ᠠᠯᠠᠱᠠ ᠠᠶᠢᠮᠠᠭ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2020/12/7
      ᠤᠷᠴᠢᠮ ᠤᠨ ᠵᠢᠯ ᠠᠴᠠ᠂ ᠮᠠᠨ ᠤ ᠠᠶᠢᠮᠠᠭ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠢᠳᠡᠪᠬᠢᠲᠡᠶ ᠳᠣᠣᠱᠯᠠᠭᠤᠯᠵᠦ᠂ ᠠᠵᠢᠯ ᠤᠨ ᠡᠷᠴᠢᠮ ᠢᠶᠠᠨ ᠴᠢᠩᠭᠠᠳᠬᠠᠨ᠂ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠤᠨ᠂ ᠬᠠᠳᠤᠨ ᠭᠤᠣᠯ ᠤᠨ ᠰᠠᠪᠠ ᠭᠠᠵᠠᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠭᠰᠠᠭᠠᠷ ᠢᠷᠡᠭᠰᠡᠨ ᠪᠠᠶᠢᠨ᠎ᠠ᠃       ᠡᠨᠡ ᠵᠢᠯ ᠠᠴᠠ ᠨᠠᠰᠢ᠂ ᠮᠠᠨ ᠤ ᠠᠶᠢᠮᠠᠭ ︽ᠠᠯᠠᠱᠠ ᠠᠶᠢᠮᠠᠭ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠵᠢᠭᠦᠯᠬᠦ ᠠᠷᠭ᠎ᠠ ᠠᠪᠴᠠᠯ︾ ᠪᠤᠯᠤᠨ   ︽ᠠᠯᠠᠱᠠ ᠠᠶᠢᠮᠠᠭ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠲᠥᠯᠥᠪᠵᠢᠭᠦᠯᠭᠡ︾ ᠶᠢ ᠲᠤᠭᠤᠷᠪᠢᠨ ᠨᠠᠶᠢᠷᠠᠭᠤᠯᠬᠤ ᠠᠵᠢᠯ ᠢᠶᠠᠨ ᠡᠬᠢᠯᠡᠬᠦᠯᠬᠦ ᠶᠢᠨ ᠬᠠᠮᠲᠦ᠂ ᠮᠠᠨ ᠤ ᠠᠶᠢᠮᠠᠭ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ 94 ᠭᠤᠤᠯᠳᠠᠯᠭ᠎ᠠ ᠲᠠᠢ ᠲᠥᠷᠥᠯ ᠵᠦᠢᠯ ᠢ ᠳᠡᠭᠡᠭᠰᠢ ᠮᠡᠳᠡᠭᠦᠯᠵᠠᠢ᠃ ᠡᠭᠦᠨ ᠳᠤ᠂ ᠠᠮᠢ ᠠᠬᠤᠶ ᠶᠢᠨ ᠣᠷᠴᠢᠨ ᠲᠣᠭᠤᠷᠢᠨ ᠤ 15 ᠲᠦᠷᠦᠯ ᠵᠦᠢᠯ᠂ ᠤᠰᠤᠨ ᠠᠰᠢᠭᠯᠠᠯᠲᠠ ᠶᠢᠨ 15 ᠲᠦᠷᠦᠯ ᠵᠦᠢᠯ᠂ ᠰᠣᠶᠣᠯ ᠵᠢᠭᠤᠯᠴᠢᠯᠠᠯ ᠤᠨ 11 ᠲᠦᠷᠦᠯ ᠵᠦᠢᠯ᠂ ᠰᠠᠭᠤᠷᠢ ᠪᠦᠲᠦᠬᠡᠨ ᠪᠠᠶᠢᠭᠤᠯᠤᠯᠳᠠ ᠶᠢᠨ 8 ᠲᠦᠷᠦᠯ ᠵᠦᠢᠯ᠂ ᠴᠢᠨᠠᠷ ᠰᠠᠶᠢᠲᠠᠶ ᠬᠥᠭᠵᠢᠯᠲᠡ ᠶᠢᠨ 45 ᠲᠦᠷᠦᠯ ᠵᠦᠢᠯ ᠪᠠᠭᠳᠠᠵᠦ ᠪᠤᠢ᠃       ᠲᠠᠷᠠᠭᠠᠴᠢ ᠶᠢᠨ ᠠᠯᠬᠤᠮ ᠳᠤ᠂ ᠮᠠᠨ ᠤ ᠠᠶᠢᠮᠠᠭ ᠰᠢᠨ᠎ᠠ ᠬᠥᠭᠵᠢᠯᠳᠡ ᠶᠢᠨ ᠤᠢᠢᠯᠠᠭᠠᠬᠳᠠᠬᠤᠨ ᠢ ᠬᠥᠨᠵᠡᠭᠡᠢ ᠳᠣᠣᠱᠯᠠᠭᠤᠯᠣᠨ᠂ ᠠᠮᠢ ᠠᠬᠤᠢ ᠶᠢᠨ ᠬᠤᠷᠢᠭ᠎ᠠ ᠱᠤᠭᠤᠮ ᠢ ᠪᠠᠳᠤ ᠰᠠᠬᠢᠬᠤ︔ ᠪᠠᠶᠢᠭᠠᠯᠢ ᠶᠢᠨ ᠵᠢᠮ᠎ᠡ ᠶᠣᠰᠣ ᠪᠠ ᠪᠤᠰᠤᠳᠴᠢ ᠵᠢᠮ᠎ᠡ ᠶᠣᠰᠣ ᠶᠢ ᠵᠢᠷᠤᠮᠯᠠᠨ᠂ ᠠᠷᠪᠢᠯᠠᠨ ᠭᠠᠮᠨᠠᠬᠤ ᠶᠢ ᠲᠡᠷᠢᠭᠦᠨ ᠳᠤ ᠲᠠᠯᠪᠢᠬᠤ ᠪᠠ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠬᠤ︔ ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠢ ᠶᠡᠷᠦᠩᠬᠡᠶᠢᠯᠡᠨ ᠵᠠᠰᠠᠬᠤ᠂ ᠰᠢᠰᠲ᠋ᠧᠮ ᠲᠠᠢ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠬᠤ︔ ᠵᠠᠰᠠᠭ ᠤᠨ ᠣᠷᠳᠣᠨ᠂ ᠠᠵᠤ ᠠᠬᠤᠶᠢᠯᠠᠯ ᠪᠠ ᠨᠡᠶᠢᠭᠡᠮ ᠤᠨ ᠢᠳᠡᠪᠬᠢ ᠦᠢᠯᠡᠳᠦᠯ ᠢ ᠪᠠᠳᠠᠷᠠᠭᠤᠯᠬᠤ︔ ᠬᠠᠲᠤᠨ ᠭᠤᠤᠯ ᠤᠨ ᠤᠰᠤᠨ ᠤ ᠡᠬᠢ ᠪᠠᠶᠠᠯᠢᠭ ᠢ ᠵᠤᠬᠢᠰᠳᠡᠢ ᠠᠰᠢᠭᠯᠠᠬᠤ︔ ᠬᠠᠳᠤᠨ ᠭᠤᠤᠯ ᠤᠨ ᠰᠤᠶᠤᠯ ᠢ ᠬᠠᠮᠠᠭᠠᠯᠠᠬᠤ ᠪᠠ ᠤᠯᠠᠮᠵᠢᠯᠠᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠣᠷᠣᠨ ᠵᠠᠶ ᠶᠢᠨ ᠪᠠᠶᠢᠷᠢᠰᠢᠯ᠂ ᠠᠵᠤ ᠦᠢᠯᠡᠰ ᠤᠨ ᠪᠦᠲᠦᠴᠡ᠂  ᠦᠢᠯᠡᠳᠪᠦᠷᠢᠯᠡᠯ ᠤᠨ ᠬᠡᠯᠪᠡᠷᠢ ᠪᠤᠯᠤᠨ ᠠᠮᠢᠳᠤᠷᠠᠯ ᠤᠨ ᠬᠡᠯᠪᠡᠷᠢ ᠶᠢ ᠪᠦᠷᠢᠯᠳᠦᠬᠦᠯᠦᠨ ᠲᠡᠬᠦᠯᠳᠡᠷᠵᠢᠬᠦᠯᠬᠦ ᠵᠡᠷᠭᠡ ᠠᠵᠢᠯ ᠢ ᠬᠢᠬᠦ ᠪᠠᠷ ᠪᠤᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号