ᠲᠩᠷᠢ ᠠᠵᠤ ᠠᠬᠤᠶ ᠶᠢᠨ ᠮᠡᠷᠭᠡᠵᠢᠯ ᠤᠨ ᠨᠡᠭᠡᠭᠡᠯᠲᠡ ᠶᠢᠨ ᠤᠷᠤᠨ 11.43 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠳᠠ ᠲᠠᠢ 7 ᠲᠥᠷᠥᠯ ᠵᠦᠢᠯ ᠳᠤ ᠬᠡᠯᠡᠯᠴᠡᠬᠡᠷ ᠲᠤᠭᠳᠠᠪᠠ
ᠨᠡᠶᠢᠲᠡᠯᠡᠭᠰᠡᠨ ᠴᠠᠭ᠄
2020/12/11
        ᠤᠢᠢᠷ᠎ᠠ ᠶᠢᠨ ᠬᠤᠭᠤᠴᠠᠭᠠᠨ ᠳᠤ ᠶᠠᠪᠤᠭᠳᠠᠭᠰᠠᠨ ᠪᠦᠬᠦ ᠠᠶᠢᠮᠠᠭ ᠤᠨ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ ᠲᠠᠨᠢᠯᠴᠠᠭᠤᠯᠬᠤ ᠵᠢᠴᠢ ᠲᠥᠷᠥᠯ ᠵᠦᠢᠯ ᠤᠨ ᠭᠡᠷ᠎ᠡ ᠲᠣᠭᠲᠠᠬᠤ ᠬᠤᠷᠠᠯ ᠳᠤ᠂ ᠲᠡᠭᠷᠢ ᠠᠵᠦ ᠠᠬᠤᠢ  ᠶᠢᠨ ᠮᠡᠷᠬᠡᠵᠢᠯ ᠤᠨ ᠨᠡᠭᠡᠭᠡᠯᠲᠡ ᠶᠢᠨ ᠤᠷᠤᠨ ᠤ ᠬᠢᠨ 12 ᠠᠵᠤ ᠠᠬᠤᠶᠢᠯᠠᠯ ᠢ ᠤᠷᠢᠨ ᠣᠷᠣᠯᠴᠠᠭᠤᠯᠵᠦ᠂ ᠨᠠᠶᠢᠳᠠ 11.43 ᠳ᠋ᠦᠡᠭᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠲᠠᠢ 7 ᠲᠥᠷᠥᠯ ᠵᠦᠢᠯ ᠳᠤ ᠬᠡᠯᠡᠯᠴᠡᠬᠡᠷ ᠲᠤᠭᠳᠠᠭᠰᠠᠨ ᠪᠠᠶᠢᠨ᠎ᠠ᠃         ᠲᠤᠰ 7 ᠲᠥᠷᠥᠯ ᠵᠦᠢᠯ  ᠪᠣᠯ᠄ ᠥᠪᠥᠷ ᠮᠣᠩᠭᠤᠯ ᠤᠨ ᠯᠢ ᠭᠠᠩ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠢᠯ ᠳᠤ 2.2 ᠲᠦᠮᠡᠨ ᠲᠣᠨ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠲᠦᠷᠦᠯ ᠵᠦᠢᠯ᠂ ᠠᠯᠠᠱᠠ ᠠᠶᠢᠮᠠᠭ ᠤᠨ ᠵᠥᠩ ᠬᠤᠸᠠᠨ ᠸᠠᠨ ᠳ᠋ᠠᠢ ᠣᠷᠴᠢᠨ ᠲᠣᠭᠤᠷᠢᠨ ᠤ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢᠨ ᠵᠢᠯ ᠳᠤ 5 ᠲᠦᠮᠡᠨ ᠲᠣᠨ ᠤᠰᠤ ᠲᠠᠲᠠᠷᠠᠭᠤᠯᠬᠤ ᠬᠤᠭᠤᠯᠠᠶ ᠵᠢᠴᠢ ᠬᠤᠭᠤᠯᠠᠶ ᠲᠣᠨᠤᠭ ᠦᠢᠯᠡᠳᠪᠤᠷᠢᠯᠡᠬᠦ ᠲᠦᠷᠦᠯ ᠵᠦᠢᠯ᠂ ᠥᠪᠥᠷ ᠮᠣᠩᠭᠤᠯ ᠤᠨ ᠪᠠᠩ ᠨᠦᠸᠧ ᠰᠢᠨᠵᠢᠯᠡᠭᠡ  ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠢᠯ ᠳᠤ 9000 ᠲᠣᠨ ᠠᠵᠤ ᠦᠢᠯᠡᠳᠪᠦᠷᠢ ᠶᠢᠨ ᠴᠡᠶᠢᠳᠡᠮᠵᠢᠭᠦᠯᠬᠦ ᠡᠳ᠋ ᠪᠠ ᠥᠪᠥᠷ ᠮᠣᠩᠭᠤᠯ ᠤᠨ ᠯᠠᠨ ᠱᠢ ᠠᠮᠢᠳᠤ ᠪᠣᠳᠠᠰ ᠤᠨ  ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠢᠯ ᠳᠤ 2200 ᠲᠤᠨ ᠡᠮ ᠤᠨ ᠮᠠᠲ᠋ᠧᠷᠢᠶᠠᠯ ᠵᠢᠴᠢ 200 ᠲᠣᠨ ᠲᠡᠬᠡᠲᠦ ᠲᠡᠰ ᠤᠨ ᠮᠠᠲ᠋ᠧᠷᠢᠶᠠᠯ ᠦᠢᠯᠡᠳᠪᠦᠷᠢᠯᠡᠬᠦ ᠲᠥᠷᠥᠯ ᠵᠦᠢᠯ  ᠪᠣᠯᠤᠨ᠎ᠠ᠃ ᠡᠭᠦᠨ ᠳᠤ᠂ ᠰᠠᠭᠤᠷᠢ ᠪᠦᠲᠦᠬᠡᠨ ᠪᠠᠶᠢᠭᠤᠯᠤᠯᠳᠠ ᠶᠢᠨ 1 ᠲᠥᠷᠥᠯ ᠵᠦᠢᠯ  ᠂ ᠲᠠᠷᠢᠶᠠᠯᠠᠩ ᠮᠠᠯ ᠠᠵᠤ ᠠᠬᠤᠢ ᠶᠢᠨ 1 ᠲᠥᠷᠥᠯ ᠵᠦᠢᠯ  ᠂ ᠣᠳᠣᠬᠢᠴᠢᠯᠠᠭᠰᠠᠨ ᠬᠢᠮᠢ ᠶᠢᠨ ᠠᠵᠤ ᠦᠢᠯᠡᠳᠪᠦᠷᠢ ᠶᠢᠨ 3 ᠲᠥᠷᠥᠯ ᠵᠦᠢᠯ  ᠂ ᠮᠠᠲ᠋ᠧᠷᠢᠶᠠᠯ ᠤᠨ ᠲᠥᠷᠥᠯ ᠤᠨ 1 ᠲᠥᠷᠥᠯ ᠵᠦᠢᠯ  ᠂ ᠲᠡᠮᠦᠷᠯᠢᠭ ᠬᠠᠶᠢᠯᠤᠭᠤᠯᠵᠤ ᠦᠢᠯᠡᠳᠬᠦ 1 ᠲᠥᠷᠥᠯ ᠵᠦᠢᠯ  ᠪᠠᠭᠳᠠᠵᠦ ᠪᠤᠢ᠃ ᠡᠭᠦᠨ ᠠᠴᠠ ᠭᠠᠳᠠᠨ᠎ᠠ᠂ ᠹᠦ᠋ ᠷᠦᠨ ᠲᠠᠷᠢᠶᠠᠯᠠᠩ ᠮᠠᠯ ᠠᠵᠤ ᠠᠬᠤᠶ ᠶᠢᠨ 1 ᠲᠦᠮᠡᠨ ᠰᠠᠭᠠᠯᠢ ᠶᠢᠨ ᠦᠨᠢᠶ᠎ᠠ ᠲᠡᠵᠢᠭᠡᠨ ᠦᠷᠡᠵᠢᠭᠦᠯᠬᠦ ᠲᠠᠯᠠᠪᠠᠶ ᠶᠢᠨ ᠲᠥᠷᠥᠯ ᠵᠦᠢᠯ ᠨᠢ ᠴᠦ ᠮᠠᠨ ᠤ ᠠᠶᠢᠮᠠᠭ ᠤᠨ ᠬᠡᠪᠴᠢᠶᠠᠨ ᠳᠠᠬᠢ ᠬᠦᠷᠢᠶ᠎ᠠ ᠬᠡᠪᠴᠢᠶ᠎ᠠ ᠪᠠᠷ ᠨᠠᠯᠢᠶᠡᠳ ᠲᠤᠮᠤ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠥᠷᠥᠯ ᠵᠦᠢᠯ  ᠪᠣᠯᠤᠨ᠎ᠠ᠃ ᠲᠤᠰ 7 ᠲᠥᠷᠥᠯ ᠵᠦᠢᠯ ᠠᠰᠢᠭᠯᠠᠯᠳᠠ ᠳᠤ ᠤᠷᠤᠭᠰᠠᠨ ᠤ ᠲᠠᠷᠠᠭ᠎ᠠ ᠨᠠᠶᠢᠳᠠ 28.1 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠶᠡᠷᠦᠩᠬᠡᠶ ᠥᠷᠲᠡᠭ ᠢ ᠪᠡᠶᠡᠯᠡᠭᠦᠯᠵᠦ᠂ ᠨᠡᠬᠡᠬᠡᠯᠳᠠ ᠶᠢᠨ ᠣᠷᠣᠨ ᠤ ᠠᠵᠤ ᠦᠢᠯᠡᠰ ᠤᠨ ᠬᠥᠭᠵᠢᠨ ᠪᠤᠵᠠᠭᠠᠶᠢᠷᠠᠬᠤ ᠳᠤ ᠴᠢᠬᠤᠯᠠ ᠦᠢᠯᠡᠳᠦᠯ ᠦᠵᠡᠬᠦᠯᠬᠦ ᠶᠢᠨ ᠬᠠᠮᠲᠦ᠂ ᠨᠡᠬᠡᠬᠡᠯᠳᠠ ᠶᠢᠨ ᠣᠷᠣᠨ ᠤ ᠠᠵᠤ ᠠᠬᠤᠶ ᠶᠢᠨ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠬᠦ ᠪᠤᠯᠤᠨ᠎ᠠ᠃         ᠲᠤᠰ 7 ᠲᠥᠷᠥᠯ ᠵᠦᠢᠯ ᠢ 2021 ᠣᠨ ᠤ 4 ᠰᠠᠷ᠎ᠠ ᠳᠤ ᠠᠵᠢᠯ ᠡᠬᠢᠯᠡᠬᠦᠯᠵᠦ᠂ ᠬᠡᠰᠡᠭ ᠲᠥᠷᠥᠯ ᠵᠦᠢᠯ ᠢ 2021 ᠣᠨ ᠳᠤ ᠠᠰᠢᠭᠯᠠᠯᠳᠠ ᠳᠤ ᠣᠷᠣᠭᠤᠯᠬᠤ ᠪᠠᠷ ᠲᠥᠰᠦᠪᠯᠡᠵᠦ ᠪᠤᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号