ᠡᠵᠡᠨ᠎ᠡ ᠬᠤᠰᠢᠭᠤᠨ ᠤ 2020 ᠣᠨ ᠤ ᠤᠰᠤ ᠤᠮᠳᠠ ᠶᠢᠨ ᠢᠨᠵᠧᠨᠧᠷᠢᠩ ᠠᠵᠢᠯ ᠲᠠᠭᠤᠰᠴᠠᠢ
ᠨᠡᠶᠢᠲᠡᠯᠡᠭᠰᠡᠨ ᠴᠠᠭ᠄
2020/12/7
      ᠦᠢᠷ᠎ᠠ ᠶᠢᠨ ᠡᠳᠦᠷ᠂ ᠡᠵᠡᠨ᠎ᠡ ᠬᠤᠰᠢᠭᠤᠨ ᠤ 2020 ᠣᠨ ᠤ ᠤᠤᠭᠤᠬᠤ ᠤᠰᠤᠨ ᠤ ᠠᠮᠤᠷ ᠲᠦᠪᠰᠢᠨ ᠢ ᠳᠡᠭᠡᠭᠰᠢᠯᠡᠭᠦᠯᠬᠦ ᠢᠨᠵᠧᠨᠧᠷᠢᠩ ᠠᠵᠢᠯ ᠲᠠᠭᠤᠰᠴᠦ᠂ ᠨᠠᠶᠢᠳᠠ 888 ᠲᠦᠮᠡᠨ ᠲᠥᠭᠦᠷᠢᠭ ᠤᠨ ᠪᠡᠯᠡ ᠮᠦᠡᠭᠬᠦ ᠶᠢ ᠡᠵᠡᠨ᠎ᠠ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠲᠥᠪᠯᠡᠷᠡᠭᠦᠯᠦᠨ ᠤᠰᠤ ᠬᠠᠩᠭᠠᠬᠤ ᠪᠠ ᠬᠢᠯᠢ ᠬᠢᠵᠠᠭᠠᠷ ᠣᠷᠣᠨ ᠤ ᠮᠠᠯᠴᠢᠨ ᠲᠠᠷᠢᠶᠠᠴᠢᠨ ᠡᠷᠦᠬᠡ ᠶᠢᠨ ᠤᠰᠤ ᠤᠮᠳᠠ ᠶᠢᠨ ᠶᠠᠰᠤ ᠴᠢᠨᠡᠷ ᠢ ᠲᠡᠬᠡᠭᠰᠢᠯᠡᠬᠦᠯᠬᠦ ᠢᠨᠵᠧᠨᠧᠷᠢᠩ ᠳᠤ ᠵᠠᠷᠤᠴᠠᠭᠤᠯᠤᠭᠰᠠᠨ ᠪᠠᠶᠢᠨ᠎ᠠ᠃       ᠪᠦᠷᠢᠳᠬᠡᠯ  ᠢ ᠦᠨᠳᠦᠰᠦᠯᠠᠪᠠᠯ᠂ ᠤᠰᠤᠨ  ᠤ ᠹᠯᠤᠷ  ᠠᠴᠠ ᠪᠤᠯᠤᠭᠰᠠᠨ ᠤᠷᠤᠨ ᠨᠤᠳᠤᠭ  ᠤᠨ ᠴᠢᠨᠡᠷᠳᠡᠢ ᠡᠪᠡᠳᠴᠢᠨ  ᠢ ᠰᠡᠷᠬᠡᠶᠢᠯᠡᠨ ᠵᠠᠰᠠᠬᠤ ᠢᠨᠵᠧᠨᠧᠷᠢᠩ  ᠤᠨ ᠶᠡᠷᠦᠩᠬᠡᠢ ᠪᠡᠯᠡ ᠣᠷᠣᠭᠤᠯᠤᠯᠲᠠ ᠨᠢ 550 ᠲᠦᠮᠡᠨ ᠲᠥᠭᠦᠷᠢᠭ  ᠲᠤ ᠬᠦᠷᠴᠦ᠂ ᠳ᠋ᠦᠩᠹᠧᠩ ᠪᠠᠯᠭᠠᠰᠤᠨ  ᠤ ᠭᠤᠷᠤᠨᠠᠢ ᠭᠠᠴᠠᠭ᠎ᠠ᠂ ᠤᠯᠠᠭᠠᠨᠨᠠᠭᠤᠷ ᠭᠠᠴᠠᠭ᠎ᠠ᠂ ᠮᠠᠽᠦ᠋ᠡᠭᠱᠠᠨ ᠰᠤᠮᠤᠨ  ᠤ ᠰᠤᠬᠠᠶᠢᠪᠤᠯᠠᠭ ᠭᠠᠴᠠᠭ᠎ᠠ᠂ ᠦᠡᠭᠳᠦᠭᠤᠤᠯ ᠰᠤᠮᠤᠨ  ᠤ ᠬᠡᠷᠡᠯᠲᠦ ᠭᠠᠴᠠᠭ᠎ᠠ᠂ ᠪᠠᠶᠠᠨᠭᠤᠣᠯ ᠭᠠᠴᠠᠭ᠎ᠠ᠂ ᠬᠠᠷ᠎ᠠ ᠪᠦᠷᠬᠦᠳ  ᠤᠨ ᠠᠭᠤᠯᠠ ᠪᠠᠯᠭᠠᠰᠤᠨ  ᠤ ᠤᠯᠠᠭᠠᠨ ᠠᠭᠤᠯᠠ ᠭᠠᠴᠠᠭᠠᠨ  ᠤ 377 ᠮᠠᠯᠴᠢᠨ ᠲᠠᠷᠢᠶᠠᠴᠢᠨ ᠡᠷᠦᠬᠡ  ᠳᠤ ᠤᠰᠤ ᠴᠡᠪᠡᠷᠰᠢᠭᠦᠯᠬᠦ ᠲᠥᠬᠦᠭᠡᠷᠦᠮᠵᠢ ᠤᠭᠰᠠᠷᠠᠵᠤ᠂ 52 ᠬᠤᠳᠳᠤᠭ  ᠢ ᠰᠢᠨ᠎ᠡ  ᠪᠠᠷ ᠥᠷᠥᠮᠳᠡᠨ᠂ 896 ᠮᠠᠯᠴᠢᠨ ᠲᠠᠷᠢᠶᠠᠴᠢᠨ  ᠳᠤ ᠪᠤᠳᠠᠲᠦ ᠠᠰᠢᠭ ᠬᠦᠷᠲᠡᠬᠡᠵᠠᠢ︔ ᠭᠠᠰᠢᠭᠤᠨ ᠱᠣᠷᠪᠣᠭ ᠤᠰᠤ  ᠶᠢ ᠰᠡᠷᠭᠡᠶᠢᠯᠡᠨ ᠵᠠᠰᠠᠬᠤ ᠢᠨᠵᠧᠨᠧᠷᠢᠩ  ᠤᠨ ᠲᠥᠷᠦᠯ ᠵᠦᠢᠯ  ᠤᠨ ᠶᠡᠷᠦᠩᠬᠡᠢ ᠪᠡᠯᠡ ᠣᠷᠣᠭᠤᠯᠤᠯᠲᠠ  ᠨᠢ 188 ᠲᠦᠮᠡᠨ ᠲᠥᠭᠦᠷᠢᠭ  ᠲᠤ ᠬᠦᠷᠴᠦ᠂ ᠰᠤᠪᠨᠠᠭᠤᠷ ᠰᠤᠮᠤᠨ  ᠤ ᠢᠪᠠᠤᠲᠦ ᠭᠠᠴᠠᠭ᠎ᠠ᠂ ᠴᠡᠭᠡ ᠭᠠᠴᠠᠭ᠎ᠠ᠂ ᠪᠠᠶᠠᠨᠲᠣᠤᠷᠠᠶ ᠰᠤᠮᠤᠨ  ᠤ ᠤᠡᠭᠭᠤᠴᠠ  ᠶᠢᠨ ᠲᠣᠤᠷᠠᠶ ᠭᠠᠴᠠᠭ᠎ᠠ᠂ ᠬᠤᠨᠢᠨᠭᠦ᠋ᠪ ᠭᠠᠴᠠᠭ᠎ᠠ᠂ ᠲᠦᠢᠷᠡᠮ  ᠤᠨ ᠲᠣᠤᠷᠠᠶ ᠭᠠᠴᠠᠭ᠎ᠠ᠂ ᠡᠬᠢᠨᠬᠤᠰᠢᠭᠤᠷᠠ ᠭᠠᠴᠠᠭ᠎ᠠ᠂ ᠵᠢᠷᠭᠠᠯᠠᠩᠲᠤ ᠭᠠᠴᠠᠭᠠᠨ  ᠳᠤ ᠤᠰᠤ ᠬᠠᠩᠭᠠᠬᠤ 8 ᠭᠠᠵᠡᠷ  ᠢ ᠰᠢᠨ᠎ᠡ   ᠪᠠᠷ ᠪᠠᠶᠢᠭᠤᠯᠵᠤ᠂ ᠤᠰᠤ ᠬᠠᠩᠭᠠᠬᠤ ᠬᠤᠶᠠᠷ ᠲᠡᠷᠭᠡ ᠲᠣᠬᠢᠷᠠᠭᠤᠯᠤᠨ᠂ 324 ᠡᠷᠦᠬᠡ  ᠶᠢᠨ 771 ᠮᠠᠯᠴᠢᠨ ᠲᠠᠷᠢᠶᠠᠴᠢᠨ  ᠳᠤ ᠠᠰᠢᠭ ᠬᠦᠷᠳᠡᠬᠡᠵᠡᠢ︔ ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠳᠠ   ᠶᠢᠨ ᠤᠰᠤ ᠤᠮᠳᠠ ᠶᠢᠨ ᠠᠮᠤᠷ ᠲᠦᠪᠰᠢᠨ  ᠢ ᠪᠠᠳᠤᠳᠬᠠᠨ ᠰᠠᠶᠢᠵᠢᠷᠠᠭᠤᠯᠬᠤ ᠢᠨᠵᠧᠨᠧᠷᠢᠩ  ᠤᠨ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ  ᠨᠢ 150 ᠲᠦᠮᠡᠨ ᠲᠥᠭᠦᠷᠢᠭ  