ᠵᠡᠬᠦᠨ ᠪᠠᠯ ᠪᠠᠯᠭᠠᠰᠤᠨ ᠤ ᠮᠠᠯᠴᠢᠨ ᠲᠠᠷᠢᠶᠠᠴᠢᠨ ᠤ ᠰᠢᠨ᠎ᠡ ᠤᠷᠤᠨ ᠰᠠᠭᠤᠴᠠ ᠳᠠᠬᠢ ᠴᠢᠨᠠᠭᠡᠯᠢᠭ ᠠᠮᠢᠳᠤᠷᠠᠯ
ᠨᠡᠶᠢᠲᠡᠯᠡᠭᠰᠡᠨ ᠴᠠᠭ᠄
2020/11/30
       ᠰᠤᠷᠪᠤᠯᠵᠢᠯᠠᠭᠴᠢ ᠦᠢᠷ᠎ᠡ ᠶᠢᠨ ᠡᠳᠦᠷ ᠠᠯᠠᠱᠠ ᠵᠡᠭᠦᠨ ᠬᠤᠰᠢᠭᠤᠨ ᠤ ᠵᠡᠬᠦᠨ ᠪᠠᠯ ᠪᠠᠯᠭᠠᠰᠤᠨ ᠤ ᠤᠢᠷᠦᠨᠲᠤᠶᠠᠭ᠎ᠠ ᠭᠠᠴᠠᠭᠠᠨ ᠤ ᠲᠠᠷᠢᠶᠠᠴᠢᠨ ᠶᠢᠨ ᠬᠦᠶ ᠬᠤᠸᠠ ᠶᠢᠨ ᠭᠡᠷ ᠲᠤ ᠬᠦᠷᠬᠦ ᠳᠤ᠂ ᠲᠡᠷᠡ ᠬᠤᠷᠢᠶᠠᠭᠰᠠᠨ ᠡᠷᠳᠡᠨᠢ ᠰᠢᠰᠢ ᠪᠠᠨ ᠡᠭᠡᠭᠡᠬᠦ ᠶᠢᠨ ᠲᠠᠭᠠᠤ ︽ᠥᠩᠭᠡᠷᠡᠭᠡᠭᠰᠡᠨ ᠳᠤ ᠪᠢᠳᠡ ᠨᠢᠭᠡ ᠭᠡᠷ ᠢᠶᠠᠷ ᠢᠶᠠᠨ 60 ᠲᠡᠭᠰᠢ ᠳᠥᠷᠪᠡᠯᠵᠢᠨ ᠮᠧᠲᠷ ᠤᠨ ᠰᠢᠪᠠᠷ ᠪᠠᠶᠢᠰᠢᠩ ᠳᠤ ᠰᠠᠭᠤᠵᠦ ᠠᠮᠢᠳᠤᠷᠠᠯ ᠤᠨ ᠶᠠᠰᠤ ᠴᠢᠨᠡᠷ ᠤᠨ ᠲᠠᠯ᠎ᠠ ᠪᠠᠷ ᠲᠤᠩ ᠠᠨᠠᠢ ᠪᠠᠶᠢᠵᠠᠢ᠃ ᠤᠳᠤ ᠬᠤᠳᠠ ᠶᠢᠨ ᠬᠥᠮᠦᠰ ᠲᠠᠢ ᠠᠳᠠᠯᠢ ᠪᠠᠷ 100 ᠲᠡᠭᠰᠢ ᠳᠥᠷᠪᠡᠯᠵᠢᠨ ᠮᠧᠲᠷ ᠤᠨ ᠲᠣᠭᠤᠰᠬᠠᠨ ᠪᠠᠶᠢᠰᠢᠩ ᠳᠤ ᠰᠠᠭᠤᠵᠤ᠂ ᠲᠤᠳᠠᠬᠤ ᠶᠠᠭᠤᠮ᠎ᠠ ᠦᠬᠡᠢ ᠪᠤᠯᠵᠠᠢ᠃ ᠡᠨᠡ ᠵᠢᠯ 8 ᠮᠥ ᠭᠠᠵᠡᠷ ᠠᠴᠠ ᠬᠤᠷᠢᠶᠠᠭᠰᠠᠨ ᠡᠷᠳᠡᠨᠢ ᠰᠢᠰᠢ ᠪᠠᠨ ᠴᠥᠮ ᠬᠦᠷᠢᠶᠡᠨ ᠳᠣᠲᠣᠷ᠎ᠠ ᠪᠠᠨ ᠡᠬᠡᠬᠡᠵᠠᠢ᠂ ᠮᠠᠨ ᠤ ᠬᠦᠷᠢᠶᠠᠨ ᠤ ᠲᠠᠯᠠᠪᠠᠢ ᠶᠡᠭᠡ ᠪᠢᠵᠠ ᠳ᠋ᠧ︾ ᠬᠡᠮᠡᠨ ᠢᠨᠢᠶᠡᠮᠰᠦᠭᠯᠡᠨ ᠬᠡᠯᠡᠵᠦ ᠪᠠᠶᠢᠯ᠎ᠠ᠃        2016 ᠣᠨ ᠳᠤ᠂ ᠲᠤᠰ ᠪᠠᠯᠭᠠᠰᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠬᠡᠨ ᠪᠠᠶᠢᠭᠤᠯᠬᠤ ᠲᠦᠷᠦ ᠶᠢᠨ ᠪᠤᠳᠤᠯᠭ᠎ᠠ ᠶᠢ ᠳᠣᠣᠱᠳᠠᠢ ᠬᠡᠷᠡᠭᠵᠢᠬᠦᠯᠵᠦ᠂ 1605 ᠮᠦ ᠭᠠᠵᠡᠷ ᠡᠵᠡᠯᠡᠬᠦ 137 ᠢᠵᠢ ᠣᠷᠣᠨ ᠰᠠᠭᠤᠴᠠ ᠶᠢ ᠰᠢᠨ᠎ᠡ ᠪᠠᠷ ᠪᠠᠶᠢᠭᠤᠯᠵᠦ᠂ ᠤᠰᠤ ᠴᠠᠬᠢᠯᠭᠠᠨ᠂ ᠵᠠᠮ᠂ ᠬᠤᠷᠰᠢᠶ᠎ᠠ ᠲᠡᠯᠬᠡᠬᠦᠷ᠂ ᠡᠮ ᠡᠮᠨᠡᠯᠭᠡ᠂ ᠰᠣᠶᠣᠯ ᠤᠨ ᠠᠵᠢᠯᠯᠠᠭ᠎ᠠ ᠵᠡᠷᠭᠡ ᠰᠠᠭᠤᠷᠢ ᠪᠦᠲᠦᠬᠡᠨ ᠪᠠᠶᠢᠭᠤᠯᠤᠯᠳᠠ ᠶᠢ ᠲᠠᠰᠤᠷᠠᠯᠳᠠ ᠦᠬᠡᠢ ᠲᠡᠬᠦᠯᠳᠡᠷᠵᠢᠬᠦᠯᠵᠦ᠂ ᠦᠷᠦᠨᠳᠤᠶᠠᠭ᠎ᠠ᠂ ᠭᠠᠯᠪᠠᠷᠠᠰᠤᠳᠡᠢ᠂ ᠭᠡᠷᠡᠯᠲᠦ ᠵᠡᠷᠬᠡ 3 ᠭᠠᠴᠠᠭᠠᠨ ᠤ 358 ᠬᠥᠮᠦᠨ ᠤ ᠣᠷᠣᠨ ᠰᠠᠭᠤᠴᠠ ᠶᠢᠨ ᠠᠰᠠᠭᠤᠳᠠᠯ ᠢ ᠪᠦᠲᠦᠮᠵᠢᠳᠡᠢ ᠰᠢᠢᠳᠪᠤᠷᠢᠯᠡᠭᠰᠡᠨ ᠪᠠᠶᠢᠨ᠎ᠠ᠃ ᠰᠢᠯᠵᠢᠭᠦᠯᠦᠨ ᠨᠡᠭᠦᠯᠭᠡᠭᠰᠡᠨ ᠮᠠᠯᠴᠢᠨ ᠲᠠᠷᠢᠶᠠᠴᠢᠳ ᠤᠨ ᠶᠠᠳᠠᠭᠤ ᠠᠴᠠ ᠠᠩᠬᠢᠵᠢᠷᠠᠭᠤᠯᠤᠨ ᠤᠷᠤᠯᠭ᠎ᠠ ᠶᠢ ᠨᠢ ᠴᠢᠨᠠᠭᠰᠢᠳᠠ ᠨᠡᠮᠡᠭᠳᠡᠬᠦᠯᠬᠦ ᠶᠢᠨ ᠲᠤᠰᠠᠳᠠ᠂ ᠲᠤᠰ ᠪᠠᠯᠭᠠᠰᠤ ᠮᠠᠯᠴᠢᠨ ᠲᠠᠷᠢᠶᠠᠴᠢᠳ ᠢ ᠵᠤᠬᠢᠶᠠᠨ ᠪᠠᠶᠢᠭᠤᠯᠵᠦ ᠪᠠᠶᠢᠭᠠᠳ ᠬᠠᠰᠢᠶᠠᠯᠠᠨ ᠲᠡᠵᠢᠭᠡᠬᠦ᠂ ᠵᠢᠮᠢᠰ ᠤᠨ ᠤᠢᠢᠯᠡᠰ᠂ ᠬᠥᠳᠡᠭᠡ ᠲᠣᠰᠬᠤᠨ ᠤ ᠵᠢᠭᠤᠯᠴᠢᠯᠠᠯ᠂ ᠢᠳᠡᠭᠡᠨ ᠤᠮᠳᠠᠭᠠᠨ ᠬᠤᠨᠤᠭ ᠰᠠᠭᠤᠴᠠ ᠵᠡᠷᠭᠡ ᠠᠵᠤ ᠦᠢᠯᠡᠰ ᠢ ᠬᠡᠪᠴᠢᠶᠠᠵᠢᠬᠦᠯᠦᠨ ᠬᠦᠭᠵᠢᠬᠦᠯᠵᠠᠢ᠃
