ᠠᠯᠠᠱᠠ ᠵᠡᠭᠦᠨ ᠬᠤᠰᠢᠭᠤᠨ ᠤ ᠤᠯᠠᠭᠠᠨᠮᠥ᠋ᠴᠢᠷ ᠤᠨ ᠦᠨᠳᠦᠰᠦᠨ ᠱᠠᠲᠤᠨ ᠳᠤ ᠭᠦᠨᠵᠡᠭᠡᠶᠢᠷᠡᠬᠦ ᠠᠵᠢᠯᠯᠠᠭ᠎ᠠ ᠡᠬᠢᠯᠡᠪᠠ
ᠨᠡᠶᠢᠲᠡᠯᠡᠭᠰᠡᠨ ᠴᠠᠭ᠄
2020/12/14
      ᠶᠡᠷᠦᠩᠬᠡᠢ ᠱᠦᠵᠢ ᠰᠢ ᠶᠢᠨ ᠫᠢᠩ ᠤᠨ ᠤᠯᠠᠭᠠᠨᠮᠥ᠋ᠴᠢᠷ ᠤᠨ ᠠᠵᠢᠯ ᠦᠢᠯᠡᠰ ᠤᠨ ᠭᠦᠭᠵᠢᠯᠳᠡ ᠳᠤ ᠳᠠᠯᠪᠢᠬᠰᠠᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ  ᠳᠣᠣᠱᠯᠠᠭᠤᠯᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ᠂ ᠨᠡᠶᠢᠬᠡᠮ ᠵᠢᠷᠦᠮ ᠤᠨ ᠭᠤᠣᠯᠯᠠᠭᠴᠢ ᠦᠷᠲᠡᠭ ᠤᠨ ᠦᠵᠡᠯᠲᠡ ᠶᠢ ᠪᠠᠳᠠᠷᠠᠭᠤᠯᠤᠠ᠂ ᠠᠷᠠᠳ ᠲᠦᠮᠡᠨ ᠤ ᠡᠳᠤᠷ ᠢᠷᠡᠬᠦᠶ᠎ᠡ ᠨᠡᠮᠡᠭᠳᠡᠵᠦ ᠪᠠᠶᠢᠭ᠎ᠠ ᠤᠶᠤᠨ ᠤ ᠪᠠ ᠰᠤᠶᠤᠯ ᠤᠨ ᠬᠡᠷᠡᠭᠴᠡᠭᠡ ᠶᠢ ᠬᠠᠩᠭᠠᠬᠤ ᠪᠠᠷ ᠵᠤᠷᠢᠯᠭ᠎ᠠ ᠪᠤᠯᠭᠠᠬᠰᠠᠠ ᠠᠯᠠᠱᠠ ᠵᠡᠭᠦᠨ ᠬᠤᠰᠢᠭᠤᠨ ᠤ ᠤᠯᠠᠭᠠᠨᠮᠥ᠋ᠴᠢᠷ ᠤᠨ 2020 ᠤᠨ ᠤ ︽ᠵᠠᠭᠤᠨ ᠪᠦᠯᠬᠦᠮ ᠮᠢᠩᠭᠠᠨ ᠲᠠᠯᠠᠪᠠᠢ︾ ᠦᠨᠳᠤᠰᠤᠨ ᠱᠠᠲᠤᠨ ᠳᠤ ᠭᠦᠨᠵᠡᠭᠡᠶᠢᠷᠡᠵᠤ ᠠᠷᠠᠳ ᠲᠦᠮᠡᠨ ᠢ ᠲᠣᠬᠤᠨᠢᠭᠤᠯᠬᠤ ᠤᠷᠠᠨ ᠰᠠᠶᠢᠬᠠᠨ ᠤ ᠲᠤᠭᠯᠠᠯᠲᠠ ᠡᠬᠢᠯᠡᠯ᠎ᠡ᠃       ᠦᠢᠷ᠎ᠠ ᠶᠢᠨ ᠡᠲᠤᠷ ᠲᠤ ᠠᠯᠠᠱᠠ ᠵᠡᠭᠦᠨ ᠬᠤᠰᠢᠭᠤᠨ ᠤ ᠤᠯᠠᠭᠠᠨᠮᠥ᠋ᠴᠢᠷ ᠤᠨ ᠲᠣᠭᠯᠠᠭᠴᠢᠳ ᠬᠤᠸᠠᠷᠠᠨ ᠤ ᠰᠢᠯᠢ ᠶᠢᠨ ᠲᠠᠯᠠᠪᠡᠢ ᠳᠤ ᠬᠦᠷᠴᠤ᠂ ᠡᠮᠦᠨ᠎ᠡ ᠹᠷᠤᠨᠲ ᠲᠤ ᠬᠠᠳᠠᠭᠤᠵᠢᠯᠲᠠᠢ ᠠᠵᠢᠯᠯᠠᠵᠤ ᠪᠠᠶᠢᠭ᠎ᠠ ᠤᠷᠴᠢᠨ ᠲᠤᠭᠤᠷᠢᠨ ᠤ ᠴᠡᠪᠡᠷᠯᠡᠭᠴᠢᠳ ᠲᠤ ᠤᠷᠠᠨ ᠰᠠᠶᠢᠬᠠᠨ ᠤ ᠲᠤᠭᠯᠠᠯᠲᠠ ᠭᠠᠷᠭᠠᠵᠤ ᠦᠵᠡᠭᠦᠯᠦᠨ᠂ ᠲᠡᠳᠡᠨᠡᠷ ᠤᠨ ᠬᠠᠬᠢᠷ ᠡᠪᠦᠯ ᠤᠨ ᠬᠦᠢᠲᠡᠨ ᠠᠴᠠ ᠠᠶᠤᠬᠤ ᠦᠭᠡᠢ ᠬᠠᠳᠠᠭᠤᠵᠢᠯᠳᠠᠢ ᠠᠵᠢᠯᠯᠠᠵᠤ ᠪᠠᠶᠢᠭ᠎ᠠ ᠵᠢᠳᠬᠦᠯ ᠳᠤ ᠬᠦᠨᠳᠦᠳᠭᠡᠯ ᠲᠠᠯᠠᠷᠬᠠᠯ ᠢᠶᠠᠨ ᠳᠡᠪᠰᠢᠭᠦᠯᠵᠡᠢ᠃       ᠠᠯᠠᠱᠠ ᠵᠡᠭᠦᠨ ᠬᠤᠰᠢᠭᠤᠨ ᠤ ᠤᠯᠠᠭᠠᠨᠮᠥ᠋ᠴᠢᠷ ᠤᠨ ᠦᠨᠳᠦᠰᠦᠨ ᠱᠠᠲᠤᠨ ᠳᠤ ᠪᠠᠭᠤᠬᠤ ᠬᠦᠳᠡᠯᠭᠡᠭᠡᠨ ᠨᠢ ᠡᠯ᠎ᠡ ᠰᠤᠮᠤ ᠪᠠᠯᠭᠠᠰᠤ᠂ ᠭᠠᠴᠠᠭ᠎ᠠ᠂ ᠰᠤᠷᠭᠠᠭᠤᠯᠢ᠂ ᠨᠡᠶᠢᠭᠡᠮ ᠲᠤᠭᠤᠷᠢᠭ ᠵᠡᠷᠭᠡ ᠭᠠᠵᠠᠷ ᠢᠶᠠᠷ ᠲᠤᠭᠤᠷᠢᠨ ᠲᠤᠭᠯᠠᠯᠲᠠ ᠭᠠᠷᠭᠠᠬᠤ ᠭᠡᠯᠪᠠᠷᠢ ᠪᠠᠷ ᠶᠠᠪᠤᠭᠳᠠᠵᠤ᠂ ᠠᠷᠠᠳ ᠲᠦᠮᠡᠨ ᠤ ᠤᠶᠤᠨ ᠰᠠᠨᠠᠭ᠎ᠠ ᠰᠤᠶᠣᠯ ᠤᠨ ᠬᠡᠷᠡᠭᠴᠡᠭᠡ ᠶᠢ ᠬᠠᠩᠭᠠᠬᠤ ᠪᠠᠷ ᠵᠣᠷᠢᠯᠲᠠ ᠪᠠᠨ ᠪᠤᠯᠭᠠᠨ᠂ ᠣᠯᠠᠨ ᠲᠦᠮᠡᠨ ᠳᠤ ᠲᠠᠭᠠᠰᠢᠶᠠᠭᠳᠠᠭᠰᠠᠨ ᠤᠳᠬ᠎ᠠ ᠤᠷᠠᠯᠢᠭ ᠤᠨ ᠰᠢᠯᠢᠳᠡᠭ ᠪᠦᠲᠦᠭᠡᠯ ᠢ ᠪᠦᠲᠦᠭᠡᠵᠦ᠂ ᠲᠤᠮᠳᠠᠳᠤ ᠶᠢᠨ ᠦᠨᠳᠤᠰᠤᠲᠡᠨ ᠤ ᠰᠢᠯᠢᠳᠡᠭ ᠤᠯᠠᠮᠵᠢᠯᠠᠯᠲᠤ ᠰᠤᠶᠤᠯ ᠢ ᠣᠯᠠᠮᠵᠢᠯᠠᠨ ᠬᠦᠭᠵᠢᠭᠦᠯᠵᠦ᠂ ᠲᠤᠮᠳᠠᠳᠤ ᠶᠢᠨ ᠦᠨᠳᠤᠰᠤᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠤᠢ ᠪᠣᠯᠭᠠᠨ᠂ ᠤᠳᠬ᠎ᠠ ᠤᠷᠠᠯᠢᠭ ᠤᠨ ᠰᠢᠨ᠎ᠡ ᠶᠢ ᠡᠭᠦᠳᠬᠦ ᠶᠢ ᠠᠬᠢᠭᠤᠯᠤᠨ᠂ ᠦᠷᠭᠡᠨ ᠤᠯᠠᠨ ᠲᠦᠮᠡᠨ ᠳᠤ ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠢ ᠰᠣᠨᠢᠷᠬᠠᠭᠤᠯᠤᠨ ᠲᠤᠯᠢᠯᠠᠭᠤᠯᠵᠤ᠂ ᠨᠠᠮ ᠤᠨ ᠳᠠᠭᠤᠨ ᠬᠤᠭᠤᠯᠠᠢ ᠪᠠ ᠲᠤᠳᠤᠨᠤ ᠬᠠᠯᠠᠮᠵᠢᠯᠠᠯ ᠢ ᠡᠷᠦᠬᠡ ᠪᠦᠷᠢ ᠳᠤ ᠳᠠᠮᠵᠢᠭᠤᠯᠬᠤ ᠪᠠᠷ ᠪᠣᠢ᠃ ᠲᠤᠰ ᠣᠳᠠᠭᠠᠨ ᠤ ᠬᠦᠳᠡᠯᠭᠡᠭᠡᠨ ᠨᠢ ᠠᠯᠠᠱᠠ ᠵᠡᠭᠦᠨ ᠬᠤᠰᠢᠭᠤᠨ ᠤ ᠦᠨᠳᠤᠰᠤᠨ ᠱᠠᠲᠤᠨ ᠳᠤ 100 ᠡᠳᠣᠷ ᠤᠨ ᠬᠤᠭᠤᠴᠠᠭ᠎ᠠ ᠲᠠᠢ ᠦᠷᠭᠦᠯᠵᠢᠯᠡᠵᠦ᠂ 2021 ᠣᠨ ᠤ 2 ᠰᠠᠷ᠎ᠠ ᠶᠢᠨ ᠰᠡᠭᠦᠯᠴᠢ ᠪᠣᠯᠲᠠᠯ᠎ᠠ ᠶᠠᠪᠤᠭᠳᠠᠬᠤ ᠪᠤᠯᠤᠨ᠎ᠠ᠃                                             ︵ᠵᠣᠬᠢᠶᠠᠭᠴᠢ᠄ ᠨᠠᠷᠠᠨᠲᠤᠶᠠᠭ᠎ᠠ    ᠨᠠᠮᠤᠷ᠎ᠠ︶
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号