ᠠᠯᠠᠱᠠ ᠬᠢᠯᠢ ᠶᠢᠨ ᠪᠣᠭᠤᠮᠳᠠ ᠠᠯᠪᠠᠨ ᠶᠣᠰᠣ ᠪᠠᠷ ᠨᠡᠪᠳᠡᠷᠡᠪᠡ
ᠨᠡᠶᠢᠲᠡᠯᠡᠭᠰᠡᠨ ᠴᠠᠭ᠄
2020/12/31
      12 ᠰᠠᠷ᠎ᠠ ᠶᠢᠨ 30 ᠤ ᠡᠳᠦᠷ᠂ ᠠᠯᠠᠱᠠ ᠬᠢᠯᠢ ᠶᠢᠨ ᠪᠣᠭᠤᠮᠳᠠ ᠠᠯᠪᠠᠨ ᠶᠣᠰᠣ ᠪᠠᠷ ᠨᠡᠪᠳᠡᠷᠡᠪᠡ᠃ ᠬᠦᠬᠡᠬᠤᠳᠠ ᠬᠢᠯᠢ ᠶᠢᠨ ᠪᠣᠭᠤᠮᠳᠠ ᠶᠢᠨ ᠳᠠᠷᠤᠭ᠎ᠠ ᠯᠢ ᠵᠢᠶᠠᠨ ᠸᠧᠢ᠂  ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠳᠠᠶᠢᠴᠢᠨ ᠠᠴᠠ ᠠᠯᠠᠱᠠ ᠬᠢᠯᠢ ᠶᠢᠨ ᠪᠣᠭᠤᠮᠳᠠ ᠶᠢᠨ ᠫᠠᠶᠢᠰᠠ ᠶᠢᠨ ᠪᠦᠷᠭᠦᠭᠡᠰᠦ ᠶᠢ ᠰᠡᠬᠦᠵᠦ᠂ ᠪᠠᠶᠠᠷ  ᠤᠨ ᠶᠠᠷᠢᠶ᠎ᠠ ᠳᠠᠯᠪᠢᠨ᠂ ᠠᠶᠢᠮᠠᠭ ᠤᠨ ᠳᠡᠳ᠋ ᠳᠠᠷᠤᠭ᠎ᠠ ᠰᠡᠴᠡᠨ ᠶᠣᠰᠣᠯᠠᠯ ᠳᠤ ᠣᠷᠣᠯᠴᠠᠵᠠᠢ᠃
       ᠯᠢ ᠵᠢᠶᠠᠨ ᠸᠧᠢ ᠬᠡᠯᠡᠬᠦ ᠳᠡᠭᠡᠨ᠂ ᠠᠯᠠᠱᠠ ᠠᠶᠢᠮᠠᠭ ᠨᠢ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠳᠠᠯᠠᠪᠠᠢ ᠪᠠᠷ ᠬᠠᠮᠤᠭ ᠤᠨ ᠶᠡᠭᠡ ᠠᠶᠢᠮᠠᠭ ᠪᠠᠶᠢᠵᠦ᠂  ᠬᠦᠬᠡᠬᠤᠳᠠ ᠪᠣᠭᠤᠳᠣ ᠢᠷᠭᠠᠢ ᠳᠡᠮᠡᠭᠡᠳᠦ ᠶᠢᠨ ᠠᠵᠦ ᠠᠬᠤᠢ ᠶᠢᠨ ᠣᠷᠣᠨ ᠪᠠ ᠭᠠᠨᠰᠣ ᠬᠦᠬᠡᠨᠠᠭᠤᠷ ᠯᠠᠨᠵᠸᠦ ᠰᠢᠨᠵᠢᠶᠠᠩ  ᠤᠨ ᠠᠵᠦ ᠠᠬᠤᠢ ᠶᠢᠨ ᠪᠦᠰᠡ ᠶᠢᠨ ᠠᠭᠤᠯᠵᠠᠷ ᠬᠡᠰᠡᠭ ᠲᠤ ᠪᠠᠶᠢᠷᠢᠯᠠᠵᠦ᠂ ᠭᠠᠳᠠᠭᠰᠢ ᠮᠣᠩᠭᠤᠯ ᠣᠯᠣᠰ ᠲᠠᠢ ᠬᠢᠯᠢᠯᠡᠵᠦ᠂ ᠳᠣᠳᠣᠭᠰᠢ ᠪᠠᠨ ᠭᠠᠨᠰᠦ ᠨᠢᠩᠰᠢᠶᠠ ᠲᠠᠢ ᠬᠦᠷᠰᠢᠯᠡᠵᠦ᠂ ᠣᠷᠣᠨ ᠪᠠᠶᠢᠷᠢ ᠶᠢᠨ ᠦᠪᠡᠷᠮᠢᠴᠡ ᠳᠠᠪᠠᠭᠤᠯᠢᠭ ᠲᠠᠢ ᠶᠣᠮ᠃ ᠠᠯᠠᠱᠠ ᠬᠢᠯᠢ ᠶᠢᠨ ᠪᠣᠭᠤᠮᠳᠠ ᠪᠠᠶᠢᠭᠤᠯᠣᠭᠳᠠᠭᠰᠠᠨ ᠨᠢ᠂ ᠨᠡᠭᠡᠭᠡᠯᠳᠡ ᠬᠢᠬᠦ ᠰᠢᠰᠲ᠋ᠧᠮᠵᠢ ᠶᠢ ᠳᠡᠭᠦᠯᠳᠡᠷᠵᠢᠬᠦᠯᠬᠦ᠂ ᠭᠠᠳᠠᠭᠰᠢ ᠴᠢᠭᠯᠡᠬᠦᠯᠦᠭᠰᠡᠨ ᠠᠵᠦ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ᠂ ᠠᠯᠠᠱᠠ ᠶᠢᠨ ᠠᠵᠦ ᠦᠢᠯᠡᠰ ᠤᠨ ᠪᠦᠳᠦᠴᠡ ᠪᠠ ᠡᠵᠡᠩᠨᠡᠨ ᠠᠷᠠᠯᠵᠢᠶᠠᠯᠠᠬᠤ ᠣᠷᠴᠢᠨ ᠳᠣᠭᠤᠷᠢᠨ ᠢ ᠰᠢᠯᠢᠳᠡᠭᠵᠢᠬᠦᠯᠬᠦ ᠳᠤ ᠴᠢᠬᠤᠯᠠ ᠦᠢᠯᠡᠳᠦᠯ ᠦᠵᠡᠬᠦᠯᠵᠦ᠂ ᠠᠯᠠᠱᠠ ᠴᠢᠨᠠᠭᠰᠢᠯᠠᠨ ᠦᠪᠡᠷᠳᠡᠭᠡᠨ ᠵᠠᠰᠠᠬᠤ ᠣᠷᠣᠨ ᠤ ᠨᠡᠭᠡᠭᠡᠯᠳᠡᠳᠦ ᠮᠠᠶ᠋ᠢᠭ ᠤᠨ ᠠᠵᠦ ᠠᠬᠤᠢ ᠶᠢᠨ ᠴᠢᠨᠠᠷ ᠰᠠᠶᠢᠳᠠᠢ ᠬᠦᠭᠵᠢᠯᠳᠡ ᠳᠤ ᠰᠢᠨ᠎ᠡ ᠠᠮᠢᠵᠢᠷᠠᠯ ᠢ ᠣᠯᠭᠤᠬᠤ ᠪᠣᠯᠣᠨ᠎ᠠ᠂ ᠮᠦᠨᠴᠦ ᠬᠦᠬᠡᠬᠤᠳᠠ ᠬᠢᠯᠢ ᠶᠢᠨ ᠪᠣᠭᠤᠮᠳᠠ ᠶᠢᠨ ᠬᠢᠨ ᠤ ᠦᠪᠦᠷ ᠮᠣᠩᠭᠤᠯ ᠤᠨ ᠠᠵᠦ ᠠᠬᠤᠢ ᠨᠡᠶᠢᠬᠡᠮ ᠤᠨ ᠬᠦᠭᠵᠢᠯᠳᠡ ᠳᠤ ᠨᠡᠩ ᠰᠠᠶᠢᠳᠣᠷ ᠦᠢᠯᠡᠴᠢᠯᠡᠬᠦ ᠳᠤ ᠠᠵᠢᠯ ᠤᠨ ᠰᠢᠨ᠎ᠡ ᠳᠣᠯᠭᠠᠭᠤᠷᠢᠯᠠᠯ ᠬᠠᠩᠭᠠᠬᠤ ᠪᠣᠯᠣᠨ᠎ᠠ ᠬᠡᠵᠡᠢ᠃
       ᠳᠠᠶᠢᠴᠢᠨ ᠶᠠᠷᠢᠶᠠᠨ ᠳᠠᠭᠠᠨ᠂ ᠠᠯᠠᠱᠠ ᠬᠢᠯᠢ ᠶᠢᠨ ᠪᠣᠭᠤᠮᠳᠠ ᠳᠣᠭᠳᠠᠭᠰᠠᠨ ᠬᠤᠭᠤᠴᠠᠭᠠᠨ ᠳᠠᠭᠠᠨ ᠨᠡᠪᠳᠡᠷᠡᠭᠰᠡᠨ ᠨᠢ ᠠᠯᠠᠱᠠ ᠠᠶᠢᠮᠠᠭ ᠤᠨ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠠᠶᠢᠭᠤᠯᠬᠤ ᠰᠢᠢᠳᠪᠦᠷᠢᠳᠦ ᠢᠯᠠᠯᠳᠠ ᠶᠢ ᠣᠯᠬᠤ ᠪᠠ ︽ᠠᠷᠪᠠᠨ ᠭᠤᠷᠪᠠᠳᠣᠭᠠᠷ ᠳᠠᠪᠣᠨ ᠵᠢᠯ︾ ᠤᠨ ᠳᠦᠯᠦᠪᠵᠢᠬᠦᠯᠬᠡ ᠶᠢᠨ ᠰᠢᠪᠳᠣᠷᠠᠭᠠᠨ ᠤ ᠵᠢᠯ ᠳᠤ ᠯᠣᠳᠣ ᠶᠡᠭᠡ ᠦᠩᠭᠡ ᠭᠡᠷᠡᠯ ᠨᠡᠮᠡᠷᠢᠯᠡᠭᠰᠡᠨ ᠶᠠᠪᠣᠳᠠᠯ ᠪᠣᠯᠬᠤ ᠶᠣᠮ᠃ ᠣᠷᠴᠢᠮ ᠤᠨ ᠵᠢᠯ ᠳᠤ᠂ ᠠᠯᠠᠱᠠ ᠠᠶᠢᠮᠠᠭ ᠨᠢ ︽ᠨᠢᠬᠡ ᠪᠦᠰᠡ ᠨᠢᠬᠡ ᠵᠠᠮ︾ ︽ᠳᠣᠮᠳᠠᠳᠣ ᠮᠣᠩᠭᠤᠯ ᠣᠷᠣᠰ ᠤᠨ ᠠᠵᠦ ᠠᠬᠤᠢ ᠶᠢᠨ ᠬᠤᠩᠬᠢᠯ︾  ᠤᠨ ᠪᠦᠳᠦᠭᠡᠨ ᠪᠠᠶᠢᠭᠤᠯᠣᠯᠳᠠ ᠳᠤ ᠢᠳᠡᠪᠬᠢᠳᠡᠢ ᠪᠠᠷ ᠣᠷᠣᠯᠴᠠᠵᠦ᠂ ᠨᠡᠭᠡᠭᠡᠯᠳᠡᠳᠦ ᠬᠦᠭᠵᠢᠯᠳᠡ ᠪᠠᠷ ᠠᠵᠦ ᠠᠬᠤᠢ ᠨᠡᠶᠢᠬᠡᠮ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠴᠢᠬᠤᠯᠠ ᠨᠢᠬᠡ ᠭᠤᠭᠴᠤᠭ᠎ᠠ ᠪᠣᠯᠭᠠᠵᠦ᠂ ᠪᠦᠬᠦ ᠠᠶᠢᠮᠠᠭ ᠤᠨ ᠭᠠᠳᠠᠭᠠᠳᠣ ᠣᠷᠣᠭᠤᠯᠣᠯᠳᠠ ᠭᠠᠳᠠᠭᠠᠳᠣ ᠭᠠᠷᠭᠠᠯᠳᠠ ᠶᠢᠨ ᠠᠵᠦ ᠠᠬᠤᠶᠢᠯᠠᠯ ᠵᠢᠯ ᠳᠣᠰᠣᠮ ᠨᠡᠮᠡᠭᠳᠡᠵᠦ᠂ ᠭᠠᠳᠠᠭᠠᠳᠣ ᠣᠷᠣᠭᠤᠯᠣᠯᠳᠠ ᠭᠠᠳᠠᠭᠠᠳᠣ ᠭᠠᠷᠭᠠᠯᠳᠠ ᠶᠢᠨ ᠠᠷᠠᠯᠵᠢᠶ᠎ᠠ ᠶᠠᠪᠣᠬᠤ ᠳᠣᠰᠣᠮ ᠰᠠᠶᠢᠵᠢᠷᠠᠵᠦ᠂ ᠦᠯᠵᠡᠢ ᠪᠣᠭᠤᠮᠳᠠ ᠳᠦᠷ ᠴᠠᠭ ᠨᠡᠪᠳᠡᠷᠡᠵᠦ᠂ ᠠᠯᠠᠱᠠ ᠶᠢᠨ ᠭᠠᠳᠠᠭᠰᠢ ᠨᠡᠭᠡᠭᠡᠯᠳᠡ ᠬᠢᠬᠦ ᠠᠵᠢᠯ ᠰᠢᠨ᠎ᠡ ᠱᠠᠳᠣ ᠦᠶ᠎ᠡ ᠳᠤ ᠳᠡᠪᠰᠢᠨ ᠣᠷᠣᠪᠠ᠃ ᠠᠯᠠᠱᠠ ᠬᠢᠯᠢ ᠶᠢᠨ ᠪᠣᠭᠤᠮᠳᠠ ᠨᠡᠪᠳᠡᠷᠡᠭᠰᠡᠨ ᠨᠢ ᠮᠠᠨ ᠤ ᠠᠶᠢᠮᠠᠭ ᠤᠨ ᠨᠡᠭᠡᠭᠡᠯᠳᠡᠳᠦ ᠮᠠᠶ᠋ᠢᠭ  ᠤᠨ ᠠᠵᠦ ᠠᠬᠤᠢ ᠶᠢᠨ ᠪᠦᠰᠡ ᠶᠢ ᠬᠦᠭᠵᠢᠬᠦᠯᠬᠦ ᠳᠤ ᠨᠡᠩ ᠣᠯᠠᠨ ᠠᠵᠠ ᠳᠣᠬᠢᠶᠠᠯ ᠠᠪᠴᠢᠷᠠᠵᠦ᠂ ᠣᠮᠠᠷ᠎ᠠ ᠳᠡᠰᠢ ᠨᠡᠭᠡᠭᠡᠯᠳᠡ ᠬᠢᠬᠦ ᠳᠤ ᠰᠢᠨ᠎ᠡ ᠬᠦᠳᠡᠯᠬᠡᠬᠦ ᠡᠨᠧᠷᠬᠢ ᠰᠡᠯᠬᠦᠬᠦ ᠨᠢ ᠯᠠᠪᠳᠠᠢ᠃ ᠠᠯᠠᠱᠠ ᠠᠶᠢᠮᠠᠭ ᠨᠢ ᠰᠢᠨ᠎ᠡ ᠠᠵᠠ ᠳᠣᠬᠢᠶᠠᠯ ᠢ ᠬᠦᠢᠴᠡᠳ ᠠᠰᠢᠭᠯᠠᠨ᠂ ᠪᠠᠶᠢᠳᠠᠯ ᠳᠤ ᠰᠠᠭᠤᠷᠢᠯᠠᠨ ᠣᠷᠣᠭᠰᠢᠯᠠᠨ ᠳᠠᠪᠰᠢᠵᠦ᠂ ᠡᠯ᠎ᠡ ᠳᠠᠯ᠎ᠠ ᠶᠢᠨ ᠬᠢᠨ  ᠲᠠᠢ ᠰᠣᠯᠢᠯᠴᠠᠭ᠎ᠠ ᠬᠠᠮᠳᠣᠷᠠᠯᠴᠠᠭ᠎ᠠ ᠪᠠᠨ ᠬᠦᠨᠵᠡᠭᠡᠶᠢᠷᠡᠬᠦᠯᠵᠦ᠂ ᠨᠡᠭᠡᠭᠡᠯᠳᠡ ᠬᠢᠭᠰᠡᠨ ᠦᠷ᠎ᠡ ᠪᠦᠳᠦᠭᠡᠯ ᠢᠶᠠᠨ ᠲᠠᠰᠣᠷᠠᠯᠳᠠ ᠦᠬᠡᠢ ᠦᠷᠭᠡᠳᠬᠡᠵᠦ᠂ ᠰᠢᠨ᠎ᠡ ᠠᠶᠠᠨ ᠳᠠᠭᠠᠨ ᠰᠢᠨ᠎ᠡ ᠠᠮᠵᠢᠯᠳᠠ ᠳᠤ ᠬᠦᠷᠦᠨ᠎ᠡ ᠬᠡᠪᠡ᠃
 
ᠢᠷᠡᠯᠲᠡ᠄ ᠠᠯᠠᠱᠠ ᠶᠢᠨ ᠷᠠᠳᠢᠤ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号