ᠠᠯᠠᠱᠨ ᠠᠶᠢᠮᠠᠭ ᠤᠨ ᠵᠠᠰᠠᠭ ᠤᠨ ᠤᠷᠲᠤᠨ ᠤ ᠦᠢᠯᠡᠴᠢᠯᠡᠭᠡᠨ ᠤ ᠤᠳᠠᠰᠤ 12345 ᠶᠢ ᠪᠠᠶᠢᠭᠤᠯᠬᠤ ᠲᠤᠬᠠᠢ ᠭᠡᠷᠡᠭᠵᠢᠬᠦᠯᠬᠦ ᠲᠦᠰᠦᠯ
ᠨᠡᠶᠢᠲᠡᠯᠡᠭᠰᠡᠨ ᠴᠠᠭ᠄
2020/12/29
      ᠨᠠᠮ ᠤᠨ ᠠᠷᠪᠠ ᠶᠢᠰᠤᠲᠤᠭᠡᠷ ᠶᠡᠭᠡ ᠬᠤᠷᠠᠯ ᠤᠨ ︽ᠠᠷᠠᠳ ᠲᠦᠮᠠᠨ ᠤ ᠳᠠᠭᠠᠰᠢᠶᠠᠯ ᠢ ᠣᠯᠣᠭᠰᠠᠨ ᠦᠢᠯᠡᠴᠢᠯᠡᠭᠡᠨ ᠤ ᠭᠡᠯᠪᠠᠷᠢ ᠶᠢᠨ ᠵᠠᠰᠠᠭ ᠤᠨ ᠤᠷᠲᠤᠨ ᠢ ᠪᠠᠶᠢᠭᠤᠯᠬᠤ︾ ᠲᠤᠬᠠᠢ ᠰᠢᠢᠳᠪᠤᠷᠢᠲᠤ ᠪᠤᠲᠤᠯᠭ᠎ᠠ ᠪᠠᠶᠢᠷᠢᠯᠠᠭᠤᠯᠤᠯᠳᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ︽ᠬᠢᠨ᠋ᠨᠨ ᠵᠦᠪᠰᠢᠶᠡᠷᠡᠬᠦ ᠦᠢᠯᠡᠴᠢᠯᠡᠭᠡ ᠶᠢ ᠠᠷᠠᠳ ᠲᠤ ᠲᠦᠬᠦᠮ ᠦᠵᠡᠬᠦᠯᠬᠦ ᠶᠢ ᠬᠦᠨᠵᠡᠭᠡᠶᠢᠷᠡᠬᠦᠯᠦᠨ ᠠᠬᠢᠭᠤᠯᠬᠤ ᠲᠤᠬᠠᠢ ᠲᠤᠮᠳᠠᠲᠤ ᠤᠯᠤᠰ ᠤᠨ ᠡᠪ ᠬᠠᠮᠲᠤ ᠨᠠᠮ ᠤᠨ ᠲᠦᠪ ᠬᠤᠷᠢᠶ᠎ᠠ ᠶᠢᠨ ᠠᠯᠪᠠᠨ ᠲᠢᠩᠬᠢᠮ ᠲᠦᠷᠦ ᠶᠢᠨ ᠶᠠᠪᠤᠳᠠᠯ ᠤᠨ ᠬᠤᠷᠢᠶ᠎ᠠ  ᠶᠢᠨ ᠠᠯᠪᠠᠨ ᠲᠢᠩᠬᠢᠮ ᠤᠨ ᠵᠢᠯᠤᠭᠤᠳᠬᠤ ᠰᠠᠨᠠᠯ︾ ︵ᠲᠢᠩᠬᠢᠮ ᠦᠰᠦᠭ ﹇2018﹈ 22 ᠳ᠋ᠤᠭᠠᠷ ᠲᠤᠭᠠᠲᠤ︶᠂ ︽︿ᠢᠨᠲ᠋ᠧᠷ ᠰᠦᠯᠵᠢᠶ᠎ᠠ  + ᠵᠠᠰᠠᠭ ᠤᠨ ᠶᠠᠪᠤᠳᠠᠯ ᠤᠨ ᠦᠢᠯᠡᠴᠢᠯᠡᠭᠡ﹀ ᠶᠢ ᠤᠯᠠᠮ ᠨᠢᠭᠡ ᠠᠯᠬᠤᠮ ᠬᠦᠨᠵᠡᠭᠡᠶᠢᠷᠡᠬᠦᠯᠵᠦ ᠵᠠᠰᠠᠭ ᠤᠨ ᠶᠠᠪᠤᠳᠠᠯ ᠤᠨ ᠦᠢᠯᠠᠴᠢᠯᠡᠭᠡ ᠶᠢᠨ ︿ᠨᠢᠭᠡ ᠰᠦᠯᠵᠢᠶ᠎ᠠ᠂ ᠨᠢᠭᠡ ᠡᠬᠦᠳᠡ᠂ ᠨᠢᠭᠡ ᠤᠳᠠᠭ᠎ᠠ﹀ ᠶᠢᠨ ᠦᠭᠡᠷᠡᠴᠢᠯᠠᠯᠳᠠ ᠶᠢ ᠠᠬᠢᠭᠤᠯᠬᠤ ᠭᠡᠷᠡᠭᠵᠢᠬᠦᠯᠬᠦ ᠲᠦᠰᠦᠯ ᠢ ᠤᠯᠠᠮ ᠨᠢᠭᠡ ᠠᠯᠬᠤᠮ ᠬᠦᠨᠵᠡᠬᠡᠶᠢᠷᠡᠬᠦᠯᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠦᠷᠦ ᠠᠯᠪᠠᠨ ᠲᠠᠷᠬᠠᠭᠠᠭᠰᠠᠨ ﹇2018﹈ 45 ᠳ᠋ᠤᠭᠠᠷ ᠲᠤᠭᠠᠲᠤ︶᠂ ︽ᠪᠦᠬᠦ ᠤᠯᠤᠰ ᠤᠨ ︿ᠲᠠᠯᠪᠢᠬᠤ ᠬᠠᠮᠢᠶᠠᠷᠬᠤ ᠦᠢᠯᠡᠴᠢᠯᠠᠬᠦ﹀ ᠦᠭᠡᠷᠡᠴᠢᠯᠠᠯᠳᠡ ᠶᠢ ᠬᠦᠨᠵᠡᠭᠡᠶᠢᠷᠡᠬᠦᠯᠵᠦ ᠡᠵᠡᠩᠨᠡᠨ ᠠᠷᠠᠯᠵᠢᠶᠠᠯᠠᠬᠤ ᠤᠷᠴᠢᠨ ᠲᠤᠭᠤᠷᠢᠨ ᠢ ᠰᠢᠯᠢᠳᠡᠭᠵᠢᠬᠦᠯᠬᠦ ᠲᠧᠯᠸᠢᠰ ᠣᠳᠠᠰᠣ ᠬᠤᠷᠠᠯ ᠤᠨ ᠭᠤᠤᠯᠳᠠᠯᠭᠠᠲᠤ ᠡᠬᠦᠷᠭᠡ ᠶᠢᠨ ᠠᠵᠢᠯ ᠤᠨ ᠬᠤᠪᠢᠶᠠᠷᠢᠯᠠᠯ ᠤᠨ ᠲᠦᠰᠦᠯ ᠢ ᠲᠤᠤᠱᠯᠠᠭᠤᠯᠤᠨ ᠨᠠᠶᠢᠳᠠᠪᠣᠷᠢᠵᠢᠭᠤᠯᠬᠤ ᠲᠤᠬᠠᠢ ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠲᠢᠩᠬᠢᠮ ᠤᠨ ᠳᠠᠷᠣᠮᠠᠯᠯᠠᠨ ᠳᠠᠷᠬᠠᠭᠠᠭᠰᠠᠨ ᠮᠡᠳᠡᠭᠳᠡᠯ︾ ︵ᠦᠪᠤᠷ ᠵᠠᠰᠠᠭ ᠠᠯᠪᠠᠨ ᠲᠠᠷᠬᠠᠭᠠᠭᠰᠠᠨ ﹇2019﹈ 28 ᠳ᠋ᠤᠭᠠᠷ ᠲᠤᠭᠠᠲᠤ︶ ᠵᠡᠷᠭᠡ ᠱᠠᠭᠠᠷᠳᠠᠯᠭ᠎ᠠ ᠪᠠ ᠪᠦᠬᠦ ᠠᠶᠢᠮᠠᠭ ᠤᠨ ᠠᠵᠤ ᠠᠬᠤᠢ ᠶᠢ ᠴᠢᠨᠠᠷ ᠰᠠᠶᠢᠳᠠᠢ ᠲᠠᠢ ᠪᠠᠷ ᠬᠦᠭᠵᠢᠬᠦᠯᠬᠦ ᠬᠤᠷᠠᠯ ᠤᠨ ᠵᠤᠷᠢᠭ ᠰᠠᠨᠠᠭ᠎ᠠ ᠶᠤᠰᠤᠭᠠᠷ᠂ ᠮᠠᠨ ᠤ ᠠᠶᠢᠮᠠᠭ ᠤᠨ ᠪᠤᠳᠠᠲᠠᠢ ᠲᠠᠢ ᠤᠶᠠᠯᠲᠤᠭᠤᠯᠵᠦ᠂ ᠭᠡᠷᠡᠭᠵᠢᠬᠦᠯᠬᠦ ᠲᠦᠰᠦᠯ ᠢ ᠲᠤᠤᠷᠠᠬᠢ ᠮᠠᠲᠤ ᠲᠤᠭᠳᠠᠭᠠᠪᠠ᠃       ᠨᠢᠭᠡ᠂ ᠵᠢᠯᠤᠭᠤᠳᠬᠤ ᠦᠵᠠᠯ ᠰᠠᠨᠠᠭ᠎ᠠ       ᠰᠢ ᠶᠢᠨ ᠫᠢᠩ   ᠤᠨ ᠰᠢᠨ᠎ᠠ ᠴᠠᠭ ᠦᠶ᠎ᠠ   ᠶᠢᠨ ᠲᠤᠮᠳᠠᠲᠤ ᠤᠯᠤᠰ   ᠤᠨ ᠤᠨᠴᠠᠯᠢᠭ   ᠲᠠᠢ ᠨᠠᠶᠢᠭᠡᠮ ᠵᠢᠷᠤᠮ ᠤᠨ ᠦᠵᠠᠯ ᠰᠠᠨᠠᠭ᠎ᠠ   ᠪᠠᠷ ᠵᠢᠯᠤᠭᠤᠲᠤᠯᠭ᠎ᠠ ᠪᠤᠯᠭᠠᠵᠦ᠂ ᠨᠠᠮ   ᠤᠨ ᠠᠷᠪᠠ ᠶᠢᠰᠤᠲᠤᠭᠡᠷ ᠶᠡᠭᠡ ᠬᠤᠷᠠᠯ ᠪᠠ ᠠᠷᠪᠠ ᠶᠢᠰᠤᠲᠤᠭᠡᠷ ᠬᠤᠭᠤᠴᠠᠭᠠᠨ   ᠤ ᠲᠦᠪ ᠬᠤᠷᠢᠶᠠᠨ   ᠤ ᠬᠤᠶᠠᠲᠤᠭᠠᠷ ᠪᠦᠬᠦᠳᠡ ᠬᠤᠷᠠᠯ᠂ ᠭᠤᠷᠪᠠᠲᠤᠭᠠᠷ ᠪᠦᠬᠦᠳᠡ ᠬᠤᠷᠠᠯ᠂ ᠲᠦᠷᠪᠠᠲᠤᠭᠡᠷ ᠪᠦᠬᠦᠳᠡ ᠬᠤᠷᠠᠯ   ᠤᠨ ᠵᠤᠷᠢᠭ ᠰᠠᠨᠠᠭ᠎ᠠ   ᠶᠢ ᠨᠠᠷᠢᠨ ᠬᠢᠨᠠᠮᠠᠭᠠᠢ ᠲᠤᠤᠱᠯᠠᠭᠤᠯᠵᠦ᠂ ︽ᠠᠷᠠᠳ ᠲᠦᠮᠠᠨ   ᠢᠶᠠᠷ ᠭᠤᠤᠯ ᠪᠤᠯᠭᠠᠬᠤ︾ ᠬᠦᠭᠵᠢᠯᠳᠡ   ᠶᠢᠨ ᠦᠵᠠᠯ ᠰᠠᠨᠠᠭ᠎ᠠ   ᠶᠢ ᠪᠠᠲᠤ ᠪᠤᠢ ᠪᠤᠯᠭᠠᠵᠦ᠂ ᠨᠠᠮ   ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ   ᠤᠨ ᠬᠤᠷᠢᠶ᠎ᠠ  ᠪᠠ ᠦᠪᠠᠷᠳᠡᠭᠡᠨ ᠵᠠᠰᠠᠬᠤ ᠤᠷᠤᠨ ᠤ      ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠳᠡ   ᠶᠢᠨ ᠠᠵᠢᠯ   ᠤᠨ ᠲᠤᠬᠠᠢ ᠪᠠᠶᠢᠷᠢᠯᠠᠭᠤᠯᠤᠯᠳᠠ ᠶᠤᠰᠤᠭᠠᠷ᠂ ᠠᠰᠠᠭᠤᠳᠠᠯ ᠪᠤᠯᠤᠨ ᠭᠡᠷᠡᠭᠴᠡᠭᠡ ᠱᠠᠭᠠᠷᠳᠠᠯᠭ᠎ᠠ ᠪᠠᠷ ᠤᠲᠤᠷᠢᠲᠤᠮᠵᠢ ᠪᠤᠯᠭᠠᠬᠤ ᠶᠢ ᠪᠠᠷᠢᠮᠳᠠᠯᠠᠵᠦ᠂ ᠤᠯᠠᠨ ᠲᠦᠮᠠᠨ ᠤ ᠬᠦᠰᠡᠯ ᠱᠠᠭᠠᠷᠳᠠᠯᠭ᠎ᠠ ᠪᠠᠷ ᠢᠮᠠᠭᠳᠠ ᠳᠦᠷᠦᠬᠦᠦ ᠲᠤᠬᠢᠶ᠎ᠠ ᠪᠤᠯᠭᠠᠵᠦ᠂ ᠠᠷᠠᠳ ᠤᠯᠠᠨ   ᠤ ᠳᠣᠷᠠᠳᠣᠭᠰᠠᠨ ᠭᠤᠮᠤᠳᠠᠯ ᠲᠤᠭᠠᠴᠢᠭ᠎ᠠ   ᠶᠢ ᠳᠦᠷᠦᠭᠦᠦ ᠡᠬᠦᠷᠭᠡ ᠲᠤᠰᠢᠶᠠᠯ ᠢᠶᠠᠨ ᠪᠤᠯᠭᠠᠵᠦ᠂ ᠠᠷᠠᠳ ᠤᠯᠠᠨ ᠤ ᠰᠡᠳᠬᠢᠯ ᠬᠠᠨᠤᠮᠵᠢ ᠲᠠᠢ ᠪᠠᠶᠢᠬᠤ ᠪᠠᠷ ᠳᠦᠷᠦᠬᠦᠦ ᠪᠠᠷᠢᠮᠵᠢᠶ᠎ᠠ ᠪᠤᠯᠭᠠᠵᠦ᠂ ᠠᠷᠠᠳ   ᠤᠨ ᠰᠠᠨᠠᠯ ᠢ ᠰᠤᠨᠤᠰᠬᠤ᠂ ᠠᠷᠠᠳ ᠤᠨ ᠣᠶᠣᠨ ᠣᠬᠠᠭᠠᠨ ᠢ ᠨᠢᠭᠳᠠᠷᠠᠭᠤᠯᠬᠤ᠂ ᠠᠷᠠᠳ   ᠤᠨ ᠵᠤᠪᠠᠯᠠᠩ ᠵᠦᠳᠡᠬᠦᠷᠢ ᠶᠢ ᠰᠢᠢᠳᠪᠤᠷᠢᠯᠠᠵᠦ᠂ ᠠᠷᠠᠳ ᠤᠯᠠᠨ ᠤ ᠭᠤᠮᠤᠳᠠᠯ   ᠢᠶᠠᠨ ᠲᠤᠭᠠᠴᠢᠬᠤ ᠠᠷᠭ᠎ᠠ ᠵᠠᠮ   ᠢ ᠢᠳᠡᠪᠬᠢᠲᠡᠢ ᠰᠢᠯᠣᠭᠤᠳᠬᠠᠵᠦ᠂ ᠠᠷᠠᠳ ᠤᠯᠠᠨ  ᠤ ᠬᠤᠪᠢ ᠪᠠᠶ᠎ᠠ   ᠶᠢᠨ ᠠᠰᠢᠭ ᠲᠤᠰᠠ   ᠶᠢ ᠬᠦᠴᠦᠯᠠᠨ ᠬᠠᠮᠠᠭᠠᠯᠠᠵᠦ᠂ ︽12345᠂ ᠤᠴᠢᠷ ᠪᠠᠶᠢᠪᠠᠯ ᠵᠠᠰᠠᠭ  ᠤᠨ ᠤᠷᠲᠤᠨ ᠢ ᠡᠷᠢᠬᠦ︾ ᠦᠢᠯᠡᠴᠢᠯᠠᠭᠡᠨ   ᠤ ᠣᠶᠢᠯᠠᠭᠠᠭᠳᠠᠬᠤᠨ   ᠢ ᠠᠷᠠᠳ   ᠤᠨ ᠰᠡᠳᠬᠢᠯ   ᠳᠤ ᠬᠤᠨᠣᠭᠰᠢᠭᠤᠯᠵᠦ᠂ ᠵᠠᠰᠠᠭ   ᠤᠨ ᠤᠷᠲᠤᠨ   ᠤ ᠤᠯᠠᠨ ᠨᠠᠶᠢᠳᠠ   ᠳᠤ ᠦᠢᠯᠡᠴᠢᠯᠡᠬᠦ ᠬᠢᠷᠢ ᠲᠦᠪᠰᠢᠨ  ᠪᠠ ᠤᠯᠠᠨ ᠲᠦᠮᠠᠨ ᠤ ᠬᠠᠨᠤᠮᠵᠢ ᠶᠢᠨ ᠭᠡᠮᠵᠢᠶ᠎ᠠ ᠶᠢ ᠦᠨ᠋ᠨᠨᠬᠦ ᠲᠡᠭᠡᠭᠰᠢᠯᠠᠬᠦᠯᠦᠨ᠎ᠠ᠃       ᠬᠤᠶᠠᠷ᠂ ᠠᠵᠢᠯ ᠤᠨ ᠬᠠᠷᠠᠯᠳᠠ       ᠤᠯᠠᠨ ᠲᠦᠮᠠᠨ ᠤ ᠭᠡᠷᠡᠭᠴᠡᠭᠡ ᠱᠠᠭᠠᠷᠳᠠᠯᠭ᠎ᠠ ᠪᠤᠯᠤᠨ ᠠᠷᠠᠳ ᠲᠤ ᠲᠦᠬᠦᠮ ᠦᠵᠠᠬᠦᠯᠵᠦ ᠠᠵᠤ ᠠᠬᠤᠶᠢᠯᠠᠯ  ᠳᠤ ᠠᠰᠢᠭ ᠲᠠᠢ ᠪᠠᠶᠢᠬᠤ ᠶᠢ ᠪᠠᠷᠢᠮᠳᠠᠯᠠᠬᠤ ᠪᠠᠷ ᠤᠲᠤᠷᠢᠲᠤᠮᠵᠢ ᠪᠤᠯᠭᠠᠨ᠂ ᠡᠯ᠎ᠠ ᠲᠦᠷᠦᠯ ᠤᠨ ᠤᠯᠠᠨ ᠨᠠᠶᠢᠳᠠ ᠶᠢᠨ ᠦᠢᠯᠡᠴᠢᠯᠡᠭᠡᠨ ᠤ ᠤᠳᠠᠰᠤ ᠶᠢᠨ ︽ᠨᠤᠮᠧᠷ ᠢ ᠨᠢ ᠴᠡᠭᠡᠵᠢᠯᠠᠬᠦ ᠳᠤ ᠬᠦᠴᠢᠷᠲᠡᠢ᠂ ᠤᠳᠠᠰᠤ ᠨᠡᠪᠳᠡᠷᠡᠬᠦ ᠳᠤ ᠬᠦᠴᠢᠷᠲᠡᠢ᠂ ᠭᠤᠮᠤᠳᠠᠯ ᠲᠤᠭᠠᠴᠢᠬᠤ ᠳᠤ ᠬᠦᠴᠢᠷᠲᠡᠢ᠂ ᠤᠴᠢᠷ ᠰᠢᠢᠳᠪᠤᠷᠢᠯᠠᠬᠦ ᠳᠤ ᠬᠦᠴᠢᠷᠲᠡᠢ︾ ᠪᠠᠶᠢᠬᠤ ᠠᠰᠠᠭᠤᠳᠠᠯ ᠢ ᠰᠢᠢᠳᠪᠤᠷᠢᠯᠠᠨ᠎ᠠ︔ ᠮᠠᠨ ᠤ ᠠᠶᠢᠮᠠᠭ ᠤᠨ ᠵᠠᠰᠠᠭ ᠠᠷᠠᠳ ᠬᠠᠷᠢᠯᠴᠠᠬᠤ ᠠᠷᠭ᠎ᠠ ᠵᠠᠮ ᠢ ᠪᠦᠬᠦ ᠲᠠᠯ᠎ᠠ  ᠪᠠᠷ ᠪᠠᠶᠢᠭᠤᠯᠵᠦ᠂ ᠠᠰᠠᠭᠤᠨ ᠯᠠᠪᠯᠠᠬᠤ᠂ ᠦᠢᠯᠡᠴᠢᠯᠠᠬᠦ᠂ ᠠᠪᠤᠷᠠᠨ ᠲᠤᠰᠠᠯᠠᠬᠤ᠂ ᠮᠡᠳᠡᠭᠡ ᠵᠠᠩᠬᠢ ᠶᠢ ᠬᠤᠷᠢᠶᠠᠩᠭᠤᠶᠢᠯᠠᠨ ᠴᠤᠭᠯᠠᠭᠤᠯᠵᠦ ᠵᠠᠳᠠᠯᠬᠤ᠂ ᠵᠤᠬᠢᠴᠠᠭᠤᠯᠤᠨ ᠰᠢᠮᠳᠠᠭᠤᠯᠤᠨ ᠬᠦᠢᠴᠡᠳᠭᠡᠬᠦᠯᠬᠦ ᠪᠠᠷ ᠨᠢᠭᠡ ᠴᠤᠭᠴᠠ ᠪᠤᠯᠭᠠᠭᠰᠠᠨ ᠵᠠᠰᠠᠭ ᠤᠨ ᠤᠷᠲᠤᠨ ᠤ ᠦᠢᠯᠡᠴᠢᠯᠡᠬᠦ ᠣᠳᠠᠰᠣ 12345 ᠶᠢᠨ ᠲᠠᠪᠴᠠᠩ ᠢ ᠪᠠᠶᠢᠭᠤᠯᠵᠦ᠂         ︽ᠣᠳᠠᠰᠣ ᠶᠢ ᠨᠡᠪᠳᠡᠷᠡᠭᠦᠯᠬᠦ᠂ ᠭᠤᠮᠤᠳᠠᠯ ᠲᠤᠭᠠᠴᠢᠭ᠎ᠠ ᠶᠢ ᠬᠤᠷᠢᠶᠠᠩᠭᠤᠶᠢᠯᠠᠬᠤ᠂ ᠲᠦᠷᠦᠯ ᠬᠤᠪᠢᠶᠠᠨ ᠰᠢᠢᠳᠪᠤᠷᠢᠯᠠᠬᠦ᠂ ᠨᠢᠭᠡᠲᠤᠯᠲᠡᠢ ᠵᠤᠬᠢᠴᠠᠭᠤᠯᠬᠤ᠂ ᠡᠯ᠎ᠠ ᠲᠠᠯ᠎ᠠ ᠪᠠᠷ ᠢᠶᠠᠨ ᠬᠤᠯᠪᠤᠭᠠᠯᠠᠨ ᠬᠦᠳᠡᠯᠤᠯᠴᠡᠬᠦ᠂ ᠬᠤᠭᠤᠴᠠᠭ᠎ᠠ ᠬᠢᠵᠠᠭᠠᠷᠯᠠᠨ ᠬᠦᠢᠴᠡᠳᠭᠡᠬᠦ︾ ᠠᠵᠢᠯ ᠤᠨ ᠲᠤᠭᠳᠠᠴᠠ ᠶᠢ ᠪᠤᠢ ᠪᠤᠯᠭᠠᠵᠦ᠂ ᠵᠠᠰᠠᠭ ᠤᠨ ᠤᠷᠲᠤᠨ ᠤ ᠦᠢᠯᠡᠴᠢᠯᠡᠬᠦ ᠤᠳᠠᠰᠤ ᠶᠢᠨ ᠪᠠᠶᠢᠭᠤᠯᠤᠯᠳᠠ ᠶᠢ ᠡᠷᠴᠢᠮᠵᠢᠬᠦᠯᠬᠦ᠂ ᠬᠠᠮᠢᠶᠠᠷᠤᠯᠳᠠ ᠶᠢ ᠵᠦᠭᠰᠢᠷᠡᠬᠦᠯᠬᠦ᠂ ᠦᠢᠯᠡᠴᠢᠯᠡᠭᠡ  ᠶᠢ ᠪᠠᠷᠢᠮᠵᠢᠶᠠᠵᠢᠭᠤᠯᠬᠤ᠂ ᠲᠤᠬᠢᠷᠠᠭᠤᠯᠤᠯᠳᠠ ᠶᠢ ᠤᠳᠠᠰᠤᠵᠢᠭᠤᠯᠬᠤ᠂ ᠰᠢᠮᠳᠠᠭᠤᠯᠤᠨ ᠬᠦᠢᠴᠡᠳᠭᠡᠬᠦᠯᠬᠦ ᠶᠢ ᠡᠷᠭᠡᠵᠢᠬᠦᠯᠬᠦ ᠶᠢ ᠪᠠᠶᠠᠯᠡᠬᠦᠯᠵᠦ᠂ ︽ᠤᠴᠢᠷ ᠶᠠᠪᠤᠳᠠᠯ ᠪᠤᠯᠭᠠᠨ ᠳᠤ ᠬᠠᠷᠢᠭᠤ ᠲᠤᠰᠬᠠᠯ ᠲᠠᠢ᠂ ᠭᠡᠷᠡᠭ ᠪᠦᠬᠦᠨ ᠳᠤ ᠬᠠᠷᠢᠭᠤᠯᠳᠠ ᠲᠠᠢ︾ ᠪᠠᠶᠢᠵᠦ᠂ ᠨᠠᠮ ᠪᠠ ᠵᠠᠰᠠᠭ ᠤᠨ ᠤᠷᠲᠤᠨ ᠤ ᠤᠯᠠᠨ ᠲᠦᠮᠠᠨ ᠲᠠᠢ ᠨᠢᠭᠳᠠ ᠬᠠᠷᠢᠯᠴᠠᠬᠤ ᠬᠤᠯᠪᠤᠭᠠᠰᠤ ᠪᠤᠯᠭᠠᠵᠦ᠂ ᠨᠠᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠦᠷᠭᠡᠨ ᠲᠡᠯᠭᠡᠷ ᠬᠤᠷᠢᠶᠠᠨ ᠴᠤᠭᠯᠠᠭᠤᠯᠬᠤ ᠬᠤᠯᠪᠣᠭᠠᠰᠣ ᠪᠤᠯᠭᠠᠨ᠂ ᠵᠠᠰᠠᠭ ᠤᠨ ᠤᠷᠲᠤᠨ ᠤ ᠠᠵᠢᠯ ᠤᠨ ᠪᠠᠭᠤᠷᠠᠢ ᠭᠤᠭᠴᠤᠭ᠎ᠠ ᠶᠢ ᠡᠮᠬᠢᠯᠡᠬᠦ ᠬᠠᠪᠰᠤᠷᠤᠯᠭ᠎ᠠ ᠪᠤᠯᠭᠠᠵᠦ᠂ ᠤᠲᠤᠷᠢᠲᠤᠯᠭ᠎ᠠ ᠶᠢᠨ ᠰᠢᠢᠳᠪᠤᠷᠢᠲᠤ ᠪᠤᠲᠤᠯᠭ᠎ᠠ ᠲᠤᠭᠳᠠᠭᠠᠬᠤ ᠳᠤ ᠦᠢᠯᠠᠴᠢᠯᠡᠬᠦ ᠵᠦᠪᠯᠡᠭᠴᠢ ᠪᠤᠯᠭᠠᠵᠦ᠂ ᠵᠠᠰᠠᠭ ᠤᠨ ᠤᠷᠲᠤᠨ ᠤ ᠠᠵᠢᠯ ᠤᠨ ᠦᠷ᠎ᠠ ᠪᠦᠲᠤᠮᠵᠢ ᠶᠢ ᠰᠢᠯᠭᠠᠨ ᠪᠠᠶᠢᠴᠠᠭᠠᠬᠤ ᠬᠡᠮᠵᠢᠬᠦᠷ ᠪᠤᠯᠭᠠᠵᠦ᠂ ᠡᠵᠡᠩᠨᠠᠨ ᠠᠷᠠᠯᠵᠢᠶᠠᠯᠠᠬᠤ ᠤᠷᠴᠢᠨ ᠲᠤᠭᠤᠷᠢᠨ ᠢ ᠰᠢᠯᠢᠳᠡᠭᠵᠢᠬᠦᠯᠬᠦ ᠦᠯᠢᠭᠡᠷ ᠳᠠᠭᠤᠷᠢᠶᠠᠯ ᠪᠤᠯᠭᠠᠵᠦ᠂ ᠵᠠᠰᠠᠭ ᠤᠨ ᠤᠷᠲᠤᠨ ᠤ ᠨᠠᠶᠢᠳᠠ ᠶᠢ ᠢᠳᠡᠭᠡᠬᠦᠯᠬᠦ ᠬᠦᠴᠦᠨ ᠪᠠ ᠭᠡᠷᠡᠭᠵᠢᠬᠦᠯᠬᠦ ᠬᠦᠴᠦᠨ ᠢ ᠦᠨ᠋ᠨᠨᠬᠦ ᠴᠢᠩᠭᠠᠳᠬᠠᠵᠦ᠂ ᠵᠠᠰᠠᠭ ᠤᠨ ᠤᠷᠲᠤᠨ ᠤ ᠵᠠᠰᠠᠯᠳᠠ ᠶᠢᠨ ᠰᠢᠰᠲ᠋ᠧᠮᠵᠢ ᠪᠠ ᠵᠠᠰᠠᠯᠳᠠ ᠶᠢᠨ ᠴᠢᠳᠠᠪᠤᠷᠢ ᠶᠢᠨ ᠤᠲᠤᠬᠢᠴᠢᠯᠠᠯᠳᠠ ᠶᠢ ᠠᠬᠢᠭᠤᠯᠤᠨ᠎ᠠ᠃       ᠭᠤᠷᠪᠠ᠂ ᠦᠨᠲᠤᠰᠤᠨ ᠵᠠᠷᠴᠢᠮ       ︵ᠨᠢᠭᠡ︶ ᠠᠷᠠᠳ ᠲᠤ ᠲᠦᠬᠦᠮ ᠦᠵᠠᠬᠦᠯᠵᠦ ᠠᠵᠤ ᠠᠬᠤᠶᠢᠯᠠᠯ ᠳᠤ ᠠᠰᠢᠭ ᠲᠠᠢ ᠪᠠᠶᠢᠬᠤ ᠶᠢ ᠪᠠᠷᠢᠮᠳᠠᠯᠠᠨ᠎ᠠ᠃ ᠤᠯᠠᠨ ᠲᠦᠮᠠᠨ ᠪᠠ ᠠᠵᠤ ᠠᠬᠤᠶᠢᠯᠠᠯ ᠤᠨ ︽ᠬᠠᠨᠤᠮᠵᠢ ᠲᠠᠢ ᠪᠠᠶᠢᠬᠤ ᠡᠰᠡᠬᠦ᠂ ᠪᠠᠶᠠᠷᠯᠠᠵᠦ ᠪᠠᠶᠢᠬᠤ ᠡᠰᠡᠬᠦ᠂ ᠵᠦᠪᠰᠢᠶᠠᠷᠡᠵᠦ ᠪᠠᠶᠢᠬᠤ ᠡᠰᠡᠬᠦ᠂ ᠤᠷᠤᠯᠴᠠᠵᠦ ᠪᠠᠶᠢᠬᠤ ᠡᠰᠡᠬᠦ︾ ᠪᠠᠷ ᠠᠵᠢᠯ ᠤᠨ ᠳᠡᠷᠢᠬᠦᠨ ᠤ ᠪᠠᠷᠢᠮᠵᠢᠶ᠎ᠠ ᠪᠤᠯᠭᠠᠵᠦ᠂ ᠠᠷᠠᠳ ᠤᠯᠠᠨ ᠪᠠ ᠠᠵᠤ ᠠᠬᠤᠶᠢᠯᠠᠯ ᠤᠨ ᠬᠠᠮᠤᠭ ᠤᠨ ᠪᠠᠴᠢᠮ ᠬᠠᠮᠤᠭ ᠤᠨ ᠵᠤᠪᠠᠵᠦ ᠪᠠᠶᠢᠬᠤ ᠬᠠᠮᠤᠭ ᠤᠨ ᠬᠦᠰᠡᠵᠦ ᠪᠠᠶᠢᠭ᠎ᠠ ᠠᠰᠠᠭᠤᠳᠠᠯ ᠢ ᠬᠦᠴᠦᠯᠠᠨ ᠰᠢᠢᠳᠪᠤᠷᠢᠯᠠᠵᠦ᠂ ︽ᠭᠤᠮᠤᠳᠠᠯ ᠲᠤᠭᠠᠴᠢᠭ᠎ᠠ  ᠶᠢ ᠬᠦᠯᠢᠶᠠᠨ ᠠᠪᠤᠪᠠᠯ ᠲᠠᠷᠤᠢ ᠲᠦᠷᠭᠡᠨ ᠬᠦᠢᠴᠡᠳᠭᠡᠬᠦ︾ ᠪᠠᠷ ᠲᠠᠮᠵᠢᠭᠤᠯᠵᠦ ᠤᠯᠠᠨ ᠲᠦᠮᠠᠨ ᠪᠠ ᠠᠵᠤ ᠠᠬᠤᠶᠢᠯᠠᠯ ᠤᠨ ᠭᠤᠮᠤᠳᠠᠯ ᠲᠤᠭᠠᠴᠢᠭ᠎ᠠ ᠳᠤ ᠴᠠᠭ ᠲᠤᠬᠠᠢ ᠳᠤᠨᠢ ᠬᠠᠷᠢᠭᠤᠯᠳᠠ ᠦᠭᠴᠦ᠂ ︽ᠠᠷᠠᠳ ᠤᠯᠠᠨ ᠳᠤ ᠭᠡᠯᠡᠬᠦ ᠤᠴᠢᠷ ᠪᠠᠶᠢᠪᠠᠯ᠂ ᠪᠢ ᠵᠠᠪᠠᠯ ᠬᠠᠷᠢᠭᠤᠯᠳᠠ ᠦᠭᠬᠦ︾ ᠶᠢ ᠪᠠᠶᠠᠯᠡᠬᠦᠯᠦᠨ᠎ᠠ᠃       ︵ᠬᠤᠶᠠᠷ︶ ᠠᠰᠠᠭᠤᠳᠠᠯ ᠤᠨ ᠤᠲᠤᠷᠢᠲᠤᠮᠵᠢ ᠶᠢ ᠪᠠᠷᠢᠮᠳᠠᠯᠠᠨ᠎ᠠ᠃ ᠤᠲᠤᠬᠠᠨ ᠳᠤ ᠮᠠᠨ ᠤ ᠠᠶᠢᠮᠠᠭ ᠵᠠᠰᠠᠭ  ᠤᠨ ᠤᠷᠲᠤᠨ ᠤ ᠦᠢᠯᠡᠴᠢᠯᠡᠭᠡᠨ ᠤ ᠤᠳᠠᠰᠤ 12345 ᠶᠢ ᠬᠠᠷᠠᠬᠠᠨ ᠨᠡᠭᠡᠭᠡᠵᠦ ᠨᠡᠪᠳᠡᠷᠡᠬᠦᠯᠤᠭᠡᠲᠤᠢ ᠪᠠᠶᠢᠭᠰᠠᠭᠠᠷ᠂ ᠣᠳᠣᠬᠠᠨ ᠤ ᠪᠠᠶᠢᠭ᠎ᠠ ᠡᠯ᠎ᠠ ᠲᠦᠷᠦᠯ ᠤᠨ ᠦᠢᠯᠠᠴᠢᠯᠡᠭᠡᠨ ᠤ ᠤᠳᠠᠰᠤᠨ ᠲᠠᠪᠴᠠᠩ ᠨᠢ ᠳᠠᠷᠠᠬᠠᠢ ᠪᠤᠳᠠᠷᠬᠠᠢ᠂ ᠡᠳ᠋  ᠤᠨ ᠵᠠᠰᠠᠭ ᠤᠨ ᠬᠦᠴᠦᠨ ᠤ ᠪᠠᠲᠤᠯᠠᠭ᠎ᠠ ᠨᠢ ᠨᠠᠯᠢᠶᠠᠳ ᠪᠠᠭᠤᠷᠠᠢ᠂ ᠬᠤᠰᠢᠭᠤ ᠨᠡᠭᠡᠭᠡᠯᠳᠡ ᠶᠢᠨ ᠤᠷᠤᠨ ᠳᠤ ᠲᠤᠰᠬᠠᠢ ᠵᠤᠬᠢᠶᠠᠨ ᠪᠠᠶᠢᠭᠤᠯᠤᠯᠳᠠ ᠦᠭᠡᠢ᠂ ᠤᠯᠠᠨ ᠲᠦᠮᠠᠨ ᠤ ᠮᠡᠳᠡᠴᠠ ᠶᠢᠨ ᠭᠡᠮᠵᠢᠶ᠎ᠠ ᠦᠨᠳᠦᠷ ᠪᠢᠰᠢ᠂ ᠬᠦᠢᠴᠡᠳᠭᠡᠵᠦ ᠬᠠᠷᠢᠭᠤ ᠲᠤᠰᠬᠠᠬᠤ ᠲᠠᠯ᠎ᠠ ᠪᠠᠷ ᠲᠦᠷᠭᠡᠨ ᠪᠢᠰᠢ᠂ ᠠᠰᠠᠭᠤᠳᠠᠯ ᠢ ᠰᠢᠢᠳᠪᠤᠷᠢᠯᠠᠬᠦ ᠨᠤᠷᠮ᠎ᠠ ᠨᠢ ᠦᠨᠲᠤᠷ ᠪᠢᠰᠢ ᠵᠡᠷᠭᠡ ᠠᠰᠠᠭᠤᠳᠠᠯ ᠨᠠᠶᠢᠳᠠᠮ ᠳᠡᠭᠡᠨ ᠤᠷᠤᠰᠢᠵᠦ ᠪᠠᠶᠢᠨ᠎ᠠ᠂ ᠪᠦᠬᠦ ᠠᠶᠢᠮᠠᠭ ᠤᠨ ᠡᠯ᠎ᠠ ᠲᠦᠷᠦᠯ ᠤᠨ ᠦᠢᠯᠠᠴᠢᠯᠡᠭᠡᠨ ᠤ ᠤᠳᠠᠰᠤ ᠶᠢ ᠪᠠᠶᠢᠭᠤᠯᠬᠤ᠂ ᠡᠮᠬᠢᠯᠠᠨ ᠨᠠᠶᠢᠯᠡᠬᠦᠯᠬᠦ ᠠᠰᠠᠭᠤᠳᠠᠯ ᠢ ᠲᠤᠯᠭᠠᠮ᠎ᠠ ᠰᠢᠢᠳᠪᠤᠷᠢᠯᠠᠬᠦ ᠴᠢᠬᠤᠯᠠᠲᠡᠢ ᠪᠠᠶᠢᠵᠦ᠂ ᠵᠠᠰᠠᠭ ᠤᠨ ᠤᠷᠲᠤᠨ ᠤ ᠦᠢᠯᠡᠴᠢᠯᠡᠭᠡᠨ ᠤ ᠤᠳᠠᠰᠤ ᠶᠢᠨ ᠠᠵᠢᠯ ᠤᠨ ᠲᠤᠭᠳᠠᠴᠠ ᠶᠢᠨ ᠦᠭᠡᠷᠡᠴᠢᠯᠡᠯᠳᠡ ᠪᠠᠷ ᠦᠨᠲᠤᠰᠤᠨ ᠱᠠᠲᠤᠨ ᠤ ᠵᠠᠰᠠᠯᠳᠠ ᠶᠢᠨ ᠦᠭᠡᠷᠡᠴᠢᠯᠡᠯᠳᠡ ᠶᠢ ᠠᠬᠢᠭᠤᠯᠤᠨ᠎ᠠ᠃       ︵ᠭᠤᠷᠪᠠ︶ ᠰᠢᠰᠲ᠋ᠧᠮ ᠲᠠᠢ ᠪᠠᠷ ᠠᠬᠢᠬᠤ ᠶᠢ ᠪᠠᠷᠢᠮᠳᠠᠯᠠᠨ᠎ᠠ᠃ ᠪᠠᠶᠢᠭᠤᠯᠤᠯ ᠲᠤᠭᠳᠠᠴᠠ ᠠᠴᠠ ᠭᠠᠷ ᠲᠦᠷᠦᠵᠦ᠂ ︽ᠭᠤᠮᠤᠳᠠᠯ ᠲᠤᠭᠠᠴᠢᠭ᠎ᠠ ᠶᠢ ᠬᠦᠯᠢᠶᠠᠨ ᠠᠪᠤᠪᠠᠯ ᠲᠡᠷᠨ ᠲᠠᠷᠤᠢ ᠳᠤᠨᠢ ᠬᠦᠢᠴᠡᠳᠭᠡᠬᠦ︾ ᠠᠵᠢᠯ ᠢ ᠰᠢᠰᠲ᠋ᠧᠮ ᠲᠠᠢ᠂ ᠪᠦᠬᠦᠯᠢ ᠴᠤᠭᠴᠠ ᠪᠠᠷ ᠨᠢ᠂ ᠬᠠᠮᠵᠢᠯᠴᠠᠨ ᠠᠬᠢᠭᠤᠯᠤᠨ᠎ᠠ᠃ ᠳᠡᠭᠡᠳᠦ ᠱᠠᠳᠣᠨ ᠤ ᠬᠢᠨ ᠴᠢᠬᠤᠯᠠᠴᠢᠯᠠᠵᠦ ᠳᠣᠣᠷᠠᠳᠣ ᠱᠠᠳᠣᠨ ᠤ ᠬᠢᠨ ᠬᠦᠩᠭᠡᠪᠴᠢᠯᠡᠬᠦ ᠬᠠᠷᠰᠢ ᠰᠠᠭᠠᠳ ᠲᠠᠢ ᠬᠦᠴᠢᠷ ᠠᠰᠠᠭᠤᠳᠠᠯ ᠢ ᠭᠤᠯᠳᠣ ᠴᠢᠭᠯᠡᠯ ᠠᠴᠠ ᠠᠷᠢᠯᠭᠠᠵᠦ᠂ ᠲᠡᠭᠡᠲᠤ ᠱᠠᠳᠣᠨ ᠤ ᠬᠢᠨ ᠡᠷᠴᠢᠮᠳᠡᠢ ᠪᠠᠷ ᠨᠢᠭᠡᠲᠤᠯᠲᠡᠢ ᠲᠦᠯᠦᠪᠯᠠᠨ᠂ ᠲᠤᠮᠳᠠ ᠱᠠᠳᠣᠨ ᠤ ᠬᠢᠨ ᠦᠨᠲᠤᠷ ᠪᠦᠲᠤᠮᠵᠢᠲᠡᠢ ᠪᠠᠷ ᠠᠵᠢᠯᠯᠠᠭᠤᠯᠵᠦ᠂ ᠦᠨᠲᠤᠰᠤᠨ ᠱᠠᠳᠣᠨ ᠤ ᠬᠢᠨ ᠴᠢᠩᠭ᠎ᠠ ᠠᠳᠬᠤᠨ ᠪᠤᠳᠠᠲᠠᠢ ᠬᠢᠬᠦ ᠵᠠᠰᠠᠯᠳᠠ ᠶᠢᠨ ᠰᠢᠰᠲ᠋ᠧᠮᠵᠢ ᠶᠢ ᠪᠤᠢ ᠪᠤᠯᠭᠠᠨ᠎ᠠ︔ ᠰᠠᠯᠠᠭ᠎ᠠ ᠮᠦᠴᠢᠷ ᠤᠨ ᠬᠢᠨ ᠬᠡᠰᠡᠭᠯᠡᠨ ᠬᠠᠮᠢᠶᠠᠷᠣᠭᠰᠠᠨ᠂ ᠲᠤᠰ ᠲᠤᠰ ᠲᠠᠭᠠᠨ ᠡᠷᠭᠡ ᠪᠠᠨ ᠬᠡᠷᠡᠭᠵᠢᠬᠦᠯᠦᠭᠰᠡᠨ ᠡᠮᠵᠡᠭ ᠢ ᠬᠦᠨᠳᠡᠯᠡᠨ ᠴᠢᠭᠯᠡᠯ ᠠᠴᠠ ᠠᠷᠢᠯᠭᠠᠵᠦ᠂ ᠮᠡᠳᠡᠭᠡ ᠵᠠᠩᠬᠢ ᠶᠢ ᠬᠠᠷᠢᠯᠴᠠᠨ ᠰᠤᠯᠢᠯᠴᠠᠬᠤ᠂ ᠡᠬᠢ ᠪᠠᠶᠠᠯᠢᠭ ᠢ ᠬᠠᠮᠲᠤ ᠪᠠᠷ ᠬᠤᠪᠢᠶᠠᠯᠴᠠᠬᠤ᠂ ᠠᠵᠢᠯ ᠤᠨ ᠲᠠᠯ᠎ᠠ ᠪᠠᠷ ᠬᠤᠯᠪᠤᠭᠠᠯᠠᠨ ᠬᠦᠳᠡᠯᠤᠯᠴᠠᠬᠦ ᠲᠤᠭᠳᠠᠴᠠ ᠶᠢ ᠪᠠᠶᠢᠭᠤᠯᠤᠨ᠎ᠠ᠃       ︵ᠲᠦᠷᠪᠠ︶ ᠦᠨᠲᠤᠷ ᠲᠦᠪᠰᠢᠨ ᠪᠦᠬᠦᠢ ᠠᠵᠢᠯᠯᠠᠭᠠᠨ ᠢ ᠪᠠᠷᠢᠮᠳᠠᠯᠠᠨ᠎ᠠ᠃ ᠨᠠᠮ ᠤᠨ ᠤᠲᠤᠷᠢᠲᠤᠯᠭ᠎ᠠ ᠶᠢ ᠴᠢᠩᠭᠠᠳᠬᠠᠵᠦ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠰᠢᠢᠳᠪᠤᠷᠢᠲᠤ ᠪᠤᠲᠤᠯᠭ᠎ᠠ ᠶᠢᠨ ᠭᠡᠷᠡᠭᠵᠢᠬᠦᠯᠬᠦ ᠬᠦᠴᠦᠨ ᠢ ᠲᠤᠤᠱᠯᠠᠭᠤᠯᠬᠤ ᠶᠢ ᠬᠦᠴᠦᠯᠡᠨ ᠳᠡᠭᠡᠭᠰᠢᠯᠡᠬᠦᠯᠵᠦ᠂ ᠵᠠᠰᠠᠭ ᠤᠨ ᠤᠷᠲᠤᠨ᠂ ᠨᠠᠶᠢᠭᠡᠮ ᠨᠠᠶᠢᠳᠡ᠂ ᠤᠯᠠᠨ ᠲᠦᠮᠠᠨ ᠭᠤᠷᠪᠠᠨ ᠲᠠᠯ᠎ᠠ ᠪᠠᠷ ᠢᠶᠠᠨ ᠤᠷᠤᠯᠴᠠᠭᠰᠠᠨ ᠬᠠᠮᠵᠢᠯᠴᠠᠨ ᠵᠠᠰᠠᠬᠤ ᠪᠠᠶᠢᠳᠠᠯ ᠢ ᠪᠣᠢ ᠪᠣᠯᠭᠠᠨ᠎ᠠ᠃       ᠲᠦᠷᠪᠠ᠂ ᠠᠵᠢᠯ ᠤᠨ ᠡᠬᠦᠷᠭᠡ       ︵ᠨᠢᠭᠡ︶ ᠪᠠᠶᠢᠭᠤᠯᠤᠮᠵᠢ ᠶᠢ ᠪᠦᠷᠢᠯᠳᠦᠬᠦᠯᠦᠨ ᠪᠠᠶᠢᠭᠤᠯᠤᠨ᠎ᠠ᠃ ︽ᠨᠢᠭᠡᠲᠤᠯᠲᠡᠢ ᠬᠦᠯᠢᠶᠠᠨ ᠠᠪᠬᠤ᠂ ᠬᠠᠷᠢᠭᠤᠴᠠᠯᠭ᠎ᠠ ᠶᠤᠰᠤᠭᠠᠷ ᠰᠢᠯᠵᠢᠬᠦᠯᠦᠨ ᠬᠦᠢᠴᠡᠳᠭᠡᠬᠦ᠂ ᠬᠤᠭᠤᠴᠠᠭ᠎ᠠ ᠬᠢᠵᠠᠭᠠᠷᠯᠠᠨ ᠬᠦᠢᠴᠡᠳᠭᠡᠵᠦ ᠲᠠᠭᠤᠰᠬᠠᠬᠤ᠂ ᠨᠢᠭᠡᠲᠤᠯᠲᠡᠢ ᠰᠢᠮᠳᠠᠭᠤᠯᠤᠨ ᠬᠦᠢᠴᠡᠳᠭᠡᠬᠦᠯᠬᠦ᠂ ᠬᠢᠨ᠋ᠨᠨ ᠰᠢᠯᠭᠠᠵᠦ ᠦᠨᠠᠯᠠᠬᠦ︾ ᠲᠠᠪᠤᠨ ᠠᠯᠬᠤᠮ ᠤᠨ ᠭᠤᠭᠴᠤᠭ᠎ᠠ  ᠶᠢ ᠪᠢᠳᠡᠬᠦᠮᠵᠢᠯᠡᠭᠰᠡᠨ ᠠᠵᠢᠯ ᠤᠨ ᠲᠤᠭᠳᠠᠴᠠ ᠶᠢᠨ ᠱᠠᠭᠠᠷᠳᠠᠯᠭ᠎ᠠ ᠶᠤᠰᠤᠭᠠᠷ᠂ ᠠᠵᠢᠯ ᠤᠨ ᠲᠤᠭᠳᠠᠴᠠ ᠶᠢ ᠪᠠᠶᠢᠭᠤᠯᠤᠨ ᠪᠦᠷᠢᠨᠰᠢᠬᠦᠯᠵᠦ᠂ ᠠᠵᠢᠯᠳᠠᠨ ᠢ ᠪᠦᠷᠢᠨ ᠬᠦᠢᠴᠡᠳ ᠡᠷᠴᠢᠮᠳᠡᠢ ᠲᠤᠬᠢᠷᠠᠭᠤᠯᠵᠦ᠂ ᠠᠶᠢᠮᠠᠭ᠂ ᠬᠤᠰᠢᠭᠤ ᠨᠡᠭᠡᠭᠡᠯᠳᠡ ᠶᠢᠨ ᠤᠷᠤᠨ᠂ ᠰᠤᠮᠤ ᠪᠠᠯᠭᠠᠰᠤ ︵ᠵᠡᠭᠡᠯᠢ ᠭᠤᠲᠤᠮᠵᠢ︶᠂ ᠭᠠᠴᠠᠭ᠎ᠠ ᠲᠤᠰᠬᠤᠨ ︵ᠨᠡᠶᠢᠭᠡᠮ ᠲᠤᠭᠤᠷᠢᠭ︶ ᠲᠦᠷᠪᠠᠨ ᠱᠠᠲᠤ ᠬᠠᠷᠢᠯᠴᠠᠨ ᠨᠡᠪᠳᠡᠷᠡᠯᠴᠡᠬᠦ᠂ ᠲᠡᠭᠡᠲᠤ ᠲᠤᠤᠷᠠᠲᠤ ᠱᠠᠲᠤ ᠬᠤᠯᠪᠤᠭᠠᠯᠠᠨ ᠬᠦᠳᠡᠯᠤᠯᠴᠡᠬᠦ ᠶᠢ ᠪᠠᠶᠠᠯᠡᠬᠦᠯᠵᠦ᠂ ᠡᠯ᠎ᠠ ᠲᠦᠷᠦᠯ ᠤᠨ ᠠᠰᠠᠭᠤᠳᠠᠯ ᠢ ᠬᠠᠷᠢᠭᠤᠴᠠᠬᠤ᠂ ᠲᠠᠮᠵᠢᠭᠤᠯᠬᠤ᠂ ᠰᠢᠢᠳᠪᠤᠷᠢᠯᠠᠬᠦ᠂ ᠰᠢᠮᠳᠠᠭᠤᠯᠤᠨ ᠬᠦᠢᠴᠡᠳᠭᠡᠬᠦᠯᠬᠦ᠂ ᠬᠠᠷᠢᠭᠤ ᠲᠤᠰᠬᠠᠬᠤ ᠬᠦᠮᠦᠨ ᠲᠠᠢ ᠪᠤᠯᠭᠠᠨ᠎ᠠ᠃       1. ᠵᠠᠰᠠᠭ ᠤᠨ ᠤᠷᠲᠤᠨ ᠤ ᠭᠡᠷᠡᠭ ᠶᠠᠪᠣᠳᠠᠯ ᠵᠦᠪᠯᠠᠬᠦ ᠪᠠᠶᠢᠭᠤᠯᠤᠮᠵᠢ ᠶᠢ ᠪᠦᠷᠢᠯᠳᠦᠬᠦᠯᠦᠨ ᠪᠠᠶᠢᠭᠤᠯᠤᠨ᠎ᠠ᠃ ᠠᠯᠠᠱᠨ ᠠᠶᠢᠮᠠᠭ ᠤᠨ ᠵᠠᠰᠠᠭ ᠤᠨ ᠤᠷᠲᠤᠨ ᠤ ᠦᠢᠯᠡᠴᠢᠯᠡᠭᠡᠨ ᠤ  ᠣᠳᠠᠰᠣ 12345 ᠶᠢᠨ ᠪᠠᠶᠢᠭᠤᠯᠤᠯᠳᠠ ᠶᠢᠨ ᠲᠤᠰᠬᠠᠢ ᠠᠵᠢᠯ ᠤᠨ ᠲᠤᠭᠤᠶᠢᠯᠠᠩ ᠢ ᠪᠠᠶᠢᠭᠤᠯᠵᠦ᠂ ᠪᠦᠬᠦ ᠠᠶᠢᠮᠠᠭ ᠤᠨ ᠵᠠᠰᠠᠭ ᠤᠨ ᠤᠷᠲᠤᠨ ᠤ ᠦᠢᠯᠡᠴᠢᠯᠡᠭᠡᠨ ᠤ ᠤᠳᠠᠰᠤ ᠶᠢ ᠡᠮᠬᠢᠯᠠᠨ ᠨᠡᠶᠢᠯᠠᠬᠦᠯᠵᠦ ᠪᠠᠶᠢᠭᠤᠯᠬᠤ᠂ ᠭᠡᠷᠡᠭᠯᠡᠭᠡᠨ ᠤ ᠬᠠᠮᠠᠭᠠᠯᠠᠯᠳᠠ ᠬᠠᠮᠢᠶᠠᠷᠤᠯᠳᠠ ᠪᠠ ᠰᠢᠮᠳᠠᠭᠤᠯᠤᠨ ᠪᠠᠶᠢᠴᠠᠭᠠᠯᠳᠠ ᠶᠢ ᠠᠬᠢᠭᠤᠯᠬᠤ ᠵᠡᠷᠭᠡ ᠠᠵᠢᠯ ᠢ ᠬᠠᠷᠢᠭᠤᠴᠠᠨ᠎ᠠ᠃ ᠲᠤᠭᠤᠶᠢᠯᠠᠩ ᠤᠨ ᠲᠠᠷᠤᠭ᠎ᠠ ᠶᠢᠨ ᠳᠣᠰᠢᠶᠠᠯ ᠢ ᠠᠶᠢᠮᠠᠭ ᠤᠨ ᠲᠠᠷᠤᠭ᠎ᠠ ᠲᠠᠶᠢᠴᠢᠨ ᠡᠬᠦᠷᠭᠡᠯᠡᠵᠦ᠂ ᠲᠤᠭᠤᠶᠢᠯᠠᠩ ᠤᠨ ᠲᠡᠳ᠋ ᠲᠠᠷᠤᠭ᠎ᠠ ᠶᠢᠨ ᠳᠣᠰᠢᠶᠠᠯ ᠢ ᠠᠶᠢᠮᠠᠭ ᠤᠨ ᠡᠯ᠎ᠠ ᠲᠡᠳ᠋ ᠲᠠᠷᠤᠭ᠎ᠠ ᠡᠬᠦᠷᠭᠡᠯᠠᠨ᠎ᠠ᠃ ᠡᠯ᠎ᠠ ᠬᠤᠰᠢᠭᠤ ᠨᠡᠭᠡᠭᠡᠯᠳᠡ ᠶᠢᠨ ᠤᠷᠤᠨ᠂ ᠡᠯ᠎ᠠ ᠬᠤᠯᠪᠤᠭᠳᠠᠯ ᠪᠦᠬᠦᠢ ᠨᠢᠭᠡᠴᠠ ᠶᠢᠨ ᠭᠤᠤᠯ ᠤᠲᠤᠷᠢᠲᠤᠯᠭ᠎ᠠ ᠪᠠᠷ ᠭᠡᠰᠢᠬᠦᠨ ᠪᠤᠯᠭᠠᠨ᠎ᠠ᠃ ᠲᠤᠰᠬᠠᠢ ᠠᠵᠢᠯ ᠤᠨ ᠲᠤᠭᠤᠶᠢᠯᠠᠩ ᠤᠨ ᠲᠤᠤᠷ᠎ᠠ ᠨᠢ ᠠᠯᠪᠠᠨ ᠭᠡᠷ ᠢ ᠳᠣᠬᠢᠷᠠᠭᠤᠯᠵᠦ᠂ ᠠᠯᠪᠠᠨ ᠭᠡᠷ ᠢ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ ᠳᠤ  ᠳᠣᠬᠢᠷᠠᠭᠤᠯᠵᠦ᠂ ᠣᠳᠠᠰᠣᠨ ᠤ ᠪᠠᠶᠢᠭᠤᠯᠣᠯᠳᠠ ᠪᠠ ᠡᠲᠤᠷ ᠲᠤᠲᠤᠮ ᠤᠨ ᠠᠵᠢᠯ ᠢ ᠬᠠᠷᠢᠭᠤᠴᠠᠨ᠎ᠠ᠃       2. ᠠᠶᠢᠮᠠᠭ ᠤᠨ ᠱᠠᠲᠤᠨ ᠤ ᠲᠤᠰᠬᠠᠢ ᠤᠳᠠᠰᠤᠨ ᠤ ᠬᠠᠮᠢᠶᠠᠷᠤᠯᠳᠠ ᠶᠢᠨ ᠪᠠᠶᠢᠭᠤᠯᠤᠮᠵᠢ ᠶᠢ ᠪᠦᠷᠢᠯᠳᠦᠬᠦᠯᠦᠨ ᠪᠠᠶᠢᠭᠤᠯᠤᠨ᠎ᠠ᠃ ᠵᠠᠰᠠᠭ ᠤᠨ ᠤᠷᠲᠤᠨ ᠤ ᠦᠢᠯᠡᠴᠢᠯᠡᠭᠡᠨ ᠤ ᠤᠳᠠᠰᠤ 12345 ᠶᠢᠨ ᠬᠠᠮᠢᠶᠠᠷᠤᠯᠳᠠ ᠶᠢᠨ ᠲᠦᠪ ︵ᠵᠢᠩᠬᠢᠨᠢ ᠰᠠᠯᠠᠭᠠᠨ ᠲᠡᠰ ᠤᠨ ᠠᠵᠢᠯ ᠦᠢᠯᠡᠰ ᠤᠨ ᠨᠢᠭᠡᠴᠡ ᠪᠠᠶᠢᠵᠦ᠂ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ ᠳᠤ ᠬᠠᠷᠢᠶᠠᠯᠠᠭᠳᠠᠨ᠎ᠠ︶ ᠢ ᠪᠠᠶᠢᠭᠤᠯᠵᠦ᠂ ᠪᠠᠶᠢᠭᠤᠯᠤᠮᠵᠢ  ᠶᠢᠨ ᠪᠤᠳᠠᠲᠠᠢ ᠣᠷᠣᠨ ᠲᠤᠭ᠎ᠠ᠂ ᠡᠬᠦᠷᠭᠡ ᠲᠤᠰᠢᠶᠠᠯ ᠪᠤᠯᠤᠨ ᠤᠷᠤᠨ ᠲᠤᠭᠠᠨ ᠤ ᠪᠠᠶᠢᠳᠠᠯ ᠢ ᠠᠶᠢᠮᠠᠭ ᠤᠨ ᠨᠠᠮ ᠤᠨ ᠬᠤᠷᠢᠶ᠎ᠠ ᠶᠢᠨ ᠪᠠᠶᠢᠭᠤᠯᠣᠮᠵᠢ ᠶᠢᠨ ᠤᠷᠤᠨ ᠲᠤᠭᠠᠨ ᠤ ᠬᠤᠷᠢᠶᠠᠨ ᠤ ᠠᠯᠪᠠᠨ ᠭᠡᠷ ᠠᠴᠠ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ ᠲᠠᠢ ᠵᠦᠪᠳᠡᠯᠴᠡᠭᠰᠡᠨ ᠤ ᠳᠠᠷᠠᠭ᠎ᠠ᠂ ᠠᠶᠢᠮᠠᠭ ᠤᠨ ᠨᠠᠮ ᠤᠨ ᠬᠤᠷᠢᠶᠠᠨ ᠤ ᠪᠠᠶᠢᠭᠤᠯᠣᠮᠵᠢ ᠶᠢᠨ ᠣᠷᠣᠨ ᠳᠣᠭᠠᠨ ᠤ ᠬᠤᠷᠢᠶᠠᠨ ᠤ ᠬᠤᠷᠠᠯ ᠳᠤ ᠳᠡᠪᠰᠢᠬᠦᠯᠵᠦ ᠳᠣᠭᠳᠠᠭᠠᠯᠭᠠᠨ᠎ᠠ᠃ ᠠᠶᠢᠮᠠᠭ ᠤᠨ ᠡᠳ᠋ ᠤᠨ ᠵᠠᠰᠠᠭ ᠤᠨ ᠳᠣᠪᠴᠢᠶ᠎ᠠ ᠨᠢ ᠠᠶᠢᠮᠠᠭ ᠤᠨ ᠵᠠᠰᠠᠭ ᠤᠨ ᠶᠠᠪᠣᠳᠠᠯ ᠤᠨ ᠦᠢᠯᠡᠴᠢᠯᠡᠬᠡᠨ ᠤ ᠳᠣᠪᠴᠢᠶ᠎ᠠ ᠲᠠᠢ ᠬᠠᠮᠳᠣᠷᠠᠨ ᠬᠤᠳᠠᠯᠳᠣᠨ ᠠᠪᠬᠤ ᠦᠢᠯᠡᠴᠢᠯᠡᠬᠡᠨ ᠤ ᠠᠵᠢᠯᠳᠠᠨ ᠤ ᠪᠣᠳᠠᠳᠠᠢ ᠳᠤᠭ᠎ᠠ ᠶᠢ ᠳᠣᠭᠳᠠᠭᠠᠨ᠎ᠠ᠃       3. ᠠᠶᠢᠮᠠᠭ ᠤᠨ ᠰᠢᠭᠤᠳ ᠬᠠᠷᠢᠶ᠎ᠠ ᠡᠯ᠎ᠠ ᠰᠠᠯᠠᠭ᠎ᠠ ᠮᠦᠴᠢᠷ ᠨᠢ ᠲᠤᠰᠬᠠᠢ ᠬᠦᠮᠦᠨ ᠢᠶᠠᠷ ᠦᠢᠯᠡᠴᠢᠯᠡᠭᠡᠨ ᠤ ᠤᠳᠠᠰᠤᠨ ᠤ ᠲᠤᠰᠢᠶᠠᠵᠦ ᠦᠭᠬᠦᠭᠰᠡᠨ ᠤᠴᠢᠷ ᠵᠦᠢᠯ ᠢ ᠬᠦᠢᠴᠡᠳᠭᠡᠬᠦ ᠠᠵᠢᠯ ᠢ ᠡᠭᠦᠷᠭᠡᠯᠡᠬᠦᠯᠦᠨ ᠬᠠᠷᠢᠭᠤᠴᠠᠭᠤᠯᠵᠦ᠂ ᠳᠣᠰ ᠠᠵᠢᠯᠳᠠᠨ ᠢ ᠰᠠᠯᠠᠭ᠎ᠠ ᠮᠦᠴᠢᠷ ᠲᠤᠲᠤᠭᠠᠲᠤ ᠳᠠᠭᠠᠨ ᠲᠤᠬᠢᠷᠠᠭᠤᠯᠤᠨ᠎ᠠ᠃       4. ᠡᠯ᠎ᠠ ᠬᠤᠰᠢᠭᠤ ᠨᠡᠭᠡᠭᠡᠯᠳᠡ ᠶᠢᠨ ᠤᠷᠤᠨ ᠨᠢ ᠦᠢᠯᠠᠴᠢᠯᠡᠭᠡᠨ ᠤ ᠤᠳᠠᠰᠤ ᠶᠢ ᠲᠠᠭᠠᠭᠠᠨ ᠡᠬᠦᠷᠭᠡᠯᠡᠬᠦ ᠪᠠᠶᠢᠭᠤᠯᠤᠮᠵᠢ ᠶᠢ ᠲᠤᠭᠳᠠᠭᠠᠵᠦ᠂ ᠡᠯ᠎ᠠ ᠬᠤᠰᠢᠭᠤ ᠨᠡᠭᠡᠭᠡᠯᠳᠡ ᠶᠢᠨ ᠤᠷᠤᠨ ᠪᠣᠳᠠᠳᠠᠢ ᠪᠠᠶᠢᠳᠠᠯ ᠢᠶᠠᠨ ᠦᠨᠳᠦᠰᠦᠯᠡᠵᠦ ᠦᠪᠡᠰᠦᠪᠡᠨ ᠲᠤᠭᠳᠠᠭᠠᠨ᠎ᠠ᠃       5. ᠦᠢᠯᠠᠴᠢᠯᠡᠭᠡᠨ ᠤ ᠤᠳᠠᠰᠤᠨ ᠤ ᠠᠵᠢᠯᠯᠠᠭᠠᠨ ᠤ ᠰᠡᠬᠦᠯ ᠤᠨ ᠬᠤᠭᠤᠴᠠᠭᠠᠨ ᠳᠤ᠂ ᠡᠯ᠎ᠠ ᠰᠤᠮᠤ ᠰᠢᠶᠠᠩ ᠪᠠᠯᠭᠠᠰᠤ᠂ ᠵᠡᠭᠡᠯᠢ ᠭᠤᠲᠤᠮᠵᠢ ᠶᠢᠨ ᠭᠡᠷᠡᠭ ᠡᠷᠭᠢᠯᠠᠬᠦ ᠭᠠᠵᠠᠷ ᠲᠤ  ᠰᠢᠭᠤᠳ ᠬᠦᠷᠭᠡᠬᠦ ᠶᠢ ᠪᠠᠶᠡᠯᠡᠬᠦᠯᠵᠦ᠂ ᠨᠠᠮ ᠪᠠ ᠤᠯᠠᠨ ᠲᠦᠮᠠᠨ ᠤ ᠦᠢᠯᠡᠴᠢᠯᠡᠭᠡᠨ ᠤ ᠲᠦᠪ ᠤᠨ ᠠᠷᠠᠳ ᠲᠤ ᠲᠦᠬᠦᠮ ᠦᠵᠠᠬᠦᠯᠬᠦ ᠴᠤᠩᠬᠤᠪᠴᠢ ᠳᠤ ᠨᠠᠶᠢᠳᠠᠵᠦ᠂ ᠲᠤᠰᠬᠠᠢ ᠬᠦᠮᠦᠨ ᠢ ᠲᠤᠭᠳᠠᠭᠠᠵᠦ ᠰᠢᠯᠵᠢᠬᠦᠯᠦᠨ ᠬᠦᠢᠴᠡᠳᠭᠡᠬᠦᠯᠬᠦ ᠶᠢ ᠬᠠᠷᠢᠭᠤᠴᠠᠭᠤᠯᠣᠨ᠎ᠠ᠃       ︵ᠬᠤᠶᠠᠷ︶ ᠲᠤᠭᠳᠠᠴᠠ ᠶᠢ ᠪᠠᠶᠢᠭᠤᠯᠤᠨ᠎ᠠ᠃ ᠪᠦᠬᠦ ᠠᠶᠢᠮᠠᠭ ᠤᠨ ᠲᠡᠭᠡᠲᠤ ᠲᠤᠤᠷᠠᠲᠤ  ᠱᠠᠳᠣᠨ ᠤ ᠬᠢᠨ ︽ᠬᠦᠨᠳᠡᠯᠠᠨ ᠢᠶᠠᠷ ᠬᠦᠪᠡᠭᠡ ᠵᠠᠬ᠎ᠠ ᠳᠤᠨᠢ ᠬᠦᠷᠭᠡᠬᠦ᠂ ᠭᠤᠯᠲᠤ ᠪᠠᠷ ᠡᠴᠤᠰ ᠲᠤᠨᠢ ᠳᠣᠯᠭᠠᠬᠤ᠂ ᠲᠡᠭᠡᠲᠤ ᠲᠤᠤᠷᠠᠲᠤ ᠱᠠᠲᠤ ᠬᠤᠯᠪᠤᠭᠠᠯᠠᠨ ᠬᠦᠳᠡᠯᠤᠯᠴᠡᠬᠦ᠂ ᠵᠡᠷᠭᠡᠪᠠᠷ ᠠᠳᠬᠤᠵᠦ ᠬᠠᠮᠲᠤ ᠳᠤᠨᠢ ᠬᠠᠮᠢᠶᠠᠷᠬᠤ︾ ᠠᠵᠢᠯᠯᠠᠭᠠᠨ ᠤ ᠲᠤᠭᠳᠠᠴᠠ ᠶᠤᠰᠤᠭᠠᠷ᠂ ︽ᠲᠦᠪᠯᠡᠷᠡᠬᠦᠯᠦᠨ ᠬᠠᠮᠢᠶᠠᠷᠬᠤ᠂ ᠨᠢᠭᠡᠲᠤᠯᠲᠡᠢ ᠬᠦᠯᠢᠶᠠᠨ ᠠᠪᠴᠦ ᠰᠢᠢᠳᠪᠤᠷᠢᠯᠠᠬᠦ᠂ ᠬᠠᠷᠢᠭᠤᠴᠠᠯᠭ᠎ᠠ ᠶᠤᠰᠤᠭᠠᠷ ᠲᠤᠰᠢᠶᠠᠨ ᠬᠦᠢᠴᠡᠳᠭᠡᠬᠦᠯᠬᠦ᠂ ᠬᠤᠭᠤᠴᠠᠭ᠎ᠠ ᠬᠢᠵᠠᠭᠠᠷᠯᠠᠨ ᠬᠦᠢᠴᠡᠳᠭᠡᠵᠦ ᠲᠠᠭᠤᠰᠬᠠᠬᠤ᠂ ᠨᠢᠭᠡᠲᠤᠯᠲᠡᠢ ᠰᠢᠮᠳᠠᠭᠤᠯᠤᠨ ᠬᠦᠢᠴᠡᠳᠭᠡᠬᠦᠯᠬᠦ᠂ ᠬᠠᠷᠢᠭᠤ ᠲᠤᠰᠬᠠᠵᠦ ᠦᠨᠠᠯᠠᠬᠦ᠂ ᠵᠠᠰᠠᠭ ᠵᠠᠬᠢᠷᠭᠠᠨ ᠤ ᠬᠠᠷᠢᠭᠤᠴᠠᠯᠭ᠎ᠠ ᠨᠡᠭᠡᠮᠵᠢᠯᠠᠬᠦ᠂ ᠵᠠᠳᠠᠯᠤᠨ ᠰᠤᠲᠤᠯᠵᠦ ᠮᠠᠭᠠᠳᠯᠠᠬᠤ︾ ᠠᠵᠢᠯ ᠤᠨ ᠲᠤᠭᠳᠠᠴᠠ ᠶᠢᠨ ᠠᠷᠭ᠎ᠠ ᠪᠠᠷᠢᠯ  ᠢᠶᠠᠷ ᠪᠦᠬᠦ ᠠᠷᠭ᠎ᠠ ᠵᠠᠮ᠂ ᠪᠦᠬᠦ ᠲᠤᠬᠠᠶᠢᠯᠠᠭᠰᠠᠨ ᠠᠵᠢᠯ᠂ ᠪᠦᠬᠦ ᠰᠢᠰᠲ᠋ᠧᠮ ᠢᠶᠠᠷ ᠭᠤᠮᠤᠳᠠᠯ ᠲᠤᠭᠠᠴᠢᠭ᠎ᠠ ᠶᠢ ᠲᠦᠪᠯᠡᠷᠡᠬᠦᠯᠦᠨ ᠬᠤᠷᠢᠶᠠᠩᠭᠤᠶᠢᠯᠠᠵᠦ᠂ ᠭᠠᠳᠠᠭᠰᠢ ᠬᠠᠨᠲᠤᠭᠤᠯᠬᠤ ᠠᠷᠭ᠎ᠠ ᠵᠠᠮ ᠢ ᠨᠢᠭᠡᠳᠭᠡᠵᠦ᠂ ᠲᠠᠪᠴᠠᠩ ᠤᠨ ᠠᠵᠢᠯᠯᠠᠭᠠᠨ ᠢ ᠨᠢᠭᠡᠳᠭᠡᠵᠦ᠂ ᠤᠯᠠᠨ ᠲᠦᠮᠠᠨ ᠭᠤᠮᠤᠳᠠᠯ ᠲᠤᠭᠠᠴᠢᠭ᠎ᠠ ᠪᠠᠨ ᠮᠡᠳᠡᠬᠦᠯᠬᠦ ᠳᠤᠨᠢ ᠲᠦᠬᠦᠮ ᠦᠵᠡᠬᠦᠯᠬᠦ  ᠶᠢ ᠪᠡᠶᠡᠯᠡᠬᠦᠯᠦᠨ᠎ᠡ᠃       1. ᠠᠵᠢᠯᠯᠠᠭᠠᠨ ᠤ ᠲᠤᠭᠳᠠᠴᠠ᠃ ᠠᠶᠢᠮᠠᠭ ᠤᠨ ᠱᠠᠲᠤᠨ ᠤ ︽ᠣᠳᠠᠰᠣ ᠶᠢ ᠨᠡᠪᠳᠡᠷᠡᠭᠦᠯᠬᠦ︾ ᠨᠢ ᠲᠤᠰᠴᠦ ᠰᠤᠨᠤᠰᠬᠤ᠂ ᠰᠢᠯᠵᠢᠬᠦᠯᠦᠨ ᠵᠠᠯᠭᠠᠬᠤ᠂ ᠰᠢᠮᠳᠠᠭᠤᠯᠤᠨ ᠪᠠᠶᠢᠴᠠᠭᠠᠬᠤ᠂ ᠬᠢᠨ᠋ᠨᠨ ᠰᠢᠯᠭᠠᠬᠤ᠂ ᠰᠤᠲᠤᠯᠤᠨ ᠵᠠᠳᠠᠯᠬᠤ ᠠᠵᠢᠯ ᠢ ᠬᠠᠷᠢᠭᠤᠴᠠᠵᠦ᠂ ᠡᠯ᠎ᠠ ᠬᠤᠰᠢᠭᠤ ᠨᠡᠭᠡᠭᠡᠯᠳᠡ ᠶᠢᠨ ᠤᠷᠤᠨ᠂ ᠠᠶᠢᠮᠠᠭ ᠤᠨ ᠰᠢᠭᠤᠳ ᠬᠠᠷᠢᠶ᠎ᠠ ᠡᠯ᠎ᠠ ᠰᠠᠯᠠᠭ᠎ᠠ ᠮᠦᠴᠢᠷ ᠨᠢ ᠲᠠᠭᠠᠭᠠᠨ ᠬᠦᠢᠴᠡᠳᠭᠡᠬᠦ ᠪᠠ ᠬᠠᠷᠢᠭᠤ ᠲᠤᠰᠬᠠᠬᠤ ᠠᠵᠢᠯ ᠢ ᠬᠠᠷᠢᠭᠤᠴᠠᠨ᠎ᠠ᠃       2. ᠬᠠᠮᠢᠶᠠᠷᠤᠯᠳᠠ ᠶᠢᠨ ᠲᠤᠭᠳᠠᠴᠠ᠃ ᠠᠶᠢᠮᠠᠭ ᠤᠨ ᠱᠠᠲᠤᠨ ᠳᠤ ᠨᠢᠭᠡ ᠢᠵᠢ ᠰᠢᠰᠲ᠋ᠧᠮ ᠢ ᠪᠠᠶᠢᠭᠤᠯᠵᠦ᠂ ᠨᠢᠭᠡ ᠢᠵᠢ ᠪᠠᠷᠢᠮᠵᠢᠶ᠎ᠠ ᠪᠠ ᠠᠵᠢᠯ ᠤᠨ ᠴᠤᠪᠤᠷᠠᠯ ᠢ ᠳᠣᠭᠳᠠᠭᠠᠵᠦ᠂ ᠡᠯ᠎ᠠ ᠬᠤᠰᠢᠭᠤ ᠨᠡᠭᠡᠭᠡᠯᠳᠡ ᠶᠢᠨ ᠤᠷᠤᠨ᠂ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠨᠢᠭᠡᠲᠤᠯᠲᠡᠢ ᠭᠡᠷᠡᠭᠵᠢᠬᠦᠯᠦᠨ᠎ᠠ᠃ ᠠᠶᠢᠮᠠᠭ ᠤᠨ ᠱᠠᠳᠣᠨ ᠠᠴᠠ ᠬᠠᠮᠢᠶᠠᠷᠤᠯᠳᠠ ᠶᠢᠨ ᠠᠷᠭ᠎ᠠ ᠪᠠ ᠠᠵᠢᠯ ᠤᠨ ᠲᠦᠷᠢᠮ ᠢ ᠨᠡᠶᠢᠳᠡᠯᠡᠵᠦ᠂ ᠬᠠᠮᠢᠶᠠᠷᠤᠯᠳᠠ  ᠶᠢᠨ ᠪᠠᠶᠢᠭᠤᠯᠤᠮᠵᠢ ᠶᠢᠨ ᠲᠤᠰᠢᠶᠠᠯ ᠬᠠᠷᠢᠭᠤᠴᠠᠯᠭ᠎ᠠ᠂ ᠬᠦᠯᠢᠶᠠᠨ ᠠᠪᠴᠤ ᠰᠢᠢᠳᠪᠤᠷᠢᠯᠠᠬᠦ ᠬᠦᠷᠢᠶ᠎ᠠ ᠭᠡᠪᠴᠢᠶ᠎ᠠ᠂ ᠬᠠᠮᠢᠶᠠᠷᠤᠯᠳᠠ ᠶᠢᠨ ᠬᠠᠷᠢᠶ᠎ᠠ ᠳᠠᠬᠢ ᠵᠠᠷᠴᠢᠮ᠂ ᠰᠢᠢᠳᠪᠤᠷᠢᠯᠠᠬᠦ ᠲᠡᠰ ᠲᠠᠷᠠᠭᠠᠯᠠᠯ᠂ ᠰᠢᠢᠳᠪᠤᠷᠢᠯᠠᠬᠦ ᠴᠠᠭ ᠤᠨ ᠬᠢᠵᠠᠭᠠᠷᠯᠠᠯ᠂ ᠲᠤᠭᠳᠠᠭᠰᠠᠨ ᠬᠤᠭᠤᠴᠠᠭᠠᠨ ᠳᠠᠬᠢ ᠵᠠᠳᠠᠯᠤᠯᠳᠠ ᠬᠢᠭᠰᠡᠨ ᠮᠡᠳᠡᠬᠦᠯᠦᠯᠳᠡ᠂ ᠳᠣᠬᠠᠢ ᠶᠢᠨ ᠴᠠᠭ ᠲᠠᠬᠢ ᠪᠦᠷᠢᠳᠭᠡᠯ᠂ ᠲᠤᠭ᠎ᠠ ᠪᠠᠷᠢᠮᠳᠠ ᠶᠢᠨ ᠵᠠᠳᠠᠯᠤᠯᠳᠠ ᠵᠡᠷᠭᠡ ᠱᠠᠭᠠᠷᠳᠠᠯᠭ᠎ᠠ ᠶᠢ ᠲᠤᠲᠤᠷᠬᠠᠶᠢᠯᠠᠨ᠎ᠠ᠃       3. ︽ᠭᠤᠮᠤᠳᠠᠯ ᠲᠤᠭᠠᠴᠢᠭ᠎ᠠ ᠶᠢᠨ ᠤᠳᠠᠰᠤ ᠶᠢ ᠲᠤᠰᠪᠠᠯ ᠲᠡᠷᠨ ᠲᠠᠷᠤᠢ ᠳᠤᠨᠢ ᠬᠦᠢᠴᠡᠳᠭᠡᠬᠦ︾ ᠲᠤᠭᠳᠠᠴᠠ᠃ ᠤᠯᠠᠨ ᠲᠦᠮᠠᠨ ᠤ ᠭᠤᠮᠤᠳᠠᠯ ᠲᠤᠭᠠᠴᠢᠭ᠎ᠠ   ᠳᠤ ᠲᠦᠷᠭᠡᠨ ᠬᠠᠷᠢᠭᠤᠯᠳᠠ ᠦᠭᠬᠦ ᠲᠤᠭᠳᠠᠴᠠ ᠶᠢ ᠪᠠᠶᠢᠭᠤᠯᠵᠦ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠡᠭᠦᠷᠭᠡ ᠬᠠᠷᠢᠭᠤᠴᠠᠯᠭ᠎ᠠ ᠶᠢᠨ ᠭᠡᠪᠴᠢᠶᠠᠨ ᠳᠤ ᠬᠠᠷᠢᠶᠠᠯᠠᠭᠳᠠᠪᠠᠯ᠂ ᠲᠤᠰᠴᠦ ᠠᠪᠤᠭᠰᠠᠨ ᠭᠤᠮᠤᠳᠠᠯ ᠲᠤᠭᠠᠴᠢᠭ᠎ᠠ ᠶᠢ ᠲᠡᠷᠨ ᠲᠠᠷᠤᠢ ᠳᠤᠨᠢ ᠬᠦᠢᠴᠡᠳᠭᠡᠵᠦ᠂ ᠱᠠᠲᠤ ᠲᠡᠪᠬᠤᠷᠭ᠎ᠠ ᠬᠤᠪᠢᠶᠠᠨ ᠠᠵᠢᠯ ᠤᠨ ᠲᠤᠮᠳᠠ ᠢᠯᠡᠷᠡᠭᠦᠯᠦᠭᠰᠡᠨ ᠦᠶᠡᠯᠡᠯ ᠤᠨ ᠴᠢᠨᠠᠷ ᠲᠠᠢ ᠬᠦᠴᠢᠷ ᠠᠰᠠᠭᠤᠳᠠᠯ᠂ ᠪᠤᠲᠤᠯᠢᠶᠠᠨᠲᠡᠢ ᠳᠦᠪᠡᠭᠳᠡᠢ ᠤᠴᠢᠷ ᠵᠦᠢᠯ ᠢ ᠬᠦᠢᠴᠡᠳᠭᠡᠬᠦ ᠡᠷᠭᠡ ᠶᠢᠨ ᠬᠢᠵᠠᠭᠠᠷᠯᠠᠯ ᠪᠠ ᠬᠦᠴᠢᠷ ᠬᠢᠯᠪᠠᠷ ᠤᠨ ᠭᠡᠮᠵᠢᠶ᠎ᠠ ᠶᠢ ᠦᠨᠲᠤᠰᠦᠯᠠᠵᠦ᠂ ᠨᠠᠷᠢᠨ ᠬᠢᠨᠠᠮᠠᠭᠠᠢ ᠵᠠᠳᠠᠯᠤᠨ ᠮᠠᠭᠠᠳᠯᠠᠵᠦ᠂ ᠡᠯ᠎ᠠ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠤᠷᠲᠤᠨ ᠳᠤ ᠲᠡᠪᠰᠢᠬᠦᠯᠦᠨ ᠱᠠᠳᠣ ᠳᠠᠷᠠᠭᠠᠯᠠᠨ ᠬᠦᠢᠴᠡᠳᠭᠡᠵᠦ ᠦᠭᠬᠦᠨ᠎ᠠ᠃ ᠬᠠᠮᠲᠤ ᠳᠤᠨᠢ᠂ ᠬᠦᠢᠴᠡᠳᠬᠡᠭᠰᠡᠨ ᠤᠴᠢᠷ ᠵᠦᠢᠯ ᠢ ᠳ᠋ᠦᠩᠨᠡᠨ ᠬᠤᠷᠢᠶᠠᠩᠭᠤᠶᠢᠯᠠᠬᠤ ᠶᠢ ᠠᠩᠬᠠᠷᠴᠣ᠂ ᠲᠡᠭᠡᠲᠤ ᠱᠠᠲᠤᠨ ᠠᠴᠠ ᠲᠤᠤᠷᠠᠲᠤ ᠱᠠᠲᠤ ᠬᠦᠷᠳᠡᠯᠡᠬᠢ ᠬᠤᠯᠪᠤᠭᠳᠠᠯ ᠪᠦᠬᠦᠢ ᠲᠤᠭᠳᠠᠴᠠ ᠶᠢ ᠰᠢᠯᠢᠳᠡᠭᠵᠢᠬᠦᠯᠵᠦ᠂ ᠨᠠᠶᠢᠭᠡᠮ ᠤᠨ ᠵᠠᠰᠠᠯᠳᠠ  ᠶᠢᠨ ᠪᠠᠭᠤᠷᠠᠢ ᠲᠠᠯ᠎ᠠ ᠶᠢ ᠨᠦᠬᠦᠪᠤᠷᠢᠯᠠᠨ ᠪᠦᠷᠢᠨᠰᠢᠬᠦᠯᠬᠦ ᠳᠤ ᠲᠤᠭᠳᠠᠴᠠ ᠶᠢᠨ ᠲᠤᠯᠭᠠᠭᠤᠷᠢᠯᠠᠯ ᠢ ᠬᠠᠩᠭᠠᠨ᠎ᠠ᠃       4. ︽ᠭᠤᠮᠤᠳᠠᠯ ᠲᠤᠭᠠᠴᠢᠭ᠎ᠠ ᠦᠭᠡᠢ ᠴᠤ ᠤᠷᠢᠳᠴᠢᠯᠠᠨ ᠬᠦᠢᠴᠡᠳᠭᠡᠬᠦ︾ ᠲᠤᠭᠳᠠᠴᠠ᠃ ᠲᠤᠭᠳᠠᠭᠰᠠᠨ ᠬᠤᠭᠤᠴᠠᠭ᠎ᠠ ᠲᠠᠢ ᠪᠠᠷ ᠡᠮᠬᠢᠯᠡᠬᠦ ᠪᠠᠷ ᠲᠡᠮᠵᠢᠭᠤᠯᠵᠦ᠂ ᠵᠠᠰᠠᠭ ᠤᠨ ᠤᠷᠲᠤᠨ ᠤ ᠦᠢᠯᠠᠴᠢᠯᠡᠭᠡᠨ ᠤ ᠤᠳᠠᠰᠤ 12345 ᠶᠢᠨ ᠬᠦᠯᠢᠶᠡᠨ ᠠᠪᠣᠭᠰᠠᠨ ᠠᠷᠠᠳ ᠤᠨ ᠭᠤᠮᠤᠳᠠᠯ ᠲᠤᠭᠠᠴᠢᠭ᠎ᠠ ᠶᠢᠨ ᠡᠯ᠎ᠠ ᠲᠦᠷᠦᠯ ᠤᠨ ᠠᠰᠭᠤᠳᠠᠯ  ᠤᠨ ᠲᠤᠭ᠎ᠠ ᠪᠠᠷᠢᠮᠳᠠ ᠶᠢ ᠬᠤᠷᠢᠶᠠᠩᠭᠤᠶᠢᠯᠠᠵᠦ᠂ ᠪᠤᠳᠠᠲᠠᠢ ᠴᠠᠭ ᠬᠤᠭᠤᠴᠠᠭ᠎ᠠ ᠨᠢ ᠲᠤᠲᠤᠷᠬᠠᠢ ᠵᠢᠮ᠎ᠠ ᠶᠤᠰᠤᠴᠢ ᠴᠢᠨᠠᠷ ᠲᠠᠢ ᠡᠯ᠎ᠠ ᠲᠦᠷᠦᠯ ᠤᠨ ᠠᠰᠠᠭᠤᠳᠠᠯ ᠢ ᠤᠨᠤᠪᠴᠢᠲᠡᠢ ᠡᠵᠡᠮᠰᠢᠵᠦ᠂ ᠵᠢᠱᠢᠶᠠᠯᠠᠪᠠᠯ ᠠᠮᠠᠷᠠᠯᠳᠠ ᠶᠢᠨ ᠡᠲᠤᠷ  ᠤᠨ ᠵᠠᠮ ᠬᠠᠷᠢᠯᠴᠠᠭᠠᠨ ᠤ ᠳᠦᠭᠵᠢᠷᠡᠯ᠂ ᠡᠪᠤᠯ ᠤᠨ ᠤᠯᠠᠷᠢᠯ ᠤᠨ ᠢᠯᠴᠢ ᠬᠠᠩᠭᠠᠬᠤ᠂ ᠵᠢᠯ ᠤᠨ ᠡᠴᠤᠰ ᠤᠨ ᠬᠦᠯᠦᠰᠦᠨ ᠠᠵᠢᠯᠴᠢᠨ ᠤ ᠴᠠᠯᠢᠩ ᠢᠶᠠᠨ ᠨᠡᠭᠡᠬᠦ᠂ ᠲᠦᠪᠯᠡᠷᠡᠬᠦᠯᠦᠨ ᠠᠵᠢᠯ ᠢᠶᠠᠨ ᠰᠡᠷᠭᠦᠭᠡᠨ ᠡᠬᠢᠯᠠᠬᠦᠯᠬᠦ ᠵᠡᠷᠭᠡ ᠳᠤ ᠨᠢᠭᠡ ᠠᠴᠠ ᠨᠦᠬᠦᠭᠡ ᠶᠢ ᠵᠦᠢᠴᠢᠯᠡᠨ ᠮᠡᠳᠡᠵᠦ᠂ ᠤᠷᠢᠳᠴᠢᠯᠠᠨ ᠳᠦᠯᠦᠪᠯᠡᠨ᠂ ᠰᠢᠨᠵᠢᠯᠠᠬᠦ ᠤᠬᠠᠭᠠᠨᠴᠢ ᠪᠠᠷ ᠵᠠᠳᠠᠯᠵᠦ᠂ ᠰᠢᠨᠵᠢᠯᠠᠬᠦ ᠤᠬᠠᠭᠠᠨᠴᠢ ᠪᠠᠷ ᠰᠤᠲᠤᠯᠤᠨ ᠮᠠᠭᠠᠳᠯᠠᠵᠦ᠂ ᠠᠷᠭ᠎ᠠ ᠪᠤᠲᠤᠯᠭ᠎ᠠ ᠶᠢ ᠤᠨᠤᠪᠴᠢᠲᠡᠢ ᠭᠡᠷᠡᠭᠯᠡᠵᠦ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠰᠢᠢᠳᠪᠤᠷᠢᠲᠤ ᠪᠤᠲᠤᠯᠭ᠎ᠠ ᠳᠤ ᠯᠠᠪᠯᠠᠯᠳᠠ ᠬᠠᠩᠭᠠᠵᠦ᠂        ︽ᠭᠤᠮᠤᠳᠠᠯ ᠲᠤᠭᠠᠴᠢᠭ᠎ᠠ ᠶᠢ ᠬᠦᠯᠢᠶᠠᠨ ᠠᠪᠤᠪᠠᠯ ᠲᠡᠷᠨ ᠲᠠᠷᠤᠢ ᠳᠤᠨᠢ ᠬᠦᠢᠴᠡᠳᠭᠡᠬᠦ︾ ᠢᠳᠡᠪᠬᠢ ᠪᠤᠰᠤ ᠪᠠᠶᠢᠳᠠᠯ  ᠠᠴᠠ ︽ᠭᠤᠮᠣᠳᠠᠯ ᠳᠣᠭᠠᠴᠢᠭ᠎ᠠ ᠶᠢ ᠬᠦᠯᠢᠶᠠᠨ ᠠᠪᠤᠭᠠᠲᠤᠢ ᠪᠠᠶᠢᠳᠠᠯ᠎ᠠ ᠤᠷᠢᠳᠴᠢᠯᠠᠨ ᠬᠦᠢᠴᠡᠳᠭᠡᠬᠦ︾ ᠰᠠᠨᠠᠭᠠᠴᠢᠯᠠᠭᠠᠲᠤ ᠵᠠᠰᠠᠯᠳᠠ ᠶᠢᠨ ᠭᠡᠪ ᠮᠠᠶ᠋ᠢᠭ ᠲᠡᠰᠢ ᠬᠤᠪᠢᠷᠠᠭᠤᠯᠣᠨ᠎ᠠ᠃       5. ᠲᠤᠭᠳᠠᠭᠰᠠᠨ ᠬᠤᠭᠤᠴᠠᠭ᠎ᠠ ᠲᠠᠢ ᠪᠠᠷ ᠦᠨᠠᠯᠠᠯᠳᠠ ᠬᠢᠬᠦ ᠲᠤᠭᠳᠠᠴᠠ᠃ ᠭᠤᠤᠯ ᠤᠲᠤᠷᠢᠲᠤᠯᠭ᠎ᠠ ᠠᠴᠠ ᠰᠠᠷ᠎ᠠ ᠳᠤ ᠠᠵᠢᠯ ᠤᠨ ᠦᠨᠠᠯᠠᠯᠳᠠ ᠬᠢᠬᠦ ᠲᠤᠭᠳᠠᠴᠠ ᠶᠢ ᠪᠠᠶᠢᠭᠤᠯᠵᠦ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ  ᠶᠢᠨ ᠭᠤᠤᠯ ᠤᠲᠤᠷᠢᠲᠤᠯᠭ᠎ᠠ᠂ ᠬᠤᠪᠢᠳᠠᠨ ᠠᠪᠴᠦ ᠬᠠᠮᠢᠶᠠᠷᠬᠤ ᠤᠲᠤᠷᠢᠲᠤᠯᠭ᠎ᠠ ᠶᠢᠨ ︽ᠭᠤᠮᠤᠳᠠᠯ ᠲᠤᠭᠠᠴᠢᠭ᠎ᠠ  ᠶᠢ ᠬᠦᠯᠢᠶᠠᠨ ᠠᠪᠤᠪᠠᠯ ᠲᠡᠷᠨ ᠲᠠᠷᠤᠢ ᠳᠤᠨᠢ ᠬᠦᠢᠴᠡᠳᠭᠡᠬᠦ︾  ᠠᠵᠢᠯ ᠤᠨ ᠪᠠᠶᠢᠳᠠᠯ ᠢ ᠬᠠᠷᠢᠭᠤᠯᠳᠠ ᠦᠭᠬᠦᠭᠰᠡᠨ ᠨᠤᠷᠮ᠎ᠠ᠂ ᠰᠢᠢᠳᠪᠤᠷᠢᠯᠡᠭᠰᠡᠨ ᠨᠤᠷᠮ᠎ᠠ᠂ ᠬᠠᠨᠤᠮᠵᠢ ᠶᠢᠨ ᠨᠤᠷᠮ᠎ᠠ ︽ᠭᠤᠷᠪᠠᠨ ᠨᠤᠷᠮ᠎ᠠ︾ ᠪᠠᠷ ᠦᠨᠠᠯᠠᠯᠳᠠ ᠶᠢᠨ ᠬᠦᠢᠴᠡᠳᠬᠡᠯ ᠲᠤᠭ᠎ᠠ ᠪᠤᠯᠭᠠᠵᠦ᠂ ᠰᠠᠷ᠎ᠠ ᠪᠦᠷᠢ ᠨᠠᠶᠢᠭᠡᠮ ᠨᠡᠶᠢᠳᠡ ᠳᠤ ᠨᠠᠶᠢᠳᠠᠯᠠᠵᠦ᠂ ᠡᠯ᠎ᠠ ᠬᠤᠰᠢᠭᠤ ᠨᠡᠭᠡᠭᠡᠯᠳᠡ  ᠶᠢᠨ ᠤᠷᠤᠨ᠂ ᠡᠯ᠎ᠠ ᠰᠠᠯᠠᠭ᠎ᠠ ᠮᠦᠴᠢᠷ ᠤᠨ ︽ᠭᠤᠮᠤᠳᠠᠯ ᠲᠤᠭᠠᠴᠢᠭ᠎ᠠ ᠶᠢ ᠬᠦᠯᠢᠶᠠᠨ ᠠᠪᠤᠪᠠᠯ ᠲᠡᠷᠨ ᠲᠠᠷᠤᠢ ᠳᠤᠨᠢ ᠬᠦᠢᠴᠡᠳᠭᠡᠬᠦ︾ ᠬᠢᠭᠡᠳ ᠰᠠᠨᠠᠭᠠᠴᠢᠯᠠᠭ᠎ᠠ ᠠᠴᠠ ᠪᠠᠨ ᠵᠠᠰᠠᠬᠤ ᠶᠢ ᠤᠶᠠᠯᠲᠤᠭᠤᠯᠬᠤ ᠶᠢ ᠱᠠᠭᠠᠷᠳᠠᠵᠦ᠂ ᠠᠰᠠᠭᠤᠳᠠᠯ ᠣᠷᠣᠰᠢᠵᠦ ᠪᠠᠶᠢᠭ᠎ᠠ ᠡᠮᠵᠡᠭ ᠵᠦᠢᠯ ᠢ ᠨᠢ ᠡᠷᠢᠨ ᠭᠠᠷᠭᠠᠵᠦ᠂ ᠬᠠᠨᠲᠤᠯᠭᠠᠲᠤ ᠴᠢᠨᠠᠷᠲᠡᠢ ᠪᠠᠷ ᠠᠷᠭ᠎ᠠ ᠬᠡᠮᠵᠢᠶ᠎ᠡ ᠠᠪᠴᠦ᠂ ᠬᠠᠮᠤᠭ ᠤᠨ ᠡᠴᠤᠰ ᠲᠤ ︽ᠬᠦᠯᠢᠶᠠᠨ ᠠᠪᠤᠭᠠᠲᠤᠢ ᠪᠠᠶᠢᠳᠠᠯ᠎ᠠ ᠤᠷᠢᠳᠴᠢᠯᠠᠨ ᠬᠦᠢᠴᠡᠳᠭᠡᠬᠦ᠂ ᠰᠠᠨᠠᠭᠠᠴᠢᠯᠠᠭ᠎ᠠ ᠠᠴᠠ ᠪᠠᠨ ᠦᠢᠯᠠᠴᠢᠯᠡᠬᠦ ᠪᠤᠯᠭᠠᠨ᠎ᠠ︾  ᠃       6. ᠰᠢᠯᠭᠠᠨ ᠬᠢᠨᠠᠵᠦ ᠵᠠᠷᠯᠠᠨ ᠮᠡᠳᠡᠭᠳᠡᠬᠦ ᠲᠤᠭᠳᠠᠴᠠ᠃ ᠭᠠᠳᠠᠨ᠎ᠠ ᠠᠴᠠ ᠬᠢᠨᠠᠯᠳᠠ ᠳᠠᠯᠪᠢᠬᠤ ᠪᠠᠶᠢᠩᠭᠤᠵᠢᠭᠰᠠᠨ ᠲᠤᠭᠳᠠᠴᠠ ᠶᠢ ᠪᠠᠶᠢᠭᠤᠯᠵᠦ᠂ ᠭᠤᠷᠪᠠᠲᠤᠭᠠᠷ ᠲᠠᠯ᠎ᠠ ᠠᠴᠠ ᠦᠨᠠᠯᠠᠬᠦ ᠲᠤᠭᠳᠠᠴᠠ ᠶᠢ ᠬᠠᠶᠢᠨ ᠰᠦᠪᠡᠭᠴᠢᠯᠡᠵᠦ ᠤᠷᠤᠭᠤᠯᠤᠨ᠎ᠠ︔ ᠤᠳᠠᠰᠤ ᠳᠣᠰᠴᠦ ᠨᠡᠪᠳᠡᠷᠡᠭᠰᠡᠨ ᠨᠤᠷᠮ᠎ᠠ᠂ ᠴᠠᠭ ᠲᠤᠬᠠᠢ ᠳᠤᠨᠢ ᠬᠦᠢᠴᠡᠳᠭᠡᠭᠰᠡᠨ ᠨᠤᠷᠮ᠎ᠠ᠂ ᠠᠰᠠᠭᠤᠳᠠᠯ ᠢ ᠰᠢᠢᠳᠪᠤᠷᠢᠯᠡᠭᠰᠡᠨ ᠨᠤᠷᠮ᠎ᠠ᠂ ᠪᠤᠴᠠᠭᠠᠨ ᠦᠭᠴᠦ ᠲᠠᠬᠢᠨ ᠬᠦᠢᠴᠡᠳᠭᠡᠭᠰᠡᠨ ᠨᠤᠷᠮ᠎ᠠ᠂ ᠬᠠᠷᠢᠭᠤ ᠠᠶᠢᠯᠴᠢᠯᠠᠯ ᠳᠤ ᠬᠠᠨᠤᠮᠵᠢ ᠲᠠᠢ ᠪᠠᠶᠢᠬᠤ ᠨᠤᠷᠮ᠎ᠠ ᠵᠡᠷᠭᠡ ᠪᠠᠷ ᠭᠤᠤᠯ ᠪᠣᠯᠭᠠᠭᠰᠠᠨ  ᠠᠵᠢᠯ ᠤᠨ ᠦᠷ᠎ᠠ ᠪᠦᠲᠤᠮᠵᠢ ᠶᠢ ᠰᠢᠯᠭᠠᠨ ᠦᠨᠡᠯᠡᠬᠦ ᠰᠢᠰᠲ᠋ᠧᠮᠵᠢ ᠶᠢ ᠪᠦᠷᠢᠨᠰᠢᠬᠦᠯᠦᠨ᠎ᠡ᠃       ︵ᠭᠤᠷᠪᠠ︶ ᠲᠠᠪᠴᠠᠩ ᠢ ᠪᠠᠶᠢᠭᠤᠯᠤᠨ᠎ᠠ᠃ ︽ᠠᠷᠪᠢᠯᠠᠨ ᠭᠠᠮᠨᠠᠬᠤ᠂ ᠡᠷᠴᠢᠮᠵᠢᠬᠦᠯᠬᠦ᠂ ᠨᠢᠭᠡ ᠴᠤᠭᠴᠠᠵᠢᠭᠤᠯᠤᠨ ᠨᠢᠭᠡᠲᠤᠯᠲᠡᠢ ᠲᠦᠯᠦᠪᠯᠡᠬᠦ᠂ ᠤᠶᠤᠨᠴᠢᠯᠠᠭᠰᠠᠨ ᠦᠢᠯᠡᠴᠢᠯᠡᠭᠡᠨ ᠢ ᠲᠡᠰ ᠲᠡᠪᠰᠢᠬᠦᠯᠬᠦ᠂ ᠪᠠᠷᠢᠮᠵᠢᠶᠠᠵᠢᠭᠤᠯᠤᠨ ᠳᠦᠷᠢᠮᠵᠢᠬᠦᠯᠵᠦ ᠠᠵᠢᠯᠯᠠᠭᠤᠯᠬᠤ︾ ᠵᠠᠷᠴᠢᠮ ᠶᠤᠰᠤᠭᠠᠷ᠂ ᠠᠶᠢᠮᠠᠭ ᠤᠨ ᠱᠠᠲᠤᠨ ᠠᠴᠠ ᠲᠠᠪᠴᠠᠩ ᠤᠨ ᠵᠦᠭᠡᠯᠡᠨ ᠲᠤᠨᠤᠭ ᠢ ᠨᠡᠭᠡᠭᠡᠨ ᠬᠦᠭᠵᠢᠬᠦᠯᠵᠦ᠂ ᠡᠯ᠎ᠠ ᠬᠤᠰᠢᠭᠤ ᠨᠡᠭᠡᠭᠡᠯᠳᠡ ᠶᠢᠨ ᠤᠷᠤᠨ᠂ ᠡᠯ᠎ᠠ ᠰᠠᠯᠠᠭ᠎ᠠ ᠮᠦᠴᠢᠷ᠂ ᠰᠤᠮᠤ ᠪᠠᠯᠭᠠᠰᠤ ︵ᠵᠡᠭᠡᠯᠢ ᠭᠤᠲᠤᠮᠵᠢ︶᠂ ᠭᠠᠴᠠᠭ᠎ᠠ ᠲᠤᠰᠬᠤᠨ ︵ᠨᠡᠶᠢᠭᠡᠮ ᠲᠤᠭᠤᠷᠢᠭ︶   ᠠᠴᠠ ᠰᠢᠭᠤᠳ ᠵᠠᠯᠭᠠᠨ ᠭᠡᠷᠡᠭᠯᠡᠵᠦ᠂ ᠲᠠᠪᠴᠠᠩ ᠤᠨ ᠵᠦᠭᠡᠯᠡᠨ ᠲᠤᠨᠤᠭ ᠢ ᠬᠠᠮᠠᠭᠠᠯᠠᠬᠤ᠂ ᠬᠠᠮᠲᠤ ᠪᠠᠷ ᠡᠳ᠋ᠯᠡᠵᠦ ᠵᠠᠯᠭᠠᠯᠲᠤᠭᠤᠯᠬᠤ ᠶᠢ ᠠᠶᠢᠮᠠᠭ ᠤᠨ ᠱᠠᠲᠤᠨ ᠤ ᠲᠠᠪᠴᠠᠩ ᠢ  ᠪᠠᠶᠢᠭᠤᠯᠣᠭᠰᠠᠨ ᠨᠢᠭᠡᠴᠠ ᠠᠴᠠ ᠬᠠᠷᠢᠭᠤᠴᠠᠵᠦ᠂ ᠨᠢᠭᠡᠲᠤᠯᠲᠡᠢ᠂ ᠡᠷᠭᠡ ᠲᠠᠢ᠂ ᠦᠨᠲᠤᠷ ᠪᠦᠲᠤᠮᠵᠢᠲᠤ ᠵᠠᠰᠠᠭ ᠤᠨ ᠤᠷᠲᠤᠨ ᠤ ᠦᠢᠯᠠᠴᠢᠯᠡᠭᠡᠨ ᠤ ᠤᠳᠠᠰᠤ 12345 ᠶᠢᠨ ᠦᠢᠯᠠᠴᠢᠯᠡᠬᠦ ᠰᠢᠰᠲ᠋ᠧᠮᠵᠢ ᠶᠢ ᠪᠠᠶᠢᠭᠤᠯᠤᠨ᠎ᠠ᠃       1. ᠠᠵᠢᠯᠯᠠᠭᠠᠨ ᠤ ᠦᠢᠯᠠᠴᠢᠯᠡᠬᠦ ᠲᠠᠪᠴᠠᠩ ᠢ ᠪᠠᠶᠢᠭᠤᠯᠤᠨ᠎ᠠ᠃ ︽ᠨᠢᠭᠡᠲᠤᠯᠲᠡᠢ ᠬᠦᠯᠢᠶᠠᠨ ᠠᠪᠴᠦ ᠰᠤᠨᠤᠰᠬᠤ᠂ ᠨᠢᠭᠡᠲᠤᠯᠲᠡᠢ ᠦᠢᠯᠡᠴᠢᠯᠡᠬᠦ᠂ ᠨᠢᠭᠡᠲᠤᠯᠲᠡᠢ ᠰᠢᠮᠳᠠᠭᠤᠯᠤᠨ  ᠬᠦᠢᠴᠡᠳᠬᠡᠬᠦᠯᠬᠦ᠂ ᠨᠢᠭᠡᠲᠤᠯᠲᠡᠢ ᠬᠢᠨ᠋ᠨᠨ ᠰᠢᠯᠭᠠᠬᠤ︾ ᠪᠠᠷ ᠬᠠᠷᠠᠯᠳᠠ ᠪᠤᠯᠭᠠᠵᠦ᠂ ᠪᠦᠬᠦ ᠠᠶᠢᠮᠠᠭ ᠢ ᠬᠠᠮᠣᠷᠣᠭᠰᠠᠨ ᠦᠢᠯᠠᠴᠢᠯᠡᠭᠡᠨ ᠤ ᠤᠳᠠᠰᠤᠨ ᠤ ᠠᠵᠢᠯᠯᠠᠭ᠎ᠠ ᠶᠢ ᠳᠣᠬᠢᠷᠠᠭᠤᠯᠣᠨ ᠵᠢᠯᠤᠭᠤᠳᠬᠤ ᠲᠠᠪᠴᠠᠩ ᠢ ᠪᠠᠶᠢᠭᠤᠯᠵᠦ᠂ ᠲᠠᠪᠴᠠᠩ ᠢ ᠠᠰᠢᠭᠯᠠᠨ ᠳᠣᠬᠠᠢ ᠶᠢᠨ ᠴᠠᠭ ᠲᠤᠨᠢ ᠨᠡᠶᠢᠳᠡᠯᠡᠬᠦ ᠪᠠ ᠨᠢᠭᠡᠲᠤᠯᠲᠡᠢ ᠬᠤᠷᠢᠶᠠᠩᠭᠤᠶᠢᠯᠠᠨ ᠵᠠᠳᠠᠯᠵᠦ᠂ ᠬᠦᠢᠴᠡᠳᠭᠡᠭᠰᠡᠨ ᠠᠬᠢᠴᠠ᠂ ᠬᠦᠢᠴᠡᠳᠭᠡᠭᠰᠡᠨ ᠪᠠᠶᠢᠳᠠᠯ ᠢ ᠮᠡᠳᠡᠭᠳᠡᠬᠦ ᠵᠢᠴᠢ ᠤᠯᠠᠨ ᠲᠦᠮᠠᠨ ᠤ ᠬᠠᠨᠤᠮᠵᠢ ᠶᠢᠨ ᠬᠡᠮᠵᠢᠶ᠎ᠡ ᠶᠢ ᠡᠵᠠᠮᠰᠢᠵᠦ᠂ ᠵᠠᠰᠠᠭ  ᠤᠨ ᠶᠠᠪᠤᠳᠠᠯ ᠤᠨ ᠦᠢᠯᠡᠴᠢᠯᠡᠭᠡᠨ ᠤ ︽ᠰᠠᠶᠢᠨ ᠮᠠᠭᠤ ᠦᠨᠠᠯᠠᠯᠳᠠ︾ ᠶᠢᠨ ᠰᠢᠰᠲ᠋ᠧᠮ᠂ ᠠᠶᠢᠮᠠᠭ ᠤᠨ ᠵᠠᠬᠢᠷᠭ᠎ᠠ  ᠶᠢᠨ ᠰᠦᠯᠵᠢᠶᠠᠨ ᠤ ︽ᠠᠷᠠᠳ ᠤᠨ ᠰᠠᠨᠠᠯ ᠤᠨ ᠬᠠᠷᠢᠭᠤ ᠳᠤ︾ ᠲᠤᠰᠬᠠᠢ ᠪᠤᠯᠤᠩ ᠵᠡᠷᠭᠡ ᠶᠢ ᠬᠠᠮᠲᠤ ᠪᠠᠷ ᠬᠤᠪᠢᠶᠠᠯᠴᠠᠵᠦ ᠬᠠᠷᠢᠯᠴᠠᠨ ᠰᠢᠯᠵᠢᠬᠦᠯᠵᠦ᠂ ᠬᠠᠷᠢᠯᠴᠠᠵᠦ ᠨᠡᠪᠳᠡᠷᠡᠯᠴᠡᠬᠦ ᠶᠢ ᠪᠠᠶᠠᠯᠡᠬᠦᠯᠵᠦ᠂ ᠡᠬᠢ ᠪᠠᠶᠠᠯᠢᠭ ᠢ ᠬᠠᠮᠲᠤ ᠪᠠᠷ ᠬᠤᠪᠢᠶᠠᠯᠴᠠᠨ᠎ᠠ᠃       2. ᠰᠦᠯᠵᠢᠶᠠᠨ ᠤ ᠲᠠᠪᠴᠠᠩ ᠢ ᠲᠡᠰ ᠲᠡᠪᠰᠢᠬᠦᠯᠦᠨ᠎ᠠ᠃ ᠣᠳᠣᠬᠠᠨ ᠤ ᠪᠠᠶᠢᠭ᠎ᠠ ᠵᠠᠰᠠᠭ ᠤᠨ ᠤᠷᠲᠤᠨ ᠤ ᠡᠷᠴᠢᠮᠵᠢᠬᠦᠯᠦᠭᠰᠡᠨ ᠰᠦᠯᠵᠢᠶᠠᠨ ᠤ ᠲᠠᠪᠴᠠᠩ ᠵᠢᠴᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠤᠨ ᠲᠠᠪᠴᠠᠩ᠂ ᠵᠠᠰᠠᠭ ᠤᠨ ᠤᠷᠲᠤᠨ ᠤ ᠰᠦᠯᠵᠢᠶ᠎ᠡ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ APP᠂ ᠵᠠᠰᠠᠭ ᠤᠨ ᠶᠠᠪᠤᠳᠠᠯ ᠤᠨ ᠦᠢᠯᠠᠴᠢᠯᠡᠭᠡᠨ ᠤ ᠸᠢᠴᠠᠲ ᠤᠨ ᠤᠯᠠᠨ ᠨᠡᠶᠢᠳᠡ ᠶᠢᠨ ᠳᠠᠪᠴᠠᠩ ᠵᠡᠷᠭᠡ ᠪᠦᠬᠦ ᠵᠠᠭᠤᠴᠢᠯᠠᠭᠤᠷ ᠤᠨ ᠦᠢᠯᠡᠴᠢᠯᠡᠭᠡᠨ ᠤ ᠲᠠᠪᠴᠠᠩ ᠢ ᠲᠡᠰ ᠲᠡᠪᠰᠢᠬᠦᠯᠦᠨ ᠵᠠᠯᠭᠠᠯᠲᠤᠭᠤᠯᠵᠦ᠂ ᠤᠯᠠᠨ ᠲᠦᠮᠠᠨ ᠢ ᠤᠷᠤᠨ ᠵᠠᠢ ᠪᠠ ᠴᠠᠭ ᠤᠨ ᠬᠢᠵᠠᠭᠠᠷᠯᠠᠯ ᠠᠴᠠ ᠴᠢᠯᠦᠭᠡᠯᠡᠨ᠂ ᠵᠠᠰᠠᠭ ᠤᠨ ᠤᠷᠲᠤᠨ ᠤ ᠦᠢᠯᠠᠴᠢᠯᠡᠭᠡᠨ ᠤ ᠤᠳᠠᠰᠤ  ᠶᠢ ︽ᠦᠢᠯᠠᠴᠢᠯᠡᠭᠡᠨ ᠤ ᠤᠳᠠᠰᠤ︾ ᠠᠴᠠ ᠨᠢ ︽ᠣᠳᠠᠰᠣ ᠳᠣᠰᠬᠤ ᠪᠠᠷ ᠪᠡᠯᠡᠬᠡᠨ ᠪᠠᠶᠢᠬᠤ︾ ᠴᠢᠭᠯᠡᠯ ᠲᠡᠰᠢ ᠠᠬᠢᠭᠤᠯᠣᠨ᠎ᠠ︔ ᠰᠦᠯᠵᠢᠶ᠎ᠠ ᠵᠠᠰᠠᠭ ᠠᠷᠠᠳ ᠬᠠᠷᠢᠯᠴᠠᠨ ᠰᠠᠨᠠᠯ ᠪᠣᠳᠣᠯ ᠢᠶᠠᠨ ᠰᠣᠯᠢᠯᠴᠠᠬᠤ ᠭᠡᠪ ᠮᠠᠶ᠋ᠢᠭ ᠢ ᠰᠢᠨᠡᠴᠢᠯᠡᠵᠦ᠂ ᠤᠯᠠᠨ ᠲᠦᠮᠠᠨ ᠶᠠᠮᠠᠷᠪᠠ ᠴᠠᠭ ᠶᠠᠮᠠᠷᠪᠠ ᠭᠠᠵᠠᠷ ᠲᠤ ᠦᠪᠡᠷ ᠤᠨ ᠳᠡᠪᠰᠢᠬᠦᠯᠦᠭᠰᠡᠨ ᠭᠤᠮᠤᠳᠠᠯ ᠲᠤᠭᠠᠴᠢᠭ᠎ᠠ ᠶᠢ ᠬᠦᠯᠢᠶᠠᠨ ᠠᠪᠴᠦ ᠰᠢᠢᠳᠪᠦᠷᠢᠯᠡᠭᠰᠡᠨ ᠪᠠᠶᠢᠳᠠᠯ᠂ ᠰᠢᠯᠵᠢᠬᠦᠯᠦᠨ ᠬᠦᠢᠴᠡᠳᠭᠡᠬᠦ᠂ ᠬᠦᠢᠴᠡᠳᠭᠡᠵᠦ ᠲᠠᠭᠤᠰᠤᠭᠰᠠᠨ ᠡᠰᠡᠬᠦ ᠵᠡᠷᠭᠡ ᠶᠢᠨ ᠡᠯ᠎ᠠ ᠭᠤᠭᠴᠤᠭ᠎ᠠ ᠶᠢ ᠪᠠᠶᠢᠴᠠᠭᠠᠨ ᠦᠵᠠᠵᠦ᠂ ᠴᠠᠭ ᠳᠣᠬᠠᠢ ᠳᠤᠨᠢ ᠣᠳᠠᠰᠣ ᠪᠠᠷ ᠬᠠᠷᠢᠯᠴᠠᠵᠦ᠂ ᠴᠠᠭ ᠳᠣᠬᠠᠢ ᠳᠤᠨᠢ ᠬᠢᠨᠠᠯᠳᠠ ᠲᠠᠯᠪᠢᠵᠦ ᠴᠢᠳᠠᠬᠤ ᠶᠢ ᠪᠡᠶᠡᠯᠡᠬᠦᠯᠦᠨ᠎ᠡ᠃       3. ᠮᠡᠳᠡᠯᠭᠡ   ᠶᠢᠨ ᠬᠦᠮᠦᠷᠭᠡ   ᠶᠢ ᠪᠠᠶᠢᠭᠤᠯᠤᠨ᠎ᠠ᠃ ᠵᠠᠰᠠᠭ ᠤᠨ ᠤᠷᠲᠤᠨ ᠤ ᠦᠢᠯᠡᠴᠢᠯᠡᠭᠡᠨ ᠤ ᠤᠳᠠᠰᠤ  ᠶᠢᠨ ᠠᠩᠬᠠᠷᠤᠯ ᠲᠠᠯᠪᠢᠵᠦ ᠪᠠᠶᠢᠭ᠎ᠠ ᠤᠴᠢᠷ   ᠢ ᠠᠰᠠᠭᠤᠨ ᠯᠠᠪᠯᠠᠬᠤ᠂ ᠵᠠᠰᠠᠭ   ᠤᠨ ᠶᠠᠪᠤᠳᠠᠯ   ᠤᠨ ᠤᠷᠴᠢᠨ ᠲᠤᠭᠤᠷᠢᠨ ᠤ ᠢᠯᠡᠴᠢᠯᠡᠨ ᠮᠡᠳᠡᠬᠦᠯᠬᠦ ᠪᠠ ᠡᠵᠡᠩᠨᠡᠨ ᠠᠷᠠᠯᠵᠢᠶᠠᠯᠠᠬᠤ ᠤᠷᠴᠢᠨ ᠲᠤᠭᠤᠷᠢᠨ   ᠤ ᠦᠨᠠᠯᠠᠯᠳᠠ   ᠶᠢᠨ ᠬᠦᠴᠢᠷᠳᠡᠯ ᠲᠠᠢ ᠲᠠᠯ᠎ᠠ   ᠪᠠᠷ ᠭᠤᠤᠯᠳᠠᠯᠭ᠎ᠠ ᠪᠤᠯᠭᠠᠵᠦ᠂ ᠠᠯᠠᠱᠨ ᠠᠶᠢᠮᠠᠭ   ᠤᠨ ᠵᠠᠰᠠᠭ   ᠤᠨ ᠤᠷᠲᠤᠨ   ᠤ ᠦᠢᠯᠠᠴᠢᠯᠡᠭᠡᠨ ᠤ ᠤᠳᠠᠰᠤᠨ ᠤ ᠮᠡᠳᠡᠯᠭᠡ ᠶᠢᠨ ᠬᠦᠮᠦᠷᠭᠡ   ᠶᠢ ᠪᠠᠶᠢᠭᠤᠯᠵᠦ᠂ ᠡᠷᠢᠵᠦ ᠬᠠᠶᠢᠬᠤ ᠵᠦᠢᠯ   ᠢ ᠲᠦᠷᠭᠡᠨ ᠮᠦᠷᠳᠡᠭᠡᠨ ᠲᠦᠬᠦᠮ ᠪᠤᠯᠭᠠᠬᠤ ᠶᠢ ᠪᠠᠶᠡᠯᠡᠬᠦᠯᠦᠨ᠎ᠠ᠃ ᠮᠡᠳᠡᠭᠡ ᠵᠠᠩᠬᠢ   ᠶᠢᠨ ᠲᠤᠭ᠎ᠠ ᠪᠠᠷᠢᠮᠳᠠ   ᠶᠢ ᠤᠷᠤᠭᠤᠯᠬᠤ ᠠᠵᠢᠯ   ᠢ ᠲᠦᠷᠢᠮᠵᠢᠬᠦᠯᠵᠦ᠂ ᠳᠣᠬᠠᠢ ᠶᠢᠨ ᠪᠠᠶᠢᠳᠠᠯ ᠢ ᠰᠢᠨᠡᠴᠢᠯᠡᠬᠦ   ᠶᠢ ᠠᠩᠬᠠᠷᠴᠦ᠂ ︽ᠬᠦᠯᠢᠶᠠᠨ ᠠᠪᠴᠦ ᠰᠢᠢᠳᠪᠤᠷᠢᠯᠠᠬᠦ ᠠᠵᠢᠯᠳᠠᠨ   ᠠᠴᠠ ᠠᠰᠠᠭᠤᠳᠠᠯ ᠢ ᠬᠤᠷᠢᠶᠠᠩᠭᠤᠶᠢᠯᠠᠬᠤ᠂ ᠡᠯ᠎ᠠ ᠰᠠᠯᠠᠭ᠎ᠠ ᠮᠦᠴᠢᠷ   ᠤᠨ ᠬᠢᠨ ᠨᠢᠭᠡᠲᠤᠯᠲᠡᠢ ᠬᠠᠷᠢᠭᠤᠯᠳᠠ ᠦᠭᠬᠦ᠂ ᠬᠦᠢᠴᠡᠳᠬᠡᠬᠦᠯᠬᠦ   ᠪᠠᠷ ᠰᠢᠮᠳᠠᠭᠤᠯᠣᠭᠴᠢ   ᠠᠴᠠ ᠲᠤᠳᠠᠭᠳᠠᠵᠦ ᠭᠤᠭᠤᠵᠢᠭᠳᠠᠭᠰᠠᠨ   ᠢ ᠪᠠᠶᠢᠴᠠᠭᠠᠵᠦ ᠨᠦᠬᠦᠪᠤᠷᠢᠯᠠᠬᠦ᠂ ᠬᠠᠷᠢᠭᠤ ᠠᠶᠢᠯᠴᠢᠯᠠᠭᠴᠢ   ᠠᠴᠠ ᠴᠠᠭ ᠳᠣᠬᠠᠢ   ᠳᠤᠨᠢ ᠨᠡᠭᠡᠨ ᠮᠦᠷᠳᠡᠬᠦ︾ ᠠᠵᠢᠯ   ᠤᠨ ᠲᠤᠭᠳᠠᠴᠠ ᠶᠢ ᠪᠠᠶᠢᠭᠤᠯᠵᠦ᠂ ᠤᠶᠤᠨᠴᠢ ᠮᠡᠷᠭᠡᠵᠢᠯ ᠢ ᠲᠠᠳᠠᠨ ᠤᠷᠤᠭᠤᠯᠵᠦ᠂ ᠦᠪᠡᠰᠦᠪᠡᠨ ᠬᠠᠷᠢᠭᠤᠯᠵᠦ ᠶᠠᠷᠢᠯᠴᠠᠬᠤ᠂ ᠰᠢᠯᠵᠢᠮᠠᠯ  ᠦᠵᠦᠭᠦᠷᠯᠢᠭ ᠢ ᠠᠬᠢᠭᠤᠯᠬᠤ ᠵᠡᠷᠭᠡ ᠤᠯᠠᠨ ᠠᠷᠭ᠎ᠠ ᠵᠠᠮ ᠢᠶᠠᠷ ᠬᠠᠷᠢᠭᠤᠯᠳᠠ ᠦᠭᠭᠦ   ᠶᠢ ᠠᠯᠬᠤᠮ ᠠᠯᠬᠤᠮ   ᠢᠶᠠᠷ ᠪᠠᠶᠢᠭᠤᠯᠵᠦ᠂ ᠠᠵᠢᠯᠯᠠᠭᠠᠨ   ᠤ ᠦᠷ᠎ᠠ ᠪᠦᠳᠦᠮᠵᠢ   ᠶᠢ ᠲᠡᠭᠡᠭᠰᠢᠯᠡᠬᠦᠯᠵᠦ᠂ ᠠᠵᠢᠯᠯᠠᠭᠠᠨ   ᠤ ᠦᠪᠠᠷ   ᠤᠨ ᠦᠷᠳᠡᠭ   ᠢ ᠪᠠᠭᠤᠷᠠᠭᠤᠯᠤᠨ᠎ᠠ᠃       ︵ᠲᠦᠷᠪᠠ︶ ᠦᠢᠯᠡᠴᠢᠯᠡᠬᠡᠨ   ᠤ ᠤᠳᠠᠰᠤᠨ   ᠤ ᠬᠦᠯᠢᠶᠠᠨ ᠠᠪᠴᠦ ᠰᠢᠢᠳᠪᠤᠷᠢᠯᠠᠬᠦ ᠲᠤᠬᠠᠶᠢᠯᠠᠭᠰᠠᠨ ᠠᠵᠢᠯ ᠤᠨ ᠬᠦᠷᠢᠶ᠎ᠠ ᠭᠡᠪᠴᠢᠶ᠎ᠠ᠃ ᠤᠯᠤᠰ   ᠤᠨ ᠬᠤᠯᠪᠤᠭᠳᠠᠯ ᠪᠦᠬᠦᠢ ᠲᠦᠷᠦ   ᠶᠢᠨ ᠪᠤᠲᠤᠯᠭ᠎ᠠ ᠬᠠᠤᠯᠢ ᠲᠦᠷᠢᠮ ᠶᠤᠰᠤᠭᠠᠷ᠂ ᠤᠯᠠᠨ ᠲᠦᠮᠠᠨ ᠪᠠ ᠠᠵᠤ ᠠᠬᠤᠶᠢᠯᠠᠯ ᠤᠨ ᠳᠣᠷᠠᠳᠣᠭᠰᠠᠨ ᠵᠠᠰᠠᠭ   ᠤᠨ ᠤᠷᠲᠤᠨ   ᠤ ᠤᠯᠠᠨ ᠨᠠᠶᠢᠳᠠ   ᠶᠢᠨ ᠬᠠᠮᠢᠶᠠᠷᠤᠯᠳᠠ᠂ ᠤᠯᠠᠨ ᠨᠠᠶᠢᠳᠠ   ᠶᠢᠨ ᠦᠯᠡᠴᠢᠯᠡᠭᠡ  ᠪᠠ ᠠᠵᠤ ᠠᠬᠤᠢ ᠨᠠᠶᠢᠭᠡᠮ   ᠤᠨ ᠬᠦᠭᠵᠢᠯᠳᠠ ᠵᠡᠷᠭᠡ ᠲᠠᠯ᠎ᠠ   ᠲᠠᠢ ᠬᠤᠯᠪᠤᠭᠳᠠᠬᠤ ᠡᠯ᠎ᠠ ᠲᠦᠷᠦᠯ   ᠤᠨ ᠠᠰᠠᠭᠤᠨ ᠯᠠᠪᠯᠠᠬᠤ᠂ ᠠᠪᠤᠷᠠᠨ ᠲᠤᠰᠠᠯᠠᠬᠤ᠂ ᠢᠯᠠᠴᠢᠯᠡᠨ ᠮᠡᠳᠡᠬᠦᠯᠬᠦ᠂ ᠰᠠᠨᠠᠯ  ᠪᠠ ᠰᠠᠨᠠᠭᠤᠯᠭ᠎ᠠ   ᠶᠢ ᠴᠠᠭ ᠲᠤᠬᠠᠢ   ᠳᠤᠨᠢ ᠬᠦᠯᠢᠶᠠᠨ ᠠᠪᠴᠦ ᠰᠢᠢᠳᠪᠤᠷᠢᠯᠠᠬᠦ   ᠶᠢᠨ ᠬᠠᠮᠲᠤ ᠬᠠᠷᠢᠭᠤᠯᠳᠠ ᠦᠭᠬᠦᠨ᠎ᠠ᠃       ᠬᠠᠤᠯᠢ ᠴᠠᠭᠠᠵᠨ ᠲᠠᠢ ᠬᠤᠯᠪᠤᠭᠳᠠᠬᠤ ᠭᠤᠮᠣᠳᠠᠯ ᠲᠤᠭᠠᠴᠢᠭ᠎ᠠ ᠳᠤ ᠬᠤᠯᠪᠤᠭᠳᠠᠬᠤ᠂ ᠬᠦᠮᠦᠰ ᠤᠨ ᠪᠠᠶ᠎ᠠ  ᠶᠢᠨ ᠠᠮᠤᠷ ᠲᠦᠪᠰᠢᠨ ᠪᠠ ᠡᠳ᠋ ᠬᠦᠷᠤᠩᠭᠡ ᠶᠢᠨ ᠠᠮᠤᠷ ᠲᠦᠪᠰᠢᠨ ᠳᠤ ᠬᠤᠯᠪᠤᠭᠳᠠᠬᠤ ᠪᠠᠴᠢᠮ ᠠᠪᠤᠷᠠᠨ ᠲᠤᠰᠠᠯᠠᠯᠳᠠ᠂ ᠵᠠᠬᠢᠳᠠᠯ ᠰᠣᠷᠪᠣᠯᠵᠢᠯᠠᠭ᠎ᠠ ᠶᠢᠨ ᠤᠴᠢᠷ ᠵᠦᠢᠯ᠂ ᠤᠯᠤᠰ ᠤᠨ ᠨᠢᠭᠤᠴᠠ᠂ ᠬᠤᠳᠠᠯᠲᠤᠭᠠᠨ ᠤ ᠦᠢᠯᠡᠰ  ᠤᠨ ᠨᠢᠭᠤᠴᠠ ᠳᠤ ᠬᠤᠯᠪᠤᠭᠳᠠᠬᠤ ᠵᠡᠷᠭᠡ ᠵᠠᠰᠠᠭ ᠤᠨ ᠤᠷᠲᠤᠨ ᠤ ᠰᠠᠯᠠᠭ᠎ᠠ ᠮᠦᠴᠢᠷ᠂ ᠤᠯᠠᠨ ᠨᠠᠶᠢᠳᠠ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠠ ᠶᠢᠨ ᠬᠠᠩᠭᠠᠬᠤ ᠶᠤᠰᠤᠲᠡᠢ ᠦᠢᠯᠠᠴᠢᠯᠡᠭᠡᠨ ᠤ ᠤᠴᠢᠷ ᠵᠦᠢᠯ ᠳᠤ ᠦᠯᠦ ᠬᠠᠷᠢᠶᠠᠯᠠᠭᠳᠠᠬᠤ ᠪᠣᠶᠣ ᠬᠦᠯᠢᠶᠠᠨ ᠠᠪᠴᠦ ᠰᠢᠢᠳᠪᠤᠷᠢᠯᠠᠬᠦ ᠠᠷᠭ᠎ᠠ ᠦᠭᠡᠢ ᠤᠴᠢᠷ ᠵᠦᠢᠯ ᠢ ᠴᠠᠭ ᠲᠤᠬᠠᠢ ᠳᠤᠨᠢ ᠤᠯᠠᠨ ᠲᠦᠮᠠᠨ ᠳᠤ ᠮᠡᠳᠡᠭᠳᠡᠵᠦ ᠵᠤᠬᠢᠮᠵᠢᠲᠡᠢ ᠠᠷᠭ᠎ᠠ ᠵᠠᠮ ᠢᠶᠠᠷ ᠬᠦᠢᠴᠡᠳᠭᠡᠨ᠎ᠠ᠃       ︵ᠲᠠᠪᠤ︶ ᠡᠮᠬᠢᠯᠠᠨ ᠨᠠᠶᠢᠯᠡᠬᠦᠯᠬᠦ ᠬᠦᠷᠢᠶ᠎ᠠ ᠭᠡᠪᠴᠢᠶ᠎ᠠ᠃ ᠦᠢᠯᠡᠴᠢᠯᠡᠭᠡᠨ ᠤ ᠤᠳᠠᠰᠤᠨ ᠤ ᠠᠵᠢᠯᠯᠠᠭᠠᠨ ᠤ ᠪᠤᠳᠠᠲᠠᠢ ᠪᠠᠶᠢᠳᠠᠯ ᠢ ᠦᠨᠲᠤᠰᠦᠯᠠᠵᠦ᠂ ᠠᠶᠢᠮᠠᠭ ᠤᠨ ᠬᠡᠪᠴᠢᠶᠡᠨ   ᠳᠠᠬᠢ ᠵᠠᠰᠠᠯᠳᠠ ᠶᠢᠨ ᠬᠤᠯᠪᠤᠭᠳᠠᠯ ᠪᠦᠬᠦᠢ ᠱᠠᠭᠠᠷᠳᠠᠯᠭ᠎ᠠ ᠲᠠᠢ ᠤᠶᠠᠯᠲᠤᠭᠤᠯᠵᠦ᠂ ᠵᠠᠰᠠᠭ ᠤᠨ ᠤᠷᠲᠤᠨ ᠤ ᠦᠢᠯᠡᠴᠢᠯᠡᠭᠡᠨ ᠤ ᠣᠳᠠᠰᠣ 12345 ᠶᠢᠨ ᠲᠠᠪᠴᠠᠩ ᠢ ᠤᠷᠢᠳᠠᠪᠠᠷ ᠪᠠᠶᠢᠭᠤᠯᠵᠦ᠂ ᠡᠯ᠎ᠠ ᠰᠠᠯᠠᠭ᠎ᠠ ᠮᠦᠴᠢᠷ ᠤᠨ ᠦᠢᠯᠡᠴᠢᠯᠡᠭᠡᠨ ᠤ ᠤᠳᠠᠰᠤ ᠲᠠᠢ ᠨᠠᠶᠢᠯᠡᠬᠦᠯᠬᠦ ᠠᠵᠢᠯ ᠢ ᠠᠯᠬᠤᠮ ᠠᠯᠬᠤᠮ ᠢᠶᠠᠷ ᠪᠠᠶᠠᠯᠡᠬᠦᠯᠦᠨ᠎ᠠ᠃       1. ᠡᠮᠬᠢᠯᠠᠨ ᠨᠡᠶᠢᠯᠡᠬᠦᠯᠦᠭᠰᠡᠨ ᠦᠢᠯᠡᠴᠢᠯᠡᠭᠡᠨ ᠤ ᠤᠳᠠᠰᠤ᠃ ᠨᠠᠶᠢᠳᠠ 13 ᠪᠣᠢ᠂ ᠲᠤᠰ ᠪᠦᠷᠢ᠄ ᠵᠠᠯᠠᠭᠤᠴᠤᠳ ᠪᠠᠭᠠᠴᠤᠳ ᠤᠨ ᠰᠡᠳᠬᠢᠴᠡ ᠶᠢᠨ ᠠᠰᠠᠭᠤᠨ ᠯᠠᠪᠯᠠᠬᠤ ᠪᠠ ᠬᠠᠤᠯᠢ ᠴᠠᠭᠠᠵᠠ ᠶᠢᠨ ᠲᠤᠰᠠᠯᠠᠬᠤ ᠦᠢᠯᠡᠴᠢᠯᠡᠭᠡᠨ ᠤ ᠤᠳᠠᠰᠤ12355︔ ᠵᠡᠮᠳᠡᠭᠴᠤᠳ ᠤᠨ ᠦᠢᠯᠡᠴᠢᠯᠡᠭᠡᠨ ᠤ ᠤᠳᠠᠰᠤ 12385︔ ᠤᠷᠴᠢᠨ ᠲᠤᠭᠤᠷᠢᠨ ᠤ  ᠬᠠᠮᠠᠭᠠᠯᠠᠯᠳᠠ ᠶᠢᠨ ᠳᠣᠬᠠᠢ ᠦᠢᠯᠡᠴᠢᠯᠡᠭᠡᠨ ᠤ ᠤᠳᠠᠰᠤ 12369︔ ᠬᠤᠳᠠ ᠶᠢᠨ ᠪᠦᠲᠤᠭᠡᠨ ᠪᠠᠶᠢᠭᠤᠯᠤᠯᠳᠠ ᠶᠢᠨ ᠳᠣᠬᠠᠢ ᠦᠢᠯᠡᠴᠢᠯᠡᠭᠡᠨ ᠤ ᠤᠳᠠᠰᠤ 12319︔ ᠵᠠᠮ ᠬᠠᠷᠢᠯᠴᠠᠭᠠᠨ ᠤ ᠦᠢᠯᠠᠴᠢᠯᠡᠭᠡᠨ ᠤ ᠬᠢᠨᠠᠯᠳᠠ ᠲᠠᠯᠪᠢᠬᠤ ᠤᠳᠠᠰᠤ 12328︔ ᠪᠦᠬᠦ ᠤᠯᠤᠰ ᠤᠨ ᠣᠰᠣᠨ ᠳᠡᠭᠡᠷᠡᠬᠢ ᠲᠤᠯᠭᠠᠷᠠᠭᠰᠠᠨ ᠠᠶᠣᠯ ᠠᠴᠠ ᠠᠪᠤᠷᠠᠨ ᠲᠤᠰᠠᠯᠠᠬᠤ ᠦᠢᠯᠠᠴᠢᠯᠡᠭᠡᠨ ᠤ ᠨᠢᠭᠡᠳᠦᠯᠳᠡᠢ ᠤᠳᠠᠰᠤ 12395︔ ᠬᠤᠳᠠᠯᠲᠤᠭᠠᠨ ᠤ ᠶᠠᠪᠤᠳᠠᠯ ᠤᠨ ᠢᠯᠡᠴᠢᠯᠡᠨ ᠮᠡᠳᠡᠬᠦᠯᠬᠦ ᠦᠢᠯᠡᠴᠢᠯᠡᠭᠡᠨ ᠤ ᠤᠳᠠᠰᠤ 12312︔ ᠤᠯᠤᠰ ᠤᠨ ᠵᠢᠭᠤᠯᠴᠢᠯᠠᠯ ᠤᠨ ᠦᠢᠯᠡᠴᠢᠯᠡᠭᠡᠨ ᠤ ᠤᠳᠠᠰᠤ 12301︔ ᠰᠤᠶᠤᠯ ᠤᠨ ᠬᠠᠤᠯᠢ ᠭᠡᠷᠡᠭᠵᠢᠬᠦᠯᠬᠦ ᠦᠢᠯᠡᠴᠢᠯᠡᠭᠡᠨ ᠤ ᠤᠳᠠᠰᠤ 12318︔ ᠡᠷᠡᠬᠦᠯ ᠬᠠᠮᠠᠭᠠᠯᠠᠯ ᠪᠠ ᠲᠦᠯᠦᠪᠯᠡᠭᠡᠲᠤ ᠦᠷᠡᠵᠢᠯ ᠤᠨ ᠦᠢᠯᠡᠴᠢᠯᠡᠭᠡᠨ ᠤ ᠤᠳᠠᠰᠤ 12320︔ ᠬᠠᠯᠠᠭᠤᠨ ᠬᠦᠷᠳᠡᠭᠡᠮᠵᠢ ᠲᠦᠯᠦᠪᠯᠡᠭᠡᠲᠤ ᠦᠷᠡᠵᠢᠯ ᠤᠨ ᠦᠢᠯᠠᠴᠢᠯᠡᠭᠡᠨ ᠤ ᠤᠳᠠᠰᠤ 12356︔  ᠵᠠᠬ᠎ᠠ ᠲᠡᠯᠭᠡᠬᠦᠷ ᠤᠨ ᠬᠢᠨ᠋ᠨᠨ ᠬᠠᠮᠢᠶᠠᠷᠤᠯᠳᠠ ᠶᠢᠨ ᠦᠢᠯᠡᠴᠢᠯᠡᠭᠡᠨ ᠤ ᠤᠳᠠᠰᠤ 12315︔ ᠠᠷᠠᠳ ᠲᠤ ᠲᠦᠬᠦᠮ ᠦᠵᠠᠬᠦᠯᠬᠦ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠤᠳᠠᠰᠤ 12349᠃       2. ᠠᠵᠢᠯᠯᠠᠭ᠎ᠠ ᠪᠠᠨ ᠨᠢᠭᠡᠳᠭᠡᠭᠰᠡᠨ ᠦᠢᠯᠠᠴᠢᠯᠡᠭᠡᠨ ᠤ ᠤᠳᠠᠰᠤ᠃ ᠨᠠᠶᠢᠳᠠ 7 ᠪᠣᠢ᠂ ᠲᠤᠰ ᠪᠦᠷᠢ᠄ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠠᠴᠢᠯᠡᠭᠡᠨ ᠤ ᠤᠳᠠᠰᠤ 12333︔ ᠬᠦᠳᠡᠭᠡ ᠠᠵᠦ ᠠᠬᠤᠢ ᠬᠦᠳᠡᠭᠡ ᠳᠣᠰᠬᠤᠨ ᠳᠠᠷᠢᠶᠠᠴᠢᠨ ᠤ ᠠᠵᠢᠯ ᠤᠨ ᠦᠢᠯᠡᠴᠢᠯᠡᠭᠡᠨ ᠤ ᠤᠳᠠᠰᠤ 12316︔ ᠤᠷᠤᠨ ᠰᠠᠭᠤᠴᠠ ᠶᠢᠨ ᠨᠠᠶᠢᠳᠠ ᠶᠢᠨ ᠬᠤᠷᠠᠮᠲᠤᠭᠤᠯᠭ᠎ᠠ ᠶᠢᠨ ᠮᠦᠩᠬᠦ ᠶᠢᠨ ᠦᠢᠯᠠᠴᠢᠯᠡᠭᠡᠨ ᠤ ᠤᠳᠠᠰᠤ 12329︔ ᠬᠠᠷᠢᠴᠠᠭᠠᠨ ᠤ ᠡᠷᠤᠭᠡ ᠳᠤ ᠦᠢᠯᠡᠴᠢᠯᠡᠬᠦ ᠲᠦᠪ ᠤᠨ ᠣᠳᠠᠰᠣ95598︔ ᠤᠳᠠᠰᠤᠲᠤ ᠲᠧᠯᠸᠢᠰ ᠤᠨ ᠦᠢᠯᠠᠴᠢᠯᠡᠭᠡᠨ ᠤ ᠤᠳᠠᠰᠤ 96066︔ ᠲᠦᠭᠡᠮᠠᠯ ᠤᠰᠤᠨ ᠤ ᠵᠠᠰᠠᠭᠤᠯᠬᠤ ᠪᠠᠷ ᠮᠡᠳᠡᠬᠦᠯᠬᠦ ᠦᠢᠯᠠᠴᠢᠯᠡᠭᠡᠨ ᠤ ᠤᠳᠠᠰᠤ 8333144︔ ᠬᠠᠯᠠᠭᠤᠨ ᠨᠡᠷᠡᠮᠵᠢᠳᠦ ᠢᠯᠴᠢ ᠬᠠᠩᠭᠠᠬᠤ ᠺᠤᠮᠫᠠᠨᠢ ᠶᠢᠨ ᠱᠠᠯᠠᠪᠳᠠᠨ ᠵᠠᠰᠠᠬᠤ ᠦᠢᠯᠠᠴᠢᠯᠡᠭᠡᠨ ᠤ ᠤᠳᠠᠰᠤ 8332052᠂ 8332053᠃       3. ᠬᠠᠷᠢᠯᠴᠠᠵᠦ ᠨᠡᠪᠳᠡᠷᠡᠯᠴᠡᠬᠦ ᠦᠢᠯᠡᠴᠢᠯᠡᠭᠡᠨ ᠤ ᠤᠳᠠᠰᠤ᠃ ᠨᠠᠶᠢᠳᠠ 4 ᠪᠣᠢ᠂ ᠲᠤᠰ ᠪᠦᠷᠢ᠄ ᠭᠠᠯ ᠲᠦᠢᠮᠠᠷ ᠢ ᠮᠡᠳᠡᠬᠦᠯᠬᠦ ᠤᠳᠠᠰᠤ 119︔ ᠴᠠᠭᠳᠠᠭ᠎ᠠ ᠳᠤ ᠮᠡᠳᠡᠬᠦᠯᠬᠦ ᠤᠳᠠᠰᠤ 110︔ ᠡᠮᠨᠡᠯᠭᠡ ᠶᠢᠨ ᠲᠦᠷᠭᠡᠨ ᠠᠪᠤᠷᠠᠯᠳᠠ ᠶᠢᠨ ᠤᠳᠠᠰᠤ 120︔ ᠵᠠᠷᠭᠤ ᠵᠠᠭᠠᠯᠳᠣᠯᠭ᠎ᠠ ᠶᠢᠨ ᠦᠢᠯᠡᠴᠢᠯᠡᠭᠡᠨ ᠤ ᠤᠳᠠᠰᠤ 12368᠃       ᠲᠠᠪᠤ᠂ ᠠᠵᠢᠯ ᠤᠨ ᠱᠠᠭᠠᠷᠳᠠᠯᠭ᠎ᠠ       ︵ᠨᠢᠭᠡ︶ ᠦᠵᠠᠯ ᠰᠠᠨᠠᠭ᠎ᠠ ᠲᠠᠨᠢᠯᠳᠠ ᠪᠠᠨ ᠲᠡᠭᠡᠭᠰᠢᠯᠡᠬᠦᠯᠦᠨ᠎ᠠ᠃ ᠵᠠᠰᠠᠭ ᠤᠨ ᠤᠷᠲᠤᠨ ᠤ ᠦᠢᠯᠡᠴᠢᠯᠡᠭᠡᠨ  ᠤ ᠤᠳᠠᠰᠤ ᠪᠤᠯ ᠤᠯᠠᠨ ᠲᠦᠮᠠᠨ ᠳᠤ ᠬᠠᠨᠲᠤᠭᠤᠯᠤᠭᠰᠠᠨ ᠶᠡᠷᠤᠩᠭᠡᠶᠢᠯᠡᠭᠰᠡᠨ ᠴᠢᠨᠠᠷᠲᠡᠢ ᠦᠢᠯᠡᠴᠢᠯᠡᠭᠡᠨ ᠤ ᠲᠠᠪᠴᠠᠩ ᠮᠦᠨ᠂ ᠵᠠᠰᠠᠭ ᠤᠨ ᠤᠷᠲᠤᠨ ᠤ ᠤᠯᠠᠨ ᠲᠦᠮᠠᠨ ᠲᠠᠢ ᠨᠢᠭᠳᠠ ᠬᠠᠷᠢᠯᠴᠠᠬᠤ᠂ ᠤᠯᠠᠨ ᠲᠦᠮᠠᠨ ᠳᠤ ᠦᠢᠯᠡᠴᠢᠯᠡᠬᠦ᠂ ᠤᠯᠠᠨ ᠲᠦᠮᠠᠨ ᠤ ᠬᠢᠨᠠᠯᠳᠠ ᠶᠢ ᠬᠦᠯᠢᠶᠡᠬᠦ ᠪᠦᠲᠤᠮᠵᠢᠲᠡᠢ ᠠᠷᠭ᠎ᠠ ᠵᠠᠮ ᠪᠠ ᠠᠴᠢᠶᠠᠯᠠᠪᠤᠷᠢ ᠮᠦᠨ᠃ ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠨᠢᠭᠡᠴᠠ ᠡᠷᠭᠡᠪᠰᠢ ᠦᠵᠠᠯ ᠰᠠᠨᠠᠭ᠎ᠠ ᠲᠠᠨᠢᠯᠳᠠ ᠪᠠᠨ ᠤᠯᠠᠮ ᠨᠢᠭᠡ ᠠᠯᠬᠤᠮ ᠲᠡᠭᠡᠭᠰᠢᠯᠡᠬᠦᠯᠵᠦ᠂ ᠵᠠᠰᠠᠭ ᠤᠨ ᠤᠷᠲᠤᠨ ᠤ ᠦᠢᠯᠡᠴᠢᠯᠡᠭᠡᠨ ᠤ ᠤᠳᠠᠰᠤ ᠶᠢ ᠡᠮᠬᠢᠯᠠᠨ ᠨᠠᠶᠢᠯᠡᠬᠦᠯᠬᠦ ᠪᠠᠶᠢᠭᠤᠯᠤᠯᠳᠠ ᠶᠢ ᠰᠠᠶᠢᠲᠤᠷ ᠬᠢᠬᠦ ᠬᠠᠷᠢᠭᠤᠴᠠᠯᠭᠠᠲᠤ ᠤᠪᠤᠷ ᠪᠠ ᠪᠠᠴᠢᠮ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠦ᠂ ᠦᠢᠯᠡᠴᠢᠯᠡᠭᠡᠨ ᠤ ᠤᠳᠠᠰᠤᠨ ᠤ ᠴᠢᠳᠠᠮᠵᠢ ᠶᠢ ᠦᠨ᠋ᠨᠨᠬᠦ ᠲᠡᠭᠡᠭᠰᠢᠯᠡᠬᠦᠯᠦᠨ᠎ᠠ᠃       ︵ᠬᠤᠶᠠᠷ︶ ᠵᠤᠬᠢᠶᠠᠨ ᠪᠠᠶᠢᠭᠤᠯᠤᠯᠳᠠ ᠶᠢᠨ ᠤᠲᠤᠷᠢᠲᠤᠯᠭ᠎ᠠ ᠪᠠᠨ ᠴᠢᠩᠭᠠᠳᠬᠠᠨ᠎ᠠ᠃ ᠡᠯ᠎ᠠ ᠬᠤᠰᠢᠭᠤ ᠨᠡᠭᠡᠭᠡᠯᠳᠡ ᠶᠢᠨ ᠤᠷᠤᠨ᠂ ᠡᠯ᠎ᠠ ᠬᠠᠮᠢᠶ᠎ᠠ ᠪᠦᠬᠦᠢ ᠨᠢᠭᠡᠴᠠ ᠡᠷᠭᠡᠪᠰᠢ ᠦᠢᠯᠡᠴᠢᠯᠡᠭᠡᠨ ᠤ ᠤᠳᠠᠰᠤᠨ ᠤ ᠡᠬᠢ ᠪᠠᠶᠠᠯᠢᠭ  ᠢ ᠡᠮᠬᠢᠯᠠᠨ ᠨᠠᠶᠢᠯᠡᠬᠦᠯᠬᠦ᠂ ᠵᠠᠰᠠᠭ ᠤᠨ ᠤᠷᠲᠤᠨ ᠤ ᠤᠯᠠᠨ ᠨᠠᠶᠢᠳᠠ ᠶᠢᠨ ᠦᠢᠯᠡᠴᠢᠯᠡᠭᠡᠨ ᠤ ᠤᠳᠠᠰᠤ ᠶᠢᠨ ᠴᠢᠳᠠᠮᠵᠢ  ᠶᠢ ᠲᠡᠭᠡᠭᠰᠢᠯᠡᠬᠦᠯᠬᠦ ᠪᠠᠷ ᠵᠠᠰᠠᠭ ᠤᠨ ᠤᠷᠲᠤᠨ ᠤ ᠡᠬᠦᠷᠭᠡ ᠴᠢᠳᠠᠪᠤᠷᠢ ᠶᠢ ᠬᠤᠪᠢᠷᠠᠭᠤᠯᠬᠤ᠂ ᠦᠢᠯᠡᠴᠢᠯᠡᠭᠡᠨ ᠤ ᠮᠠᠶ᠋ᠢᠭ ᠤᠨ ᠵᠠᠰᠠᠭ ᠤᠨ ᠤᠷᠲᠤᠨ ᠢ ᠪᠠᠶᠢᠭᠤᠯᠬᠤ᠂ ᠤᠯᠠᠨ ᠲᠦᠮᠡᠨᠴᠢ ᠱᠤᠭᠤᠮ ᠢ ᠦᠢᠯᠡᠲᠤᠯᠭᠡᠵᠢᠬᠦᠯᠬᠦ ᠴᠢᠬᠤᠯᠨ ᠢᠯᠡᠷᠡᠯ ᠪᠣᠯᠭᠠᠵᠦ᠂ ᠬᠤᠪᠢᠳᠠᠨ ᠠᠪᠴᠦ ᠬᠠᠮᠢᠶᠠᠷᠬᠤ ᠤᠲᠤᠷᠢᠲᠤᠯᠭ᠎ᠠ ᠪᠠ ᠲᠤᠲᠤᠭᠠᠲᠤ ᠶᠢᠨ ᠵᠤᠬᠢᠴᠠᠭᠤᠯᠵᠦ ᠰᠢᠮᠳᠠᠭᠤᠯᠤᠨ ᠬᠦᠢᠴᠡᠳᠬᠡᠬᠦᠯᠬᠦ ᠪᠠᠶᠢᠭᠤᠯᠣᠮᠵᠢ ᠶᠢ ᠲᠤᠲᠤᠷᠬᠠᠶᠢᠯᠠᠵᠦ᠂ ᠭᠤᠤᠯ ᠤᠲᠤᠷᠢᠲᠤᠯᠭ᠎ᠠ ᠪᠠ ᠬᠤᠪᠢᠳᠠᠨ ᠠᠪᠴᠦ ᠬᠠᠮᠢᠶᠠᠷᠬᠤ ᠤᠲᠤᠷᠢᠲᠤᠯᠭ᠎ᠠ ᠡᠷᠭᠡᠪᠰᠢ ᠭᠤᠤᠯᠳᠠᠯᠭ᠎ᠠ ᠲᠠᠢ ᠡᠬᠦᠷᠭᠡ᠂ ᠬᠦᠴᠢᠷᠲᠡᠢ ᠠᠰᠠᠭᠤᠳᠠᠯ ᠢ ᠪᠡᠶᠡᠴᠢᠯᠡᠨ ᠠᠰᠠᠭᠤᠨ ᠪᠣᠯᠭᠤᠭᠠᠵᠦ᠂ ᠪᠡᠶᠡᠴᠢᠯᠡᠨ ᠵᠤᠬᠢᠴᠠᠭᠤᠯᠵᠦ᠂ ᠨᠠᠶᠢᠳᠠᠪᠤᠷᠢᠵᠢᠭᠤᠯᠤᠯᠳᠠ ᠶᠢ ᠨᠠᠷᠢᠨ ᠬᠢᠨᠠᠮᠠᠭᠠᠢ ᠰᠠᠶᠢᠲᠤᠷ ᠠᠳᠬᠤᠬᠤ ᠬᠡᠷᠡᠭᠳᠡᠢ᠃       ︵ᠭᠤᠷᠪᠠ︶ ᠤᠷᠲᠤ ᠬᠤᠭᠤᠴᠠᠭᠠᠨ ᠤ ᠪᠦᠲᠤᠮᠵᠢᠲᠤ ᠲᠤᠭᠳᠠᠴᠠ ᠶᠢ ᠪᠠᠶᠢᠭᠤᠯᠤᠨ᠎ᠠ᠃ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ ᠨᠢ ᠬᠤᠯᠪᠤᠭᠳᠠᠯ ᠪᠦᠬᠦᠢ ᠢᠵᠢ ᠪᠦᠷᠢᠲᠤᠭ᠍ᠰᠡᠨ ᠲᠦᠷᠢᠮ ᠢ ᠰᠤᠲᠤᠯᠤᠨ ᠲᠤᠭᠳᠠᠭᠠᠬᠤ ᠶᠢ ᠰᠢᠮᠳᠠᠭᠤᠯᠵᠦ᠂ ᠦᠢᠯᠡᠴᠢᠯᠡᠭᠡᠨ ᠤ ᠤᠳᠠᠰᠤ ᠶᠢᠨ ᠬᠠᠮᠢᠶᠠᠷᠤᠯᠳᠠ ᠶᠢᠨ ᠪᠠᠶᠢᠭᠤᠯᠤᠮᠵᠢ᠂ ᠠᠵᠢᠯᠳᠠᠨ ᠤ ᠲᠤᠬᠢᠷᠠᠭᠤᠯᠤᠯᠳᠠ᠂ ᠠᠵᠢᠯ ᠤᠨ ᠡᠬᠦᠷᠭᠡ ᠴᠢᠳᠠᠪᠤᠷᠢ᠂ ᠬᠦᠯᠢᠶᠠᠨ ᠠᠪᠴᠦ ᠰᠢᠢᠳᠪᠤᠷᠢᠯᠠᠬᠦ ᠬᠦᠷᠢᠶ᠎ᠠ ᠭᠡᠪᠴᠢᠶ᠎ᠠ᠂ ᠦᠢᠯᠡᠴᠢᠯᠡᠭᠡᠨ ᠤ ᠪᠠᠷᠢᠮᠵᠢᠶ᠎ᠠ᠂ ᠲᠤᠲᠤᠭᠠᠲᠤ ᠶᠢᠨ ᠬᠢᠨ᠋ᠨᠨ ᠬᠠᠮᠢᠶᠠᠷᠤᠯᠳᠠ᠂ ᠰᠢᠮᠳᠠᠭᠤᠯᠤᠨ ᠪᠠᠶᠢᠴᠠᠭᠠᠵᠦ ᠰᠢᠮᠳᠠᠭᠤᠯᠤᠨ ᠬᠦᠢᠴᠡᠳᠭᠡᠬᠦᠯᠬᠦ᠂ ᠬᠢᠨ᠋ᠨᠨ ᠰᠢᠯᠭᠠᠵᠦ ᠱᠠᠩᠨᠠᠨ ᠲᠤᠷᠭᠠᠬᠤ ᠵᠡᠷᠭᠡ ᠶᠢ ᠲᠦᠷᠢᠮᠵᠢᠬᠦᠯᠵᠦ᠂ ᠦᠢᠯᠡᠴᠢᠯᠡᠭᠡᠨ ᠤ ᠤᠳᠠᠰᠤᠨ ᠤ ᠲᠠᠪᠴᠠᠩ ᠤᠨ ᠦᠢᠯᠡᠴᠢᠯᠡᠭᠡᠨ ᠤ ᠶᠠᠰᠤ ᠴᠢᠨᠠᠷ ᠪᠠ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠬᠦᠯᠬᠦ ᠬᠡᠷᠡᠭᠳᠡᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号