ ᠳᠠᠮᠵᠢᠭᠤᠯᠤᠨ ᠬᠢᠨᠠᠠ ᠬᠠᠮᠢᠶᠠᠷᠣᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠥᠭᠡᠷᠡᠴᠢᠯᠡᠯᠲᠡ ᠪᠣᠯᠤᠨ ᠳᠠᠬᠢᠨ ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠵᠤ᠂ ᠳᠤᠮᠳᠠᠳᠤ ᠤᠯᠤᠰ ᠤᠨ | ᠣᠨᠴᠠᠯᠢᠭ ᠪᠦᠬᠦᠢ ᠣᠳᠣ ᠦᠶ᠎ᠡ ᠶᠢᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠳᠦᠷᠢᠮ ᠤᠨ | ᠪᠠᠶᠢᠭᠤᠯᠤᠯᠲᠠ ᠶᠢ ᠠᠬᠢᠭᠤᠯᠵᠦ᠂ ᠺᠣᠮᠫᠠᠨᠢ ᠶᠢᠨ ᠵᠠᠰᠠᠯᠲᠠ ᠶᠢᠨ ᠪᠦᠲᠦᠴᠡ ᠶᠢ ᠲᠡᠭᠦᠯᠳᠡᠷᠵᠢᠭᠦᠯᠵᠦ᠂ ᠤᠯᠤᠰ ᠤᠨ | ᠥᠮᠴᠢᠯᠡᠯ ᠤᠨ ᠠᠵᠤ ᠠᠬᠤᠶ ᠶᠢᠨ ᠪᠠᠶᠢᠷᠢᠰᠢᠯ ᠪᠠ ᠪᠦᠲᠦᠴᠡ ᠶᠢᠨ ᠲᠤᠬᠢᠷᠠᠭᠤᠯᠤᠯᠳᠠ ᠶᠢ ᠠᠬᠢᠭᠤᠯᠤᠨ᠎ᠠ᠃ ᠬᠢᠨᠠᠨ | ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠴᠠᠯᠢᠩ ᠤᠨ ᠬᠤᠪᠢᠶᠠᠷᠢᠯᠠᠯᠲᠠ ᠶᠢᠨ ᠬᠠᠮᠢᠶᠠᠷᠤᠯᠲᠠ ᠶᠢᠨ ᠠᠵᠢᠯ ᠢ | ᠬᠠᠷᠢᠭᠤᠴᠠᠵᠤ᠂ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠣᠷᠣᠯᠭ᠎ᠠ ᠶᠢᠨ | ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠬᠡᠷᠡᠭᠵᠢᠬᠦᠯᠬᠦ ᠶᠢ ᠵᠣᠬᠢᠶᠠᠨ | ᠪᠠᠶᠢᠭᠤᠯᠣᠨ᠎ᠠ᠃ ᠬᠠᠮᠢᠶᠠᠷᠤᠯᠲᠠ ᠶᠢᠨ ᠡᠷᠬᠡ ᠶᠢᠨ ᠬᠡᠪᠴᠢᠶ᠎ᠡ ᠶᠣᠰᠣᠭᠠᠷ᠂ ᠬᠠᠤᠯᠢ ᠳᠤ ᠲᠣᠭᠲᠠᠭᠠᠭᠰᠠᠨ ᠳᠢᠭ | ᠵᠢᠷᠣᠮ ᠢᠶᠠᠷ ᠳᠠᠮᠵᠢᠭᠤᠯᠤᠨ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠲᠣᠮᠢᠯᠠᠬᠤ ᠪᠠ | ᠪᠠᠭᠤᠯᠭᠠᠨ᠂ ᠬᠢᠨᠠᠨ ᠰᠢᠯᠭᠠᠵᠤ᠂ ᠬᠥᠮᠦᠨ ᠰᠣᠩᠭᠤᠵᠤ ᠬᠥᠮᠦᠨ ᠬᠡᠷᠡᠭᠯᠡᠬᠦ ᠲᠣᠭᠲᠠᠴᠠ ᠶᠢ ᠲᠡᠭᠦᠯᠳᠡᠷᠵᠢᠭᠦᠯᠵᠦ᠂ | ᠡᠵᠡᠩᠨᠡᠭᠴᠢ ᠶᠢ ᠤᠷᠮᠠᠰᠢᠭᠤᠯᠬᠤ ᠪᠠ ᠬᠢᠵᠠᠭᠠᠷᠯᠠᠬᠤ ᠲᠦᠷᠢᠮ ᠢ ᠲᠡᠭᠦᠯᠳᠡᠷᠵᠢᠭᠦᠯᠦᠨ᠎ᠡ᠃ ᠪᠡᠯᠡ ᠭᠠᠷᠭᠠᠭᠰᠠᠨ ᠠᠵᠤ | ᠠᠬᠤᠶᠢᠯᠠᠯ ᠤᠨ ᠣᠯᠣᠰ ᠤᠨ ᠦᠮᠴᠢᠯᠡᠯᠳᠦ ᠬᠥᠷᠥᠩᠭᠡ ᠶᠢᠨ ᠠᠰᠢᠭ ᠣᠷᠣᠯᠭ᠎ᠠ ᠪᠠᠨ ᠳᠡᠭᠡᠭᠰᠢ ᠲᠤᠰᠢᠶᠠᠬᠤ ᠶᠢ ᠨᠢ | ᠵᠣᠬᠢᠶᠠᠨ ᠪᠠᠶᠢᠭᠤᠯᠬᠤ ᠶᠢ ᠬᠠᠷᠢᠭᠤᠴᠠᠵᠤ᠂ ᠪᠦᠬᠦ ᠠᠶᠢᠮᠠᠭ ᠤᠨ ᠤᠯᠤᠰ ᠤᠨ ᠦᠮᠴᠢᠯᠡᠯᠳᠦ ᠬᠥᠷᠥᠩᠭᠡ ᠶᠢᠨ | ᠡᠵᠡᠩᠨᠡᠯᠲᠡ ᠶᠢᠨ ᠲᠥᠰᠦᠪ ᠤᠨ ᠬᠤᠯᠪᠣᠭᠳᠠᠯ ᠪᠦᠬᠦᠢ ᠬᠠᠮᠢᠶᠠᠷᠣᠯᠳᠠ ᠶᠢᠨ ᠳᠦᠷᠢᠮ ᠪᠠ ᠠᠷᠭ᠎ᠠ ᠬᠡᠮᠵᠢᠶ᠎ᠡ ᠶᠢ | ᠲᠤᠭᠤᠷᠪᠢᠬᠤ ᠳᠤ ᠣᠷᠣᠯᠴᠠᠵᠤ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠤᠯᠤᠰ ᠤᠨ ᠦᠮᠴᠢᠯᠡᠯᠳᠦ | ᠬᠥᠷᠥᠩᠭᠡ ᠶᠢᠨ ᠡᠵᠡᠩᠨᠡᠯᠲᠡ ᠶᠢᠨ ᠲᠥᠰᠦᠪ ᠪᠠ ᠲᠥᠰᠦᠪ ᠤᠨ ᠭᠦᠢᠴᠡᠳᠬᠡᠯ ᠢ ᠨᠠᠶᠢᠷᠠᠭᠤᠯᠬᠤ᠂ ᠬᠡᠷᠡᠭᠵᠢᠭᠦᠯᠬᠦ | ᠵᠡᠷᠭᠡ ᠠᠵᠢᠯ ᠢ ᠬᠠᠷᠢᠭᠤᠴᠠᠨ᠎ᠠ᠃ ᠪᠡᠯᠡ ᠭᠠᠷᠭᠠᠭᠰᠠᠨ ᠠᠵᠤ ᠠᠬᠤᠶᠢᠯᠠᠯ ᠤᠨ ᠤᠯᠤᠰ ᠤᠨ ᠦᠮᠴᠢᠯᠡᠯᠳᠦ ᠵᠢᠴᠢ | ᠤᠯᠤᠰ ᠤᠨ ᠦᠮᠴᠢᠯᠡᠯᠳᠦ ᠬᠤᠪᠢ ᠡᠵᠡᠮᠳᠡᠭᠰᠡᠨ᠂ ᠬᠤᠪᠢ ᠣᠷᠣᠭᠤᠯᠤᠭᠰᠠᠨ ᠠᠵᠤ ᠠᠬᠤᠶᠢᠯᠠᠯ ᠤᠨ ᠤᠯᠤᠰ ᠤᠨ | ᠦᠮᠴᠢᠯᠡᠯᠳᠦ ᠡᠳ᠋ ᠬᠥᠷᠥᠩᠭᠡ ᠶᠢᠨ ᠥᠮᠴᠢᠯᠡᠬᠦ ᠡᠷᠬᠡ ᠶᠢ ᠬᠤᠪᠢᠷᠠᠭᠤᠯᠬᠤ ᠰᠢᠢᠳᠪᠦᠷᠢᠯᠡᠬᠦ ᠵᠡᠷᠭᠡ ᠳᠤ ᠬᠠᠤᠯᠢ | ᠶᠣᠰᠣᠭᠠᠷ ᠬᠢᠨᠠᠯᠲᠠ ᠲᠠᠯᠪᠢᠵᠤ ᠬᠠᠮᠢᠶᠠᠷᠤᠨ᠎ᠠ᠃ ᠠᠵᠤ ᠠᠬᠤᠶᠢᠯᠠᠯ ᠤᠨ ᠤᠯᠤᠰ ᠤᠨ ᠦᠮᠴᠢᠯᠡᠯᠳᠦ ᠡᠳ᠋ | ᠬᠥᠷᠥᠩᠭᠡ ᠶᠢᠨ ᠰᠠᠭᠤᠷᠢ ᠬᠠᠮᠢᠶᠠᠷᠤᠯᠲᠠ ᠶᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠤᠨ | ᠦᠮᠴᠢᠯᠡᠯᠳᠦ ᠡᠳ᠋ ᠬᠥᠷᠥᠩᠭᠡ ᠶᠢᠨ ᠬᠢᠨᠠᠨ ᠬᠠᠮᠢᠶᠠᠷᠤᠯᠲᠠ ᠶᠢᠨ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ᠂ | ᠳᠦᠷᠢᠮ ᠲᠣᠭᠲᠠᠭᠠᠯ ᠢ ᠲᠤᠤᠱᠯᠠᠭᠤᠯᠤᠨ ᠨᠠᠶᠢᠳᠠᠪᠣᠷᠢᠵᠢᠭᠤᠯᠵᠦ᠂ ᠬᠤᠯᠪᠣᠭᠳᠠᠯ ᠪᠦᠬᠦᠢ ᠳᠦᠷᠢᠮ ᠢ ᠲᠣᠭᠲᠠᠭᠠᠵᠤ᠂ | ᠬᠤᠰᠢᠭᠤ ᠨᠡᠭᠡᠭᠡᠯᠳᠡ ᠶᠢᠨ ᠣᠷᠣᠨ ᠤ ᠤᠯᠤᠰ ᠤᠨ ᠦᠮᠴᠢᠯᠡᠯᠳᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ | ᠬᠠᠤᠯᠢ ᠶᠣᠰᠣᠭᠠᠷ ᠵᠢᠯᠣᠭᠤᠳᠬᠤ ᠪᠠ ᠳᠡᠬᠦᠨ ᠳᠤ ᠬᠢᠨᠠᠯᠲᠠ ᠲᠠᠯᠪᠢᠨ᠎ᠠ᠃ ᠪᠡᠯᠡ ᠭᠠᠷᠭᠠᠭᠴᠢ ᠶᠢᠨ ᠡᠭᠦᠷᠭᠡ | ᠬᠠᠷᠢᠭᠤᠴᠠᠯᠭ᠎ᠠ ᠶᠣᠰᠣᠭᠠᠷ᠂ ᠬᠢᠨᠠᠨ ᠬᠠᠮᠢᠶᠠᠷᠴᠦ ᠪᠠᠶᠢᠭ᠎ᠠ ᠠᠵᠤ ᠠᠬᠤᠶᠢᠯᠠᠯ ᠤᠨ ᠬᠢᠨ ᠤ ᠠᠶᠤᠯ ᠦᠭᠡᠢ | ᠦᠢᠯᠡᠳᠪᠦᠷᠢᠯᠡᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠡᠨᠧᠷᠬᠢ ᠶᠢ ᠠᠷᠪᠢᠯᠠᠨ ᠪᠣᠬᠢᠷᠲᠤᠯ ᠢ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠴᠢᠭᠯᠡᠯᠲᠡ | ᠲᠥᠷᠥ ᠶᠢᠨ ᠪᠣᠳᠣᠯᠭ᠎ᠠ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠳᠦᠷᠢᠮ᠂ ᠪᠠᠷᠢᠮᠵᠢᠶ᠎ᠠ ᠵᠡᠷᠭᠡ | ᠠᠵᠢᠯ ᠢ ᠳᠣᠣᠱᠯᠠᠭᠤᠯᠣᠨ ᠨᠠᠶᠢᠳᠠᠪᠣᠷᠢᠵᠢᠭᠤᠯᠣᠭᠰᠠᠨ ᠳᠣᠬᠠᠢ ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠨ᠎ᠠ᠃ | ︵ᠠᠷᠪᠠᠨ ᠳᠦᠷᠪᠡ︶ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠬᠦᠯᠦᠨ᠎ᠡ᠃ | ︵ᠠᠷᠪᠠᠨ ᠲᠠᠪᠤ︶ ᠡᠭᠦᠷᠭᠡ ᠴᠢᠳᠠᠪᠤᠷᠢ ᠶᠢᠨ ᠬᠤᠪᠢᠷᠠᠭᠤᠯᠣᠯᠳᠠ᠃ | 1. ᠬᠤᠷᠸ᠎ᠠ ᠳᠣᠬᠢᠷᠠᠭᠤᠯᠭ᠎ᠠ ᠡᠵᠡᠮᠰᠢᠯ ᠤᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠳᠣᠬᠢᠷᠠᠭᠤᠯᠭ᠎ᠠ | ᠡᠵᠡᠮᠰᠢᠯ ᠤᠨ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠬᠥᠭᠵᠢᠯᠲᠡ ᠶᠢᠨ ᠳᠦᠯᠦᠪᠵᠢᠬᠦᠯᠬᠡ᠂ | ᠡᠳ᠋ ᠤᠨ ᠵᠠᠰᠠᠭ᠂ ᠮᠥᠩᠭᠦᠨ ᠬᠦᠢᠯᠬᠡᠬᠡ ᠵᠡᠷᠭᠡ ᠲᠥᠷᠥ ᠶᠢᠨ ᠪᠣᠳᠣᠯᠭ᠎ᠠ ᠶᠢᠨ ᠵᠣᠬᠢᠴᠠᠭᠤᠯᠭ᠎ᠠ ᠪᠣᠯᠤᠨ ᠠᠵᠢᠯ ᠤᠨ | ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠠᠵᠤ ᠠᠬᠤᠶ ᠶᠢᠨ ᠬᠢᠨᠠᠨ ᠬᠡᠮᠵᠢᠯᠲᠡ ᠶᠢᠨ ᠤᠷᠢᠳᠴᠢᠯᠠᠨ ᠵᠢᠱᠢᠵᠦ | ᠰᠡᠷᠡᠮᠵᠢᠯᠡᠭᠦᠯᠬᠦ ᠴᠢᠳᠠᠪᠤᠷᠢ ᠶᠢ ᠴᠢᠩᠭᠠᠳᠬᠠᠵᠦ᠂ ᠴᠢᠬᠤᠯᠠ ᠶᠡᠭᠡ ᠠᠰᠠᠭᠤᠳᠠᠯ ᠤᠨ ᠳᠣᠬᠠᠢ ᠰᠤᠳᠤᠯᠭᠠᠨ ᠪᠠ | ᠲᠦᠷᠦ ᠶᠢᠨ ᠪᠤᠳᠤᠯᠭ᠎ᠠ ᠶᠢᠨ ᠨᠥᠭᠡᠴᠡᠯᠡᠯᠲᠡ ᠶᠢᠨ ᠠᠵᠢᠯ ᠤᠨ ᠳᠣᠭᠳᠠᠴᠠ ᠶᠢ ᠪᠠᠶᠢᠭᠤᠯᠤᠨ ᠪᠦᠷᠢᠨᠰᠢᠬᠦᠯᠵᠦ᠂ | ᠬᠤᠷᠸ᠎ᠠ ᠳᠣᠬᠢᠷᠠᠭᠤᠯᠭ᠎ᠠ ᠡᠵᠡᠮᠰᠢᠯ ᠤᠨ ᠪᠠᠷᠠᠭᠠᠯᠬᠢᠯᠠᠯᠳᠤ ᠴᠢᠨᠠᠷ᠂ ᠬᠠᠨᠳᠤᠯᠭᠠᠲᠤ ᠴᠢᠨᠠᠷ᠂ ᠬᠠᠮᠵᠢᠯᠴᠠᠬᠤ ᠴᠢᠨᠠᠷ ᠢ | ᠴᠢᠩᠭᠠᠳᠬᠠᠨ᠎ᠠ᠃ | 2. ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠣᠳᠣ | ᠦᠶ᠎ᠡ ᠶᠢᠨ ᠡᠳ᠋ ᠤᠨ ᠵᠠᠰᠠᠭ ᠤᠨ ᠳᠦᠷᠢᠮ ᠢ ᠪᠠᠶᠢᠭᠤᠯᠬᠤ ᠶᠢ ᠳᠦᠷᠭᠡᠳᠬᠡᠵᠦ᠂ ᠡᠳ᠋ ᠤᠨ ᠵᠠᠰᠠᠭ ᠤᠨ ᠠᠵᠢᠯ | ᠶᠠᠪᠤᠳᠠᠯ ᠤᠨ ᠡᠷᠬᠡ ᠪᠣᠯᠤᠨ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢ ᠠᠬᠢᠭᠤᠯᠵᠦ᠂ | ᠠᠶᠢᠮᠠᠭ ᠤᠨ ᠱᠠᠲᠤ ᠪᠣᠯᠤᠨ ᠬᠤᠰᠢᠭᠤ ᠨᠡᠭᠡᠭᠡᠯᠳᠡ ᠶᠢᠨ ᠣᠷᠣᠨ ᠤ ᠣᠷᠣᠯᠭ᠎ᠠ ᠶᠢᠨ ᠬᠤᠪᠢᠶᠠᠷᠢᠯᠠᠯ ᠢ | ᠰᠢᠯᠤᠭᠤᠳᠬᠠᠵᠤ᠂ ᠡᠷᠬᠡ ᠬᠠᠷᠢᠭᠤᠴᠠᠯᠭ᠎ᠠ ᠨᠢ ᠲᠣᠳᠣᠷᠬᠠᠢ᠂ ᠡᠳ᠋ ᠤᠨ ᠬᠦᠴᠦᠨ ᠨᠢ ᠵᠣᠬᠢᠴᠠᠯᠳᠣᠭᠰᠠᠨ᠂ ᠣᠷᠣᠨ | ᠪᠦᠰᠡ ᠶᠢᠨ ᠳᠠᠯ᠎ᠠ ᠪᠠᠷ ᠲᠡᠩᠴᠡᠭᠦᠷᠢᠲᠡᠢ ᠠᠶᠢᠮᠠᠭ ᠤᠨ ᠱᠠᠲᠤ ᠪᠣᠯᠤᠨ ᠬᠤᠰᠢᠭᠤ ᠨᠡᠭᠡᠭᠡᠯᠳᠡ ᠶᠢᠨ ᠣᠷᠣᠨ ᠤ | ᠡᠳ᠋ ᠤᠨ ᠵᠠᠰᠠᠭ ᠤᠨ ᠬᠠᠷᠢᠴᠠᠭ᠎ᠠ ᠶᠢ ᠪᠠᠶᠢᠭᠤᠯᠤᠨ᠎ᠠ᠃ ᠰᠢᠯᠵᠢᠭᠦᠯᠦᠨ ᠥᠭᠬᠦ ᠳᠦᠷᠢᠮ ᠢ ᠲᠣᠭᠲᠠᠭᠠᠯ ᠶᠣᠰᠣᠭᠠᠷ | ᠲᠡᠭᠦᠯᠳᠡᠷᠵᠢᠭᠦᠯᠵᠦ᠂ ᠰᠢᠯᠵᠢᠭᠦᠯᠦᠨ ᠥᠭᠬᠦ ᠲᠥᠷᠥᠯ ᠠᠩᠬᠢᠯᠠᠯ ᠢ ᠰᠢᠯᠢᠳᠡᠭᠵᠢᠭᠦᠯᠵᠦ᠂ ᠰᠢᠯᠵᠢᠭᠦᠯᠦᠨ ᠥᠭᠬᠦ | ᠵᠦᠢᠯᠡᠰ ᠢ ᠳᠦᠷᠢᠮᠵᠢᠬᠦᠯᠵᠦ᠂ ᠣᠷᠣᠨ ᠨᠤᠲᠤᠭ ᠤᠨ ᠨᠢᠭᠡᠳᠦᠯᠲᠡᠶ ᠲᠥᠯᠥᠪᠯᠡᠬᠦ ᠴᠢᠳᠠᠪᠤᠷᠢ ᠶᠢ ᠨᠡᠮᠡᠭᠳᠡᠭᠦᠯᠦᠨ᠎ᠡ᠃ | ᠲᠥᠰᠦᠪ ᠤᠨ ᠬᠤᠪᠢᠶᠠᠷᠢᠯᠠᠯᠲᠠ ᠶᠢ ᠠᠯᠬᠤᠮ ᠠᠯᠬᠤᠮ ᠢᠶᠠᠷ ᠨᠢᠭᠡᠳᠦᠯᠲᠡᠶ ᠪᠣᠯᠭᠠᠵᠤ᠂ ᠦᠷ᠎ᠡ ᠪᠦᠲᠦᠮᠵᠢ ᠶᠢᠨ | ᠬᠠᠮᠢᠶᠠᠷᠣᠯᠳᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠦᠬᠦ ᠲᠠᠯ᠎ᠠ ᠪᠠᠷ ᠳᠦᠷᠢᠮᠵᠢᠭᠰᠡᠨ ᠪᠦᠭᠡᠳ ᠢᠯᠡ ᠲᠣᠳᠣ᠂ | ᠪᠠᠷᠢᠮᠵᠢᠶ᠎ᠠ ᠳᠤ ᠨᠡᠶᠢᠴᠡᠭᠰᠡᠨ ᠪᠦᠬᠡᠳ ᠰᠢᠨᠵᠢᠯᠡᠬᠦ ᠤᠬᠠᠭᠠᠨᠴᠢ᠂ ᠬᠢᠵᠠᠭᠠᠷᠯᠠᠯ ᠨᠢ ᠡᠷᠴᠢᠮᠳᠡᠢ ᠲᠥᠰᠦᠪ ᠤᠨ | ᠳᠦᠷᠢᠮ ᠢ ᠪᠠᠶᠢᠭᠤᠯᠤᠨ᠎ᠠ᠃ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠪᠠ ᠵᠠᠰᠠᠭ ᠵᠠᠬᠢᠷᠭ᠎ᠠ ᠠᠵᠢᠯ | ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ | ᠬᠡᠷᠡᠭᠵᠢᠭᠦᠯᠵᠦ᠂ ᠬᠢᠨᠠᠯᠲᠠ ᠳᠠᠯᠪᠢᠬᠤ ᠲᠦᠷᠢᠮ ᠢ ᠲᠡᠭᠦᠯᠳᠡᠷᠵᠢᠭᠦᠯᠦᠨ᠎ᠡ᠃ ᠭᠠᠶᠢᠯᠢ ᠲᠠᠲᠠᠪᠤᠷᠢ ᠶᠢᠨ ᠲᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ | 3. ᠣᠷᠣᠨ ᠨᠤᠲᠤᠭ ᠤᠨ ᠵᠠᠰᠠᠭ ᠤᠨ ᠣᠷᠳᠣᠨ ᠤ ᠦᠷᠢ ᠥᠭᠴᠡᠭᠡᠨ ᠤ ᠲᠦᠭᠰᠢᠭᠦᠷᠢ ᠶᠢ ᠰᠡᠷᠭᠡᠶᠢᠯᠡᠨ | ᠠᠷᠢᠯᠭᠠᠨ᠎ᠠ᠃ ᠵᠢᠭᠡᠯᠡᠯᠭᠡ ᠠᠪᠴᠤ ᠪᠡᠯᠡ ᠲᠣᠬᠢᠷᠠᠭᠤᠯᠬᠤ ᠲᠣᠭᠲᠠᠴᠠ ᠶᠢ ᠳᠦᠷᠢᠮᠵᠢᠬᠦᠯᠵᠦ᠂ ︽ᠬᠢᠵᠠᠭᠠᠷᠯᠠᠨ | ᠡᠵᠡᠮᠳᠡᠬᠦ︾ ᠬᠠᠮᠢᠶᠠᠷᠣᠯᠳᠠ ᠶᠢᠨ ᠰᠢᠰᠲ᠋ᠧᠮᠵᠢ ᠶᠢ ᠪᠠᠶᠢᠭᠤᠯᠵᠤ᠂ ᠬᠠᠤᠯᠢ ᠪᠠᠷ ᠲᠣᠭᠲᠠᠭᠠᠭᠰᠠᠨ ᠬᠢᠵᠠᠭᠠᠷᠯᠠᠭᠰᠠᠨ | ᠲᠣᠭᠠᠨ ᠤ ᠳᠣᠲᠣᠷᠠᠬᠢ ᠥᠷᠢ ᠥᠭᠴᠡᠭᠡ ᠶᠢᠨ ᠲᠦᠭᠰᠢᠭᠦᠷᠢ ᠶᠢ ᠴᠢᠩᠭ᠎ᠠ ᠡᠵᠡᠮᠳᠡᠵᠦ᠂ ᠳᠠᠯᠳᠠ ᠥᠷᠢ | ᠥᠭᠴᠡᠭᠡ ᠶᠢᠨ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠡᠵᠡᠮᠳᠡᠵᠦ᠂ ᠰᠢᠰᠲ᠋ᠧᠮ ᠤᠨ ᠴᠢᠨᠠᠷᠲᠠᠶ ᠠᠶᠤᠯ | ᠲᠦᠭᠰᠢᠭᠦᠷᠢ ᠶᠢ ᠦᠯᠦ ᠡᠭᠦᠰᠭᠡᠬᠦ ᠬᠤᠷᠢᠭ᠎ᠠ ᠱᠤᠭᠤᠮ ᠢ ᠪᠠᠲᠤ ᠰᠠᠬᠢᠨ᠎ᠠ᠃ | ︵ᠠᠷᠪᠠᠨ ᠵᠢᠷᠭᠤᠭ᠎ᠠ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | ᠠᠯᠠᠱᠠ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠨᠢ ᠭᠠᠶᠢᠯᠢ ᠶᠢᠨ ᠪᠤᠰᠤ ᠣᠷᠣᠯᠭ᠎ᠠ ᠶᠢ ᠤᠯᠤᠰ ᠤᠨ | ᠰᠠᠩ ᠠᠴᠠ ᠳᠦᠪᠯᠡᠷᠡᠬᠦᠯᠦᠨ ᠬᠤᠷᠢᠶᠠᠬᠤ ᠲᠦᠷᠢᠮ ᠢ ᠲᠤᠭᠤᠷᠪᠢᠨ ᠲᠣᠭᠲᠠᠭᠠᠬᠤ ᠪᠠ ᠬᠡᠷᠡᠭᠵᠢᠬᠦᠯᠬᠦ ᠶᠢ ᠵᠣᠬᠢᠶᠠᠨ | ᠪᠠᠶᠢᠭᠤᠯᠬᠤ ᠶᠢ ᠬᠠᠷᠢᠭᠤᠴᠠᠵᠤ᠂ ᠭᠠᠶᠢᠯᠢ ᠶᠢᠨ ᠪᠤᠰᠤ ᠣᠷᠣᠯᠭ᠎ᠠ ᠶᠢᠨ ᠳᠠᠩᠰᠠ᠂ ᠬᠤᠷᠢᠶᠠᠨ ᠠᠪᠬᠤ ᠠᠷᠭ᠎ᠠ ᠮᠠᠶ᠋ᠢᠭ᠂ | ᠰᠠᠩ ᠠᠴᠠ ᠪᠤᠴᠠᠭᠠᠬᠤ ᠵᠡᠷᠭᠡ ᠬᠠᠮᠢᠶᠠᠷᠤᠯᠲᠠ ᠶᠢ ᠬᠠᠷᠢᠭᠤᠴᠠᠨ᠎ᠠ᠃ ᠤᠯᠤᠰ ᠤᠨ ᠭᠠᠶᠢᠯᠢ ᠶᠢᠨ ᠶᠠᠪᠤᠳᠠᠯ ᠤᠨ | ᠶᠡᠷᠦᠩᠬᠡᠶ ᠲᠣᠪᠴᠢᠶ᠎ᠠ ᠶᠢᠨ ᠠᠯᠠᠱᠠ ᠠᠶᠢᠮᠠᠭ ᠤᠨ ᠭᠠᠶᠢᠯᠢ ᠶᠢᠨ ᠶᠠᠪᠣᠳᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ | ᠨᠢ ᠭᠠᠶᠢᠯᠢ ᠶᠢᠨ ᠪᠤᠰᠤ ᠣᠷᠣᠯᠭ᠎ᠠ ᠶᠢ ᠤᠯᠤᠰ ᠤᠨ ᠰᠠᠩ ᠠᠴᠠ ᠲᠥᠪᠯᠡᠷᠡᠭᠦᠯᠦᠨ ᠬᠤᠷᠢᠶᠠᠬᠤ ᠵᠡᠷᠭᠡ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠲᠠᠲᠠᠪᠤᠷᠢᠯᠠᠭᠰᠠᠨ ᠭᠠᠶᠢᠯᠢ ᠶᠢᠨ ᠪᠤᠰᠤ | ᠣᠷᠣᠯᠭ᠎ᠠ ᠶᠢᠨ ᠳᠦᠷᠦᠯ ᠵᠦᠢᠯ ᠢ ᠭᠤᠶᠤᠴᠢᠯᠠᠨ ᠮᠡᠳᠡᠭᠦᠯᠵᠦ ᠲᠠᠲᠠᠪᠤᠷᠢᠯᠠᠬᠤ᠂ ᠨᠡᠶᠢᠯᠡᠭᠦᠯᠦᠨ ᠪᠦᠷᠢᠳᠬᠡᠵᠦ | ᠬᠠᠷᠭᠤᠭᠤᠯᠣᠨ ᠪᠣᠳᠣᠬᠤ᠂ ᠰᠦᠢᠳᠬᠡᠯ ᠳᠣᠰᠢᠶᠠᠭᠰᠠᠨ ᠢ ᠪᠠᠶᠢᠴᠠᠭᠠᠬᠤ᠂ ᠦᠷᠢᠳᠦᠭᠰᠡᠨ ᠰᠦᠢᠳᠬᠡᠯ ᠢ ᠨᠡᠬᠡᠮᠵᠢᠯᠡᠨ | ᠲᠤᠰᠢᠶᠠᠯᠭᠠᠬᠤ ᠪᠠ ᠬᠠᠤᠯᠢ ᠠᠴᠠ ᠵᠦᠷᠢᠴᠡᠭᠰᠡᠨ ᠢ ᠰᠢᠢᠳᠪᠦᠷᠢᠯᠡᠬᠦ ᠵᠡᠷᠭᠡ ᠠᠵᠢᠯ ᠢ ᠬᠠᠷᠢᠭᠤᠴᠠᠨ ᠰᠠᠶᠢᠲᠤᠷ ᠬᠢᠨ᠎ᠠ᠃ | ᠬᠤᠯᠪᠣᠭᠳᠠᠯ ᠪᠦᠬᠦᠢ ᠭᠠᠶᠢᠯᠢ ᠶᠢᠨ ᠪᠤᠰᠤ ᠣᠷᠣᠯᠭ᠎ᠠ ᠶᠢᠨ ᠲᠥᠷᠥᠯ ᠵᠦᠢᠯ ᠤᠨ ᠲᠠᠲᠠᠪᠤᠷᠢᠯᠠᠬᠤ ᠮᠡᠳᠡᠭᠡ ᠵᠠᠩᠭᠢ ᠶᠢ | ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠲᠠᠢ ᠴᠠᠭ ᠲᠤᠬᠠᠶ ᠳᠤᠨᠢ ᠬᠤᠪᠢᠶᠠᠯᠴᠠᠨ᠎ᠠ᠃ | ᠬᠤᠶᠠᠷ᠂ ᠳᠣᠲᠣᠭᠠᠳᠤ ᠪᠠᠶᠢᠭᠤᠯᠤᠮᠵᠢ | ︵ᠨᠢᠭᠡ︶ ᠠᠯᠪᠠᠨ ᠭᠡᠷ᠃ ᠪᠠᠶᠢᠭᠤᠯᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠵᠤ᠂ | ᠮᠡᠳᠡᠭᠡ ᠵᠠᠩᠭᠢ᠂ ᠰᠣᠨᠢᠨ ᠮᠡᠳᠡᠭᠡᠨ ᠤ ᠤᠬᠠᠭᠤᠯᠭ᠎ᠠ᠂ ᠠᠮᠤᠷ ᠲᠦᠪᠰᠢᠨ ᠨᠢᠭᠤᠴᠠ ᠶᠢ ᠬᠠᠮᠠᠭᠠᠯᠠᠬᠤ᠂ ᠵᠠᠬᠢᠳᠠᠯ | ᠰᠣᠷᠪᠣᠯᠵᠢᠯᠠᠭ᠎ᠠ᠂ ᠳᠠᠩᠰᠠ ᠡᠪᠬᠡᠮᠡᠯ᠂ ᠵᠠᠰᠠᠭ ᠤᠨ ᠶᠠᠪᠤᠳᠠᠯ ᠢ ᠢᠯᠡ ᠪᠠᠶᠢᠯᠭᠠᠬᠤ᠂ ᠮᠡᠳᠡᠭᠡ ᠵᠠᠩᠬᠢᠴᠢᠯᠠᠯᠳᠠ ᠶᠢᠨ | ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ᠃ ᠪᠠᠶᠢᠭᠤᠯᠤᠯᠭ᠎ᠠ ᠵᠢᠴᠢ ᠬᠠᠷᠢᠶ᠎ᠠ ᠨᠢᠭᠡᠴᠡ ᠶᠢᠨ ᠡᠳ᠋ ᠤᠨ ᠶᠠᠪᠤᠳᠠᠯ᠂ | ᠵᠠᠰᠠᠭ ᠤᠨ ᠣᠷᠳᠣᠨ ᠠᠴᠠ ᠬᠤᠳᠠᠯᠳᠤᠨ ᠠᠪᠬᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ᠂ | ᠺᠠᠳ᠋ᠷ ᠠᠵᠢᠯᠲᠠᠨ ᠤ ᠶᠠᠪᠤᠳᠠᠯ ᠤᠨ ᠬᠠᠮᠢᠶᠠᠷᠣᠯᠳᠠ᠂ ᠪᠠᠶᠢᠭᠤᠯᠤᠮᠵᠢ ᠶᠢᠨ ᠣᠷᠣᠨ ᠲᠤᠭ᠎ᠠ᠂ ᠬᠥᠳᠡᠯᠮᠦᠷᠢ ᠴᠠᠯᠢᠩ᠂ | ᠰᠤᠷᠭᠠᠨ ᠬᠥᠮᠦᠵᠢᠯ ᠪᠣᠯᠪᠠᠰᠤᠷᠠᠯ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ᠃ | ᠡᠷᠬᠡ ᠶᠢᠨ ᠬᠡᠪᠴᠢᠶ᠎ᠡ ᠶᠣᠰᠣᠭᠠᠷ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠲᠤᠰᠬᠠᠶ ᠮᠡᠷᠭᠡᠵᠢᠯ ᠤᠨ ᠲᠤᠰᠢᠶᠠᠯ ᠢ | ᠰᠢᠯᠭᠠᠷᠠᠭᠤᠯᠤᠨ ᠤᠷᠢᠬᠤ ᠪᠠ ᠠᠵᠢᠯᠴᠢᠨ ᠤ ᠮᠡᠷᠭᠡᠵᠢᠯ ᠤᠨ ᠳᠡᠰ ᠢ ᠬᠢᠨᠠᠨ ᠰᠢᠯᠭᠠᠬᠤ ᠠᠵᠢᠯ ᠢ ᠬᠠᠷᠢᠭᠤᠴᠠᠨ᠎ᠠ᠃ | ᠲᠤᠰ ᠰᠠᠯᠠᠭ᠎ᠠ ᠮᠥᠴᠢᠷ ᠤᠨ ᠢᠶᠠᠨ ᠲᠥᠪ᠂ ᠥᠪᠡᠷᠲᠡᠭᠡᠨ ᠵᠠᠰᠠᠬᠤ ᠣᠷᠣᠨ ᠵᠢᠴᠢ ᠮᠠᠨ ᠤ ᠠᠶᠢᠮᠠᠭ ᠤᠨ ᠡᠳ᠋ ᠤᠨ | ᠵᠠᠰᠠᠭ ᠠᠵᠤ ᠠᠬᠤᠶ ᠶᠢᠨ ᠠᠵᠢᠯ ᠤᠨ ᠴᠢᠬᠤᠯᠠ ᠶᠡᠭᠡ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ | ᠳᠣᠣᠱᠯᠠᠭᠤᠯᠬᠤ ᠳᠣᠬᠠᠢ ᠪᠣᠳᠠᠲᠠᠶ ᠰᠠᠨᠠᠭᠤᠯᠭ᠎ᠠ ᠳᠤᠷᠠᠳᠬᠤ ᠶᠢᠨ ᠬᠠᠮᠲᠤ ᠰᠢᠮᠳᠠᠭᠤᠯᠤᠨ ᠨᠠᠶᠢᠳᠠᠪᠤᠷᠢᠵᠢᠭᠤᠯᠤᠨ᠎ᠠ᠃ | ᠶᠡᠷᠦᠩᠬᠡᠶᠢᠯᠡᠭᠰᠡᠨ ᠴᠢᠨᠠᠷᠲᠠᠶ ᠴᠢᠬᠤᠯᠠ ᠡᠬᠡ ᠪᠢᠴᠢᠭ ᠢ ᠲᠤᠭᠤᠷᠪᠢᠬᠤ ᠶᠢ ᠬᠠᠷᠢᠭᠤᠴᠠᠨ᠎ᠠ᠃ ᠬᠠᠮᠢᠶᠠᠷᠤᠯᠲᠠ ᠶᠢᠨ | ᠡᠷᠬᠡ ᠶᠢᠨ ᠬᠡᠪᠴᠢᠶ᠎ᠡ ᠶᠣᠰᠣᠭᠠᠷ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠤᠳᠤᠷᠢᠳᠬᠤ ᠬᠥᠮᠦᠰ ᠢ | ᠰᠢᠯᠭᠠᠨ ᠪᠠᠶᠢᠴᠠᠭᠠᠬᠤ ᠠᠵᠢᠯ ᠢ ᠡᠭᠦᠷᠭᠡᠯᠡᠬᠦ ᠶᠢᠨ ᠬᠠᠮᠲᠤ ᠲᠣᠮᠢᠯᠠᠵᠤ ᠪᠠᠭᠤᠯᠭᠠᠬᠤ ᠳᠣᠬᠠᠢ ᠰᠠᠨᠠᠭᠤᠯᠭ᠎ᠠ ᠶᠢ | ᠳᠤᠷᠠᠳᠴᠤ᠂ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠤᠳᠤᠷᠢᠳᠬᠤ ᠪᠠᠭ ᠤᠨ ᠪᠠᠶᠢᠭᠤᠯᠤᠯᠲᠠ ᠪᠠ | ᠤᠳᠤᠷᠢᠳᠬᠤ ᠬᠥᠮᠦᠰ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠦ᠂ ᠭᠠᠳᠠᠭᠠᠳᠤ ᠬᠡᠷᠡᠭ ᠮᠡᠳᠡᠭᠴᠢ᠂ | ᠰᠲ᠋ᠣᠺ ᠤᠨ ᠡᠷᠬᠡ ᠶᠢᠨ ᠲᠥᠯᠥᠭᠡᠯᠡᠭᠴᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠢᠨᠠᠨ ᠬᠠᠮᠢᠶᠠᠷᠴᠤ | ᠪᠠᠶᠢᠭ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠵᠢᠯ ᠤᠨ ᠬᠢᠨᠠᠨ ᠰᠢᠯᠭᠠᠯᠲᠠ ᠪᠠ ᠲᠤᠰᠢᠶᠠᠯ ᠤᠨ | ᠬᠤᠭᠤᠴᠠᠭᠠᠨ ᠤ ᠬᠢᠨᠠᠨ ᠰᠢᠯᠭᠠᠯᠲᠠ ᠬᠢᠨ᠎ᠡ᠃ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠤᠳᠤᠷᠢᠳᠬᠤ | ᠪᠠᠭ ᠤᠨ ᠪᠠᠶᠢᠭᠤᠯᠤᠯᠲᠠ ᠶᠢ ᠴᠢᠩᠭᠠᠳᠬᠠᠬᠤ ᠳᠣᠬᠠᠢ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠰᠤᠳᠤᠯᠤᠨ | ᠲᠣᠭᠲᠠᠭᠠᠨ᠎ᠠ᠃ ᠬᠢᠨᠠᠨ ᠬᠠᠮᠢᠶᠠᠷᠴᠦ ᠪᠠᠶᠢᠭ᠎ᠠ ᠠᠵᠤ ᠠᠬᠤᠶᠢᠯᠠᠯ ᠤᠨ ᠵᠣᠬᠢᠶᠠᠨ ᠪᠠᠶᠢᠭᠤᠯᠬᠤ ᠠᠵᠢᠯᠲᠠᠨ ᠤ ᠶᠠᠪᠤᠳᠠᠯ᠂ | ᠴᠢᠳᠠᠪᠤᠷᠢᠲᠠᠨ᠂ ᠰᠤᠷᠭᠠᠨ ᠬᠥᠮᠦᠵᠢᠯ ᠪᠣᠯᠪᠠᠰᠣᠷᠠᠯ ᠤᠨ ᠠᠵᠢᠯ ᠵᠢᠴᠢ ᠠᠶᠤᠯ ᠦᠭᠡᠢ ᠦᠢᠯᠡᠳᠪᠦᠷᠢᠯᠡᠯ᠂ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠡᠨᠧᠷᠭᠢ ᠶᠢ ᠠᠷᠪᠢᠯᠠᠨ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠲᠥᠷᠥ ᠶᠢᠨ ᠪᠣᠳᠣᠯᠭ᠎ᠠ ᠬᠠᠤᠯᠢ ᠳᠦᠷᠢᠮ ᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠵᠡᠷᠭᠡ ᠠᠵᠢᠯ ᠢ ᠵᠢᠯᠣᠭᠤᠳᠤᠨ ᠳᠡᠬᠦᠨ ᠳᠤ ᠬᠢᠨᠠᠯᠲᠠ ᠲᠠᠯᠪᠢᠨ᠎ᠠ᠃ | ︵ᠬᠤᠶᠠᠷ︶ ᠶᠡᠷᠦᠩᠬᠡᠶᠢᠯᠡᠭᠰᠡᠨ ᠠᠵᠢᠯ ᠤᠨ ᠰᠠᠯᠠᠭ᠎ᠠ᠃ ᠬᠤᠷᠸ᠎ᠠ ᠠᠵᠤ ᠠᠬᠤᠶ ᠶᠢᠨ ᠪᠠᠶᠢᠳᠠᠯ ᠢ | ᠵᠠᠳᠠᠯᠤᠨ ᠵᠢᠱᠢᠬᠦ ᠶᠢᠨ ᠬᠠᠮᠲᠤ ᠬᠤᠷᠸ᠎ᠠ ᠳᠣᠬᠢᠷᠠᠭᠤᠯᠭ᠎ᠠ ᠡᠵᠡᠮᠰᠢᠯ ᠤᠨ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ | ᠶᠢ ᠳᠤᠷᠠᠳᠴᠤ᠂ ᠤᠷᠲᠤᠪᠲᠤᠷ ᠬᠤᠭᠤᠴᠠᠭᠠᠨ ᠤ ᠡᠳ᠋ ᠤᠨ ᠵᠠᠰᠠᠭ ᠤᠨ ᠳᠦᠯᠦᠪᠵᠢᠬᠦᠯᠬᠡ ᠶᠢᠨ ᠰᠠᠨᠠᠭᠤᠯᠭ᠎ᠠ ᠶᠢ | ᠳᠣᠷᠠᠳᠣᠨ᠎ᠠ᠃ ᠠᠵᠤ ᠠᠬᠤᠶ ᠨᠡᠶᠢᠭᠡᠮ᠂ ᠡᠳ᠋ ᠤᠨ ᠵᠠᠰᠠᠭ ᠤᠨ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ | ᠰᠤᠳᠤᠯᠵᠤ᠂ ᠡᠳ᠋ ᠤᠨ ᠵᠠᠰᠠᠭ ᠠᠴᠠ ᠬᠠᠮᠢᠶ᠎ᠠ ᠪᠥᠬᠦᠶ ᠬᠦᠷᠢᠶᠡᠨ ᠤ ᠥᠭᠡᠷᠡᠴᠢᠯᠡᠯᠲᠡ ᠬᠥᠭᠵᠢᠯᠲᠡ ᠶᠢ ᠳᠡᠮᠵᠢᠬᠦ | ᠳᠣᠬᠠᠢ ᠰᠠᠨᠠᠭᠤᠯᠭ᠎ᠠ ᠶᠢ ᠳᠣᠷᠠᠳᠣᠨ᠎ᠠ︔ ᠣᠷᠣᠨ ᠪᠦᠰᠡ ᠶᠢᠨ ᠬᠥᠭᠵᠢᠯᠲᠡ ᠶᠢᠨ ᠡᠳ᠋ ᠤᠨ ᠵᠠᠰᠠᠭ ᠤᠨ | ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠠᠶᠢᠮᠠᠭ ᠤᠨ ᠱᠠᠲᠤ ᠵᠢᠴᠢ ᠬᠢᠨᠠᠨ ᠬᠠᠮᠢᠶᠠᠷᠴᠤ | ᠪᠠᠶᠢᠭ᠎ᠠ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠲᠥᠷᠥ ᠶᠢᠨ | ᠪᠣᠳᠣᠯᠭ᠎ᠠ ᠶᠢᠨ ᠰᠠᠨᠠᠭᠤᠯᠭ᠎ᠠ ᠪᠠ ᠥᠭᠡᠷᠡᠴᠢᠯᠡᠯᠲᠡ ᠶᠢᠨ ᠲᠥᠰᠦᠯ ᠢ ᠳᠣᠷᠠᠳᠣᠨ᠎ᠠ᠃ ᠠᠶᠢᠮᠠᠭ ᠤᠨ ᠱᠠᠲᠤᠨ ᠤ | ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠴᠠᠯᠢᠩ ᠤᠨ ᠶᠡᠷᠦᠩᠬᠡᠢ ᠲᠤᠭ᠎ᠠ ᠶᠢ ᠲᠣᠭᠲᠠᠭᠠᠬᠤ ᠲᠣᠭᠲᠠᠴᠠ | ᠪᠣᠯᠤᠨ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠬᠠᠷᠢᠭᠤᠴᠠᠯᠭᠠᠳᠠᠨ ᠤ ᠴᠠᠯᠢᠩ ᠬᠥᠯᠥᠰᠥ ᠶᠢᠨ | ᠥᠭᠡᠷᠡᠴᠢᠯᠡᠯᠲᠡ ᠶᠢ ᠲᠣᠭᠲᠠᠭᠠᠯ ᠶᠣᠰᠣᠭᠠᠷ ᠬᠠᠷᠢᠭᠤᠴᠠᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ | ᠬᠠᠷᠢᠭᠤᠴᠠᠯᠭᠠᠲᠠᠨ ᠤ ᠡᠭᠦᠷᠭᠡ ᠲᠤᠰᠢᠶᠠᠯ ᠢᠶᠠᠨ ᠬᠦᠢᠴᠡᠳᠬᠡᠬᠦ ᠬᠠᠷᠠᠭᠠᠯᠵᠠᠯ᠂ ᠲᠤᠬᠠᠶᠢᠯᠠᠭᠰᠠᠨ ᠠᠵᠢᠯ ᠤᠨ ᠵᠠᠷᠤᠯᠭ᠎ᠠ | ᠪᠣᠯᠤᠨ ᠠᠵᠢᠯᠲᠠᠨ ᠠᠵᠢᠯᠴᠢᠨ ᠤ ᠣᠯᠭᠤᠮᠵᠢ ᠶᠢᠨ ᠪᠠᠲᠤᠯᠠᠭ᠎ᠠ ᠶᠢ ᠳᠦᠷᠢᠮᠵᠢᠬᠦᠯᠦᠨ᠎ᠡ᠃ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠠᠢ ᠬᠠᠮᠲᠤᠷᠠᠨ ᠭᠠᠵᠠᠷ ᠰᠢᠷᠣᠶ᠂ ᠠᠭᠤᠷᠬᠠᠶ ᠶᠢᠨ ᠭᠠᠷᠤᠯᠲᠠ ᠵᠡᠷᠭᠡ ᠣᠯᠣᠰ ᠤᠨ ᠥᠮᠴᠢᠯᠡᠯ ᠤᠨ | ᠡᠬᠢ ᠪᠠᠶᠠᠯᠢᠭ ᠢ ᠰᠢᠯᠵᠢᠭᠦᠯᠦᠨ ᠥᠭᠬᠦ ᠣᠷᠣᠯᠭ᠎ᠠ ᠵᠠᠷᠤᠯᠭ᠎ᠠ ᠶᠢᠨ ᠲᠦᠷᠦ ᠶᠢᠨ ᠪᠤᠳᠤᠯᠭ᠎ᠠ ᠶᠢ ᠲᠤᠭᠤᠷᠪᠢᠨ | ᠲᠣᠭᠲᠠᠭᠠᠨ᠎ᠠ᠃ ᠵᠠᠰᠠᠭ ᠤᠨ ᠣᠷᠳᠣᠨ ᠠᠴᠠ ᠦᠢᠯᠡᠴᠢᠯᠡᠭᠡ ᠬᠤᠳᠠᠯᠳᠤᠨ ᠠᠪᠬᠤ ᠲᠦᠷᠢᠮ ᠪᠠ | ᠥᠭᠡᠷᠡᠴᠢᠯᠡᠯᠲᠡ ᠶᠢᠨ ᠲᠥᠰᠦᠯ ᠢ ᠲᠤᠭᠤᠷᠪᠢᠨ ᠳᠣᠭᠳᠠᠭᠠᠨ᠎ᠠ᠃ ᠱᠠᠩᠨᠠᠯᠲᠤ ᠰᠤᠭᠤᠯᠤᠭ᠎ᠠ ᠶᠢᠨ ᠪᠡᠯᠡ ᠮᠥᠩᠭᠦ ᠶᠢᠨ | ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠡᠷᠬᠡ ᠶᠢᠨ ᠬᠡᠪᠴᠢᠶ᠎ᠡ ᠶᠣᠰᠣᠭᠠᠷ ᠡᠭᠦᠷᠭᠡᠯᠡᠨ᠎ᠡ᠃ ᠠᠯᠪᠠᠲᠠᠨ ᠤ | ᠨᠥᠬᠦᠪᠥᠷᠢ ᠶᠢ ᠴᠡᠪᠡᠷᠯᠡᠨ ᠴᠡᠭᠴᠡᠯᠡᠵᠦ ᠳᠦᠷᠢᠮᠵᠢᠬᠦᠯᠬᠦ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠪᠦᠬᠦ | ᠠᠶᠢᠮᠠᠭ ᠤᠨ ᠡᠳ᠋ ᠤᠨ ᠵᠠᠰᠠᠭ ᠤᠨ ᠪᠠᠷᠢᠮᠲᠠ ᠶᠢ ᠬᠠᠮᠢᠶᠠᠷᠤᠨ᠎ᠠ᠃ | ︵ᠭᠤᠷᠪᠠ︶ ᠲᠥᠰᠦᠪ ᠤᠨ ᠰᠠᠯᠠᠭ᠎ᠠ᠃ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ᠂ ᠡᠳ᠋ ᠤᠨ ᠵᠠᠰᠠᠭ | ᠤᠨ ᠪᠠᠶᠢᠭᠤᠯᠤᠯ᠂ ᠲᠥᠰᠦᠪ ᠤᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠣᠷᠢᠵᠢᠭᠤᠯᠵᠦ᠂ ᠤᠷᠲᠤᠪᠲᠤᠷ | ᠬᠤᠭᠤᠴᠠᠭᠠᠨ ᠤ ᠡᠳ᠋ ᠤᠨ ᠵᠠᠰᠠᠭ ᠤᠨ ᠲᠥᠯᠥᠪᠵᠢᠭᠦᠯᠭᠡ ᠶᠢ ᠨᠠᠶᠢᠷᠠᠭᠤᠯᠬᠤ ᠶᠢ ᠵᠣᠬᠢᠶᠠᠨ ᠪᠠᠶᠢᠭᠤᠯᠣᠨ᠎ᠠ᠃ ᠣᠨ ᠤ | ᠠᠶᠢᠮᠠᠭ ᠤᠨ ᠱᠠᠲᠤᠨ ᠤ ᠲᠥᠰᠦᠪ ᠪᠠ ᠲᠥᠰᠦᠪ ᠤᠨ ᠬᠦᠢᠴᠡᠳᠬᠡᠯ ᠤᠨ ᠲᠥᠰᠦᠯ᠂ ᠲᠥᠰᠦᠪ ᠲᠤ | ᠲᠣᠬᠢᠷᠠᠭᠤᠯᠤᠯᠲᠠ ᠬᠢᠬᠦ ᠰᠠᠨᠠᠭᠤᠯᠭ᠎ᠠ ᠶᠢᠨ ᠲᠥᠰᠦᠯ ᠢ ᠨᠠᠶᠢᠷᠠᠭᠤᠯᠣᠨ᠎ᠠ᠃ ᠣᠨ ᠤ ᠪᠦᠬᠦ ᠠᠶᠢᠮᠠᠭ ᠤᠨ ᠡᠳ᠋ ᠤᠨ | ᠵᠠᠰᠠᠭ ᠤᠨ ᠲᠥᠰᠦᠪ ᠢ ᠬᠤᠷᠢᠶᠠᠩᠭᠤᠶᠢᠯᠠᠨ᠎ᠠ᠃ ᠠᠶᠢᠮᠠᠭ ᠤᠨ ᠱᠠᠲᠤᠨ ᠤ ᠡᠩ ᠤᠨ ᠣᠯᠠᠨ ᠨᠡᠶᠢᠲᠡ ᠶᠢᠨ ᠲᠥᠰᠦᠪ᠂ | ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠦᠩᠬᠦ ᠶᠢᠨ ᠲᠥᠰᠦᠪ᠂ ᠤᠯᠤᠰ ᠤᠨ ᠥᠮᠴᠢᠯᠡᠯᠲᠦ ᠬᠥᠷᠥᠩᠭᠡ ᠶᠢᠨ | ᠡᠵᠡᠩᠨᠡᠯᠲᠡ ᠶᠢᠨ ᠲᠥᠰᠦᠪ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ ᠢ ᠨᠠᠶᠢᠷᠠᠭᠤᠯᠬᠤ᠂ | ᠬᠢᠨᠠᠨ ᠬᠠᠷᠭᠤᠭᠤᠯᠬᠤ ᠵᠡᠷᠭᠡ ᠠᠵᠢᠯ ᠢ ᠵᠣᠬᠢᠶᠠᠨ ᠪᠠᠶᠢᠭᠤᠯᠤᠨ᠎ᠠ᠃ ᠠᠶᠢᠮᠠᠭ ᠤᠨ ᠱᠠᠲᠤᠨ ᠤ ᠰᠠᠯᠠᠭ᠎ᠠ ᠮᠥᠴᠢᠷ ᠤᠨ | ᠵᠠᠷᠤᠯᠭ᠎ᠠ ᠶᠢᠨ ᠪᠠᠷᠢᠮᠵᠢᠶ᠎ᠠ ᠶᠢᠨ ᠰᠢᠰᠲ᠋ᠧᠮᠵᠢ ᠶᠢᠨ ᠪᠠᠶᠢᠭᠤᠯᠣᠯᠳᠠ ᠵᠢᠴᠢ ᠲᠥᠷᠥᠯ ᠵᠦᠢᠯ ᠤᠨ ᠬᠥᠮᠥᠷᠭᠡ ᠶᠢᠨ | ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ᠎ᠠ᠃ ᠡᠳ᠋ ᠤᠨ ᠵᠠᠰᠠᠭ ᠤᠨ ᠰᠢᠯᠵᠢᠭᠦᠯᠦᠨ ᠥᠭᠬᠦ ᠪᠠ ᠵᠢᠯ ᠤᠨ | ᠡᠴᠦᠰ ᠤᠨ ᠳ᠋ᠦᠩᠨᠡᠨ ᠪᠣᠳᠣᠬᠤ ᠠᠵᠢᠯ ᠢ ᠡᠭᠦᠷᠭᠡᠯᠡᠨ᠎ᠡ᠃ ᠴᠡᠷᠢᠭ ᠠᠩᠭᠢ᠂ ᠵᠡᠪᠰᠡᠭᠲᠦ ᠴᠠᠭᠳᠠᠭ᠎ᠠ ᠵᠡᠷᠭᠡ ᠲᠠᠯ᠎ᠠ ᠶᠢᠨ | ᠲᠥᠰᠦᠪ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠳᠣᠭᠳᠠᠭᠠᠯ ᠶᠣᠰᠣᠭᠠᠷ ᠡᠭᠦᠷᠭᠡᠯᠡᠨ᠎ᠡ᠃ | ︵ᠲᠦᠷᠪᠡ︶ ᠤᠯᠤᠰ ᠤᠨ ᠰᠠᠩ ᠤᠨ ᠰᠠᠯᠠᠭ᠎ᠠ᠃ ᠲᠥᠰᠦᠪ ᠢ ᠬᠦᠢᠴᠡᠳᠬᠡᠬᠦ᠂ ᠬᠢᠨᠠᠨ ᠡᠵᠡᠮᠳᠡᠬᠦ ᠵᠢᠴᠢ | ᠵᠠᠳᠠᠯᠤᠨ ᠵᠢᠱᠢᠬᠦ ᠶᠢ ᠵᠣᠬᠢᠶᠠᠨ ᠪᠠᠶᠢᠭᠤᠯᠤᠨ᠎ᠠ᠃ ᠡᠳ᠋ ᠤᠨ ᠵᠠᠰᠠᠭ ᠤᠨ ᠶᠡᠷᠦᠩᠬᠡᠶ ᠲᠥᠰᠦᠪ ᠤᠨ ᠨᠢᠭᠲᠠᠯᠠᠨ ᠪᠤᠳᠦᠬᠤ | ᠲᠦᠷᠢᠮ᠂ ᠤᠯᠤᠰ ᠤᠨ ᠰᠡᠩ ᠤᠨ ᠬᠠᠮᠢᠶᠠᠷᠣᠯᠳᠠ ᠶᠢᠨ ᠲᠦᠷᠢᠮ ᠪᠠ ᠤᠯᠤᠰ ᠤᠨ ᠰᠡᠩ ᠠᠴᠠ ᠲᠥᠪᠯᠡᠷᠡᠭᠦᠯᠦᠨ | ᠬᠤᠷᠢᠶᠠᠵᠤ ᠥᠭᠬᠦ ᠲᠦᠷᠢᠮ ᠢ ᠬᠡᠷᠡᠭᠵᠢᠭᠦᠯᠦᠨ᠎ᠡ᠃ ᠠᠶᠢᠮᠠᠭ ᠤᠨ ᠱᠠᠲᠤᠨ ᠤ ᠲᠥᠰᠦᠪ ᠤᠨ ᠪᠡᠯᠡ ᠮᠥᠩᠭᠦ ᠶᠢᠨ | ᠣᠷᠣᠯᠭ᠎ᠠ ᠵᠠᠷᠤᠯᠭ᠎ᠠ ᠶᠢᠨ ᠶᠡᠷᠦᠩᠬᠡᠶ ᠨᠢᠭᠲᠠᠯᠠᠨ ᠪᠣᠳᠣᠯᠳᠠ ᠶᠢᠨ ᠬᠠᠷᠭᠤᠭᠤᠯᠣᠨ ᠪᠣᠳᠣᠬᠤ ᠶᠢ ᠬᠠᠷᠢᠭᠤᠴᠠᠨ᠎ᠠ᠃ | ᠡᠳ᠋ ᠤᠨ ᠵᠠᠰᠠᠭ ᠪᠣᠯᠤᠨ ᠲᠥᠰᠦᠪ ᠤᠨ ᠨᠢᠭᠡᠴᠡ ᠶᠢᠨ ᠳᠠᠩᠰᠠᠨ ᠡᠷᠦᠬᠡ ᠶᠢ ᠬᠠᠮᠢᠶᠠᠷᠴᠤ᠂ ᠠᠶᠢᠮᠠᠭ ᠤᠨ ᠱᠠᠳᠣᠨ ᠤ | ᠶᠢ ᠨᠠᠶᠢᠷᠠᠭᠤᠯᠬᠤ ᠶᠢᠨ ᠬᠠᠮᠲᠤ ᠪᠦᠬᠦ ᠠᠶᠢᠮᠠᠭ ᠤᠨ ᠵᠠᠰᠠᠭ ᠤᠨ ᠣᠷᠳᠣᠨ ᠤ ᠡᠳ᠋ ᠤᠨ ᠶᠠᠪᠤᠳᠠᠯ ᠤᠨ | ᠶᠡᠷᠦᠩᠬᠡᠶᠢᠯᠡᠭᠰᠡᠨ ᠮᠡᠳᠡᠭᠦᠯᠦᠯᠲᠡ᠂ ᠡᠳ᠋ ᠤᠨ ᠵᠠᠰᠠᠭ ᠤᠨ ᠶᠡᠷᠦᠩᠬᠡᠶ ᠲᠥᠰᠦᠪ ᠤᠨ ᠬᠦᠢᠴᠡᠳᠭᠡᠯ ᠵᠢᠴᠢ ᠰᠠᠯᠠᠭ᠎ᠠ | ᠮᠦᠴᠢᠷ ᠤᠨ ᠲᠥᠰᠦᠪ ᠤᠨ ᠬᠦᠢᠴᠡᠳᠭᠡᠯ ᠢ ᠬᠤᠷᠢᠶᠠᠩᠭᠤᠶᠢᠯᠠᠬᠤ ᠶᠢ ᠬᠠᠷᠢᠭᠤᠴᠠᠨ᠎ᠠ᠃ ᠤᠯᠤᠰ ᠤᠨ ᠰᠠᠩ ᠤᠨ | ᠪᠡᠯᠡᠨ ᠮᠦᠩᠬᠦ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠵᠠᠰᠠᠭ ᠤᠨ ᠣᠷᠳᠣᠨ ᠤ | ᠭᠠᠶᠢᠯᠢ ᠶᠢᠨ ᠪᠤᠰᠤ ᠣᠷᠣᠯᠭ᠎ᠠ ᠶᠢ ᠤᠯᠤᠰ ᠤᠨ ᠰᠠᠩ ᠠᠴᠠ ᠲᠥᠪᠯᠡᠷᠡᠭᠦᠯᠦᠨ ᠬᠤᠷᠢᠶᠠᠬᠤ ᠶᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ | ︵ᠲᠠᠪᠤ︶ ᠵᠠᠰᠠᠭ ᠵᠠᠬᠢᠷᠭ᠎ᠠ ᠤᠯᠤᠰ ᠲᠦᠷᠦ ᠬᠠᠤᠯᠢ ᠴᠠᠭᠠᠵᠠ ᠶᠢᠨ ᠰᠠᠯᠠᠭ᠎ᠠ᠃ ᠵᠠᠰᠠᠭ ᠵᠠᠬᠢᠷᠭ᠎ᠠ᠂ ᠤᠯᠤᠰ | ᠲᠥᠷᠥ ᠬᠠᠤᠯᠢ ᠴᠠᠭᠠᠵᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠲᠥᠰᠦᠪ ᠤᠨ ᠬᠠᠮᠢᠶᠠᠷᠤᠯᠲᠠ ᠪᠠ ᠬᠠᠮᠢᠶ᠎ᠠ | ᠪᠦᠬᠦᠢ ᠬᠦᠷᠢᠶᠡᠨ ᠤ ᠲᠥᠰᠦᠪ ᠤᠨ ᠵᠠᠷᠤᠯᠭ᠎ᠠ ᠶᠢᠨ ᠠᠵᠢᠯ ᠢ ᠡᠭᠦᠷᠭᠡᠯᠡᠵᠦ᠂ ᠬᠤᠯᠪᠣᠭᠳᠠᠯ ᠪᠦᠬᠦᠢ ᠡᠳ᠋ ᠤᠨ | ᠵᠠᠰᠠᠭ ᠤᠨ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠳᠣᠷᠠᠳᠣᠨ᠎ᠠ᠃ ᠤᠯᠤᠰ ᠲᠦᠷᠦ ᠬᠠᠤᠯᠢ ᠴᠠᠭᠠᠵᠠ ᠶᠢᠨ | ᠰᠢᠯᠵᠢᠭᠦᠯᠦᠨ ᠥᠭᠬᠦ ᠪᠡᠯᠡ ᠮᠥᠩᠭᠦ᠂ ᠲᠤᠰᠬᠠᠶ ᠪᠡᠯᠡ ᠮᠥᠩᠭᠦ ᠶᠢ ᠬᠠᠷᠢᠭᠤᠴᠠᠨ ᠬᠠᠮᠢᠶᠠᠷᠬᠤ ᠶᠢᠨ ᠬᠠᠮᠲᠤ | ᠬᠤᠯᠪᠣᠭᠳᠠᠯ ᠪᠦᠬᠦᠢ ᠬᠠᠮᠢᠶᠠᠷᠤᠯᠲᠠ ᠶᠢᠨ ᠳᠦᠷᠢᠮ ᠢ ᠲᠣᠭᠲᠠᠭᠠᠨ᠎ᠠ᠃ ᠬᠡᠷᠡᠭ ᠲᠤ ᠬᠤᠯᠪᠣᠭᠳᠠᠭᠰᠠᠨ ᠵᠣᠭᠤᠰ | ᠮᠥᠩᠭᠦ ᠡᠳ᠋ ᠪᠣᠳᠠᠰ ᠤᠨ ᠬᠠᠮᠢᠶᠠᠷᠤᠯᠲᠠ ᠪᠠ ᠰᠢᠢᠳᠪᠦᠷᠢᠯᠡᠬᠦ ᠠᠵᠢᠯ ᠳᠤ ᠳᠣᠭᠳᠠᠭᠠᠯ ᠶᠣᠰᠣᠭᠠᠷ ᠬᠢᠨᠠᠯᠲᠠ | ᠲᠠᠯᠪᠢᠬᠤ ᠶᠢ ᠬᠠᠷᠢᠭᠤᠴᠠᠨ᠎ᠠ᠃ ᠠᠯᠪᠠᠨ ᠶᠠᠪᠤᠳᠠᠯ ᠤᠨ ᠵᠠᠷᠤᠯᠭ᠎ᠠ ᠶᠢᠨ ᠳᠦᠷᠢᠮ ᠤᠨ ᠰᠢᠰᠲ᠋ᠧᠮᠵᠢ ᠶᠢᠨ | ᠪᠠᠶᠢᠭᠤᠯᠤᠯᠲᠠ ᠶᠢ ᠬᠠᠷᠢᠭᠤᠴᠠᠨ᠎ᠠ᠃ ᠬᠠᠮᠢᠶ᠎ᠠ ᠪᠦᠬᠦᠢ ᠲᠤᠰᠬᠠᠶ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ | ᠲᠤᠭᠤᠷᠪᠢᠨ ᠲᠣᠭᠲᠠᠭᠠᠨ᠎ᠠ᠃ | ︵ᠵᠢᠷᠭᠤᠭ᠎ᠠ︶ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠰᠠᠯᠠᠭ᠎ᠠ᠃ ᠤᠬᠠᠭᠤᠯᠭ᠎ᠠ᠂ | ᠰᠤᠷᠭᠠᠨ ᠬᠥᠮᠦᠵᠢᠯ᠂ ᠰᠢᠨᠵᠢᠯᠡᠭᠡ ᠮᠡᠷᠭᠡᠵᠢᠯ᠂ ᠰᠣᠶᠣᠯ ᠪᠠ ᠵᠢᠭᠤᠯᠴᠢᠯᠠᠯ᠂ ᠪᠡᠶ᠎ᠡ ᠶᠢᠨ ᠲᠠᠮᠢᠷ᠂ ᠳᠡᠭᠡᠳᠦ | ᠰᠤᠷᠭᠠᠭᠤᠯᠢ ᠵᠡᠷᠭᠡ ᠲᠠᠯ᠎ᠠ ᠶᠢᠨ ᠰᠠᠯᠠᠭ᠎ᠠ ᠮᠥᠴᠢᠷ ᠤᠨ ᠲᠥᠰᠦᠪ ᠪᠠ ᠬᠤᠯᠪᠣᠭᠳᠠᠯ ᠪᠦᠬᠦᠢ ᠬᠦᠷᠢᠶᠡᠨ ᠤ | ᠲᠥᠰᠦᠪ ᠤᠨ ᠵᠠᠷᠤᠯᠭ᠎ᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠬᠤᠯᠪᠣᠭᠳᠠᠯ ᠪᠦᠬᠦᠢ ᠡᠳ᠋ ᠤᠨ | ᠵᠠᠰᠠᠭ ᠤᠨ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠳᠣᠷᠠᠳᠣᠨ᠎ᠠ᠃ ᠠᠶᠢᠮᠠᠭ ᠤᠨ ᠱᠠᠲᠤᠨ ᠤ ᠰᠤᠷᠭᠠᠨ | ᠬᠥᠮᠦᠵᠢᠯ ᠤᠨ ᠵᠠᠷᠤᠳᠠᠯ ᠤᠨ ᠨᠡᠮᠡᠯᠲᠡ ᠨᠦᠬᠦᠪᠦᠷᠢ᠂ ᠣᠷᠣᠨ ᠨᠤᠲᠤᠭ ᠤᠨ ᠰᠤᠷᠭᠠᠨ ᠬᠦᠮᠦᠵᠢᠯ ᠤᠨ ᠨᠡᠮᠡᠯᠲᠡ | ᠨᠦᠬᠦᠪᠦᠷᠢ ᠵᠡᠷᠭᠡ ᠪᠡᠯᠡ ᠮᠥᠩᠭᠦ ᠶᠢᠨ ᠵᠠᠷᠤᠯᠭ᠎ᠠ ᠶᠢᠨ ᠲᠥᠰᠦᠪ ᠢ ᠬᠠᠷᠢᠭᠤᠴᠠᠨ ᠬᠠᠮᠢᠶᠠᠷᠤᠨ᠎ᠠ᠃ ᠡᠩ ᠤᠨ ᠣᠯᠠᠨ | ᠨᠡᠶᠢᠲᠡ ᠶᠢᠨ ᠲᠥᠰᠦᠪ ᠤᠨ ᠬᠠᠮᠢᠶᠠᠷᠤᠯᠲᠠ ᠳᠤ ᠣᠷᠣᠭᠤᠯᠤᠭᠰᠠᠨ ᠥᠬᠡᠶ ᠰᠤᠷᠭᠠᠨ ᠬᠥᠮᠦᠵᠢᠯ ᠤᠨ ᠰᠦᠢᠳᠬᠡᠯ | ᠬᠤᠷᠢᠶᠠᠬᠤ ᠵᠠᠷᠤᠯᠭ᠎ᠠ ᠶᠢᠨ ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠨ᠎ᠡ᠃ ᠬᠠᠮᠢᠶ᠎ᠠ ᠪᠦᠬᠦᠢ ᠪᠡᠯᠡ ᠮᠥᠩᠭᠦ ᠶᠢᠨ | ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠣᠭᠲᠠᠭᠠᠨ᠎ᠠ᠃ | ︵ᠲᠤᠯᠤᠭ᠎ᠠ︶ ᠠᠵᠤ ᠠᠬᠤᠶ ᠶᠢᠨ ᠪᠦᠳᠦᠭᠡᠨ ᠪᠠᠶᠢᠭᠤᠯᠤᠯᠲᠠ ᠶᠢᠨ ᠰᠠᠯᠠᠭ᠎ᠠ᠃ ᠬᠥᠭᠵᠢᠭᠦᠯᠦᠯᠲᠡ | ᠥᠭᠡᠷᠡᠴᠢᠯᠡᠯᠲᠡ᠂ ᠵᠠᠮ ᠬᠠᠷᠢᠯᠴᠠᠭ᠎ᠠ ᠲᠡᠭᠡᠭᠡᠪᠦᠷᠢ᠂ ᠣᠷᠣᠨ ᠰᠠᠭᠤᠴᠠ ᠬᠤᠲᠠ ᠬᠥᠳᠡᠭᠡ ᠶᠢᠨ ᠪᠦᠳᠦᠭᠡᠨ | ᠪᠠᠶᠢᠭᠤᠯᠤᠯᠲᠠ᠂ ᠠᠷᠠᠯᠵᠢᠶ᠎ᠠ ᠬᠤᠳᠠᠯᠳᠤᠭ᠎ᠠ᠂ ᠪᠣᠭᠤᠮᠲᠠ᠂ ᠠᠮᠤ ᠪᠤᠳᠠᠭ᠎ᠠ ᠪᠠ ᠡᠳ᠋ ᠪᠣᠳᠠᠰ ᠤᠨ ᠨᠦᠬᠡᠴᠡᠯᠡᠯᠳᠡ | ᠵᠡᠷᠭᠡ ᠲᠠᠯ᠎ᠠ ᠶᠢᠨ ᠰᠠᠯᠠᠭ᠎ᠠ ᠮᠥᠴᠢᠷ ᠤᠨ ᠲᠥᠰᠦᠪ ᠪᠠ ᠬᠠᠮᠢᠶ᠎ᠠ ᠪᠦᠬᠦᠢ ᠬᠦᠷᠢᠶᠡᠨ ᠤ ᠲᠥᠰᠦᠪ ᠤᠨ ᠵᠠᠷᠤᠯᠭ᠎ᠠ | ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠬᠤᠯᠪᠣᠭᠳᠠᠯ ᠪᠦᠬᠦᠢ ᠡᠳ᠋ ᠤᠨ ᠵᠠᠰᠠᠭ ᠤᠨ ᠲᠦᠷᠦ ᠶᠢᠨ | ᠪᠤᠳᠤᠯᠭ᠎ᠠ ᠶᠢᠨ ᠰᠠᠨᠠᠭᠤᠯᠭ᠎ᠠ ᠶᠢ ᠳᠣᠷᠠᠳᠣᠨ᠎ᠠ᠃ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠡᠳ᠋ ᠤᠨ | ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠣᠷᠢᠵᠢᠭᠤᠯᠵᠦ᠂ ᠲᠥᠪ᠂ ᠥᠪᠡᠷᠲᠡᠭᠡᠨ ᠵᠠᠰᠠᠬᠤ ᠣᠷᠣᠨ | ᠪᠣᠯᠤᠨ ᠠᠶᠢᠮᠠᠭ ᠤᠨ ᠱᠠᠲᠤᠨ ᠤ ᠲᠥᠰᠦᠪ ᠤᠨ ᠳᠣᠲᠣᠷᠠᠬᠢ ᠦᠨᠳᠦᠰᠦᠨ ᠪᠦᠳᠦᠭᠡᠨ ᠪᠠᠶᠢᠭᠤᠯᠤᠯᠲᠠ ᠶᠢᠨ ᠪᠡᠯᠡ | ᠣᠷᠣᠭᠤᠯᠤᠯᠲᠠ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠯᠪᠣᠭᠳᠠᠯ | ᠪᠦᠬᠦᠢ ᠲᠥᠷᠥ ᠶᠢᠨ ᠪᠣᠳᠣᠯᠭ᠎ᠠ ᠶᠢᠨ ᠴᠢᠨᠠᠷᠲᠠᠶ ᠨᠥᠬᠦᠪᠥᠷᠢ ᠪᠣᠯᠤᠨ ᠲᠤᠰᠬᠠᠶ ᠵᠦᠢᠯ ᠤᠨ ᠨᠦᠬᠡᠴᠡᠯᠡᠯᠳᠡ ᠤᠨ | ᠡᠳ᠋ ᠤᠨ ᠵᠠᠰᠠᠭ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠤᠯᠤᠰ ᠤᠨ ᠲᠠᠷᠢᠶᠠᠯᠠᠩ ᠤᠨ | ᠪᠦᠲᠦᠭᠡᠭᠳᠡᠬᠦᠨ ᠤ ᠬᠠᠷᠠᠯᠲᠠᠲᠤ ᠦᠨ᠎ᠡ ᠬᠠᠩᠰᠢ ᠶᠢᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ | ᠨᠠᠶᠢᠳᠠᠪᠣᠷᠢᠵᠢᠭᠤᠯᠬᠤ ᠶᠢ ᠵᠣᠬᠢᠶᠠᠨ ᠪᠠᠶᠢᠭᠤᠯᠣᠨ᠎ᠠ᠃ ᠣᠷᠣᠨ ᠰᠠᠭᠤᠴᠠ ᠶᠢᠨ ᠥᠭᠡᠷᠡᠴᠢᠯᠡᠯᠲᠡ ᠶᠢᠨ ᠪᠡᠯᠡ | ᠮᠥᠩᠭᠦ ᠪᠠ ᠬᠤᠲᠠ ᠪᠠᠯᠭᠠᠰᠤ᠂ ᠬᠥᠳᠡᠭᠡ ᠲᠣᠰᠬᠤᠨ ᠤ ᠡᠯ᠎ᠡ ᠳᠦᠷᠦᠯ ᠤᠨ ᠪᠠᠲᠤᠯᠠᠭ᠎ᠠ ᠶᠢᠨ ᠴᠢᠨᠠᠷᠲᠠᠶ ᠣᠷᠣᠨ | ᠰᠠᠭᠤᠴᠠ ᠶᠢᠨ ᠪᠡᠯᠡ ᠮᠥᠩᠭᠦ ᠶᠢ ᠬᠠᠮᠢᠶᠠᠷᠤᠨ᠎ᠠ᠃ | ︵ᠨᠠᠢᠮᠠ︶ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ᠃ ᠲᠠᠷᠢᠶᠠᠯᠠᠩ ᠮᠠᠯ ᠠᠵᠤ ᠠᠬᠤᠶ ᠪᠠ ᠬᠦᠳᠡᠭᠡ | ᠳᠣᠰᠬᠤᠨ ᠮᠠᠯᠵᠢᠬᠤ ᠣᠷᠣᠨ᠂ ᠶᠠᠳᠠᠭᠤ ᠶᠢ ᠲᠡᠳᠬᠦᠬᠦ᠂ ᠤᠰᠤᠨ ᠠᠰᠢᠭᠯᠠᠯᠲᠠ ᠵᠡᠷᠭᠡ ᠲᠠᠯ᠎ᠠ ᠶᠢᠨ ᠰᠠᠯᠠᠭ᠎ᠠ | ᠮᠥᠴᠢᠷ ᠤᠨ ᠲᠥᠰᠦᠪ ᠪᠠ ᠬᠠᠮᠢᠶ᠎ᠠ ᠪᠦᠬᠦᠢ ᠬᠦᠷᠢᠶᠡᠨ ᠤ ᠲᠥᠰᠦᠪ ᠤᠨ ᠵᠠᠷᠤᠯᠭ᠎ᠠ ᠶᠢᠨ ᠬᠤᠯᠪᠣᠭᠳᠠᠯ ᠪᠦᠬᠦᠢ | ᠠᠵᠢᠯ ᠢ ᠡᠭᠦᠷᠭᠡᠯᠡᠵᠦ᠂ ᠬᠤᠯᠪᠣᠭᠳᠠᠯ ᠪᠦᠬᠦᠢ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ | ᠳᠣᠷᠠᠳᠣᠨ᠎ᠠ᠃ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢ ᠬᠡᠷᠡᠭᠵᠢᠬᠦᠯᠬᠦ ᠶᠢ ᠳᠡᠮᠵᠢᠬᠦ ᠬᠠᠮᠢᠶ᠎ᠠ ᠪᠦᠬᠦᠢ ᠠᠵᠢᠯ ᠢ ᠡᠭᠦᠷᠭᠡᠯᠡᠵᠦ᠂ ᠡᠳ᠋ ᠤᠨ ᠵᠠᠰᠠᠭ ᠤᠨ ᠶᠠᠳᠠᠭᠤ ᠶᠢ | ᠲᠡᠳᠬᠦᠬᠦ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠤᠨ᠎ᠠ᠃ ᠬᠦᠳᠡᠭᠡ ᠳᠣᠰᠬᠤᠨ ᠮᠠᠯᠵᠢᠬᠤ | ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢᠨ ᠳᠣᠬᠠᠢ ᠰᠠᠨᠠᠭᠤᠯᠭ᠎ᠠ ᠶᠢ ᠳᠣᠷᠠᠳᠣᠨ᠎ᠠ᠃ ᠲᠠᠷᠢᠶᠠᠯᠠᠩ ᠤᠨ ᠢᠲᠡᠭᠡᠮᠵᠢᠲᠦ ᠵᠢᠭᠡᠯᠡᠯᠭᠡ ᠶᠢᠨ ᠳᠠᠭᠠᠭᠠᠨ | ᠪᠠᠳᠣᠯᠠᠬᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠶᠠᠳᠠᠭᠤ ᠶᠢ ᠲᠡᠳᠬᠦᠬᠦ ᠬᠥᠭᠵᠢᠯᠲᠡ ᠶᠢᠨ | ᠰᠠᠭᠤᠷᠢ ᠮᠥᠩᠭᠦ ᠵᠡᠷᠭᠡ ᠡᠳ᠋ ᠤᠨ ᠵᠠᠰᠠᠭ ᠤᠨ ᠲᠠᠷᠢᠶᠠᠯᠠᠩ ᠢ ᠳᠡᠮᠵᠢᠬᠦ ᠪᠡᠯᠡ ᠮᠥᠩᠭᠦ ᠶᠢᠨ ᠬᠠᠮᠢᠶᠠᠷᠤᠯᠲᠠ ᠶᠢᠨ | ᠠᠵᠢᠯ ᠢ ᠡᠭᠦᠷᠭᠡᠯᠡᠨ᠎ᠡ᠃ | ︵ᠶᠢᠰᠦ︶ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ᠃ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ᠂ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠴᠡᠷᠢᠭ ᠠᠴᠠ | ᠬᠠᠯᠠᠭᠳᠠᠭᠰᠠᠳ ᠤᠨ ᠶᠠᠪᠤᠳᠠᠯ᠂ ᠡᠮ ᠡᠮᠨᠡᠯᠬᠡ ᠶᠢᠨ ᠪᠠᠲᠤᠯᠠᠭ᠎ᠠ ᠵᠡᠷᠭᠡ ᠳᠠᠯ᠎ᠠ ᠶᠢᠨ ᠰᠠᠯᠠᠭ᠎ᠠ ᠮᠥᠴᠢᠷ ᠤᠨ ᠲᠥᠰᠦᠪ | ᠪᠠ ᠬᠠᠮᠢᠶ᠎ᠠ ᠪᠦᠬᠦᠢ ᠬᠦᠷᠢᠶᠡᠨ ᠤ ᠲᠥᠰᠦᠪ ᠤᠨ ᠵᠠᠷᠤᠯᠭ᠎ᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ | ᠬᠤᠯᠪᠣᠭᠳᠠᠯ ᠪᠦᠬᠦᠢ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠳᠣᠷᠠᠳᠣᠨ᠎ᠠ᠃ | ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ ᠬᠠᠮᠲᠤᠷᠠᠨ ᠬᠤᠯᠪᠣᠭᠳᠠᠯ ᠪᠦᠬᠦᠢ ᠪᠡᠯᠡ ᠮᠥᠩᠭᠦ ︵ᠰᠠᠭᠤᠷᠢ ᠮᠥᠩᠭᠦ︶ | ᠶᠢᠨ ᠬᠠᠮᠢᠶᠠᠷᠤᠯᠲᠠ ᠶᠢᠨ ᠠᠷᠭ᠎ᠠ ᠪᠣᠯᠤᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ | ᠨᠠᠶᠢᠳᠠᠪᠣᠷᠢᠵᠢᠭᠤᠯᠣᠨ᠎ᠠ᠃ ᠪᠦᠬᠦ ᠠᠶᠢᠮᠠᠭ ᠤᠨ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ ᠪᠠ | ᠲᠥᠰᠦᠪ ᠤᠨ ᠭᠦᠢᠴᠡᠳᠬᠡᠯ ᠤᠨ ᠲᠥᠰᠦᠯ ᠢ ᠬᠢᠨᠠᠨ ᠬᠠᠷᠭᠤᠭᠤᠯᠬᠤ ᠶᠢᠨ ᠬᠠᠮᠲᠤ ᠬᠤᠷᠢᠶᠠᠩᠭᠤᠶᠢᠯᠠᠵᠤ | ᠨᠠᠶᠢᠷᠠᠭᠤᠯᠣᠨ᠎ᠠ᠃ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠡᠳ᠋ ᠤᠨ ᠵᠠᠰᠠᠭ ᠤᠨ ᠬᠢᠨᠠᠠ | ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ | ︵ᠠᠷᠪᠠ︶ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ᠃ ᠠᠵᠤ ᠦᠢᠯᠡᠳᠪᠦᠷᠢ ᠪᠠ ᠮᠡᠳᠡᠭᠡ | ᠵᠠᠩᠬᠢᠴᠢᠯᠠᠯᠳᠠ᠂ ᠡᠨᠧᠷᠭᠢ᠂ ᠤᠯᠤᠰ ᠤᠨ ᠦᠮᠴᠢᠯᠡᠯᠳᠦ ᠡᠳ᠋ ᠬᠥᠷᠥᠩᠭᠡ ᠶᠢᠨ ᠬᠢᠨᠠᠠ ᠬᠠᠮᠢᠶᠠᠷᠤᠯᠲᠠ᠂ ᠴᠡᠷᠢᠭ | ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠣᠯᠳᠠ ᠵᠡᠷᠭᠡ | ᠲᠠᠯ᠎ᠠ ᠶᠢᠨ ᠰᠠᠯᠠᠭ᠎ᠠ ᠮᠥᠴᠢᠷ ᠤᠨ ᠲᠥᠰᠦᠪ ᠪᠠ ᠬᠠᠮᠢᠶ᠎ᠠ ᠪᠦᠬᠦᠢ ᠬᠦᠷᠢᠶᠡᠨ ᠤ ᠲᠥᠰᠦᠪ ᠤᠨ ᠵᠠᠷᠣᠯᠭ᠎ᠠ ᠶᠢᠨ | ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠪᠦᠬᠦ ᠠᠶᠢᠮᠠᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ | ᠨᠢᠭᠡᠴᠡ ᠶᠢᠨ ᠤᠯᠤᠰ ᠤᠨ ᠦᠮᠴᠢᠯᠡᠯᠳᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠤᠨ ᠠᠷᠭ᠎ᠠ | ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠠᠶᠢᠮᠠᠭ ᠤᠨ ᠱᠠᠳᠣᠨ ᠤ ᠵᠠᠰᠠᠭ ᠵᠠᠬᠢᠷᠭ᠎ᠠ ᠠᠵᠢᠯ ᠦᠢᠯᠡᠰ ᠤᠨ | ᠨᠢᠭᠡᠴᠡ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠤᠯᠤᠰ ᠤᠨ ᠦᠮᠴᠢᠯᠡᠯᠳᠦ ᠠᠵᠤ | ᠠᠬᠤᠶᠢᠯᠠᠯ ᠤᠨ ᠡᠳ᠋ ᠬᠥᠷᠥᠩᠭᠡ ᠳᠤ ᠬᠢᠨᠠᠯᠲᠠ ᠲᠠᠯᠪᠢᠬᠤ ᠪᠠ ᠥᠭᠡᠷᠡᠴᠢᠯᠡᠯᠲᠡ ᠶᠢᠨ ᠡᠳ᠋ ᠤᠨ ᠵᠠᠰᠠᠭ ᠤᠨ | ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠨ᠎ᠠ᠃ ᠤᠯᠤᠰ ᠤᠨ ᠥᠮᠴᠢᠯᠡᠯ ᠤᠨ ᠬᠦᠷᠦᠩᠭᠡ ᠶᠢᠨ | ᠡᠵᠡᠩᠨᠡᠯᠲᠡ ᠶᠢᠨ ᠲᠥᠰᠦᠪ ᠢ ᠨᠠᠶᠢᠷᠠᠭᠤᠯᠤᠨ ᠮᠡᠳᠡᠭᠦᠯᠬᠦ ᠪᠠ ᠬᠡᠷᠡᠭᠵᠢᠬᠦᠯᠵᠦ᠂ ᠠᠵᠤ ᠠᠬᠤᠶᠢᠯᠠᠯ ᠤᠨ ᠡᠳ᠋ ᠤᠨ | ᠶᠠᠪᠤᠳᠠᠯ ᠤᠨ ᠲᠦᠷᠢᠮ ᠢ ᠬᠡᠷᠡᠭᠵᠢᠬᠦᠯᠬᠦ ᠶᠢ ᠵᠣᠬᠢᠶᠠᠨ ᠪᠠᠶᠢᠭᠤᠯᠣᠨ᠎ᠠ᠃ ᠤᠯᠤᠰ ᠤᠨ ᠦᠮᠴᠢᠯᠡᠯᠳᠦ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠮᠡᠳᠡᠭᠦᠯᠦᠯᠲᠡ ᠶᠢᠨ ᠠᠵᠢᠯ ᠢ ᠨᠠᠶᠢᠳᠠᠪᠣᠷᠢᠵᠢᠭᠤᠯᠣᠨ᠎ᠠ᠃ | ᠲᠣᠭᠲᠠᠭᠠᠯ ᠶᠣᠰᠣᠭᠠᠷ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠪᠠ ᠬᠤᠪᠢ ᠣᠷᠣᠭᠤᠯᠤᠭᠰᠠᠨ ᠺᠣᠮᠫᠠᠨᠢ ᠳᠤ | ᠣᠯᠣᠰ ᠤᠨ ᠦᠮᠴᠢᠯᠡᠯᠳᠦ ᠰᠲ᠋ᠣᠺ ᠤᠨ ᠡᠷᠬᠡ ᠶᠢᠨ ᠲᠥᠯᠥᠭᠡᠯᠡᠭᠴᠢ ᠶᠢ ᠳᠣᠮᠢᠯᠠᠬᠤ ᠲᠥᠰᠦᠯ ᠢ ᠲᠤᠭᠤᠷᠪᠢᠨ | ᠳᠣᠭᠳᠠᠭᠠᠨ᠎ᠠ᠃ ᠪᠡᠯᠡ ᠭᠠᠷᠭᠠᠭᠰᠠᠨ ᠠᠵᠤ ᠠᠬᠤᠶᠢᠯᠠᠯ ᠤᠨ ᠳᠦᠷᠢᠮ ᠢ ᠲᠣᠭᠲᠠᠭᠠᠯ ᠶᠣᠰᠣᠭᠠᠷ ᠬᠢᠨᠠᠨ | ᠬᠠᠷᠭᠤᠭᠤᠯᠣᠨ᠎ᠠ᠃ ᠤᠯᠤᠰ ᠤᠨ ᠦᠮᠴᠢᠯᠡᠯᠳᠦ ᠡᠳ᠋ ᠬᠥᠷᠥᠩᠭᠡ ᠶᠢᠨ ᠬᠢᠨᠠᠠ ᠬᠠᠮᠢᠶᠠᠷᠤᠯᠲᠠ ᠶᠢᠨ ᠪᠠᠶᠢᠭᠤᠯᠤᠯ | ᠪᠣᠯᠤᠨ ᠳᠦᠷᠢᠮ ᠤᠨ ᠦᠭᠡᠷᠡᠴᠢᠯᠡᠯᠳᠡ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ | ᠤᠯᠤᠰ ᠤᠨ ᠦᠮᠴᠢᠯᠡᠯᠳᠦ ᠠᠵᠤ ᠠᠬᠤᠶᠢᠯᠠᠯ ᠤᠯᠤᠰ ᠤᠨ ᠦᠮᠴᠢᠯᠡᠯᠳᠦ ᠡᠳ᠋ ᠬᠥᠷᠥᠩᠭᠡ ᠶᠢᠨ ᠲᠥᠷᠥ ᠶᠢᠨ | ᠪᠣᠳᠣᠯᠭ᠎ᠠ ᠶᠢᠨ ᠣᠨᠣᠯ ᠤᠨ ᠠᠰᠠᠭᠤᠳᠠᠯ ᠤᠨ ᠰᠣᠳᠣᠯᠭᠠᠨ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠤᠰᠢᠭᠤ | ᠨᠡᠭᠡᠭᠡᠯᠳᠡ ᠶᠢᠨ ᠣᠷᠣᠨ ᠤ ᠤᠯᠤᠰ ᠤᠨ ᠦᠮᠴᠢᠯᠡᠯᠳᠦ ᠡᠳ᠋ ᠬᠥᠷᠥᠩᠭᠡ ᠶᠢᠨ ᠬᠢᠨᠠᠠ ᠬᠠᠮᠢᠶᠠᠷᠤᠯᠲᠠ ᠶᠢᠨ | ᠠᠵᠢᠯ ᠢ ᠵᠢᠯᠣᠭᠤᠳᠣᠨ ᠬᠢᠨᠠᠯᠲᠠ ᠲᠠᠯᠪᠢᠨ᠎ᠠ᠃ ᠤᠯᠤᠰ ᠤᠨ ᠥᠮᠴᠢᠯᠡᠯᠲᠦ ᠠᠵᠤ ᠠᠬᠤᠶ ᠶᠢᠨ ᠪᠠᠶᠢᠷᠢᠰᠢᠭᠤᠯᠤᠯ | ᠪᠣᠯᠤᠨ ᠪᠦᠲᠦᠴᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠲᠣᠬᠢᠷᠠᠭᠤᠯᠤᠯᠲᠠ ᠶᠢᠨ ᠲᠥᠷᠥ ᠶᠢᠨ ᠪᠣᠳᠣᠯᠭ᠎ᠠ ᠶᠢᠨ | ᠳᠣᠬᠠᠢ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠬᠢᠨᠠᠨ ᠬᠠᠮᠢᠶᠠᠷᠴᠣ ᠪᠠᠶᠢᠭ᠎ᠠ ᠠᠵᠤ ᠠᠬᠤᠶᠢᠯᠠᠯ ᠤᠨ | ᠪᠠᠶᠢᠷᠢᠰᠢᠭᠤᠯᠤᠯ ᠪᠣᠯᠤᠨ ᠪᠦᠲᠦᠴᠡ ᠶᠢᠨ ᠲᠣᠬᠢᠷᠠᠭᠤᠯᠤᠯᠲᠠ ᠶᠢ ᠵᠢᠯᠣᠭᠤᠳᠤᠨ᠎ᠠ᠃ ᠬᠢᠨᠠᠨ ᠬᠠᠮᠢᠶᠠᠷᠴᠤ ᠪᠠᠶᠢᠭ᠎ᠠ | ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠪᠣᠯᠤᠨ ᠳᠦᠯᠦᠪᠵᠢᠬᠦᠯᠬᠡ ᠲᠣᠭᠲᠠᠭᠠᠬᠤ ᠪᠠ | ᠬᠡᠷᠡᠭᠵᠢᠭᠦᠯᠬᠦ ᠶᠢ ᠨᠢ ᠵᠢᠯᠣᠭᠤᠳᠤᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠪᠡᠯᠡ | ᠣᠷᠣᠭᠤᠯᠤᠯᠲᠠ ᠶᠢ ᠬᠢᠨᠠᠠ ᠬᠠᠮᠢᠶᠠᠷᠬᠤ ᠶᠢ ᠬᠠᠷᠢᠭᠤᠴᠠᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ | ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠬᠦᠳᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠠᠬᠢᠭᠤᠯᠬᠤ ᠳᠣᠬᠠᠢ | ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠬᠢᠨᠠᠨ ᠬᠠᠮᠢᠶᠠᠷᠴᠤ ᠪᠠᠶᠢᠭ᠎ᠠ ᠠᠵᠤ | ᠠᠬᠤᠶᠢᠯᠠᠯ ᠤᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠪᠠ ᠮᠡᠳᠡᠭᠡ ᠵᠠᠩᠬᠢᠴᠢᠯᠠᠯᠳᠠ ᠶᠢᠨ | ᠪᠠᠶᠢᠭᠤᠯᠤᠯᠲᠠ ᠶᠢ ᠵᠢᠯᠣᠭᠤᠳᠤᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠬᠢᠭᠡᠳ ᠣᠷᠣᠨ ᠨᠤᠲᠤᠭ᠂ | ᠰᠠᠯᠠᠭ᠎ᠠ ᠮᠥᠴᠢᠷ ᠤᠨ ᠬᠠᠮᠳᠣᠷᠠᠯᠴᠠᠭ᠎ᠠ ᠪᠠᠨ ᠴᠢᠩᠭᠠᠳᠬᠠᠬᠤ ᠶᠢ ᠨᠢ ᠵᠢᠯᠣᠭᠤᠳᠤᠨ ᠵᠣᠬᠢᠴᠠᠭᠤᠯᠤᠨ᠎ᠠ᠃ ᠬᠢᠨᠠᠨ | ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠲᠥᠰᠦᠪ ᠪᠠ ᠲᠥᠰᠦᠪ ᠤᠨ ᠭᠦᠢᠴᠡᠳᠬᠡᠯ ᠤᠨ | ᠠᠵᠢᠯ ᠢ ᠳᠠᠭᠠᠭᠠᠨ ᠬᠦᠢᠴᠡᠳᠭᠡᠨ᠎ᠡ᠃ ᠤᠯᠤᠰ ᠤᠨ ᠦᠮᠴᠢᠯᠡᠯᠳᠦ ᠠᠵᠤ ᠠᠬᠤᠶ ᠪᠣᠯᠤᠨ ᠬᠢᠨᠠᠨ ᠬᠠᠮᠢᠶᠠᠷᠴᠤ | ᠪᠠᠶᠢᠭ᠎ᠠ ᠠᠵᠤ ᠠᠬᠤᠶᠢᠯᠠᠯ ᠤᠨ ᠠᠵᠢᠯᠯᠠᠭᠠᠨ ᠤ ᠪᠠᠶᠢᠳᠠᠯ ᠢ ᠶᠡᠷᠦᠩᠬᠡᠶᠢᠯᠡᠨ ᠰᠣᠳᠣᠯᠣᠨ᠎ᠠ᠃ ᠬᠢᠨᠠᠨ ᠬᠠᠮᠢᠶᠠᠷᠴᠤ | ᠪᠠᠶᠢᠭ᠎ᠠ ᠠᠵᠤ ᠠᠬᠤᠶᠢᠯᠠᠯ ᠤᠨ ᠴᠢᠬᠤᠯᠠ ᠶᠡᠭᠡ ᠡᠳ᠋ ᠬᠥᠷᠥᠩᠭᠡ ᠶᠢᠨ ᠬᠤᠬᠢᠷᠠᠯ ᠤᠨ ᠬᠠᠷᠢᠭᠤᠴᠠᠯᠭ᠎ᠠ ᠨᠡᠬᠡᠮᠵᠢᠯᠡᠬᠦ | ᠰᠠᠨᠠᠯ ᠪᠠ ᠠᠷᠭ᠎ᠠ ᠬᠡᠮᠵᠢᠶ᠎ᠡ ᠶᠢ ᠰᠤᠳᠤᠯᠤᠨ ᠳᠣᠷᠠᠳᠣᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠡᠳ᠋ | ᠬᠥᠷᠥᠩᠭᠡ ᠶᠢ ᠪᠦᠷᠢᠳᠬᠡᠨ ᠬᠠᠷᠭᠤᠭᠤᠯᠬᠤ ᠪᠠ ᠡᠳ᠋ ᠬᠦᠷᠦᠩᠬᠡ ᠶᠢᠨ ᠬᠤᠬᠢᠷᠠᠯ ᠢ ᠬᠠᠷᠭᠤᠭᠤᠯᠤᠨ ᠭᠠᠷᠭᠠᠬᠤ | ᠠᠵᠢᠯ ᠢ ᠡᠭᠦᠷᠭᠡᠯᠡᠨ᠎ᠡ᠃ ᠬᠢᠨᠠᠨ ᠬᠠᠮᠢᠶᠠᠷᠴᠦ ᠪᠠᠶᠢᠭ᠎ᠠ ᠠᠵᠤ ᠠᠬᠤᠶᠢᠯᠠᠯ ᠤᠨ ᠲᠦᠭᠰᠢᠭᠦᠷᠢ ᠶᠢ ᠬᠠᠮᠢᠶᠠᠷᠤᠨ | ᠡᠵᠡᠮᠳᠡᠬᠦ ᠶᠢ ᠵᠢᠯᠣᠭᠤᠳᠤᠨ᠎ᠠ᠃ ᠰᠣᠩᠭᠤᠭᠳᠠᠨ ᠳᠣᠰᠢᠶᠠᠯ ᠡᠭᠦᠷᠭᠡᠯᠡᠭᠰᠡᠨ ᠶᠡᠷᠦᠩᠬᠡᠶ ᠨᠢᠭᠲᠠᠯᠠᠨ ᠪᠤᠳᠤᠭᠴᠢ ᠶᠢᠨ | ᠠᠵᠤ ᠠᠬᠤᠶᠢᠯᠠᠯ ᠤᠨ ᠴᠢᠬᠤᠯᠠ ᠡᠵᠡᠩᠨᠡᠯᠲᠡ ᠶᠢᠨ ᠵᠦᠢᠯᠡᠰ ᠪᠠ ᠬᠦᠨᠳᠦ ᠶᠡᠭᠡ ᠲᠦᠭᠰᠢᠭᠦᠷᠢ ᠶᠢ ᠮᠡᠳᠡᠬᠦᠯᠬᠦ ᠶᠢ ᠨᠢ | ᠰᠢᠮᠳᠠᠭᠤᠯᠵᠦ᠂ ᠰᠢᠢᠳᠪᠦᠷᠢᠯᠡᠬᠦ ᠰᠠᠨᠠᠯ ᠢ ᠰᠤᠳᠤᠯᠤᠨ ᠳᠣᠷᠠᠳᠣᠨ᠎ᠠ᠃ ᠤᠯᠤᠰ ᠤᠨ ᠦᠮᠴᠢᠯᠡᠯᠳᠦ ᠡᠳ᠋ | ᠬᠥᠷᠥᠩᠭᠡ ᠶᠢ ᠪᠦᠷᠢᠳᠬᠡᠨ ᠵᠠᠳᠠᠯᠬᠤ᠂ ᠮᠡᠳᠡᠭᠡ ᠵᠠᠩᠭᠢ ᠨᠡᠶᠢᠲᠡᠯᠡᠬᠦ ᠠᠵᠢᠯ ᠢ ᠡᠭᠦᠷᠭᠡᠯᠡᠨ᠎ᠡ᠃ ᠤᠯᠤᠰ ᠤᠨ | ᠥᠮᠴᠢᠯᠡᠯ ᠤᠨ ᠡᠷᠬᠡ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠬᠦ ᠰᠠᠨᠠᠯ ᠢ ᠰᠤᠳᠤᠯᠤᠨ ᠳᠣᠷᠠᠳᠴᠦ᠂ ᠤᠯᠤᠰ ᠤᠨ | ᠥᠮᠴᠢᠯᠡᠯ ᠤᠨ ᠡᠷᠬᠡ ᠶᠢᠨ ᠬᠠᠮᠢᠶᠠᠷᠤᠯᠲᠠ ᠶᠢᠨ ᠲᠠᠯ᠎ᠠ ᠪᠠᠷ ᠬᠢ ᠲᠦᠷᠢᠮ ᠠᠷᠭ᠎ᠠ ᠬᠡᠮᠵᠢᠶ᠎ᠡ ᠪᠠ ᠬᠠᠮᠢᠶᠠᠷᠤᠯᠲᠠ ᠶᠢᠨ | ᠠᠷᠭ᠎ᠠ ᠶᠢ ᠨᠠᠶᠢᠳᠠᠪᠤᠷᠢᠵᠢᠭᠤᠯᠤᠨ᠎ᠠ᠃ ᠪᠡᠯᠡ ᠭᠠᠷᠭᠠᠭᠰᠠᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠥᠮᠴᠢᠯᠡᠬᠦ ᠡᠷᠬᠡ ᠶᠢ ᠵᠠᠭᠠᠭᠯᠠᠨ ᠲᠣᠭᠲᠠᠭᠠᠬᠤ᠂ ᠳᠠᠩᠰᠠᠯᠠᠬᠤ᠂ ᠬᠤᠪᠢᠶᠠᠷᠢᠯᠠᠨ ᠰᠢᠯᠵᠢᠭᠦᠯᠬᠦ᠂ | ᠰᠢᠢᠳᠪᠦᠷᠢᠯᠡᠬᠦ ᠵᠢᠴᠢ ᠥᠮᠴᠢᠯᠡᠬᠦ ᠡᠷᠬᠡ ᠶᠢᠨ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠵᠡᠷᠭᠡ ᠠᠵᠢᠯ ᠢ | ᠡᠭᠦᠷᠭᠡᠯᠡᠨ᠎ᠡ᠃ ᠪᠡᠯᠡ ᠭᠠᠷᠭᠠᠭᠰᠠᠨ ᠠᠵᠤ ᠠᠬᠤᠶᠢᠯᠠᠯ ᠤᠨ ᠡᠳ᠋ ᠬᠥᠷᠥᠩᠭᠡ ᠶᠢ ᠦᠨᠡᠯᠡᠨ ᠵᠢᠱᠢᠬᠦ ᠲᠥᠷᠥᠯ ᠵᠦᠢᠯ ᠢ | ᠬᠢᠨᠠᠨ ᠵᠦᠪᠰᠢᠶᠡᠷᠡᠬᠦ ᠪᠠ ᠳᠠᠩᠰᠠᠯᠠᠬᠤ ᠠᠵᠢᠯ ᠢ ᠡᠭᠦᠷᠭᠡᠯᠡᠨ᠎ᠡ᠃ ᠬᠢᠨᠠᠨ ᠬᠠᠮᠢᠶᠠᠷᠴᠦ ᠪᠠᠶᠢᠭ᠎ᠠ ᠠᠵᠤ ᠠᠬᠤᠶᠢᠯᠠᠯ ᠤᠨ | ᠬᠥᠷᠥᠩᠭᠡ ᠮᠥᠩᠭᠦᠨ ᠤ ᠬᠤᠪᠢᠷᠠᠯᠳᠠ᠂ ᠰᠲ᠋ᠣᠺ ᠤᠨ ᠡᠷᠬᠡ ᠶᠢᠨ ᠬᠠᠮᠢᠶᠠᠷᠤᠯᠲᠠ ᠵᠢᠴᠢ ᠵᠢᠭᠡᠯᠡᠯᠭᠡ ᠲᠠᠯᠪᠢᠬᠤ | ᠲᠥᠰᠦᠯ ᠢ ᠡᠷᠬᠡ ᠶᠢᠨ ᠬᠡᠪᠴᠢᠶ᠎ᠡ ᠶᠣᠰᠣᠭᠠᠷ ᠬᠢᠨᠠᠨ ᠬᠠᠷᠭᠤᠭᠤᠯᠣᠨ᠎ᠠ᠃ ᠤᠯᠤᠰ ᠤᠨ ᠥᠮᠴᠢᠯᠡᠯ ᠤᠨ ᠡᠷᠬᠡ ᠶᠢᠨ | ᠰᠣᠯᠢᠯᠴᠠᠭ᠎ᠠ ᠳᠤ ᠬᠢᠨᠠᠯᠲᠠ ᠲᠠᠯᠪᠢᠵᠤ ᠳᠦᠷᠢᠮᠵᠢᠬᠦᠯᠦᠨ᠎ᠡ᠃ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ | ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠳᠣᠬᠠᠢ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ ᠬᠢᠨᠠᠨ | ᠬᠠᠮᠢᠶᠠᠷᠴᠦ ᠪᠠᠶᠢᠭ᠎ᠠ ᠠᠵᠤ ᠠᠬᠤᠶᠢᠯᠠᠯ ᠢ ᠵᠢᠯᠣᠭᠤᠳᠤᠨ ᠳᠤᠮᠳᠠᠳᠤ ᠤᠯᠤᠰ ᠤᠨ ᠣᠨᠴᠠᠯᠢᠭ ᠪᠦᠬᠦᠢ ᠤᠳᠤ | ᠦᠶ᠎ᠡ ᠶᠢᠨ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠲᠦᠷᠢᠮ ᠤᠨ ᠪᠠᠶᠢᠭᠤᠯᠤᠯᠲᠠ ᠪᠠ ᠬᠡᠷᠡᠭ | ᠮᠡᠳᠡᠭᠴᠢᠳ ᠤᠨ ᠵᠥᠪᠯᠡᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠤ | ᠠᠬᠤᠶᠢᠯᠠᠯ ᠢ ᠨᠡᠶᠢᠯᠡᠭᠦᠯᠬᠦ᠂ ᠬᠤᠪᠢ ᠣᠷᠣᠭᠤᠯᠬᠤ ᠳᠦᠷᠢᠮ ᠤᠨ ᠦᠭᠡᠷᠡᠴᠢᠯᠡᠯᠳᠡ᠂ ᠵᠠᠬ᠎ᠠ ᠳᠤ ᠭᠠᠷᠭᠠᠬᠤ᠂ ᠪᠡᠯᠡ | ᠨᠡᠶᠢᠯᠡᠭᠦᠯᠬᠦ᠂ ᠠᠰ ᠲᠤᠨᠢ ᠳᠣᠰᠭᠠᠷ ᠪᠠᠶᠢᠭᠤᠯᠬᠤ ᠵᠡᠷᠭᠡ ᠳᠠᠬᠢᠨ ᠪᠠᠶᠢᠭᠤᠯᠬᠤ ᠪᠠ ᠪᠠᠶᠢᠭᠤᠯᠬᠤ ᠲᠥᠰᠦᠯ ᠢ | ᠲᠣᠭᠲᠠᠭᠠᠯ ᠶᠣᠰᠣᠭᠠᠷ ᠲᠤᠭᠤᠷᠪᠢᠨ ᠲᠣᠭᠲᠠᠭᠠᠨ᠎ᠠ᠃ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ | ᠨᠡᠶᠢᠭᠡᠮ ᠤᠨ ᠦᠢᠯᠡᠰ ᠡᠷᠬᠢᠯᠡᠬᠦ ᠡᠭᠦᠷᠭᠡ ᠴᠢᠳᠠᠪᠤᠷᠢ ᠶᠢ ᠰᠠᠯᠭᠠᠬᠤ ᠪᠠ ᠲᠡᠤᠬᠡᠨ ᠦᠯᠡᠳᠡᠭᠳᠡᠯ ᠠᠰᠠᠭᠤᠳᠠᠯ ᠢ | ᠰᠢᠢᠳᠪᠦᠷᠢᠯᠡᠬᠦ ᠶᠢ ᠨᠢ ᠵᠢᠯᠣᠭᠤᠳᠤᠨ ᠠᠬᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ | ᠠᠵᠢᠯ ᠤᠨ ᠪᠠᠶᠢᠷᠢ ᠠᠴᠠ ᠪᠠᠨ ᠪᠠᠭᠤᠭᠰᠠᠨ ᠠᠵᠢᠯᠲᠠᠨ ᠠᠵᠢᠯᠲᠠᠨ ᠢ ᠲᠥᠪᠬᠢᠨᠡᠭᠦᠯᠬᠦ ᠠᠵᠢᠯ ᠢ ᠰᠠᠶᠢᠲᠤᠷ ᠬᠢᠨ᠎ᠡ᠃ | ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠳᠠᠭᠠᠭᠠᠴᠢᠯᠠᠯᠲᠠ ᠶᠢ ᠬᠠᠷᠭᠤᠭᠤᠯᠬᠤ ᠰᠢᠰᠲ᠋ᠧᠮᠵᠢ ᠶᠢ | ᠪᠦᠷᠢᠨᠰᠢᠬᠦᠯᠵᠦ᠂ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠡᠵᠡᠩᠨᠡᠯᠲᠡ ᠶᠢᠨ | ᠠᠵᠢᠯ ᠤᠨ ᠦᠷ᠎ᠡ ᠪᠦᠲᠦᠮᠵᠢ ᠶᠢ ᠬᠢᠨᠠᠨ ᠰᠢᠯᠭᠠᠬᠤ ᠲᠥᠷᠢᠮ ᠢ ᠲᠡᠭᠦᠯᠳᠡᠷᠵᠢᠭᠦᠯᠦᠨ᠎ᠡ᠃ ᠤᠯᠤᠰ ᠤᠨ ᠥᠮᠴᠢᠯᠡᠯᠲᠦ | ᠬᠥᠷᠥᠩᠭᠡ ᠶᠢᠨ ᠠᠵᠢᠯᠯᠠᠭᠠᠨ ᠤ ᠳᠦᠷᠢᠮ ᠢ ᠰᠤᠳᠤᠯᠤᠨ ᠪᠠᠶᠢᠭᠤᠯᠵᠤ᠂ ᠤᠯᠤᠰ ᠤᠨ ᠥᠮᠴᠢᠯᠡᠯᠲᠦ ᠬᠥᠷᠥᠩᠭᠡ ᠶᠢᠨ | ᠪᠡᠯᠡ ᠣᠷᠣᠭᠤᠯᠤᠯᠲᠠ᠂ ᠡᠵᠡᠩᠨᠡᠯᠲᠡ ᠶᠢᠨ ᠺᠣᠮᠫᠠᠨᠢ ᠶᠢᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢ | ᠦᠷᠨᠢᠬᠦᠯᠬᠦ ᠶᠢ ᠨᠢ ᠵᠣᠬᠢᠶᠠᠨ ᠪᠠᠶᠢᠭᠤᠯᠣᠨ ᠵᠢᠯᠣᠭᠤᠳᠣᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ | ᠬᠢᠵᠦ ᠪᠠᠶᠢᠭ᠎ᠠ ᠮᠥᠩᠭᠦᠨ ᠬᠦᠢᠯᠭᠡᠭᠡᠨ ᠤ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠪᠠ ᠦᠢᠯᠡᠴᠢᠯᠡᠭᠡ ᠪᠠᠨ | ᠴᠢᠩᠭᠠᠳᠬᠠᠬᠤ ᠶᠢ ᠨᠢ ᠵᠢᠯᠣᠭᠤᠳᠣᠨ᠎ᠠ᠃ ᠬᠤᠯᠪᠣᠭᠳᠠᠯ ᠪᠦᠬᠦᠢ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ | ᠪᠠᠶᠢᠭᠤᠯᠬᠤ ᠪᠠ ᠠᠵᠢᠯᠯᠠᠭᠤᠯᠬᠤ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠤᠯᠤᠰ ᠤᠨ ᠥᠮᠴᠢᠯᠡᠯ ᠤᠨ ᠡᠳ᠋ | ᠬᠥᠷᠥᠩᠭᠡ ᠶᠢᠨ ᠵᠥᠪᠯᠡᠯ ᠤᠨ ᠣᠯᠠᠨ ᠡᠰᠢᠲᠦ ᠪᠠᠯᠠ ᠣᠷᠣᠭᠤᠯᠤᠯᠲᠠ ᠶᠢᠨ ᠭᠤᠤᠯ ᠴᠣᠭᠴᠠᠳᠦ ᠠᠵᠤ ᠠᠬᠤᠶᠢᠯᠠᠯ ᠤᠨ | ᠬᠤᠪᠢ ᠣᠷᠣᠭᠤᠯᠤᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ ᠵᠡᠷᠭᠡ ᠠᠵᠢᠯ ᠢ ᠰᠢᠰᠲ᠋ᠧᠮᠵᠢᠭᠦᠯᠦᠨ | ᠬᠠᠮᠢᠶᠠᠷᠤᠨ᠎ᠠ᠃ ᠪᠡᠯᠡ ᠭᠠᠷᠭᠠᠭᠰᠠᠨ ᠠᠵᠤ ᠠᠬᠤᠶᠢᠯᠠᠯ ᠤᠨ ᠤᠯᠤᠰ ᠤᠨ ᠦᠮᠴᠢᠯᠡᠯᠳᠦ ᠬᠥᠷᠥᠩᠭᠡ ᠶᠢᠨ ᠠᠰᠢᠭ | ᠣᠷᠣᠯᠭ᠎ᠠ ᠶᠢ ᠳᠡᠭᠡᠭᠰᠢ ᠲᠤᠰᠢᠶᠠᠬᠤ ᠶᠢ ᠵᠣᠬᠢᠶᠠᠨ ᠪᠠᠶᠢᠭᠤᠯᠵᠤ᠂ ᠤᠯᠤᠰ ᠤᠨ ᠦᠮᠴᠢᠯᠡᠯᠳᠦ ᠬᠥᠷᠥᠩᠭᠡ ᠶᠢᠨ | ᠡᠵᠡᠩᠨᠡᠯᠲᠡ ᠶᠢᠨ ᠲᠥᠰᠦᠪ ᠢ ᠨᠠᠶᠢᠷᠠᠭᠤᠯᠬᠤ ᠪᠠ ᠬᠢᠨᠠᠯᠲᠠ ᠲᠠᠯᠪᠢᠨ ᠬᠡᠷᠡᠭᠵᠢᠭᠦᠯᠬᠦ ᠵᠡᠷᠭᠡ ᠠᠵᠢᠯ ᠢ ᠳᠠᠭᠠᠭᠠᠨ | ᠬᠦᠢᠴᠡᠳᠬᠡᠨ᠎ᠡ᠃ | ︵ᠠᠷᠪᠠᠨ ᠨᠢᠭᠡ︶ ᠵᠠᠰᠠᠭ ᠤᠨ ᠣᠷᠳᠣᠨ ᠤ ᠬᠤᠳᠠᠯᠳᠤᠨ ᠠᠪᠬᠤ ᠰᠠᠯᠠᠭ᠎ᠠ᠃ ᠠᠶᠢᠮᠠᠭ ᠤᠨ ᠱᠠᠲᠤᠨ ᠤ | ᠵᠠᠰᠠᠭ ᠤᠨ ᠣᠷᠳᠣᠨ ᠤ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠢ ᠲᠤᠭᠤᠷᠪᠢᠨ᠎ᠠ᠃ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠠᠶᠢᠮᠠᠭ ᠤᠨ ᠱᠠᠲᠤᠨ ᠤ ᠲᠥᠰᠦᠪ ᠤᠨ ᠨᠢᠭᠡᠴᠡ ᠶᠢᠨ | ᠨᠠᠶᠢᠷᠠᠭᠤᠯᠤᠨ ᠮᠡᠳᠡᠭᠦᠯᠦᠭᠰᠡᠨ ᠬᠤᠳᠠᠯᠳᠤᠨ ᠠᠪᠬᠤ ᠲᠥᠯᠥᠪᠯᠡᠭᠡ ᠶᠢ ᠬᠢᠨᠠᠨ ᠵᠥᠪᠰᠢᠶᠡᠷᠡᠵᠦ᠂ ᠵᠠᠰᠠᠭ ᠤᠨ | ᠣᠷᠳᠣᠨ ᠤ ᠬᠤᠳᠠᠯᠳᠤᠨ ᠠᠪᠬᠤ ᠳᠣᠬᠠᠢ ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠨ᠎ᠡ᠃ ᠠᠶᠢᠮᠠᠭ ᠤᠨ | ᠱᠠᠲᠤᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢ ᠬᠡᠷᠡᠭᠵᠢᠭᠦᠯᠬᠦ ᠳᠤ ᠬᠡᠷᠡᠭ ᠤᠨ ᠳᠤᠮᠳᠠ᠂ | ᠬᠡᠷᠡᠭ ᠤᠨ ᠳᠠᠷᠠᠭ᠎ᠠ ᠬᠢᠨᠠᠨ ᠬᠠᠮᠢᠶᠠᠷᠤᠨ᠎ᠠ᠃ ᠪᠦᠬᠦ ᠠᠶᠢᠮᠠᠭ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ | ᠠᠵᠢᠯ ᠢ ᠵᠢᠯᠣᠭᠤᠳᠤᠨ᠎ᠠ᠃ | ︵ᠠᠷᠪᠠᠨ ᠬᠤᠶᠠᠷ︶ ᠨᠢᠭᠲᠠᠯᠠᠨ ᠪᠤᠳᠤᠬᠤ ᠰᠠᠯᠠᠭ᠎ᠠ᠃ ᠥᠪᠡᠷᠲᠡᠭᠡᠨ ᠵᠠᠰᠠᠬᠤ ᠣᠷᠣᠨ ᠤ ᠣᠷᠣᠨ | ᠨᠤᠲᠤᠭ ᠤᠨ ᠴᠢᠨᠠᠷᠲᠠᠶ ᠨᠢᠭᠲᠠᠯᠠᠨ ᠪᠤᠳᠤᠬᠤ ᠲᠦᠷᠢᠮ ᠲᠣᠭᠲᠠᠭᠠᠯ ᠢ ᠬᠡᠷᠡᠭᠵᠢᠬᠦᠯᠬᠦ ᠶᠢ ᠵᠣᠬᠢᠶᠠᠨ ᠪᠠᠶᠢᠭᠤᠯᠣᠨ᠎ᠠ᠃ | ᠨᠢᠭᠲᠠᠯᠠᠨ ᠪᠣᠳᠣᠬᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠬᠠᠷᠢᠭᠤᠴᠠᠵᠤ᠂ ᠡᠷᠬᠡ ᠶᠢᠨ ᠬᠡᠪᠴᠢᠶ᠎ᠡ | ᠶᠣᠰᠣᠭᠠᠷ ᠨᠢᠭᠲᠠᠯᠠᠨ ᠪᠤᠳᠤᠭᠴᠢ ᠶᠢᠨ ᠲᠤᠰᠬᠠᠶ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠶᠢᠨ ᠬᠤᠯᠪᠣᠭᠳᠠᠯ | ᠪᠦᠬᠦᠢ ᠠᠵᠢᠯ ᠳᠤ ᠬᠢᠨᠠᠯᠲᠠ ᠲᠠᠯᠪᠢᠨ ᠳᠡᠬᠦᠨ ᠢ ᠵᠢᠯᠣᠭᠤᠳᠤᠨ᠎ᠠ᠃ ᠲᠤᠰ ᠵᠠᠰᠠᠭ ᠵᠠᠬᠢᠷᠭᠠᠨ ᠤ ᠣᠷᠣᠨ ᠤ ᠪᠠᠨ | ᠵᠠᠰᠠᠭ ᠵᠠᠬᠢᠷᠭᠠᠨ ᠤ ᠨᠢᠭᠡᠴᠡ᠂ ᠠᠵᠢᠯ ᠦᠢᠯᠡᠰ ᠤᠨ ᠨᠢᠭᠡᠴᠡ᠂ ᠠᠵᠤ ᠠᠬᠤᠶᠢᠯᠠᠯ ᠤᠨ ᠨᠢᠭᠲᠠᠯᠠᠨ ᠪᠣᠳᠣᠬᠤ ᠮᠡᠳᠡᠭᠡ | ᠵᠠᠩᠭᠢ ᠶᠢᠨ ᠴᠢᠨᠠᠷ ᠴᠢᠨᠰᠠᠭ᠎ᠠ ᠳᠤ ᠬᠢᠨᠠᠯᠲᠠ ᠲᠠᠯᠪᠢᠵᠤ ᠪᠠᠶᠢᠴᠠᠭᠠᠨ᠎ᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ ᠤᠨ ᠨᠠᠶᠢᠳᠠᠯᠭ᠎ᠠ ᠪᠠᠷ ᠨᠢᠭᠲᠠᠯᠠᠨ ᠪᠣᠳᠣᠭᠴᠢ ᠶᠢᠨ ᠬᠡᠷᠡᠭ ᠡᠷᠬᠢᠯᠡᠬᠦ ᠭᠠᠵᠠᠷ᠂ ᠡᠳ᠋ | ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠠᠵᠢᠯ ᠡᠷᠬᠢᠯᠡᠭᠰᠡᠨ ᠴᠢᠨᠠᠷ ᠴᠢᠨᠰᠠᠭ᠎ᠠ ᠵᠡᠷᠭᠡ ᠪᠠᠶᠢᠳᠠᠯ ᠢ | ᠪᠠᠶᠢᠴᠠᠭᠠᠨ᠎ᠠ᠃ | ︵ᠠᠷᠪᠠᠨ ᠭᠤᠷᠪᠠ︶ ᠦᠷ᠎ᠡ ᠪᠦᠲᠦᠮᠵᠢ ᠶᠢᠨ ᠬᠠᠮᠢᠶᠠᠷᠤᠯᠲᠠ ᠪᠠ ᠬᠢᠨᠠᠯᠲᠠ ᠲᠠᠯᠪᠢᠬᠤ ᠰᠠᠯᠠᠭ᠎ᠠ᠃ | ᠲᠥᠰᠦᠪ ᠤᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠳᠦᠷᠢᠮ ᠢ | ᠨᠠᠶᠢᠳᠠᠪᠤᠷᠢᠵᠢᠭᠤᠯᠤᠨ᠎ᠠ᠃ ᠲᠥᠰᠦᠪ ᠤᠨ ᠡᠯ᠎ᠡ ᠰᠠᠯᠠᠭ᠎ᠠ ᠮᠥᠴᠢᠷ ᠤᠨ ᠵᠠᠷᠤᠯᠭ᠎ᠠ ᠶᠢᠨ ᠦᠷ᠎ᠡ ᠪᠦᠲᠦᠮᠵᠢ ᠳᠤ | ᠡᠳ᠋ ᠤᠨ ᠵᠠᠰᠠᠭ ᠤᠨ ᠭᠤᠣᠯᠳᠠᠯᠭ᠎ᠠ ᠲᠠᠢ ᠮᠥᠷᠳᠡᠵᠦ ᠬᠢᠨᠠᠨ ᠡᠵᠡᠮᠳᠡᠬᠦ ᠶᠢ ᠬᠡᠷᠡᠭᠵᠢᠬᠦᠯᠦᠨ᠎ᠡ᠃ ᠦᠷ᠎ᠡ ᠪᠦᠲᠦᠮᠵᠢ ᠶᠢ | ᠦᠨᠡᠯᠡᠭᠰᠡᠨ ᠦᠷ᠎ᠡ ᠳ᠋ᠦᠩ ᠢ ᠬᠤᠷᠢᠶᠠᠩᠭᠤᠶᠢᠯᠠᠬᠤ᠂ ᠮᠡᠳᠡᠭᠦᠯᠬᠦ ᠪᠠ ᠨᠡᠶᠢᠲᠡᠯᠡᠬᠦ ᠶᠢ ᠵᠣᠬᠢᠶᠠᠨ ᠪᠠᠶᠢᠭᠤᠯᠣᠨ᠎ᠠ᠃ | ᠡᠳ᠋ ᠤᠨ ᠵᠠᠰᠠᠭ ᠭᠠᠶᠢᠯᠢ ᠶᠢᠨ ᠬᠠᠤᠯᠢ ᠳᠦᠷᠢᠮ ᠪᠠ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ᠂ | ᠲᠥᠰᠦᠪ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠬᠢᠨᠠᠯᠲᠠ ᠲᠠᠯᠪᠢᠬᠤ ᠠᠵᠢᠯ ᠢ ᠡᠭᠦᠷᠭᠡᠯᠡᠨ᠎ᠡ᠃ | ᠪᠠᠶᠢᠭᠤᠯᠤᠯᠭ᠎ᠠ ᠪᠠ ᠬᠠᠷᠢᠶ᠎ᠠ ᠨᠢᠭᠡᠴᠡ ᠶᠢᠨ ᠢᠶᠠᠨ ᠳᠣᠳᠣᠭᠠᠳᠣᠬᠢ ᠡᠵᠡᠮᠳᠡᠯ᠂ ᠬᠢᠨᠠᠨ ᠪᠣᠳᠣᠬᠤ ᠪᠠ ᠬᠢᠨᠠᠯᠲᠠ | ᠲᠠᠯᠪᠢᠵᠤ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠬᠤᠰᠢᠭᠤ ᠨᠡᠭᠡᠭᠡᠯᠳᠡ ᠶᠢᠨ ᠣᠷᠣᠨ ᠤ ᠳᠣᠳᠣᠭᠠᠳᠣᠬᠢ | ᠡᠵᠡᠮᠳᠡᠯ ᠤᠨ ᠠᠵᠢᠯ ᠢᠶᠠᠨ ᠥᠷᠨᠢᠭᠦᠯᠬᠦ ᠶᠢ ᠨᠢ ᠵᠢᠯᠣᠭᠤᠳᠤᠨ᠎ᠠ᠃ | ︵ᠠᠷᠪᠠᠨ ᠳᠥᠷᠪᠡ︶ ᠬᠠᠤᠯᠢ ᠪᠠ ᠭᠠᠶᠢᠯᠢ ᠶᠢᠨ ᠶᠠᠪᠤᠳᠠᠯ ᠤᠨ ᠰᠠᠯᠠᠭ᠎ᠠ᠃ ᠠᠶᠢᠮᠠᠭ ᠤᠨ ᠱᠠᠲᠤᠨ ᠤ | ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢ ᠡᠭᠦᠷᠭᠡᠯᠡᠨ᠎ᠡ᠃ ᠪᠦᠬᠦ ᠠᠶᠢᠮᠠᠭ ᠤᠨ ᠵᠠᠰᠠᠭ ᠤᠨ ᠣᠷᠳᠣᠨ ᠤ | ᠭᠠᠶᠢᠯᠢ ᠶᠢᠨ ᠪᠤᠰᠤ ᠣᠷᠣᠯᠭ᠎ᠠ ᠶᠢᠨ ᠲᠥᠷᠥᠯ ᠵᠦᠢᠯ ᠤᠨ ᠬᠥᠮᠥᠷᠭᠡ ᠶᠢᠨ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠶᠢ ᠴᠡᠪᠡᠷᠯᠡᠨ | ᠴᠡᠭᠴᠡᠯᠡᠵᠦ ᠳᠦᠷᠢᠮᠵᠢᠬᠦᠯᠬᠦ ᠶᠢ ᠬᠠᠷᠢᠭᠤᠴᠠᠨ᠎ᠠ᠃ ᠲᠣᠭᠲᠠᠭᠰᠠᠨ ᠡᠷᠬᠡ ᠶᠢᠨ ᠬᠡᠪᠴᠢᠶ᠎ᠡ ᠶᠣᠰᠣᠭᠠᠷ ᠠᠰᠢᠭ | ᠣᠷᠣᠯᠭ᠎ᠠ ᠶᠢᠨ ᠪᠤᠰᠤ ᠵᠣᠬᠢᠶᠠᠨ ᠪᠠᠶᠢᠭᠤᠯᠤᠯᠲᠠ ᠵᠡᠷᠭᠡ ᠭᠠᠶᠢᠯᠢ ᠠᠴᠠ ᠬᠡᠯᠲᠦᠷᠢᠭᠦᠯᠬᠦ ᠠᠵᠢᠯ ᠢ ᠰᠠᠶᠢᠲᠤᠷ ᠬᠢᠬᠦ ᠶᠢ | ᠬᠠᠷᠢᠭᠤᠴᠠᠨ᠎ᠠ᠃ ᠪᠦᠬᠦ ᠠᠶᠢᠮᠠᠭ ᠤᠨ ᠡᠳ᠋ ᠤᠨ ᠵᠠᠰᠠᠭ ᠤᠨ ᠰᠢᠰᠲ᠋ᠧᠮ ᠤᠨ ᠬᠠᠤᠯᠢ ᠪᠠᠷ ᠵᠠᠰᠠᠬᠤ ᠡᠳ᠋ ᠤᠨ ᠵᠠᠰᠠᠭ | ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠢ ᠬᠠᠮᠵᠢᠨ ᠡᠷᠬᠡ ᠶᠢᠨ | ᠬᠡᠪᠴᠢᠶᠡᠨ ᠳᠣᠲᠣᠷ᠎ᠠ ᠡᠳ᠋ ᠤᠨ ᠵᠠᠰᠠᠭ ᠭᠠᠶᠢᠯᠢ ᠶᠢᠨ ᠥᠭᠡᠷᠡᠴᠢᠯᠡᠯᠲᠡ ᠪᠣᠯᠤᠨ ᠡᠳ᠋ ᠤᠨ ᠵᠠᠰᠠᠭ ᠭᠠᠶᠢᠯᠢ ᠶᠢᠨ | ᠴᠢᠬᠤᠯᠠ ᠲᠥᠷᠥ ᠶᠢᠨ ᠪᠣᠳᠣᠯᠭ᠎ᠠ ᠵᠢᠴᠢ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠬᠠᠤᠯᠢ ᠳᠦᠷᠢᠮ ᠳᠤ | ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠳᠣᠬᠠᠢ ᠰᠠᠨᠠᠭᠤᠯᠭ᠎ᠠ ᠳᠤᠷᠠᠳᠤᠨ᠎ᠠ᠃ ᠪᠠᠶᠢᠭᠤᠯᠣᠯᠭ᠎ᠠ ᠶᠢᠨ | ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ | ᠳᠠᠩᠰᠠᠯᠠᠬᠤ ᠠᠵᠢᠯ ᠢ ᠡᠭᠦᠷᠭᠡᠯᠡᠨ᠎ᠡ᠃ ᠪᠠᠶᠢᠭᠤᠯᠣᠯᠭ᠎ᠠ ᠶᠢᠨ ᠴᠢᠬᠤᠯᠠ ᠶᠡᠭᠡ ᠰᠢᠢᠳᠪᠦᠷᠢᠳᠦ ᠪᠤᠳᠤᠯᠭ᠎ᠠ ᠶᠢᠨ ᠬᠠᠤᠯᠢ | ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠬᠠᠤᠯᠢ ᠴᠠᠭᠠᠵᠠ ᠶᠢᠨ ᠬᠡᠷᠡᠭ ᠶᠠᠪᠤᠳᠠᠯ ᠤᠨ ᠠᠵᠢᠯ ᠢ ᠡᠭᠦᠷᠭᠡᠯᠡᠨ᠎ᠡ᠃ | ᠡᠳ᠋ ᠤᠨ ᠵᠠᠰᠠᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ᠂ ᠬᠠᠤᠯᠢ | ᠴᠠᠭᠠᠵᠠ ᠶᠢᠨ ᠪᠢᠴᠢᠭ ᠬᠠᠷ᠎ᠠ ᠶᠢᠨ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠪᠠ ᠭᠤᠤᠯᠴᠢ | ᠥᠷᠢᠰᠥᠯᠳᠦᠭᠡᠨ ᠤ ᠬᠢᠨᠠᠨ ᠪᠠᠶᠢᠴᠠᠭᠠᠬᠤ ᠠᠵᠢᠯ ᠢ ᠡᠭᠦᠷᠭᠡᠯᠡᠨ᠎ᠡ᠃ ᠡᠳ᠋ ᠤᠨ ᠵᠠᠰᠠᠭ ᠤᠨ ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠵᠣᠬᠢᠶᠠᠨ ᠪᠠᠶᠢᠭᠤᠯᠣᠨ᠎ᠠ᠃ ᠬᠦᠨᠳᠦ ᠶᠡᠭᠡ ᠵᠠᠰᠠᠭ ᠵᠠᠬᠢᠷᠭᠠᠨ ᠤ | ᠰᠢᠳᠬᠡᠯ ᠲᠣᠷᠭᠠᠭᠤᠯᠢ ᠶᠢᠨ ᠭᠡᠷᠡᠴᠢᠯᠡᠭᠡ ᠶᠢ ᠰᠣᠨᠣᠰᠬᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ | ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ ᠡᠭᠦᠷᠭᠡᠯᠡᠨ᠎ᠡ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ | ᠬᠠᠤᠯᠢ ᠳᠦᠷᠢᠮ ᠤᠨ ᠪᠠᠶᠢᠭᠤᠯᠤᠯᠲᠠ ᠪᠠ ᠬᠠᠤᠯᠢ ᠴᠠᠭᠠᠵᠠ ᠶᠢᠨ ᠵᠥᠪᠯᠡᠭᠴᠢ ᠶᠢᠨ ᠠᠵᠢᠯ ᠢ ᠵᠢᠯᠣᠭᠤᠳᠤᠨ | ᠠᠬᠢᠭᠤᠯᠤᠨ᠎ᠠ᠃ | ︵ᠠᠷᠪᠠᠨ ᠲᠠᠪᠤ︶ ᠥᠷᠢ ᠥᠭᠴᠡᠭᠡ ᠶᠢᠨ ᠬᠠᠮᠢᠶᠠᠷᠤᠯᠲᠠ ᠶᠢᠨ ᠰᠠᠯᠠᠭ᠎ᠠ᠃ ᠣᠷᠣᠨ ᠨᠤᠲᠤᠭ ᠤᠨ ᠵᠠᠰᠠᠭ ᠤᠨ | ᠣᠷᠳᠣᠨ ᠤ ᠦᠷᠢ ᠥᠭᠴᠡᠭᠡᠨ ᠤ ᠬᠠᠮᠢᠶᠠᠷᠤᠯᠲᠠ ᠶᠢᠨ ᠲᠦᠷᠢᠮ ᠢ ᠲᠤᠭᠤᠷᠪᠢᠨ ᠲᠣᠭᠲᠠᠭᠠᠨ᠎ᠠ᠃ ᠣᠷᠣᠨ | ᠨᠤᠲᠤᠭ ᠤᠨ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ ᠬᠢᠵᠠᠭᠠᠷ ᠲᠤᠭ᠎ᠠ ᠶᠢᠨ ᠬᠠᠮᠢᠶᠠᠷᠤᠯᠲᠠ ᠪᠠ | ᠲᠥᠰᠦᠪ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ | ᠥᠭᠴᠡᠭᠡ᠂ ᠥᠷᠢ ᠲᠥᠯᠥᠬᠦ ᠪᠡᠯᠡ ᠮᠥᠩᠭᠦ ᠶᠢᠨ ᠲᠣᠬᠢᠷᠠᠭᠤᠯᠤᠯᠲᠠ ᠶᠢᠨ ᠳᠣᠬᠠᠢ ᠰᠠᠨᠠᠭᠤᠯᠭ᠎ᠠ ᠶᠢ ᠳᠣᠷᠠᠳᠣᠨ᠎ᠠ᠃ | ᠣᠷᠣᠨ ᠨᠤᠲᠤᠭ ᠤᠨ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ | ᠡᠵᠡᠮᠳᠡᠬᠦ ᠵᠢᠴᠢ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃ ᠣᠷᠣᠨ | ᠨᠤᠲᠤᠭ ᠤᠨ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ ᠠᠵᠢᠯ ᠤᠨ ᠦᠷ᠎ᠡ ᠪᠦᠲᠦᠮᠵᠢ ᠶᠢᠨ | ᠬᠠᠮᠢᠶᠠᠷᠣᠯᠳᠠ ᠶᠢᠨ ᠠᠵᠢᠯ ᠢ ᠬᠠᠷᠢᠭᠤᠴᠠᠨ᠎ᠠ᠃ ᠡᠷᠬᠡ ᠶᠢᠨ ᠬᠡᠪᠴᠢᠶ᠎ᠡ ᠶᠣᠰᠣᠭᠠᠷ ᠣᠷᠣᠨ ᠨᠤᠲᠤᠭ ᠤᠨ ᠵᠠᠰᠠᠭ ᠤᠨ | ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠬᠠᠮᠢᠶᠠᠷᠣᠯᠳᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ | ᠲᠣᠭᠲᠠᠭᠠᠯ ᠶᠣᠰᠣᠭᠠᠷ ᠤᠯᠤᠰ ᠤᠨ ᠵᠢᠭᠡᠯᠡᠯᠭᠡ ᠶᠢᠨ ᠪᠡᠯᠡ ᠮᠥᠩᠭᠦ᠂ ᠭᠠᠳᠠᠭᠠᠳᠤ ᠤᠯᠤᠰ ᠤᠨ ᠵᠠᠰᠠᠭ ᠤᠨ | ᠣᠷᠳᠣᠨ ᠤ ᠴᠢᠨᠠᠷᠲᠠᠶ ᠵᠢᠭᠡᠯᠡᠯᠭᠡ ᠵᠡᠷᠭᠡ ᠥᠷᠢ ᠥᠭᠴᠡᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠬᠤᠰᠢᠭᠤ ᠨᠡᠬᠡᠬᠡᠯᠳᠡ ᠶᠢᠨ ᠣᠷᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ | ︵ᠠᠷᠪᠠᠨ ᠵᠢᠷᠭᠤᠭ᠎ᠠ︶ ᠪᠠᠶᠢᠭᠠᠯᠢ ᠶᠢᠨ ᠡᠬᠢ ᠪᠠᠶᠠᠯᠢᠭ ᠪᠠ ᠠᠮᠢ ᠠᠬᠤᠶ ᠶᠢᠨ ᠣᠷᠴᠢᠨ ᠲᠣᠭᠤᠷᠢᠨ ᠤ | ᠰᠠᠯᠠᠭ᠎ᠠ᠃ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠶᠢᠨ ᠣᠷᠴᠢᠨ ᠲᠣᠭᠤᠷᠢᠨ᠂ ᠣᠢ ᠰᠢᠭᠤᠶ ᠨᠤᠲᠤᠭ | ᠪᠡᠯᠴᠢᠭᠡᠷ ᠵᠡᠷᠭᠡ ᠲᠠᠯ᠎ᠠ ᠶᠢᠨ ᠰᠠᠯᠠᠭ᠎ᠠ ᠮᠥᠴᠢᠷ ᠤᠨ ᠲᠥᠰᠦᠪ ᠪᠣᠯᠤᠨ ᠬᠠᠮᠢᠶ᠎ᠠ ᠪᠦᠬᠦᠢ ᠬᠦᠷᠢᠶᠡᠨ ᠤ ᠲᠥᠰᠦᠪ ᠤᠨ | ᠵᠠᠷᠤᠯᠭ᠎ᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠡᠬᠢ ᠪᠠᠶᠠᠯᠢᠭ ᠢ ᠠᠷᠪᠢᠯᠠᠬᠤ᠂ ᠭᠠᠵᠠᠷ ᠰᠢᠷᠣᠶ ᠶᠢ | ᠴᠡᠭᠴᠡᠯᠡᠨ ᠵᠠᠰᠠᠬᠤ᠂ ᠠᠮᠢ ᠠᠬᠤᠶ ᠶᠢ ᠬᠠᠮᠠᠭᠠᠯᠠᠨ ᠰᠡᠷᠭᠦᠭᠡᠬᠦ᠂ ᠪᠣᠬᠢᠷᠲᠤᠯ ᠢ ᠰᠡᠷᠭᠡᠶᠢᠯᠡᠨ ᠵᠠᠰᠠᠬᠤ᠂ ᠴᠥᠮ᠎ᠡ ᠪᠠ | ᠰᠠᠴᠤᠷᠠᠭ ᠤᠨ ᠠᠮᠤᠷ ᠲᠦᠪᠰᠢᠨ᠂ ᠤᠯᠤᠰ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠶᠢ | ᠠᠬᠢᠭᠤᠯᠬᠤ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠳᠣᠬᠠᠢ ᠰᠠᠨᠠᠭᠤᠯᠭ᠎ᠠ ᠶᠢ ᠳᠣᠷᠠᠳᠣᠨ᠎ᠠ᠃ | ᠪᠠᠶᠢᠭᠠᠯᠢ ᠶᠢᠨ ᠡᠬᠢ ᠪᠠᠶᠠᠯᠢᠭ ᠪᠠ ᠠᠮᠢ ᠠᠬᠤᠶ ᠶᠢᠨ ᠣᠷᠴᠢᠨ ᠨᠥᠬᠦᠴᠡᠯ ᠤᠨ ᠬᠦᠷᠢᠶᠡᠨ ᠳᠠᠬᠢ | ᠬᠥᠭᠵᠢᠯᠲᠡ ᠶᠢᠨ ᠳᠦᠯᠦᠪᠵᠢᠬᠦᠯᠬᠡ᠂ ᠲᠦᠷᠦ ᠶᠢᠨ ᠪᠤᠳᠤᠯᠭ᠎ᠠ ᠵᠡᠷᠭᠡ ᠶᠢ ᠲᠤᠭᠤᠷᠪᠢᠨ ᠲᠣᠭᠲᠠᠭᠠᠬᠤ ᠳᠤ | ᠣᠷᠣᠯᠴᠠᠨ᠎ᠠ᠃ | ︵ᠠᠷᠪᠠᠨ ᠳᠣᠯᠤᠭ᠎ᠠ︶ ᠮᠥᠩᠭᠦᠨ ᠬᠦᠢᠯᠭᠡᠭᠡ ᠭᠠᠳᠠᠭᠰᠢ ᠴᠢᠭᠯᠡᠬᠦᠯᠦᠭᠰᠡᠨ ᠠᠵᠤ ᠠᠬᠤᠶ ᠶᠢᠨ ᠰᠠᠯᠠᠭ᠎ᠠ᠃ | ᠣᠷᠣᠨ ᠨᠤᠲᠤᠭ ᠤᠨ ᠮᠥᠩᠭᠦᠨ ᠬᠦᠢᠯᠭᠡᠭᠡᠨ ᠤ ᠬᠢᠨᠠᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ | ᠲᠥᠰᠦᠪ ᠪᠠ ᠬᠠᠮᠢᠶ᠎ᠠ ᠪᠦᠬᠦᠢ ᠬᠦᠷᠢᠶᠡᠨ ᠤ ᠲᠥᠰᠦᠪ ᠤᠨ ᠵᠠᠷᠤᠯᠭ᠎ᠠ ᠶᠢᠨ ᠬᠤᠯᠪᠣᠭᠳᠠᠯ ᠪᠦᠬᠦᠢ ᠠᠵᠢᠯ ᠢ | ᠡᠭᠦᠷᠭᠡᠯᠡᠨ᠎ᠡ᠃ ᠣᠷᠣᠨ ᠨᠤᠲᠤᠭ ᠤᠨ ᠤᠯᠤᠰ ᠤᠨ ᠦᠮᠴᠢᠯᠡᠯᠳᠦ ᠮᠥᠩᠭᠦᠨ ᠬᠦᠢᠯᠭᠡᠭᠡᠨ ᠤ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠠᠶᠢᠮᠠᠭ ᠤᠨ ᠱᠠᠲᠤᠨ ᠤ ᠤᠯᠤᠰ ᠤᠨ ᠦᠮᠴᠢᠯᠡᠯᠳᠦ ᠮᠥᠩᠭᠦᠨ | ᠬᠦᠢᠯᠬᠡᠬᠡᠨ ᠤ ᠬᠥᠷᠥᠩᠭᠡ ᠶᠢᠨ ᠪᠡᠯᠡ ᠭᠠᠷᠭᠠᠭᠴᠢ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠲᠥᠷᠥ ᠶᠢᠨ | ᠪᠣᠳᠣᠯᠭ᠎ᠠ ᠶᠢᠨ ᠴᠢᠨᠠᠷᠲᠠᠶ ᠮᠥᠩᠭᠦᠨ ᠬᠦᠢᠯᠬᠡᠬᠡ᠂ ᠲᠦᠭᠡᠮᠡᠯ ᠬᠠᠷᠠᠭᠠᠯᠵᠠᠯᠲᠤ ᠮᠥᠩᠭᠦᠨ ᠬᠦᠢᠯᠬᠡᠬᠡ᠂ ᠲᠠᠷᠢᠶᠠᠯᠠᠩ | ᠮᠠᠯ ᠠᠵᠤ ᠠᠬᠤᠶ ᠶᠢᠨ ᠳᠠᠭᠠᠳᠬᠠᠯ ᠤᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠪᠠ ᠬᠠᠮᠢᠶᠠᠷᠣᠯᠳᠠ ᠶᠢᠨ | ᠲᠦᠷᠢᠮ ᠢ ᠨᠠᠶᠢᠳᠠᠪᠤᠷᠢᠵᠢᠭᠤᠯᠤᠨ᠎ᠠ᠃ ᠵᠠᠰᠠᠭ ᠤᠨ ᠣᠷᠳᠣᠨ ᠪᠣᠯᠤᠨ ᠨᠡᠶᠢᠭᠡᠮ ᠤᠨ ᠬᠥᠷᠥᠩᠭᠡ ᠶᠢᠨ | ᠬᠤᠷᠰᠢᠯᠴᠠᠭ᠎ᠠ ᠶᠢᠨ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃ ᠪᠦᠬᠦ ᠠᠶᠢᠮᠠᠭ ᠤᠨ ᠬᠤᠶᠠᠷ ᠲᠠᠯ᠎ᠠ ᠶᠢᠨ ᠪᠠ | ᠣᠯᠠᠨ ᠲᠠᠯᠠᠲᠤ ᠡᠳ᠋ ᠤᠨ ᠵᠠᠰᠠᠭ ᠮᠥᠩᠭᠦᠨ ᠭᠦᠢᠯᠭᠡᠭᠡᠨ ᠤ ᠬᠠᠮᠳᠣᠷᠠᠯᠴᠠᠭ᠎ᠠ ᠶᠢᠨ ᠬᠤᠯᠪᠣᠭᠳᠠᠯ ᠪᠦᠬᠦᠢ ᠠᠵᠢᠯ ᠢ | ᠡᠭᠦᠷᠭᠡᠯᠡᠨ᠎ᠡ᠃ ᠡᠷᠡᠬᠦᠯ ᠰᠠᠭᠤᠷᠢ ᠮᠥᠩᠭᠦ ᠶᠢᠨ ᠵᠢᠭᠡᠯᠡᠯᠭᠡ ᠶᠢᠨ ᠲᠥᠷᠥᠯ ᠵᠦᠢᠯ ᠢ ᠵᠣᠬᠢᠶᠠᠨ ᠪᠠᠶᠢᠭᠤᠯᠬᠤ ᠪᠠ | ᠮᠡᠳᠡᠬᠦᠯᠬᠦ ᠠᠵᠢᠯ ᠢ ᠬᠠᠷᠢᠭᠤᠴᠠᠨ᠎ᠠ᠃ | ︵ᠠᠷᠪᠠᠨ ᠨᠠᠢᠮᠠ︶ ᠪᠠᠶᠢᠭᠤᠯᠣᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠠᠯᠪᠠᠨ ᠭᠡᠷ᠃ | ᠪᠠᠶᠢᠭᠤᠯᠣᠯᠭ᠎ᠠ ︵ᠰᠢᠰᠲ᠋ᠧᠮ ᠤᠨ ᠨᠠᠮ ᠤᠨ ᠠᠵᠢᠯ ᠤᠨ ᠬᠤᠷᠢᠶ᠎ᠠ᠂ ᠪᠠᠶᠢᠭᠤᠯᠣᠯᠭ᠎ᠠ ᠶᠢᠨ ᠨᠠᠮ ᠤᠨ ᠬᠤᠷᠢᠶ᠎ᠠ᠂ | ᠨᠠᠮ ᠤᠨ ᠶᠡᠷᠦᠩᠬᠡᠶ ᠡᠭᠦᠷ᠂ ᠨᠠᠮ ᠤᠨ ᠡᠭᠦᠷ︶ ᠵᠢᠴᠢ ᠬᠠᠷᠢᠶ᠎ᠠ ᠠᠵᠢᠯ ᠦᠢᠯᠡᠰ ᠤᠨ ᠨᠢᠬᠡᠴᠡ ᠶᠢᠨ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠳᠠ ᠶᠢᠨ ᠠᠵᠢᠯ ᠢ ᠬᠠᠷᠢᠭᠤᠴᠠᠨ᠎ᠠ᠃ ᠨᠠᠮ ᠤᠨ | ᠰᠤᠷᠲᠠᠯ ᠪᠠ ᠴᠢᠬᠡᠴᠢ ᠵᠠᠰᠠᠭ ᠤᠨ ᠪᠠᠶᠢᠭᠤᠯᠤᠯᠲᠠ᠂ ᠢᠯᠵᠠᠷᠠᠯ ᠢ ᠡᠰᠡᠷᠭᠦᠴᠡᠬᠦ ᠠᠵᠢᠯ᠂ ᠦᠵᠡᠯ ᠤᠬᠠᠮᠰᠠᠷ ᠤᠨ | ᠬᠡᠯᠪᠡᠷᠢ᠂ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠵᠢᠴᠢ ᠨᠢᠭᠡᠳᠦᠮᠡᠯ ᠹᠷᠣᠨᠲ᠂ ᠤᠯᠠᠨ ᠳᠦᠮᠡᠨᠴᠢ | ᠪᠦᠯᠬᠦᠮ ᠨᠡᠶᠢᠳᠡ ᠶᠢᠨ ᠵᠣᠬᠢᠶᠠᠨ ᠪᠠᠶᠢᠭᠤᠯᠣᠯᠳᠠ ᠶᠢᠨ ᠠᠵᠢᠯ ᠢ ᠡᠭᠦᠷᠭᠡᠯᠡᠨ᠎ᠡ᠃ ᠬᠢᠨᠠᠨ ᠬᠠᠮᠢᠶᠠᠷᠴᠤ ᠪᠠᠶᠢᠭ᠎ᠠ ᠠᠵᠤ | ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ | ᠠᠯᠠᠱᠠ ᠠᠶᠢᠮᠠᠭ ᠤᠨ ᠡᠳ᠋ ᠤᠨ ᠵᠠᠰᠠᠭ ᠤᠨ ᠲᠣᠪᠴᠢᠶᠠᠨ ᠤ ᠪᠠᠶᠢᠭᠤᠯᠣᠯᠭ᠎ᠠ ᠶᠢᠨ ᠵᠠᠰᠠᠭ ᠵᠠᠬᠢᠷᠭᠠᠨ ᠤ | ᠣᠷᠣᠨ ᠲᠤᠭ᠎ᠠ 36 ᠨᠡᠷᠡᠰ᠃ ᠲᠣᠪᠴᠢᠶᠠᠨ ᠳᠠᠷᠤᠭ᠎ᠠ 1 ᠨᠡᠷ᠎ᠡ ︵ᠠᠶᠢᠮᠠᠭ ᠤᠨ ᠤᠯᠤᠰ ᠤᠨ ᠦᠮᠴᠢᠯᠡᠯᠳᠦ ᠡᠳ᠋ | ᠬᠦᠷᠦᠩᠭᠡ ᠶᠢᠨ ᠬᠢᠨᠠᠨ ᠬᠠᠮᠢᠶᠠᠷᠣᠯᠳᠠ ᠶᠢᠨ ᠵᠦᠪᠯᠡᠯ ᠤᠨ ᠡᠷᠬᠢᠯᠡᠭᠴᠢ ᠶᠢᠨ ᠲᠤᠰᠢᠶᠠᠯ ᠢ ᠬᠠᠪᠰᠤᠷᠭᠠᠨ | ᠬᠠᠷᠢᠭᠤᠴᠠᠨ᠎ᠠ︶᠂ ᠳᠡᠳ᠋ ᠲᠣᠪᠴᠢᠶᠠᠨ ᠳᠠᠷᠤᠭ᠎ᠠ 4 ᠨᠡᠷᠡᠰ︔ ᠰᠠᠯᠠᠭᠠᠨ ᠲᠡᠰ ᠤᠨ ᠤᠳᠤᠷᠢᠳᠬᠤ ᠲᠤᠰᠢᠶᠠᠯ ᠤᠨ | ᠲᠤᠭ᠎ᠠ 23 ᠨᠡᠷᠡᠰ᠂ ᠡᠬᠦᠨ ᠳᠤ 18 ᠵᠢᠩᠬᠢᠨᠢ ᠳᠠᠷᠤᠭ᠎ᠠ ᠶᠢᠨ ᠨᠡᠷᠡᠰ ︵ᠪᠠᠶᠢᠭᠤᠯᠤᠯᠭ᠎ᠠ ᠶᠢᠨ ᠨᠠᠮ ᠤᠨ | ᠪᠠᠶᠢᠭᠤᠯᠤᠯᠲᠠ ᠶᠢᠨ ᠠᠵᠢᠯ ᠤᠨ ᠠᠯᠪᠠᠨ ᠭᠡᠷ ᠤᠨ ᠡᠷᠬᠢᠯᠡᠭᠴᠢ 1 ᠨᠡᠷ᠎ᠡ ᠪᠠᠭᠲᠠᠨ᠎ᠠ︶ 5 ᠳᠡᠳ᠋ ᠳᠠᠷᠤᠭ᠎ᠠ ᠶᠢᠨ | ᠨᠡᠷᠡᠰ᠃ | ᠰᠦᠯᠵᠢᠶᠡᠨ ᠤ ᠬᠠᠶ᠋ᠢᠭ᠄ http://czj.als.gov.cn/ | | |