︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠦᠢᠯᠡᠴᠢᠯᠡᠭᠡᠨ ᠤ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠎ᠠ
ᠨᠡᠶᠢᠲᠡᠯᠡᠭᠰᠡᠨ ᠴᠠᠭ᠄
2020/12/14
      — ᠠᠶᠢᠮᠠᠭ ᠤᠨ ᠣᠷᠣᠨ ᠰᠠᠭᠤᠴᠡ ᠪᠠ ᠬᠤᠳᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠨᠠᠮ ᠤᠨ ᠳᠤᠭᠤᠢᠢᠯᠠᠩ ᠤᠨ ᠬᠡᠰᠢᠬᠦᠠ᠂ ᠳᠠᠳ᠋ ᠳᠤᠪᠴᠢᠶᠠᠠ ᠳᠠᠷᠤᠭ᠎ᠠ ᠤᠷᠬᠢᠯ ᠢ ᠰᠤᠷᠪᠤᠯᠵᠢᠯᠠᠪᠠ       ᠣᠶᠢᠷ᠎ᠠ ᠳᠤ᠂ ︽ᠠᠰᠠᠭᠤᠳᠠᠯ ᠢ ᠪᠠᠶᠢᠴᠠᠭᠠᠨ᠂ ᠵᠠᠰᠠᠨ ᠴᠡᠭᠴᠡᠯᠡᠯᠳᠡ ᠶᠢ ᠠᠳᠬᠤᠵᠤ᠂ ᠳᠡᠭᠡᠭᠰᠢᠯᠡᠯᠲᠡ ᠶᠢ ᠠᠬᠢᠭᠤᠯᠤᠨ᠂ ᠡᠵᠡᠩᠨᠡᠨ ᠠᠷᠠᠯᠵᠢᠶᠠᠯᠠᠬᠤ ᠣᠷᠴᠢᠨ ᠨᠦᠬᠦᠴᠠᠯ ᠢ ᠰᠢᠯᠢᠳᠡᠭᠵᠢᠭᠦᠯᠬᠦ ᠪᠡᠷᠭᠡ ᠰᠡᠳᠦᠪ ᠢ ᠲᠥᠪᠯᠡᠷᠡᠭᠦᠯᠦᠨ ᠰᠢᠢᠳᠪᠦᠷᠢᠯᠡᠬᠦ︾ ᠪᠠᠷ ᠭᠤᠤᠯ ᠰᠡᠳᠦᠪ ᠪᠤᠯᠭᠠᠨ᠂ ᠬᠡᠷᠬᠢᠨ ᠦᠷᠭᠦᠯᠵᠢᠯᠡᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠡᠵᠡᠩᠨᠡᠨ ᠠᠷᠠᠯᠵᠢᠶᠠᠯᠠᠬᠤ ᠣᠷᠴᠢᠨ ᠨᠦᠬᠦᠴᠠᠯ ᠢ ᠰᠢᠯᠢᠳᠡᠭᠵᠢᠭᠦᠯᠬᠦ ᠶᠢ ᠢᠳᠡᠪᠬᠢᠲᠠᠢ ᠠᠬᠢᠭᠤᠯᠬᠤ ᠵᠡᠷᠭᠡ ᠠᠰᠠᠭᠤᠳᠠᠯ ᠤᠨ ᠲᠣᠭᠤᠷᠢᠨ ᠳᠤ᠂ ᠰᠣᠷᠪᠣᠯᠵᠢᠯᠠᠭᠴᠢ ᠠᠶᠢᠮᠠᠭ ᠤᠨ ᠣᠷᠣᠨ ᠰᠠᠭᠤᠴᠡ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠨᠠᠮ ᠤᠨ ᠳᠤᠭᠤᠶᠢᠯᠠᠩ ᠤᠨ ᠬᠡᠰᠢᠬᠦᠠ᠂ ᠳᠡᠳ᠋ ᠲᠣᠪᠴᠢᠶᠠᠨ ᠳᠠᠷᠤᠭ᠎ᠠ ᠣᠷᠭᠢᠯ ᠢ ᠰᠤᠷᠪᠤᠯᠵᠢᠯᠠᠪᠠ᠃       ᠰᠤᠷᠪᠤᠯᠵᠢᠯᠠᠭᠴᠢ᠄ ᠣᠷᠣᠨ ᠰᠠᠭᠤᠴᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠪᠣᠯᠣᠭᠰᠠᠨ ᠤ ᠬᠤᠪᠢ ᠳᠤ ᠡᠵᠡᠩᠨᠡᠨ ᠠᠷᠠᠯᠵᠢᠶᠠᠯᠠᠬᠤ ᠣᠷᠴᠢᠨ ᠨᠦᠬᠦᠴᠠᠯ ᠢ ᠰᠢᠯᠢᠳᠡᠭᠵᠢᠭᠦᠯᠬᠦ ᠲᠠᠯ᠎ᠠ ᠪᠠᠷ ᠶᠠᠮᠠᠷ ᠶᠠᠮᠠᠷ ᠪᠣᠳᠠᠲᠠᠶ ᠠᠵᠢᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ ᠦᠢᠯᠡᠴᠢᠯᠡᠭᠡᠨ ᠤ ᠶᠠᠰᠤ ᠴᠢᠨᠠᠷ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠦᠭᠰᠡᠨ ᠪᠣᠶ︖       ᠤᠷᠬᠢᠯ᠄ ︽ᠠᠯᠠᠱᠠ ᠠᠶᠢᠮᠠᠭ ᠤᠨ ᠡᠵᠡᠩᠨᠡᠨ ᠠᠷᠠᠯᠵᠢᠶᠠᠯᠠᠬᠤ ᠣᠷᠴᠢᠨ ᠨᠦᠬᠦᠴᠠᠯ ᠢ ᠰᠢᠯᠢᠳᠡᠭᠵᠢᠭᠦᠯᠦᠨ ᠳᠡᠭᠡᠭᠰᠢᠯᠡᠭᠦᠯᠬᠦ ᠳᠣᠬᠠᠢ ᠠᠵᠢᠯᠯᠠᠭᠠᠨ ᠤ ᠲᠥᠰᠦᠯ︾ ᠤᠨ ᠱᠠᠭᠠᠷᠳᠠᠯᠭ᠎ᠠ ᠶᠤᠰᠤᠭᠠᠷ᠂ ᠮᠠᠨ ᠤ ᠲᠣᠪᠴᠢᠶ᠎ᠠ ︽ᠪᠥᠬᠦ ᠠᠶᠢᠮᠠᠭ ᠤᠨ ᠣᠷᠣᠨ ᠰᠠᠭᠤᠴᠠ ᠶᠢᠨ ᠰᠢᠰᠲ᠋ᠧᠮ ᠤᠨ ᠡᠵᠡᠩᠨᠡᠨ ᠠᠷᠠᠯᠵᠢᠶᠠᠯᠠᠬᠤ ᠣᠷᠴᠢᠨ ᠨᠦᠬᠦᠴᠠᠯ ᠢ ᠰᠢᠯᠢᠳᠡᠭᠵᠢᠭᠦᠯᠦᠨ ᠳᠡᠭᠡᠭᠰᠢᠯᠡᠭᠦᠯᠬᠦ ᠳᠣᠬᠠᠢ ᠠᠵᠢᠯᠯᠠᠭᠠᠨ ᠤ ᠲᠥᠰᠦᠯ︾ ᠢ ᠳᠠᠷᠤᠮᠠᠯᠯᠠᠨ ᠲᠠᠷᠬᠠᠭᠠᠵᠤ᠂ ᠡᠯ᠎ᠡ ᠵᠦᠢᠯ ᠤᠨ ᠪᠣᠳᠠᠲᠠᠶ ᠡᠭᠦᠷᠭᠡ ᠶᠢ ᠪᠦᠬᠦ ᠲᠠᠯ᠎ᠠ ᠪᠠᠷ ᠳᠣᠣᠱᠯᠠᠭᠤᠯᠣᠨ ᠨᠠᠶᠢᠳᠠᠪᠤᠷᠢᠵᠢᠭᠤᠯᠬᠤ ᠶᠢᠨ ᠲᠥᠯᠥᠭᠡ ᠪᠤᠳᠠᠳᠠᠢ  ᠪᠠᠷ ᠲᠤᠤᠷᠠᠬᠢ ᠬᠡᠳᠦᠨ ᠲᠠᠯ᠎ᠠ ᠶᠢᠨ ᠠᠷᠭ᠎ᠠ ᠬᠡᠮᠵᠢᠶ᠎ᠠ ᠠᠪᠤᠪᠠ᠃       ᠨᠢᠭᠡ ᠳᠤ᠂ ᠬᠠᠤᠯᠢ ᠶᠣᠰᠣᠭᠠᠷ ᠵᠠᠰᠠᠬᠤ ᠪᠠ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠠᠬᠢᠭᠤᠯᠵᠤ᠂ ᠤᠤᠯ ᠤᠨ 596 ᠲᠦᠷᠦᠯ ᠤᠨ ᠵᠠᠰᠠᠭ ᠵᠠᠬᠢᠷᠭᠠᠨ ᠤ ᠡᠷᠬᠡ ᠶᠢ 500 ᠵᠦᠢᠯ ᠪᠣᠯᠭᠠᠨ ᠲᠣᠬᠢᠷᠠᠭᠤᠯᠵᠤ᠂ ᠣᠷᠣᠨ ᠰᠠᠭᠤᠴᠠ ᠪᠠ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠦᠷᠢᠶ᠎ᠠ  ᠴᠠᠷ᠎ᠠ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠲᠠᠰᠤᠷᠠᠯᠲᠠ ᠦᠭᠡᠢ ᠳᠦᠷᠢᠮᠵᠢᠬᠦᠯᠦᠨ᠂ ᠬᠠᠤᠯᠢ ᠶᠣᠰᠣᠭᠠᠷ ᠵᠠᠰᠠᠭ ᠪᠠᠷᠢᠬᠤ ᠬᠢᠷᠢ ᠳᠦᠪᠰᠢᠠ ᠢ ᠳᠡᠭᠡᠭᠰᠢᠯᠡᠭᠦᠯᠪᠠ᠃       ᠬᠤᠶᠠᠷ ᠲᠤ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠥᠭᠡᠷᠡᠴᠢᠯᠡᠯᠲᠡ ᠶᠢᠨ ᠠᠵᠢᠯ ᠢ ᠲᠠᠰᠤᠷᠠᠯᠲᠠ ᠥᠬᠡᠶ ᠠᠬᠢᠭᠤᠯᠵᠤ᠂ ᠬᠢᠨᠠᠨ ᠵᠥᠪᠰᠢᠶᠡᠷᠡᠬᠦ ᠠᠵᠢᠯ ᠤᠨ ᠳᠠᠯ᠎ᠠ ᠪᠠᠷ ᠠᠷᠠᠳ ᠲᠤ ᠲᠥᠬᠦᠮ ᠦᠵᠡᠭᠦᠯᠬᠦ ᠠᠵᠢᠯᠯᠠᠭ᠎ᠠ ᠶᠢ ᠥᠷᠨᠢᠭᠦᠯᠪᠡ᠃ ︽ᠭᠤᠷᠪᠠ ᠶᠢ ᠲᠥᠪᠯᠡᠷᠡᠭᠦᠯᠦᠨ ᠭᠤᠷᠪᠠ ᠶᠢ ᠤᠷᠤᠨ ᠪᠠᠶᠢᠷᠢᠨ ᠳᠤᠨᠢ ᠬᠦᠷᠭᠡᠬᠦ︾ ᠠᠵᠢᠯ ᠤᠨ ᠱᠠᠭᠠᠷᠳᠠᠯᠭ᠎ᠠ ᠶᠣᠰᠣᠭᠠᠷ᠂ ᠳᠠᠬᠢᠨ ᠡᠮᠬᠢᠯᠡᠵᠦ᠂ ᠢᠳᠡᠪᠬᠢᠲᠡᠶ ᠵᠠᠰᠠᠨ ᠴᠡᠭᠴᠡᠯᠡᠵᠤ᠂ ᠣᠳᠣᠬᠠᠨ ᠤ ᠪᠠᠶᠢᠭ᠎ᠠ 12 ᠵᠦᠢᠯᠡᠰ ᠢ ᠴᠥᠮ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠳᠣᠬᠢᠷᠠᠭᠤᠯᠣᠭᠰᠠᠨ ᠪᠥᠭᠡᠳ ᠭᠦᠢᠴᠡᠳ ᠡᠷᠬᠡ ᠣᠯᠭᠤᠪᠠ᠃         ᠭᠤᠷᠪᠠ ᠳᠤ᠂ ᠪᠠᠷᠢᠯᠭ᠎ᠠ ᠶᠢᠨ ᠬᠦᠷᠢᠶᠡᠨ ᠳᠠᠬᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠠᠵᠢᠯ ᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠬᠢᠷᠢ ᠬᠡᠮ ᠢ ᠵᠥᠪᠰᠢᠶᠡᠷᠡᠬᠦ ᠨᠥᠬᠦᠴᠡᠯ ᠢ ᠠᠭᠤᠵᠢᠭᠤ ᠲᠠᠯᠪᠢᠨ᠂ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠳᠤ ᠮᠡᠳᠡᠭᠳᠡᠬᠦ ᠠᠮᠠᠯᠠᠯᠲᠠ ᠶᠢᠨ ᠳᠦᠷᠢᠮ ᠢ ᠬᠡᠷᠡᠭᠵᠢᠭᠦᠯᠵᠦ᠂ ᠬᠢᠷᠢ ᠬᠡᠮ ᠢ ᠭᠤᠶᠤᠴᠢᠯᠠᠨ ᠮᠡᠳᠡᠭᠦᠯᠬᠦ ᠶᠢ ᠭᠥᠯᠢᠶᠡᠨ ᠠᠪᠴᠤ ᠰᠢᠢᠳᠪᠦᠷᠢᠯᠡᠬᠦ ᠪᠠ ᠬᠢᠨᠠᠨ ᠵᠥᠪᠰᠢᠶᠡᠷᠡᠬᠦ ᠶᠢ ᠴᠥᠮ ᠰᠦᠯᠵᠢᠶ᠎ᠡ ᠪᠠᠷ ᠭᠤᠶᠤᠴᠢᠯᠠᠨ ᠮᠡᠳᠡᠭᠦᠯᠬᠦ ᠶᠢ ᠪᠡᠶᠡᠯᠡᠭᠦᠯᠪᠡ᠃       ᠳᠥᠷᠪᠡ ᠳᠤ᠂ ᠪᠦᠬᠦ ᠠᠶᠢᠮᠠᠭ ᠤᠨ ᠭᠤᠷᠪᠠᠨ ᠬᠤᠰᠢᠭᠤ ᠬᠤᠶᠠᠷ ᠨᠡᠭᠡᠭᠡᠯᠳᠡ ᠶᠢᠨ ᠤᠷᠤᠨ ᠢ ᠬᠠᠮᠤᠷᠤᠭᠰᠠᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠲᠠᠪᠴᠠᠩ ᠤᠨ ᠠᠰᠢᠬᠯᠠᠯᠳᠠ ᠶᠢ ᠲᠦᠭᠡᠮᠡᠯᠵᠢᠭᠦᠯᠵᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ  ᠰᠦᠯᠵᠢᠶ᠎ᠡ ᠪᠠᠷ ᠳᠠᠮᠵᠢᠭᠤᠯᠣᠨ ᠨᠡᠶᠢᠯᠡᠭᠦᠯᠦᠨ ᠬᠢᠨᠠᠨ ᠵᠥᠪᠰᠢᠶᠡᠷᠡᠬᠦ ᠶᠢ ᠪᠡᠶᠡᠯᠡᠭᠦᠯᠦᠨ᠂ ᠲᠥᠷᠥᠯ ᠵᠦᠢᠯ ᠤᠨ ᠬᠢᠨᠠᠨ ᠵᠥᠪᠰᠢᠶᠡᠷᠡᠬᠦ ᠬᠤᠷᠳᠤᠴᠠ ᠶᠢ ᠲᠦᠷᠭᠡᠳᠬᠡᠬᠦ ᠳᠤ ᠬᠦᠴᠦᠨ ᠨᠡᠮᠡᠷᠢᠯᠡᠵᠦ᠂ ᠣᠲᠣ ᠪᠣᠯᠲᠠᠯ᠎ᠠ᠂ ᠨᠢᠭᠡᠨᠲᠡ 113 ᠲᠥᠷᠥᠯ ᠵᠦᠢᠯ ᠢ ᠬᠢᠨᠠᠨ ᠵᠥᠪᠰᠢᠶᠡᠷᠡᠬᠦ ᠲᠠᠪᠴᠠᠩ ᠢᠶᠠᠷ ᠳᠠᠮᠵᠢᠨ ᠰᠢᠢᠳᠪᠦᠷᠢᠯᠡᠪᠡ᠃       ᠲᠠᠪᠤ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠢ ᠦᠨᠳᠦᠰᠦᠯᠡᠨ᠂ ᠮᠠᠨ ᠤ ᠲᠣᠪᠴᠢᠶ᠎ᠠ ᠥᠪᠡᠰᠦᠪᠡᠨ ᠪᠠᠶᠢᠴᠠᠭᠠᠨ ᠵᠠᠯᠠᠷᠠᠭᠤᠯᠬᠤ ᠠᠵᠢᠯ ᠢ ᠬᠢᠨᠠᠮᠠᠭᠠᠶ ᠥᠷᠨᠢᠭᠦᠯᠤᠨ᠂ ᠵᠠᠰᠠᠨ ᠴᠡᠭᠴᠡᠯᠡᠬᠦ ᠲᠥᠰᠦᠯ ᠲᠣᠭᠲᠠᠭᠠᠵᠤ᠂ ᠵᠠᠰᠠᠨ ᠴᠡᠭᠴᠡᠯᠡᠬᠦ ᠡᠭᠦᠷᠭᠡ ᠪᠠᠨ ᠴᠢᠨᠠᠷ ᠰᠠᠶᠢᠳᠠᠢ ᠪᠡᠶᠡᠯᠡᠬᠦᠯᠪᠡ᠃       ᠰᠤᠷᠪᠤᠯᠵᠢᠯᠠᠭᠴᠢ᠄ ᠲᠠᠷᠠᠭᠠᠴᠢ ᠶᠢᠨ ᠠᠯᠬᠤᠮ ᠳᠤ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ᠂ ᠡᠵᠡᠩᠨᠡᠨ ᠠᠷᠠᠯᠵᠢᠶᠠᠯᠠᠬᠤ ᠣᠷᠴᠢᠨ ᠨᠦᠬᠦᠴᠠᠯ ᠢ ᠰᠢᠯᠢᠳᠡᠭᠵᠢᠭᠦᠯᠬᠦ ᠲᠤᠬᠠᠶ ᠶᠠᠮᠠᠷ ᠰᠢᠨ᠎ᠡ ᠠᠷᠭ᠎ᠠ ᠬᠡᠮᠵᠢᠶ᠎ᠡ ᠠᠪᠬᠤ  ᠪᠠᠷ ᠪᠠᠶᠢᠭ᠎ᠠ ᠪᠤᠢ︖       ᠣᠷᠭᠢᠯ᠄ ᠪᠢᠳᠡ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯᠳᠠᠯᠭ᠎ᠠ ᠪᠣᠯᠭᠠᠵᠤ᠂ ᠭᠠᠷ ᠬᠦᠢᠴᠡᠳᠬᠡᠯ ᠤᠨ ᠴᠠᠭ ᠢ ᠪᠣᠭᠤᠨᠢᠰᠬᠠᠨ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠰᠢᠯᠢᠳᠡᠭᠵᠢᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠳᠦᠯ ᠴᠢᠳᠠᠪᠤᠷᠢ ᠪᠣᠯᠤᠨ ᠠᠵᠢᠯ ᠡᠷᠬᠢᠯᠡᠬᠦ ᠦᠷ᠎ᠡ ᠪᠦᠲᠦᠮᠵᠢ ᠪᠠᠨ ᠲᠠᠰᠤᠷᠠᠯᠲᠠ ᠤᠢᠭᠡᠢ ᠳᠡᠭᠡᠭᠰᠢᠯᠡᠭᠦᠯᠤᠨ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠪᠦᠬᠦ ᠶᠠᠪᠤᠴᠠ ᠶᠢ 90 ᠠᠵᠢᠯᠯᠠᠬᠤ ᠡᠳᠦᠷ ᠤᠨ ᠲᠤᠳᠤᠷ᠎ᠠ ᠪᠡᠶᠡᠯᠡᠬᠦᠯᠬᠦ ᠶᠢ ᠦᠨᠡᠨᠬᠦ ᠪᠠᠲᠤᠯᠠᠨ᠎ᠠ︔ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠯᠠᠪᠳᠠᠭᠤᠨ ᠪᠠᠲᠤᠲᠠᠶ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠤᠨ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠠ ᠬᠠᠮᠢᠶᠠᠷᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠢᠲᠡᠭᠡᠮᠵᠢ ᠶᠢᠨ ᠬᠢᠨᠠᠠ ᠬᠠᠮᠢᠶᠠᠷᠤᠯᠲᠠ ᠶᠢ ᠲᠡᠭᠦᠯᠳᠡᠷᠵᠢᠭᠦᠯᠦᠨ᠎ᠡ︔ ᠠᠵᠤ ᠠᠬᠤᠶᠢᠯᠠᠯ ᠳᠤ ᠬᠤᠯᠪᠣᠭᠳᠠᠬᠤ ᠰᠦᠢᠳᠬᠡᠯ ᠬᠤᠷᠢᠶᠠᠬᠤ ᠠᠵᠢᠯᠯᠠᠭ᠎ᠠ ᠶᠢ ᠲᠦᠷᠢᠮᠵᠢᠬᠦᠯᠵᠤ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠤᠨ᠂ ᠲᠦᠪ ᠭᠤᠤᠯᠴᠢ ᠪᠠᠷ ᠥᠷᠢᠰᠥᠯᠳᠦᠬᠦ ᠶᠢ ᠬᠡᠷᠡᠭᠵᠢᠭᠦᠯᠦᠨ᠎ᠠ︔ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠᠨ ᠴᠢᠩᠭᠠᠳᠬᠠᠨ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠵᠤ᠂ ᠡᠵᠡᠩᠨᠡᠨ ᠠᠷᠠᠯᠵᠢᠶᠠᠯᠠᠬᠤ ᠤᠷᠴᠢᠨ ᠨᠦᠭᠦᠴᠡᠯ ᠤᠨ ᠡᠯ᠎ᠠ ᠲᠦᠷᠦᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢᠨ ᠳᠣᠬᠠᠢ ᠤᠠᠬᠭᠤᠯᠭ᠎ᠠ ᠲᠠᠶᠢᠯᠤᠮᠵᠢ ᠪᠠᠨ ᠴᠢᠩᠭᠠᠳᠬᠠᠨ᠂ ᠠᠵᠤ ᠠᠬᠤᠢᠢᠯᠠᠯ ᠪᠠ ᠤᠯᠠᠨ ᠲᠦᠮᠡᠨ ᠤ ᠬᠦᠷᠳᠡᠮᠵᠢ ᠶᠢᠨ ᠲᠦᠷᠦᠭᠳᠡᠯ ᠬᠢᠭᠡᠳ ᠬᠠᠨᠤᠮᠵᠢ ᠶᠢᠨ ᠬᠡᠮᠵᠢᠶ᠎ᠠ ᠶᠢ ᠨᠡᠮᠡᠭᠳᠡᠬᠦᠯᠦᠨ᠎ᠠ᠃                                        ︵ᠵᠣᠬᠢᠶᠠᠭᠴᠢ᠄ ᠰᠢᠤᠢ ᠵᠢᠶᠠ ᠨᠢ    ᠡᠷᠳᠠᠨᠢᠴᠢᠮᠡᠭ︶
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号