ᠡᠵᠡᠩᠨᠡᠨ ᠠᠷᠠᠯᠵᠢᠶᠠᠯᠠᠬᠤ ᠨᠠᠩ ᠰᠠᠶᠢᠨ ᠣᠷᠴᠢᠨ ᠨᠦᠬᠦᠴᠠᠯ ᠢᠶᠠᠷ ᠠᠵᠤ ᠦᠢᠯᠡᠳᠪᠦᠷᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2020/12/2
      — ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠣᠪᠴᠢᠶ᠎ᠠ ᠶᠢᠨ ᠨᠠᠮ ᠤᠨ ᠳᠤᠭᠤᠶᠢᠯᠠᠩ ᠤᠨ ᠱᠦᠵᠢ ᠶᠣᠣ ᠢᠦᠶ ᠱᠠᠨ ᠢ ᠰᠤᠷᠪᠤᠯᠵᠢᠯᠠᠪᠠ       ᠤᠢᠢᠷ᠎ᠠ ᠳᠤ᠂ ︽ᠠᠰᠠᠭᠤᠳᠠᠯ ᠢ ᠪᠠᠶᠢᠴᠠᠭᠠᠨ᠂ ᠵᠠᠰᠠᠨ ᠴᠡᠭᠴᠡᠯᠡᠯᠳᠡ ᠶᠢ ᠠᠳᠬᠤᠵᠤ᠂ ᠳᠡᠭᠡᠭᠰᠢᠯᠡᠯᠲᠡ ᠶᠢ ᠠᠬᠢᠭᠤᠯᠤᠨ᠂ ᠡᠵᠡᠩᠨᠡᠨ ᠠᠷᠠᠯᠵᠢᠶᠠᠯᠠᠬᠤ ᠣᠷᠴᠢᠨ ᠨᠦᠬᠦᠴᠠᠯ ᠢ ᠰᠢᠯᠢᠳᠡᠭᠵᠢᠭᠦᠯᠬᠦ ᠪᠡᠷᠭᠡ ᠰᠡᠳᠦᠪ ᠢ ᠲᠥᠪᠯᠡᠷᠡᠭᠦᠯᠦᠨ ᠰᠢᠢᠳᠪᠦᠷᠢᠯᠡᠬᠦ︾ ᠭᠤᠤᠯ ᠰᠡᠳᠦᠪ ᠲᠠᠢ ᠤᠶᠠᠯᠳᠤᠭᠤᠯᠤᠨ᠂ ᠰᠤᠷᠪᠤᠯᠵᠢᠯᠠᠭᠴᠢ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠣᠪᠴᠢᠶᠠᠨ ᠤ ᠨᠠᠮ ᠤᠨ ᠳᠤᠭᠤᠶᠢᠯᠠᠩ ᠤᠨ ᠱᠦᠵᠢ ᠶᠣᠣ ᠢᠦᠢ ᠱᠠᠨ ᠢ ᠰᠤᠷᠪᠤᠯᠵᠢᠯᠠᠪᠠ᠃       ᠶᠤᠤ ᠢᠤᠢ ᠱᠠᠠ ᠤ ᠳᠠᠨᠢᠯᠴᠠᠭᠤᠯᠬᠤ ᠪᠠᠷ᠂ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ  ᠵᠠᠩᠬᠢᠴᠢᠯᠠᠯᠳᠠ ᠶᠢᠨ ᠲᠣᠪᠴᠢᠶ᠎ᠠ ᠨᠢ ᠳᠡᠭᠡᠷ᠎ᠡ ᠱᠠᠲᠤᠨ ᠤ ᠡᠵᠡᠩᠨᠡᠨ ᠠᠷᠠᠯᠵᠢᠶᠠᠯᠠᠬᠤ ᠣᠷᠴᠢᠨ ᠨᠦᠬᠦᠴᠠᠯ ᠢ ᠰᠢᠯᠢᠳᠡᠭᠵᠢᠭᠦᠯᠬᠦ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠠ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ  ᠳᠣᠣᠱᠯᠠᠭᠤᠯᠣᠨ ᠨᠠᠶᠢᠳᠠᠪᠤᠷᠢᠵᠢᠭᠤᠯᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠭᠤᠷᠪᠠᠨ ᠵᠠᠩᠭᠢᠯᠠᠭ᠎ᠠ ᠶᠢᠨ ᠴᠡᠭ ᠲᠤ ᠠᠩᠬᠠᠷᠤᠯ ᠢᠶᠠᠨ ᠲᠥᠪᠯᠡᠷᠡᠭᠦᠯᠦᠨ ᠣᠨᠣᠪᠴᠢᠳᠠᠢ ᠪᠠᠷ ᠬᠦᠴᠦᠯᠡᠵᠦ᠂ ᠠᠵᠤ ᠦᠢᠯᠡᠳᠪᠦᠷᠢ  ᠶᠢᠨ ᠬᠦᠷᠢᠶ᠎ᠠ ᠴᠠᠷ᠎ᠠ ᠳᠠᠬᠢ ᠡᠵᠡᠩᠨᠡᠨ ᠠᠷᠠᠯᠵᠢᠶᠠᠯᠠᠬᠤ ᠣᠷᠴᠢᠨ ᠨᠦᠬᠦᠴᠠᠯ ᠤᠨ ᠦᠷᠭᠦᠯᠵᠢᠯᠡᠨ ᠰᠢᠯᠢᠳᠡᠭᠵᠢᠬᠦ ᠶᠢ ᠠᠬᠢᠭᠤᠯᠪᠠ᠃ ᠠᠵᠤ ᠠᠬᠤᠶᠢᠯᠠᠯ ᠤᠨ ᠬᠥᠭᠵᠢᠯᠲᠡ ᠶᠢ ᠲᠤᠯᠭᠠᠭᠤᠷᠢᠯᠠᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠡᠨᠡ ᠵᠢᠯ ᠬᠤᠶᠠᠷ ᠨᠡᠭᠡᠭᠡᠯᠲᠡ ᠶᠢᠨ ᠤᠷᠤᠨ ᠪᠣᠯᠤᠨ 12 ᠠᠵᠤ ᠠᠬᠤᠶᠢᠯᠠᠯ ᠳᠤ ᠨᠡᠶᠢᠲᠡ 6625.37 ᠲᠦᠮᠡᠨ ᠲᠥᠭᠦᠷᠢᠭ ᠤᠨ ᠲᠤᠰᠬᠠᠶ ᠪᠡᠯᠡ ᠮᠥᠩᠭᠦ ᠶᠢ ᠴᠢᠷᠮᠠᠶᠢᠨ ᠣᠯᠵᠤ᠂ ᠴᠠᠬᠢᠯᠭᠠᠨ ᠬᠦᠴᠦᠨ ᠤ ᠣᠯᠠᠨ ᠲᠠᠯ᠎ᠠ ᠶᠢᠨ ᠠᠷᠠᠯᠵᠢᠶᠠᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠠᠵᠤ ᠠᠬᠤᠶᠢᠯᠠᠯ ᠳᠤ 2.6 ᠳ᠋ᠦᠩᠰᠢᠭᠤᠷ ᠲᠥᠭᠦᠷᠢᠭ ᠠᠷᠪᠢᠯᠠᠪᠠ᠃ ᠲᠥᠷᠥᠯ ᠵᠦᠢᠯ ᠤᠨ ᠰᠦᠯᠵᠢᠶᠡᠨ ᠳᠠᠬᠢ ᠬᠢᠨᠠᠨ ᠵᠥᠪᠰᠢᠶᠡᠷᠡᠬᠦ ᠲᠠᠪᠴᠠᠩ ᠢ ᠰᠠᠶᠢᠲᠤᠷ ᠠᠰᠢᠭᠯᠠᠨ ︽ᠨᠢᠭᠤᠷᠳᠠᠨ ᠠᠭᠤᠯᠵᠠᠬᠤ ᠥᠬᠡᠶ︾ ᠪᠠᠷ ᠬᠢᠨᠠᠨ ᠵᠥᠪᠰᠢᠶᠡᠷᠡᠬᠦ ᠶᠢ ᠪᠡᠶᠡᠯᠡᠬᠦᠯᠵᠤ᠂ ᠭᠤᠷᠪᠠᠨ ᠬᠤᠰᠢᠭᠤ ᠬᠤᠶᠠᠷ ᠨᠡᠭᠡᠭᠡᠯᠳᠡ ᠶᠢᠨ ᠤᠷᠤᠨ ᠨᠢᠭᠡᠨᠲᠡ ᠴᠥᠮ ᠲᠥᠷᠥᠯ ᠵᠦᠢᠯ ᠢ ᠰᠦᠯᠵᠢᠶᠡᠨ ᠳᠤ ᠬᠢᠨᠠᠨ ᠵᠥᠪᠰᠢᠶᠡᠷᠡᠵᠦ ᠳᠠᠩᠰᠠᠯᠠᠭᠤᠯᠬᠤ ᠶᠢ ᠪᠡᠶᠡᠯᠡᠭᠦᠯᠪᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠳᠠᠩᠰᠠ ᠶᠢ ᠢᠯᠭᠠᠷᠠᠭᠤᠯᠬᠤ ᠠᠵᠢᠯ ᠤᠨ ᠪᠠᠶᠢᠷᠢᠯᠠᠭᠤᠯᠤᠯᠲᠠ ᠶᠢ ᠬᠢᠨᠠᠮᠠᠭᠠᠶ  ᠳᠣᠣᠱᠯᠠᠭᠤᠯᠣᠨ ᠨᠠᠶᠢᠳᠠᠪᠤᠷᠢᠵᠢᠭᠤᠯᠵᠤ᠂ 11 ᠰᠠᠷ᠎ᠠ ᠶᠢᠨ 18 ᠤ ᠡᠳᠦᠷ ᠪᠣᠯᠲᠠᠯ᠎ᠠ᠂ ᠵᠥᠷᠢᠯᠳᠦᠭᠡᠨ ᠦᠭᠡᠢ ᠳᠠᠩᠰᠠ 8.198 ᠳ᠋ᠦᠩᠰᠢᠭᠤᠷ ᠲᠥᠭᠦᠷᠢᠭ ᠢ ᠲᠥᠯᠥᠵᠦ᠂ ᠢᠯᠭᠠᠷᠠᠭᠤᠯᠤᠨ ᠳᠥᠯᠥᠭᠰᠡᠨ ᠠᠬᠢᠴᠠ 84.87% ᠳᠤ ᠬᠦᠷᠴᠡᠶ᠃       ᠳᠤᠰ ᠲᠣᠪᠴᠢᠶ᠎ᠠ ᠨᠢ ᠲᠣᠪᠴᠢᠶᠠᠨ ᠲᠠᠷᠤᠭ᠎ᠠ ᠠᠴᠠ ᠬᠤᠰᠢᠭᠤ ᠨᠡᠭᠡᠭᠡᠯᠳᠡ ᠶᠢᠨ ᠤᠷᠤᠨ ᠢ ᠤᠳᠤᠷᠢᠳᠬᠤ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠭᠤᠣᠯᠳᠠᠯᠭ᠎ᠠ ᠲᠠᠢ ᠲᠥᠷᠥᠯ ᠵᠦᠢᠯ ᠢ ᠳᠠᠭᠠᠭᠠᠴᠢᠯᠠᠬᠤ ᠵᠡᠷᠭᠡ ᠠᠵᠢᠯ ᠤᠨ ᠳᠦᠷᠢᠮ ᠢ ᠪᠠᠶᠢᠭᠤᠯᠵᠤ᠂ ᠵᠢᠯ ᠪᠦᠷᠢ ᠪᠦᠬᠦ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠵᠦ᠂ ᠪᠣᠳᠠᠲᠠᠶ ᠬᠦᠴᠢᠷᠳᠡᠯ ᠢ ᠨᠢ ᠪᠠᠶᠢᠴᠠᠭᠠᠨ ᠣᠶᠢᠯᠠᠭᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠲᠠᠢ ᠢᠳᠡᠪᠬᠢᠲᠡᠢ ᠵᠣᠬᠢᠴᠠᠯᠳᠤᠨ᠂ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢ ᠠᠬᠢᠭᠤᠯᠵᠤ᠂ ᠬᠠᠮᠢᠶ᠎ᠠ ᠪᠦᠬᠦᠢ ᠬᠤᠰᠢᠭᠤ ᠨᠡᠭᠡᠭᠡᠯᠳᠡ ᠶᠢᠨ ᠤᠷᠤᠨ᠂ ᠰᠠᠯᠠᠭ᠎ᠠ ᠮᠥᠴᠢᠷ ᠲᠠᠢ ᠵᠤᠬᠢᠴᠠᠯᠳᠤᠨ ᠨᠡᠭᠦᠷᠡᠰᠦ ᠴᠠᠬᠢᠯᠭᠠᠨ ᠴᠢᠯᠠᠭᠤᠨ ᠲᠣᠰᠣ ᠪᠠᠶᠢᠭᠠᠯᠢ ᠶᠢᠨ ᠰᠢᠳᠠᠮᠠᠬᠠᠢ ᠬᠡᠢ ᠶᠢᠨ ᠲᠡᠭᠡᠭᠡᠪᠦᠷᠢ ᠵᠡᠷᠭᠡ ᠶᠢᠨ ᠪᠠᠲᠤᠯᠠᠭ᠎ᠠ ᠶᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠬᠦᠴᠢᠷᠳᠠᠯ ᠢ ᠦᠨᠡᠨᠬᠦ ᠰᠢᠢᠳᠪᠦᠷᠢᠯᠡᠵᠦ ᠪᠠᠶᠢᠨ᠎ᠠ᠃ ᠡᠨᠡ ᠵᠢᠯ ᠬᠡᠳᠦ᠋ᠢᠪᠡᠷ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠨᠥᠯᠥᠭᠡ ᠶᠢ ᠬᠦᠷᠲᠡᠭᠰᠡᠨ ᠪᠣᠯᠪᠠᠴᠤ ᠪᠦᠬᠦ ᠠᠶᠢᠮᠠᠭ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠰᠥᠷᠭᠡᠦ ᠪᠠᠶᠢᠳᠠᠯ ᠬᠤᠪᠢᠷᠠᠵᠤ᠂ 9 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 9.6% ᠪᠠᠷ ᠨᠡᠮᠡᠭᠳᠡᠵᠦ᠂ ᠪᠥᠬᠦ ᠣᠷᠣᠨ ᠤ ᠨᠡᠮᠡᠭᠳᠡᠯ ᠤᠨ ᠬᠤᠷᠳᠤᠴᠠ ᠠᠴᠠ 11.5 ᠵᠠᠭᠤᠨ ᠤ ᠨᠢᠭᠡᠴᠢ ᠥᠨᠳᠥᠷ ᠪᠣᠯᠪᠠ᠃ 10 ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦ ᠠᠶᠢᠮᠠᠭ ᠤᠨ 43 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠲᠥᠷᠥᠯ ᠵᠦᠢᠯ ᠤᠨ 42 ᠲᠦᠷᠦᠯ ᠵᠦᠢᠯ ᠠᠵᠢᠯ ᠢᠶᠠᠨ ᠡᠬᠢᠯᠡᠭᠦᠯᠵᠦ᠂ ᠠᠵᠢᠯ ᠢᠶᠠᠨ ᠰᠡᠷᠭᠦᠭᠡᠭᠰᠡᠨ ᠨᠣᠷᠮ᠎ᠠ ᠨᠢ 98% ᠳᠤ ᠬᠦᠷᠴᠤ᠂ 60.69 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠤᠠ᠂ ᠠᠳᠠᠯᠢ ᠬᠤᠭᠤᠴᠠᠭᠠᠨ ᠤ ᠬᠢ ᠠᠴᠠ 21.2 ᠳ᠋ᠦᠩᠰᠢᠭᠤᠷ ᠲᠥᠭᠦᠷᠢᠭ ᠨᠡᠮᠡᠭᠳᠡᠵᠦ᠂ ᠵᠢᠯ ᠤᠨ ᠲᠥᠯᠥᠪᠯᠡᠭᠡ ᠶᠢᠨ ᠢᠶᠠᠨ      77.4% ᠶᠢ ᠪᠡᠶᠡᠯᠡᠭᠦᠯᠤᠨ᠂ ᠤᠢᠢᠷ᠎ᠠ ᠶᠢᠨ ᠳᠠᠪᠣᠨ ᠵᠢᠯ ᠤᠨ ᠲᠤᠷᠰᠢᠬᠢ ᠪᠡᠯᠡ ᠣᠷᠣᠭᠤᠯᠤᠯᠲᠠ ᠶᠢᠨ ᠡᠷᠴᠢᠮ ᠪᠠ ᠪᠡᠯᠡ ᠣᠷᠣᠭᠤᠯᠤᠯᠲᠠ ᠶᠢᠨ ᠠᠬᠢᠴᠠ ᠪᠠᠷ ᠬᠠᠮᠤᠭ ᠤᠨ ᠰᠠᠶᠢᠨ ᠨᠢᠭᠡ ᠵᠢᠯ ᠪᠤᠯᠤᠬᠰᠠᠨ ᠪᠠᠶᠢᠨ᠎ᠠ᠃         