ᠤᠢᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ
ᠨᠡᠶᠢᠲᠡᠯᠡᠭᠰᠡᠨ ᠴᠠᠭ᠄
2020/12/11
      — ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠨᠠᠮ ᠤᠨ ᠬᠤᠷᠢᠶᠠᠠ ᠤ ᠭᠡᠰᠢᠬᠦᠠ᠂ ᠳᠠᠳ᠋ ᠳᠤᠪᠴᠢᠶᠠᠠ ᠳᠠᠷᠤᠭ᠎ᠠ ᠵᠠᠩ ᠭᠦᠸᠧ ᠴᠢᠩ ᠢ ᠰᠤᠷᠪᠤᠯᠵᠢᠯᠡᠪᠡ       ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ ︽︿ᠲᠠᠯᠪᠢᠬᠤ ᠬᠠᠮᠢᠶᠠᠷᠬᠤ ᠦᠢᠯᠡᠴᠢᠯᠡᠬᠦ﹀ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠲᠥᠰᠦᠯ︾ ᠤᠨ ᠪᠠᠶᠢᠷᠢᠯᠠᠭᠤᠯᠤᠯᠳᠠ ᠶᠤᠰᠤᠭᠠᠷ᠂ ᠠᠶᠢᠮᠠᠭ ᠤᠨ ᠡᠳ᠋ ᠤᠨ ᠵᠠᠰᠠᠭ ᠤᠨ ᠲᠣᠪᠴᠢᠶᠠᠨ ᠤ ᠨᠠᠮ ᠤᠨ ᠬᠤᠷᠢᠶ᠎ᠠ  ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠠᠵᠢᠯ ᠤᠨ ᠬᠤᠪᠢᠶᠠᠷᠢᠯᠠᠯᠳᠠ ᠪᠠᠨ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠠᠵᠢᠯ ᠢ ᠢᠳᠡᠪᠬᠢᠲᠡᠶ ᠠᠬᠢᠭᠤᠯᠤᠨ᠂ ᠵᠣᠬᠢᠬᠤ ᠦᠷ᠎ᠡ ᠪᠦᠲᠦᠮᠵᠢ ᠣᠯᠤᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠤᠨ ᠠᠵᠢᠯ ᠤᠨ ᠳᠤᠬᠠᠢ ᠰᠤᠷᠪᠤᠯᠵᠢᠯᠠᠭᠴᠢ ᠠᠶᠢᠮᠠᠭ ᠤᠨ ᠡᠳ᠋ ᠤᠨ ᠵᠠᠰᠠᠭ ᠤᠨ ᠲᠣᠪᠴᠢᠶᠠᠨ ᠤ ᠨᠠᠮ ᠤᠨ ᠬᠤᠷᠢᠶᠠᠨ ᠤ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠠᠩ ᠭᠦᠸᠧ ᠴᠢᠩ ᠢ ᠰᠤᠷᠪᠤᠯᠵᠢᠯᠠᠪᠠ᠃       ᠠᠶᠢᠮᠠᠭ ᠤᠨ ᠡᠳ᠋ ᠤᠨ ᠵᠠᠰᠠᠭ ᠤᠨ ᠲᠣᠪᠴᠢᠶᠠᠨ ᠤ ᠨᠠᠮ ᠤᠨ ᠬᠤᠷᠢᠶ᠎ᠠ ᠨᠢ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠨ᠂ ᠠᠵᠢᠯ ᠤᠨ ᠬᠤᠪᠢᠶᠠᠷᠢᠯᠠᠯᠳᠠ᠂ ᠵᠣᠬᠢᠴᠠᠭᠤᠯᠤᠨ ᠬᠠᠮᠵᠢᠯᠴᠠᠬᠤ ᠳᠤᠬᠠᠢ ᠪᠤᠳᠠᠳᠠᠢ ᠪᠠᠶᠢᠷᠢᠯᠠᠭᠤᠯᠤᠯᠳᠠ ᠬᠢᠭᠰᠡᠠ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠭᠤᠶᠤᠴᠢᠯᠠᠠ ᠣᠯᠤᠬᠰᠠᠨ ᠵᠠᠰᠠᠭ ᠤᠨ ᠣᠷᠳᠣᠨ ᠤ ᠬᠤᠳᠠᠯᠳᠤᠨ ᠠᠪᠬᠤ ︽ᠪᠥᠬᠦ ᠣᠷᠣᠨ ᠨᠢᠭᠡ ᠯᠡ ᠰᠦᠯᠵᠢᠶ᠎ᠡ ᠪᠠᠷ ᠪᠡᠶᠡᠯᠡᠬᠦᠯᠬᠦ︾ ᠪᠠᠶᠢᠭᠤᠯᠤᠯᠲᠠ ᠶᠢᠨ ᠲᠥᠷᠥᠯ ᠵᠦᠢᠯ ᠢ ᠡᠬᠢᠯᠡᠨ ᠬᠡᠷᠡᠭᠵᠢᠭᠦᠯᠵᠦ᠂ ᠣᠳᠣᠬᠠᠨ ᠳᠤ ᠶᠠᠭ ᠲᠥᠬᠦᠭᠡᠷᠦᠮᠵᠢ ᠤᠭᠰᠠᠷᠠᠬᠤ ᠪᠠ ᠰᠢᠰᠲ᠋ᠧᠮ ᠤᠨ ᠲᠣᠬᠢᠷᠠᠭᠤᠯᠤᠯᠲᠠ ᠬᠢᠵᠦ᠂ ᠨᠢᠭᠡᠳᠦᠭᠡᠷ ᠱᠠᠲᠤᠨ ᠤ ᠲᠥᠰᠦᠪ ᠤᠨ ᠨᠢᠭᠡᠴᠡ ᠶᠢᠨ ᠬᠤᠳᠠᠯᠳᠤᠨ ᠠᠪᠬᠤ ᠠᠵᠢᠯ ᠢ ᠬᠢᠵᠦ ᠪᠠᠶᠢᠭ᠎ᠠ ᠠᠵᠢᠯᠲᠠᠨ ᠳᠤ ᠠᠩᠬ᠎ᠠ ᠠᠯᠬᠤᠮ ᠤᠨ ᠪᠣᠯᠪᠠᠰᠤᠷᠠᠯ ᠬᠢᠵᠦ᠂ ᠠᠵᠢᠯ ᠤᠨ ᠠᠬᠢᠴᠠ ᠤᠷᠤᠭᠰᠢᠲᠠᠶ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠨᠢᠭᠡᠳᠦᠭᠡᠷ ᠳᠤᠭᠤᠶᠢᠯᠠᠩ ᠤᠨ ᠱᠠᠭᠠᠷᠳᠠᠯᠭ᠎ᠠ ᠪᠠ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯᠯᠠᠭ᠎ᠠ ᠶᠢᠨ ᠲᠣᠬᠢᠷᠠᠭᠤᠯᠤᠯᠲᠠ ᠶᠣᠰᠣᠭᠠᠷ᠂ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠶᠢ ᠬᠢᠨᠠᠮᠠᠭᠠᠶ ᠥᠷᠨᠢᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠢᠶᠠᠨ ᠵᠠᠰᠠᠨ ᠴᠡᠭᠴᠡᠯᠡᠭᠰᠡᠠ ᠪᠠᠶᠢᠨ᠎ᠠ᠃ 11 ᠰᠠᠷ᠎ᠠ ᠶᠢᠨ 13 ᠤ ᠡᠳᠦᠷ᠂ ᠳᠤᠰ ᠳᠤᠪᠴᠢᠶ᠎ᠠ ᠡᠳ᠋ ᠤᠨ ᠵᠠᠰᠠᠭ ᠤᠨ ᠠᠰᠢᠭ  ᠣᠷᠣᠯᠭ᠎ᠠ ᠶᠢᠨ ᠪᠤᠰᠤ ᠴᠢᠨᠠᠷᠲᠠᠶ ᠵᠣᠬᠢᠶᠠᠨ ᠪᠠᠶᠢᠭᠤᠯᠤᠯᠲᠠ ᠶᠢᠨ ᠭᠠᠶᠢᠯᠢ ᠶᠢ ᠬᠡᠯᠲᠦᠷᠢᠭᠦᠯᠬᠦ ᠬᠢᠷᠢ ᠬᠡᠮ ᠢ ᠨᠤᠲᠠᠯᠠᠬᠤ ᠠᠵᠢᠯ ᠢ ᠡᠷᠬᠡ ᠣᠯᠭᠤᠵᠤ ᠨᠠᠶᠢᠳᠠᠬᠤ ᠠᠷᠭ᠎ᠠ ᠪᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠰᠢᠯᠵᠢᠭᠦᠯᠵᠤ᠂ ᠠᠵᠢᠯ ᠶᠠᠪᠤᠳᠠᠯ ᠬᠦᠢᠴᠡᠳᠬᠡᠬᠦ ᠶᠠᠪᠤᠴᠠ ᠶᠢ ᠰᠢᠯᠢᠳᠡᠭᠵᠢᠭᠦᠯᠦᠨ᠂ ︽ᠨᠢᠭᠡ ᠯᠡ ᠥᠷᠲᠡᠭᠡᠨ ᠤ ᠬᠡᠯᠪᠡᠷᠢ ᠪᠠᠷ ᠪᠡᠶᠡᠯᠡᠬᠦᠯᠬᠦ︾ ᠶᠢ ᠢᠯᠡᠷᠡᠬᠦᠯᠵᠦ᠂ ᠣᠯᠠᠨ ᠲᠦᠮᠡᠨ ᠳᠤ ᠳᠥᠭᠦᠮ ᠦᠵᠡᠭᠦᠯᠤᠨ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠭᠰᠡᠨ ᠪᠠᠶᠢᠨ᠎ᠠ᠃        ᠵᠠᠩ ᠭᠦᠸᠧ ᠴᠢᠩ ᠠᠴᠠ᠂ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠᠴᠢᠯᠠᠭᠰᠠᠨ ︽ᠡᠷᠬᠡ ᠪᠣᠯ ᠦᠢᠯᠡᠴᠢᠯᠡᠭᠡ ᠮᠦᠷᠳᠡᠭᠡᠨ ᠬᠠᠷᠢᠭᠤᠴᠠᠯᠭ᠎ᠠ ᠮᠦᠨ᠂ ᠠᠵᠤ ᠠᠬᠤᠶᠢᠯᠠᠯ᠂ ᠦᠨᠳᠦᠰᠦᠨ ᠱᠠᠲᠤ᠂ ᠣᠯᠠᠨ ᠲᠦᠮᠡᠨ ᠳᠤ ᠰᠢᠷᠭᠠᠭᠤ ᠬᠢᠴᠢᠶᠡᠩᠭᠦᠶ ᠪᠠᠷ ︿ᠰᠠᠶᠢᠨ ᠤᠢᠢᠯᠡᠴᠢᠯᠡᠭᠴᠢ ᠪᠣᠯᠬᠤ﹀ ᠭᠡᠷᠡᠭᠳᠡᠢ︾ ᠭᠡᠬᠦ ᠱᠠᠭᠠᠷᠳᠠᠯᠭ᠎ᠠ ᠶᠣᠰᠣᠭᠠᠷ᠂ ᠬᠠᠤᠯᠢ ᠶᠣᠰᠣᠭᠠᠷ᠂ ᠠᠵᠢᠯᠴᠢ ᠬᠢᠴᠢᠶᠡᠩᠭᠦᠶ᠂ ᠬᠠᠯᠠᠭᠤᠮᠰᠤᠭ ᠢᠶᠠᠷ ᠠᠵᠤ ᠠᠬᠤᠶᠢᠯᠠᠯ ᠪᠠ ᠣᠯᠠᠨ ᠲᠦᠮᠡᠨ ᠳᠤ ᠰᠠᠶᠢᠲᠤᠷ ᠦᠢᠯᠡᠴᠢᠯᠡᠬᠦ ᠪᠤᠯᠤᠨ᠎ᠠ᠃ ᠡᠳ᠋ ᠤᠨ ᠵᠠᠰᠠᠭ ᠤᠨ ᠰᠦᠯᠵᠢᠶ᠎ᠡ᠂ ᠸᠢᠴᠠᠲ ᠵᠡᠷᠭᠡ ᠶᠢ ᠭᠦᠢᠴᠡᠳ ᠠᠰᠢᠭᠯᠠᠵᠤ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠥᠷᠭᠡᠨ ᠢᠶᠠᠷ ᠤᠬᠠᠭᠤᠯᠵᠤ᠂ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠰᠦᠢᠳᠬᠡᠯ ᠢ ᠬᠤᠷᠢᠶᠠᠬᠤ ᠪᠠ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦᠨ ᠤ ᠭᠠᠷᠴᠠᠭ ᠤᠨ ᠲᠣᠳᠣᠷᠬᠠᠶ ᠬᠠᠭᠤᠳᠠᠰᠤ ᠶᠢ ᠴᠠᠭ ᠲᠤᠬᠠᠶ ᠳᠤᠨᠢ ᠨᠡᠶᠢᠲᠡᠯᠡᠬᠦ ᠶᠢᠨ ᠬᠠᠮᠲᠤ ᠴᠠᠭ ᠲᠤᠬᠠᠶ ᠳᠤᠨᠢ ᠰᠢᠨᠡᠳᠬᠡᠨ ᠲᠣᠬᠢᠷᠠᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠵᠠᠷᠯᠠᠨ ᠨᠡᠶᠢᠲᠡᠯᠡᠬᠦ ᠪᠤᠯᠤᠨ᠎ᠠ᠃ ᠡᠭᠦᠨ ᠤ ᠬᠠᠮᠲᠤ ︽ᠪᠦᠬᠦ ᠣᠷᠣᠨ ᠨᠢᠭᠡ ᠯᠡ ᠰᠦᠯᠵᠢᠶ᠎ᠡ ᠪᠠᠷ ᠪᠡᠶᠡᠯᠡᠬᠦᠯᠬᠦ︾ ᠪᠠᠶᠢᠭᠤᠯᠤᠯᠲᠠ ᠶᠢ ᠠᠬᠢᠭᠤᠯᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠮᠡᠳᠡᠭᠡ ᠵᠠᠩᠬᠢᠴᠢᠯᠠᠯᠳᠠ ᠶᠢᠨ ᠠᠵᠢᠯᠯᠠᠭᠠᠨ ᠤ ᠬᠡᠯᠪᠡᠷᠢ ᠶᠢ ᠪᠠᠶᠢᠭᠤᠯᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠢ ᠰᠦᠯᠵᠢᠶᠡᠵᠢᠭᠰᠡᠨ᠂ ᠪᠠᠷᠢᠮᠵᠢᠶᠠᠵᠢᠬᠰᠠᠨ᠂ ᠡᠯᠧᠺᠲᠷᠣᠨᠴᠢᠯᠡᠭᠰᠡᠨ ᠪᠠ ᠳᠡᠭᠡᠷ᠎ᠠ ᠳᠣᠣᠷ᠎ᠠ ᠱᠠᠲᠤᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠮᠡᠳᠡᠭᠡ ᠵᠠᠩᠭᠢ ᠶᠢᠨ ᠰᠢᠰᠲ᠋ᠧᠮ ᠢ ᠨᠢᠭᠡ ᠴᠣᠭᠴᠠᠵᠢᠭᠤᠯᠤᠨ ᠬᠠᠮᠢᠶᠠᠷᠬᠤ ᠶᠢ ᠪᠡᠶᠡᠯᠡᠭᠦᠯᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠡᠯᠧᠺᠲᠷᠣᠨ ᠠᠷᠠᠯᠵᠢᠶᠠᠨ ᠤ ᠲᠠᠪᠴᠠᠩ ᠢ 2021 ᠣᠨ ᠤ 1 ᠰᠠᠷ᠎ᠠ ᠠᠴᠠ ᠡᠬᠢᠯᠡᠨ ᠬᠡᠪ ᠤᠨ ᠶᠣᠰᠣᠭᠠᠷ ᠰᠦᠯᠵᠢᠶᠡᠨ ᠳᠤ ᠠᠵᠢᠯᠯᠠᠬᠤ ᠶᠢ ᠪᠡᠶᠡᠯᠡᠭᠦᠯᠦᠨ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠷᠢᠶ᠎ᠡ ᠴᠠᠷ᠎ᠠ ᠨᠠᠩ ᠢᠯᠡ ᠲᠣᠳᠣ᠂ ᠡᠷᠬᠡ ᠲᠡᠭᠰᠢ᠂ ᠲᠥᠪ ᠭᠤᠤᠯᠴᠢ ᠪᠤᠯᠬᠤ ᠶᠢ ᠪᠡᠶᠡᠯᠡᠬᠦᠯᠦᠨ᠎ᠠ ᠭᠡᠵᠤ ᠪᠠᠶᠢᠯ᠎ᠠ᠃  
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号