| | | | | ᠲᠦᠷᠦᠭᠦᠬᠡᠨ᠂ ᠳᠥᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠴᠡᠴᠡᠷᠯᠢᠭ ᠤᠨ | ᠨᠤᠭᠤᠭᠠᠷᠠᠭᠤᠯᠤᠯᠳᠠ ᠶᠢᠨ ᠤᠷᠤᠯᠳᠤᠭᠠᠨ ᠤ ᠱᠠᠩᠨᠠᠯ ᠣᠯᠭᠤᠬᠤ ᠶᠣᠰᠣᠯᠠᠯ ᠵᠢᠶᠠᠩᠰᠦ ᠮᠤᠵᠢ ᠳᠤ ᠶᠠᠪᠤᠭᠳᠠᠵᠦ᠂ | ᠥᠪᠥᠷ ᠮᠣᠩᠭᠤᠯ ᠣᠷᠣᠨ ᠢ ᠠᠩᠬ᠎ᠠ ᠤᠳᠠᠭ᠎ᠠ ᠲᠥᠯᠥᠭᠡᠯᠡᠨ ᠣᠷᠣᠯᠴᠠᠭᠰᠠᠨ ᠠᠯᠠᠱᠠ ᠵᠡᠭᠦᠨ ᠬᠤᠰᠢᠭᠤᠨ ᠤ | ᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠲᠣᠪᠴᠢᠶ᠎ᠠ ᠶᠢᠨ ︽ᠳᠣᠯᠭᠤᠷ ᠵᠣᠷᠢᠯᠳᠠ︾ ᠪᠦᠲᠦᠬᠡᠯ ᠨᠢ | ᠤᠷᠤᠯᠳᠤᠭᠠᠨ ᠳᠤ ᠣᠷᠣᠯᠴᠠᠭᠰᠠᠨ ᠪᠥᠬᠦ ᠤᠯᠤᠰ ᠤᠨ 16 ᠮᠤᠵᠢ ᠬᠤᠲᠠ ᠶᠢᠨ ᠵᠠᠭᠤ ᠭᠠᠷᠤᠶ ᠪᠦᠲᠦᠭᠡᠯ ᠠᠴᠠ | ᠴᠣᠯᠭᠤᠷᠠᠨ ᠭᠠᠷᠴᠦ᠂ ᠬᠦᠷᠡᠯ ᠮᠧᠳᠠᠯ ᠬᠦᠷᠲᠡᠭᠰᠡᠨ ᠪᠠᠶᠢᠨ᠎ᠠ᠃ | ︽ᠳᠣᠯᠭᠤᠷ ᠵᠣᠷᠢᠯᠳᠠ︾ ᠪᠣᠯ ᠠᠯᠠᠱᠠ ᠵᠡᠭᠦᠨ ᠬᠤᠰᠢᠭᠤᠨ ᠤ ᠬᠤᠲᠠ ᠶᠢᠨ ᠴᠡᠴᠡᠷᠯᠢᠭ ᠤᠨ | ᠨᠣᠭᠤᠭᠠᠷᠠᠭᠤᠯᠤᠯᠲᠠ ᠶᠢᠨ ᠲᠣᠪᠴᠢᠶᠠᠨ ᠤ ᠡᠨᠡ ᠵᠢᠯ ᠤᠨ ᠸᠠᠩ ᠤᠨ ᠤᠡᠭᠭᠤᠨ ᠴᠡᠴᠡᠷᠯᠢᠭ ᠢ ᠲᠡᠰ ᠲᠡᠪᠰᠢᠬᠦᠯᠬᠦ | ᠦᠶ᠎ᠡ ᠳᠤ ᠵᠣᠬᠢᠶᠠᠭᠰᠠᠨ ᠪᠦᠲᠦᠭᠡᠯ ᠪᠣᠯᠤᠨ᠎ᠠ᠃ ᠲᠡᠬᠦᠨ ᠤ ᠣᠨᠴᠠᠯᠢᠭ ᠨᠢ ᠤᠷᠭᠤᠮᠠᠯ ᠤᠨ ᠪᠣᠳᠠᠭᠠᠯᠢ ᠪᠡᠶ᠎ᠡ ᠶᠢᠨ | ᠠᠳᠠᠯᠢ ᠪᠤᠰᠤ ᠤᠯᠠᠷᠢᠯ ᠳᠠᠬᠢ ᠪᠠᠶᠢᠭᠠᠯᠢ ᠶᠢᠨ ᠭᠤᠸ᠎ᠠ ᠰᠠᠶᠢᠬᠠᠨ ᠢ ᠪᠦᠷᠢᠨ ᠲᠡᠭᠦᠯᠳᠡᠷ ᠢᠯᠡᠷᠡᠭᠦᠯᠦᠭᠰᠡᠨ ᠪᠠᠶᠢᠨ᠎ᠠ᠃ | ᠴᠡᠴᠡᠷᠯᠢᠭ ᠲᠤ ᠨᠡᠶᠢᠲᠡ 32 ᠲᠥᠷᠥᠯ ᠤᠨ ᠴᠡᠴᠡᠭ ᠬᠤᠸᠠᠷ ᠢ ᠲᠠᠷᠢᠵᠤ᠂ ᠪᠣᠶ ᠪᠥᠬᠦᠶ ᠦᠵᠡᠮᠵᠢ ᠨᠢ ᠴᠥᠮ | ᠬᠠᠶᠠᠭᠳᠠᠮᠠᠯ ᠬᠠᠭᠤᠴᠢᠨ ᠪᠣᠳᠠᠰ ᠤᠨ ᠥᠭᠡᠷᠡᠴᠢᠯᠡᠯᠲᠡ ᠠᠴᠠ ᠢᠷᠡᠯᠲᠡ ᠲᠠᠢ ᠶᠤᠮ᠃ ᠡᠭᠦᠨ ᠤ ᠬᠠᠮᠲᠤ ᠪᠠᠷᠠᠭᠤᠨ | ᠬᠤᠶᠢᠲᠤ ᠣᠷᠣᠨ ᠤ ᠠᠭᠤᠷ ᠠᠮᠢᠰᠬᠤᠯ᠂ ᠬᠥᠷᠥᠰᠥ ᠰᠢᠷᠣᠶ ᠵᠡᠷᠭᠡ ᠣᠷᠴᠢᠨ ᠲᠣᠭᠤᠷᠢᠨ ᠤ ᠭᠠᠶᠢᠬᠠᠮᠰᠢᠭ ᠢ | ᠬᠦᠢᠴᠡᠳ ᠢᠯᠡᠷᠡᠬᠦᠯᠵᠠᠢ᠃ ᠲᠠᠷᠢᠭᠰᠠᠨ ᠬᠤᠸᠡᠷ ᠴᠡᠴᠡᠭ ᠨᠢ ᠭᠠᠩ ᠳᠤ ᠲᠡᠰᠪᠦᠷᠢᠲᠡᠶ᠂ ᠬᠤᠵᠢᠷ ᠲᠤ ᠲᠡᠰᠪᠦᠷᠢᠲᠡᠶ | ᠮᠦᠷᠳᠡᠬᠡᠨ ᠰᠢᠷ᠎ᠠ᠂ ᠤᠯᠠᠭᠠᠨ᠂ ᠬᠥᠬᠡ 3 ᠥᠡᠭᠭᠡ ᠪᠠᠷ ᠭᠤᠤᠯᠯᠠᠵᠦ᠂ ᠪᠠᠷᠠᠭᠤᠨ ᠬᠤᠶᠢᠲᠤ ᠶᠢᠨ ᠥᠨᠳᠦᠷᠯᠢᠭ ᠤᠨ | ᠭᠠᠩ ᠬᠠᠭᠤᠷᠠᠶ ᠣᠷᠣᠨ ᠤ ᠥᠪᠡᠷᠮᠢᠴᠡ ᠦᠵᠡᠮᠵᠢ ᠶᠢ ᠪᠦᠷᠢᠯᠳᠦᠭᠦᠯᠦᠭᠰᠡᠨ ᠪᠠᠶᠢᠨ᠎ᠠ᠃ | ᠳᠤᠮᠳᠠᠳᠤ ᠤᠯᠤᠰ ᠤᠨ ᠴᠡᠴᠡᠷᠯᠢᠭ ᠤᠨ ᠨᠤᠭᠤᠭᠠᠷᠠᠭᠤᠯᠤᠯᠳᠠ ᠶᠢᠨ ᠤᠷᠤᠯᠳᠤᠭᠠᠨ ᠢ ᠳᠤᠮᠳᠠᠳᠤ | ᠤᠯᠤᠰ ᠤᠨ ᠴᠡᠴᠡᠷᠯᠢᠭ ᠤᠨ ᠤᠷᠠᠯᠢᠭ ᠤᠨ ᠨᠡᠶᠢᠭᠡᠮᠯᠢᠭ ᠪᠣᠯᠤᠨ ᠵᠢᠶᠠᠩᠰᠦ ᠮᠤᠵᠢ ᠶᠢᠨ ᠴᠡᠴᠡᠭ ᠮᠣᠳᠣᠨ ᠤ | ᠨᠡᠶᠢᠭᠡᠮᠯᠢᠭ ᠠᠴᠠ ᠭᠤᠤᠯᠯᠠᠨ ᠡᠷᠬᠢᠯᠡᠵᠦ᠂ ᠨᠢᠭᠡᠨᠲᠡ ᠳᠦᠷᠪᠡᠨ ᠬᠤᠭᠤᠴᠠᠭ᠎ᠠ ᠠᠮᠵᠢᠯᠲᠠ ᠲᠠᠢ ᠶᠠᠪᠤᠭᠳᠠᠭᠤᠯᠵᠠᠢ᠃ |