ᠡᠵᠡᠩᠨᠡᠨ ᠠᠷᠠᠯᠵᠢᠶᠠᠯᠠᠬᠤ ᠣᠷᠴᠢᠨ ᠨᠦᠬᠦᠴᠠᠯ ᠢ ᠰᠢᠯᠢᠳᠡᠭᠵᠢᠭᠦᠯᠬᠦ ᠲᠠᠯ᠎ᠠ ᠳᠠᠬᠢ ᠤᠷᠤᠰᠢᠵᠤ ᠪᠠᠶᠢᠭ᠎ᠠ ᠠᠰᠠᠭᠤᠳᠠᠯ ᠤᠨ ᠳᠤᠬᠠᠢ᠂ ᠶᠣᠣ ᠢᠦᠶ ᠱᠠᠨ᠂ ᠨᠢᠭᠡ ᠳᠤ᠂ ᠠᠭᠤᠰᠤᠯᠴᠠᠭᠤᠯᠤᠨ ᠨᠡᠪᠲᠡᠷᠡᠯᠴᠡᠭᠦᠯᠵᠦ᠂ ᠪᠣᠳᠠᠲᠠᠢ ᠲᠠᠢ ᠤᠶᠠᠯᠳᠤᠭᠤᠯᠤᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠨᠠᠶᠢᠳᠠᠪᠤᠷᠢᠵᠢᠭᠤᠯᠬᠤ ᠲᠠᠯ᠎ᠠ ᠪᠠᠷ ᠵᠥᠷᠢᠶ᠎ᠠ ᠲᠠᠢ᠂ ᠲᠥᠷᠥ ᠶᠢᠨ ᠪᠣᠳᠣᠯᠭ᠎ᠠ ᠶᠢ ᠳᠣᠣᠱᠯᠠᠭᠤᠯᠣᠨ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ᠂ ᠪᠣᠳᠠᠲᠠᠶ ᠠᠵᠢᠯ ᠤᠨ ᠳᠤᠮᠳᠠ ᠢᠯᠡᠷᠡᠭᠰᠡᠨ ᠲᠦᠭᠡᠮᠡᠯ ᠴᠢᠨᠠᠷᠲᠠᠶ ᠠᠰᠠᠭᠤᠳᠠᠯ᠂ ᠨᠠᠶᠢᠳᠠᠪᠤᠷᠢᠵᠢᠭᠤᠯᠬᠤ᠂ ᠪᠦᠲᠦᠮᠵᠢᠲᠡᠶ ᠰᠢᠢᠳᠪᠦᠷᠢᠯᠡᠬᠦ ᠠᠷᠭ᠎ᠠ ᠪᠠᠷᠢᠯ ᠤᠨ ᠲᠠᠯ᠎ᠠ ᠪᠠᠷ ᠰᠢᠨ᠎ᠡ ᠶᠢ ᠡᠭᠦᠳᠬᠦ ᠪᠠᠷ ᠬᠦᠷᠦᠯᠴᠡᠬᠦ ᠦᠭᠡᠢ ᠪᠠᠶᠢᠨ᠎ᠠ᠃ ᠬᠤᠶᠠᠷ ᠲᠤ᠂ ᠪᠡᠶᠡᠴᠢ ᠴᠣᠭᠴᠠ ᠶᠢᠨ ᠬᠠᠷᠢᠭᠤᠴᠠᠯᠭ᠎ᠠ ᠪᠣᠯᠤᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ ᠪᠠᠶᠢᠵᠤ᠂ ᠳᠤᠮᠳᠠ ᠵᠢᠵᠢᠭ ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠳᠠᠩᠰᠠ ᠶᠢ ᠢᠯᠭᠠᠷᠠᠭᠤᠯᠤᠨ ᠪᠤᠳᠤᠬᠤ ᠠᠵᠢᠯ ᠨᠡᠯᠢᠶᠡᠳ ᠤᠳᠠᠭᠠᠨ ᠪᠠᠶᠢᠨ᠎ᠠ᠃ ᠭᠤᠷᠪᠠ ᠳᠤ᠂ ᠣᠯᠠᠨ ᠨᠡᠶᠢᠲᠡ ᠶᠢᠨ ᠦᠢᠯᠡᠴᠢᠯᠡᠭᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠠᠶᠢᠳᠠᠪᠤᠷᠢᠵᠢᠭᠤᠯᠬᠤ ᠲᠠᠯ᠎ᠠ ᠪᠠᠷ ᠬᠦᠷᠦᠯᠴᠡᠬᠦ ᠦᠭᠡᠢ᠂ ᠮᠠᠨ ᠤ ᠲᠣᠪᠴᠢᠶ᠎ᠠ ᠲᠠᠢ ᠬᠤᠯᠪᠣᠭᠳᠠᠭᠰᠠᠨ 2 ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠴᠥᠮ ᠰᠦᠯᠵᠢᠶ᠎ᠡ ᠪᠠᠷ ︽ᠥᠪᠡᠷᠲᠡᠭᠡᠨ ᠵᠠᠰᠠᠬᠤ ᠣᠷᠣᠨ ᠤ ᠪᠠᠯᠠ ᠣᠷᠣᠭᠤᠯᠤᠯᠲᠠ ᠶᠢᠨ ᠰᠦᠯᠵᠢᠶᠡᠨ ᠳᠠᠬᠢ ᠬᠢᠨᠠᠨ ᠵᠥᠪᠰᠢᠶᠡᠷᠡᠬᠦ ᠲᠠᠪᠴᠠᠩ︾ ᠳᠤ ᠭᠠᠷᠭᠠᠵᠤ᠂ ᠰᠦᠯᠵᠢᠶᠡᠨ  ᠳᠤ ᠭᠤᠶᠤᠴᠢᠯᠠᠯ ᠳᠡᠪᠰᠢᠬᠦᠯᠬᠦ᠂ ᠭᠥᠯᠢᠶᠡᠨ ᠠᠪᠴᠤ ᠰᠢᠢᠳᠪᠦᠷᠢᠯᠡᠬᠦ᠂ ᠰᠢᠢᠳᠪᠦᠷᠢᠯᠡᠵᠦ ᠳᠠᠭᠤᠰᠬᠠᠬᠤ ᠮᠥᠷᠲᠡᠭᠡᠨ ᠡᠷᠬᠡ   ᠶᠢᠨ ᠬᠡᠪᠴᠢᠶ᠎ᠡ ᠶᠢ ᠬᠤᠰᠢᠭᠤ ᠤᠷᠤᠨ ᠳᠤ ᠪᠠᠭᠤᠯᠭᠠᠵᠤ ᠪᠤᠯᠤᠨ᠎ᠠ᠂ ᠲᠤᠬᠠᠶᠢᠯᠠᠭᠰᠠᠨ ᠠᠵᠢᠯ ᠤᠨ ᠬᠡᠮᠵᠢᠶ᠎ᠡ ᠪᠠᠭ᠎ᠠ ᠪᠤᠯᠬᠤᠷ ᠲᠤᠰᠬᠠᠶ ᠬᠥᠮᠦᠨ ᠲᠣᠬᠢᠷᠠᠭᠤᠯᠵᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠪᠠᠶᠢᠩᠭᠤ ᠰᠠᠭᠤᠯᠭᠠᠭᠰᠠᠨ ᠥᠬᠡᠶ᠂ ︽ᠭᠤᠷᠪᠠ ᠶᠢ ᠲᠥᠪᠯᠡᠷᠡᠭᠦᠯᠵᠦ᠂ ᠭᠤᠷᠪᠠ ᠶᠢ ᠤᠷᠤᠨ ᠪᠠᠶᠢᠷᠢᠨ ᠳᠤ ᠬᠦᠷᠭᠡᠬᠦ︾ ᠶᠢ ᠪᠡᠶᠡᠯᠡᠭᠦᠯᠦᠭᠰᠡᠨ ᠥᠬᠡᠶ︔ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠷᠠᠭᠤᠯᠬᠤ ᠲᠠᠯ᠎ᠠ ᠪᠠᠷ ︽ᠨᠠᠷᠢᠯᠢᠭ ᠣᠨᠣᠪᠴᠢᠲᠠᠶ ᠪᠠᠷ ᠠᠷᠠᠯᠵᠢᠶᠠᠴᠢᠨ ᠤᠷᠢᠬᠤ᠂ ᠨᠠᠷᠢᠯᠢᠭ ᠣᠨᠣᠪᠴᠢᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ︾ ᠠᠷᠭ᠎ᠠ ᠬᠡᠮᠵᠢᠶ᠎ᠡ ᠨᠢ ᠪᠣᠳᠠᠲᠠᠶ ᠪᠥᠭᠡᠳ ᠪᠦᠲᠦᠮᠵᠢᠲᠡᠶ ᠪᠢᠰᠢ ᠪᠠᠶᠢᠨ᠎ᠠ᠃ ᠡᠳᠡᠭᠡᠷ ᠪᠠᠶᠢᠳᠠᠯ ᠳᠤ ᠴᠢᠭᠯᠡᠬᠦᠯᠦᠠ᠂ ᠨᠢᠭᠡ ᠳᠤ᠂ ᠰᠤᠷᠤᠯᠴᠠᠯᠭ᠎ᠠ ᠪᠠᠨ ᠴᠢᠩᠭᠠᠳᠬᠠᠵᠤ᠂ ᠭᠦᠨᠵᠡᠭᠡᠶ ᠣᠶᠢᠯᠠᠭᠠᠵᠤ᠂ ᠳᠡᠭᠡᠷ᠎ᠠ ᠱᠠᠲᠤᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠤᠶᠢᠪᠢᠰᠢ ᠦᠭᠡᠢ ᠳᠣᠣᠱᠯᠠᠭᠤᠯᠣᠨ ᠨᠠᠶᠢᠳᠠᠪᠤᠷᠢᠵᠢᠭᠤᠯᠤᠨ᠎ᠠ᠃ ᠬᠤᠶᠠᠷ ᠲᠤ᠂ ᠳᠤᠮᠳᠠ ᠵᠢᠵᠢᠭ ᠠᠵᠤ ᠠᠬᠤᠶᠢᠯᠠᠯ ᠤᠨ ᠳᠠᠩᠰᠠ ᠶᠢ ᠢᠯᠭᠠᠷᠠᠭᠤᠯᠤᠨ ᠪᠣᠳᠣᠬᠤ ᠡᠷᠴᠢᠮ ᠢ ᠴᠢᠩᠭᠠᠷᠠᠭᠤᠯᠵᠤ᠂ ᠠᠵᠢᠯ ᠤᠨ ᠡᠭᠦᠷᠭᠡ ᠪᠠ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠡᠳᠦᠷ ᠪᠦᠷᠢ ᠲᠣᠬᠢᠷᠠᠭᠤᠯᠬᠤ᠂ ᠫᠠᠶᠢᠰᠠ ᠡᠯᠭᠦᠨ ᠰᠢᠮᠳᠠᠭᠤᠯᠤᠨ ᠭᠦᠢᠴᠡᠳᠬᠡᠬᠦ ᠵᠡᠷᠭᠡ ᠠᠷᠭ᠎ᠠ ᠬᠡᠮᠵᠢᠶ᠎ᠡ ᠶᠢ ᠠᠪᠴᠤ ᠪᠤᠢ᠃ ᠭᠤᠷᠪᠠ ᠳᠤ᠂ ︽ᠭᠤᠷᠪᠠ ᠶᠢ ᠲᠥᠪᠯᠡᠷᠡᠭᠦᠯᠵᠦ᠂ ᠭᠤᠷᠪᠠ ᠶᠢ ᠤᠷᠤᠨ ᠪᠠᠶᠢᠷᠢᠨ ᠳᠤᠨᠢ ᠬᠦᠷᠭᠡᠬᠦ︾ ᠱᠠᠭᠠᠷᠳᠠᠯᠭ᠎ᠠ ᠶᠣᠰᠣᠭᠠᠷ᠂ ᠲᠤᠰᠬᠠᠶ ᠲᠤᠰᠢᠶᠠᠯᠲᠠᠨ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠲᠣᠮᠢᠯᠠᠨ ᠠᠵᠢᠯᠯᠠᠭᠤᠯᠵᠤ᠂ ᠭᠦᠢᠴᠡᠳᠬᠡᠬᠦ ᠴᠠᠭ ᠤᠨ ᠬᠢᠵᠠᠭᠠᠷ ᠢ ᠪᠣᠭᠤᠨᠢᠰᠬᠠᠠ᠂ ᠠᠵᠢᠯ ᠭᠦᠢᠴᠡᠳᠬᠡᠬᠦ ᠵᠢᠯᠣᠭᠤᠳᠣᠮᠵᠢ ᠪᠠᠨ ᠲᠡᠭᠦᠯᠳᠡᠷᠵᠢᠭᠦᠯᠤᠨ᠂ ᠠᠵᠢᠯ ᠤᠨ ᠶᠠᠪᠤᠴᠠ ᠪᠠᠨ ᠰᠢᠯᠢᠳᠡᠭᠵᠢᠬᠦᠯᠬᠦ ᠪᠤᠯᠤᠨ᠎ᠠ ᠭᠡᠵᠤ ᠪᠠᠶᠢᠯ᠎ᠠ᠃       ᠲᠠᠷᠠᠭᠠᠴᠢ ᠶᠢᠨ ᠠᠯᠬᠤᠮ ᠳᠤ᠂ ᠳᠤᠰ ᠳᠤᠪᠴᠢᠶ᠎ᠠ ᠶᠢᠨ ᠬᠢᠨ᠂ ︽ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ  ᠠᠷᠠᠯᠵᠢᠶᠠᠴᠢᠨ ᠤᠷᠢᠬᠤ︾ ᠵᠡᠷᠭᠡ ᠠᠷᠠᠯᠵᠢᠶᠠᠴᠢᠨ ᠤᠷᠢᠬᠤ ᠣᠯᠠᠨ ᠵᠦᠢᠯ ᠤᠨ ᠵᠠᠭᠪᠤᠷ ᠢ ᠬᠡᠷᠡᠭᠵᠢᠭᠦᠯᠦᠨ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠷᠠᠭᠤᠯᠬᠤ ᠲᠥᠷᠥᠯ ᠵᠦᠢᠯ ᠢ ᠲᠥᠯᠥᠪᠯᠡᠬᠦ᠂ ᠨᠥᠭᠡᠴᠡᠯᠡᠬᠦ ᠪᠠ ᠬᠡᠷᠡᠭᠵᠢᠭᠦᠯᠬᠦ ᠶᠢ ᠴᠢᠩᠭᠠᠳᠬᠠᠵᠤ᠂ ᠠᠵᠤ ᠦᠢᠯᠡᠳᠪᠦᠷᠢ ᠶᠢᠨ ᠨᠦᠭᠡᠴᠡᠯᠡᠯᠳᠡ ᠶᠢ ᠨᠠᠩ ᠰᠢᠯᠢᠳᠡᠭ ᠪᠣᠯᠭᠠᠵᠤ᠂ ᠶᠡᠷᠦᠩᠬᠡᠶ ᠬᠡᠮᠵᠢᠶ᠎ᠡ ᠶᠢ ᠨᠠᠩ ᠶᠡᠭᠡ ᠪᠣᠯᠭᠠᠨ᠎ᠠ︔ ᠢᠳᠡᠪᠬᠢᠲᠡᠶ ᠪᠠᠷ ᠵᠤᠬᠢᠴᠠᠯᠳᠤᠨ᠂ ᠮᠥᠷᠳᠡᠨ ᠦᠢᠯᠡᠴᠢᠯᠡᠵᠦ᠂ 2019 ᠣᠨ ᠤ ᠨᠠᠮᠤᠷ ᠤᠨ ᠤᠯᠠᠷᠢᠯ ᠤᠨ ᠳᠦᠪᠯᠡᠷᠡᠬᠦᠯᠦᠨ ᠭᠡᠷ᠎ᠡ ᠲᠣᠭᠲᠠᠭᠰᠠᠨ 62 ᠲᠥᠷᠥᠯ ᠵᠦᠢᠯ ᠤᠨ ᠪᠥᠲᠥᠭᠡᠨ ᠪᠠᠶᠢᠭᠤᠯᠤᠯᠳᠠ ᠶᠢ ᠠᠬᠢᠭᠤᠯᠣᠨ᠎ᠠ︔ ᠲᠣᠭᠤᠷᠢᠨ ᠪᠠᠶᠢᠴᠠᠭᠠᠬᠤ ᠠᠵᠢᠯ ᠤᠨ ᠬᠠᠷᠢᠭᠤ ᠲᠤᠰᠬᠠᠭᠰᠠᠨ ᠠᠰᠠᠭᠤᠳᠠᠯ ᠢ ᠭᠦᠨᠵᠡᠭᠡᠶ ᠵᠠᠰᠠᠨ ᠴᠡᠭᠴᠡᠯᠡᠵᠤ᠂ ᠬᠠᠷᠢᠭᠤᠴᠠᠯᠭ᠎ᠠ ᠶᠢ ᠦᠨᠡᠨᠬᠦ ᠪᠣᠳᠠᠲᠠᠶᠢᠵᠢᠭᠤᠯᠤᠨ᠂ ᠪᠣᠳᠠᠲᠠᠶ ᠠᠷᠭ᠎ᠠ ᠬᠡᠮᠵᠢᠶ᠎ᠡ ᠲᠣᠭᠲᠠᠭᠠᠨ᠂ ᠴᠡᠭᠴᠡᠯᠡᠨ ᠵᠠᠰᠠᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠪᠦᠭᠡᠳ ᠲᠣᠪᠴᠢᠶᠠᠨ ᠤ ᠨᠠᠮ ᠤᠨ ᠳᠤᠭᠤᠶᠢᠯᠠᠩ ᠤᠨ ᠪᠦᠬᠦ ᠲᠠᠯ᠎ᠠ ᠪᠠᠷ ᠨᠠᠮ ᠢᠶᠠᠨ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠤᠯᠤᠰ ᠲᠥᠷᠥ ᠶᠢᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠢᠯᠠᠴᠢᠯᠡᠬᠡᠠ ᠤ ᠴᠢᠳᠠᠪᠤᠷᠢ ᠪᠠᠨ ᠳᠡᠭᠡᠭᠰᠢᠯᠡᠭᠦᠯᠤᠨ᠂ ᠮᠠᠨ ᠤ ᠠᠶᠢᠮᠠᠭ ᠤᠨ ᠠᠵᠤ ᠦᠢᠯᠡᠳᠪᠦᠷᠢ   ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠬᠤ ᠪᠠᠷ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号