ᠵᠡᠬᠦᠨ ᠪᠠᠯ ᠪᠠᠯᠭᠠᠰᠤᠨ ᠤ ᠮᠠᠩᠯᠠᠶ ᠭᠠᠴᠠᠭ᠎ᠠ ᠡᠯᠡᠰᠦ ᠮᠠᠩᠬ᠎ᠠ ᠶᠢ ᠨᠣᠭᠤᠭᠠᠷᠠᠭᠤᠯᠵᠤ ᠮᠠᠯᠴᠢᠨ ᠲᠠᠷᠢᠶᠠᠴᠢᠨ ᠢ ᠪᠠᠶᠠᠵᠢᠭᠤᠯᠪᠠ
ᠨᠡᠶᠢᠲᠡᠯᠡᠭᠰᠡᠨ ᠴᠠᠭ᠄
2020/11/27
      ᠠᠯᠠᠱᠠ ᠵᠡᠭᠦᠨ ᠬᠤᠰᠢᠭᠤᠨ ᠤ ᠵᠡᠬᠦᠨ ᠪᠠᠯ ᠪᠠᠯᠭᠠᠰᠤᠨ ᠤ ᠮᠠᠩᠯᠠᠢ ᠭᠠᠴᠠᠭᠠᠨ ᠤ ᠵᠠᠭ ᠤᠨ ᠤᠢ ᠶᠢ ᠦᠨᠳᠦᠷ ᠲᠡᠬᠡᠷ᠎ᠠ ᠠᠴᠠ ᠪᠠᠷᠠᠯᠠᠬᠤ ᠳᠤ᠂ ᠲᠣᠰᠣᠨ ᠵᠢᠷᠤᠭ ᠮᠡᠲᠦ ᠦᠵᠠᠮᠵᠢ ᠬᠥᠮᠦᠨ ᠤ ᠰᠡᠳᠬᠢᠯ ᠢ ᠡᠷᠬᠡ ᠦᠬᠡᠢ ᠪᠠᠶᠠᠰᠬᠠᠨ᠎ᠠ᠃ ᠭᠠᠴᠠᠭᠠᠨ ᠤ ᠮᠠᠯᠴᠢᠨ ᠸᠠᠩ ᠾᠦᠢ ᠵᠢᠶᠦ᠋ᠨ ᠵᠠᠭ ᠤᠨ ᠤᠢ ᠳᠠᠭᠠᠨ ᠴᠠᠭᠠᠨ ᠭᠤᠶᠤᠤ ᠮᠠᠯᠳᠠᠬᠤ ᠶᠢᠨ ᠲᠠᠭᠠᠤ᠂ ᠡᠨᠡ ᠵᠢᠯ ᠤᠨ ᠬᠠᠩᠰᠢ ᠶᠢ ᠦᠨᠳᠦᠰᠦᠯᠠᠪᠠᠯ ᠴᠠᠭᠠᠨ ᠭᠤᠶᠤᠤ ᠶᠢᠨ ᠦᠨ᠎ᠠ ᠺᠢᠯᠣᠭ᠍ᠷᠠᠮ ᠪᠦᠷᠢ ᠳᠡᠭᠡᠨ 35 — 40 ᠲᠥᠭᠦᠷᠢᠭ ᠲᠤ ᠬᠦᠷᠴᠦ ᠪᠤᠢ ᠬᠡᠨ᠎ᠠ᠃       ᠮᠠᠩᠯᠠᠶ ᠭᠠᠴᠠᠭ᠎ᠠ ᠤᠯᠠᠭᠠᠨᠪᠤᠬ᠎ᠠ ᠡᠯᠡᠰᠦᠨ ᠤ ᠪᠠᠷᠠᠭᠤᠨ ᠡᠮᠦᠨ᠎ᠡ ᠵᠠᠬ᠎ᠠ ᠳᠤ ᠪᠠᠶᠢᠷᠢᠯᠠᠵᠤ᠂ ᠥᠩᠭᠡᠷᠡᠭᠰᠡᠨ ᠳᠤ ᠡᠨᠡ ᠬᠡᠰᠡᠭ ᠭᠠᠵᠡᠷ ᠢᠶᠠᠷ ᠡᠯᠡᠰᠦ ᠮᠠᠩᠬ᠎ᠠ ᠦᠷᠬᠦᠯᠵᠢᠯᠡᠵᠦ᠂ ᠡᠪᠡᠰᠦ ᠤᠷᠭᠤᠮᠠᠯ ᠦᠵᠡᠭᠳᠡᠬᠦ ᠦᠬᠡᠢ ᠪᠠᠶᠢᠵᠠᠢ᠃ ︽2012 ᠣᠨ ᠳᠤ ᠵᠡᠬᠦᠨ ᠪᠠᠯ ᠪᠠᠯᠭᠠᠰᠤᠨ ᠠᠴᠠ ᠮᠠᠯᠴᠢᠨ ᠲᠠᠷᠢᠶᠠᠴᠢᠳ ᠲᠤ ᠵᠠᠭ ᠲᠠᠷᠢᠬᠤ ᠶᠢ ᠵᠤᠷᠢᠠᠠᠵᠢᠭᠤᠯᠵᠦ᠂ ᠲᠤᠬᠠᠶ ᠶᠢᠨ ᠵᠢᠯ ᠳᠡᠭᠡᠨ 1100 ᠮᠦ ᠵᠠᠭ ᠲᠠᠷᠢᠵᠠᠶ᠃ ᠳᠠᠷᠠᠭ᠎ᠠ ᠨᠢ ᠵᠢᠯ ᠪᠦᠷᠢ 4015 ᠮᠦ ᠵᠠᠭ ᠲᠠᠷᠢᠵᠦ᠂ 2018 ᠣᠨ ᠠᠴᠠ ᠴᠠᠭᠠᠨ ᠭᠤᠶᠣᠣ ᠮᠠᠯᠲᠠᠵᠤ ᠡᠬᠢᠯᠨᠨ᠂ ᠲᠤᠰ ᠵᠢᠯ ᠳᠡᠭᠡᠨ 6 ᠲᠦᠮᠡᠨ ᠲᠦᠬᠦᠷᠢᠭ ᠤᠨ ᠤᠷᠤᠯᠭ᠎ᠠ ᠡᠬᠦᠳᠴᠠᠢ᠃ ᠡᠬᠦᠨ ᠠᠴᠠ ᠭᠠᠳᠠᠨ᠎ᠠ ᠪᠠᠰᠠ ᠤᠢ ᠰᠢᠭᠤᠢ ᠶᠢᠨ ᠬᠠᠮᠠᠭᠠᠯᠠᠭᠴᠢ ᠶᠢᠨ ᠠᠵᠢᠯ ᠢ ᠬᠠᠷᠢᠭᠤᠴᠠᠵᠦ ᠪᠤᠢ ᠪᠤᠯᠬᠤᠷ ᠵᠢᠯ ᠤᠨ ᠴᠠᠯᠢᠩ ᠮᠦᠡᠭᠬᠦ ᠴᠦ 2 ᠲᠦᠮᠡᠨ ᠲᠦᠬᠦᠷᠢᠭ ᠲᠤ ᠬᠦᠷᠴᠦ ᠪᠤᠢ᠃ ᠤᠳᠤ ᠶᠢᠨ ᠠᠮᠢᠳᠤᠷᠠᠯ ᠵᠢᠯ ᠠᠴᠠ ᠵᠢᠯ ᠲᠡᠭᠵᠢᠷᠡᠵᠦ ᠪᠠᠶᠢᠨ᠎ᠠ︾ ᠬᠡᠮᠡᠨ ᠸᠠᠩ ᠾᠦᠢ ᠵᠢᠶᠦ᠋ᠨ ᠰᠤᠷᠪᠤᠯᠵᠢᠯᠠᠭᠴᠢ ᠳᠤ ᠡᠨᠡ ᠬᠡᠳᠦᠨ ᠵᠢᠯ ᠤᠨ ᠠᠮᠢᠳᠤᠷᠠᠯ ᠦᠢᠯᠡᠳᠪᠤᠷᠢᠯᠡᠯ ᠤᠨ ᠬᠤᠪᠢᠷᠠᠯᠳᠠ ᠪᠠᠨ ᠲᠠᠨᠢᠯᠴᠠᠭᠤᠯᠵᠦ ᠪᠠᠶᠢᠯ᠎ᠠ᠃       ᠣᠯᠠᠨ ᠵᠢᠯ ᠤᠨ ᠲᠤᠷᠰᠢ᠂ ᠲᠣᠰ ᠪᠠᠯᠭᠠᠰᠤ ᠠᠯᠠᠱᠠ ᠵᠡᠭᠦᠨ ᠬᠤᠰᠢᠭᠤᠨ ᠤ ︽ᠠᠮᠢ ᠠᠬᠤᠶ ᠪᠠᠷ ᠬᠤᠰᠢᠭᠤ ᠶᠢ ᠴᠤᠭᠴᠠᠯᠠᠬᠤ︾ ︽ᠬᠠᠮᠠᠭᠠᠯᠠᠬᠤ ᠪᠠ ᠪᠥᠲᠥᠭᠡᠨ ᠪᠠᠶᠢᠭᠤᠯᠬᠤ ᠶᠢ ᠵᠡᠷᠭᠡ ᠪᠠᠷ ᠴᠢᠬᠤᠯᠠᠴᠢᠯᠠᠬᠤ᠂ ᠬᠠᠮᠠᠭᠠᠯᠠᠬᠤ ᠪᠠᠷ ᠭᠤᠤᠯ ᠪᠣᠯᠭᠠᠬᠤ︾ ᠠᠮᠢ ᠠᠬᠤᠶ ᠶᠢᠨ ᠵᠠᠰᠠᠯᠲᠠ ᠶᠢᠨ ᠠᠷᠭ᠎ᠠ ᠪᠣᠳᠣᠯᠭ᠎ᠠ ᠶᠣᠰᠣᠭᠠᠷ᠂ ᠪᠠᠶᠢᠭᠠᠯᠢ ᠶᠢᠨ ᠣᠶ ᠰᠢᠭᠤᠶ ᠶᠢ ᠬᠠᠮᠠᠭᠠᠯᠠᠬᠤ᠂ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠶᠢ ᠰᠡᠷᠭᠦᠭᠡᠬᠦ᠂ ᠤᠮᠠᠷᠠᠲᠤ ᠶᠢᠨ ᠭᠤᠷᠪᠠᠨ ᠣᠷᠣᠨ ᠤ ᠬᠠᠯᠬᠠᠪᠴᠢ ᠣᠶ᠂ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ᠂ ᠨᠡᠶᠢᠲᠡ ᠳᠤ ᠠᠰᠢᠭ ᠬᠦᠷᠳᠡᠭᠡᠬᠦ ᠣᠶ ᠶᠢᠨ ᠨᠥᠬᠦᠪᠥᠷᠢ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠵᠡᠷᠭᠡ ᠤᠯᠤᠰ ᠤᠨ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠢ ᠬᠡᠷᠡᠭᠵᠢᠭᠦᠯᠬᠦ ᠪᠠᠷ ᠳᠠᠮᠵᠢᠨ᠂ ᠠᠮᠢ ᠠᠬᠤᠢ ᠶᠢᠨ ᠬᠠᠮᠠᠭᠠᠯᠠᠯᠲᠠ ᠶᠢᠨ ᠲᠠᠯ᠎ᠠ ᠳᠤ ᠪᠤᠳᠠᠲᠦ ᠠᠮᠵᠢᠯᠳᠠ ᠤᠯᠵᠠᠢ᠃ ᠡᠭᠦᠨ ᠤ ᠬᠠᠮᠲᠤ᠂ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠰᠢᠨ᠎ᠡ ᠵᠠᠭᠪᠤᠷ ᠢ ᠢᠳᠡᠪᠬᠢᠲᠡᠢ ᠡᠭᠦᠳᠴᠦ᠂ ᠴᠠᠭᠠᠨ ᠭᠤᠶᠣᠣ ᠶᠢᠨ ᠠᠵᠤ ᠦᠢᠯᠡᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠭᠰᠠᠨ ᠪᠠᠶᠢᠨ᠎ᠠ᠃ 2011 ᠣᠨ ᠳᠤ᠂ ᠮᠠᠩᠯᠠᠢ ᠭᠠᠴᠠᠭᠠᠨ ᠳᠤ ᠴᠠᠭᠠᠨ ᠭᠤᠶᠣᠣ ᠶᠢᠨ ᠠᠵᠤ ᠦᠢᠯᠡᠰ ᠤᠨ ᠰᠠᠭᠤᠷᠢᠨ ᠢ ᠪᠠᠶᠢᠭᠤᠯᠵᠤ᠂ ᠵᠠᠭ ᠲᠠᠷᠢᠬᠤ ᠬᠦᠷᠢᠶ᠎ᠠ ᠬᠡᠪᠴᠢᠶ᠎ᠠ ᠶᠢ ᠵᠢᠯ ᠲᠠᠷᠠᠭᠠᠯᠠᠨ ᠨᠡᠮᠡᠭᠳᠡᠬᠦᠯᠵᠠᠢ᠃ ᠣᠳᠣᠬᠠᠨ ᠳᠤ ᠲᠣᠰ ᠪᠠᠯᠭᠠᠰᠤᠨ ᠤ ᠬᠦᠮᠦᠨ ᠤ ᠬᠦᠴᠦ ᠪᠠᠷ ᠲᠠᠷᠢᠭᠰᠠᠨ ᠵᠠᠭ ᠤᠨ ᠤᠢ ᠶᠢᠨ ᠲᠠᠯᠠᠪᠠᠢ 43 ᠲᠦᠮᠡᠨ ᠮᠦ ᠳᠤ ᠬᠦᠷᠴᠦ᠂ ᠤᠯᠠᠭᠠᠨᠪᠤᠬ᠎ᠠ ᠡᠯᠡᠰᠦᠨ ᠤ ᠨᠡᠬᠦᠨ ᠰᠢᠯᠵᠢᠬᠦ ᠶᠢ ᠪᠦᠲᠦᠮᠵᠢᠲᠡᠢ ᠬᠤᠷᠢᠭᠯᠠᠭᠰᠠᠨ ᠪᠠᠶᠢᠨ᠎ᠠ᠃       2015 ᠣᠨ ᠠᠴᠠ ᠨᠠᠰᠢ᠂ ᠨᠠᠶᠢᠳᠠ 5.1 ᠲᠦᠮᠡᠨ ᠮᠦ ᠵᠠᠭ ᠤᠨ ᠦᠨᠳᠦᠰᠦᠨ ᠳᠤ ᠴᠠᠭᠠᠨ ᠭᠤᠶᠤᠤ ᠶᠢ ᠳᠦᠯᠵᠢᠬᠦᠯᠵᠦ᠂ ᠵᠢᠯ ᠪᠦᠷᠢ ᠪᠠᠷᠤᠭ 20 ᠠᠴᠠ 30 ᠲᠣᠨ ᠴᠠᠭᠠᠨ ᠭᠤᠶᠣᠣ ᠬᠤᠷᠢᠶᠠᠨ᠂ 28 ᠡᠷᠦᠬᠡ ᠶᠢᠨ 120 ᠭᠠᠷᠤᠶ ᠬᠥᠮᠦᠨ ᠰᠢᠭᠤᠳ ᠠᠰᠢᠭ ᠬᠦᠷᠳᠡᠵᠦ᠂ ᠡᠷᠦᠬᠡ ᠪᠦᠷᠢ ᠶᠢᠨ ᠤᠷᠤᠯᠭ᠎ᠠ ᠨᠢ ᠪᠠᠷᠤᠭ 3 ᠲᠦᠮᠡᠨ ᠲᠥᠭᠦᠷᠢᠭ ᠨᠡᠮᠡᠭᠳᠡᠨ᠂ ᠨᠡᠩ ᠴᠦ ᠬᠡᠰᠡᠭ ᠡᠷᠦᠬᠡ ᠶᠢᠨ ᠵᠢᠯ ᠤᠨ ᠤᠷᠤᠯᠭ᠎ᠠ 10 ᠲᠦᠮᠡᠨ ᠲᠦᠬᠦᠷᠢᠭ ᠢ ᠲᠠᠪᠠᠭᠰᠠᠨ ᠪᠠᠶᠢᠨ᠎ᠠ᠃ ︽ᠵᠠᠭ ᠲᠠᠷᠢᠭᠰᠠᠨ ᠠᠴᠠ ᠨᠠᠶᠢᠬᠡᠮ ᠪᠠ ᠠᠵᠤ ᠠᠬᠤᠢ ᠶᠢᠨ ᠲᠠᠯ᠎ᠠ ᠪᠠᠷ ᠬᠤᠤᠰ ᠦᠷ᠎ᠡ ᠠᠰᠢᠭ ᠡᠬᠦᠳᠴᠠᠢ᠃ ᠰᠢᠨᠵᠢᠯᠡᠬᠦ ᠤᠬᠠᠭᠠᠨᠴᠢ ᠪᠠᠷ ᠲᠠᠷᠢᠵᠦ ᠮᠠᠯᠳᠠᠬᠤ ᠯᠡ ᠶᠤᠮ ᠪᠤᠯ ᠦᠷ᠎ᠡ ᠠᠰᠢᠭ ᠤᠯᠠᠮ ᠠᠴᠠ ᠤᠯᠠᠮ ᠶᠡᠭᠡ ᠪᠣᠯᠬᠤ ᠨᠢ ᠭᠠᠷᠴᠠᠭ᠎ᠠ ᠦᠬᠡᠢ᠃ ᠵᠠᠭ ᠲᠠᠷᠢᠬᠤ᠂ ᠴᠠᠭᠠᠨ ᠭᠤᠶᠤᠤ ᠲᠠᠷᠢᠬᠤ ᠵᠡᠷᠬᠡ ᠡᠯᠡᠰᠦᠨ ᠤ ᠠᠵᠦ ᠦᠢᠯᠡᠰ ᠢ ᠬᠦᠭᠵᠢᠬᠦᠯᠬᠦ ᠨᠢ ᠵᠡᠬᠦᠨ ᠪᠠᠯ ᠪᠠᠯᠭᠠᠰᠤᠨ ᠤ ᠮᠠᠯᠴᠢᠨ ᠲᠠᠷᠢᠶᠠᠴᠢᠳ ᠤᠨ ᠶᠠᠳᠠᠭᠤ ᠠᠴᠠ ᠠᠩᠬᠢᠵᠢᠷᠠᠨ ᠤᠷᠤᠯᠭ᠎ᠠ ᠪᠠᠨ ᠨᠠᠮᠡᠭᠳᠡᠬᠦᠯᠬᠦ ᠠᠷᠭ᠎ᠠ ᠵᠠᠮ ᠤᠨ ᠨᠢᠬᠡ ᠪᠤᠯᠤᠭᠰᠠᠨ ᠪᠠᠶᠢᠨ᠎ᠠ︾ ᠬᠡᠮᠡᠨ ᠵᠡᠬᠦᠨ ᠪᠠᠯ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠤᠨ ᠳᠡᠳ᠋ ᠡᠷᠬᠢᠯᠡᠭᠴᠢ ᠰᠢᠤᠢ ᠯᠢ ᠹᠧᠩ ᠬᠡᠯᠡᠵᠦ ᠪᠠᠶᠢᠯ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号