ᠠᠯᠠᠱᠠ ᠠᠶᠢᠮᠠᠭ ᠤᠨ ᠨᠠᠶᠢᠬᠡᠮ ᠤᠨ ᠬᠦᠴᠦᠨ ᠤ ᠰᠤᠷᠭᠠᠨ ᠬᠦᠮᠦᠵᠢᠯ ᠡᠷᠬᠢᠯᠡᠬᠦ ᠶᠢ ᠵᠤᠷᠢᠭᠵᠢᠭᠤᠯᠵᠤ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠤᠨ ᠡᠷᠡᠬᠦᠯ ᠬᠦᠭᠵᠢᠯᠲᠡ ᠶᠢ ᠠᠬᠢᠭᠤᠯᠬᠤ ᠲᠤᠬᠠᠢ ᠬᠡᠷᠡᠭᠵᠢᠬᠦᠯᠬᠦ ᠰᠠᠨᠠᠯ
ᠨᠡᠶᠢᠲᠡᠯᠡᠭᠰᠡᠨ ᠴᠠᠭ᠄
2020/12/31
       ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠨᠡᠶᠢᠬᠡᠮ ᠤᠨ ᠬᠦᠴᠦᠨ ᠤ ᠰᠤᠷᠭᠠᠨ ᠬᠦᠮᠦᠵᠢᠯ ᠡᠷᠬᠢᠯᠡᠬᠦ  ᠶᠢ ᠲᠡᠳᠬᠦᠬᠦ ᠪᠠ ᠲᠦᠷᠢᠮᠵᠢᠬᠦᠯᠵᠦ᠂ ᠰᠠᠶᠢᠨ ᠰᠠᠶᠢᠬᠠᠨ ᠤᠷᠴᠢᠨ ᠲᠤᠭᠤᠷᠢᠨ ᠢ ᠤᠯᠠᠮ ᠨᠢᠬᠡ ᠠᠯᠬᠤᠮ ᠪᠤᠢ ᠪᠤᠯᠭᠠᠵᠦ᠂ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠤᠨ ᠡᠷᠡᠬᠦᠯ ᠬᠦᠭᠵᠢᠯᠲᠡ ᠶᠢ ᠠᠬᠢᠭᠤᠯᠬᠤ ᠳᠣᠬᠠᠢ ᠱᠠᠭᠠᠷᠳᠠᠯᠭ᠎ᠠ ᠶᠢ ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠦᠯᠦᠭᠡ᠂ ︽ᠨᠠᠶᠢᠬᠡᠮ ᠤᠨ ᠬᠦᠴᠦᠨ ᠤ ᠰᠤᠷᠭᠠᠨ ᠬᠦᠮᠦᠵᠢᠯ ᠡᠷᠬᠢᠯᠡᠬᠦ ᠶᠢ ᠵᠤᠷᠢᠭᠵᠢᠭᠤᠯᠵᠤ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠤᠨ ᠡᠷᠡᠬᠦᠯ ᠬᠦᠭᠵᠢᠯᠲᠡ ᠶᠢ ᠠᠬᠢᠭᠤᠯᠬᠤ ᠲᠤᠬᠠᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠬᠡᠷᠡᠭᠵᠢᠬᠦᠯᠬᠦ ᠰᠠᠨᠠᠯ︾  ︵ᠦᠪᠦᠷ ᠵᠠᠰᠠᠭ ᠲᠠᠷᠬᠠᠭᠠᠭᠰᠠᠨ〔2018 〕2 ᠳ᠋ᠤᠭᠠᠷ ᠲᠤᠭᠠᠲᠦ︶ ᠵᠡᠷᠭᠡ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠦᠨᠳᠦᠰᠦᠯᠡᠨ᠂ ᠮᠠᠨ ᠤ ᠠᠶᠢᠮᠠᠭ ᠤᠨ ᠪᠤᠳᠠᠳᠠᠢ  ᠲᠠᠢ ᠤᠶᠠᠯᠳᠤᠭᠤᠯᠤᠨ ᠳᠤᠤᠷᠠᠬᠢ ᠮᠡᠳᠦ ᠬᠡᠷᠡᠭᠵᠢᠬᠦᠯᠬᠦ ᠰᠠᠨᠠᠯ ᠢ ᠲᠤᠭᠳᠠᠭᠠᠪᠠ᠃        ᠨᠢᠬᠡ᠂ ᠶᠡᠷᠦᠩᠬᠡᠢ ᠱᠠᠭᠠᠷᠳᠠᠯᠭ᠎ᠠ        ︵ᠨᠢᠬᠡ︶ ᠵᠢᠯᠤᠭᠤᠳᠬᠤ ᠦᠵᠡᠯ ᠰᠠᠨᠠᠭ᠎ᠠ᠃ ᠰᠢ ᠶᠢᠨ ᠫᠢᠩ  ᠤᠨ ᠰᠢᠨ᠎ᠡ ᠴᠠᠭ ᠦᠶ᠎ᠠ  ᠶᠢᠨ ᠳᠤᠮᠳᠠᠳᠤ ᠤᠯᠤᠰ ᠤᠨ ᠤᠨᠴᠠᠯᠢᠭ   ᠲᠠᠢ ᠨᠡᠶᠢᠬᠡᠮ ᠵᠢᠷᠤᠮ  ᠤᠨ ᠦᠵᠡᠯ ᠰᠠᠨᠠᠭ᠎ᠠ  ᠪᠠᠷ ᠵᠢᠯᠤᠭᠤᠳᠤᠯᠭ᠎ᠠ ᠪᠤᠯᠠᠭᠠᠨ᠂ ᠨᠠᠮ  ᠤᠨ ᠰᠤᠷᠭᠠᠨ ᠬᠦᠮᠦᠵᠢᠯ  ᠤᠨ ᠴᠢᠭᠯᠡᠯᠲᠡ  ᠶᠢ ᠪᠦᠬᠦ ᠲᠠᠯ᠎ᠠ ᠪᠠᠷ ᠲᠤᠤᠱᠯᠠᠭᠤᠯᠵᠦ᠂ ᠠᠷᠠᠳ  ᠠᠴᠠ ᠡᠷᠬᠢᠯᠡᠭᠰᠡᠨ ᠰᠤᠷᠭᠠᠭᠤᠯᠢ   ᠳᠠᠬᠢ ᠨᠠᠮ ᠤᠨ ᠤᠳᠤᠷᠢᠳᠤᠯᠭ᠎ᠠ  ᠶᠢ ᠦᠨᠡᠨᠬᠦ ᠴᠢᠩᠭᠠᠳᠬᠠᠵᠦ᠂ ᠨᠡᠶᠢᠬᠡᠮ ᠵᠢᠷᠤᠮ  ᠤᠨ ᠰᠤᠷᠭᠠᠭᠤᠯᠢ ᠡᠷᠬᠢᠯᠡᠬᠦ ᠴᠢᠭᠯᠡᠯ  ᠢ ᠪᠠᠷᠢᠮᠳᠠᠯᠠᠵᠦ᠂ ᠶᠤᠰᠤ ᠰᠤᠷᠳᠠᠬᠤᠨ  ᠢᠶᠠᠷ ᠬᠦᠮᠦᠨ  ᠢ ᠬᠦᠮᠦᠵᠢᠬᠦᠯᠬᠦ ᠶᠢ ᠪᠠᠷᠢᠮᠳᠠᠯᠠᠵᠦ᠂ ᠨᠡᠶᠢᠬᠡᠮ ᠵᠢᠷᠤᠮ ᠤᠨ ᠭᠤᠣᠯᠯᠠᠭᠴᠢ ᠦᠷᠳᠡᠭ  ᠤᠨ ᠦᠵᠡᠯᠳᠡ  ᠶᠢ ᠬᠦᠮᠦᠵᠢᠬᠦᠯᠦᠨ ᠦᠢᠯᠡᠳᠦᠯᠭᠡᠵᠢᠬᠦᠯᠵᠦ᠂ ᠲᠦᠷᠦᠯ ᠬᠤᠪᠢᠶᠠᠭᠰᠠᠨ ᠬᠠᠮᠢᠶᠠᠷᠦᠯᠳᠠ  ᠶᠢ ᠬᠡᠷᠡᠭᠵᠢᠬᠦᠯᠬᠦ  ᠪᠠᠷ ᠰᠢᠪᠲᠤᠯᠤᠯᠲᠠ  ᠶᠢᠨ ᠴᠡᠭ ᠪᠤᠯᠭᠠᠵᠦ᠂ ᠪᠠᠶᠢᠭᠤᠯᠤᠯ ᠲᠤᠭᠳᠠᠴᠠ  ᠶᠢ ᠰᠢᠨ᠎ᠡ   ᠪᠠᠷ ᠡᠭᠦᠳᠦᠨ᠂ ᠳᠡᠮᠵᠢᠨ ᠳᠡᠳᠬᠦᠬᠦ ᠲᠦᠷᠦ  ᠶᠢᠨ ᠪᠤᠳᠤᠯᠭ᠎ᠠ  ᠶᠢ ᠳᠡᠬᠦᠯᠳᠡᠷᠵᠢᠬᠦᠯᠵᠦ᠂ ᠳᠦᠷᠢᠮᠵᠢᠭᠰᠡᠨ ᠬᠠᠮᠢᠶᠠᠷᠦᠯᠳᠠ  ᠶᠢ ᠴᠢᠩᠭᠠᠳᠬᠠᠵᠦ᠂ ᠰᠤᠷᠭᠠᠭᠤᠯᠢ ᠡᠷᠬᠢᠯᠡᠬᠦ ᠴᠢᠨᠠᠷ ᠴᠢᠨᠰᠠᠭ᠎ᠠ ᠶᠢ ᠳᠡᠭᠡᠭᠰᠢᠯᠡᠬᠦᠯᠵᠦ᠂ ᠮᠠᠨ  ᠤ ᠠᠶᠢᠮᠠᠭ  ᠤᠨ ᠠᠷᠠᠳ  ᠠᠴᠠ ᠡᠷᠬᠢᠯᠡᠭᠰᠡᠨ ᠰᠤᠷᠭᠠᠨ ᠬᠦᠮᠦᠵᠢᠯ ᠤᠨ ᠡᠷᠡᠬᠦᠯ ᠬᠦᠭᠵᠢᠯᠲᠡ ᠶᠢ ᠠᠬᠢᠭᠤᠯᠤᠨ᠎ᠠ᠃        ︵ᠬᠤᠶᠠᠷ︶ ᠦᠨᠳᠦᠰᠦᠨ ᠵᠠᠷᠴᠢᠮ᠃ ᠬᠦᠮᠦᠨ ᠢ ᠬᠦᠮᠦᠵᠢᠬᠦᠯᠬᠦ ᠪᠠᠷ ᠦᠨᠳᠦᠰᠦ ᠪᠤᠯᠭᠠᠵᠦ᠂ ᠮᠤᠷᠠᠯ ᠤᠨ ᠬᠦᠮᠦᠵᠢᠯ ᠢᠶᠠᠷ ᠲᠡᠷᠢᠬᠦᠨ ᠪᠤᠯᠭᠠᠨ᠎ᠠ᠃ ᠶᠤᠰᠤ ᠰᠤᠷᠲᠠᠬᠤᠨ ᠤ ᠬᠦᠮᠦᠵᠢᠯ ᠢ ᠦᠨᠳᠦᠰᠦᠨ ᠡᠬᠦᠷᠭᠡ ᠪᠤᠯᠭᠠᠵᠦ᠂ ᠬᠦᠰᠡᠯᠡᠩ ᠢᠲᠡᠭᠡᠯ ᠵᠤᠷᠢᠭ ᠤᠨ ᠬᠦᠮᠦᠵᠢᠯ ᠢ ᠲᠡᠷᠢᠬᠦᠨ ᠴᠢᠬᠤᠯᠠ ᠪᠠᠶᠢᠷᠢᠨ ᠳᠤ ᠳᠠᠯᠪᠢᠵᠦ᠂ ᠪᠦᠬᠦ ᠬᠦᠮᠦᠨ᠂ ᠪᠦᠬᠦ ᠶᠠᠪᠤᠴᠠ᠂ ᠪᠦᠬᠦ ᠲᠠᠯ᠎ᠠ ᠪᠠᠷ ᠬᠦᠮᠦᠵᠢᠬᠦᠯᠬᠦ ᠠᠵᠢᠯ ᠤᠨ ᠪᠠᠶᠢᠷᠢᠰᠢᠯ ᠢ ᠪᠦᠷᠢᠯᠳᠦᠬᠦᠯᠦᠨ᠂ ᠰᠤᠷᠤᠭᠴᠢᠳ ᠤᠨ ᠤᠯᠤᠰ ᠤᠷᠤᠨ ᠳᠠᠭᠠᠨ ᠦᠢᠯᠡᠴᠢᠯᠡᠬᠦ ᠠᠷᠠᠳ ᠲᠦᠮᠡᠨ ᠳᠤ ᠦᠢᠯᠡᠴᠢᠯᠡᠬᠦ ᠨᠡᠶᠢᠬᠡᠮ ᠤᠨ ᠬᠠᠷᠢᠭᠤᠴᠠᠯᠭᠠᠲᠤ ᠤᠪᠤᠷ᠂ ᠵᠤᠷᠢᠭᠳᠠᠢ ᠰᠦᠪᠡᠭᠴᠢᠯᠡᠵᠦ ᠰᠢᠨ᠎ᠡ ᠶᠢ ᠡᠭᠦᠳᠬᠦ ᠵᠤᠷᠢᠭ ᠰᠠᠨᠠᠭ᠎ᠠ ᠪᠠ ᠴᠢᠳᠠᠮᠠᠭᠠᠢ ᠪᠠᠷ ᠠᠰᠠᠭᠤᠳᠠᠯ ᠢ ᠰᠢᠢᠳᠪᠦᠷᠢᠯᠡᠬᠦ ᠦᠢᠯᠡᠳᠦᠯᠭᠡ ᠶᠢᠨ ᠴᠢᠳᠠᠪᠤᠷᠢ ᠶᠢ ᠲᠡᠭᠡᠭᠰᠢᠯᠡᠬᠦᠯᠦᠨ᠎ᠡ᠃        ᠲᠦᠷᠦᠯ ᠬᠤᠪᠢᠶᠠᠨ ᠬᠠᠮᠢᠶᠠᠷᠴᠦ᠂ ᠨᠡᠶᠢᠳᠡ ᠳᠤ ᠠᠰᠢᠭ ᠬᠦᠷᠳᠡᠭᠡᠬᠦ ᠪᠠᠷ ᠤᠳᠤᠷᠢᠳᠤᠮᠵᠢ ᠪᠤᠯᠭᠠᠨ᠎ᠠ᠃ ᠠᠰᠢᠭ ᠤᠷᠤᠯᠭ᠎ᠠ ᠶᠢᠨ ᠪᠠ ᠠᠰᠢᠭ ᠤᠷᠤᠯᠭ᠎ᠠ ᠶᠢᠨ ᠪᠤᠰᠤ ᠲᠦᠷᠦᠯ ᠬᠤᠪᠢᠶᠠᠭᠰᠠᠨ ᠬᠠᠮᠢᠶᠠᠷᠦᠯᠳᠠ ᠶᠢ ᠭᠡᠷᠡᠭᠵᠢᠬᠦᠯᠵᠦ᠂ ᠠᠳᠠᠯᠢ ᠪᠤᠰᠤ ᠪᠠᠷ ᠲᠡᠳᠬᠦᠬᠦ ᠲᠦᠷᠦ ᠶᠢᠨ ᠪᠤᠳᠤᠯᠭ᠎ᠠ ᠶᠢ ᠬᠡᠷᠡᠭᠵᠢᠬᠦᠯᠵᠦ᠂ ᠨᠡᠶᠢᠬᠡᠮ ᠤᠨ ᠬᠦᠴᠦᠨ ᠤ ᠠᠰᠢᠭ ᠤᠷᠤᠯᠭ᠎ᠠ ᠶᠢᠨ ᠪᠤᠰᠤ ᠠᠷᠠᠳ ᠠᠴᠠ ᠡᠷᠬᠢᠯᠡᠭᠰᠡᠨ ᠰᠤᠷᠭᠠᠭᠤᠯᠢ ᠪᠠᠶᠢᠭᠤᠯᠬᠤ ᠶᠢ ᠨᠢ ᠢᠲᠡᠪᠬᠢᠳᠠᠢ ᠬᠦᠲᠦᠯᠦᠨ ᠵᠢᠯᠤᠭᠤᠳᠤᠨ᠎ᠠ᠃ ᠰᠤᠷᠭᠠᠨ ᠬᠦᠮᠦᠵᠢᠯ ᠤᠨ ᠨᠡᠶᠢᠲᠠ ᠳᠤ ᠠᠰᠢᠭ ᠬᠦᠷᠳᠡᠬᠡᠬᠦ ᠴᠢᠨᠠᠷ ᠢ ᠪᠠᠷᠢᠮᠳᠠᠯᠠᠵᠦ᠂ ᠠᠰᠢᠭ ᠤᠷᠤᠯᠭ᠎ᠠ ᠶᠢᠨ ᠪᠠ ᠠᠰᠢᠭ ᠤᠷᠤᠯᠭ᠎ᠠ ᠶᠢᠨ ᠪᠤᠰᠤ ᠠᠷᠠᠳ ᠠᠴᠠ ᠡᠷᠬᠢᠯᠡᠭᠰᠡᠨ ᠰᠣᠷᠭᠠᠭᠤᠯᠢ ᠭᠡᠰᠡᠨ ᠦᠬᠡᠢ ᠴᠦᠮ ᠨᠡᠶᠢᠬᠡᠮ ᠤᠨ ᠦᠷ᠎ᠠ ᠠᠰᠢᠭ ᠢ ᠢᠮᠠᠭᠲᠠ ᠲᠡᠷᠢᠬᠦᠨ ᠪᠠᠶᠢᠷᠢᠨ ᠳᠤ ᠳᠠᠯᠪᠢᠬᠤ ᠬᠡᠷᠡᠭᠳᠡᠢ᠃        ᠤᠷᠴᠢᠨ ᠲᠤᠭᠤᠷᠢᠨ ᠢ ᠰᠢᠯᠢᠳᠡᠭᠵᠢᠬᠦᠯᠵᠦ᠂ ᠶᠡᠷᠦᠩᠬᠡᠢ ᠳᠤᠨᠢ ᠠᠷᠭ᠎ᠠ ᠪᠤᠳᠤᠯᠭ᠎ᠠ ᠬᠡᠷᠡᠭᠵᠢᠭᠦᠯᠦᠨ᠎ᠡ᠃ ᠰᠤᠷᠭᠠᠨ ᠬᠦᠮᠦᠵᠢᠯ᠂ ᠲᠠᠩᠰᠠᠯᠠᠬᠤ᠂ ᠡᠳ᠋ ᠤᠨ ᠵᠠᠰᠠᠭ᠂ ᠭᠠᠵᠠᠷ ᠰᠢᠷᠦᠢ᠂ ᠰᠦᠢᠳᠭᠡᠯ ᠬᠤᠷᠢᠶᠠᠬᠤ ᠵᠡᠷᠭᠡ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠨᠢᠬᠡᠳᠦᠯᠳᠡᠢ ᠲᠦᠯᠦᠪᠯᠡᠨ᠂ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠤᠨ ᠬᠦᠭᠵᠢᠯᠲᠡ ᠳᠤ ᠠᠰᠢᠭᠳᠠᠢ ᠲᠦᠷᠢᠮ ᠤᠨ ᠤᠷᠴᠢᠨ ᠲᠤᠭᠤᠷᠢᠨ ᠢ ᠪᠤᠢ ᠪᠤᠯᠭᠠᠨ᠎ᠠ᠃        ᠬᠠᠤᠯᠢ ᠶᠤᠰᠤᠭᠠᠷ ᠬᠠᠮᠢᠶᠠᠷᠴᠦ᠂ ᠲᠦᠷᠢᠮᠵᠢᠯ ᠲᠠᠢ ᠪᠠᠷ ᠰᠤᠷᠭᠠᠭᠤᠯᠢ ᠡᠷᠬᠢᠯᠡᠨ᠎ᠠ᠃ ᠵᠠᠰᠠᠭ ᠢ ᠴᠤᠮᠬᠠᠳᠬᠠᠵᠦ ᠡᠷᠬᠡ ᠶᠢ ᠲᠠᠯᠪᠢᠵᠦ᠂ ᠲᠠᠯᠪᠢᠵᠦ ᠬᠠᠮᠢᠶᠠᠷᠬᠤ ᠶᠢ ᠤᠶᠠᠯᠳᠤᠭᠤᠯᠤᠨ᠂ ᠦᠢᠯᠡᠴᠢᠯᠡᠭᠡ ᠶᠢ ᠰᠢᠯᠢᠳᠡᠭᠵᠢᠬᠦᠯᠵᠦ᠂ ᠬᠠᠤᠯᠢ ᠶᠤᠰᠤᠭᠠᠷ ᠡᠭᠦᠷᠭᠡ ᠬᠠᠷᠢᠭᠤᠴᠠᠯᠭ᠎ᠠ ᠪᠠᠨ ᠪᠡᠶᠡᠯᠡᠬᠦᠯᠵᠦ᠂ ᠰᠤᠷᠭᠠᠭᠤᠯᠢ ᠡᠷᠬᠢᠯᠡᠬᠦ ᠡᠮᠬᠢ ᠵᠢᠷᠤᠮ ᠢ ᠲᠦᠷᠢᠮᠵᠢᠬᠦᠯᠦᠨ᠂ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠤᠨ ᠵᠠᠰᠠᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠬᠦᠯᠦᠨ᠎ᠡ᠃        ᠦᠭᠡᠷᠡᠴᠢᠯᠡᠯᠲᠡ ᠶᠢ ᠵᠤᠷᠢᠭᠵᠢᠭᠤᠯᠵᠤ᠂ ᠲᠡᠭᠡᠳᠦ ᠳᠣᠣᠷᠠᠳᠣ ᠱᠠᠳᠤ ᠬᠤᠯᠪᠤᠭᠠᠯᠠᠨ ᠬᠦᠳᠡᠯᠦᠯᠴᠡᠨ᠎ᠠ᠃ ᠦᠭᠡᠷᠡᠴᠢᠯᠡᠯᠲᠠ ᠬᠢᠵᠦ ᠰᠢᠨ᠎ᠡ ᠶᠢ ᠡᠬᠦᠳᠬᠦ ᠳᠤ ᠲᠦᠰᠢᠭᠯᠡᠨ ᠬᠦᠭᠵᠢᠯᠲᠡ ᠶᠢ ᠠᠬᠢᠭᠤᠯᠵᠦ᠂ ᠲᠡᠭᠡᠳᠦ ᠳᠠᠪᠬᠤᠷᠭ᠎ᠠ  ᠠᠴᠠ ᠳᠦᠯᠦᠪᠯᠡᠬᠦ ᠬᠢᠬᠡᠳ ᠦᠨᠳᠦᠰᠦᠨ ᠱᠠᠲᠤᠨ ᠤ ᠰᠢᠨ᠎ᠡ ᠶᠢ ᠡᠬᠦᠳᠬᠦ ᠶᠢ ᠬᠠᠷᠢᠯᠴᠠᠨ ᠤᠶᠠᠯᠳᠤᠭᠤᠯᠵᠦ᠂ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠤᠨ ᠦᠭᠡᠷᠡᠴᠢᠯᠡᠯᠳᠡ ᠬᠦᠭᠵᠢᠯᠲᠡ ᠶᠢᠨ ᠬᠦᠴᠢᠷ ᠠᠰᠠᠭᠤᠳᠠᠯ ᠪᠠ ᠰᠠᠭᠠᠳ ᠲᠤᠳᠬᠠᠷ ᠢ ᠬᠠᠮᠳᠣ ᠪᠠᠷ ᠰᠢᠢᠳᠪᠦᠷᠢᠯᠡᠨ᠎ᠡ᠃        ᠬᠤᠶᠠᠷ᠂ ᠠᠷᠠᠳ ᠠᠴᠠ ᠡᠷᠬᠢᠯᠡᠭᠰᠡᠨ ᠰᠤᠷᠭᠠᠭᠤᠯᠢ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠨ᠎ᠠ        ︵ᠨᠢᠬᠡ︶ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠨᠠᠮ ᠤᠨ ᠪᠠᠶᠢᠭᠤᠯᠤᠯᠳᠠ ᠶᠢ ᠦᠨᠡᠨᠬᠦ ᠴᠢᠩᠭᠠᠳᠬᠠᠨ᠎ᠠ᠃ ᠠᠶᠢᠮᠠᠭ ᠤᠨ ᠨᠠᠮ ᠤᠨ ᠬᠤᠷᠢᠶᠠᠨ ᠤ ᠠᠯᠪᠠᠨ ᠭᠡᠷ ᠠᠴᠠ ᠳᠠᠷᠤᠮᠠᠯᠯᠠᠨ ᠲᠠᠷᠬᠠᠭᠠᠭᠰᠠᠨ           ︽︿ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠨᠠᠮ ᠤᠨ ᠪᠠᠶᠢᠭᠤᠯᠤᠯᠳᠠ ᠶᠢᠨ ᠠᠵᠢᠯ ᠢ ᠤᠯᠠᠮ ᠨᠢᠬᠡ ᠠᠯᠬᠤᠮ ᠴᠢᠩᠭᠠᠳᠬᠠᠬᠤ ᠪᠠ ᠦᠭᠡᠷᠡᠴᠢᠯᠡᠨ ᠰᠠᠶᠢᠵᠢᠷᠠᠭᠤᠯᠬᠤ ᠰᠠᠨᠠᠯ ︵ᠲᠤᠷᠰᠢᠨ ᠭᠡᠷᠡᠭᠵᠢᠬᠦᠯᠬᠦ︶﹀ ᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠤᠰᠤᠭᠠᠷ᠂ ᠠᠷᠠᠳ ᠠᠴᠠ ᠡᠷᠬᠢᠯᠡᠭᠰᠡᠨ ᠰᠤᠷᠭᠠᠭᠤᠯᠢ ︵ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ᠂ ᠠᠷᠠᠳ ᠠᠴᠠ ᠡᠷᠬᠢᠯᠡᠭᠰᠡᠨ ᠪᠤᠰᠤᠳ ᠰᠤᠷᠭᠠᠨ ᠬᠦᠮᠦᠵᠢᠯ ᠤᠨ ᠪᠠᠶᠢᠭᠤᠯᠤᠮᠵᠢ ᠶᠢ ᠪᠠᠭᠲᠠᠭᠠᠨ᠎ᠠ᠂ ᠲᠤᠤᠷ᠎ᠠ ᠠᠳᠠᠯᠢ︶ ᠶᠢᠨ ᠨᠠᠮ ᠤᠨ ᠪᠠᠶᠢᠭᠤᠯᠤᠯᠳᠠ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠨ᠎ᠠ᠃ ᠠᠷᠠᠳ ᠠᠴᠠ ᠡᠷᠬᠢᠯᠡᠭᠰᠡᠨ ᠰᠤᠷᠭᠠᠭᠤᠯᠢ ᠨᠢ ᠨᠠᠮ ᠤᠨ ᠪᠠᠶᠢᠭᠤᠯᠤᠯᠲᠠ ᠶᠢ ᠪᠣᠰᠣᠳ ᠠᠵᠢᠯ ᠲᠠᠢ ᠬᠠᠮᠳᠣ ᠳᠤᠨᠢ ᠰᠦᠪᠡᠭᠴᠢᠯᠡᠵᠦ᠂ ᠨᠠᠮ ᠤᠨ ᠵᠤᠬᠢᠶᠠᠨ ᠪᠠᠶᠢᠭᠤᠯᠤᠯᠳᠠ ᠶᠢ ᠬᠠᠮᠳᠣ ᠳᠤᠨᠢ ᠲᠤᠬᠢᠷᠠᠭᠤᠯᠵᠦ᠂ ᠨᠠᠮ ᠤᠨ ᠠᠵᠢᠯ ᠢ ᠬᠠᠮᠳᠣ ᠳᠤᠨᠢ ᠦᠷᠨᠢᠬᠦᠯᠦᠨ᠂ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠤᠨ ᠨᠠᠮ ᠤᠨ ᠵᠤᠬᠢᠶᠠᠨ ᠪᠠᠶᠢᠭᠤᠯᠤᠯᠳᠠ ᠨᠢ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠬᠠᠮᠢᠶᠠᠷᠦᠯᠳᠠ ᠬᠢᠬᠡᠳ ᠬᠠᠷᠢᠶᠠᠲᠦ ᠭᠠᠵᠠᠷ ᠤᠨ ᠬᠠᠮᠢᠶᠠᠷᠦᠯᠳᠠ ᠶᠢ ᠬᠠᠷᠢᠯᠴᠠᠨ ᠤᠶᠠᠯᠳᠤᠭᠤᠯᠬᠤ ᠶᠢ ᠬᠡᠷᠡᠭᠵᠢᠬᠦᠯᠵᠦ᠂ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠨᠠᠮ ᠤᠨ ᠵᠤᠬᠢᠶᠠᠨ ᠪᠠᠶᠢᠭᠤᠯᠤᠯᠳᠠ ᠶᠢᠨ ᠬᠠᠮᠢᠶᠠᠷᠦᠯᠳᠠ ᠪᠠᠷ ᠭᠤᠤᠯ ᠪᠤᠯᠭᠠᠨ᠎ᠠ᠃ ᠨᠠᠮ ᠤᠨ ᠰᠦᠢᠳᠬᠡᠯ ᠢ ᠦᠭᠴᠦ ᠪᠤᠴᠠᠭᠠᠬᠤ᠂ ᠡᠳ᠋ ᠤᠨ ᠵᠠᠰᠠᠭ ᠤᠨ ᠳᠡᠮᠵᠢᠯᠭᠡ ᠶᠢᠨ ᠲᠦᠷᠢᠮ ᠢ ᠪᠠᠶᠢᠭᠤᠯᠤᠨ ᠨᠠᠶᠢᠳᠠᠪᠤᠷᠢᠵᠢᠭᠤᠯᠵᠦ᠂ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠤᠨ ᠪᠠᠶᠢᠭᠤᠯᠤᠮᠵᠢ ᠶᠢᠨ ᠨᠠᠮ ᠤᠨ ᠵᠤᠬᠢᠶᠠᠨ ᠪᠠᠶᠢᠭᠤᠯᠤᠯᠳᠠ ᠪᠦᠷᠢ ᠶᠢᠨ ᠬᠡᠪ ᠤᠨ ᠠᠵᠢᠯᠯᠠᠭ᠎ᠠ ᠦᠷᠨᠢᠬᠦᠯᠬᠦ ᠰᠦᠢᠳᠭᠡᠯ ᠮᠦᠩᠬᠦ ᠲᠠᠢ ᠪᠠᠶᠢᠬᠤ ᠶᠢ ᠪᠠᠲᠤᠯᠠᠨ᠎ᠠ᠃        ︵ᠬᠤᠶᠠᠷ︶ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠦᠮᠦᠵᠢᠯ ᠤᠨ ᠠᠵᠢᠯ ᠢ ᠦᠨᠡᠨᠬᠦ ᠴᠢᠩᠭᠠᠳᠬᠠᠨ ᠰᠠᠶᠢᠵᠢᠷᠠᠭᠤᠯᠣᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠦᠮ ᠤᠨ ᠦᠵᠡᠯ ᠰᠠᠨᠠᠭ᠎ᠠ ᠶᠢ ᠰᠤᠷᠬᠤ ᠪᠢᠴᠢᠭ᠂ ᠬᠢᠴᠢᠶᠡᠯ ᠤᠨ ᠳᠠᠩᠬᠢᠮ ᠳᠤ ᠣᠷᠣᠭᠤᠯᠵᠦ᠂ ᠤᠶᠤᠨ ᠲᠠᠷᠢᠬᠢᠨ ᠳᠤ ᠬᠤᠨᠣᠭᠰᠢᠭᠤᠯᠬᠤ ᠶᠢ ᠬᠦᠨᠵᠡᠭᠡᠢ ᠠᠬᠢᠭᠤᠯᠵᠦ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠦᠮ ᠤᠨ ᠤᠨᠤᠯ ᠤᠨ ᠰᠢᠰᠲ᠋ᠧᠮᠵᠢ ᠶᠢᠨ ᠰᠤᠷᠤᠯᠴᠠᠯᠭ᠎ᠠ ᠬᠦᠮᠦᠵᠢᠯ ᠢ ᠴᠢᠩᠭᠠᠳᠬᠠᠵᠦ᠂ ᠨᠡᠶᠢᠬᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠲᠡ ᠶᠢ ᠰᠤᠷᠭᠠᠨ ᠬᠦᠮᠦᠵᠢᠯ ᠵᠢᠭᠠᠨ ᠰᠤᠷᠭᠠᠯᠳᠠ ᠶᠢᠨ ᠪᠦᠬᠦ ᠶᠠᠪᠤᠴᠠ᠂ ᠬᠢᠴᠢᠶᠡᠯ ᠵᠢᠭᠠᠵᠦ ᠬᠦᠮᠦᠵᠢᠯ ᠬᠦᠷᠲᠡᠭᠡᠬᠦ ᠡᠯ᠎ᠡ ᠭᠤᠭᠴᠤᠭ᠎ᠠ ᠳᠤ ᠠᠭᠤᠰᠤᠯᠴᠠᠭᠤᠯᠵᠦ᠂ ᠦᠷᠭᠡᠨ ᠤᠯᠠᠨ ᠪᠠᠭᠰᠢ ᠰᠤᠷᠤᠭᠴᠢᠳ ᠤᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠵᠠᠮ ᠤᠨ ᠢᠲᠡᠭᠡᠯ᠂ ᠤᠨᠤᠯ ᠤᠨ ᠢᠲᠡᠭᠡᠯ᠂ ᠲᠦᠷᠢᠮ ᠤᠨ ᠢᠲᠡᠭᠡᠯ᠂ ᠰᠤᠶᠤᠯ ᠤᠨ ᠢᠲᠡᠭᠡᠯ ᠢ ᠳᠠᠰᠤᠷᠠᠯᠲᠠ ᠦᠭᠡᠢ ᠴᠢᠩᠭᠠᠳᠬᠠᠨ᠎ᠠ᠃ ᠦᠵᠡᠯ ᠰᠠᠨᠠᠭᠠᠨ ᠤ ᠬᠦᠮᠦᠵᠢᠯ ᠤᠨ ᠴᠢᠭᠯᠡᠯᠲᠦ ᠴᠢᠨᠠᠷ᠂ ᠪᠤᠳᠠᠳᠤ ᠦᠷ᠎ᠡ ᠪᠦᠲᠦᠮᠵᠢᠲᠦ ᠴᠢᠨᠠᠷ ᠢ ᠲᠡᠭᠡᠭᠰᠢᠯᠡᠬᠦᠯᠵᠦ᠂ ᠨᠠᠮ ᠢᠶᠠᠨ ᠬᠠᠶᠢᠷᠠᠯᠠᠬᠤ᠂ ᠡᠬᠡ ᠤᠷᠤᠨ ᠢᠶᠠᠨ ᠬᠠᠶᠢᠷᠠᠯᠠᠬᠤ᠂ ᠨᠡᠶᠢᠬᠡᠮ ᠵᠢᠷᠤᠮ ᠢ ᠬᠠᠶᠢᠷᠠᠯᠠᠬᠤ ᠬᠦᠮᠦᠵᠢᠯ ᠢ ᠰᠤᠷᠭᠠᠨ ᠬᠦᠮᠦᠵᠢᠯ ᠵᠢᠭᠠᠨ ᠰᠤᠷᠭᠠᠯᠲᠠ ᠶᠢᠨ ᠪᠦᠬᠦ ᠶᠠᠪᠤᠴᠠ ᠳᠤ ᠲᠤᠤᠱᠯᠠᠭᠤᠯᠵᠦ᠂ ᠮᠤᠷᠠᠯ ᠴᠢᠳᠠᠪᠤᠷᠢ ᠪᠡᠶ᠎ᠠ ᠲᠠᠮᠢᠷ ᠭᠤᠸ᠎ᠠ ᠰᠠᠶᠢᠬᠠᠨ ᠪᠦᠬᠦ ᠲᠠᠯ᠎ᠠ ᠪᠠᠷ ᠬᠦᠭᠵᠢᠭᠰᠡᠨ ᠨᠡᠶᠢᠬᠡᠮ ᠵᠢᠷᠦᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠦᠮᠦᠵᠢᠬᠦᠯᠬᠦ ᠳᠤ ᠰᠠᠭᠤᠷᠢ ᠳᠠᠯᠪᠢᠨ᠎ᠠ᠃        ᠭᠤᠷᠪᠠ᠂ ᠲᠦᠷᠦᠯ ᠬᠤᠪᠢᠶᠠᠨ ᠬᠠᠮᠢᠶᠠᠷᠬᠤ ᠦᠭᠡᠷᠡᠴᠢᠯᠡᠯᠲᠡ ᠶᠢ ᠢᠲᠡᠪᠬᠢᠳᠠᠢ ᠯᠠᠪᠳᠠᠭᠤᠨ ᠠᠬᠢᠭᠤᠯᠤᠨ᠎ᠠ        ︵ᠨᠢᠬᠡ︶ ᠲᠦᠷᠦᠯ ᠬᠤᠪᠢᠶᠠᠨ ᠬᠠᠮᠢᠶᠠᠷᠬᠤ ᠲᠦᠷᠢᠮ ᠢ ᠪᠤᠢ ᠪᠤᠯᠭᠠᠨ᠎ᠠ᠃ ᠠᠷᠠᠳ ᠠᠴᠠ ᠡᠷᠬᠢᠯᠡᠭᠰᠡᠨ ᠰᠤᠷᠭᠠᠭᠤᠯᠢ ᠳᠤ ᠠᠰᠢᠭ ᠤᠷᠤᠯᠭ᠎ᠠ ᠶᠢᠨ ᠪᠠ ᠠᠰᠢᠭ ᠤᠷᠤᠯᠭ᠎ᠠ ᠶᠢᠨ ᠪᠤᠰᠤ ᠰᠢᠨᠵᠢ ᠪᠠᠷ ᠲᠦᠷᠦᠯ ᠬᠤᠪᠢᠶᠠᠨ ᠬᠠᠮᠢᠶᠠᠷᠤᠨ᠎ᠠ᠃ ᠠᠰᠢᠭ ᠤᠷᠤᠯᠭ᠎ᠠ ᠶᠢᠨ ᠪᠤᠰᠤ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠡᠷᠬᠢᠯᠡᠭᠴᠢ ᠰᠤᠷᠭᠠᠭᠠᠤᠯᠢ ᠡᠷᠬᠢᠯᠡᠭᠰᠡᠨ ᠠᠰᠢᠭ ᠤᠷᠤᠯᠭ᠎ᠠ ᠤᠯᠬᠤ ᠦᠭᠡᠢ᠂ ᠰᠤᠷᠭᠠᠭᠤᠯᠢ ᠡᠷᠬᠢᠯᠡᠭᠰᠡᠨ ᠦᠯᠡᠳᠡᠯ ᠵᠠᠷᠤᠳᠠᠯ ᠢ ᠪᠦᠬᠦᠨ ᠢ ᠰᠤᠷᠭᠠᠭᠤᠯᠢ ᠳᠤ ᠬᠡᠷᠡᠭᠯᠡᠨ᠎ᠡ᠃ ᠠᠰᠢᠭ ᠤᠷᠤᠯᠭ᠎ᠠ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠡᠷᠬᠢᠯᠡᠭᠴᠢ ᠰᠤᠷᠭᠠᠭᠠᠤᠯᠢ ᠡᠷᠬᠢᠯᠡᠭᠰᠡᠨ ᠠᠰᠢᠭ ᠤᠷᠤᠯᠭ᠎ᠠ ᠤᠯᠵᠦ ᠪᠤᠯᠤᠨ᠎ᠠ᠂ ᠰᠤᠷᠭᠠᠭᠤᠯᠢ ᠡᠷᠬᠢᠯᠡᠭᠰᠡᠨ ᠦᠯᠡᠳᠡᠯ ᠵᠠᠷᠤᠳᠠᠯ ᠢ ᠤᠯᠤᠰ ᠤᠨ ᠬᠠᠮᠢᠶ᠎ᠠ ᠪᠦᠬᠦᠢ ᠲᠤᠭᠳᠠᠭᠠᠯ ᠢ ᠦᠨᠳᠦᠰᠦᠯᠡᠨ ᠬᠤᠪᠢᠶᠠᠷᠢᠯᠠᠨ᠎ᠠ᠃ᠠᠷᠠᠳ ᠠᠴᠠ ᠡᠷᠬᠢᠯᠡᠭᠰᠡᠨ ᠰᠤᠷᠭᠠᠭᠤᠯᠢ ᠬᠠᠤᠯᠢ ᠶᠢᠨ ᠡᠷᠭᠡᠳᠡᠨ ᠤ ᠡᠳ᠋ ᠬᠦᠷᠦᠩᠬᠡ ᠶᠢᠨ ᠡᠷᠬᠡ ᠶᠢ ᠬᠠᠤᠯᠢ ᠶᠤᠰᠤᠭᠠᠷ ᠡᠳ᠋ᠯᠡᠨ᠎ᠡ᠃ ᠰᠤᠷᠭᠠᠭᠤᠯᠢ ᠡᠷᠬᠢᠯᠡᠭᠴᠢ ᠠᠴᠠ ᠠᠰᠢᠭ ᠤᠷᠤᠯᠭ᠎ᠠ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠪᠤᠶᠤ ᠠᠰᠢᠭ ᠤᠷᠤᠯᠭ᠎ᠠ ᠶᠢᠨ ᠪᠤᠰᠤ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠪᠠᠶᠢᠭᠤᠯᠬᠤ ᠶᠢ ᠦᠪᠡᠰᠦᠪᠡᠨ ᠰᠤᠩᠭᠤᠨ᠎ᠠ᠃ ᠦᠪᠡᠰᠦᠪᠡᠨ ᠰᠤᠩᠭᠤᠭᠰᠠᠨ ᠠᠰᠢᠭ ᠤᠷᠤᠯᠭ᠎ᠠ ᠶᠢᠨ ᠪᠠ ᠠᠰᠢᠭ ᠤᠷᠤᠯᠭ᠎ᠠ ᠶᠢᠨ ᠪᠤᠰᠤ ᠴᠢᠨᠠᠷᠳᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢ ᠬᠠᠤᠯᠢ ᠲᠦᠷᠢᠮ ᠶᠤᠰᠤᠭᠠᠷ ᠲᠦᠷᠦᠯ ᠬᠤᠪᠢᠶᠠᠨ ᠳᠠᠩᠰᠠᠯᠠᠨ᠎ᠠ᠃ ᠬᠢᠨᠠᠨ ᠵᠦᠪᠰᠢᠶᠡᠷᠡᠬᠦ ᠡᠷᠬᠡ ᠮᠡᠳᠡᠯ ᠢ ᠳᠤᠷᠤᠭᠰᠢ ᠰᠢᠯᠵᠢᠬᠦᠯᠦᠭᠰᠡᠨ ᠲᠦᠷᠦᠯ ᠵᠦᠢᠯ ᠤᠨ ᠳᠠᠩᠰᠠᠯᠠᠵᠦ ᠬᠠᠮᠢᠶᠠᠷᠬᠤ ᠡᠷᠬᠡ ᠶᠢ ᠬᠠᠷᠠᠭᠠᠯᠵᠠᠭᠤᠯᠤᠨ ᠳᠤᠷᠤᠭᠰᠢ ᠰᠢᠯᠵᠢᠬᠦᠯᠦᠨ᠎ᠡ᠃ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠱᠠᠲᠤᠨ ᠳᠤ ᠠᠰᠢᠭ ᠤᠷᠤᠯᠭ᠎ᠠ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠪᠠᠶᠢᠭᠤᠯᠵᠦ ᠪᠤᠯᠬᠤ ᠦᠭᠡᠢ᠃ ᠨᠡᠶᠢᠬᠡᠮ ᠤᠨ ᠬᠦᠴᠦᠨ ᠤ ᠠᠰᠢᠭ ᠤᠷᠤᠯᠭ᠎ᠠ ᠶᠢᠨ ᠪᠤᠰᠤ ᠴᠢᠨᠠᠷᠳᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠪᠠᠶᠢᠭᠤᠯᠬᠤ ᠶᠢ ᠢᠲᠡᠪᠬᠢᠳᠠᠢ ᠵᠤᠷᠢᠭᠵᠢᠭᠤᠯᠵᠤ ᠬᠦᠴᠦᠯᠡᠨ ᠳᠡᠮᠵᠢᠨ᠎ᠡ᠃ ᠡᠯ᠎ᠠ ᠱᠠᠲᠤᠨ ᠤ ᠠᠷᠠᠳ ᠤᠨ ᠵᠠᠰᠠᠭ ᠤᠨ ᠤᠷᠳᠤᠨ ᠲᠦᠷᠢᠮ ᠪᠠ ᠲᠦᠷᠦ ᠶᠢᠨ ᠪᠤᠳᠤᠯᠭ᠎ᠠ ᠶᠢ ᠲᠡᠭᠦᠯᠳᠡᠷᠵᠢᠬᠦᠯᠵᠦ᠂ ᠵᠠᠰᠠᠭ ᠤᠨ ᠤᠷᠳᠤᠨ ᠤ ᠨᠦᠬᠦᠪᠦᠷᠢ᠂ ᠵᠠᠰᠠᠭ ᠤᠨ ᠤᠷᠳᠤᠨ ᠦᠢᠯᠡᠴᠢᠯᠡᠭᠡ ᠬᠤᠳᠠᠯᠳᠤᠨ ᠠᠪᠬᠤ᠂ ᠰᠠᠭᠤᠷᠢ ᠮᠦᠩᠬᠦᠨ ᠤ ᠬᠦᠬᠢᠬᠦᠯᠦᠯ᠂ ᠡᠳ᠋ ᠮᠦᠩᠬᠦ ᠪᠠᠷ ᠵᠤᠷᠢᠭᠵᠢᠭᠤᠯᠤᠨ ᠬᠦᠬᠢᠬᠦᠯᠬᠦ᠂ ᠭᠠᠵᠠᠷ ᠰᠢᠷᠦᠢ ᠶᠢ ᠬᠤᠪᠢᠶᠠᠷᠢᠯᠠᠨ ᠦᠭᠬᠦ᠂ ᠭᠠᠶᠢᠯᠢ ᠶᠢ ᠬᠠᠰᠤᠨ ᠬᠡᠯᠳᠦᠷᠢᠬᠦᠯᠬᠦ ᠵᠡᠷᠭᠡ ᠲᠠᠯ᠎ᠠ ᠪᠠᠷ ᠠᠰᠢᠭ ᠤᠷᠤᠯᠭ᠎ᠠ ᠶᠢᠨ ᠪᠤᠰᠤ ᠴᠢᠨᠠᠷᠳᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠳᠤ ᠳᠡᠮᠵᠢᠯᠭᠡ ᠦᠵᠡᠬᠦᠯᠬᠦ ᠬᠡᠷᠡᠭᠳᠡᠢ᠃ ᠡᠯ᠎ᠠ ᠱᠠᠲᠤᠨ ᠤ ᠠᠷᠠᠳ ᠤᠨ ᠵᠠᠰᠠᠭ ᠤᠨ ᠤᠷᠳᠤᠨ ᠠᠵᠦ ᠠᠬᠤᠢ ᠨᠡᠶᠢᠬᠡᠮ ᠤᠨ ᠬᠦᠭᠵᠢᠯᠲᠡ ᠶᠢᠨ ᠱᠠᠭᠠᠷᠳᠠᠯᠭ᠎ᠠ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠱᠠᠭᠠᠷᠳᠠᠯᠭ᠎ᠠ ᠪᠠᠨ ᠦᠨᠳᠦᠰᠦᠯᠡᠨ᠂ ᠵᠠᠰᠠᠭ ᠤᠨ ᠤᠷᠳᠤᠨ ᠦᠢᠯᠡᠴᠢᠯᠡᠭᠡ ᠬᠤᠳᠠᠯᠳᠤᠨ ᠠᠪᠬᠤ ᠵᠢᠴᠢ ᠭᠠᠶᠢᠯᠢ ᠶᠢ ᠪᠠᠭᠠᠰᠬᠠᠬᠤ ᠬᠡᠯᠲᠦᠷᠢᠬᠦᠯᠬᠦ ᠵᠡᠷᠭᠡ ᠠᠷᠭ᠎ᠠ ᠪᠠᠷᠢᠯ ᠢᠶᠠᠷ ᠠᠰᠢᠭ ᠤᠷᠤᠯᠭ᠎ᠠ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠳᠤ ᠳᠡᠮᠵᠢᠯᠭᠡ ᠦᠵᠡᠬᠦᠯᠦᠨ᠎ᠠ᠃        ︵ᠬᠤᠶᠠᠷ︶ ᠲᠦᠷᠦᠯ ᠬᠤᠪᠢᠶᠠᠨ ᠰᠢᠯᠵᠢᠯᠲᠠ ᠶᠢ ᠪᠡᠶᠡᠯᠡᠬᠦᠯᠬᠦ ᠶᠢ ᠯᠠᠪᠳᠠᠭᠤᠨ ᠠᠬᠢᠭᠤᠯᠤᠨ᠎ᠠ᠃ 2017 ᠤᠨ ᠤ 9 ᠰᠠᠷ᠎ᠠ ᠶᠢᠨ 1 ᠤ ᠡᠳᠦᠷ ᠠᠴᠠ ᠡᠮᠦᠨ᠎ᠠ ᠵᠦᠪᠰᠢᠶᠡᠷᠡᠬᠦᠯᠦᠨ ᠪᠠᠶᠢᠭᠤᠯᠤᠭᠳᠠᠭᠰᠠᠨ ᠠᠷᠠᠳ ᠠᠴᠠ ᠡᠷᠬᠢᠯᠡᠭᠰᠡᠨ ᠰᠤᠷᠭᠠᠭᠤᠯᠢ ᠳᠤ ᠰᠢᠯᠵᠢᠯᠲᠠ ᠶᠢᠨ ᠬᠤᠭᠤᠴᠠᠭᠠᠨ ᠤ ᠬᠢᠵᠠᠭᠠᠷ ᠢ ᠲᠤᠭᠳᠠᠭᠠᠵᠤ᠂ ᠲᠦᠷᠦ ᠶᠢᠨ ᠪᠤᠳᠤᠯᠭ᠎ᠠ ᠪᠠᠷ ᠵᠢᠯᠤᠭᠤᠳᠤᠮᠵᠢ ᠪᠤᠯᠭᠠᠨ᠂ ᠵᠠᠷᠴᠢᠮ ᠳᠡᠭᠡᠷ᠎ᠡ ᠪᠠᠨ ᠰᠤᠷᠭᠠᠭᠤᠯᠢ ᠡᠷᠬᠢᠯᠡᠭᠴᠢ ᠠᠴᠠ 2023 ᠤᠨ ᠤ 8 ᠰᠠᠷ᠎ᠠ ᠶᠢᠨ 31 ᠤ ᠡᠳᠦᠷ ᠠᠴᠠ ᠡᠮᠦᠨ᠎ᠠ ᠰᠠᠶᠢᠨ ᠳᠤᠷ᠎ᠠ ᠠᠴᠠ ᠪᠠᠨ ᠠᠰᠢᠭ ᠤᠷᠤᠯᠭ᠎ᠠ ᠶᠢᠨ ᠪᠠ ᠠᠰᠢᠭ ᠤᠷᠤᠯᠭ᠎ᠠ ᠶᠢᠨ ᠪᠤᠰᠤ ᠪᠠᠶᠢᠬᠤ ᠰᠤᠩᠭᠤᠯᠳᠠ ᠶᠢ ᠬᠢᠨ᠎ᠡ᠃ ᠰᠢᠯᠵᠢᠯᠲᠠ ᠶᠢᠨ ᠬᠤᠭᠤᠴᠠᠭᠠᠨ ᠳᠤ ᠰᠤᠩᠭᠤᠯᠳᠠ ᠬᠢᠭᠰᠡᠨ ᠦᠭᠡᠢ ᠪᠤᠯ᠂ ᠠᠰᠢᠭ ᠤᠷᠤᠯᠭ᠎ᠠ ᠶᠢᠨ ᠪᠤᠰᠤ ᠴᠢᠨᠠᠷᠳᠠᠢ ᠰᠤᠷᠭᠠᠭᠤᠯᠢ ᠪᠠᠷ ᠮᠡᠳᠡᠷᠡᠨ ᠲᠤᠭᠳᠠᠭᠠᠨ᠎ᠠ᠃ ᠡᠯ᠎ᠠ ᠬᠤᠰᠢᠭᠤ ︵ᠨᠡᠭᠡᠭᠡᠯᠳᠡ ᠶᠢᠨ ᠤᠷᠤᠨ︶ ᠬᠠᠮᠢᠶ᠎ᠠ ᠪᠦᠬᠦᠢ ᠲᠡᠦᠬᠡ ᠶᠢᠨ ᠪᠠ ᠪᠤᠳᠠᠳᠤ ᠪᠠᠶᠢᠳᠠᠯ ᠢ ᠬᠦᠢᠴᠡᠳ ᠪᠤᠳᠤᠯᠬᠢᠯᠠᠵᠦ᠂ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠬᠦᠮᠦᠵᠢᠯ ᠬᠦᠷᠳᠡᠭᠰᠡᠳ᠂ ᠪᠠᠭᠰᠢ ᠠᠵᠢᠯᠳᠠᠨ ᠠᠵᠢᠯᠴᠢᠨ ᠪᠠ ᠰᠤᠷᠭᠠᠭᠤᠯᠢ ᠡᠷᠬᠢᠯᠡᠭᠴᠢ ᠶᠢᠨ ᠬᠠᠤᠯᠢ ᠶᠤᠰᠤᠨ ᠤ ᠡᠷᠬᠡ ᠠᠰᠢᠭ ᠢ ᠪᠠᠲᠤᠯᠠᠵᠦ᠂ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠲᠦᠷᠦᠯ ᠬᠤᠪᠢᠶᠠᠨ ᠬᠠᠮᠢᠶᠠᠷᠬᠤ ᠦᠭᠡᠷᠡᠴᠢᠯᠡᠯᠲᠠ ᠶᠢ ᠯᠠᠪᠳᠠᠭᠤᠨ ᠡᠮᠬᠢ ᠵᠢᠷᠤᠮ  ᠲᠠᠢ ᠠᠬᠢᠭᠤᠯᠬᠤ ᠶᠢ ᠪᠠᠲᠤᠯᠠᠬᠤ ᠬᠡᠷᠡᠭᠳᠡᠢ᠃        ᠲᠦᠷᠪᠠ᠂ ᠪᠠᠶᠢᠭᠤᠯᠤᠯ ᠲᠤᠭᠳᠠᠴᠠ ᠶᠢ ᠰᠢᠨᠡᠴᠢᠯᠡᠵᠦ᠂ ᠲᠡᠮᠵᠢᠨ ᠲᠡᠳᠬᠦᠬᠦ ᠲᠦᠷᠦ ᠶᠢᠨ ᠪᠤᠳᠤᠯᠭ᠎ᠠ ᠶᠢ ᠲᠡᠭᠦᠯᠳᠡᠷᠵᠢᠬᠦᠯᠦᠨ᠎ᠠ        ︵ᠨᠢᠬᠡ︶ ᠵᠦᠪᠰᠢᠶᠡᠷᠡᠯᠳᠡ ᠶᠢᠨ ᠲᠤᠭᠲᠠᠴᠠ ᠶᠢ ᠲᠡᠭᠦᠯᠳᠡᠷᠵᠢᠬᠦᠯᠦᠨ᠎ᠠ᠃ ᠬᠠᠤᠯᠢ ᠴᠠᠭᠠᠵᠠ ᠬᠠᠤᠯᠢ ᠲᠦᠷᠢᠮ ᠳᠤ ᠬᠢᠵᠠᠭᠠᠷᠯᠠᠨ ᠴᠠᠭᠠᠵᠠᠯᠠᠭᠰᠠᠨ ᠵᠢᠴᠢ ᠭᠤᠷᠪᠠᠳᠤᠭᠠᠷ ᠡᠲᠡᠭᠡᠳ ᠤᠨ ᠠᠰᠢᠭ ᠲᠤᠰᠠ᠂ ᠨᠡᠶᠢᠬᠡᠮ ᠤᠨ ᠤᠯᠠᠨ ᠨᠡᠶᠢᠲᠠ ᠶᠢᠨ ᠠᠰᠢᠭ ᠲᠤᠰᠠ᠂ ᠤᠯᠤᠰ ᠤᠨ ᠠᠮᠤᠷ ᠲᠦᠪᠰᠢᠨ ᠤ ᠬᠦᠷᠢᠶᠡᠨ ᠳᠤ ᠬᠤᠬᠢᠷᠠᠯ ᠤᠴᠠᠷᠠᠭᠤᠯᠬᠤ ᠦᠭᠡᠢ ᠪᠤᠯ᠂ ᠨᠡᠶᠢᠬᠡᠮ ᠤᠨ ᠬᠦᠴᠦᠨ ᠤ ᠰᠤᠷᠭᠠᠨ ᠬᠦᠮᠦᠵᠢᠯ ᠤᠨ ᠦᠢᠯᠡᠰ ᠲᠤ ᠤᠷᠤᠯᠴᠠᠬᠤ ᠶᠢ ᠬᠢᠵᠠᠭᠠᠷᠯᠠᠵᠦ ᠪᠤᠯᠬᠤ ᠦᠭᠡᠢ᠃        ︵ᠬᠤᠶᠠᠷ︶ ᠪᠡᠯᠡ ᠬᠤᠷᠠᠮᠳᠤᠭᠤᠯᠬᠤ ᠠᠷᠭ᠎ᠠ ᠵᠠᠮ ᠢᠶᠠᠨ ᠦᠷᠭᠡᠳᠭᠡᠵᠦ᠂ ᠤᠯᠠᠨ ᠲᠠᠯᠠᠲᠤ ᠭᠤᠤᠯ ᠴᠤᠭᠴᠠ ᠶᠢᠨ ᠬᠤᠷᠰᠢᠨ ᠬᠠᠮᠳᠤᠷᠠᠵᠦ ᠰᠤᠷᠭᠠᠭᠤᠯᠢ ᠡᠷᠬᠢᠯᠡᠬᠦ ᠶᠢ ᠠᠬᠢᠭᠤᠯᠤᠨ᠎ᠠ᠃ ᠨᠡᠶᠢᠬᠡᠮ ᠤᠨ ᠪᠡᠯᠡ ᠮᠦᠩᠬᠦ ᠶᠢ ᠤᠯᠠᠨ ᠵᠦᠢᠯ ᠤᠨ ᠠᠷᠭ᠎ᠠ ᠮᠠᠶ᠋ᠢᠭ ᠢᠶᠠᠷ ᠵᠤᠷᠢᠭᠵᠢᠭᠤᠯᠤᠨ ᠳᠠᠳᠠᠵᠦ᠂ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠪᠡᠯᠡ ᠮᠦᠩᠬᠦᠨ ᠤ ᠢᠷᠡᠯᠳᠡ ᠶᠢ ᠦᠷᠭᠡᠳᠭᠡᠨ᠎ᠡ᠃ ᠮᠦᠩᠬᠦᠨ ᠬᠦᠢᠯᠭᠡᠭᠡᠨ ᠤ ᠪᠠᠶᠢᠭᠤᠯᠤᠮᠵᠢ ᠶᠢᠨ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠤᠨᠴᠠᠯᠢᠭ ᠲᠤ ᠲᠤᠬᠢᠷᠠᠬᠤ ᠮᠦᠩᠬᠦᠨ ᠬᠦᠢᠯᠭᠡᠭᠡᠨ ᠤ ᠪᠦᠲᠦᠭᠡᠭᠳᠡᠬᠦᠨ ᠢ ᠨᠡᠬᠡᠬᠡᠨ ᠬᠦᠭᠵᠢᠭᠦᠯᠬᠦ ᠶᠢ ᠵᠤᠷᠢᠭᠵᠢᠭᠤᠯᠵᠤ᠂ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠬᠤᠶᠢᠰᠢᠲᠠ ᠶᠢᠨ ᠡᠵᠡᠩᠨᠡᠯᠳᠡ ᠶᠢᠨ ᠤᠷᠤᠯᠭ᠎ᠠ᠂ ᠮᠡᠳᠡᠯᠭᠡ ᠶᠢᠨ ᠪᠦᠳᠦᠭᠡᠭᠳᠡᠬᠦᠨ ᠤ ᠦᠮᠴᠢᠯᠡᠬᠦ ᠡᠷᠬᠡ ᠶᠢ ᠪᠠᠷᠢᠴᠠᠭᠠᠯᠠᠭᠰᠠᠨ ᠵᠢᠭᠡᠯᠡᠯᠭᠡ ᠶᠢᠨ ᠠᠵᠢᠯ ᠢ ᠰᠦᠪᠡᠭᠴᠢᠯᠡᠨ ᠪᠡᠶᠡᠯᠡᠬᠦᠯᠵᠦ᠂ ᠪᠠᠩᠬᠢ ᠶᠢᠨ ᠵᠢᠭᠡᠯᠡᠯᠭᠡ᠂  ᠢᠲᠡᠬᠡᠮᠵᠢᠲᠦ ᠨᠠᠶᠢᠳᠠᠯᠭ᠎ᠠ᠂ ᠪᠡᠯᠡ ᠨᠡᠶᠢᠯᠡᠬᠦᠯᠦᠭᠰᠡᠨ ᠲᠦᠷᠢᠶᠡᠰᠦᠯᠡᠯ ᠵᠡᠷᠭᠡ ᠤᠯᠠᠨ ᠬᠡᠯᠪᠡᠷᠢᠴᠢᠯᠡᠭᠰᠡᠨ ᠮᠦᠩᠬᠦᠨ ᠬᠦᠢᠯᠭᠡᠭᠡᠨ ᠤ ᠦᠢᠯᠡᠴᠢᠯᠡᠭᠡ ᠶᠢ ᠬᠠᠩᠭᠠᠨ᠎ᠠ᠃ ᠨᠡᠶᠢᠬᠡᠮ ᠤᠨ ᠬᠦᠴᠦᠨ ᠤ ᠠᠰᠢᠭ ᠤᠷᠤᠯᠭ᠎ᠠ ᠶᠢᠨ ᠪᠤᠰᠤ ᠠᠷᠠᠳ ᠠᠴᠠ ᠡᠷᠬᠢᠯᠡᠭᠰᠡᠨ ᠰᠤᠷᠭᠠᠭᠤᠯᠢ ᠳᠤ ᠡᠳ᠋ ᠪᠤᠳᠠᠰ ᠪᠡᠯᠭᠡᠯᠡᠨ ᠬᠦᠷᠭᠡᠬᠦ ᠶᠢ ᠵᠤᠷᠢᠭᠵᠢᠭᠤᠯᠤᠨ᠎ᠠ᠃ ᠵᠠᠰᠠᠭ ᠤᠨ ᠤᠷᠳᠤᠨ ᠪᠠ ᠨᠡᠶᠢᠬᠡᠮ ᠤᠨ ᠬᠦᠷᠦᠩᠭᠡ ᠶᠢᠨ ᠬᠠᠮᠳᠤᠷᠠᠯᠴᠠᠬᠤ ︵PPP︶ ᠬᠡᠯᠪᠡᠷᠢ ᠶᠢ ᠳᠡᠯᠭᠡᠷᠡᠬᠦᠯᠵᠦ᠂ ᠨᠡᠶᠢᠬᠡᠮ ᠤᠨ ᠬᠦᠷᠦᠩᠬᠡ ᠶᠢᠨ ᠰᠤᠷᠭᠠᠨ ᠬᠦᠮᠦᠵᠢᠯ ᠤᠨ ᠰᠠᠭᠤᠷᠢ ᠲᠦᠬᠦᠬᠡᠷᠦᠮᠵᠢ ᠶᠢᠨ ᠪᠦᠲᠦᠭᠡᠨ ᠪᠠᠶᠢᠭᠤᠯᠤᠯᠳᠠ ᠪᠠ ᠡᠵᠡᠩᠨᠡᠯᠲᠠ ᠬᠠᠮᠢᠶᠠᠷᠦᠯᠳᠠ᠂ ᠲᠤᠰᠬᠠᠶᠢᠵᠢᠭᠰᠠᠨ ᠦᠢᠯᠡᠴᠢᠯᠡᠭᠡ ᠬᠠᠩᠭᠠᠬᠤ ᠶᠢ ᠵᠤᠷᠢᠭᠵᠢᠭᠤᠯᠤᠨ᠎ᠠ᠃ ᠠᠯᠪᠠᠨ ᠤ ᠰᠤᠷᠭᠠᠭᠤᠯᠢ ᠬᠢᠬᠡᠳ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠬᠠᠮᠢᠶᠠᠷᠦᠯᠳᠠ ᠶᠢᠨ ᠦᠢᠯᠡᠴᠢᠯᠡᠭᠡ᠂ ᠵᠢᠭᠠᠨ ᠰᠤᠷᠭᠠᠬᠤ ᠡᠬᠢ ᠪᠠᠶᠠᠯᠢᠭ᠂ ᠰᠤᠳᠤᠯᠭᠠᠨ ᠤ ᠦᠷ᠎ᠠ ᠪᠦᠲᠦᠭᠡᠯ ᠢᠶᠠᠨ ᠬᠠᠷᠢᠯᠴᠠᠨ ᠰᠤᠯᠢᠯᠴᠠᠨ ᠬᠤᠳᠠᠯᠳᠤᠬᠤ ᠶᠢ ᠢᠲᠡᠪᠬᠢᠳᠠᠢ ᠵᠤᠷᠢᠭᠵᠢᠭᠤᠯᠤᠨ᠎ᠠ᠃ ᠬᠤᠯᠢᠮᠠᠭ ᠦᠮᠴᠢᠯᠡᠯᠲᠦ ᠲᠤᠰᠬᠠᠢ ᠮᠡᠷᠭᠡᠵᠢᠯ ᠤᠨ ᠳᠡᠭᠡᠲᠦ ᠰᠤᠷᠭᠠᠭᠤᠯᠢ ᠶᠢ ᠰᠦᠪᠡᠭᠴᠢᠯᠡᠨ ᠪᠠᠶᠢᠭᠤᠯᠵᠦ᠂ ᠬᠦᠷᠦᠩᠬᠡ᠂ ᠮᠡᠳᠡᠯᠭᠡ᠂ ᠮᠡᠷᠭᠡᠵᠢᠯ᠂ ᠬᠠᠮᠢᠶᠠᠷᠦᠯᠳᠠ ᠵᠡᠷᠭᠡ ᠡᠯᠧᠮᠧᠨ᠋ᠲ ᠢᠶᠠᠷ ᠰᠤᠷᠭᠠᠭᠤᠯᠢ ᠡᠷᠬᠢᠯᠡᠬᠦ ᠳᠤ ᠤᠷᠤᠯᠴᠠᠬᠤ ᠶᠢᠨ ᠬᠠᠮᠲᠤ ᠬᠠᠷᠠᠭᠠᠯᠵᠠᠭᠰᠠᠨ ᠡᠷᠬᠡ ᠶᠢ ᠡᠳ᠋ᠯᠡᠬᠦ ᠶᠢ ᠵᠦᠪᠰᠢᠶᠡᠷᠡᠨ᠎ᠠ᠃ ᠠᠯᠪᠠᠨ ᠵᠢᠷᠦᠮ ᠤᠨ ᠪᠤᠰᠤ ᠰᠤᠷᠭᠠᠨ ᠬᠦᠮᠦᠵᠢᠯ ᠤᠨ ᠱᠠᠲᠤᠨ ᠳᠠᠬᠢ ᠠᠯᠪᠠᠨ ᠤ ᠰᠤᠷᠭᠠᠭᠤᠯᠢ ᠶᠢᠨ ᠨᠡᠶᠢᠲᠠ ᠶᠢᠨ ᠦᠮᠴᠢᠯᠡᠯ ᠤᠨ ᠪᠤᠰᠤ ᠬᠦᠷᠦᠩᠭᠡ ᠶᠢ ᠤᠷᠢᠨ ᠤᠷᠤᠭᠤᠯᠵᠦ ᠰᠤᠷᠭᠠᠭᠤᠯᠢ ᠡᠷᠬᠢᠯᠡᠬᠦ ᠳᠤ ᠤᠷᠤᠯᠴᠠᠬᠤ ᠪᠤᠶᠤ ᠤᠯᠤᠰ ᠤᠨ ᠦᠮᠴᠢᠯᠡᠯᠲᠦ ᠰᠲ᠋ᠣᠺ ᠤᠨ ᠡᠷᠬᠡ ᠶᠢ ᠡᠵᠡᠮᠳᠡᠬᠦ ᠬᠡᠯᠪᠡᠷᠢ ᠪᠠᠷ ᠨᠡᠶᠢᠬᠡᠮ ᠤᠨ ᠬᠦᠴᠦᠨ ᠳᠤ ᠲᠤᠰᠢᠶᠠᠨ ᠬᠠᠮᠢᠶᠠᠷᠣᠭᠤᠯᠬᠤ ᠶᠢ ᠰᠦᠪᠡᠭᠴᠢᠯᠡᠨ ᠳᠡᠮᠵᠢᠨ᠎ᠡ᠃ ᠠᠰᠢᠭ ᠤᠷᠤᠯᠭ᠎ᠠ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠰᠲ᠋ᠣᠺ ᠤᠨ ᠡᠷᠬᠡ ᠶᠢᠨ ᠬᠦᠬᠢᠬᠦᠯᠦᠨ ᠵᠤᠷᠢᠭᠵᠢᠭᠤᠯᠬᠤ ᠲᠤᠭᠲᠠᠴᠠ ᠶᠢ ᠪᠠᠶᠢᠭᠤᠯᠬᠤ ᠶᠢ ᠵᠤᠷᠢᠭᠵᠢᠭᠤᠯᠤᠨ᠎ᠠ᠃        ︵ᠭᠤᠷᠪᠠ︶ ᠦᠪᠡᠰᠦᠪᠡᠨ ᠡᠵᠡᠨ ᠮᠡᠳᠡᠵᠦ ᠰᠦᠢᠳᠭᠡᠯ ᠬᠤᠷᠢᠶᠠᠬᠤ ᠲᠦᠷᠦ ᠶᠢᠨ ᠪᠤᠳᠤᠯᠭ᠎ᠠ ᠶᠢ ᠬᠡᠷᠡᠭᠵᠢᠬᠦᠯᠦᠨ᠎ᠡ᠃ ᠠᠷᠠᠳ ᠠᠴᠠ ᠡᠷᠬᠢᠯᠡᠭᠰᠡᠨ ᠰᠤᠷᠭᠠᠭᠤᠯᠢ ᠳᠤ ᠵᠠᠬ᠎ᠠ ᠲᠡᠯᠭᠡᠭᠦᠷ ᠤᠨ  ᠳᠣᠬᠢᠷᠠᠭᠤᠯᠣᠭᠰᠠᠨ ᠦᠨ᠎ᠡ  ᠪᠠᠷ ᠰᠦᠢᠳᠭᠡᠯ ᠬᠤᠷᠢᠶᠠᠬᠤ ᠶᠢ ᠬᠡᠷᠡᠭᠵᠢᠬᠦᠯᠵᠦ᠂ ᠪᠤᠳᠠᠳᠠᠢ ᠬᠤᠷᠢᠶᠠᠬᠤ ᠰᠦᠢᠳᠬᠡᠯ ᠢ ᠰᠤᠷᠭᠠᠭᠤᠯᠢ ᠦᠪᠡᠰᠦᠪᠡᠨ ᠲᠤᠭᠳᠠᠭᠠᠵᠤ᠂ ᠨᠡᠶᠢᠬᠡᠮ ᠨᠡᠶᠢᠲᠡ ᠳᠤ ᠨᠠᠶᠢᠲᠡᠯᠡᠭᠰᠡᠨ ᠤ ᠳᠠᠷᠠᠭ᠎ᠠ ᠬᠠᠤᠯᠢ ᠲᠤᠭᠳᠠᠭᠠᠯ ᠶᠤᠰᠤᠭᠠᠷ ᠬᠡᠷᠡᠭᠵᠢᠬᠦᠯᠦᠨ᠎ᠡ᠃ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠰᠦᠢᠳᠭᠡᠯ ᠬᠤᠷᠢᠶᠠᠬᠤ ᠠᠵᠢᠯᠯᠠᠭ᠎ᠠ ᠶᠢᠨ ᠪᠦᠬᠦ ᠶᠠᠪᠤᠴᠠ ᠳᠠᠬᠢ ᠬᠢᠨᠠᠠ ᠬᠠᠮᠢᠶᠠᠷᠦᠯᠳᠠ ᠪᠠᠨ ᠴᠢᠩᠭᠠᠳᠬᠠᠬᠤ ᠬᠡᠷᠡᠭᠳᠡᠢ᠃ ᠠᠯᠪᠠᠨ ᠠᠴᠠ ᠪᠠᠶᠢᠭᠤᠯᠵᠦ ᠠᠷᠠᠳ ᠠᠴᠠ ᠡᠷᠬᠢᠯᠡᠭᠰᠡᠨ᠂ ᠠᠯᠪᠠᠨ ᠠᠴᠠ ᠳᠡᠳᠬᠦᠵᠦ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠨᠢ ᠡᠷᠬᠡᠪᠰᠢ ᠲᠦᠭᠡᠮᠡᠯ ᠬᠠᠷᠠᠭᠠᠯᠵᠠᠬᠤ ᠵᠠᠷᠴᠢᠮ ᠢᠶᠠᠷ ᠰᠦᠢᠳᠬᠡᠯ ᠬᠤᠷᠢᠶᠠᠬᠤ ᠪᠠᠷᠢᠮᠵᠢᠶ᠎ᠠ ᠶᠢ ᠬᠢᠨᠠᠨ ᠲᠤᠭᠳᠠᠭᠠᠬᠤ ᠬᠡᠷᠡᠭᠳᠡᠢ᠃ ᠡᠯ᠎ᠠ ᠬᠤᠰᠢᠭᠤ ︵ᠨᠡᠭᠡᠭᠡᠯᠳᠡ ᠶᠢᠨ ᠤᠷᠤᠨ︶ ᠬᠠᠷᠢᠶᠠᠲᠦ ᠭᠠᠵᠠᠷ ᠤᠨ ᠬᠠᠮᠢᠶᠠᠷᠦᠯᠳᠠ ᠶᠢᠨ ᠵᠠᠷᠴᠢᠮ ᠢᠶᠠᠷ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠰᠦᠢᠳᠬᠡᠯ ᠬᠤᠷᠢᠶᠠᠬᠤ ᠬᠢᠨᠠᠨ ᠬᠠᠮᠢᠶᠠᠷᠦᠯᠳᠠ ᠶᠢ ᠴᠢᠩᠭᠠᠳᠬᠠᠬᠤ ᠬᠡᠷᠡᠭᠳᠡᠢ᠃        ︵ᠲᠦᠷᠪᠠ︶ ᠰᠤᠷᠭᠠᠭᠤᠯᠢ ᠶᠢ ᠵᠤᠭᠰᠤᠭᠠᠬᠤ ᠪᠠ ᠬᠤᠪᠢᠷᠠᠭᠤᠯᠬᠤ ᠲᠤᠭᠳᠠᠴᠠ ᠶᠢ ᠲᠡᠭᠦᠯᠳᠡᠷᠵᠢᠬᠦᠯᠦᠨ᠎ᠠ᠃ ᠠᠷᠠᠳ ᠠᠴᠠ ᠡᠷᠬᠢᠯᠡᠭᠰᠡᠨ ᠰᠤᠷᠭᠠᠭᠤᠯᠢ ᠨᠢ ᠰᠤᠷᠭᠠᠭᠤᠯᠢ ᠡᠷᠬᠢᠯᠡᠬᠦ ᠪᠠᠨ ᠵᠤᠭᠰᠤᠭᠠᠬᠤ ᠦᠶᠡᠰ᠂ ᠡᠷᠬᠡᠪᠰᠢ ᠬᠠᠤᠯᠢ ᠴᠠᠭᠠᠵᠠ ᠬᠠᠤᠯᠢ ᠲᠦᠷᠢᠮ ᠤᠨ ᠲᠤᠭᠳᠠᠭᠠᠯ ᠢᠶᠠᠷ ᠳᠤᠶᠢᠯᠪᠤᠷᠢᠳᠠᠢ ᠲᠤᠭᠠᠴᠠᠨ ᠪᠤᠳᠤᠬᠤ ᠪᠠ ᠲᠦᠪᠬᠢᠨᠠᠬᠦᠯᠬᠦ ᠲᠦᠰᠦᠯ ᠢ ᠳᠤᠷᠠᠳᠴᠦ᠂ ᠲᠤᠭᠳᠠᠭᠠᠯ ᠶᠤᠰᠤᠭᠠᠷ ᠰᠤᠷᠭᠠᠭᠤᠯᠢ ᠵᠤᠭᠰᠤᠬᠤ ᠶᠢ ᠪᠠᠲᠤᠯᠠᠨ᠎ᠠ᠂ ᠢᠯᠠᠩᠭᠤᠶ᠎ᠠ ᠰᠤᠷᠭᠠᠭᠤᠯᠢ ᠳᠤ ᠪᠠᠶᠢᠭ᠎ᠠ ᠰᠤᠷᠤᠭᠴᠢᠳ ᠲᠤ ᠡᠩ ᠲᠡᠷᠢᠬᠦᠨ ᠳᠤ ᠲᠤᠬᠢᠳᠠᠢ ᠲᠤᠬᠢᠷᠠᠭᠤᠯᠤᠯᠲᠠ ᠬᠢᠬᠦ ᠬᠡᠷᠡᠭᠳᠡᠢ᠃ ᠡᠯ᠎ᠠ ᠬᠤᠰᠢᠭᠤᠨ ︵ᠨᠡᠭᠡᠭᠡᠯᠳᠡ ᠶᠢᠨ ᠤᠷᠤᠨ︶ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ  ᠨᠢ ᠲᠤᠰ ᠲᠦᠷᠦᠯ ᠤᠨ ᠪᠠᠶᠢᠳᠠᠯ ᠢ ᠴᠠᠭ ᠲᠤᠬᠠᠢ ᠳᠤᠨᠢ ᠮᠦᠷᠳᠡᠨ ᠪᠠᠶᠢᠴᠠᠭᠠᠵᠦ ᠵᠤᠬᠢᠰᠳᠠᠢ ᠰᠢᠢᠳᠪᠦᠷᠢᠯᠡᠪᠡᠯ ᠵᠤᠬᠢᠨ᠎ᠠ᠃ 2016 ᠤᠨ ᠤ11 ᠰᠠᠷ᠎ᠠ ᠶᠢᠨ 7 ᠤ ᠡᠳᠦᠷ ᠠᠴᠠ ᠡᠮᠦᠨ᠎ᠠ ᠵᠦᠪᠰᠢᠶᠡᠷᠡᠭᠳᠡᠨ ᠪᠠᠶᠢᠭᠤᠯᠤᠭᠳᠠᠭᠰᠠᠨ ᠠᠷᠠᠳ ᠠᠴᠠ ᠡᠷᠬᠢᠯᠡᠭᠰᠡᠨ ᠰᠤᠷᠭᠠᠭᠤᠯᠢ ᠨᠢ ᠠᠰᠢᠭ ᠤᠷᠤᠯᠭ᠎ᠠ ᠶᠢᠨ ᠪᠤᠰᠤ ᠠᠷᠠᠳ ᠠᠴᠠ ᠡᠷᠬᠢᠯᠡᠭᠰᠡᠨ ᠰᠤᠷᠭᠠᠭᠤᠯᠢ ᠪᠠᠨ ᠵᠤᠭᠰᠤᠭᠠᠬᠤ ᠪᠠᠷ ᠳᠠᠩᠰᠠᠯᠠᠬᠤ ᠦᠶᠡᠰ᠂ ᠡᠳ᠋ ᠬᠦᠷᠦᠩᠭᠡ ᠶᠢ ᠬᠠᠤᠯᠢ ᠶᠤᠰᠤᠭᠠᠷ ᠲᠤᠶᠢᠯᠪᠤᠷᠢᠳᠠᠢ ᠲᠤᠭᠠᠴᠠᠨ ᠪᠤᠳᠤᠭᠰᠠᠨ ᠤ ᠳᠠᠷᠠᠭ᠎ᠠ ᠬᠡᠷᠪᠡ ᠦᠯᠡᠳᠡᠪᠦᠷᠢ ᠮᠦᠩᠬᠦ ᠪᠠᠶᠢᠬᠤ ᠳᠤ ᠬᠦᠷᠪᠡᠯ᠂ ᠪᠡᠯᠡ ᠮᠦᠩᠬᠦ ᠭᠠᠷᠭᠠᠭᠰᠠᠳ ᠲᠤ ᠵᠤᠬᠢᠬᠤ ᠨᠦᠬᠦᠪᠦᠷᠢ ᠪᠠ ᠱᠠᠩᠨᠠᠯ ᠦᠭᠴᠦ ︵ᠪᠤᠳᠠᠳᠠᠢ ᠠᠷᠭ᠎ᠠ ᠪᠠ ᠪᠠᠷᠢᠮᠵᠢᠶ᠎ᠠ ᠶᠢ ᠠᠰᠳᠠᠭᠠᠨ ᠲᠤᠭᠳᠠᠭᠠᠨ᠎ᠠ︶᠂ ᠦᠯᠡᠳᠡᠭᠰᠡᠨ ᠬᠦᠷᠦᠩᠭᠡ ᠶᠢ ᠠᠰᠢᠭ ᠤᠷᠤᠯᠭ᠎ᠠ ᠶᠢᠨ ᠪᠤᠰᠤ ᠴᠢᠨᠠᠷᠳᠠᠢ ᠪᠣᠰᠣᠳ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠳᠤ ᠰᠢᠯᠵᠢᠬᠦᠯᠦᠨ ᠬᠡᠷᠡᠭᠯᠡᠨ᠎ᠡ  ᠃ ᠠᠰᠢᠭ ᠤᠷᠤᠯᠭ᠎ᠠ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢ ᠵᠤᠭᠰᠤᠭᠠᠬᠤ ᠪᠠᠷ ᠳᠠᠩᠰᠠᠯᠠᠬᠤ ᠦᠶᠡᠰ᠂ ᠡᠳ᠋ ᠬᠦᠷᠦᠩᠭᠡ ᠶᠢ ᠬᠠᠤᠯᠢ ᠶᠤᠰᠤᠭᠠᠷ ᠲᠤᠶᠢᠯᠪᠤᠷᠢᠳᠠᠢ ᠲᠤᠭᠠᠴᠠᠨ ᠪᠤᠳᠤᠭᠰᠠᠨ ᠤ ᠳᠠᠷᠠᠭ᠎ᠠ ᠬᠡᠷᠪᠡ ᠦᠯᠡᠳᠡᠪᠦᠷᠢ ᠮᠦᠩᠬᠦ ᠪᠠᠶᠢᠬᠤ ᠳᠤ ᠬᠦᠷᠪᠡᠯ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠤᠮᠫᠠᠨᠢ ᠶᠢᠨ ᠬᠠᠤᠯᠢ︾ ᠶᠢᠨ ᠬᠠᠮᠢᠶ᠎ᠠ ᠪᠦᠬᠦᠢ ᠲᠤᠭᠳᠠᠭᠠᠯ ᠢ ᠦᠨᠳᠦᠰᠦᠯᠡᠨ ᠰᠢᠢᠳᠪᠦᠷᠢᠯᠡᠨ᠎ᠡ᠃ 2016 ᠤᠨ ᠤ 11 ᠰᠠᠷ᠎ᠠ ᠶᠢᠨ 7 ᠤ ᠡᠳᠦᠷ ᠠᠴᠠ ᠬᠤᠶᠢᠰᠢ ᠪᠠᠶᠢᠭᠤᠯᠤᠭᠳᠠᠭᠰᠠᠨ ᠠᠷᠠᠳ ᠠᠴᠠ ᠡᠷᠬᠢᠯᠡᠭᠰᠡᠨ ᠰᠤᠷᠭᠠᠭᠤᠯᠢ ᠨᠢ ᠰᠤᠷᠭᠠᠭᠤᠯᠢ ᠵᠤᠭᠰᠤᠬᠤ ᠦᠶᠡᠰ᠂ ᠡᠳ᠋ ᠬᠦᠷᠦᠩᠭᠡ ᠶᠢ ᠬᠠᠮᠢᠶ᠎ᠠ ᠪᠦᠬᠦᠢ ᠲᠦᠷᠢᠮ ᠲᠤᠭᠳᠠᠭᠠᠯ ᠪᠤᠯᠤᠨ ᠰᠤᠷᠭᠠᠭᠤᠯᠢ ᠶᠢᠨ ᠲᠤᠭᠳᠠᠭᠠᠯ ᠢᠶᠠᠷ ᠰᠢᠢᠳᠪᠦᠷᠢᠯᠡᠨ᠎ᠠ᠃ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠦᠮᠴᠢᠯᠡᠬᠦ ᠡᠷᠬᠡ ᠶᠢᠨ ᠰᠢᠯᠵᠢᠯᠲᠠ ᠶᠢᠨ ᠲᠦᠷᠢᠮ ᠢ ᠪᠠᠶᠢᠭᠤᠯᠵᠦ᠂ ᠰᠤᠷᠭᠠᠭᠤᠯᠢ ᠡᠷᠬᠢᠯᠡᠭᠴᠢ ᠶᠢᠨ ᠰᠲ᠋ᠣᠺ ᠤᠨ ᠡᠷᠬᠡ ᠶᠢ ᠰᠢᠯᠵᠢᠬᠦᠯᠬᠦ ᠠᠵᠢᠯᠯᠠᠭ᠎ᠠ ᠶᠢ ᠲᠦᠷᠢᠮᠵᠢᠬᠦᠯᠦᠨ᠎ᠠ᠃ ᠬᠦᠷᠦᠩᠭᠡ ᠮᠦᠩᠬᠦ ᠳᠤᠰᠠᠯᠠᠨ ᠪᠠᠶᠢᠭᠤᠯᠤᠭᠰᠠᠨ ᠠᠷᠠᠳ ᠠᠴᠠ ᠡᠷᠬᠢᠯᠡᠭᠰᠡᠨ ᠰᠤᠷᠭᠠᠭᠤᠯᠢ ᠠᠴᠠ ᠭᠠᠳᠠᠨ᠎ᠠ᠂ ᠠᠷᠠᠳ ᠠᠴᠠ ᠡᠷᠬᠢᠯᠡᠭᠰᠡᠨ ᠪᠤᠰᠤᠳ ᠰᠤᠷᠭᠠᠭᠤᠯᠢ ᠦᠷᠬᠦᠯᠵᠢᠯᠡᠨ ᠤᠷᠤᠰᠢᠵᠦ ᠪᠠᠶᠢᠬᠤ ᠬᠤᠭᠤᠴᠠᠭᠠᠨ ᠳᠤ᠂ ᠪᠡᠯᠡ ᠭᠠᠷᠭᠠᠭᠰᠠᠳ ᠪᠤᠶᠤ ᠪᠡᠯᠡ ᠤᠷᠤᠭᠤᠯᠤᠭᠴᠢᠳ ᠨᠢ ᠦᠮᠴᠢᠯᠡᠭᠴᠢ ᠶᠢᠨ ᠡᠷᠬᠡ ᠠᠰᠢᠭ ︵ᠰᠲ᠋ᠣᠺ ᠤᠨ ᠡᠷᠬᠡ ︶ ᠢ ᠨᠡᠮᠡᠨ ᠲᠤᠬᠢᠷᠠᠭᠤᠯᠬᠤ᠂  ᠰᠲ᠋ᠣᠺ ᠤᠨ ᠡᠷᠬᠡ ᠪᠠᠨ ᠲᠠᠯᠪᠢᠬᠤ᠂ ᠰᠢᠯᠵᠢᠬᠦᠯᠦᠨ ᠦᠭᠬᠦ᠂ ᠵᠠᠯᠭᠠᠮᠵᠢᠯᠠᠬᠤ᠂ ᠬᠦᠷᠭᠡᠵᠦ ᠪᠤᠯᠤᠨ᠎ᠠ᠃  ᠦᠮᠴᠢᠯᠡᠬᠦ ᠡᠷᠬᠡ ᠶᠢᠨ ᠰᠢᠯᠵᠢᠯᠲᠠ ᠶᠢ ᠪᠠᠶᠢᠭ᠎ᠠ ᠭᠠᠵᠠᠷ ᠤᠨ ᠵᠠᠰᠠᠭ ᠤᠨ ᠤᠷᠳᠤᠨ ᠤ ᠦᠮᠴᠢᠯᠡᠬᠦ ᠡᠷᠬᠡ ᠶᠢᠨ ᠰᠤᠯᠢᠯᠴᠠᠭᠠᠨ ᠤ ᠲᠠᠪᠴᠠᠩ ᠳᠤ ᠤᠷᠤᠭᠤᠯᠵᠦ᠂ ᠠᠵᠢᠯᠯᠠᠭ᠎ᠠ ᠶᠢ ᠲᠦᠷᠢᠮᠵᠢᠬᠦᠯᠦᠨ᠎ᠠ᠃         ︵ᠲᠠᠪᠤ︶ ᠡᠳ᠋ ᠤᠨ ᠵᠠᠰᠠᠭ ᠤᠨ ᠳᠡᠮᠵᠢᠬᠦ ᠡᠷᠴᠢᠮ ᠢ ᠴᠢᠩᠭᠠᠷᠠᠭᠤᠯᠣᠨ᠎ᠠ᠃ ᠡᠯ᠎ᠠ ᠬᠤᠰᠢᠭᠤ ︵ᠤᠷᠤᠨ︶ ᠬᠠᠮᠢᠶ᠎ᠠ ᠪᠦᠬᠦᠢ ᠲᠤᠭᠳᠠᠭᠠᠯ ᠢ ᠦᠨᠳᠦᠰᠦᠯᠡᠨ᠂ ᠠᠷᠠᠳ ᠠᠴᠠ ᠡᠷᠬᠢᠯᠡᠭᠰᠡᠨ ᠰᠤᠷᠭᠠᠭᠤᠯᠢ ᠢ ᠳᠡᠮᠵᠢᠨ ᠳᠤᠰᠠᠯᠠᠬᠤ ᠡᠷᠴᠢᠮ ᠢᠶᠠᠨ ᠤᠯᠠᠮ ᠨᠢᠬᠡ ᠠᠯᠬᠤᠮ ᠴᠢᠩᠭᠠᠷᠠᠭᠤᠯᠵᠦ᠂ ᠳᠡᠮᠵᠢᠨ ᠲᠤᠰᠠᠯᠠᠬᠤ ᠪᠡᠯᠡ ᠮᠦᠩᠬᠦ ᠶᠢ ᠲᠦᠰᠦᠪ ᠲᠤ ᠤᠷᠤᠭᠤᠯᠬᠤ ᠬᠡᠷᠡᠭᠳᠡᠢ᠃ ᠡᠯ᠎ᠠ ᠬᠤᠰᠢᠭᠤ ︵ᠨᠡᠭᠡᠭᠡᠯᠳᠡ ᠶᠢᠨ ᠤᠷᠤᠨ︶ ᠵᠠᠰᠠᠭ ᠤᠨ ᠤᠷᠳᠤᠨ ᠤ ᠨᠦᠬᠦᠪᠦᠷᠢ ᠶᠢᠨ ᠳᠦᠷᠢᠮ ᠢ ᠪᠠᠶᠢᠭᠤᠯᠤᠨ ᠪᠦᠷᠢᠨᠰᠢᠬᠦᠯᠪᠡᠯ ᠵᠤᠬᠢᠨ᠎ᠠ᠃ ᠵᠠᠰᠠᠭ ᠤᠨ ᠤᠷᠳᠤᠨ ᠤ ᠦᠢᠯᠡᠴᠢᠯᠡᠭᠡ ᠬᠤᠳᠠᠯᠳᠤᠨ ᠠᠪᠬᠤ ᠪᠠᠷᠢᠮᠵᠢᠶ᠎ᠠ ᠪᠤᠯᠤᠨ ᠶᠠᠪᠤᠴᠠ ᠶᠢ ᠲᠡᠭᠦᠯᠳᠡᠷᠵᠢᠬᠦᠯᠵᠦ᠂ ᠠᠵᠢᠯ ᠤᠨ ᠦᠷ᠎ᠠ ᠪᠦᠲᠦᠮᠵᠢ ᠶᠢ ᠦᠨᠡᠯᠡᠬᠦ ᠲᠦᠷᠢᠮ ᠢ ᠪᠠᠶᠢᠭᠤᠯᠵᠦ᠂ ᠠᠷᠠᠳ ᠠᠴᠠ ᠡᠷᠬᠢᠯᠡᠭᠰᠡᠨ ᠰᠤᠷᠭᠠᠭᠤᠯᠢ ᠠᠴᠠ ᠰᠤᠷᠤᠯᠭ᠎ᠠ ᠶᠢᠨ ᠴᠤᠯᠠ  ᠂ ᠵᠢᠭᠠᠨ ᠰᠤᠷᠭᠠᠬᠤ ᠪᠢᠴᠢᠭ ᠮᠠᠲ᠋ᠧᠷᠢᠶᠠᠯ᠂ ᠰᠤᠳᠤᠯᠭᠠᠨ ᠤ ᠦᠷ᠎ᠠ ᠪᠦᠲᠦᠭᠡᠯ᠂ ᠠᠵᠢᠯ ᠮᠡᠷᠭᠡᠵᠢᠯ ᠤᠨ ᠪᠤᠯᠪᠠᠰᠤᠷᠠᠯ᠂ ᠲᠦᠷᠦ ᠶᠢᠨ ᠪᠤᠳᠤᠯᠭ᠎ᠠ ᠶᠢᠨ ᠯᠠᠪᠯᠠᠯᠭ᠎ᠠ ᠵᠡᠷᠭᠡ ᠰᠤᠷᠭᠠᠨ ᠬᠦᠮᠦᠵᠢᠯ ᠤᠨ ᠦᠢᠯᠡᠴᠢᠯᠡᠭᠡ ᠶᠢ ᠬᠤᠳᠠᠯᠳᠤᠨ ᠠᠪᠬᠤ ᠪᠤᠳᠠᠳᠠᠢ ᠲᠦᠷᠦ ᠶᠢᠨ ᠪᠤᠳᠤᠯᠭ᠎ᠠ ᠶᠢᠨ ᠠᠷᠭ᠎ᠠ ᠠᠪᠴᠠᠯ ᠢ ᠲᠤᠭᠳᠠᠭᠠᠨ᠎ᠠ᠃ ᠡᠯ᠎ᠠ ᠬᠤᠰᠢᠭᠤ ︵ᠨᠡᠭᠡᠭᠡᠯᠳᠡ ᠶᠢᠨ ᠤᠷᠤᠨ︶ ᠤᠯᠤᠰ ᠤᠨ ᠲᠤᠭᠳᠠᠭᠠᠯ ᠢᠶᠠᠷ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠤᠨ ᠬᠦᠭᠵᠢᠯᠲᠡ ᠶᠢᠨ ᠰᠠᠭᠤᠷᠢ ᠮᠦᠩᠬᠦ ᠶᠢ ᠲᠤᠬᠢᠷᠠᠭᠤᠯᠵᠦ᠂ ᠰᠠᠭᠤᠷᠢ ᠮᠦᠩᠬᠦᠨ ᠤ ᠨᠡᠶᠢᠬᠡᠮᠯᠢᠭ ᠢ ᠪᠠᠶᠢᠭᠤᠯᠬᠤ ᠶᠢ ᠳᠡᠮᠵᠢᠵᠦ᠂ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠤᠨ ᠬᠦᠭᠵᠢᠯᠲᠡ ᠳᠤ ᠠᠰᠢᠭᠳᠠᠢ ᠡᠯ᠎ᠠ ᠲᠦᠷᠦᠯ ᠤᠨ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠬᠦᠯᠵᠦ ᠪᠤᠯᠤᠨ᠎ᠠ᠃ ᠲᠦᠭᠡᠮᠡᠯ ᠬᠠᠷᠠᠭᠠᠯᠵᠠᠯ ᠤᠨ ᠴᠢᠨᠠᠷᠲᠠᠢ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠲᠤ ᠡᠯ᠎ᠠ ᠬᠤᠰᠢᠭᠤᠨ ︵ᠨᠡᠭᠡᠭᠡᠯᠳᠡ ᠶᠢᠨ ᠤᠷᠤᠨ︶ ᠤ ᠡᠳ᠋ ᠤᠨ ᠵᠠᠰᠠᠭ ᠠᠴᠠ ᠰᠤᠷᠤᠭᠴᠢ ᠪᠦᠷᠢ ᠳᠤ ᠵᠢᠯ ᠤᠨ 100 ᠲᠦᠬᠦᠷᠢᠭ ᠤᠨ ᠪᠠᠷᠢᠮᠵᠢᠶ᠎ᠠ ᠪᠠᠷ ᠦᠨᠳᠦᠰᠦᠨ ᠤᠩᠰᠢᠬᠤ ᠮᠠᠲ᠋ᠧᠷᠢᠶᠠᠯ ᠢ ᠬᠤᠳᠠᠯᠳᠤᠨ ᠠᠪᠬᠤ ᠨᠦᠬᠦᠪᠦᠷᠢ ᠦᠭᠬᠦ ᠲᠦᠷᠦ ᠶᠢᠨ ᠪᠤᠳᠤᠯᠭ᠎ᠠ ᠶᠢ ᠦᠷᠬᠦᠯᠵᠢᠯᠡᠨ ᠬᠡᠷᠡᠭᠵᠢᠬᠦᠯᠦᠨ᠎ᠡ᠃        ︵ᠵᠢᠷᠭᠤᠭ᠎ᠠ︶ ᠭᠠᠶᠢᠯᠢ ᠶᠢᠨ ᠰᠦᠢᠳᠬᠡᠯ ᠤᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠣᠨ᠎ᠠ᠃ ᠠᠷᠠᠳ ᠠᠴᠠ ᠡᠷᠬᠢᠯᠡᠭᠰᠡᠨ ᠰᠣᠷᠭᠠᠭᠤᠯᠢ ᠨᠢ ᠣᠯᠣᠰ ᠤᠨ ᠬᠠᠮᠢᠶ᠎ᠠ ᠪᠦᠬᠦᠢ ᠳᠣᠭᠳᠠᠭᠠᠯ ᠶᠣᠰᠣᠭᠠᠷ ᠬᠤᠯᠪᠣᠭᠳᠠᠯ ᠪᠦᠬᠦᠢ ᠭᠠᠶᠢᠯᠢ ᠶᠢᠨ ᠣᠷᠣᠯᠭ᠎ᠠ ᠶᠢᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠬᠦᠷᠳᠡᠨ᠎ᠡ᠃ ᠠᠵᠦ ᠠᠬᠤᠶᠢᠯᠠᠯ ᠠᠴᠠ ᠡᠷᠬᠢᠯᠡᠭᠰᠡᠨ ᠡᠯ᠎ᠡ ᠲᠦᠷᠦᠯ ᠤᠨ ᠰᠣᠷᠭᠠᠭᠤᠯᠢ᠂ ᠬᠡᠣᠬᠡᠳ ᠤᠨ ᠴᠡᠴᠡᠷᠯᠢᠭ  ᠤᠨ ᠦᠪᠡᠰᠦᠪᠡᠨ ᠬᠡᠷᠡᠭᠯᠡᠬᠦ ᠬᠡᠷ ᠬᠦᠷᠦᠩᠭᠡ᠂ ᠭᠠᠵᠠᠷ ᠰᠢᠷᠣᠢ ᠠᠴᠠ ᠬᠡᠷ ᠬᠦᠷᠦᠩᠬᠡ ᠶᠢᠨ ᠭᠠᠶᠢᠯᠢ᠂ ᠬᠤᠳᠠ ᠪᠠᠯᠭᠠᠰᠣᠨ ᠤ ᠭᠠᠵᠠᠷ ᠰᠢᠷᠣᠢ ᠶᠢᠨ ᠬᠡᠷᠡᠭᠯᠡᠭᠡᠨ ᠤ ᠭᠠᠶᠢᠯᠢ᠂ ᠭᠡᠷ᠎ᠡ ᠶᠢᠨ ᠭᠠᠶᠢᠯᠢ ᠶᠢ ᠳᠠᠳᠠᠪᠣᠷᠢᠯᠠᠬᠤ ᠦᠬᠡᠢ᠃ ᠠᠵᠦ ᠠᠬᠤᠶᠢᠯᠠᠯ ᠤᠨ ᠰᠣᠷᠭᠠᠨ ᠬᠦᠮᠦᠵᠢᠯ ᠤᠨ ᠠᠵᠢᠯ ᠦᠢᠯᠡᠰ ᠢ ᠳᠡᠮᠵᠢᠭᠰᠡᠨ ᠨᠡᠶᠢᠳᠡ ᠳᠤ ᠠᠰᠢᠭ ᠬᠦᠷᠳᠡᠭᠡᠬᠦ ᠴᠢᠨᠠᠷᠳᠠᠢ ᠬᠠᠨᠳᠢᠪ ᠳᠣᠰᠠᠯᠠᠮᠵᠢ ᠶᠢᠨ ᠵᠠᠷᠣᠯᠭ᠎ᠠ ᠶᠢ ᠭᠠᠶᠢᠯᠢ ᠶᠢᠨ ᠬᠠᠣᠯᠢ ᠶᠢᠨ ᠬᠠᠮᠢᠶ᠎ᠠ ᠪᠦᠬᠦᠢ ᠳᠣᠭᠳᠠᠭᠠᠯ ᠶᠣᠰᠣᠭᠠᠷ᠂ ᠵᠢᠯ ᠤᠨ ᠠᠰᠢᠭ ᠣᠷᠣᠯᠭ᠎ᠠ ᠶᠢᠨ ᠶᠡᠷᠦᠩᠬᠡᠢ ᠳᠤᠭ᠎ᠠ ᠶᠢᠨ 12% ᠶᠢᠨ ᠳᠣᠳᠣᠷᠠᠬᠢ ᠬᠡᠰᠡᠭ ᠢ ᠳᠣᠰᠢᠶᠠᠪᠠᠰᠣ ᠵᠣᠬᠢᠬᠤ ᠣᠷᠣᠯᠭ᠎ᠠ ᠶᠢᠨ ᠭᠠᠶᠢᠯᠢ ᠶᠢᠨ ᠳᠤᠭ᠎ᠠ ᠶᠢ ᠪᠣᠳᠣᠬᠤ ᠦᠶᠡᠰ ᠬᠠᠰᠣᠬᠤ ᠶᠢ ᠵᠦᠪᠰᠢᠶᠡᠷᠡᠨ᠎ᠡ︔ ᠬᠤᠪᠢ ᠬᠦᠮᠦᠨ ᠤ ᠰᠣᠷᠭᠠᠨ ᠬᠦᠮᠦᠵᠢᠯ ᠤᠨ ᠠᠵᠢᠯ ᠦᠢᠯᠡᠰ ᠢ ᠳᠡᠮᠵᠢᠭᠰᠡᠨ ᠨᠡᠶᠢᠳᠡ ᠳᠤ ᠠᠰᠢᠭ ᠬᠦᠷᠳᠡᠭᠡᠬᠦ ᠴᠢᠨᠠᠷᠳᠠᠢ ᠬᠠᠨᠳᠢᠪ ᠳᠣᠰᠠᠯᠠᠮᠵᠢ ᠶᠢᠨ ᠵᠠᠷᠣᠯᠭ᠎ᠠ ᠶᠢ ᠭᠠᠶᠢᠯᠢ ᠶᠢᠨ ᠣᠷᠣᠯᠭ᠎ᠠ ᠶᠢᠨ ᠬᠠᠣᠯᠢ ᠴᠠᠭᠠᠵᠠ ᠬᠠᠣᠯᠢ ᠳᠦᠷᠢᠮ ᠵᠢᠴᠢ ᠳᠦᠷᠦ ᠶᠢᠨ ᠪᠣᠳᠣᠯᠭ᠎ᠠ ᠶᠢᠨ ᠬᠠᠮᠢᠶ᠎ᠠ ᠪᠦᠬᠦᠢ ᠳᠣᠭᠳᠠᠭᠠᠯ ᠶᠣᠰᠣᠭᠠᠷ ᠬᠤᠪᠢ ᠬᠦᠮᠦᠨ ᠤ ᠣᠷᠣᠯᠭ᠎ᠠ ᠶᠢᠨ ᠭᠠᠶᠢᠯᠢ ᠠᠴᠠ ᠡᠮᠦᠨ᠎ᠡ ᠬᠠᠰᠣᠨ᠎ᠠ᠃ ᠠᠰᠢᠭ ᠣᠷᠣᠯᠭ᠎ᠠ ᠶᠢᠨ ᠪᠣᠰᠣ ᠴᠢᠨᠠᠷᠳᠠᠢ ᠠᠷᠠᠳ ᠠᠴᠠ ᠡᠷᠬᠢᠯᠡᠭᠰᠡᠨ ᠰᠣᠷᠭᠠᠭᠤᠯᠢ ᠶᠢ ᠠᠯᠪᠠᠨ ᠠᠴᠠ ᠡᠷᠬᠢᠯᠡᠭᠰᠡᠨ ᠰᠣᠷᠭᠠᠭᠤᠯᠢ ᠲᠠᠢ ᠠᠳᠠᠯᠢ ᠳᠡᠭᠰᠢ ᠣᠯᠭᠤᠮᠵᠢ ᠲᠠᠢ ᠪᠠᠶᠢᠯᠭᠠᠵᠦ᠂ ᠭᠠᠶᠢᠯᠢ ᠶᠢᠨ ᠬᠠᠣᠯᠢ ᠳᠣᠭᠳᠠᠭᠠᠯ ᠶᠣᠰᠣᠭᠠᠷ ᠭᠠᠶᠢᠯᠢ ᠶᠢ ᠬᠡᠯᠳᠦᠷᠢᠬᠦᠯᠬᠦ ᠬᠢᠷᠢ ᠬᠡᠮ ᠤᠨ ᠨᠣᠳᠠᠯᠠᠨ ᠳᠣᠭᠳᠠᠭᠠᠯᠳᠠ ᠬᠢᠭᠰᠡᠨ ᠤ ᠳᠠᠷᠠᠭ᠎ᠠ᠂ ᠠᠰᠢᠭ ᠣᠷᠣᠯᠭ᠎ᠠ ᠶᠢᠨ ᠪᠣᠰᠣ ᠴᠢᠨᠠᠷᠳᠠᠢ ᠣᠷᠣᠯᠭ᠎ᠠ ᠣᠯᠵᠦ ᠪᠠᠶᠢᠭ᠎ᠠ  ᠠᠵᠦ ᠠᠬᠤᠶᠢᠯᠠᠯ ᠤᠨ ᠣᠷᠣᠯᠭ᠎ᠠ ᠶᠢᠨ ᠭᠠᠶᠢᠯᠢ ᠶᠢ ᠳᠠᠳᠠᠪᠣᠷᠢᠯᠠᠬᠤ ᠶᠢ ᠬᠡᠯᠳᠦᠷᠢᠬᠦᠯᠦᠨ᠎ᠡ᠃ ᠪᠡᠯᠡ ᠮᠦᠩᠬᠦ ᠬᠠᠨᠳᠢᠪᠯᠡᠵᠦ ᠰᠣᠷᠭᠠᠭᠤᠯᠢ ᠶᠢᠨ ᠪᠠᠶᠢᠷᠢ ᠶᠢ ᠪᠦᠳᠦᠭᠡᠨ ᠪᠠᠶᠢᠭᠤᠯᠬᠤ ᠵᠢᠴᠢ ᠰᠠᠶᠢᠰᠢᠶᠠᠨ ᠬᠦᠬᠢᠬᠦᠯᠵᠦ ᠬᠦᠷᠦᠩᠭᠡ ᠮᠦᠩᠬᠦ ᠳᠣᠰᠠᠯᠠᠬᠤ ᠵᠡᠷᠭᠡ ᠠᠵᠢᠯᠯᠠᠭ᠎ᠠ ᠶᠢᠨ ᠨᠡᠷ᠎ᠡ ᠵᠡᠬᠦᠯᠳᠡ ᠨᠢ ᠬᠠᠨᠳᠢᠪᠯᠠᠭᠴᠢ ᠶᠢᠨ ᠬᠦᠰᠡᠯ ᠪᠣᠳᠣᠯ ᠢ ᠬᠠᠣᠯᠢ ᠶᠣᠰᠣᠭᠠᠷ ᠬᠦᠨᠳᠦᠳᠭᠡᠬᠦ ᠬᠡᠷᠡᠭᠳᠡᠢ᠃ ᠠᠷᠠᠳ ᠠᠴᠠ ᠡᠷᠬᠢᠯᠡᠭᠰᠡᠨ ᠰᠣᠷᠭᠠᠭᠤᠯᠢ ᠶᠢᠨ ᠬᠡᠷᠡᠭᠰᠡᠬᠦ ᠴᠠᠬᠢᠯᠭᠠᠨ᠂ ᠣᠰᠣ᠂ ᠬᠡᠢ᠂ ᠢᠯᠴᠢ ᠳᠤ ᠠᠯᠪᠠᠨ ᠠᠴᠠ ᠡᠷᠬᠢᠯᠡᠭᠰᠡᠨ ᠰᠣᠷᠭᠠᠭᠤᠯᠢ ᠲᠠᠢ ᠡᠭᠡᠭᠡ ᠠᠳᠠᠯᠢ ᠦᠨ᠎ᠡ ᠶᠢᠨ ᠳᠦᠷᠦ ᠶᠢᠨ ᠪᠣᠳᠣᠯᠭ᠎ᠠ ᠶᠢ ᠬᠡᠷᠡᠭᠵᠢᠬᠦᠯᠦᠨ᠎ᠡ᠃ ᠨᠢᠭᠡᠨᠳᠡ ᠬᠠᠷᠠᠭᠠᠯᠵᠠᠯ ᠤᠨ ᠳᠦᠷᠦ ᠶᠢᠨ ᠪᠣᠳᠣᠯᠭ᠎ᠠ ᠶᠢ ᠬᠦᠷᠳᠡᠭᠰᠡᠨ ᠠᠷᠠᠳ ᠠᠴᠠ ᠡᠷᠬᠢᠯᠡᠭᠰᠡᠨ ᠰᠣᠷᠭᠠᠭᠤᠯᠢ ᠨᠢ ᠰᠣᠷᠭᠠᠭᠤᠯᠢ ᠡᠷᠬᠢᠯᠡᠬᠦ ᠴᠢᠭᠯᠡᠯ ᠪᠠ ᠬᠡᠷᠡᠭᠴᠡᠭᠡ ᠪᠠᠨ ᠳᠣᠷ᠎ᠠ ᠪᠠᠷ ᠢᠶᠠᠨ ᠦᠭᠡᠷᠡᠴᠢᠯᠡᠵᠦ ᠪᠣᠯᠬᠤ ᠦᠬᠡᠢ᠂ ᠢᠯᠡᠷᠡᠭᠦᠯᠦᠮᠡᠭᠴᠡ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠶᠣᠰᠣᠭᠠᠷ ᠰᠢᠢᠳᠪᠦᠷᠢᠯᠡᠨ᠎ᠡ᠃        ︵ᠳᠣᠯᠤᠭ᠎ᠠ︶ ᠬᠡᠷᠡᠭᠯᠡᠭᠡᠨ ᠤ ᠭᠠᠵᠠᠷ ᠪᠠ ᠪᠦᠳᠦᠭᠡᠨ ᠪᠠᠶᠢᠭᠤᠯᠣᠯᠳᠠ ᠶᠢᠨ ᠵᠦᠷᠢᠶᠡᠳᠦ ᠳᠦᠷᠦ ᠶᠢᠨ ᠪᠣᠳᠣᠯᠭ᠎ᠠ ᠶᠢ ᠬᠡᠷᠡᠭᠵᠢᠬᠦᠯᠦᠨ᠎ᠡ᠃ ᠬᠤᠳᠠ ᠪᠠᠯᠭᠠᠰᠣ ᠶᠢᠨ ᠲᠦᠯᠦᠪᠵᠢᠬᠦᠯᠬᠡ ᠶᠢ ᠨᠠᠶᠢᠷᠠᠭᠤᠯᠬᠤ ᠪᠠ ᠵᠠᠰᠠᠬᠤ ᠦᠶᠡᠰ᠂ ᠣᠷᠣᠨ ᠪᠦᠰᠡ ᠶᠢ ᠦᠨᠳᠦᠰᠦᠯᠡᠵᠦ ᠰᠣᠷᠭᠠᠨ ᠬᠦᠮᠦᠵᠢᠯ ᠤᠨ ᠬᠡᠷᠡᠭᠯᠡᠭᠡᠨ ᠤ ᠭᠠᠵᠠᠷ ᠢ ᠬᠦᠢᠴᠡᠳ ᠬᠡᠮᠵᠢᠶ᠎ᠡ ᠪᠠᠷ ᠪᠡᠯᠡᠳᠬᠡᠨ ᠦᠯᠡᠳᠡᠬᠡᠬᠦ ᠪᠣᠶᠣ ᠡᠩ ᠳᠡᠷᠢᠬᠦᠨ ᠳᠤ ᠰᠣᠷᠭᠠᠨ ᠬᠦᠮᠦᠵᠢᠯ ᠤᠨ ᠬᠡᠷᠡᠭᠯᠡᠭᠡᠨ ᠤ ᠭᠠᠵᠠᠷ ᠢ ᠪᠠᠳᠣᠯᠠᠵᠦ᠂ ᠠᠷᠠᠳ ᠠᠴᠠ ᠡᠷᠬᠢᠯᠡᠭᠰᠡᠨ ᠰᠣᠷᠭᠠᠭᠤᠯᠢ ᠶᠢᠨ ᠪᠦᠳᠦᠭᠡᠨ ᠪᠠᠶᠢᠭᠤᠯᠣᠯᠳᠠ ᠶᠢᠨ ᠬᠡᠷᠡᠭᠯᠡᠭᠡᠨ ᠤ ᠭᠠᠵᠠᠷ ᠢ ᠰᠢᠨᠵᠢᠯᠡᠬᠦ ᠣᠬᠠᠭᠠᠨ ᠰᠣᠷᠭᠠᠨ ᠬᠦᠮᠦᠵᠢᠯ ᠤᠨ ᠬᠡᠷᠡᠭᠯᠡᠭᠡᠨ ᠤ ᠭᠠᠵᠠᠷ ᠢᠶᠠᠷ ᠬᠠᠮᠢᠶᠠᠷᠣᠨ᠎ᠠ᠃ ᠠᠰᠢᠭ ᠣᠷᠣᠯᠭ᠎ᠠ ᠶᠢᠨ ᠪᠣᠰᠣ ᠴᠢᠨᠠᠷᠳᠠᠢ ᠠᠷᠠᠳ ᠠᠴᠠ ᠡᠷᠬᠢᠯᠡᠭᠰᠡᠨ ᠰᠣᠷᠭᠠᠭᠤᠯᠢ ᠨᠢ ᠠᠯᠪᠠᠨ ᠠᠴᠠ ᠡᠷᠬᠢᠯᠡᠭᠰᠡᠨ ᠰᠣᠷᠭᠠᠭᠤᠯᠢ ᠲᠠᠢ ᠠᠳᠠᠯᠢ ᠳᠡᠭᠰᠢ ᠲᠦᠷᠦ ᠶᠢᠨ ᠪᠣᠳᠣᠯᠭ᠎ᠠ ᠶᠢ ᠬᠦᠷᠳᠡᠵᠦ᠂ ᠵᠢᠷᠣᠵᠦ ᠦᠭᠭᠦ ᠵᠡᠷᠭᠡ ᠠᠷᠭ᠎ᠠ ᠮᠠᠶ᠋ᠢᠭ ᠢᠶᠠᠷ ᠭᠠᠵᠠᠷ ᠰᠢᠷᠣᠢ ᠬᠠᠩᠭᠠᠨ᠎ᠠ᠃ ᠠᠰᠢᠭ ᠣᠷᠣᠯᠭ᠎ᠠ ᠶᠢᠨ ᠴᠢᠨᠠᠷᠳᠠᠢ ᠠᠷᠠᠳ ᠠᠴᠠ ᠡᠷᠬᠢᠯᠡᠭᠰᠡᠨ ᠰᠣᠷᠭᠠᠭᠤᠯᠢ ᠳᠤ ᠣᠯᠣᠰ ᠤᠨ ᠬᠠᠷᠠᠭᠠᠯᠵᠠᠭᠰᠠᠨ ᠲᠦᠷᠦ ᠶᠢᠨ ᠪᠣᠳᠣᠯᠭ᠎ᠠ ᠶᠣᠰᠣᠭᠠᠷ ᠭᠠᠵᠠᠷ ᠰᠢᠷᠣᠢ ᠬᠠᠩᠭᠠᠨ᠎ᠠ᠃ ᠵᠦᠪᠬᠡᠨ ᠨᠢᠬᠡᠯᠡ ᠵᠣᠷᠢᠯᠳᠠ  ᠲᠠᠢ ᠭᠠᠵᠠᠷ ᠬᠡᠷᠡᠭᠯᠡᠭᠴᠢᠳ ᠲᠤ᠂ ᠵᠦᠪᠳᠡᠯᠴᠡᠭᠡᠷ ᠤᠨ ᠠᠷᠭ᠎ᠠ ᠮᠠᠶ᠋ᠢᠭ ᠢᠶᠠᠷ ᠭᠠᠵᠠᠷ ᠬᠠᠩᠭᠠᠵᠦ ᠪᠣᠯᠣᠨ᠎ᠠ᠃ ᠭᠠᠵᠠᠷ ᠰᠢᠷᠣᠢ ᠬᠡᠷᠡᠭᠯᠡᠬᠦ ᠡᠷᠬᠡ ᠪᠦᠬᠦᠢ ᠬᠦᠮᠦᠨ ᠠᠴᠠ ᠪᠦᠬᠦ ᠭᠠᠵᠠᠷ ᠰᠢᠷᠣᠢ ᠪᠣᠶᠣ ᠬᠡᠰᠡᠭ ᠭᠠᠵᠠᠷ ᠰᠢᠷᠣᠢ ᠶᠢᠨ ᠢᠶᠠᠨ ᠬᠡᠷᠡᠭᠴᠡᠭᠡ ᠪᠠᠨ ᠬᠤᠪᠢᠷᠠᠭᠤᠯᠬᠤ ᠪᠠᠷ ᠭᠤᠶᠣᠴᠢᠯᠠᠭᠰᠠᠨ ᠪᠣᠯ᠂ ᠵᠠᠰᠠᠭ ᠤᠨ ᠣᠷᠳᠣᠨ ᠠᠴᠠ ᠬᠡᠷᠡᠭᠴᠡᠭᠡ ᠪᠠᠨ ᠬᠤᠪᠢᠷᠠᠭᠤᠯᠬᠤ ᠪᠠᠷ ᠭᠤᠶᠣᠴᠢᠯᠠᠭᠰᠠᠨ ᠭᠠᠵᠠᠷ ᠰᠢᠷᠣᠢ ᠶᠢ ᠨᠢ ᠬᠤᠷᠢᠶᠠᠨ ᠠᠪᠴᠦ᠂ ᠳᠣᠬᠠᠢ ᠶᠢᠨ ᠦᠶ᠎ᠡ ᠶᠢᠨ ᠦᠨ᠎ᠡ ᠪᠠᠷ ᠦᠨ᠎ᠡ ᠶᠢ ᠨᠢ ᠳᠣᠭᠳᠠᠭᠠᠵᠦ᠂ ᠬᠠᠣᠯᠢ ᠶᠣᠰᠣᠭᠠᠷ ᠳᠠᠬᠢᠨ ᠰᠢᠨ᠎ᠡ ᠪᠠᠷ ᠬᠠᠩᠭᠠᠨ᠎ᠠ᠃ ᠠᠷᠠᠳ ᠠᠴᠠ ᠡᠷᠬᠢᠯᠡᠭᠰᠡᠨ ᠰᠣᠷᠭᠠᠭᠤᠯᠢ ᠰᠠᠭᠤᠷᠢ ᠲᠦᠭᠦᠭᠡᠷᠦᠮᠵᠢ ᠪᠠᠨ ᠰᠢᠨ᠎ᠡ ᠪᠠᠷ ᠪᠠᠶᠢᠭᠤᠯᠣᠨ ᠦᠷᠭᠡᠳᠬᠡᠨ ᠪᠠᠶᠢᠭᠤᠯᠪᠠᠯ᠂ ᠬᠤᠳᠠ ᠶᠢᠨ ᠢᠵᠢ ᠳᠦᠬᠦᠷᠵᠢᠬᠦᠯᠬᠦ ᠰᠦᠢᠳᠬᠡᠯ᠂ ᠪᠦᠳᠦᠭᠡᠨ ᠪᠠᠶᠢᠭᠤᠯᠣᠯᠳᠠ ᠶᠢᠨ ᠰᠦᠢᠳᠬᠡᠯ᠂ ᠠᠷᠠᠳ ᠤᠨ ᠠᠭᠠᠷ ᠤᠨ ᠰᠡᠷᠭᠡᠶᠢᠯᠡᠯᠳᠡ ᠶᠢᠨ ᠰᠦᠢᠳᠬᠡᠯ ᠵᠡᠷᠬᠡ ᠬᠠᠮᠢᠶ᠎ᠠ ᠪᠦᠬᠦᠢ ᠰᠦᠢᠳᠬᠡᠯ ᠨᠢ ᠳᠣᠭᠳᠠᠭᠠᠭᠰᠠᠨ ᠬᠠᠷᠠᠭᠠᠯᠵᠠᠯ  ᠤᠨ ᠳᠦᠷᠦ ᠶᠢᠨ ᠪᠣᠳᠣᠯᠭ᠎ᠠ ᠶᠢ ᠬᠦᠷᠳᠡᠨ᠎ᠡ᠃        ︵ᠨᠠᠢᠮᠠ︶ ᠠᠳᠠᠯᠢ ᠳᠡᠭᠰᠢ ᠪᠡᠯᠡ ᠮᠦᠩᠭᠦ ᠶᠢᠨ ᠳᠣᠰᠠᠯᠠᠮᠵᠢ ᠶᠢᠨ ᠳᠦᠷᠦ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠣᠨ᠎ᠠ᠃ ᠠᠷᠠᠳ ᠠᠴᠠ ᠡᠷᠬᠢᠯᠡᠭᠰᠡᠨ ᠰᠣᠷᠭᠠᠭᠤᠯᠢ ᠶᠢᠨ ᠰᠣᠷᠣᠭᠴᠢ ᠬᠢᠭᠡᠳ ᠠᠯᠪᠠᠨ ᠠᠴᠠ ᠡᠷᠬᠢᠯᠡᠭᠰᠡᠨ ᠰᠣᠷᠭᠠᠭᠤᠯᠢ ᠶᠢᠨ ᠰᠣᠷᠣᠭᠴᠢ ᠳᠣᠭᠳᠠᠭᠠᠯ ᠶᠣᠰᠣᠭᠠᠷ ᠱᠠᠩᠨᠠᠯ᠂ ᠳᠣᠰᠠᠯᠠᠮᠵᠢ᠂ ᠵᠢᠭᠡᠯᠡᠯᠭᠡ᠂ ᠨᠦᠬᠦᠪᠦᠷᠢ  ᠶᠢᠨ ᠠᠳᠠᠯᠢ ᠳᠡᠭᠰᠢ ᠲᠦᠷᠦ ᠶᠢᠨ ᠪᠣᠳᠣᠯᠭ᠎ᠠ ᠶᠢ ᠬᠦᠷᠳᠡᠨ᠎ᠡ᠃ ᠠᠯᠪᠠᠨ ᠵᠢᠷᠣᠮ ᠤᠨ ᠰᠣᠷᠭᠠᠨ ᠬᠦᠮᠦᠵᠢᠯ ᠤᠨ ᠱᠠᠳᠣᠨ ᠤ ᠠᠷᠠᠳ ᠠᠴᠠ ᠡᠷᠬᠢᠯᠡᠭᠰᠡᠨ ᠰᠣᠷᠭᠠᠭᠤᠯᠢ ᠬᠢᠭᠡᠳ ᠠᠯᠪᠠᠨ ᠠᠴᠠ ᠡᠷᠬᠢᠯᠡᠭᠰᠡᠨ ᠰᠣᠷᠭᠠᠭᠤᠯᠢ ᠨᠢ ᠰᠣᠷᠣᠭᠴᠢ ᠪᠦᠷᠢ ᠳᠤ ᠳᠡᠭᠰᠢᠳᠭᠡᠭᠰᠡᠨ ᠠᠯᠪᠠᠨ ᠬᠡᠷᠡᠭᠯᠡᠭᠡᠨ ᠤ ᠵᠠᠷᠣᠳᠠᠯ ᠢ ᠠᠳᠠᠯᠢ ᠳᠡᠭᠰᠢ ᠡᠳ᠋ᠯᠡᠨ᠎ᠡ᠃ ᠡᠯ᠎ᠡ ᠱᠠᠳᠣᠨ ᠤ ᠠᠷᠠᠳ ᠤᠨ ᠵᠠᠰᠠᠭ ᠤᠨ ᠣᠷᠳᠣᠨ ᠨᠢ ᠠᠷᠠᠳ ᠠᠴᠠ ᠡᠷᠬᠢᠯᠡᠭᠰᠡᠨ ᠰᠣᠷᠭᠠᠭᠤᠯᠢ ᠶᠢᠨ ᠰᠣᠷᠣᠯᠭ᠎ᠠ ᠶᠢ ᠳᠡᠳᠬᠦᠬᠦ ᠵᠢᠭᠡᠯᠡᠯᠭᠡ ᠶᠢᠨ ᠳᠣᠬᠠᠶᠢᠯᠠᠭᠰᠠᠨ ᠠᠵᠢᠯ ᠤᠨ ᠳᠡᠳᠬᠦᠨ ᠳᠡᠮᠵᠢᠬᠦ ᠳᠦᠷᠢᠮ ᠢ ᠪᠠᠶᠢᠭᠤᠯᠣᠨ ᠪᠦᠷᠢᠨᠰᠢᠬᠦᠯᠵᠦ᠂ ᠠᠷᠠᠳ ᠠᠴᠠ ᠡᠷᠬᠢᠯᠡᠭᠰᠡᠨ ᠰᠣᠷᠭᠠᠭᠤᠯᠢ ᠶᠢᠨ ᠭᠡᠷ ᠪᠦᠯᠢ ᠶᠢᠨ ᠠᠵᠦ ᠠᠬᠤᠢ ᠨᠢ ᠬᠦᠴᠢᠷᠳᠡᠯᠳᠡᠢ ᠰᠣᠷᠣᠭᠴᠢ ᠶᠢᠨ ᠪᠡᠯᠡ ᠮᠦᠩᠬᠦ ᠶᠢᠨ ᠳᠣᠰᠠᠯᠠᠮᠵᠢ ᠬᠦᠷᠳᠡᠬᠦ ᠬᠠᠷᠢᠴᠠᠯ ᠢ ᠳᠡᠭᠡᠭᠰᠢᠯᠡᠬᠦᠯᠦᠨ᠎ᠡ᠃ ᠠᠷᠠᠳ ᠠᠴᠠ ᠡᠷᠬᠢᠯᠡᠭᠰᠡᠨ ᠰᠣᠷᠭᠠᠭᠤᠯᠢ ᠨᠢ ᠰᠣᠷᠣᠯᠭ᠎ᠠ ᠶᠢᠨ ᠳᠡᠳᠬᠦᠮᠵᠢ ᠶᠢᠨ ᠮᠦᠩᠬᠦ᠂ ᠰᠣᠷᠣᠯᠭ᠎ᠠ ᠶᠢᠨ ᠱᠠᠩᠨᠠᠯ ᠤᠨ ᠮᠦᠩᠬᠦ ᠶᠢᠨ ᠦᠨᠡᠯᠡᠨ ᠳᠣᠭᠳᠠᠭᠠᠯᠳᠠ᠂ ᠳᠠᠷᠬᠠᠭᠠᠯᠳᠠ ᠵᠡᠷᠭᠡ ᠬᠠᠮᠢᠶᠠᠷᠣᠯᠳᠠ ᠶᠢᠨ ᠳᠣᠭᠳᠠᠴᠠ ᠪᠠᠨ ᠪᠠᠶᠢᠭᠤᠯᠣᠨ ᠪᠦᠷᠢᠨᠰᠢᠬᠦᠯᠵᠦ᠂ ᠰᠣᠷᠣᠯᠭ᠎ᠠ ᠶᠢᠨ ᠰᠦᠢᠳᠬᠡᠯ ᠤᠨ ᠣᠷᠣᠯᠭ᠎ᠠ ᠳᠣᠮᠳᠠ ᠠᠴᠠ 5% ᠠᠴᠠ ᠳᠡᠭᠡᠭᠰᠢᠬᠢ ᠪᠡᠯᠡ ᠮᠦᠩᠬᠦ ᠶᠢ ᠭᠠᠷᠭᠠᠵᠦ᠂ ᠰᠣᠷᠣᠭᠴᠢ ᠶᠢ ᠱᠠᠩᠨᠠᠨ ᠬᠦᠬᠢᠬᠦᠯᠬᠦ ᠪᠠ ᠳᠣᠰᠠᠯᠠᠬᠤ ᠳᠤ ᠬᠡᠷᠡᠭᠯᠡᠨ᠎ᠡ᠃ ᠪᠡᠯᠡ ᠮᠦᠩᠬᠦ ᠬᠠᠨᠳᠢᠪᠯᠠᠵᠦ ᠰᠣᠷᠣᠯᠭ᠎ᠠ ᠶᠢ ᠳᠡᠳᠬᠦᠬᠦ ᠵᠣᠷᠢᠭᠵᠢᠭᠤᠯᠣᠯ ᠤᠨ ᠬᠠᠮᠢᠶ᠎ᠠ ᠪᠦᠬᠦᠢ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠠᠷᠭ᠎ᠠ ᠠᠪᠴᠠᠯ ᠢ ᠨᠠᠶᠢᠳᠠᠪᠣᠷᠢᠵᠢᠭᠤᠯᠵᠦ᠂ ᠠᠵᠦ ᠠᠬᠤᠶᠢᠯᠠᠯ ᠠᠵᠢᠯ ᠦᠢᠯᠡᠰ ᠤᠨ ᠨᠢᠬᠡᠴᠡ᠂ ᠨᠡᠶᠢᠭᠡᠮ ᠤᠨ ᠵᠣᠬᠢᠶᠠᠨ ᠪᠠᠶᠢᠭᠤᠯᠣᠯᠳᠠ ᠪᠠ ᠬᠤᠪᠢ ᠬᠦᠮᠦᠨ ᠠᠴᠠ ᠠᠷᠠᠳ ᠠᠴᠠ ᠡᠷᠬᠢᠯᠡᠭᠰᠡᠨ ᠰᠣᠷᠭᠠᠭᠤᠯᠢ ᠳᠤ ᠰᠣᠷᠣᠯᠭ᠎ᠠ ᠶᠢᠨ ᠱᠠᠩᠨᠠᠯ ᠤᠨ ᠮᠦᠩᠭᠦ᠂ ᠰᠣᠷᠣᠯᠭ᠎ᠠ ᠶᠢᠨ ᠳᠡᠳᠬᠦᠮᠵᠢ ᠶᠢᠨ ᠮᠦᠩᠬᠦ ᠪᠠᠶᠢᠭᠤᠯᠬᠤ ᠶᠢ ᠢᠳᠡᠪᠬᠢᠳᠡᠢ ᠬᠦᠳᠦᠯᠦᠨ ᠵᠢᠯᠣᠭᠤᠳᠴᠦ ᠵᠣᠷᠢᠭᠵᠢᠭᠤᠯᠣᠨ᠎ᠠ᠃        ︵ᠶᠢᠰᠦ︶ ᠬᠠᠣᠯᠢ ᠶᠣᠰᠣᠭᠠᠷ ᠪᠡᠶ᠎ᠡ ᠪᠠᠨ ᠳᠠᠭᠠᠭᠠᠵᠦ ᠰᠣᠷᠭᠠᠭᠤᠯᠢ ᠡᠷᠬᠢᠯᠡᠬᠦ ᠶᠢ ᠪᠠᠳᠣᠯᠠᠨ᠎ᠠ᠃ ᠠᠷᠠᠳ  ᠠᠴᠠ ᠡᠷᠬᠢᠯᠡᠭᠰᠡᠨ ᠶᠡᠭᠡ ᠳᠡᠭᠡᠳᠦ ᠰᠣᠷᠭᠠᠭᠤᠯᠢ ᠪᠠ ᠳᠣᠮᠳᠠᠳᠣ ᠵᠡᠷᠬᠡ ᠶᠢᠨ ᠠᠵᠢᠯ ᠮᠡᠷᠭᠡᠵᠢᠯ ᠤᠨ ᠰᠣᠷᠭᠠᠭᠤᠯᠢ ᠶᠢᠨ ᠳᠣᠰᠬᠠᠢ ᠮᠡᠷᠭᠡᠵᠢᠯ ᠤᠨ ᠳᠣᠬᠢᠷᠠᠭᠤᠯᠣᠯᠳᠠ ᠶᠢᠨ ᠡᠵᠡᠨ ᠮᠡᠳᠡᠬᠦ ᠡᠷᠬᠡ ᠶᠢ ᠦᠷᠭᠡᠳᠬᠡᠵᠦ᠂ ᠠᠵᠦ ᠠᠬᠤᠢ ᠨᠡᠶᠢᠭᠡᠮ  ᠤᠨ ᠬᠦᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠵᠦ᠂ ᠰᠣᠷᠭᠠᠭᠤᠯᠢ ᠶᠢᠨ ᠰᠢᠨᠵᠢᠯᠡᠭᠡᠨ ᠤ ᠰᠠᠯᠠᠭ᠎ᠠ ᠳᠣᠰᠬᠠᠢ ᠮᠡᠷᠭᠡᠵᠢᠯ ᠢᠶᠠᠨ ᠬᠠᠣᠯᠢ ᠳᠦᠷᠢᠮ ᠶᠣᠰᠣᠭᠠᠷ ᠳᠣᠬᠢᠷᠠᠭᠤᠯᠵᠦ ᠪᠠᠶᠢᠷᠢᠯᠠᠭᠤᠯᠬᠤ ᠶᠢ ᠵᠣᠷᠢᠭᠵᠢᠭᠤᠯᠣᠨ᠎ᠠ᠃ ᠠᠷᠠᠳ ᠠᠴᠠ ᠡᠷᠬᠢᠯᠡᠭᠰᠡᠨ ᠰᠣᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠳᠠ ᠶᠢᠨ ᠳᠦᠷᠢᠮ ᠤᠨ ᠦᠭᠡᠷᠡᠴᠢᠯᠡᠯᠳᠡ  ᠳᠤ ᠣᠷᠣᠯᠴᠠᠬᠤ ᠶᠢ ᠳᠡᠮᠵᠢᠨ᠎ᠡ᠃ ᠨᠡᠶᠢᠭᠡᠮ ᠤᠨ ᠨᠡᠷ᠎ᠡ ᠨᠦᠯᠦᠭᠡ ᠪᠠᠷ ᠰᠠᠶᠢᠨ᠂ ᠵᠢᠭᠠᠨ ᠰᠣᠷᠭᠠᠯᠳᠠ ᠶᠢᠨ ᠶᠠᠰᠣ ᠴᠢᠨᠠᠷ ᠨᠢ ᠰᠠᠶᠢᠠ᠂ ᠠᠵᠢᠯ ᠣᠯᠭᠤᠯᠳᠠ ᠨᠢ ᠪᠠᠳᠣᠯᠠᠭ᠎ᠠ ᠲᠠᠢ ᠠᠷᠠᠳ ᠠᠴᠠ ᠡᠷᠬᠢᠯᠡᠭᠰᠡᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠣᠷᠭᠠᠭᠤᠯᠢ ᠨᠢ ᠬᠠᠷᠭᠤᠭᠤᠯᠣᠨ ᠳᠣᠭᠳᠠᠭᠠᠭᠰᠠᠨ ᠰᠣᠷᠭᠠᠭᠤᠯᠢ ᠡᠷᠬᠢᠯᠡᠬᠦ ᠬᠡᠪᠴᠢᠶ᠎ᠡ ᠶᠢᠨ ᠳᠣᠳᠣᠷ᠎ᠠ ᠰᠣᠷᠣᠭᠴᠢ ᠡᠯᠰᠡᠬᠦ ᠬᠦᠷᠢᠶ᠎ᠡ ᠬᠡᠪᠴᠢᠶ᠎ᠡ ᠪᠠ ᠵᠢᠯ ᠤᠨ ᠰᠣᠷᠣᠭᠴᠢ ᠡᠯᠰᠡᠬᠦ ᠲᠦᠯᠦᠪᠯᠡᠭᠡ ᠪᠠᠨ ᠡᠵᠡᠨ ᠮᠡᠳᠡᠵᠦ ᠳᠣᠭᠳᠠᠭᠠᠵᠦ ᠪᠣᠯᠣᠨ᠎ᠠ᠃ ᠠᠷᠠᠳ ᠠᠴᠠ ᠡᠷᠬᠢᠯᠡᠭᠰᠡᠨ ᠳᠣᠮᠳᠠᠳᠣ ᠪᠠᠭ᠎ᠠ ᠰᠣᠷᠭᠠᠭᠠᠣᠯᠢ ᠨᠢ ᠣᠯᠣᠰ ᠤᠨ ᠳᠣᠭᠳᠠᠭᠠᠭᠰᠠᠨ ᠬᠢᠴᠢᠶᠡᠯ ᠢᠶᠠᠨ ᠳᠠᠭᠤᠰᠬᠠᠭᠰᠠᠨ ᠣᠷᠢᠳᠠᠯ ᠳᠣᠣᠷ᠎ᠠ᠂ ᠰᠣᠷᠭᠠᠨ ᠬᠦᠮᠦᠵᠢᠯ ᠤᠨ ᠵᠢᠭᠠᠨ ᠰᠣᠷᠭᠠᠯᠳᠠ  ᠶᠢᠨ ᠠᠵᠢᠯᠯᠠᠭ᠎ᠠ ᠶᠢ ᠪᠡᠶ᠎ᠡ ᠪᠠᠨ ᠳᠠᠭᠠᠭᠠᠵᠦ ᠦᠷᠨᠢᠬᠦᠯᠵᠦ ᠪᠣᠯᠣᠨ᠎ᠠ᠃ ᠳᠣᠮᠳᠠᠳᠣ ᠵᠡᠷᠭᠡ ᠠᠴᠠ ᠳᠣᠷᠣᠭᠰᠢ ᠳᠡᠰ  ᠤᠨ ᠠᠷᠠᠳ ᠠᠴᠠ ᠡᠷᠬᠢᠯᠡᠭᠰᠡᠨ ᠰᠣᠷᠭᠠᠭᠤᠯᠢ ᠨᠢ ᠣᠯᠣᠰ ᠤᠨ ᠬᠠᠮᠢᠶ᠎ᠠ ᠪᠦᠬᠦᠢ ᠳᠣᠭᠳᠠᠭᠠᠯ ᠶᠣᠰᠣᠭᠠᠷ᠂ ᠬᠠᠷᠭᠤᠭᠤᠯᠣᠨ ᠳᠣᠭᠳᠠᠭᠠᠭᠰᠠᠨ ᠰᠣᠷᠭᠠᠭᠤᠯᠢ ᠡᠷᠬᠢᠯᠡᠬᠦ ᠬᠡᠪᠴᠢᠶ᠎ᠡ ᠳᠣᠳᠣᠷ᠎ᠠ᠂ ᠳᠣᠬᠠᠢ ᠶᠢᠨ ᠭᠠᠵᠠᠷ ᠤᠨ ᠠᠯᠪᠠᠨ  ᠠᠴᠠ ᠡᠷᠬᠢᠯᠡᠭᠰᠡᠨ ᠰᠣᠷᠭᠠᠭᠤᠯᠢ ᠲᠠᠢ ᠠᠳᠠᠯᠢ ᠬᠤᠭᠤᠴᠠᠭ᠎ᠠ ᠪᠠᠷ ᠨᠡᠶᠢᠬᠡᠮ ᠠᠴᠠ ᠰᠣᠷᠣᠭᠴᠢ ᠡᠯᠰᠡᠬᠦ ᠶᠢ ᠡᠵᠡᠨ ᠮᠡᠳᠡᠵᠦ ᠪᠣᠯᠣᠨ᠎ᠠ᠃ ᠡᠯ᠎ᠡ ᠬᠤᠰᠢᠭᠤ  ︵ᠨᠡᠭᠡᠭᠡᠯᠳᠡ ᠶᠢᠨ ᠣᠷᠣᠨ︶ ᠠᠷᠠᠳ ᠠᠴᠠ ᠡᠷᠬᠢᠯᠡᠭᠰᠡᠨ ᠰᠣᠷᠭᠠᠭᠤᠯᠢ ᠶᠢᠨ ᠣᠷᠣᠨ ᠠᠯᠣᠰᠯᠠᠵᠦ ᠰᠣᠷᠣᠭᠴᠢ ᠡᠯᠰᠡᠬᠦ ᠳᠤ ᠬᠠᠷᠰᠢ ᠰᠠᠭᠠᠳ ᠳᠣᠬᠢᠷᠠᠭᠤᠯᠵᠦ ᠪᠣᠯᠬᠤ ᠦᠬᠡᠢ᠃        ︵ᠠᠷᠪᠠ︶ ᠰᠣᠷᠭᠠᠭᠤᠯᠢ ᠶᠢᠨ ᠪᠠᠭᠰᠢ ᠰᠣᠷᠣᠭᠴᠢ ᠶᠢᠨ ᠡᠷᠭᠡ ᠠᠰᠢᠭ ᠢ ᠪᠠᠳᠣᠯᠠᠨ᠎ᠠ᠃ ᠰᠣᠷᠭᠠᠭᠤᠯᠢ᠂ ᠬᠤᠪᠢ ᠬᠦᠮᠦᠨ᠂ ᠵᠠᠰᠠᠭ ᠤᠨ ᠣᠷᠳᠣᠨ ᠠᠴᠠ ᠬᠤᠪᠢᠶᠠᠨ ᠡᠭᠦᠷᠭᠡᠯᠡᠭᠰᠡᠨ ᠠᠷᠠᠳ ᠠᠴᠠ ᠡᠷᠬᠢᠯᠡᠭᠰᠡᠨ ᠰᠣᠷᠭᠠᠭᠤᠯᠢ  ᠶᠢᠨ ᠪᠠᠭᠰᠢ ᠠᠵᠢᠯᠳᠠᠨ ᠠᠵᠢᠯᠴᠢᠨ ᠤ ᠨᠡᠶᠢᠭᠡᠮ ᠤᠨ ᠪᠠᠳᠣᠯᠠᠭ᠎ᠠ ᠶᠢᠨ ᠳᠣᠭᠳᠠᠴᠠ ᠶᠢ ᠳᠡᠭᠦᠯᠳᠡᠷᠵᠢᠬᠦᠯᠦᠨ᠎ᠡ᠃ ᠠᠷᠠᠳ ᠠᠴᠠ ᠡᠷᠬᠢᠯᠡᠭᠰᠡᠨ ᠰᠣᠷᠭᠠᠭᠤᠯᠢ ᠨᠢ ᠬᠠᠣᠯᠢ ᠶᠣᠰᠣᠭᠠᠷ ᠪᠠᠭᠰᠢ ᠠᠵᠢᠯᠳᠠᠨ ᠠᠵᠢᠯᠴᠢᠨ ᠳᠤ ᠨᠡᠶᠢᠭᠡᠮ ᠤᠨ ᠳᠠᠭᠠᠳᠬᠠᠯ ᠤᠨ ᠰᠦᠢᠳᠬᠡᠯ ᠪᠠ ᠣᠷᠣᠨ ᠰᠠᠭᠤᠴᠠ ᠶᠢᠨ ᠨᠡᠶᠢᠳᠡ ᠶᠢᠨ ᠬᠤᠷᠠᠮᠳᠣᠭᠤᠯᠭ᠎ᠠ ᠶᠢᠨ ᠮᠦᠩᠬᠦ ᠶᠢ ᠬᠦᠢᠴᠡᠳ ᠬᠡᠮᠵᠢᠶ᠎ᠡ ᠪᠠᠷ ᠨᠢ ᠳᠣᠰᠢᠶᠠᠵᠦ ᠦᠭᠭᠦ ᠬᠡᠷᠡᠭᠳᠡᠢ᠃ ᠠᠷᠠᠳ ᠠᠴᠠ ᠡᠷᠬᠢᠯᠡᠭᠰᠡᠨ ᠰᠣᠷᠭᠠᠭᠤᠯᠢ ᠶᠢᠨ ᠳᠣᠭᠳᠠᠭᠠᠯ ᠶᠣᠰᠣᠭᠠᠷ ᠪᠠᠭᠰᠢ ᠠᠵᠢᠯᠳᠠᠨ ᠠᠵᠢᠯᠴᠢᠨ ᠳᠤ ᠨᠠᠰᠦᠵᠢᠯ ᠤᠨ ᠠᠰᠠᠷᠠᠮᠵᠢ ᠶᠢᠨ ᠳᠠᠭᠠᠳᠬᠠᠯ ᠤᠨ ᠨᠦᠬᠦᠪᠦᠷᠢᠯᠡᠯᠳᠡ ᠶᠢ ᠪᠠᠶᠢᠭᠤᠯᠬᠤ᠂ ᠪᠠᠭᠰᠢ ᠠᠵᠢᠯᠳᠠᠨ ᠠᠵᠢᠯᠴᠢᠨ ᠤ ᠠᠵᠢᠯ ᠤᠨ ᠠᠮᠠᠷᠠᠯᠳᠠ ᠪᠠᠨ ᠠᠪᠣᠭᠰᠠᠨ ᠤ ᠳᠠᠷᠠᠭᠠᠬᠢ ᠬᠦᠯᠦᠰᠦ ᠣᠯᠭᠤᠮᠵᠢ ᠶᠢ ᠳᠡᠭᠡᠭᠰᠢᠯᠡᠬᠦᠯᠬᠦ ᠶᠢ ᠵᠣᠷᠢᠭᠵᠢᠭᠤᠯᠣᠨ᠎ᠠ᠃ ᠨᠡᠶᠢᠳᠡᠮ ᠲᠦᠯᠦᠪᠯᠡᠬᠦ ᠭᠠᠵᠠᠷ ᠣᠷᠣᠨ ᠢ ᠠᠯᠣᠰᠯᠠᠭᠰᠠᠨ ᠨᠡᠶᠢᠭᠡᠮ ᠤᠨ ᠳᠠᠭᠠᠳᠬᠠᠯ ᠤᠨ ᠬᠠᠷᠢᠴᠠᠭ᠎ᠠ ᠶᠢ ᠰᠢᠯᠵᠢᠬᠦᠯᠬᠦ ᠬᠦᠯᠢᠶᠡᠨ ᠠᠪᠴᠦ ᠵᠠᠯᠭᠠᠭᠤᠯᠬᠤ ᠲᠦᠷᠦ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠵᠦ᠂ ᠠᠷᠠᠳ ᠠᠴᠠ ᠡᠷᠬᠢᠯᠡᠭᠰᠡᠨ ᠰᠣᠷᠭᠠᠭᠤᠯᠢ ᠶᠢᠨ ᠪᠠᠭᠰᠢ ᠶᠢᠨ ᠡᠷᠦᠬᠡ ᠠᠮᠠ ᠶᠢ ᠰᠢᠯᠵᠢᠬᠦᠯᠬᠦ ᠵᠡᠷᠭᠡ ᠳᠠᠯ᠎ᠠ ᠶᠢᠨ ᠦᠢᠯᠡᠴᠢᠯᠡᠭᠡ ᠶᠢᠨ ᠲᠦᠷᠦ ᠶᠢᠨ ᠪᠣᠳᠣᠯᠭ᠎ᠠ ᠶᠢ ᠳᠡᠭᠦᠯᠳᠡᠷᠵᠢᠬᠦᠯᠵᠦ᠂ ᠠᠷᠠᠳ ᠠᠴᠠ ᠡᠷᠬᠢᠯᠡᠭᠰᠡᠨ ᠰᠣᠷᠭᠠᠭᠤᠯᠢ ᠶᠢᠨ ᠪᠠᠭᠰᠢ ᠶᠢᠨ ᠠᠵᠢᠯᠳᠠᠨ ᠤ ᠶᠠᠪᠣᠳᠠᠯ ᠤᠨ ᠣᠷᠣᠯᠠᠨ ᠬᠦᠢᠴᠡᠳᠬᠡᠬᠦ ᠳᠦᠷᠢᠮ ᠪᠠ ᠰᠣᠯᠢᠯᠴᠠᠭ᠎ᠠ ᠶᠢᠨ ᠳᠦᠷᠢᠮ ᠢ ᠬᠠᠶᠢᠨ ᠰᠦᠪᠡᠭᠴᠢᠯᠡᠵᠦ ᠪᠠᠶᠢᠭᠤᠯᠣᠨ᠂ ᠪᠠᠭᠰᠢ  ᠶᠢᠨ ᠵᠦᠢ ᠵᠣᠬᠢᠰᠳᠠᠢ ᠰᠢᠯᠵᠢᠯᠳᠡ ᠶᠢ ᠠᠬᠢᠭᠤᠯᠣᠨ᠎ᠠ᠃ ᠠᠷᠠᠳ ᠠᠴᠠ ᠡᠷᠬᠢᠯᠡᠭᠰᠡᠨ ᠰᠣᠷᠭᠠᠭᠤᠯᠢ ᠶᠢᠨ ᠪᠠᠭᠰᠢ ᠨᠢ ᠬᠢᠷᠢ ᠬᠡᠮ ᠤᠨ ᠨᠣᠳᠠᠯᠠᠨ ᠳᠣᠭᠳᠠᠭᠠᠯᠳᠠ᠂ ᠮᠡᠷᠭᠡᠵᠢᠯ ᠤᠨ ᠴᠣᠯᠠ ᠶᠢ ᠦᠨᠡᠯᠡᠨ ᠣᠷᠢᠬᠤ᠂ ᠬᠦᠮᠦᠵᠢᠯ ᠪᠣᠯᠪᠠᠰᠣᠷᠠᠯ᠂ ᠰᠢᠨᠵᠢᠯᠡᠭᠡ ᠮᠡᠷᠭᠡᠵᠢᠯ ᠤᠨ ᠰᠣᠳᠣᠯᠭᠠᠨ ᠤ ᠪᠡᠯᠡ ᠮᠦᠩᠬᠦ ᠶᠢᠨ ᠳᠣᠰᠠᠯᠠᠮᠵᠢ᠂ ᠰᠢᠯᠢᠳᠡᠭ ᠢ ᠰᠢᠯᠭᠠᠷᠠᠭᠤᠯᠵᠦ ᠰᠠᠶᠢᠰᠢᠶᠠᠨ ᠬᠦᠬᠢᠬᠦᠯᠬᠦ ᠵᠡᠷᠭᠡ ᠳᠠᠯ᠎ᠠ ᠪᠠᠷ ᠠᠯᠪᠠᠨ ᠠᠴᠠ ᠡᠷᠬᠢᠯᠡᠭᠰᠡᠨ ᠰᠣᠷᠭᠠᠭᠤᠯᠢ ᠶᠢᠨ ᠪᠠᠭᠰᠢ ᠲᠠᠢ ᠠᠳᠠᠯᠢ ᠳᠡᠭᠰᠢ ᠡᠷᠭᠡ ᠶᠢ ᠡᠳ᠋ᠯᠡᠨ᠎ᠡ᠃ ᠠᠰᠢᠭ ᠣᠷᠣᠯᠭ᠎ᠠ ᠶᠢᠨ ᠪᠣᠰᠣ ᠴᠢᠨᠠᠷᠳᠠᠢ ᠠᠷᠠᠳ ᠠᠴᠠ ᠡᠷᠬᠢᠯᠡᠭᠰᠡᠨ ᠰᠣᠷᠭᠠᠭᠤᠯᠢ  ᠶᠢᠨ ᠪᠠᠭᠰᠢ ᠨᠢ ᠳᠣᠬᠠᠢ ᠶᠢᠨ ᠭᠠᠵᠠᠷ ᠤᠨ ᠠᠯᠪᠠᠨ ᠠᠴᠠ ᠡᠷᠬᠢᠯᠡᠭᠰᠡᠨ ᠰᠣᠷᠭᠠᠭᠤᠯᠢ ᠲᠠᠢ ᠠᠳᠠᠯᠢ ᠳᠡᠭᠰᠢ ᠴᠢᠳᠠᠪᠣᠷᠢᠳᠠᠨ ᠣᠷᠢᠬᠤ ᠲᠦᠷᠦ ᠶᠢᠨ ᠪᠣᠳᠣᠯᠭ᠎ᠠ ᠶᠢ ᠠᠳᠠᠯᠢ ᠳᠡᠭᠰᠢ ᠬᠦᠷᠳᠡᠨ᠎ᠡ᠃ ᠠᠷᠠᠳ ᠠᠴᠠ ᠡᠷᠬᠢᠯᠡᠭᠰᠡᠨ ᠰᠣᠷᠭᠠᠭᠤᠯᠢ ᠶᠢᠨ ᠰᠣᠷᠣᠭᠴᠢ ᠨᠢ ᠱᠠᠩᠨᠠᠯ ᠬᠦᠬᠢᠬᠦᠯᠦᠯ ᠰᠢᠯᠢᠳᠡᠭ ᠤᠨ ᠰᠢᠯᠭᠠᠷᠠᠭᠤᠯᠣᠯᠳᠠ᠂ ᠰᠣᠷᠭᠠᠭᠤᠯᠢ ᠳᠡᠪᠰᠢᠵᠦ ᠠᠵᠢᠯ ᠣᠯᠬᠤ᠂ ᠨᠡᠶᠢᠭᠡᠮ ᠤᠨ  ᠳᠡᠳᠬᠦᠨ ᠣᠯᠭᠤᠮᠵᠢ᠂ ᠡᠮ ᠡᠮᠨᠡᠯᠭᠡ ᠶᠢᠨ ᠳᠠᠭᠠᠳᠬᠠᠯ ᠵᠡᠷᠭᠡ ᠳᠠᠯ᠎ᠠ  ᠪᠠᠷ ᠠᠯᠪᠠᠨ ᠠᠴᠠ ᠡᠷᠬᠢᠯᠡᠭᠰᠡᠨ ᠰᠣᠷᠭᠠᠭᠤᠯᠢ ᠶᠢᠨ ᠰᠣᠷᠣᠭᠴᠢ ᠲᠠᠢ ᠠᠳᠠᠯᠢ ᠳᠡᠭᠰᠢ ᠡᠷᠭᠡ ᠶᠢ ᠡᠳ᠋ᠯᠡᠨ᠎ᠡ᠃ ᠠᠷᠠᠳ  ᠠᠴᠠ ᠡᠷᠬᠢᠯᠡᠭᠰᠡᠨ ᠰᠣᠷᠭᠠᠭᠤᠯᠢ ᠶᠢᠨ ᠪᠠᠭᠰᠢ ᠰᠣᠷᠣᠭᠴᠢ ᠶᠢᠨ ᠬᠢᠨ ᠤ ᠰᠣᠷᠭᠠᠭᠤᠯᠢ ᠶᠢᠨ ᠰᠣᠷᠭᠠᠭᠤᠯᠢ ᠡᠷᠬᠢᠯᠡᠬᠦ ᠬᠠᠮᠢᠶᠠᠷᠣᠯᠳᠠ ᠶᠢᠨ ᠳᠣᠬᠠᠢ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠬᠢᠨᠠᠯᠳᠠ ᠳᠠᠯᠪᠢᠬᠤ ᠡᠷᠭᠡ ᠶᠢ ᠬᠠᠣᠯᠢ ᠶᠣᠰᠣᠭᠠᠷ ᠨᠠᠶᠢᠳᠠᠪᠣᠷᠢᠵᠢᠭᠤᠯᠣᠨ᠎ᠠ᠃ ᠠᠷᠠᠳ ᠠᠴᠠ ᠡᠷᠬᠢᠯᠡᠭᠰᠡᠨ ᠰᠣᠷᠭᠠᠭᠤᠯᠢ ᠶᠢᠨ ᠪᠠᠭᠰᠢ ᠰᠣᠷᠣᠭᠴᠢ ᠶᠢᠨ ᠵᠦᠷᠢᠯᠳᠦᠬᠡᠨ ᠢ ᠰᠢᠢᠳᠪᠦᠷᠢᠯᠡᠬᠦ ᠳᠣᠭᠳᠠᠴᠠ ᠶᠢ ᠳᠡᠭᠦᠯᠳᠡᠷᠵᠢᠬᠦᠯᠵᠦ᠂ ᠪᠠᠭᠰᠢ ᠰᠣᠷᠣᠭᠴᠢ ᠶᠢᠨ ᠬᠠᠣᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃        ᠳᠠᠪᠤ᠂ ᠣᠳᠣ ᠦᠶ᠎ᠡ ᠶᠢᠨ ᠰᠣᠷᠭᠠᠭᠤᠯᠢ ᠶᠢᠨ ᠳᠦᠷᠢᠮ ᠢ ᠪᠠᠶᠢᠭᠤᠯᠵᠦ᠂ ᠰᠣᠷᠭᠠᠨ ᠬᠦᠮᠦᠵᠢᠯ ᠤᠨ ᠵᠢᠭᠠᠨ ᠰᠣᠷᠭᠠᠯᠳᠠ ᠶᠢᠨ ᠶᠠᠰᠣ ᠴᠢᠨᠠᠷ ᠢ ᠳᠡᠭᠡᠭᠰᠢᠯᠡᠬᠦᠯᠦᠨ᠎ᠡ        ︵ᠨᠢᠬᠡ︶ ᠰᠣᠷᠭᠠᠭᠤᠯᠢ ᠶᠢᠨ ᠰᠣᠷᠭᠠᠭᠤᠯᠢ ᠡᠷᠬᠢᠯᠡᠬᠦ ᠪᠠᠶᠢᠷᠢ ᠳᠣᠭᠳᠠᠭᠠᠯᠳᠠ ᠶᠢ ᠳᠣᠳᠣᠷᠬᠠᠶᠢᠯᠠᠨ᠎ᠠ᠃ ᠠᠷᠠᠳ ᠠᠴᠠ ᠡᠷᠬᠢᠯᠡᠭᠰᠡᠨ ᠰᠣᠷᠭᠠᠭᠤᠯᠢ ᠶᠢᠨ ᠨᠡᠶᠢᠬᠡᠮ ᠤᠨ ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠬᠦ ᠶᠢ ᠢᠳᠡᠪᠬᠢᠳᠡᠢ ᠬᠦᠳᠦᠯᠦᠨ ᠵᠢᠯᠣᠭᠤᠳᠴᠦ᠂ ᠳᠣᠳᠣᠭᠠᠳᠣ ᠠᠭᠤᠯᠬᠤᠨ ᠤ ᠪᠠᠶᠢᠭᠤᠯᠣᠯᠳᠠ ᠶᠢ ᠴᠢᠩᠭᠠᠳᠬᠠᠵᠦ᠂ ᠰᠣᠷᠭᠠᠭᠤᠯᠢ ᠡᠷᠬᠢᠯᠡᠬᠦ ᠶᠠᠰᠣ ᠴᠢᠨᠠᠷ ᠢ ᠳᠡᠭᠡᠭᠰᠢᠯᠡᠬᠦᠯᠦᠨ᠎ᠡ᠃ ᠰᠣᠷᠬᠤ ᠨᠠᠰᠣᠨ ᠠᠴᠠ ᠡᠮᠦᠨᠡᠬᠢ ᠰᠣᠷᠭᠠᠨ ᠬᠦᠮᠦᠵᠢᠯ  ᠤᠨ ᠱᠠᠳᠣᠨ ᠳᠤ ᠳᠦᠭᠡᠮᠡᠯ ᠬᠠᠷᠠᠭᠠᠯᠵᠠᠯ ᠤᠨ ᠴᠢᠨᠠᠷᠳᠠᠢ ᠠᠷᠠᠳ ᠠᠴᠠ ᠡᠷᠬᠢᠯᠡᠭᠰᠡᠨ ᠬᠡᠣᠬᠡᠳ ᠤᠨ ᠴᠡᠴᠡᠷᠯᠢᠭ ᠢ ᠡᠷᠬᠢᠯᠡᠬᠦ ᠶᠢ ᠵᠣᠷᠢᠭᠵᠢᠭᠤᠯᠵᠦ᠂ ᠰᠢᠨᠵᠢᠯᠡᠬᠦ ᠣᠬᠠᠭᠠᠨᠴᠢ ᠪᠠᠷ ᠵᠢᠭᠠᠨ ᠰᠣᠷᠭᠠᠯᠳᠠ ᠶᠢ ᠪᠠᠳᠣᠯᠠᠬᠤ ᠶᠢ ᠪᠠᠷᠢᠮᠳᠠᠯᠠᠵᠦ᠂︽ᠪᠠᠭ᠎ᠠ ᠰᠣᠷᠭᠠᠭᠤᠯᠢᠴᠢᠯᠠᠭᠰᠠᠨ︾ ᠦᠵᠡᠭᠳᠡᠯ ᠢ ᠰᠡᠷᠭᠡᠶᠢᠯᠡᠨ ᠵᠠᠯᠠᠷᠠᠭᠤᠯᠣᠨ᠎ᠠ᠃ ᠳᠣᠮᠳᠠᠳᠣ ᠪᠠᠭ᠎ᠠ ᠰᠣᠷᠭᠠᠭᠤᠯᠢ  ᠨᠢ ᠣᠯᠣᠰ ᠤᠨ ᠬᠢᠴᠢᠶᠡᠯ ᠤᠨ ᠳᠦᠰᠦᠯ ᠪᠠ ᠬᠢᠴᠢᠶᠡᠯ ᠤᠨ ᠪᠠᠷᠢᠮᠵᠢᠶ᠎ᠠ ᠶᠢ ᠬᠡᠷᠡᠭᠵᠢᠬᠦᠯᠵᠦ᠂ ᠣᠨᠴᠠᠯᠢᠭᠲᠣ ᠰᠣᠷᠭᠠᠭᠤᠯᠢ ᠡᠷᠬᠢᠯᠡᠵᠦ ᠰᠢᠯᠢᠳᠡᠭ ᠬᠦᠭᠵᠢᠯᠲᠡ ᠶᠢ ᠪᠠᠷᠢᠮᠳᠠᠯᠠᠵᠦ᠂ ᠣᠯᠠᠨ ᠶᠠᠩᠵᠣᠴᠢᠯᠠᠭᠰᠠᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠠᠵᠢᠯ ᠮᠡᠷᠭᠡᠵᠢᠯ ᠤᠨ ᠰᠣᠷᠭᠠᠭᠤᠯᠢ ᠨᠢ ᠮᠡᠷᠭᠡᠵᠢᠯ ᠣᠷ᠎ᠠ ᠮᠡᠷᠭᠡᠰᠢᠯ ᠤᠨ ᠴᠢᠳᠠᠪᠣᠷᠢᠳᠠᠨ ᠤ ᠬᠦᠮᠦᠵᠢᠬᠦᠯᠦᠯ ᠤᠨ ᠪᠠᠶᠢᠷᠢ ᠳᠣᠭᠳᠠᠭᠠᠯᠳᠠ ᠶᠢ ᠳᠣᠳᠣᠷᠬᠠᠶᠢᠯᠠᠵᠦ᠂ ᠣᠷᠣᠨ ᠪᠦᠰᠡ ᠶᠢᠨ ᠠᠵᠦ ᠠᠬᠤᠢ ᠪᠠ ᠠᠵᠦ ᠦᠢᠯᠡᠰ ᠤᠨ ᠬᠦᠭᠵᠢᠯᠲᠡ ᠳᠤ ᠦᠢᠯᠡᠴᠢᠯᠡᠵᠦ᠂ ᠠᠵᠦ ᠦᠢᠯᠡᠰ ᠰᠣᠷᠭᠠᠨ ᠬᠦᠮᠦᠵᠢᠯ ᠤᠨ ᠠᠭᠤᠰᠣᠯᠴᠠᠯ᠂ ᠰᠣᠷᠭᠠᠭᠤᠯᠢ ᠠᠵᠦ ᠠᠬᠤᠶᠢᠯᠠᠯ ᠤᠨ ᠬᠠᠮᠳᠣᠷᠠᠯᠴᠠᠭ᠎ᠠ ᠶᠢ ᠬᠦᠨᠵᠡᠭᠡᠶᠢᠷᠡᠬᠦᠯᠦᠨ᠎ᠡ᠃ ᠠᠷᠠᠳ ᠠᠴᠠ ᠡᠷᠬᠢᠯᠡᠭᠰᠡᠨ ᠰᠣᠷᠭᠠᠨ ᠬᠦᠮᠦᠵᠢᠯ ᠤᠨ ᠨᠠᠰᠣᠨ ᠳᠣᠷᠰᠢᠳᠠ ᠶᠢᠨ ᠰᠣᠷᠭᠠᠨ ᠬᠦᠮᠦᠵᠢᠯ ᠤᠨ ᠰᠢᠰᠲ᠋ᠧᠮᠵᠢ ᠶᠢ ᠳᠡᠬᠦᠯᠳᠡᠷᠵᠢᠬᠦᠯᠬᠦ᠂ ᠰᠣᠷᠣᠯᠴᠠᠯᠭ᠎ᠠ ᠶᠢᠨ ᠬᠡᠯᠪᠡᠷᠢ ᠶᠢᠨ ᠨᠡᠶᠢᠭᠡᠮ ᠶᠢ ᠪᠠᠶᠢᠭᠤᠯᠬᠤ ᠳᠣᠮᠳᠠᠬᠢ  ᠢᠳᠡᠪᠬᠢ ᠦᠢᠯᠡᠳᠦᠯ  ᠢ ᠨᠢ ᠬᠦᠢᠴᠡᠳ ᠪᠠᠳᠠᠷᠠᠭᠤᠯᠣᠨ᠎ᠠ᠃ ᠰᠢᠯᠢᠳᠡᠭ ᠰᠣᠷᠭᠠᠨ ᠬᠦᠮᠦᠵᠢᠯ ᠤᠨ ᠡᠬᠢ ᠪᠠᠶᠠᠯᠢᠭ ᠢ ᠳᠦᠷᠭᠡᠳᠬᠡᠨ ᠪᠣᠶᠢᠵᠢᠭᠤᠯᠵᠦ᠂ ᠵᠢᠭᠠᠨ ᠰᠣᠷᠭᠠᠯᠳᠠ ᠶᠢᠨ ᠶᠠᠰᠣ ᠴᠢᠨᠠᠷ ᠢ ᠪᠦᠬᠦ ᠳᠠᠯ᠎ᠠ ᠪᠠᠷ ᠳᠡᠭᠡᠭᠰᠢᠯᠡᠭᠦᠯᠦᠨ᠎ᠡ᠃        ︵ᠬᠤᠶᠠᠷ︶ ᠰᠣᠷᠭᠠᠭᠤᠯᠢ ᠶᠢᠨ ᠬᠠᠣᠯᠢ ᠶᠢᠨ ᠡᠷᠭᠡᠳᠡᠨ ᠤ ᠵᠠᠰᠠᠯᠳᠠ ᠶᠢ ᠳᠡᠬᠦᠯᠳᠡᠷᠵᠢᠬᠦᠯᠦᠨ᠎ᠡ᠃ ᠠᠷᠠᠳ  ᠠᠴᠠ ᠡᠷᠬᠢᠯᠡᠭᠰᠡᠨ ᠰᠣᠷᠭᠠᠭᠤᠯᠢ ᠨᠢ ᠬᠠᠣᠯᠢ ᠶᠣᠰᠣᠭᠠᠷ ᠳᠦᠷᠢᠮ ᠳᠣᠭᠳᠠᠭᠠᠯ ᠳᠣᠭᠳᠠᠭᠠᠵᠦ᠂ ᠳᠦᠷᠢᠮ ᠳᠣᠭᠳᠠᠭᠠᠯ ᠶᠣᠰᠣᠭᠠᠷ ᠰᠣᠷᠭᠠᠭᠤᠯᠢ ᠪᠠᠨ ᠬᠠᠮᠢᠶᠠᠷᠬᠤ ᠬᠡᠷᠡᠭᠳᠡᠢ᠃ ᠬᠡᠷᠡᠭ ᠮᠡᠳᠡᠭᠴᠢᠳ ᠤᠨ ᠬᠤᠷᠠᠯ(ᠬᠡᠷᠡᠭ ᠡᠷᠬᠢᠯᠡᠭᠴᠢᠳ ᠤᠨ ᠬᠤᠷᠠᠯ)ᠪᠠ ᠬᠢᠨᠠᠭᠴᠢᠳ  ᠤᠨ(ᠬᠤᠷᠠᠯ) ᠤᠨ ᠳᠦᠷᠢᠮ ᠢ ᠪᠦᠷᠢᠨᠰᠢᠬᠦᠯᠵᠦ᠂ ᠬᠡᠰᠢᠭᠦᠳ ᠨᠢ ᠰᠣᠷᠭᠠᠭᠤᠯᠢ ᠶᠢᠨ ᠳᠦᠷᠢᠮ ᠳᠣᠭᠳᠠᠭᠠᠯ ᠢ ᠦᠨᠳᠦᠰᠦᠯᠡᠵᠦ ᠰᠣᠷᠭᠠᠭᠤᠯᠢ ᠶᠢᠨ ᠰᠣᠷᠭᠠᠭᠤᠯᠢ ᠡᠷᠬᠢᠯᠡᠬᠦ ᠪᠠ ᠬᠠᠮᠢᠶᠠᠷᠣᠯᠳᠠ ᠳᠤ ᠬᠠᠮᠳᠣ  ᠪᠠᠷ ᠣᠷᠣᠯᠴᠠᠨ᠎ᠠ᠃ ᠬᠡᠷᠡᠭ ᠮᠡᠳᠡᠭᠴᠢᠳ ᠤᠨ ᠬᠤᠷᠠᠯ(ᠬᠡᠷᠡᠭ ᠡᠷᠬᠢᠯᠡᠭᠴᠢᠳ ᠤᠨ ᠬᠤᠷᠠᠯ) ᠨᠢ ᠬᠡᠰᠢᠭᠦᠳ ᠤᠨ ᠪᠦᠷᠢᠯᠳᠦᠯ ᠢᠶᠠᠨ ᠰᠢᠯᠢᠳᠡᠭᠵᠢᠬᠦᠯᠵᠦ᠂ ᠲᠡᠷᠡ ᠨᠢ ᠡᠷᠬᠢᠯᠡᠭᠴᠢ ᠪᠣᠶᠣ ᠲᠦᠯᠦᠭᠡᠯᠡᠭᠴᠢ᠂ ᠰᠣᠷᠭᠠᠭᠤᠯᠢ ᠶᠢᠨ ᠵᠠᠬᠢᠷᠣᠯ᠂ ᠨᠠᠮ ᠤᠨ ᠵᠣᠬᠢᠶᠠᠨ ᠪᠠᠶᠢᠭᠤᠯᠣᠯᠳᠠ ᠶᠢᠨ ᠬᠠᠷᠢᠭᠤᠴᠠᠯᠭᠠᠳᠠᠨ᠂ ᠪᠠᠭᠰᠢ ᠠᠵᠢᠯᠳᠠᠨ ᠠᠵᠢᠯᠴᠢᠨ ᠤ ᠳᠦᠯᠦᠭᠡᠯᠡᠭᠴᠢ ᠵᠡᠷᠭᠡ ᠬᠦᠮᠦᠰ ᠢᠶᠠᠷ ᠪᠦᠷᠢᠯᠳᠦᠨ᠎ᠡ᠃ ᠬᠢᠨᠠᠭᠴᠢᠳ ᠤᠨ ᠬᠤᠷᠠᠯ ᠳᠤ ᠨᠠᠮ ᠤᠨ ᠵᠣᠬᠢᠶᠠᠨ ᠪᠠᠶᠢᠭᠤᠯᠣᠯᠳᠠ ᠶᠢᠨ ᠣᠳᠣᠷᠢᠳᠬᠤ ᠪᠠᠭ ᠤᠨ ᠪᠦᠷᠢᠯᠳᠦᠬᠦᠨ ᠪᠠᠶᠢᠬᠤ ᠬᠡᠷᠡᠭᠳᠡᠢ᠃ ᠪᠡᠶ᠎ᠡ ᠪᠠᠨ ᠳᠠᠭᠠᠭᠠᠭᠰᠠᠨ ᠬᠡᠷᠡᠭ ᠮᠡᠳᠡᠭᠴᠢ(ᠬᠡᠷᠡᠭ ᠡᠷᠬᠢᠯᠡᠭᠴᠢ)᠂ ᠬᠢᠨᠠᠭᠴᠢ ᠶᠢᠨ ᠳᠦᠷᠢᠮ ᠢ ᠬᠠᠶᠢᠨ ᠰᠦᠪᠡᠭᠴᠢᠯᠡᠵᠦ ᠬᠡᠷᠡᠭᠵᠢᠬᠦᠯᠦᠨ᠎ᠡ᠃ ᠨᠠᠮ ᠤᠨ ᠵᠣᠬᠢᠶᠠᠨ ᠪᠠᠶᠢᠭᠤᠯᠣᠯᠳᠠ ᠠᠴᠠ ᠰᠢᠢᠳᠪᠦᠷᠢᠳᠣ ᠪᠣᠳᠣᠯᠭ᠎ᠠ ᠳᠣᠭᠳᠠᠭᠠᠬᠤ ᠳᠤ ᠣᠷᠣᠯᠴᠠᠬᠤ ᠳᠦᠷᠢᠮ ᠢ ᠪᠦᠷᠢᠨᠰᠢᠬᠦᠯᠵᠦ᠂     ︽ᠬᠤᠣᠰ ᠴᠢᠭᠯᠡᠯ ᠢᠶᠠᠷ ᠣᠷᠣᠭᠤᠯᠬᠤ᠂ ᠰᠣᠯᠪᠢᠴᠠᠭᠤᠯᠣᠨ ᠳᠣᠰᠢᠶᠠᠯ ᠡᠭᠦᠷᠭᠡᠯᠡᠬᠦᠯᠬᠦ︾ ᠶᠢ ᠢᠳᠡᠪᠬᠢᠳᠡᠢ ᠠᠬᠢᠭᠤᠯᠵᠦ᠂ ᠰᠣᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠣᠯᠳᠠ ᠶᠢᠨ ᠣᠳᠣᠷᠢᠳᠬᠤ ᠪᠠᠭ ᠤᠨ ᠪᠦᠷᠢᠯᠳᠦᠬᠦᠨ ᠬᠠᠣᠯᠢ ᠳᠤ ᠳᠣᠭᠳᠠᠭᠠᠭᠰᠠᠨ ᠡᠮᠬᠢ ᠳᠠᠷᠠᠭᠠᠯᠠᠯ ᠢᠶᠠᠷ ᠳᠠᠮᠵᠢᠨ ᠰᠣᠷᠭᠠᠭᠤᠯᠢ ᠶᠢᠨ ᠰᠢᠢᠳᠪᠦᠷᠢᠳᠣ ᠪᠣᠳᠣᠯᠭ᠎ᠠ ᠶᠢᠨ ᠪᠠᠶᠢᠭᠤᠯᠣᠮᠵᠢ ᠪᠠ ᠵᠠᠰᠠᠭ ᠵᠠᠬᠢᠷᠭᠠᠨ ᠤ ᠬᠠᠮᠢᠶᠠᠷᠣᠯᠳᠠ ᠶᠢᠨ ᠪᠠᠶᠢᠭᠤᠯᠣᠮᠵᠢ ᠳᠤ ᠣᠷᠣᠵᠦ᠂ ᠨᠠᠮ ᠤᠨ ᠬᠡᠰᠢᠬᠦᠨ ᠰᠣᠷᠭᠠᠭᠤᠯᠢ ᠶᠢᠨ ᠵᠠᠬᠢᠷᠣᠯ᠂ ᠳᠡᠳ᠋ ᠵᠠᠬᠢᠷᠣᠯ ᠵᠡᠷᠭᠡ ᠵᠠᠰᠠᠭ ᠵᠠᠬᠢᠷᠭᠠᠨ ᠤ ᠪᠠᠶᠢᠭᠤᠯᠣᠮᠵᠢ ᠶᠢᠨ ᠪᠦᠷᠢᠯᠳᠦᠬᠦᠨ ᠨᠢ ᠨᠠᠮ  ᠤᠨ ᠬᠠᠮᠢᠶ᠎ᠠ ᠪᠦᠬᠦᠢ ᠳᠣᠭᠳᠠᠭᠠᠯ ᠶᠣᠰᠣᠭᠠᠷ ᠨᠠᠮ ᠤᠨ ᠵᠣᠬᠢᠶᠠᠨ ᠪᠠᠶᠢᠭᠤᠯᠣᠯᠳᠠ ᠶᠢᠨ ᠣᠳᠣᠷᠢᠳᠬᠤ ᠪᠠᠭ ᠲᠤ ᠣᠷᠣᠵᠦ ᠪᠣᠯᠣᠨ᠎ᠠ᠃ ᠰᠣᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠣᠯᠳᠠ ᠨᠢ ᠰᠣᠷᠭᠠᠭᠤᠯᠢ ᠶᠢᠨ ᠰᠢᠢᠳᠪᠦᠷᠢᠳᠣ ᠪᠣᠳᠣᠯᠭ᠎ᠠ ᠳᠣᠭᠳᠠᠭᠠᠬᠤ ᠪᠠᠶᠢᠭᠤᠯᠣᠮᠵᠢ ᠪᠠ ᠰᠣᠷᠭᠠᠭᠤᠯᠢ ᠶᠢᠨ ᠵᠠᠬᠢᠷᠣᠯ ᠤᠨ ᠬᠠᠣᠯᠢ ᠶᠣᠰᠣᠭᠠᠷ ᠡᠷᠭᠡ ᠳᠣᠰᠢᠶᠠᠯ  ᠢᠶᠠᠨ ᠬᠡᠷᠡᠭᠵᠢᠬᠦᠯᠬᠦ ᠶᠢ ᠳᠡᠮᠵᠢᠵᠦ᠂ ᠰᠣᠷᠭᠠᠨ ᠬᠦᠮᠦᠵᠢᠯ ᠤᠨ ᠬᠠᠣᠯᠢ ᠶᠣᠰᠣᠨ ᠤ ᠵᠠᠰᠠᠯᠳᠠ᠂ ᠳᠦᠷᠢᠮᠵᠢᠬᠦᠯᠦᠭᠰᠡᠨ ᠬᠠᠮᠢᠶᠠᠷᠣᠯᠳᠠ ᠶᠢ ᠰᠢᠮᠳᠠᠭᠤᠯᠣᠨ᠎ᠠ᠃ ᠰᠣᠷᠭᠠᠭᠤᠯᠢ ᠶᠢᠨ ᠵᠠᠬᠢᠷᠣᠯ ᠢ ᠰᠣᠩᠭᠤᠨ ᠣᠷᠢᠬᠤ ᠳᠣᠭᠳᠠᠴᠠ ᠶᠢ ᠳᠡᠭᠦᠯᠳᠡᠷᠵᠢᠬᠦᠯᠵᠦ᠂ ᠰᠣᠷᠭᠠᠭᠤᠯᠢ ᠶᠢᠨ ᠵᠠᠬᠢᠷᠣᠯ ᠤᠨ ᠬᠠᠮᠢᠶᠠᠷᠣᠯᠳᠠ ᠶᠢᠨ ᠡᠷᠬᠡ ᠪᠠᠨ ᠬᠡᠷᠡᠭᠵᠢᠬᠦᠯᠬᠦ ᠶᠢ ᠬᠠᠣᠯᠢ ᠶᠣᠰᠣᠭᠠᠷ ᠪᠠᠳᠣᠯᠠᠨ᠎ᠠ᠃ ᠠᠷᠠᠳ ᠠᠴᠠ ᠡᠷᠬᠢᠯᠡᠭᠰᠡᠨ ᠰᠣᠷᠭᠠᠭᠤᠯᠢ ᠶᠢᠨ ᠣᠷᠢᠨ ᠳᠣᠮᠢᠯᠭᠰᠠᠨ ᠰᠣᠷᠭᠠᠭᠤᠯᠢ ᠶᠢᠨ ᠵᠠᠬᠢᠷᠣᠯ ᠨᠢ ᠬᠠᠮᠢᠶ᠎ᠠ ᠪᠦᠬᠦᠢ ᠬᠠᠣᠯᠢ ᠴᠠᠭᠠᠵᠠ ᠬᠠᠣᠯᠢ ᠳᠦᠷᠢᠮ ᠤᠨ ᠱᠠᠭᠠᠷᠳᠠᠯᠭ᠎ᠠ ᠳᠤ ᠨᠡᠶᠢᠴᠡᠬᠦ ᠬᠡᠷᠡᠭᠳᠡᠢ᠃ ᠰᠣᠷᠭᠠᠭᠤᠯᠢ ᠶᠢᠨ ᠵᠠᠩᠬᠢᠯᠠᠭ᠎ᠠ ᠶᠢᠨ ᠬᠠᠮᠢᠶᠠᠷᠣᠯᠳᠠ ᠶᠢᠨ ᠠᠵᠢᠯ ᠤᠨ ᠪᠠᠶᠢᠷᠢ ᠳᠤ ᠣᠶᠢᠷ᠎ᠠ ᠰᠠᠳᠣᠨ ᠢᠶᠠᠨ ᠵᠠᠶᠢᠯᠠᠭᠤᠯᠬᠤ ᠳᠦᠷᠢᠮ ᠢ ᠬᠡᠷᠡᠭᠵᠢᠬᠦᠯᠦᠨ᠎ᠡ᠃ ᠪᠠᠭᠰᠢ ᠠᠵᠢᠯᠳᠠᠨ ᠠᠵᠢᠯᠴᠢᠨ ᠤ ᠲᠦᠯᠦᠭᠡᠯᠡᠭᠴᠢᠳ ᠤᠨ ᠶᠡᠭᠡ ᠬᠤᠷᠠᠯ ᠪᠠ ᠰᠣᠷᠣᠭᠴᠢ ᠶᠢᠨ ᠳᠦᠯᠦᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠳᠡᠬᠦᠯᠳᠡᠷᠵᠢᠬᠦᠯᠦᠨ᠎ᠡ᠃        ︵ᠭᠤᠷᠪᠠ︶ ᠡᠳ᠋ ᠬᠦᠷᠦᠩᠭᠡ ᠶᠢᠨ ᠬᠠᠮᠢᠶᠠᠷᠣᠯᠳᠠ ᠪᠠ ᠡᠳ᠋ ᠤᠨ ᠶᠠᠪᠣᠳᠠᠯ ᠤᠨ ᠨᠢᠭᠳᠠᠯᠠᠨ ᠪᠣᠳᠣᠬᠤ ᠳᠦᠷᠢᠮ ᠢ ᠪᠦᠷᠢᠨᠰᠢᠬᠦᠯᠦᠨ᠎ᠡ᠃ ᠠᠷᠠᠳ ᠠᠴᠠ ᠡᠷᠬᠢᠯᠡᠭᠰᠡᠨ ᠰᠣᠷᠭᠠᠭᠤᠯᠢ ᠨᠢ ᠦᠮᠴᠢᠯᠡᠯ ᠤᠨ ᠡᠷᠬᠡ ᠶᠢᠨ ᠬᠠᠷᠢᠴᠠᠭ᠎ᠠ ᠪᠠᠨ ᠳᠣᠳᠣᠷᠬᠠᠶᠢᠯᠠᠵᠦ᠂ ᠡᠳ᠋ ᠬᠦᠷᠦᠩᠬᠡ ᠶᠢᠨ ᠬᠠᠮᠢᠶᠠᠷᠣᠯᠳᠠ ᠶᠢᠨ ᠳᠦᠷᠢᠮ ᠢ ᠪᠠᠶᠢᠭᠤᠯᠣᠨ ᠪᠦᠷᠢᠨᠰᠢᠬᠦᠯᠬᠦ ᠬᠡᠷᠡᠭᠳᠡᠢ᠃ ᠠᠷᠠᠳ ᠠᠴᠠ ᠡᠷᠬᠢᠯᠡᠭᠰᠡᠨ ᠰᠣᠷᠭᠠᠭᠤᠯᠢ ᠶᠢᠨ ᠡᠷᠬᠢᠯᠡᠭᠴᠢ ᠨᠢ  ᠪᠡᠯᠡ ᠭᠠᠷᠭᠠᠬᠤ ᠬᠠᠷᠢᠭᠤᠴᠠᠯᠭ᠎ᠠ ᠪᠠᠨ ᠬᠠᠣᠯᠢ ᠶᠣᠰᠣᠭᠠᠷ ᠬᠦᠢᠴᠡᠳᠬᠡᠵᠦ᠂  ᠪᠡᠯᠡ ᠭᠠᠷᠭᠠᠯᠳᠠ ᠪᠠᠨ ᠰᠣᠷᠭᠠᠭᠤᠯᠢ ᠡᠷᠬᠢᠯᠡᠬᠦ ᠭᠠᠵᠠᠷ ᠰᠢᠷᠣᠢ᠂ ᠰᠣᠷᠭᠠᠭᠤᠯᠢ ᠶᠢᠨ ᠪᠠᠶᠢᠷᠢ ᠳᠤ ᠭᠡᠷᠡᠭᠯᠡᠬᠦ ᠪᠠ ᠪᠣᠰᠣᠳ ᠡᠳ᠋ ᠬᠦᠷᠦᠩᠭᠡ ᠪᠠᠨ ᠬᠦᠢᠴᠡᠳ ᠬᠡᠮᠵᠢᠶ᠎ᠡ ᠪᠠᠷ ᠰᠣᠷᠭᠠᠭᠤᠯᠢ ᠶᠢᠨ ᠨᠡᠷ᠎ᠡ ᠳᠣᠣᠷ᠎ᠠ ᠬᠠᠯᠠᠬᠤ ᠬᠡᠷᠡᠭᠳᠡᠢ᠃  ᠦᠷᠬᠦᠯᠵᠢᠯᠡᠯ ᠤᠨ ᠬᠤᠭᠤᠴᠠᠭᠠᠨ ᠳᠤ᠂ ᠠᠷᠠᠳ ᠠᠴᠠ ᠡᠷᠬᠢᠯᠡᠭᠰᠡᠨ ᠰᠣᠷᠭᠠᠭᠤᠯᠢ ᠨᠢ ᠡᠷᠬᠢᠯᠡᠭᠴᠢᠳ ᠤᠨ ᠰᠣᠷᠭᠠᠭᠤᠯᠢ ᠳᠤ ᠣᠷᠣᠭᠤᠯᠣᠭᠰᠠᠨ ᠡᠳ᠋ ᠬᠦᠷᠦᠩᠬᠡ᠂ ᠣᠯᠣᠰ ᠤᠨ ᠦᠮᠴᠢᠯᠡᠯᠳᠦ ᠡᠳ᠋ ᠬᠦᠷᠦᠩᠬᠡ᠂ ᠬᠠᠨᠳᠢᠪᠯᠠᠭᠰᠠᠨ ᠡᠳ᠋ ᠬᠦᠷᠦᠩᠭᠡ ᠵᠢᠴᠢ ᠰᠣᠷᠭᠠᠭᠤᠯᠢ ᠡᠷᠬᠢᠯᠡᠭᠰᠡᠨ ᠬᠤᠷᠠᠮᠳᠣᠭᠤᠯᠭ᠎ᠠ ᠳᠤ ᠬᠠᠣᠯᠢ ᠶᠢᠨ ᠡᠷᠭᠡᠳᠡᠨ ᠤ ᠡᠳ᠋ ᠬᠦᠷᠦᠩᠭᠡ ᠶᠢᠨ ᠡᠷᠬᠡ ᠶᠢ ᠡᠳ᠋ᠯᠡᠵᠦ᠂ ᠶᠠᠮᠠᠷᠪᠠ ᠵᠣᠬᠢᠶᠠᠨ ᠪᠠᠶᠢᠭᠤᠯᠣᠯᠳᠠ ᠬᠢᠭᠡᠳ ᠬᠤᠪᠢ ᠬᠦᠮᠦᠨ ᠪᠣᠯᠢᠶᠠᠨ ᠡᠵᠡᠯᠡᠵᠦ᠂ ᠰᠢᠯᠵᠢᠬᠦᠯᠦᠨ ᠬᠡᠷᠡᠭᠯᠡᠵᠦ᠂ ᠳᠠᠳᠠᠨ ᠠᠪᠴᠦ ᠳᠣᠳᠠᠭᠠᠵᠦ ᠪᠣᠯᠬᠤ ᠦᠬᠡᠢ᠃ ᠠᠷᠠᠳ ᠠᠴᠠ ᠡᠷᠬᠢᠯᠡᠭᠰᠡᠨ ᠰᠣᠷᠭᠠᠭᠤᠯᠢ ᠶᠢᠨ ᠨᠢᠭᠳᠠᠯᠠᠨ ᠪᠣᠳᠣᠬᠤ ᠬᠠᠷᠭᠤᠭᠤᠯᠣᠨ ᠪᠣᠳᠣᠯᠳᠠ ᠶᠢ ᠳᠦᠷᠢᠮᠵᠢᠬᠦᠯᠵᠦ᠂ ᠭᠤᠷᠪᠠᠳᠠᠭᠴᠢ ᠡᠳᠡᠭᠡᠳ ᠤᠨ ᠬᠢᠨᠠᠨ ᠪᠣᠳᠣᠯᠳᠠ ᠶᠢᠨ ᠳᠦᠷᠢᠮ ᠢ ᠪᠠᠶᠢᠭᠤᠯᠣᠨ ᠪᠦᠷᠢᠨᠰᠢᠬᠦᠯᠦᠨ᠎ᠡ᠃ ᠠᠰᠢᠭ  ᠣᠷᠣᠯᠭ᠎ᠠ ᠶᠢᠨ ᠪᠣᠰᠣ ᠪᠠ ᠠᠰᠢᠭ ᠣᠷᠣᠯᠭ᠎ᠠ ᠶᠢᠨ ᠴᠢᠨᠠᠷᠳᠠᠢ ᠠᠷᠠᠳ ᠠᠴᠠ ᠡᠷᠬᠢᠯᠡᠭᠰᠡᠨ ᠰᠣᠷᠭᠠᠭᠤᠯᠢ ᠨᠢ ᠳᠠᠩᠰᠠᠯᠠᠭᠰᠠᠨ ᠬᠠᠣᠯᠢ ᠶᠢᠨ ᠡᠷᠬᠡᠳᠡᠨ ᠤ ᠬᠠᠷᠢᠶᠠᠳᠣ ᠴᠢᠨᠠᠷ ᠶᠣᠰᠣᠭᠠᠷ᠂ ᠣᠯᠣᠰ ᠤᠨ ᠬᠠᠮᠢᠶ᠎ᠠ ᠪᠦᠬᠦᠢ ᠳᠣᠭᠳᠠᠭᠠᠯ ᠢ ᠦᠨᠳᠦᠰᠦᠯᠡᠵᠦ᠂ ᠬᠠᠷᠠᠭᠠᠯᠵᠠᠭᠰᠠᠨ ᠨᠢᠭᠳᠠᠯᠠᠨ ᠪᠣᠳᠣᠬᠤ ᠳᠦᠷᠢᠮ ᠢ ᠬᠡᠷᠡᠭᠵᠢᠬᠦᠯᠦᠨ᠎ᠡ᠃ ᠠᠷᠠᠳ ᠠᠴᠠ ᠡᠷᠬᠢᠯᠡᠭᠰᠡᠨ ᠰᠣᠷᠭᠠᠭᠤᠯᠢ ᠨᠢ ᠡᠳ᠋ ᠤᠨ ᠶᠠᠪᠣᠳᠠᠯ ᠤᠨ ᠬᠠᠮᠢᠶᠠᠷᠣᠯᠳᠠ ᠪᠠᠨ ᠳᠣᠳᠣᠷᠬᠠᠶᠢᠯᠠᠵᠦ᠂ ᠨᠢᠭᠳᠠᠯᠠᠨ ᠪᠣᠳᠣᠬᠤ ᠳᠠᠩᠰᠠ ᠶᠢᠨ ᠳᠡᠪᠳᠡᠷ ᠢᠶᠠᠨ ᠬᠠᠣᠯᠢ ᠶᠣᠰᠣᠭᠠᠷ ᠳᠣᠬᠢᠷᠠᠭᠤᠯᠬᠤ ᠬᠡᠷᠡᠭᠳᠡᠢ᠃ ᠠᠷᠠᠳ ᠠᠴᠠ ᠡᠷᠬᠢᠯᠡᠭᠰᠡᠨ ᠰᠣᠷᠭᠠᠭᠤᠯᠢ ᠨᠢ ᠡᠷᠬᠢᠯᠡᠭᠴᠢᠳ ᠤᠨ ᠪᠡᠯᠡ ᠭᠠᠷᠭᠠᠯᠳᠠ᠂ ᠵᠠᠰᠠᠭ ᠤᠨ ᠣᠷᠳᠣᠨ ᠤ ᠨᠦᠬᠦᠪᠦᠷᠢ᠂ ᠬᠠᠨᠳᠢᠪᠯᠠᠯ᠂ ᠰᠦᠢᠳᠬᠡᠯ ᠬᠤᠷᠢᠶᠠᠬᠤ᠂ ᠰᠣᠷᠭᠠᠭᠤᠯᠢ ᠡᠷᠬᠢᠯᠡᠭᠰᠡᠨ ᠬᠤᠷᠠᠮᠳᠣᠭᠤᠯᠭ᠎ᠠ ᠵᠡᠷᠭᠡ ᠡᠯ᠎ᠡ ᠲᠦᠷᠦᠯ ᠤᠨ ᠡᠳ᠋ ᠬᠦᠷᠦᠩᠭᠡ ᠶᠢ ᠲᠦᠷᠦᠯ ᠬᠤᠪᠢᠶᠠᠨ ᠳᠠᠩᠰᠠᠨ ᠳᠤ ᠳᠡᠮᠳᠡᠭᠯᠡᠵᠦ᠂ ᠳᠣᠭᠳᠠᠮᠠᠯ ᠬᠤᠭᠤᠴᠠᠭ᠎ᠠ ᠲᠠᠢ  ᠪᠠᠷ ᠡᠳ᠋ ᠬᠦᠷᠦᠩᠬᠡ ᠶᠢᠨ ᠢᠯᠭᠠᠷᠠᠭᠤᠯᠣᠭᠰᠠᠨ ᠪᠠᠶᠢᠴᠠᠭᠠᠯᠳᠠ ᠶᠢ ᠦᠷᠨᠢᠬᠦᠯᠵᠦ᠂ ᠢᠯᠭᠠᠷᠠᠭᠤᠯᠣᠨ ᠪᠠᠶᠢᠴᠠᠭᠠᠭᠰᠠᠨ ᠦᠷ᠎ᠡ ᠳ᠋ᠦᠩ ᠢ ᠨᠡᠶᠢᠭᠡᠮ ᠳᠤ ᠨᠡᠶᠢᠳᠡᠯᠡᠨ᠎ᠡ᠃ ᠠᠷᠠᠳ ᠠᠴᠠ ᠡᠷᠬᠢᠯᠡᠭᠰᠡᠨ ᠰᠣᠷᠭᠠᠭᠤᠯᠢ ᠶᠢᠨ ᠣᠨᠴᠠᠯᠢᠭ ᠲᠤ ᠳᠣᠬᠢᠷᠠᠭᠰᠠᠨ ᠡᠳ᠋ ᠤᠨ ᠶᠠᠪᠣᠳᠠᠯ ᠤᠨ ᠬᠠᠮᠢᠶᠠᠷᠣᠯᠳᠠ ᠶᠢᠨ ᠠᠷᠭ᠎ᠠ ᠵᠢᠴᠢ ᠡᠳ᠋ ᠤᠨ ᠶᠠᠪᠣᠳᠠᠯ ᠤᠨ ᠲᠦᠰᠦᠪ ᠪᠠ ᠲᠦᠰᠦᠪ ᠤᠨ ᠬᠦᠢᠴᠡᠳᠬᠡᠯ ᠤᠨ ᠮᠡᠳᠡᠭᠦᠯᠦᠯᠳᠡ ᠳᠠᠩᠰᠠᠯᠠᠯᠳᠠ ᠶᠢᠨ ᠳᠦᠷᠢᠮ ᠢ ᠬᠠᠶᠢᠨ ᠰᠦᠪᠡᠭᠴᠢᠯᠡᠵᠦ ᠳᠡᠭᠦᠯᠳᠡᠷᠵᠢᠬᠦᠯᠦᠨ᠎ᠡ᠃        ︵ᠳᠦᠷᠪᠡ︶ ᠰᠣᠷᠭᠠᠭᠤᠯᠢ ᠶᠢᠨ ᠰᠣᠷᠭᠠᠭᠤᠯᠢ ᠡᠷᠬᠢᠯᠡᠬᠦ ᠠᠵᠢᠯᠯᠠᠭ᠎ᠠ ᠶᠢ ᠳᠦᠷᠢᠮᠵᠢᠬᠦᠯᠦᠨ᠎ᠡ᠃ ᠠᠷᠠᠳ  ᠠᠴᠠ ᠡᠷᠬᠢᠯᠡᠭᠰᠡᠨ ᠰᠣᠷᠭᠠᠭᠤᠯᠢ ᠨᠢ ᠰᠣᠷᠭᠠᠭᠤᠯᠢ ᠡᠷᠬᠢᠯᠡᠬᠦ ᠬᠠᠮᠢᠶ᠎ᠠ ᠪᠦᠬᠦᠢ ᠨᠦᠬᠦᠴᠡᠯ ᠪᠠᠷᠢᠮᠵᠢᠶ᠎ᠠ ᠶᠣᠰᠣᠭᠠᠷ᠂ ᠣᠷᠣᠭᠤᠯᠣᠯᠳᠠ ᠪᠠᠨ ᠶᠡᠬᠡᠰᠬᠡᠵᠦ᠂ ᠨᠦᠬᠦᠴᠡᠯ ᠢᠶᠠᠨ ᠰᠠᠶᠢᠵᠢᠷᠠᠭᠤᠯᠬᠤ ᠬᠡᠷᠡᠭᠳᠡᠢ᠃ ᠬᠢᠨᠠᠨ ᠵᠦᠪᠰᠢᠶᠡᠷᠡᠬᠦ ᠪᠠᠶᠢᠭᠤᠯᠣᠮᠵᠢ ᠶᠢᠨ ᠬᠠᠷᠭᠤᠭᠤᠯᠣᠨ ᠳᠣᠭᠳᠠᠭᠠᠭᠰᠠᠨ ᠰᠣᠷᠭᠠᠭᠤᠯᠢ ᠡᠷᠬᠢᠯᠡᠬᠦ ᠬᠡᠪᠴᠢᠶ᠎ᠡ ᠶᠢ ᠴᠢᠩᠭ᠎ᠠ ᠬᠡᠷᠡᠭᠵᠢᠬᠦᠯᠵᠦ᠂ ᠲᠦᠯᠦᠪᠯᠡᠭᠡ ᠠᠴᠠ ᠬᠡᠳᠦᠷᠡᠭᠰᠡᠨ ᠰᠣᠷᠣᠭᠴᠢ ᠡᠯᠰᠡᠬᠦ ᠪᠠ ᠠᠩᠬᠢ ᠶᠢᠨ ᠰᠣᠷᠣᠭᠴᠢ ᠶᠢᠨ ᠳᠤᠭ᠎ᠠ ᠨᠢ ᠶᠡᠭᠡ ᠪᠠᠶᠢᠬᠤ ᠦᠵᠡᠭᠳᠡᠯ ᠢᠯᠡᠷᠡᠬᠦ ᠶᠢ ᠰᠡᠷᠭᠡᠶᠢᠯᠡᠨ᠎ᠡ᠃ ᠨᠡᠶᠢᠳᠡᠯᠡᠭᠰᠡᠨ ᠰᠣᠷᠣᠭᠴᠢ ᠡᠯᠰᠡᠬᠦ ᠳᠦᠬᠦᠮ ᠳᠠᠨᠢᠯᠴᠠᠭᠤᠯᠭ᠎ᠠ ᠪᠠ ᠵᠠᠷ  ᠢᠶᠠᠨ ᠡᠷᠭᠡᠪᠰᠢ ᠬᠢᠨᠠᠨ ᠵᠦᠪᠰᠢᠶᠡᠷᠡᠭᠦᠯᠬᠦ ᠪᠠᠶᠢᠭᠤᠯᠣᠮᠵᠢ ᠳᠤ ᠮᠡᠳᠡᠬᠦᠯᠦᠨ ᠳᠠᠩᠰᠠᠯᠠᠭᠤᠯᠵᠦ᠂ ᠰᠣᠷᠣᠭᠴᠢ ᠡᠯᠰᠡᠬᠦ ᠬᠤᠳᠠᠯ ᠬᠠᠭᠤᠷᠮᠠᠭ ᠣᠬᠠᠭᠤᠯᠭ᠎ᠠ ᠦᠷᠨᠢᠬᠦᠯᠬᠦ ᠶᠢ ᠴᠠᠭᠠᠵᠠᠯᠠᠨ᠎ᠠ᠃ ᠣᠯᠣᠰ ᠤᠨ ᠳᠣᠭᠳᠠᠭᠠᠭᠰᠠᠨ ᠬᠢᠴᠢᠶᠡᠯ ᠤᠨ ᠪᠠᠷᠢᠮᠵᠢᠶ᠎ᠠ ᠪᠠ ᠵᠢᠭᠠᠨ ᠰᠣᠷᠭᠠᠯᠳᠠ ᠶᠢᠨ ᠲᠦᠯᠦᠪᠯᠡᠭᠡ ᠶᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠣᠨ᠎ᠠ᠃ ᠰᠣᠷᠣᠯᠭ᠎ᠠ  ᠶᠢᠨ ᠨᠠᠮᠳᠠᠷ ᠤᠨ ᠰᠣᠷᠭᠠᠨ ᠬᠦᠮᠦᠵᠢᠯ ᠦᠷᠨᠢᠬᠦᠯᠵᠦ ᠪᠦᠬᠦᠢ ᠠᠷᠠᠳ ᠠᠴᠠ ᠡᠷᠬᠢᠯᠡᠭᠰᠡᠨ ᠡᠯ᠎ᠡ ᠲᠦᠷᠦᠯ ᠤᠨ ᠰᠣᠷᠭᠠᠭᠤᠯᠢ ᠨᠢ ᠳᠣᠭᠳᠠᠭᠠᠯ ᠶᠣᠰᠣᠭᠠᠷ ᠰᠣᠷᠭᠠᠭᠤᠯᠢ ᠶᠢᠨ ᠬᠠᠷᠢᠶᠠᠯᠠᠯ ᠤᠨ ᠬᠠᠮᠢᠶᠠᠷᠣᠯᠳᠠ ᠪᠠ ᠰᠣᠷᠣᠯᠭ᠎ᠠ ᠶᠢᠨ ᠨᠠᠮᠳᠠᠷ᠂ ᠰᠣᠷᠣᠯᠭ᠎ᠠ ᠶᠢᠨ ᠴᠣᠯᠠ ᠶᠢᠨ ᠦᠨᠡᠮᠯᠡᠯ ᠳᠠᠷᠬᠠᠭᠠᠬᠤ ᠠᠵᠢᠯ ᠢ ᠰᠠᠶᠢᠳᠣᠷ ᠪᠡᠶᠡᠯᠡᠬᠦᠯᠬᠦ ᠬᠡᠷᠡᠭᠳᠡᠢ᠃ ᠡᠯ᠎ᠡ ᠲᠦᠷᠦᠯ ᠤᠨ ᠠᠷᠠᠳ ᠠᠴᠠ ᠡᠷᠬᠢᠯᠡᠭᠰᠡᠨ ᠰᠣᠷᠭᠠᠭᠤᠯᠢ ᠨᠢ ᠡᠯᠰᠡᠭᠰᠡᠨ ᠰᠣᠷᠣᠯᠭ᠎ᠠ ᠶᠢᠨ ᠨᠠᠮᠳᠠᠷ ᠤᠨ ᠪᠣᠰᠣ ᠰᠣᠷᠭᠠᠨ ᠬᠦᠮᠦᠵᠢᠯ ᠬᠦᠷᠳᠡᠬᠦ ᠰᠣᠷᠣᠭᠴᠢ ᠳᠤ ᠰᠣᠷᠣᠯᠭ᠎ᠠ ᠳᠡᠭᠦᠰᠦᠭᠰᠡᠨ ᠦᠨᠡᠮᠯᠡᠯ ᠪᠣᠶᠣ ᠪᠣᠯᠪᠠᠰᠣᠷᠠᠯ ᠳᠤ ᠬᠢᠷᠢ ᠳᠡᠩᠴᠡᠭᠰᠡᠨ ᠦᠨᠡᠮᠯᠡᠯ ᠭᠠᠷᠳᠠᠭᠤᠯᠬᠤ ᠬᠡᠷᠡᠭᠳᠡᠢ᠃        ︵ᠳᠠᠪᠤ︶ ᠠᠮᠣᠷ ᠲᠦᠪᠰᠢᠨ ᠤ ᠬᠠᠮᠢᠶᠠᠷᠣᠯᠳᠠ ᠶᠢᠨ ᠬᠠᠷᠢᠭᠤᠴᠠᠯᠭ᠎ᠠ ᠪᠠᠨ ᠨᠠᠶᠢᠳᠠᠪᠣᠷᠢᠵᠢᠭᠤᠯᠣᠨ᠎ᠠ᠃ ᠠᠷᠠᠳ ᠠᠴᠠ ᠡᠷᠬᠢᠯᠡᠭᠰᠡᠨ ᠰᠣᠷᠭᠠᠭᠤᠯᠢ ᠨᠢ《ᠨᠠᠮ ᠵᠠᠰᠠᠭ ᠬᠠᠮᠳᠣ ᠪᠠᠷ ᠬᠠᠷᠢᠭᠤᠴᠠᠯᠭ᠎ᠠ ᠡᠭᠦᠷᠭᠡᠯᠡᠨ᠂ ᠨᠢᠬᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠶᠢ ᠡᠭᠦᠷᠭᠡᠯᠡᠬᠦ》ᠱᠠᠭᠠᠷᠳᠠᠯᠭ᠎ᠠ ᠶᠣᠰᠣᠭᠠᠷ᠂ ᠬᠠᠣᠯᠢ ᠶᠢᠨ ᠡᠷᠭᠡᠳᠡᠨ ᠤ ᠠᠮᠣᠷ ᠳᠦᠪᠰᠢᠨ ᠤ ᠬᠠᠮᠢᠶᠠᠷᠣᠯᠳᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠣᠷᠢᠵᠢᠭᠤᠯᠬᠤ ᠬᠡᠷᠡᠭᠳᠡᠢ᠃《ᠠᠷᠠᠳ ᠤᠨ ᠠᠭᠠᠷ ᠤᠨ ᠰᠡᠷᠬᠡᠶᠢᠯᠡᠯᠳᠡ᠂ ᠪᠣᠳᠠᠰ ᠤᠨ ᠰᠡᠷᠭᠡᠶᠢᠯᠡᠯᠳᠡ᠂ ᠮᠡᠷᠭᠡᠵᠢᠯ ᠤᠨ ᠰᠡᠷᠭᠡᠶᠢᠯᠡᠯᠳᠡ》 ᠶᠢᠨ ᠪᠠᠶᠢᠭᠤᠯᠣᠯᠳᠠ ᠶᠢ ᠴᠢᠩᠭᠠᠳᠬᠠᠵᠦ᠂ ᠰᠣᠷᠭᠠᠭᠤᠯᠢ ᠶᠢᠨ ᠬᠦᠷᠢᠶᠡᠨ ᠤ ᠠᠮᠣᠷ ᠳᠦᠪᠰᠢᠨ ᠤ ᠮᠡᠷᠭᠡᠵᠢᠯ ᠤᠨ ᠰᠡᠷᠭᠡᠶᠢᠯᠡᠯᠳᠡ ᠶᠢᠨ ᠰᠢᠰᠲ᠋ᠧᠮ ᠤᠨ ᠪᠠᠶᠢᠭᠤᠯᠣᠯᠳᠠ ᠨᠢ ᠣᠯᠣᠰ ᠪᠠ ᠣᠷᠣᠨ ᠨᠣᠳᠤᠭ  ᠤᠨ ᠬᠠᠮᠢᠶ᠎ᠠ ᠪᠦᠬᠦᠢ ᠪᠠᠷᠢᠮᠵᠢᠶ᠎ᠠ ᠳᠤ ᠨᠡᠶᠢᠴᠡᠬᠦ ᠶᠢ ᠪᠠᠳᠣᠯᠠᠵᠦ᠂ ᠰᠣᠷᠭᠠᠭᠤᠯᠢ ᠶᠢᠨ ᠭᠠᠵᠠᠷ ᠰᠣᠩᠭᠤᠬᠤ ᠪᠠ ᠰᠣᠷᠭᠠᠭᠤᠯᠢ ᠶᠢᠨ ᠪᠠᠶᠢᠷᠢ ᠶᠢᠨ ᠪᠠᠷᠢᠯᠭ᠎ᠠ ᠨᠢ ᠣᠯᠣᠰ ᠤᠨ ᠭᠠᠵᠠᠷ ᠬᠦᠳᠡᠯᠦᠯᠲᠡ ᠶᠢ ᠰᠡᠷᠭᠡᠶᠢᠯᠡᠬᠦ ᠰᠡᠷᠭᠡᠶᠢᠯᠡᠯᠳᠡ ᠶᠢᠨ ᠳᠣᠬᠢᠷᠠᠭᠤᠯᠣᠯᠳᠠ᠂ ᠪᠠᠷᠢᠯᠭ᠎ᠠ ᠶᠢᠨ ᠭᠠᠯ ᠢ ᠰᠡᠷᠬᠡᠶᠢᠯᠡᠬᠦ ᠲᠦᠰᠦᠪᠯᠡᠯ ᠵᠡᠷᠭᠡ ᠬᠠᠮᠢᠶ᠎ᠠ ᠪᠦᠬᠦᠢ ᠪᠠᠷᠢᠮᠵᠢᠶ᠎ᠠ ᠳᠤ ᠨᠡᠶᠢᠴᠡᠬᠦ ᠶᠢ ᠪᠠᠳᠣᠯᠠᠨ᠎ᠠ᠃ ᠢᠳᠡᠭᠡᠨ ᠤ ᠵᠦᠢᠯ ᠤᠨ ᠠᠮᠣᠷ ᠳᠦᠪᠰᠢᠨ ᠤ ᠬᠠᠮᠢᠶᠠᠷᠣᠯᠳᠠ ᠶᠢᠨ ᠭᠤᠣᠯ ᠴᠣᠭᠴᠠ  ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠣᠷᠢᠵᠢᠭᠤᠯᠵᠦ᠂ ᠢᠳᠡᠭᠡᠨ ᠤ ᠠᠮᠣᠷ ᠳᠦᠪᠰᠢᠨ ᠤ ᠬᠠᠮᠢᠶᠠᠷᠣᠯᠳᠠ ᠶᠢ ᠴᠢᠩᠭᠠᠳᠬᠠᠨ᠎ᠠ᠃ ᠠᠮᠣᠷ ᠲᠦᠪᠰᠢᠨ ᠤ ᠬᠠᠮᠢᠶᠠᠷᠣᠯᠳᠠ ᠶᠢᠨ ᠠᠵᠢᠯ ᠤᠨ ᠵᠣᠬᠢᠶᠠᠨ ᠪᠠᠶᠢᠭᠤᠯᠣᠯᠳᠠ ᠶᠢᠨ ᠪᠠᠶᠢᠭᠤᠯᠣᠮᠵᠢ ᠶᠢ ᠪᠠᠶᠢᠭᠤᠯᠣᠨ ᠪᠦᠷᠢᠨᠰᠢᠬᠦᠯᠵᠦ᠂ ᠰᠣᠷᠭᠠᠭᠤᠯᠢ ᠶᠢᠨ ᠳᠣᠳᠣᠭᠠᠳᠣᠬᠢ ᠠᠮᠣᠷ ᠢ ᠬᠠᠮᠠᠭᠠᠯᠠᠬᠤ ᠠᠵᠢᠯᠳᠠᠨ ᠢ ᠬᠦᠢᠴᠡᠳ ᠬᠡᠮᠵᠢᠶ᠎ᠡ ᠪᠠᠷ ᠳᠣᠬᠢᠷᠠᠭᠤᠯᠣᠨ᠎ᠠ᠃ ᠠᠮᠣᠷ ᠳᠦᠪᠰᠢᠨ ᠤ ᠬᠠᠮᠢᠶᠠᠷᠣᠯᠳᠠ ᠶᠢᠨ ᠳᠦᠷᠢᠮ ᠪᠠ ᠪᠠᠴᠢᠮ ᠪᠠᠶᠢᠳᠠᠯ ᠢ ᠠᠷᠭᠠᠴᠠᠭᠠᠬᠤ ᠳᠣᠭᠳᠠᠴᠠ ᠶᠢ ᠪᠠᠶᠢᠭᠤᠯᠣᠨ ᠪᠦᠷᠢᠨᠰᠢᠬᠦᠯᠦᠨ᠎ᠡ᠃ ᠰᠣᠷᠭᠠᠭᠤᠯᠢ ᠶᠢᠨ ᠳᠣᠳᠣᠨ᠎ᠠ ᠭᠠᠳᠠᠨᠠᠬᠢ ᠠᠮᠣᠷ ᠳᠦᠪᠰᠢᠨ ᠤ ᠰᠣᠷᠭᠠᠨ ᠬᠦᠮᠦᠵᠢᠯ ᠤᠨ ᠪᠣᠯᠪᠠᠰᠣᠷᠠᠯ ᠢ ᠴᠢᠩᠭᠠᠳᠬᠠᠵᠦ᠂ ᠠᠮᠣᠷ ᠲᠦᠪᠰᠢᠨ ᠤ ᠰᠣᠷᠢᠯᠳᠠ ᠶᠢ ᠳᠣᠭᠳᠠᠮᠠᠯ ᠬᠤᠭᠤᠴᠠᠭ᠎ᠠ ᠲᠠᠢ ᠪᠠᠷ ᠦᠷᠨᠢᠬᠦᠯᠵᠦ᠂ ᠪᠠᠭᠰᠢ ᠰᠣᠷᠣᠭᠴᠢ ᠶᠢᠨ ᠠᠮᠣᠷ ᠳᠦᠪᠰᠢᠨ ᠤ ᠦᠵᠡᠯ ᠣᠬᠠᠮᠰᠠᠷ ᠪᠠ ᠠᠮᠢ ᠵᠢᠭᠤᠳᠠᠨ ᠦᠪᠡᠷ ᠢ ᠪᠠᠨ ᠠᠪᠣᠷᠠᠬᠤ ᠴᠢᠳᠠᠪᠣᠷᠢ ᠶᠢ ᠨᠢ ᠳᠡᠭᠡᠭᠰᠢᠯᠡᠬᠦᠯᠦᠨ᠎ᠡ᠃        ︵ᠵᠢᠷᠭᠤᠭ᠎ᠠ︶ ᠪᠠᠭᠰᠢ ᠶᠢᠨ ᠡᠩᠨᠡᠭᠡ ᠶᠢᠨ ᠪᠠᠶᠢᠭᠤᠯᠣᠯᠳᠠ ᠶᠢ ᠴᠢᠩᠭᠠᠳᠬᠠᠨ᠎ᠠ᠃ ᠡᠯ᠎ᠡ ᠬᠤᠰᠢᠭᠤ(ᠨᠡᠭᠡᠭᠡᠯᠳᠡ ᠶᠢᠨ ᠣᠷᠣᠨ)ᠠᠷᠠᠳ ᠠᠴᠠ ᠡᠷᠬᠢᠯᠡᠭᠰᠡᠨ ᠰᠣᠷᠭᠠᠭᠤᠯᠢ ᠶᠢᠨ ᠪᠠᠭᠰᠢ ᠶᠢᠨ ᠡᠩᠨᠡᠭᠡ ᠶᠢᠨ ᠪᠠᠶᠢᠭᠤᠯᠣᠯᠳᠠ ᠶᠢ ᠪᠠᠭᠰᠢ ᠶᠢᠨ ᠡᠩᠨᠡᠭᠡ ᠶᠢᠨ ᠪᠠᠶᠢᠭᠤᠯᠣᠯᠳᠠ ᠶᠢᠨ ᠪᠦᠬᠦᠯᠢ ᠴᠣᠭᠴᠠ ᠶᠢᠨ ᠲᠦᠯᠦᠪᠵᠢᠬᠦᠯᠬᠡ ᠳᠤ ᠣᠷᠣᠭᠤᠯᠬᠤ ᠬᠡᠷᠡᠭᠳᠡᠢ᠃ ᠡᠯ᠎ᠡ ᠬᠤᠰᠢᠭᠤ(ᠨᠡᠭᠡᠭᠡᠯᠳᠡ ᠶᠢᠨ ᠣᠷᠣᠨ) ᠤ ᠠᠯᠪᠠᠨ ᠠᠴᠠ ᠡᠷᠬᠢᠯᠡᠭᠰᠡᠨ ᠰᠣᠷᠭᠠᠭᠤᠯᠢ  ᠠᠴᠠ ᠰᠢᠯᠢᠳᠡᠭ ᠬᠠᠮᠢᠶᠠᠷᠣᠭᠴᠢ᠂ ᠪᠠᠭᠰᠢ ᠶᠢ ᠠᠷᠠᠳ ᠠᠴᠠ ᠡᠷᠬᠢᠯᠡᠭᠰᠡᠨ ᠰᠣᠷᠭᠠᠭᠤᠯᠢ ᠳᠤ ᠰᠣᠩᠭᠤᠨ ᠳᠣᠮᠢᠯᠠᠬᠤ ᠬᠠᠪᠰᠣᠷᠣᠨ ᠳᠡᠳᠬᠦᠬᠦ ᠳᠦᠷᠢᠮ ᠪᠠ ᠠᠷᠠᠳ ᠠᠴᠠ ᠡᠷᠬᠢᠯᠡᠭᠰᠡᠨ ᠰᠣᠷᠭᠠᠭᠤᠯᠢ ᠶᠢᠨ ᠬᠠᠮᠢᠶᠠᠷᠣᠭᠴᠢ᠂ ᠪᠠᠭᠰᠢ ᠶᠢ ᠠᠯᠪᠠᠨ ᠠᠴᠠ ᠡᠷᠭᠢᠯᠡᠭᠰᠡᠨ ᠰᠣᠷᠭᠠᠭᠤᠯᠢ ᠳᠤ ᠣᠴᠢᠭᠤᠯᠵᠦ ᠠᠵᠢᠯ ᠤᠨ ᠪᠠᠶᠢᠷᠢ ᠶᠢ ᠳᠠᠭᠠᠵᠦ ᠳᠠᠪᠳᠠᠨ ᠪᠣᠯᠪᠠᠰᠣᠷᠠᠬᠤ ᠳᠦᠷᠢᠮ ᠵᠡᠷᠭᠡ ᠶᠢ ᠪᠠᠶᠢᠭᠤᠯᠣᠨ ᠪᠦᠷᠢᠨᠰᠢᠬᠦᠯᠬᠦ ᠶᠢ ᠵᠣᠷᠢᠭᠵᠢᠭᠤᠯᠣᠨ᠎ᠠ᠃ ᠰᠣᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠲᠦᠯᠦᠪᠯᠡᠭᠡ ᠲᠠᠢ ᠪᠠᠷ ᠠᠯᠪᠠᠨ ᠠᠴᠠ ᠡᠷᠬᠢᠯᠡᠭᠰᠡᠨ ᠰᠣᠷᠭᠠᠭᠤᠯᠢ ᠶᠢᠨ ᠪᠠᠭᠰᠢ  ᠶᠢᠨ ᠭᠤᠣᠯ ᠬᠦᠴᠦᠨ ᠢ ᠠᠷᠠᠳ ᠠᠴᠠ ᠡᠷᠬᠢᠯᠡᠭᠰᠡᠨ ᠰᠣᠷᠭᠠᠭᠤᠯᠢ ᠳᠤ ᠰᠣᠩᠭᠤᠨ ᠲᠣᠮᠢᠯᠠᠵᠦ ᠵᠢᠭᠠᠨ ᠰᠣᠷᠭᠠᠯᠳᠠ  ᠶᠢ ᠨᠢ ᠳᠡᠮᠵᠢᠬᠦ ᠶᠢ ᠳᠡᠳᠬᠦᠨ᠎ᠡ᠃ ᠵᠢᠭᠠᠨ ᠰᠣᠷᠭᠠᠯᠳᠠ ᠶᠢ ᠳᠡᠮᠵᠢᠬᠦ ᠬᠤᠭᠤᠴᠠᠭᠠᠨ ᠳᠤ᠂ ᠠᠯᠪᠠᠨ ᠠᠴᠠ ᠡᠷᠬᠢᠯᠡᠭᠰᠡᠨ ᠰᠣᠷᠭᠠᠭᠤᠯᠢ ᠶᠢᠨ ᠪᠠᠭᠰᠢ ᠶᠢᠨ ᠪᠡᠶ᠎ᠡ ᠶᠢᠨ ᠭᠠᠷᠣᠯ ᠨᠢ ᠬᠤᠪᠢᠷᠠᠬᠤ ᠦᠬᠡᠢ᠂ ᠪᠠᠭᠰᠢᠯᠠᠭᠰᠠᠨ ᠵᠢᠯ ᠢ ᠨᠢ ᠦᠷᠬᠦᠯᠵᠢᠯᠡᠨ ᠪᠣᠳᠣᠵᠦ᠂ ᠵᠢᠯ ᠤᠨ ᠬᠢᠨᠠᠨ ᠰᠢᠯᠭᠠᠯᠳᠠ ᠶᠢᠨ ᠦᠷ᠎ᠡ ᠳ᠋ᠦᠩ ᠢ ᠨᠢ ᠠᠵᠢᠯᠳᠠᠨ ᠤ ᠶᠠᠪᠣᠳᠠᠯ ᠤᠨ ᠳᠠᠩᠰᠠ ᠡᠪᠬᠡᠮᠡᠯ ᠳᠤ ᠣᠷᠣᠭᠤᠯᠣᠨ᠎ᠠ᠃ ᠠᠷᠠᠳ ᠠᠴᠠ ᠡᠷᠬᠢᠯᠡᠭᠰᠡᠨ ᠰᠣᠷᠭᠠᠭᠤᠯᠢ ᠨᠢ ᠪᠠᠭᠰᠢ ᠶᠢᠨ ᠦᠵᠡᠯ ᠰᠠᠨᠠᠭ᠎ᠠ ᠣᠯᠣᠰ ᠲᠦᠷᠦ ᠶᠢᠨ ᠠᠵᠢᠯ ᠢ ᠬᠦᠴᠦᠯᠡᠨ ᠴᠢᠩᠭᠠᠳᠬᠠᠵᠦ᠂ ᠰᠣᠷᠭᠠᠨ ᠬᠦᠮᠦᠵᠢᠯ᠂ ᠣᠬᠠᠭᠤᠯᠭ᠎ᠠ᠂ ᠬᠢᠨᠠᠨ ᠰᠢᠯᠭᠠᠯᠳᠠ᠂ ᠬᠢᠨᠠᠯᠳᠠ ᠳᠠᠯᠪᠢᠬᠤ ᠶᠢ ᠰᠠᠶᠢᠰᠢᠶᠠᠨ ᠬᠦᠬᠢᠬᠦᠯᠦᠯ ᠲᠠᠢ ᠣᠶᠠᠯᠳᠣᠭᠤᠯᠣᠭᠰᠠᠨ ᠪᠠᠭᠰᠢ ᠶᠢᠨ ᠮᠣᠷᠠᠯ ᠤᠨ ᠪᠠᠶᠢᠭᠤᠯᠣᠯᠳᠠ ᠶᠢᠨ ᠣᠷᠳᠣ ᠬᠤᠭᠤᠴᠠᠭᠠᠨ ᠤ ᠪᠦᠳᠦᠮᠵᠢᠳᠦ ᠳᠣᠭᠳᠠᠴᠠ ᠶᠢ ᠪᠠᠶᠢᠭᠤᠯᠣᠨ ᠪᠦᠷᠢᠨᠰᠢᠬᠦᠯᠬᠦ ᠬᠡᠷᠡᠭᠳᠡᠢ᠃ ᠬᠠᠪᠰᠣᠷᠣᠨ ᠵᠢᠯᠣᠭᠤᠳᠣᠭᠴᠢ᠂ ᠠᠩᠬᠢ ᠶᠢᠨ ᠡᠷᠬᠢᠯᠡᠭᠴᠢ ᠶᠢᠨ ᠡᠩᠨᠡᠭᠡ ᠶᠢᠨ ᠪᠠᠶᠢᠭᠤᠯᠣᠯᠳᠠ ᠶᠢ ᠴᠢᠩᠭᠠᠳᠬᠠᠨ᠎ᠠ᠃ ᠰᠣᠷᠣᠯᠭ᠎ᠠ ᠶᠢᠨ ᠰᠦᠢᠳᠬᠡᠯ ᠤᠨ ᠣᠷᠣᠯᠭ᠎ᠠ ᠳᠣᠮᠳᠠ ᠠᠴᠠ ᠵᠣᠬᠢᠬᠤ ᠬᠠᠷᠢᠴᠠᠯ ᠤᠨ ᠳᠣᠰᠬᠠᠢ ᠳᠦᠷᠦᠯ ᠤᠨ ᠪᠡᠯᠡ ᠮᠦᠩᠬᠦ ᠶᠢ ᠳᠣᠬᠢᠷᠠᠭᠤᠯᠵᠦ ᠪᠠᠭᠰᠢ ᠶᠢᠨ ᠪᠣᠯᠪᠠᠰᠣᠷᠠᠯ ᠳᠤ ᠵᠠᠷᠣᠴᠠᠭᠤᠯᠣᠨ᠎ᠠ᠃ ᠪᠠᠭᠰᠢ ᠶᠢᠨ ᠠᠵᠢᠯ ᠪᠠ ᠠᠮᠢᠳᠣᠷᠠᠯ  ᠢ ᠨᠢ ᠬᠠᠯᠠᠮᠵᠢᠯᠠᠵᠦ᠂ ᠪᠠᠭᠰᠢ ᠶᠢᠨ ᠡᠯ᠎ᠡ ᠳᠦᠷᠦᠯ ᠤᠨ ᠬᠦᠯᠦᠰᠦ ᠣᠯᠭᠤᠮᠵᠢ ᠶᠢ ᠨᠢ ᠳᠡᠭᠡᠭᠰᠢᠯᠡᠬᠦᠯᠦᠨ᠎ᠡ᠃        ᠵᠢᠷᠭᠤᠭ᠎ᠠ᠂ ᠬᠠᠮᠢᠶᠠᠷᠣᠯᠳᠠ ᠦᠢᠯᠡᠴᠢᠯᠡᠭᠡ ᠶᠢᠨ ᠬᠢᠷᠢ ᠲᠦᠪᠰᠢᠨ ᠢᠶᠠᠨ ᠣᠯᠠᠮ ᠨᠢᠬᠡ ᠠᠯᠬᠤᠮ ᠳᠡᠭᠡᠭᠰᠢᠯᠡᠬᠦᠯᠦᠨ᠎ᠡ        ︵ᠨᠢᠬᠡ︶ ᠰᠠᠯᠠᠭ᠎ᠠ ᠮᠦᠴᠢᠷ ᠤᠨ ᠵᠣᠬᠢᠴᠠᠭᠤᠯᠭ᠎ᠠ ᠶᠢᠨ ᠳᠣᠭᠳᠠᠴᠠ ᠶᠢ ᠪᠠᠶᠢᠭᠤᠯᠣᠨ᠎ᠠ᠃ ᠠᠶᠢᠮᠠᠭ ᠤᠨ ᠵᠠᠬᠢᠷᠭ᠎ᠠ ᠠᠴᠠ ᠠᠶᠢᠮᠠᠭ ᠤᠨ ᠰᠣᠷᠭᠠᠨ ᠬᠦᠮᠦᠵᠢᠯ ᠪᠡᠶ᠎ᠡ ᠶᠢᠨ ᠳᠠᠮᠢᠷ ᠤᠨ ᠳᠣᠪᠴᠢᠶ᠎ᠠ ᠪᠠᠷ ᠳᠣᠯᠣᠭᠠᠶᠢᠯᠠᠭᠤᠯᠣᠭᠰᠠᠨ᠂ ᠠᠶᠢᠮᠠᠭ ᠤᠨ ᠭᠦᠭᠵᠢᠬᠦᠯᠦᠯᠲᠡ ᠦᠭᠡᠷᠡᠴᠢᠯᠡᠯᠳᠡ ᠶᠢᠨ ᠵᠦᠪᠯᠡᠯ᠂ ᠳᠣᠳᠣᠭᠠᠳᠣ ᠶᠢ ᠬᠠᠮᠠᠭᠠᠯᠠᠬᠤ ᠲᠣᠪᠴᠢᠶ᠎ᠠ᠂ ᠠᠷᠠᠳ ᠤᠨ ᠶᠠᠪᠣᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠣᠯᠠᠭ᠎ᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠣᠯᠳᠠ ᠶᠢᠨ ᠲᠣᠪᠴᠢᠶ᠎ᠠ᠂ ᠪᠠᠶᠢᠭᠤᠯᠣᠮᠵᠢ ᠶᠢᠨ ᠣᠷᠣᠨ ᠳᠤᠭ᠎ᠠ ᠶᠢᠨ ᠬᠤᠷᠢᠶᠠᠨ ᠤ ᠠᠯᠪᠠᠨ ᠬᠡᠷ᠂ ᠮᠦᠩᠭᠦᠨ ᠬᠦᠢᠯᠭᠡᠭᠡᠨ ᠤ ᠠᠵᠢᠯ ᠤᠨ ᠠᠯᠪᠠᠨ ᠬᠡᠷ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠣᠯᠳᠠ ᠶᠢᠨ ᠲᠣᠪᠴᠢᠶ᠎ᠠ᠂ ᠭᠠᠶᠢᠯᠢ ᠶᠢᠨ ᠶᠠᠪᠣᠳᠠᠯ ᠤᠨ ᠲᠣᠪᠴᠢᠶ᠎ᠠ ᠵᠡᠷᠬᠡ ᠰᠠᠯᠠᠭ᠎ᠠ ᠮᠦᠴᠢᠷ ᠣᠷᠣᠯᠴᠠᠭᠰᠠᠨ ᠰᠠᠯᠠᠭ᠎ᠠ ᠮᠦᠴᠢᠷ ᠤᠨ ᠬᠠᠮᠳᠣᠷᠠᠭᠰᠠᠨ ᠬᠤᠷᠠᠯ ᠤᠨ ᠳᠦᠷᠢᠮ ᠢ ᠪᠠᠶᠢᠭᠤᠯᠵᠦ᠂ ᠠᠷᠠᠳ ᠠᠴᠠ ᠡᠷᠬᠢᠯᠡᠭᠰᠡᠨ ᠰᠣᠷᠭᠠᠨ ᠬᠦᠮᠦᠵᠢᠯ ᠤᠨ ᠬᠦᠭᠵᠢᠯᠲᠡ ᠳᠠᠬᠢ ᠭᠤᠣᠯᠳᠠᠯᠭ᠎ᠠ ᠲᠠᠢ ᠬᠦᠴᠢᠷ ᠲᠠᠢ ᠠᠰᠠᠭᠤᠳᠠᠯ ᠢ ᠵᠣᠬᠢᠴᠠᠭᠤᠯᠣᠨ ᠰᠢᠢᠳᠪᠦᠷᠢᠯᠡᠵᠦ᠂ ᠳᠦᠷᠢᠮ ᠲᠦᠷᠦ ᠶᠢᠨ ᠪᠣᠳᠣᠯᠭ᠎ᠠ ᠪᠠᠨ ᠳᠠᠰᠣᠷᠠᠯᠳᠠ ᠦᠬᠡᠢ ᠳᠡᠭᠦᠯᠳᠡᠷᠵᠢᠬᠦᠯᠵᠦ᠂ ᠠᠷᠠᠳ ᠠᠴᠠ ᠡᠷᠬᠢᠯᠡᠭᠰᠡᠨ ᠰᠣᠷᠭᠠᠨ ᠬᠦᠮᠦᠵᠢᠯ ᠤᠨ ᠬᠦᠭᠵᠢᠯᠲᠡ ᠶᠢᠨ ᠣᠷᠴᠢᠨ ᠳᠣᠭᠤᠷᠢᠨ ᠢ ᠰᠢᠯᠢᠳᠡᠭᠵᠢᠬᠦᠯᠦᠨ᠎ᠡ᠃ ᠡᠯ᠎ᠡ ᠬᠤᠰᠢᠭᠤ(ᠨᠡᠭᠡᠭᠡᠯᠳᠡ ᠶᠢᠨ ᠣᠷᠣᠨ) ᠨᠢ ᠬᠠᠷᠠᠭᠠᠯᠵᠠᠭᠰᠠᠨ ᠰᠠᠯᠠᠭ᠎ᠠ ᠮᠦᠴᠢᠷ ᠤᠨ ᠵᠣᠬᠢᠴᠠᠭᠤᠯᠭ᠎ᠠ ᠶᠢᠨ ᠳᠣᠭᠳᠠᠴᠠ ᠶᠢ ᠪᠠᠶᠢᠭᠤᠯᠵᠦ᠂ ᠳᠣᠰ ᠭᠠᠵᠠᠷ ᠣᠷᠣᠨ ᠤ ᠪᠠᠨ ᠪᠣᠳᠠᠳᠠᠢ ᠲᠠᠢ ᠪᠠᠨ ᠵᠣᠬᠢᠴᠠᠭᠰᠠᠨ ᠬᠡᠷᠡᠭᠵᠢᠬᠦᠯᠬᠦ ᠳᠦᠰᠦᠯ ᠪᠠ ᠳᠦᠭᠦᠷᠵᠢᠬᠦᠯᠦᠭᠰᠡᠨ ᠠᠷᠭ᠎ᠠ ᠠᠪᠴᠠᠯ ᠢ ᠱᠠᠯᠠᠪᠳᠠᠭᠤᠯᠣᠨ ᠳᠣᠭᠳᠠᠭᠠᠵᠦ ᠰᠠᠶᠢᠳᠣᠷ ᠬᠡᠷᠡᠭᠵᠢᠬᠦᠯᠬᠦ ᠬᠡᠷᠡᠭᠳᠡᠢ᠃ ᠨᠡᠶᠢᠭᠡᠮ ᠤᠨ ᠬᠦᠴᠦᠨ ᠤ ᠰᠣᠷᠭᠠᠨ ᠬᠦᠮᠦᠵᠢᠯ ᠡᠷᠬᠢᠯᠡᠬᠦ ᠶᠢ ᠵᠣᠷᠢᠭᠵᠢᠭᠤᠯᠣᠨ ᠳᠡᠮᠵᠢᠬᠦ ᠶᠢ ᠡᠯ᠎ᠡ ᠱᠠᠳᠣᠨ ᠤ ᠠᠷᠠᠳ ᠤᠨ ᠵᠠᠰᠠᠭ ᠤᠨ ᠣᠷᠳᠣᠨ ᠤ ᠣᠯᠠᠨ ᠨᠡᠶᠢᠳᠡ ᠶᠢᠨ ᠦᠢᠯᠡᠴᠢᠯᠡᠭᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠬᠤ ᠬᠢᠨᠠᠨ ᠰᠢᠯᠭᠠᠯᠳᠠ ᠶᠢᠨ ᠴᠢᠬᠤᠯᠠ ᠠᠭᠤᠯᠭ᠎ᠠ ᠪᠣᠯᠭᠠᠨ᠎ᠠ᠃        ︵ᠬᠤᠶᠠᠷ︶ ᠵᠠᠰᠠᠭ ᠤᠨ ᠣᠷᠳᠣᠨ ᠤ ᠬᠢᠨᠠᠨ ᠬᠠᠮᠢᠶᠠᠷᠣᠯᠳᠠ ᠶᠢᠨ ᠠᠷᠭ᠎ᠠ ᠬᠡᠯᠪᠡᠷᠢ ᠶᠢ ᠦᠭᠡᠷᠡᠴᠢᠯᠡᠨ ᠰᠠᠶᠢᠵᠢᠷᠠᠭᠤᠯᠣᠨ᠎ᠠ᠃ ᠡᠯ᠎ᠡ ᠬᠤᠰᠢᠭᠤ(ᠨᠡᠭᠡᠭᠡᠯᠳᠡ ᠶᠢᠨ ᠣᠷᠣᠨ)᠂ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠡᠭᠦᠷᠭᠡ ᠴᠢᠳᠠᠪᠬᠢ ᠪᠠᠨ ᠢᠳᠡᠪᠬᠢᠳᠡᠢ ᠬᠤᠪᠢᠷᠠᠭᠤᠯᠵᠦ᠂《ᠳᠠᠯᠪᠢᠬᠤ ᠬᠠᠮᠢᠶᠠᠷᠬᠤ ᠦᠢᠯᠡᠴᠢᠯᠡᠬᠦ》ᠦᠭᠡᠷᠡᠴᠢᠯᠡᠯᠳᠡ  ᠶᠢ ᠬᠦᠨᠵᠡᠬᠡᠶᠢᠷᠡᠬᠦᠯᠵᠦ᠂ ᠬᠡᠷᠡᠭ ᠤᠨ ᠡᠮᠦᠨᠡᠬᠢ ᠬᠢᠨᠠᠨ ᠵᠦᠪᠰᠢᠶᠡᠷᠡᠯᠳᠡ ᠶᠢ ᠪᠠᠭᠠᠰᠬᠠᠵᠦ᠂ ᠬᠡᠷᠡᠭ ᠣᠴᠢᠷ ᠰᠢᠢᠳᠪᠦᠷᠢᠯᠡᠬᠦ ᠵᠢᠯᠣᠭᠤᠳᠣᠮᠵᠢ ᠶᠢ ᠳᠦᠷᠢᠮᠵᠢᠬᠦᠯᠦᠨ ᠳᠡᠭᠦᠯᠳᠡᠷᠵᠢᠬᠦᠯᠵᠦ᠂ ᠬᠡᠷᠡᠭ ᠤᠨ ᠳᠣᠮᠳᠠᠬᠢ ᠪᠠ ᠬᠡᠷᠡᠭ ᠤᠨ ᠳᠠᠷᠠᠭᠠᠬᠢ ᠬᠢᠨᠠᠨ ᠬᠠᠮᠢᠶᠠᠷᠣᠯᠳᠠ ᠶᠢ ᠴᠢᠩᠭᠠᠳᠬᠠᠨ᠎ᠠ᠃ ᠠᠷᠠᠳ ᠠᠴᠠ ᠡᠷᠬᠢᠯᠡᠭᠰᠡᠨ ᠰᠣᠷᠭᠠᠨ ᠬᠦᠮᠦᠵᠢᠯ ᠲᠠᠢ ᠬᠤᠯᠪᠣᠭᠳᠠᠭᠰᠠᠨ ᠵᠠᠰᠠᠭ ᠵᠠᠬᠢᠷᠭᠠᠨ ᠤ ᠵᠦᠪᠰᠢᠶᠡᠷᠡᠬᠦᠯᠬᠦ ᠬᠡᠷᠡᠭ ᠶᠠᠪᠣᠳᠠᠯ ᠢ ᠣᠯᠠᠮ ᠨᠢᠬᠡ ᠠᠯᠬᠤᠮ ᠴᠡᠭᠴᠡᠯᠡᠨ ᠢᠯᠭᠠᠷᠠᠭᠤᠯᠵᠦ᠂ ᠡᠷᠬᠡ ᠶᠢᠨ ᠨᠠᠷᠢᠨ ᠳᠠᠩᠰᠠ᠂  ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠨᠡᠶᠢᠭᠡᠮ ᠳᠤ ᠨᠡᠶᠢᠳᠡᠯᠡᠵᠦ᠂ ᠬᠠᠣᠯᠢ ᠶᠢᠨ ᠭᠠᠳᠠᠨ᠎ᠠ ᠡᠷᠬᠡ ᠳᠣᠬᠢᠷᠠᠭᠤᠯᠬᠤ ᠶᠢ ᠴᠠᠭᠠᠵᠠᠯᠠᠨ᠎ᠠ᠃ ᠠᠷᠠᠳ ᠠᠴᠠ ᠡᠷᠬᠢᠯᠡᠭᠰᠡᠨ ᠰᠣᠷᠭᠠᠨ ᠬᠦᠮᠦᠵᠢᠯ ᠤᠨ ᠬᠠᠮᠢᠶᠠᠷᠣᠯᠳᠠ ᠶᠢᠨ ᠮᠡᠳᠡᠭᠡ ᠵᠠᠩᠬᠢ ᠶᠢᠨ ᠰᠢᠰᠲ᠋ᠧᠮ ᠢ ᠪᠠᠶᠢᠭᠤᠯᠵᠦ᠂ ᠬᠠᠮᠢᠶᠠᠷᠣᠯᠳᠠ ᠦᠢᠯᠡᠴᠢᠯᠡᠭᠡ ᠶᠢᠨ ᠬᠢᠷᠢ ᠳᠦᠪᠰᠢᠨ ᠢ ᠳᠡᠭᠡᠭᠰᠢᠯᠡᠬᠦᠯᠦᠨ᠎ᠡ᠃ ᠠᠷᠠᠳ ᠠᠴᠠ ᠡᠷᠬᠢᠯᠡᠭᠰᠡᠨ ᠰᠣᠷᠭᠠᠨ ᠬᠦᠮᠦᠵᠢᠯ ᠤᠨ ᠣᠬᠠᠭᠤᠯᠭ᠎ᠠ ᠶᠢᠨ ᠬᠦᠴᠦᠯᠡᠴᠡ ᠪᠠᠨ ᠨᠡᠮᠡᠭᠳᠡᠭᠦᠯᠵᠦ᠂ ᠳᠣᠪᠣᠶᠢᠮ᠎ᠠ ᠬᠤᠪᠢ ᠨᠡᠮᠡᠷᠢ ᠦᠵᠡᠬᠦᠯᠦᠭᠰᠡᠨ ᠬᠠᠮᠳᠣ ᠨᠢᠭᠡᠴᠡ ᠪᠠ ᠬᠤᠪᠢ ᠬᠦᠮᠦᠨ ᠢ ᠰᠠᠶᠢᠰᠢᠶᠠᠨ ᠬᠦᠬᠢᠬᠦᠯᠵᠦ᠂ ᠠᠷᠠᠳ ᠠᠴᠠ ᠡᠷᠬᠢᠯᠡᠭᠰᠡᠨ ᠰᠣᠷᠭᠠᠨ ᠬᠦᠮᠦᠵᠢᠯ ᠤᠨ ᠭᠦᠭᠵᠢᠯᠲᠡ ᠶᠢ ᠳᠡᠮᠵᠢᠬᠦ ᠰᠠᠶᠢᠨ ᠰᠠᠶᠢᠬᠠᠨ ᠣᠷᠴᠢᠨ ᠳᠣᠭᠤᠷᠢᠨ ᠢ ᠴᠢᠷᠮᠠᠶᠢᠨ ᠪᠦᠷᠢᠯᠳᠦᠬᠦᠯᠦᠨ᠎ᠡ᠃        ︵ᠭᠤᠷᠪᠠ︶ ᠬᠢᠨᠠᠨ ᠬᠠᠮᠢᠶᠠᠷᠣᠯᠳᠠ ᠶᠢᠨ ᠳᠣᠭᠳᠠᠴᠠ ᠶᠢᠨ ᠪᠠᠶᠢᠭᠤᠯᠣᠯᠳᠠ ᠶᠢ ᠴᠢᠩᠭᠠᠳᠬᠠᠨ᠎ᠠ᠃ ᠡᠯ᠎ᠡ ᠬᠤᠰᠢᠭᠤ(ᠨᠡᠭᠡᠭᠡᠯᠳᠡ ᠶᠢᠨ ᠣᠷᠣᠨ) ᠨᠢ ᠠᠷᠠᠳ ᠠᠴᠠ ᠡᠷᠬᠢᠯᠡᠭᠰᠡᠨ ᠰᠣᠷᠭᠠᠨ ᠬᠦᠮᠦᠵᠢᠯ ᠤᠨ ᠬᠦᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠵᠦ᠂ ᠠᠷᠠᠳ ᠠᠴᠠ ᠡᠷᠬᠢᠯᠡᠭᠰᠡᠨ ᠰᠣᠷᠭᠠᠨ ᠬᠦᠮᠦᠵᠢᠯ ᠤᠨ ᠬᠠᠮᠢᠶᠠᠷᠣᠯᠳᠠ  ᠶᠢᠨ ᠪᠠᠶᠢᠭᠤᠯᠣᠮᠵᠢ ᠶᠢᠨ ᠪᠠᠶᠢᠭᠤᠯᠣᠯᠳᠠ ᠶᠢ ᠴᠢᠩᠭᠠᠳᠬᠠᠵᠦ᠂ ᠳᠣᠰᠬᠠᠢ ᠳᠣᠰᠢᠶᠠᠯᠳᠣ ᠠᠵᠢᠯᠳᠠᠨ ᠢ ᠬᠦᠢᠴᠡᠳ ᠳᠣᠬᠢᠷᠠᠭᠤᠯᠵᠦ ᠠᠷᠠᠳ ᠠᠴᠠ ᠡᠷᠬᠢᠯᠡᠭᠰᠡᠨ ᠰᠣᠷᠭᠠᠭᠤᠯᠢ ᠶᠢᠨ ᠬᠠᠮᠢᠶᠠᠷᠣᠯᠳᠠ ᠶᠢᠨ ᠠᠵᠢᠯ ᠢ ᠬᠠᠷᠢᠭᠤᠴᠠᠭᠤᠯᠣᠨ᠎ᠠ᠃ ᠠᠷᠠᠳ ᠠᠴᠠ ᠡᠷᠬᠢᠯᠡᠭᠰᠡᠨ ᠰᠣᠷᠭᠠᠨ ᠬᠦᠮᠦᠵᠢᠯ ᠤᠨ ᠬᠢᠨᠠᠨ ᠵᠢᠯᠣᠭᠤᠳᠣᠯᠭ᠎ᠠ ᠶᠢ ᠴᠢᠩᠭᠠᠷᠠᠭᠤᠯᠵᠦ᠂ ᠠᠷᠠᠳ ᠠᠴᠠ ᠡᠷᠬᠢᠯᠡᠭᠰᠡᠨ ᠰᠣᠷᠭᠠᠭᠤᠯᠢ ᠶᠢᠨ ᠵᠢᠯ ᠤᠨ ᠮᠡᠳᠡᠭᠦᠯᠦᠯᠳᠡ ᠪᠠ ᠵᠢᠯ ᠤᠨ ᠰᠢᠯᠭᠠᠨ ᠪᠠᠶᠢᠴᠠᠭᠠᠯᠳᠠ ᠶᠢᠨ ᠳᠦᠷᠢᠮ ᠢ ᠳᠡᠭᠦᠯᠳᠡᠷᠵᠢᠬᠦᠯᠵᠦ᠂ ᠵᠢᠯ ᠤᠨ ᠰᠢᠯᠭᠠᠨ ᠪᠠᠶᠢᠴᠠᠭᠠᠯᠳᠠ ᠶᠢᠨ ᠦᠷ᠎ᠡ ᠳ᠋ᠦᠩ ᠢ ᠳᠣᠷᠭᠠᠭᠤᠯᠢ ᠰᠢᠳᠬᠡᠯ ᠪᠠ ᠱᠠᠩᠨᠠᠯ ᠬᠦᠬᠢᠬᠦᠯᠦᠯ ᠤᠨ ᠴᠢᠬᠤᠯᠠ ᠦᠨᠳᠦᠰᠦᠯᠡᠯ ᠪᠣᠯᠭᠠᠨ᠎ᠠ᠃ ᠰᠢᠨ᠎ᠡ ᠪᠠᠷ ᠪᠠᠶᠢᠭᠤᠯᠣᠭᠰᠠᠨ ᠠᠷᠠᠳ ᠠᠴᠠ ᠡᠷᠬᠢᠯᠡᠭᠰᠡᠨ ᠰᠣᠷᠭᠠᠭᠤᠯᠢ ᠶᠢᠨ ᠡᠷᠬᠢᠯᠡᠭᠴᠢ ᠶᠢᠨ ᠬᠢᠷᠢ ᠬᠡᠮ ᠤᠨ ᠬᠢᠨᠠᠨ ᠪᠠᠶᠢᠴᠠᠭᠠᠯᠳᠠ ᠶᠢ ᠴᠢᠩᠭᠠᠳᠬᠠᠨ᠎ᠠ᠃ ᠠᠷᠠᠳ ᠠᠴᠠ ᠡᠷᠬᠢᠯᠡᠭᠰᠡᠨ ᠰᠣᠷᠭᠠᠭᠤᠯᠢ ᠶᠢᠨ ᠡᠳ᠋ ᠤᠨ ᠶᠠᠪᠣᠳᠠᠯ ᠤᠨ ᠬᠢᠨᠠᠨ ᠪᠣᠳᠣᠯᠳᠠ ᠶᠢ ᠳᠣᠭᠳᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠦ ᠦᠷᠨᠢᠬᠦᠯᠦᠨ᠂ ᠠᠷᠠᠳ ᠠᠴᠠ ᠡᠷᠬᠢᠯᠡᠭᠰᠡᠨ ᠰᠣᠷᠭᠠᠨ ᠬᠦᠮᠦᠵᠢᠯ ᠤᠨ ᠡᠳ᠋ ᠤᠨ ᠶᠠᠪᠣᠳᠠᠯ ᠤᠨ ᠨᠢᠭᠳᠠᠯᠠᠨ ᠪᠣᠳᠣᠬᠤ ᠳᠦᠷᠢᠮ᠂ ᠳᠣᠳᠣᠭᠠᠳᠣ ᠶᠢᠨ ᠡᠵᠡᠮᠳᠡᠬᠦ ᠳᠦᠷᠢᠮ᠂ ᠬᠢᠨᠠᠨ ᠪᠣᠳᠣᠯᠳᠠ ᠶᠢᠨ ᠬᠢᠨᠠᠯᠳᠠ ᠳᠠᠯᠪᠢᠬᠤ ᠳᠦᠷᠢᠮ ᠢ ᠳᠡᠭᠦᠯᠳᠡᠷᠵᠢᠬᠦᠯᠦᠨ᠎ᠡ᠃ ᠠᠷᠠᠳ ᠠᠴᠠ ᠡᠷᠬᠢᠯᠡᠭᠰᠡᠨ ᠰᠣᠷᠭᠠᠭᠤᠯᠢ ᠶᠢᠨ ᠮᠡᠳᠡᠭᠡ ᠵᠠᠩᠬᠢ ᠶᠢ ᠠᠯᠪᠠᠳᠠᠨ ᠢᠯᠡ ᠨᠡᠶᠢᠳᠡᠯᠡᠬᠦᠯᠬᠦ ᠳᠦᠷᠢᠮ ᠢ ᠪᠠᠶᠢᠭᠤᠯᠣᠨ᠎ᠠ᠃ ᠳᠦᠷᠢᠮ ᠠᠴᠠ ᠵᠦᠷᠢᠴᠡᠭᠰᠡᠨ ᠢᠳᠡᠭᠡᠯ ᠠᠯᠳᠠᠭᠰᠠᠳ ᠢ ᠵᠠᠯᠬᠠᠭᠠᠨ ᠴᠡᠭᠡᠷᠯᠡᠬᠦᠯᠬᠦ ᠳᠣᠭᠳᠠᠴᠠ ᠶᠢ ᠪᠠᠶᠢᠭᠤᠯᠵᠦ᠂ ᠳᠦᠷᠢᠮ ᠠᠴᠠ ᠵᠦᠷᠢᠴᠡᠨ ᠰᠣᠷᠭᠠᠭᠤᠯᠢ ᠡᠷᠬᠢᠯᠡᠭᠰᠡᠨ ᠰᠣᠷᠭᠠᠭᠤᠯᠢ ᠵᠢᠴᠢ ᠡᠷᠬᠢᠯᠡᠭᠰᠡᠳ ᠪᠠ ᠬᠠᠷᠢᠭᠤᠴᠠᠯᠭᠠᠳᠠᠨ ᠢ ︽ᠨᠡᠷ᠎ᠡ ᠶᠢᠨ ᠬᠠᠷ᠎ᠠ ᠳᠠᠩᠰᠠ︾ ᠳᠤ ᠣᠷᠣᠭᠤᠯᠬᠤ  ᠶᠢᠨ ᠬᠠᠮᠳᠣ᠂ ᠬᠠᠣᠯᠢ ᠶᠣᠰᠣᠭᠠᠷ ᠢᠳᠡᠬᠡᠮᠵᠢ ᠶᠢᠨ ᠮᠡᠳᠡᠭᠡ ᠵᠠᠩᠬᠢ ᠶᠢ ᠢᠯᠡ ᠨᠡᠶᠢᠳᠡᠯᠡᠬᠦ ᠰᠢᠰᠲ᠋ᠧᠮ ᠢᠶᠠᠷ ᠨᠡᠶᠢᠭᠡᠮ ᠨᠡᠶᠢᠳᠡ ᠳᠤ ᠢᠯᠡ ᠨᠡᠶᠢᠳᠡᠯᠡᠨ᠎ᠡ᠃ ᠬᠠᠣᠯᠢ ᠬᠡᠷᠡᠭᠵᠢᠬᠦᠯᠦᠯᠲᠡ ᠶᠢᠨ ᠬᠤᠯᠪᠣᠭᠠᠯᠠᠭᠰᠠᠨ ᠳᠣᠭᠳᠠᠴᠠ ᠶᠢ ᠪᠦᠷᠢᠨᠰᠢᠬᠦᠯᠵᠦ᠂ ᠬᠠᠣᠯᠢ ᠠᠴᠠ ᠵᠦᠷᠢᠴᠡᠵᠦ ᠳᠦᠷᠢᠮ ᠠᠴᠠ ᠵᠦᠷᠢᠴᠡᠭᠰᠡᠨ ᠰᠣᠷᠭᠠᠭᠤᠯᠢ ᠡᠷᠬᠢᠯᠡᠬᠦ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠬᠦᠴᠦᠯᠡᠴᠡ ᠪᠠᠨ ᠨᠡᠮᠡᠭᠳᠡᠭᠦᠯᠦᠨ᠎ᠡ᠃ ᠬᠠᠮᠢᠶᠠᠷᠬᠤ ᠡᠷᠬᠢᠯᠡᠬᠦ ᠦᠨᠡᠯᠡᠬᠦ ᠶᠢ ᠰᠠᠯᠭᠠᠬᠤ ᠶᠢ ᠶᠡᠬᠡᠪᠡᠷ ᠠᠬᠢᠭᠤᠯᠵᠦ᠂ ᠠᠷᠠᠳ ᠠᠴᠠ ᠡᠷᠬᠢᠯᠡᠭᠰᠡᠨ ᠰᠣᠷᠭᠠᠭᠤᠯᠢ ᠶᠢ ᠭᠤᠷᠪᠠᠳᠠᠭᠴᠢ ᠡᠳᠡᠭᠡᠳ ᠠᠴᠠ ᠶᠠᠰᠣ ᠴᠢᠨᠠᠷ ᠤᠨ ᠨᠣᠳᠠᠯᠠᠨ ᠭᠡᠷᠡᠴᠢᠯᠡᠯᠳᠡ ᠬᠢᠬᠦ ᠪᠠ ᠦᠨᠡᠯᠡᠨ ᠵᠢᠱᠢᠯᠳᠡ ᠬᠢᠬᠦ ᠳᠦᠷᠢᠮ ᠢ ᠪᠠᠶᠢᠭᠤᠯᠣᠨ᠎ᠠ᠃ ᠵᠠᠰᠠᠭ ᠵᠠᠬᠢᠷᠭᠠᠨ ᠤ ᠬᠠᠮᠢᠶᠠᠷᠣᠯᠳᠠ ᠶᠢᠨ ᠰᠠᠯᠠᠭ᠎ᠠ ᠮᠦᠴᠢᠷ ᠨᠢ ᠦᠨᠡᠯᠡᠨ ᠵᠢᠱᠢᠯᠳᠡ ᠶᠢᠨ ᠦᠷ᠎ᠡ ᠳ᠋ᠦᠩ ᠢ ᠦᠨᠳᠦᠰᠦᠯᠡᠵᠦ᠂ ᠰᠣᠷᠭᠠᠭᠤᠯᠢ ᠡᠷᠬᠢᠯᠡᠭᠰᠡᠨ ᠶᠠᠰᠣ ᠴᠢᠨᠠᠷ ᠨᠢ ᠬᠢᠷᠢ ᠳᠡᠩᠴᠡᠬᠦ ᠦᠬᠡᠢ ᠠᠷᠠᠳ ᠠᠴᠠ ᠡᠷᠬᠢᠯᠡᠭᠰᠡᠨ ᠰᠣᠷᠭᠠᠭᠤᠯᠢ ᠶᠢ ᠰᠣᠷᠭᠠᠭᠤᠯᠢ ᠡᠷᠬᠢᠯᠡᠬᠦ ᠬᠢᠷᠢ ᠬᠡᠮ ᠢ ᠨᠢ ᠬᠠᠰᠣᠬᠤ ᠪᠣᠯᠳᠠᠯ᠎ᠠ ᠰᠡᠷᠡᠮᠵᠢᠯᠡᠬᠦᠯᠦᠨ ᠳᠣᠩᠭᠤᠳᠴᠦ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠦᠭᠡᠷᠡᠴᠢᠯᠡᠬᠦᠯᠦᠨ᠎ᠡ᠃  
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号