ᠲᠤ ᠬᠦᠷᠴᠦ᠂ ᠰᠤᠪᠨᠠᠭᠤᠷ ᠰᠤᠮᠤ᠂ ᠪᠠᠶᠠᠨᠲᠣᠤᠷᠠᠶ ᠰᠤᠮᠤ᠂ ᠰᠠᠶᠢᠬᠠᠨᠲᠣᠤᠷᠠᠶ ᠰᠤᠮᠤ᠂ ᠳ᠋ᠦᠩᠹᠧᠩ ᠪᠠᠯᠭᠠᠰᠤ᠂ ᠬᠠᠷ᠎ᠠ ᠪᠦᠷᠬᠦᠳ  ᠤᠨ ᠠᠭᠤᠯᠠ ᠪᠠᠯᠭᠠᠰᠤ ᠵᠡᠷᠭᠡ 9 ᠭᠠᠵᠠᠷ  ᠤᠨ ᠤᠰᠤ ᠬᠠᠩᠭᠠᠬᠤ ᠲᠣᠨᠤᠭ ᠲᠥᠬᠦᠭᠡᠷᠦᠮᠵᠢ  ᠶᠢ ᠰᠡᠯᠪᠢᠨ ᠵᠠᠰᠠᠵᠤ᠂ ᠠᠮᠢᠳᠤᠷᠠᠯ ᠬᠦᠴᠢᠷᠳᠡᠯᠳᠡᠢ 128 ᠡᠷᠦᠬᠡ  ᠳᠤ ᠤᠰᠤ ᠴᠡᠪᠡᠷᠰᠢᠬᠦᠯᠬᠦ ᠲᠦᠬᠦᠬᠡᠷᠦᠮᠵᠢ ᠤᠭᠰᠠᠷᠠᠨ᠂ 194 ᠡᠷᠦᠬᠡ ᠶᠢᠨ 485 ᠮᠠᠯᠴᠢᠨ ᠲᠠᠷᠢᠶᠠᠴᠢᠨ  ᠳᠤ ᠠᠰᠢᠭ ᠬᠦᠷᠳᠡᠬᠡᠭᠰᠡᠨ ᠪᠠᠶᠢᠨ᠎ᠠ᠃       ᠡᠵᠡᠨ᠎ᠡ ᠬᠤᠰᠢᠭᠤ 2020 ᠣᠨ ᠤ ᠤᠰᠤ ᠤᠮᠳᠠ ᠶᠢᠨ ᠠᠮᠤᠷ ᠲᠦᠪᠰᠢᠨ ᠢ ᠪᠠᠳᠤᠳᠬᠠᠨ ᠰᠠᠶᠢᠵᠢᠷᠠᠭᠤᠯᠬᠤ ᠢᠨᠵᠧᠨᠧᠷᠢᠩ ᠤᠨ ᠲᠥᠷᠥᠯ ᠵᠦᠢᠯ ᠢ ᠬᠡᠷᠡᠭᠵᠢᠭᠦᠯᠬᠦ ᠪᠠᠷ ᠲᠠᠮᠵᠢᠨ᠂ ᠮᠠᠯᠴᠢᠨ ᠲᠠᠷᠢᠶᠠᠴᠢᠳ ᠤᠨ ᠦᠢᠯᠡᠳᠪᠦᠷᠢᠯᠡᠯ ᠠᠮᠢᠳᠤᠷᠠᠯ ᠤᠨ ᠶᠠᠰᠤ ᠴᠢᠨᠡᠷ ᠢ ᠲᠡᠬᠡᠭᠰᠢᠯᠡᠬᠦᠯᠵᠦ᠂ ᠤᠯᠠᠨ ᠲᠦᠮᠡᠨ ᠤ ᠵᠤᠯ ᠵᠢᠷᠭᠠᠯᠲᠦ ᠲᠦᠷᠦᠭᠳᠡᠯ ᠢ ᠨᠡᠮᠡᠭᠳᠡᠬᠦᠯᠬᠦ ᠶᠢᠨ ᠬᠠᠮᠲᠦ᠂ ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠳᠠ ᠶᠢᠨ ᠢᠯᠠᠯᠲᠠ ᠶᠢ ᠤᠯᠬᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ᠂ ᠬᠢᠯᠢ ᠬᠢᠵᠠᠭᠠᠷ ᠤᠨ ᠲᠣᠭᠲᠠᠭᠤᠨ ᠢ ᠪᠠᠳᠤᠳᠬᠠᠬᠤ ᠳᠤ ᠬᠦᠴᠤᠳᠤ ᠪᠠᠲᠤᠯᠠᠭ᠎ᠠ ᠬᠠᠩᠭᠠᠭᠰᠠᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号