        ᠵᠢᠷᠤᠭ ᠪᠤᠯ᠂ ᠲᠠᠷᠢᠶᠠᠴᠢᠨ ᠶᠢᠨ ᠬᠦᠶ ᠬᠤᠸᠠ ᠰᠠᠷᠠᠭᠤᠯ ᠠᠭᠤᠳᠠᠮ ᠬᠦᠷᠢᠶᠠᠨ ᠳᠡᠭᠡᠨ ᠡᠷᠳᠡᠨᠢ ᠰᠢᠰᠢ ᠪᠠᠨ ᠡᠬᠡᠬᠡᠵᠦ ᠪᠠᠶᠢᠭ᠎ᠠ ᠨᠢ᠃         ᠪᠦᠷᠢᠳᠬᠡᠯ ᠢ ᠦᠨᠳᠦᠰᠦᠯᠠᠪᠠᠯ᠂ ᠦᠷᠦᠨᠳᠤᠶᠠᠭ᠎ᠠ ᠭᠠᠴᠠᠭᠠᠨ ᠤ ᠬᠢᠨ ᠬᠠᠰᠢᠶᠠᠯᠠᠨ ᠲᠡᠵᠢᠭᠡᠬᠦ 110 ᠰᠠᠷᠠᠪᠴᠢ ᠪᠠᠶᠢᠭᠤᠯᠵᠦ᠂ 52 ᠡᠷᠦᠬᠡ ᠮᠠᠯᠴᠢᠨ ᠲᠠᠷᠢᠶᠠᠴᠢᠨ ᠬᠠᠰᠢᠶᠠᠯᠠᠨ ᠲᠡᠵᠢᠭᠡᠬᠦ ᠦᠢᠯᠡᠰ ᠲᠤ ᠤᠷᠤᠯᠴᠠᠨ᠂ ᠨᠡᠶᠢᠲᠡ 1000 ᠭᠠᠷᠤᠶ ᠮᠠᠯ ᠲᠡᠵᠢᠭᠡᠬᠦ ᠶᠢᠨ ᠬᠠᠮᠲᠦ᠂ 96 ᠮᠦ ᠭᠠᠵᠡᠷ ᠲᠤ ᠵᠢᠮᠢᠰ ᠤᠨ ᠮᠤᠳᠤ ᠲᠠᠷᠢᠵᠤ᠂ ᠢᠳᠡᠬᠡᠨ ᠤᠮᠳᠠᠭᠠᠨ ᠤ ᠦᠢᠯᠡᠳᠪᠦᠷᠢ ᠲᠠᠢ ᠬᠤᠷᠰᠢᠨ ᠠᠵᠢᠯᠯᠠᠬᠤ ᠬᠡᠯᠡᠯᠴᠡᠭᠡᠷ ᠲᠣᠭᠲᠠᠵᠤ᠂ ᠲᠠᠷᠢᠭᠰᠠᠨ ᠵᠢᠮᠢᠰ ᠢᠶᠠᠨ ᠦᠢᠯᠡᠳᠪᠤᠷᠢ ᠳᠤ ᠪᠤᠷᠤᠯᠠᠭᠤᠯᠤᠨ᠂ ᠪᠤᠷᠤᠯᠠᠭᠤᠯᠭ᠎ᠠ ᠶᠢᠨ ᠠᠰᠠᠭᠤᠳᠠᠯ ᠢᠶᠠᠨ ᠪᠦᠲᠦᠮᠵᠢᠳᠡᠢ ᠰᠢᠢᠳᠪᠤᠷᠢᠯᠡᠵᠠᠢ᠃ ᠡᠬᠦᠨ ᠠᠴᠠ ᠭᠠᠳᠠᠨ᠎ᠠ ᠲᠤᠰ ᠭᠠᠴᠠᠭᠠᠨ ᠤ ᠮᠠᠯᠴᠢᠨ ᠲᠠᠷᠢᠶᠠᠴᠢᠳ ᠪᠠᠰᠠ ᠲᠤᠬᠠᠢ ᠶᠢᠨ ᠭᠠᠵᠡᠷ ᠤᠨ ᠤᠨᠴᠠᠯᠢᠠᠠᠲᠦ ᠵᠢᠭᠤᠯᠴᠢᠯᠠᠯ ᠤᠨ ᠡᠬᠢ ᠪᠠᠶᠠᠯᠢᠭ ᠲᠠᠭᠠᠨ ᠲᠦᠰᠢᠭᠯᠡᠨ᠂ ᠵᠢᠭᠤᠯᠴᠢᠯᠠᠯ᠂ ᠢᠳᠡᠬᠡᠨ ᠤᠮᠳᠠᠭᠠᠨ᠂ ᠬᠤᠨᠤᠭ ᠰᠠᠭᠤᠴᠠ ᠵᠡᠷᠬᠡ ᠭᠤᠷᠪᠠᠳᠤᠭᠠᠷ ᠠᠵᠤ ᠦᠢᠯᠡᠰ ᠢ ᠬᠥᠭᠵᠢᠭᠦᠯᠵᠦ᠂ ᠣᠳᠣᠬᠠᠨ ᠳᠤ 6 ᠡᠷᠦᠬᠡ ᠮᠠᠯᠴᠢᠨ ᠠᠶᠢᠯ ᠤᠨ ᠵᠢᠭᠤᠯᠴᠢᠯᠠᠯ ᠤᠨ ᠴᠡᠭ ᠲᠠᠢ ᠪᠤᠯᠵᠦ᠂ ᠡᠷᠦᠬᠡ ᠪᠦᠷᠢ ᠶᠢᠨ ᠵᠢᠯ ᠤᠨ ᠣᠷᠣᠯᠭ᠎ᠠ ᠨᠢ 7 ᠲᠦᠮᠡᠨ ᠲᠥᠭᠦᠷᠢᠭ ᠲᠤ ᠬᠦᠷᠴᠦ ᠪᠤᠢ᠃      ︽ᠮᠠᠯᠴᠢᠨ ᠲᠠᠷᠢᠶᠠᠴᠢᠨ ᠢ ᠰᠢᠨ᠎ᠠ ᠲᠤᠭᠤᠷᠢᠭ ᠲᠤ ᠨᠡᠬᠦᠯᠬᠡᠨ ᠰᠢᠯᠵᠢᠬᠦᠯᠦᠭᠰᠡᠨ ᠤ ᠲᠠᠷᠠᠭ᠎ᠠ ᠲᠠᠳᠡᠨᠡᠷ ᠤᠨ ᠠᠮᠢᠳᠤᠷᠠᠯ ᠤᠨ ᠨᠥᠬᠦᠴᠡᠯ ᠰᠠᠶᠢᠵᠢᠷᠠᠭᠰᠠᠨ ᠢᠶᠠᠷ ᠪᠠᠷᠠᠬᠤ ᠦᠭᠡᠶ ᠦᠢᠯᠡᠳᠪᠦᠷᠢᠯᠡᠯ ᠤᠨ ᠨᠥᠬᠦᠴᠡᠯ ᠴᠦ ᠰᠠᠶᠢᠵᠢᠷᠠᠵᠠᠶ᠃ ᠲᠡᠳᠡ ᠢᠷᠡᠭᠡᠳᠦᠶ ᠶᠢᠨ ᠠᠮᠢᠳᠤᠷᠠᠯ ᠳᠠᠭᠠᠨ ᠨᠠᠩ ᠢᠲᠡᠭᠡᠯ ᠲᠠᠢ ᠪᠣᠯᠵᠤ᠂ ᠦᠢᠯᠡᠳᠪᠦᠷᠢᠯᠡᠯ ᠢᠶᠠᠨ ᠬᠥᠭᠵᠢᠭᠦᠯᠬᠦ ᠢᠳᠡᠪᠬᠢᠵᠢᠯ ᠨᠢ ᠨᠠᠩ ᠥᠨᠳᠥᠷ ᠪᠣᠯᠵᠤ᠂ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠰᠠᠶᠢᠨ ᠰᠠᠶᠢᠬᠠᠨ ᠰᠠᠭᠤᠷᠢ ᠶᠢ ᠲᠠᠯᠪᠢᠵᠤ ᠥᠭᠴᠠᠢ︾ ᠬᠡᠮᠡᠨ ᠵᠡᠬᠦᠨ ᠪᠠᠯ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠸᠠᠩ ᠬᠠᠢ ᠯᠦᠩ ᠬᠡᠯᠡᠵᠦ ᠪᠠᠶᠢᠪᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号