ᠣᠶᠢᠷ᠎ᠠ ᠶᠢᠨ ᠡᠳᠦᠷ᠂ ᠠᠯᠠᠱᠠ ᠠᠶᠢᠮᠠᠭ ᠤᠨ ᠴᠤᠸᠠᠩ ᠺᠧ ᠰᠢᠨᠵᠢᠯᠡᠭᠡ ᠮᠡᠷᠭᠡᠵᠢᠯ ᠤᠨ ᠬᠢᠵᠠᠭᠠᠷᠲᠤ | ᠺᠣᠮᠫᠠᠨᠢ ᠶᠢᠨ ᠬᠡᠷᠡᠭᠵᠢᠭᠦᠯᠦᠭᠰᠡᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ | ᠦᠢᠯᠡᠰ ᠤᠨ ᠬᠥᠭᠵᠢᠯᠲᠡ ᠶᠢᠨ ᠲᠥᠷᠥᠯ ᠵᠦᠢᠯ ᠪᠤᠯᠬᠤ ᠮᠣᠩᠭᠤᠯ ᠤᠯᠤᠰ ᠤᠨ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠲᠠᠪᠴᠠᠩ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠦᠪᠡᠷᠳᠡᠬᠡᠨ ᠵᠠᠰᠠᠬᠤ ᠤᠷᠤᠨ ᠤ 2020 ᠣᠨ ᠤ | ᠭᠤᠤᠯᠳᠠᠯᠭᠠᠲᠦ ᠠᠵᠤ ᠦᠢᠯᠡᠰ ᠢ ᠬᠦᠭᠵᠢᠬᠦᠯᠬᠦ 200 ᠲᠦᠮᠡᠨ ᠲᠦᠬᠦᠷᠢᠭ ᠤᠨ ᠪᠠᠯᠠ ᠮᠥᠩᠭᠦ ᠶᠢ ᠣᠯᠤᠭᠰᠠᠨ | ᠪᠠᠶᠢᠨ᠎ᠠ᠃ | ᠲᠤᠰ ᠲᠥᠷᠥᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ ᠨᠢ 600 ᠲᠦᠮᠡᠨ ᠲᠥᠭᠦᠷᠢᠭ ᠲᠤ ᠬᠦᠷᠴᠦ᠂ | B2B ︵ᠠᠵᠤ ᠠᠬᠤᠶᠢᠯᠠᠯ ᠪᠤᠯᠤᠨ ᠠᠵᠤ ᠠᠬᠤᠶᠢᠯᠠᠯ᠂ ᠡᠰᠡᠬᠦᠯ᠎ᠡ ᠠᠵᠤ ᠠᠬᠤᠶᠢᠯᠠᠯ ᠪᠤᠯᠤᠨ ᠬᠠᠩᠭᠠᠯᠭ᠎ᠠ ᠶᠢᠨ | ᠲᠠᠯ᠎ᠠ ᠶᠢᠨ ᠲᠠᠪᠴᠠᠩ︶ ᠪᠣᠯᠤᠨ B2B2C ︵ᠭᠤᠤᠯᠳᠠᠭᠤ ᠲᠤᠰ ᠭᠠᠵᠠᠷ ᠤᠷᠤᠨ ᠤ ᠠᠷᠠᠯᠵᠢᠶ᠎ᠠ | ᠬᠤᠳᠠᠯᠳᠤᠭ᠎ᠠ ᠳᠤ ᠬᠡᠷᠡᠭᠯᠡᠬᠦ ᠪᠤᠶᠤ ᠭᠠᠳᠠᠭᠠᠳᠤ ᠣᠷᠣᠭᠤᠯᠤᠯᠲᠠ ᠭᠠᠷᠭᠠᠯᠲᠠ ᠲᠠᠢ ᠠᠵᠤ ᠠᠬᠤᠶᠢᠯᠠᠯ ᠤᠳ ᠰᠦᠯᠵᠢᠶ᠎ᠡ | ᠪᠠᠷ ᠪᠣᠷᠣᠯᠠᠭᠤᠯᠬᠤ︶ ᠶᠢ ᠬᠠᠷᠢᠯᠴᠠᠨ ᠤᠶᠠᠯᠳᠤᠭᠤᠯᠤᠭᠰᠠᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ | ᠲᠠᠪᠴᠠᠩ ᠤᠨ ᠰᠢᠰᠲ᠋ᠧᠮ ᠮᠦᠷᠳᠡᠬᠡᠨ ᠠᠯᠠᠱᠠ ᠵᠡᠭᠦᠨ ᠬᠤᠰᠢᠭᠤ᠂ ᠥᠯᠵᠡᠶ ᠪᠣᠭᠤᠮᠲᠠ᠂ ᠡᠵᠡᠨ᠎ᠡ ᠬᠤᠰᠢᠭᠤ᠂ ᠴᠡᠭᠡ | ᠪᠣᠭᠤᠮᠲᠠ ᠪᠠ ᠮᠣᠩᠭᠤᠯ ᠤᠯᠤᠰ ᠤᠨ ᠤᠯᠠᠭᠠᠨᠪᠠᠭᠠᠲᠤᠷ ᠲᠤ ᠲᠣᠰ ᠲᠣᠰ ᠦᠢᠯᠡᠴᠢᠯᠡᠭᠡᠨ ᠤ ᠥᠷᠲᠡᠭᠡ ᠪᠠᠶᠢᠭᠤᠯᠤᠨ᠎ᠠ᠃ | ᠦᠢᠯᠡᠴᠢᠯᠡᠭᠡᠨ ᠤ ᠥᠷᠲᠡᠭᠡ ᠨᠢ ᠪᠠᠷᠠᠭ᠎ᠠ ᠲᠠᠸᠠᠷ ᠤᠨ ᠠᠷᠠᠯᠵᠢᠶ᠎ᠠ᠂ ᠡᠯᠧᠺᠲᠷᠣᠨ ᠬᠤᠳᠠᠯᠳᠤᠭᠠᠨ ᠤ ᠪᠣᠯᠪᠠᠰᠤᠷᠠᠯ᠂ | ᠪᠠᠷᠠᠭᠠᠨ ᠤ ᠭᠦᠢᠯᠭᠡᠭᠡᠨ ᠤ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ᠂ ᠪᠣᠭᠤᠮᠲᠠ ᠳᠤ ᠮᠡᠳᠡᠭᠦᠯᠵᠦ ᠺᠣᠮᠫᠠᠨᠢ ᠶᠢ | ᠵᠣᠯᠭᠠᠭᠤᠯᠬᠤ᠂ ᠭᠠᠶᠢᠯᠢ ᠶᠢᠨ ᠶᠠᠪᠤᠳᠠᠯ ᠢ ᠣᠷᠣᠯᠠᠨ ᠭᠦᠢᠴᠡᠳᠬᠡᠬᠦ ᠵᠡᠷᠭᠡ ᠣᠯᠠᠨ ᠵᠦᠢᠯ ᠤᠨ ᠦᠢᠯᠡᠴᠢᠯᠡᠭᠡ | ᠬᠠᠩᠭᠠᠬᠤ ᠪᠣᠯᠤᠨ᠎ᠠ᠃ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠨᠢ ᠱᠠᠨᠰᠢ᠂ ᠭᠠᠨᠰᠦ᠂ ᠨᠢᠩᠰᠢᠶᠠ᠂ ᠥᠪᠥᠷ ᠮᠣᠩᠭᠤᠯ᠂ | ᠬᠥᠬᠡᠨᠠᠭᠤᠷ ᠵᠡᠷᠭᠡ ᠮᠣᠵᠢ ᠣᠷᠣᠨ ᠪᠣᠯᠤᠨ ᠮᠣᠩᠭᠤᠯ ᠤᠯᠤᠰ ᠤᠨ ᠠᠭᠤᠷᠬᠠᠢ ᠶᠢᠨ ᠦᠢᠯᠡᠰ᠂ ᠮᠠᠯ ᠤᠨ ᠠᠰᠢᠭ | ᠰᠢᠮ᠎ᠠ ᠡᠯᠪᠡᠭ ᠲᠡᠯᠪᠡᠭ ᠭᠠᠵᠡᠷ ᠤᠷᠤᠨ ᠤ ᠠᠵᠦ ᠠᠬᠤᠢ ᠶᠢᠨ ᠬᠦᠭᠵᠢᠯᠳᠠ ᠶᠢ ᠲᠠᠶᠢᠴᠢᠯᠠᠵᠦ᠂ ᠳᠤᠮᠳᠠᠳᠤ ᠮᠣᠩᠭᠤᠯ | ᠬᠤᠶᠠᠷ ᠤᠯᠤᠰ ᠤᠨ ᠠᠷᠠᠯᠵᠢᠶᠠᠨ ᠤ ᠶᠠᠪᠤᠯᠴᠠᠭ᠎ᠠ ᠶᠢ ᠤᠯᠠᠮ ᠨᠢᠭᠡ ᠠᠯᠬᠤᠮ ᠨᠡᠮᠡᠭᠳᠡᠭᠦᠯᠤᠨ᠂ ᠬᠤᠶᠠᠷ ᠲᠠᠯ᠎ᠠ ᠶᠢᠨ | ᠪᠠᠷᠠᠭ᠎ᠠ ᠲᠠᠸᠠᠷ ᠤᠨ ᠠᠷᠠᠯᠵᠢᠶ᠎ᠠ ᠵᠢᠴᠢ ᠰᠤᠶᠤᠯ ᠤᠨ ᠰᠤᠯᠢᠯᠴᠠᠭ᠎ᠠ ᠶᠢ ᠲᠠᠶᠢᠴᠢᠯᠠᠬᠤ ᠪᠤᠯᠤᠨ᠎ᠠ᠃ | | |