ᠠᠯᠠᠱᠠ ᠠᠶᠢᠮᠠᠭ 2020 ᠣᠨ ᠤ ᠵᠢᠷᠭᠤᠳᠤᠭᠠᠷ ᠬᠤᠭᠤᠴᠠᠭᠠᠨ ᠤ ︽ᠠᠯᠠᠱᠠ ᠶᠢᠨ ᠺᠠᠳ᠋ᠷᠴᠤᠳ ᠤᠨ ᠬᠢᠴᠢᠶᠠᠯ ᠤᠨ ᠲᠠᠩᠬᠢᠮ︾ ᠵᠢᠴᠢ ᠡᠵᠡᠩᠨᠡᠨ ᠠᠷᠠᠯᠵᠢᠶᠠᠯᠠᠬᠤ ᠣᠷᠴᠢᠨ ᠨᠦᠬᠦᠴᠠᠯ ᠢ ᠰᠢᠯᠢᠳᠡᠭᠵᠢᠭᠦᠯᠬᠦ ᠳᠣᠬᠠᠢ ᠲᠤᠰᠬᠠᠶ ᠰᠡᠳᠦᠪᠲᠦ ᠲᠠᠶᠢᠯᠤᠮᠵᠢ ᠶᠢ ᠡᠷᠬᠢᠯᠡᠵᠠᠢ
ᠨᠡᠶᠢᠲᠡᠯᠡᠭᠰᠡᠨ ᠴᠠᠭ᠄
2020/12/7
      12 ᠰᠠᠷ᠎ᠠ ᠶᠢᠨ 2 ᠤᠨ ᠡᠳᠦᠷ᠂ ᠮᠠᠨ ᠤ ᠠᠶᠢᠮᠠᠭ 2020 ᠣᠨ ᠤ ᠵᠢᠷᠭᠤᠳᠤᠭᠠᠷ ᠬᠤᠭᠤᠴᠠᠭᠠᠨ ᠤ ︽ᠠᠯᠠᠱᠠ ᠶᠢᠨ ᠺᠡᠳ᠋ᠷᠴᠤᠳ ᠤᠨ ᠬᠢᠴᠢᠶᠠᠯ ᠤᠨ ᠲᠠᠩᠬᠢᠮ︾ ᠵᠢᠴᠢ ᠡᠵᠡᠩᠨᠡᠨ ᠠᠷᠠᠯᠵᠢᠶᠠᠯᠠᠬᠤ ᠣᠷᠴᠢᠨ ᠨᠦᠬᠦᠴᠠᠯ ᠢ ᠰᠢᠯᠢᠳᠡᠭᠵᠢᠭᠦᠯᠬᠦ ᠳᠣᠬᠠᠢ ᠲᠤᠰᠬᠠᠶ ᠰᠡᠳᠦᠪᠲᠦ ᠲᠠᠶᠢᠯᠤᠮᠵᠢ ᠶᠢ ᠡᠷᠭᠢᠯᠡᠵᠦ᠂ ᠲᠠᠶᠢᠴᠢᠨ᠂ ᠸᠠᠩ ᠸᠧᠶ ᠳ᠋ᠦᠩ᠂ ᠯᠦ ᠯᠢ ᠮᠢᠩ᠂ ᠬᠤᠸᠠᠩ ᠪᠠᠭᠠᠲᠤᠷ ᠵᠡᠷᠭᠡ ᠠᠶᠢᠮᠠᠭ ᠤᠨ ᠤᠳᠤᠷᠢᠳᠤᠯᠭ᠎ᠠ ᠲᠠᠶᠢᠯᠤᠮᠵᠢ ᠳᠤ ᠣᠷᠣᠯᠴᠠᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠢᠨ ᠰᠢᠶᠤᠤ ᠷᠦᠢ ᠬᠤᠷᠠᠯ ᠢ ᠡᠷᠬᠢᠯᠡᠵᠠᠢ᠃       ᠲᠥᠷᠥ ᠶᠢᠨ ᠶᠠᠪᠤᠳᠠᠯ ᠤᠨ ᠬᠤᠷᠢᠶᠠᠨ ᠤ ᠬᠥᠭᠵᠢᠭᠦᠯᠦᠯᠲᠡ ᠶᠢᠨ ᠰᠤᠳᠤᠯᠭᠠᠨ ᠤ ᠲᠥᠪ ᠤᠨ ᠠᠵᠤ ᠠᠬᠤᠶᠢᠯᠠᠯ ᠤᠨ ᠬᠦᠭᠵᠢᠯᠳᠠ ᠶᠢ ᠰᠤᠳᠤᠯᠬᠤ ᠭᠠᠵᠠᠷ ᠤᠨ ᠳᠡᠳ᠋ ᠱᠦᠵᠢ᠂ ᠳᠡᠳ᠋ ᠳᠠᠷᠤᠭ᠎ᠠ ᠶᠤᠸᠠᠨ ᠳ᠋ᠦᠩ ᠮᠢᠩ ᠨᠦᠬᠦᠷ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠠᠬᠤᠶ ᠪᠠᠶᠢᠳᠠᠯ ᠳᠠᠬᠢ ᠡᠵᠡᠩᠨᠡᠨ ᠠᠷᠠᠯᠵᠢᠶᠠᠯᠠᠬᠤ ᠤᠷᠴᠢᠨ ᠨᠦᠬᠦᠴᠠᠯ ᠢ ᠬᠡᠷᠬᠢᠨ ᠰᠢᠯᠢᠳᠡᠭᠵᠢᠭᠦᠯᠵᠦ᠂ ᠴᠢᠨᠠᠷ ᠰᠠᠶᠢᠲᠠᠶ ᠬᠥᠭᠵᠢᠯᠲᠡ ᠶᠢ ᠬᠡᠷᠬᠢᠨ ᠠᠬᠢᠭᠤᠯᠬᠤ ᠲᠤᠬᠠᠢ︾ ᠭᠡᠬᠦ ᠰᠡᠳᠦᠪ ᠢᠶᠠᠷ ᠲᠤᠰᠬᠠᠶ ᠲᠠᠶᠢᠯᠤᠮᠵᠢ ᠬᠢᠪᠠ᠃ ᠶᠤᠸᠠᠨ ᠳ᠋ᠦᠩ ᠮᠢᠩ ᠭᠤᠣᠯᠳᠠᠭᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ᠂ ᠡᠵᠡᠩᠨᠡᠨ ᠠᠷᠠᠯᠵᠢᠶᠠᠯᠠᠬᠤ ᠤᠷᠴᠢᠨ ᠨᠦᠬᠦᠴᠠᠯ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠬᠦᠨᠵᠡᠬᠡᠢ ᠰᠤᠳᠤᠯᠭ᠎ᠠ ᠦᠷᠨᠢᠬᠦᠯᠵᠦ᠂ ᠣᠶᠢᠷ᠎ᠠ ᠶᠢᠨ ᠬᠡᠳᠦᠨ ᠵᠢᠯ ᠳᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠲᠤᠰᠢᠶᠠᠭᠰᠠᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ᠂ ᠡᠵᠡᠩᠨᠡᠨ ᠠᠷᠠᠯᠵᠢᠶᠠᠯᠠᠬᠤ ᠤᠷᠴᠢᠨ ᠨᠦᠬᠦᠴᠠᠯ ᠵᠡᠷᠭᠡ ᠲᠠᠯ᠎ᠠ ᠶᠢᠨ ᠰᠤᠳᠤᠯᠭᠠᠨ ᠪᠣᠯᠤᠨ ᠭᠤᠷᠪᠠᠳᠠᠬᠢ ᠡᠲᠡᠭᠡᠳ ᠤᠨ ᠦᠨᠡᠯᠡᠯᠲᠡ ᠶᠢᠨ ᠡᠭᠦᠷᠭᠡ ᠶᠢ ᠪᠠᠶᠠᠯᠠᠬᠦᠯᠵᠤ᠂ ᠤᠯᠠᠨ ᠵᠦᠢᠯ ᠤᠨ ᠰᠤᠳᠤᠯᠭᠠᠨ ᠤ ᠦᠷ᠎ᠡ ᠪᠦᠲᠦᠭᠡᠯ ᠨᠢ ᠲᠥᠪ ᠤᠨ ᠤᠳᠤᠷᠢᠳᠤᠯᠭ᠎ᠠ ᠶᠢᠨ ᠴᠣᠬᠤᠯᠠᠪᠤᠷᠢ ᠶᠢ ᠬᠦᠷᠳᠡᠵᠦ ᠦᠡᠭᠬᠡᠷᠡᠭᠰᠡᠨ ᠪᠠᠶᠢᠨ᠎ᠠ᠃       ᠶᠤᠸᠠᠨ ᠳ᠋ᠦᠩ ᠮᠢᠩ ︽ᠡᠵᠡᠩᠨᠡᠨ ᠠᠷᠠᠯᠵᠢᠶᠠᠯᠠᠬᠤ ᠤᠷᠴᠢᠨ ᠨᠦᠬᠦᠴᠠᠯ ᠤᠨ ᠲᠤᠬᠠᠶ ᠲᠠᠨᠢᠯᠲᠠ᠂ ᠡᠯ᠎ᠡ ᠭᠠᠵᠠᠷ ᠤᠨ ᠬᠢᠨ ᠤ ︿ᠡᠵᠡᠩᠨᠡᠨ ᠠᠷᠠᠯᠵᠢᠶᠠᠯᠠᠬᠤ ᠤᠷᠴᠢᠨ ᠨᠦᠬᠦᠴᠠᠯ ᠢ ᠰᠢᠯᠢᠳᠡᠭᠵᠢᠬᠦᠯᠬᠦ ᠳᠦᠷᠢᠮ﹀ ᠢ ᠨᠠᠶᠢᠳᠠᠪᠣᠷᠢᠵᠢᠭᠤᠯᠣᠭᠰᠠᠨ ᠦᠢᠯᠡᠳᠦᠯᠭᠡ᠂ ︿ᠠᠷᠪᠠᠨ ᠳᠥᠷᠪᠡᠳᠦᠭᠡᠷ ᠲᠠᠪᠤᠨ ᠵᠢᠯ ﹀ ᠤᠨ ᠠᠬᠤᠶ ᠪᠠᠶᠢᠳᠠᠯ ᠳᠠᠬᠢ ᠡᠵᠡᠩᠨᠡᠨ ᠠᠷᠠᠯᠵᠢᠶᠠᠯᠠᠬᠤ ᠣᠷᠴᠢᠨ ᠨᠦᠬᠦᠴᠠᠯ ᠢ ᠰᠢᠯᠢᠳᠡᠭᠵᠢᠭᠦᠯᠬᠦ ᠳᠣᠬᠠᠢ ᠰᠠᠨᠠᠭᠤᠯᠭ᠎ᠠ︾ ᠵᠡᠷᠭᠡ ᠭᠤᠷᠪᠠᠨ ᠲᠠᠯ᠎ᠠ ᠠᠴᠠ᠂ ᠣᠯᠠᠨ ᠳᠤ ᠭᠦᠨᠵᠡᠭᠡᠶ ᠪᠥᠭᠡᠳ ᠰᠢᠰᠲ᠋ᠧᠮ ᠲᠠᠢ᠂ ᠪᠦᠬᠦ ᠲᠠᠯ᠎ᠠ ᠪᠠᠷ ᠨᠠᠷᠢᠨ ᠨᠢᠮᠪᠠᠶ ᠳᠠᠶᠢᠯᠪᠣᠷᠢᠯᠠᠵᠦ᠂ ᠲᠠᠶᠢᠯᠤᠮᠵᠢ ᠶᠢᠨ ᠠᠭᠤᠯᠭ᠎ᠠ ᠨᠢ ᠡᠯᠪᠡᠭ ᠪᠠᠶᠠᠯᠢᠭ᠂ ᠦᠯᠢᠬᠡᠷ ᠵᠢᠱᠢᠶ᠎ᠠ ᠨᠢ ᠨᠠᠷᠢᠨ ᠲᠣᠳᠣᠷᠬᠠᠶ᠂ ᠦᠵᠡᠯ ᠰᠠᠨᠠᠭ᠎ᠠ ᠨᠢ ᠭᠦᠨ ᠭᠦᠨᠵᠡᠭᠡᠶ᠂ ᠵᠢᠯᠣᠭᠤᠳᠬᠤ ᠴᠢᠨᠠᠷ᠂ ᠬᠠᠨᠳᠤᠯᠭᠠᠲᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠴᠢᠩᠭ᠎ᠠ ᠪᠤᠯᠵᠠᠢ᠃ ᠤᠯᠠᠨ ᠢᠶᠠᠷ ᠢᠶᠠᠨ᠂ ᠶᠡᠷᠦᠩᠬᠡᠢ ᠱᠦᠵᠢ ᠰᠢ ᠶᠢᠨ ᠫᠢᠩ ᠤᠨ ᠡᠵᠡᠩᠨᠡᠨ ᠠᠷᠠᠯᠵᠢᠶᠠᠯᠠᠬᠤ ᠣᠷᠴᠢᠨ ᠨᠦᠬᠦᠴᠠᠯ ᠢ ᠰᠢᠯᠢᠳᠡᠭᠵᠢᠭᠦᠯᠬᠦ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠤᠢᠢᠯᠠᠭᠠᠨ ᠣᠨᠣᠪᠴᠢᠲᠠᠢ ᠡᠵᠡᠮᠰᠢᠬᠦ ᠪᠠ ︽ᠡᠵᠡᠩᠨᠡᠨ ᠠᠷᠠᠯᠵᠢᠶᠠᠯᠠᠬᠤ ᠣᠷᠴᠢᠨ ᠨᠦᠬᠦᠴᠠᠯ ᠢ ᠰᠢᠯᠢᠳᠡᠭᠵᠢᠭᠦᠯᠬᠦ ᠲᠦᠷᠢᠮ︾ ᠢ ᠳᠣᠣᠱᠯᠠᠭᠤᠯᠣᠨ ᠨᠠᠶᠢᠳᠠᠪᠤᠷᠢᠵᠢᠭᠤᠯᠬᠤ ᠳᠤ ᠲᠤᠩ ᠰᠠᠶᠢᠨ ᠤᠨᠤᠯ ᠤᠨ ᠵᠢᠯᠤᠭᠤᠳᠤᠯᠭ᠎ᠠ ᠪᠠ ᠦᠢᠯᠡᠳᠦᠯᠭᠡ ᠶᠢᠨ ᠰᠡᠩᠬᠡᠷᠡᠭᠦᠯᠦᠯ ᠬᠠᠩᠭᠠᠪᠠ ᠬᠡᠵᠦ ᠦᠵᠡᠵᠡᠬᠡᠪᠡ᠃       ᠬᠤᠷᠠᠯ ᠠᠴᠠ᠂ ᠡᠯ᠎ᠡ ᠬᠤᠰᠢᠭᠤ ᠨᠡᠭᠡᠭᠡᠯᠳᠡ ᠶᠢᠨ ᠤᠷᠤᠨ ᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠡᠵᠡᠩᠨᠡᠨ ᠠᠷᠠᠯᠵᠢᠶᠠᠯᠠᠬᠤ ᠤᠷᠴᠢᠨ ᠨᠦᠬᠦᠴᠠᠯ ᠢ ᠰᠢᠯᠢᠳᠡᠭᠵᠢᠭᠦᠯᠬᠦ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠠᠶᠢᠮᠠᠭ ᠤᠨ ᠨᠠᠮ ᠤᠨ ᠬᠤᠷᠢᠶᠠᠨ ᠤ ᠡᠵᠡᠩᠨᠡᠨ ᠠᠷᠠᠯᠵᠢᠶᠠᠯᠠᠬᠤ ᠤᠷᠴᠢᠨ ᠨᠦᠬᠦᠴᠠᠯ ᠢ ᠰᠢᠯᠢᠳᠡᠭᠵᠢᠭᠦᠯᠬᠦ ᠲᠤᠬᠠᠶ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠬᠢᠨᠠᠮᠠᠭᠠᠶ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠡᠵᠡᠩᠨᠡᠨ ᠠᠷᠠᠯᠵᠢᠶᠠᠯᠠᠬᠤ ᠣᠷᠴᠢᠨ ᠨᠦᠬᠦᠴᠠᠯ ᠢ ᠰᠢᠯᠢᠳᠡᠭᠵᠢᠭᠦᠯᠬᠦ ᠶᠠᠪᠤᠳᠠᠯ ᠢ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠨ᠂ ᠠᠵᠤ ᠦᠢᠯᠡᠰ ᠤᠨ ᠠᠵᠤ ᠠᠬᠤᠶ ᠶᠢ ᠬᠥᠭᠵᠢᠭᠦᠯᠬᠦ ᠪᠠᠷ ᠭᠤᠤᠯ ᠴᠢᠭᠯᠡᠯ ᠪᠣᠯᠭᠠᠭᠰᠠᠨ ᠠᠵᠤ ᠦᠢᠯᠡᠰ ᠤᠨ ᠲᠥᠯᠥᠪᠵᠢᠭᠦᠯᠭᠡ ᠶᠢᠨ ᠰᠢᠰᠲ᠋ᠧᠮᠵᠢ᠂ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠬᠤ ᠰᠢᠰᠲ᠋ᠧᠮᠵᠢ᠂ ᠣᠯᠠᠨ ᠨᠡᠶᠢᠲᠡ ᠶᠢᠨ ᠦᠢᠯᠡᠴᠢᠯᠡᠬᠡᠨ ᠤ ᠰᠢᠰᠲ᠋ᠧᠮᠵᠢ ᠪᠣᠯᠤᠨ ᠰᠠᠭᠤᠷᠢ  ᠳᠦᠭᠦᠭᠡᠷᠦᠮᠵᠢ ᠶᠢᠨ ᠲᠣᠤᠷᠵᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠳᠠ ᠶᠢ ᠲᠠᠰᠤᠷᠠᠯᠲᠠ ᠤᠢᠭᠡᠢ ᠭᠦᠨᠵᠡᠭᠡᠶᠢᠷᠡᠭᠦᠯᠬᠦ ᠬᠡᠷᠡᠭᠳᠡᠢ᠃ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠡᠷᠬᠡ ᠶᠢᠨ ︽ᠬᠠᠰᠤᠬᠤ ᠠᠷᠭ᠎ᠠ︾ ᠶᠢ ᠠᠵᠤ ᠠᠬᠤᠶᠢᠯᠠᠯ ᠤᠨ ︽ᠨᠡᠮᠡᠬᠦ ᠠᠷᠭ᠎ᠠ︾ ᠪᠣᠯᠤᠨ ᠵᠠᠬ᠎ᠠ ᠳᠡᠯᠭᠡᠭᠦᠷ ᠤᠨ ︽ᠦᠷᠡᠵᠢᠭᠦᠯᠬᠦ ᠠᠷᠭ᠎ᠠ︾ ᠪᠤᠯᠭᠠᠨ ᠬᠤᠪᠢᠷᠠᠭᠤᠯᠵᠦ᠂ ᠦᠢᠯᠡᠴᠢᠯᠡᠭᠡᠨ ᠤ ᠠᠵᠤ ᠠᠬᠤᠶᠢᠯᠠᠯ᠂ ᠦᠢᠯᠡᠴᠢᠯᠡᠭᠡᠨ ᠤ ᠲᠥᠷᠥᠯ ᠵᠦᠢᠯ ᠤᠨ ︽ᠰᠠᠶᠢᠨ ᠦᠢᠯᠡᠴᠢᠯᠡᠭᠴᠢ︾ ᠪᠣᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠵᠤᠬᠢᠴᠠᠭᠤᠯᠵᠦ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠤᠷᠢᠯᠡᠨ᠂ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠦ᠂ ᠦᠢᠯᠡᠴᠢᠯᠡᠭᠡ ᠨᠢ ᠨᠡᠩ ᠰᠢᠯᠢᠳᠡᠭ᠂ ᠥᠪᠡᠷ ᠤᠨ ᠦᠷᠳᠡᠭ ᠨᠢ ᠨᠡᠩ ᠳᠣᠣᠷ᠎ᠠ᠂ ᠦᠷ᠎ᠡ ᠪᠦᠲᠦᠮᠵᠢ ᠨᠢ ᠨᠡᠩ ᠥᠨᠳᠥᠷ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠬᠦᠴᠦᠯᠡᠨ ᠪᠤᠢ ᠪᠣᠯᠭᠠᠬᠤ ᠬᠡᠷᠡᠭᠳᠡᠢ ᠬᠡᠵᠦ ᠱᠠᠭᠠᠷᠳᠠᠪᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号