ᠠᠯᠠᠱᠠ ᠵᠡᠭᠦᠨ ᠬᠤᠰᠢᠭᠤ ᠣᠵᠢᠭ ᠡᠪᠡᠳᠴᠢᠨ ᠤ ᠡᠮ ᠡᠮᠨᠡᠯᠭᠡ ᠶᠢᠨ ᠳᠠᠭᠠᠳᠬᠠᠯ ᠤᠨ ᠲᠠᠩᠰᠠᠯᠠᠯᠲᠠ ᠶᠢ ᠳᠦᠷᠭᠡᠳᠬᠡᠪᠡ
ᠨᠡᠶᠢᠲᠡᠯᠡᠭᠰᠡᠨ ᠴᠠᠭ᠄
2020/12/8
       ︽ᠠᠷᠪᠠᠨ ᠭᠤᠷᠪᠠᠲᠤᠭᠠᠷ ᠲᠠᠪᠤᠨ ᠵᠢᠯ︾ ᠠᠴᠠ ᠨᠠᠰᠢ᠂ ᠠᠯᠠᠱᠠ ᠵᠡᠭᠦᠨ ᠬᠤᠰᠢᠭᠤ ᠣᠵᠢᠭ ᠡᠪᠡᠳᠴᠢᠨ ᠤ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠤᠨ ᠳᠠᠩᠰᠠ ᠴᠠᠶᠢᠷᠠᠭᠤᠯᠬᠤ ᠶᠢ ᠳᠦᠷᠭᠡᠳᠬᠡᠵᠦ᠂ ︽ᠦᠨ᠎ᠡ ᠲᠦᠯᠦᠪᠦᠷᠢ ᠦᠭᠡᠢ ᠪᠠᠷ ᠭᠦᠢᠴᠡᠳᠭᠡᠬᠦ᠂ ᠤᠶᠢᠷ᠎ᠠ ᠬᠠᠪᠢ ᠳᠠᠭᠠᠨ ᠭᠦᠢᠴᠡᠳᠭᠡᠬᠦ᠂ ᠡᠮᠨᠡᠯᠬᠡ ᠶᠢᠨ ᠬᠤᠷᠢᠶᠠᠨ ᠳᠤ ᠭᠦᠢᠴᠡᠳᠭᠡᠬᠦ ︾ ᠵᠡᠷᠭᠡ ᠠᠷᠠᠳ ᠲᠦᠮᠡᠨ ᠳᠤ ᠲᠦᠭᠦᠮ ᠦᠵᠡᠭᠦᠯᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠡᠢ᠃ ᠡᠳᠡᠭᠡᠷ ᠠᠷᠭ᠎ᠠ ᠠᠪᠴᠠᠯ ᠨᠢ ᠡᠭᠦᠳᠡᠨ ᠡᠮᠨᠡᠯᠬᠡ ᠳᠤ ᠦᠵᠡᠭᠦᠯᠬᠦ ᠣᠵᠢᠭ ᠡᠪᠡᠳᠴᠢᠲᠡᠨ ᠠᠷᠪᠢᠨ᠂ ᠭᠦᠢᠴᠡᠳᠭᠡᠬᠦ ᠬᠤᠭᠤᠴᠠᠭ᠎ᠠ ᠨᠢ ᠤᠷᠲᠤ᠂ ᠳᠠᠩᠰᠠ ᠴᠠᠶᠢᠷᠠᠭᠤᠯᠬᠤ ᠡᠪᠡᠳᠴᠢᠨ ᠤ ᠲᠦᠷᠦᠯ ᠵᠦᠢᠯ ᠨᠢ ᠴᠦᠭᠡᠨ ᠵᠡᠷᠭᠡ ᠠᠷᠠᠳ ᠲᠦᠮᠡᠨ ᠤ ᠰᠠᠨᠠᠭ᠎ᠠ ᠵᠣᠪᠠᠭ᠋ᠤ ᠶᠠᠪᠤᠳᠠᠯ ᠢ ᠰᠢᠢᠳᠪᠤᠷᠢᠯᠡᠵᠦ ᠠᠷᠠᠳ ᠲᠦᠮᠡᠨ ᠳᠤ ᠬᠦᠷᠲᠡᠮᠵᠢ ᠶᠢᠨ ᠲᠦᠷᠦᠭᠳᠡᠯ ᠪᠠ ᠵᠢᠷᠭᠠᠯᠲᠤ ᠲᠦᠷᠦᠭᠳᠡᠯ ᠢ ᠣᠯᠭᠤᠵᠠᠢ᠃        ᠠᠯᠠᠱᠠ ᠶᠢᠨ ᠯᠥᠩ ᠰᠢᠶᠠᠩ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠳᠤ᠂ ᠠᠵᠢᠯ ᠠᠴᠠ ᠪᠠᠨ ᠠᠮᠠᠷᠠᠭᠰᠠᠨ ᠯᠢ ᠮᠢᠩ ᠵᠢᠷᠤᠬᠡ ᠴᠢᠰᠤᠨ ᠰᠤᠳᠠᠯ ᠤᠨ ᠡᠪᠡᠳᠴᠢᠨ ᠲᠠᠢ ᠬᠦᠮᠦᠰ ᠤᠨ ᠠᠩᠬᠠᠨ ᠤ ᠬᠤᠭᠤᠴᠠᠭᠠᠨ ᠤ ᠰᠢᠭᠰᠢᠨ ᠪᠠᠶᠢᠴᠠᠭᠠᠯᠲᠠ ᠪᠠ ᠶᠡᠷᠦᠩᠬᠡᠶᠢᠯᠡᠭᠰᠡᠨ ᠲᠦᠷᠦᠯ ᠵᠦᠢᠯ ᠤᠨ ᠦᠨ᠎ᠡ ᠲᠦᠯᠦᠪᠦᠷᠢ ᠦᠭᠡᠢ ᠪᠠᠶᠢᠴᠠᠭᠠᠯᠲᠠ ᠶᠢ ᠬᠢᠪᠡ᠃ ᠲᠡᠷᠡ 1998 ᠣᠨ ᠳᠤ ᠴᠢᠰᠤᠨ ᠲᠠᠷᠤᠯᠲᠠ ᠦᠨᠳᠦᠷ ᠪᠠ ᠵᠢᠷᠤᠬᠡᠨ ᠲᠢᠲᠢᠮ ᠤᠨ ᠡᠪᠡᠳᠴᠢᠨ ᠲᠠᠢ ᠪᠠᠶᠢᠬᠤ ᠶᠢ ᠪᠠᠶᠢᠴᠠᠭᠠᠨ ᠮᠡᠳᠡᠵᠦ᠂ ᠡᠨᠡ ᠨᠢ ᠪᠦᠷ ᠣᠵᠢᠭ ᠡᠪᠡᠳᠴᠢᠨ ᠳᠤ ᠪᠠᠭᠲᠠᠲᠠᠭ ᠢ ᠰᠠᠶᠢᠨ ᠣᠶᠢᠯᠠᠭᠠᠨ᠂ ᠤᠷᠲᠤ ᠬᠤᠭᠤᠴᠠᠭ᠎ᠠ ᠪᠠᠷ ᠡᠮ ᠤᠤᠭᠤᠬᠤ ᠪᠠᠷ ᠳᠠᠮᠵᠢᠨ ᠴᠢᠰᠦᠨ ᠳᠠᠷᠦᠯᠲᠠ ᠶᠢ ᠬᠢᠵᠠᠭᠠᠷᠯᠠᠬᠤ ᠪᠠ ᠡᠪᠡᠳᠴᠢᠨ ᠡᠮᠬᠡᠭ ᠡᠭᠦᠰᠬᠦ ᠶᠢ ᠰᠡᠷᠭᠡᠶᠢᠯᠡᠳᠡᠭ ᠤᠴᠢᠷ ᠠᠴᠠ ᠣᠵᠢᠭ ᠡᠪᠡᠳᠴᠢᠨ ᠤ ᠲᠠᠩᠰᠠᠯᠠᠯᠲᠠ ᠪᠠ ᠳᠠᠩᠰᠠ ᠴᠠᠶᠢᠷᠠᠭᠤᠯᠬᠤ ᠵᠡᠷᠭᠡ ᠲᠦᠷᠤ ᠶᠢᠨ ᠪᠤᠳᠤᠯᠭ᠎ᠠ ᠶᠢᠨ ᠬᠤᠪᠢᠷᠠᠯᠲᠠ ᠶᠢ ᠮᠠᠰᠢ ᠰᠠᠶᠢᠨ ᠮᠡᠳᠡᠳᠡᠭ ᠪᠠᠶᠢᠯ᠎ᠠ᠃ ︽ᠦᠩᠭᠡᠷᠡᠭᠰᠡᠨ ᠳᠤ ᠦᠪᠡᠷ ᠲᠡᠭᠡᠨ ᠡᠮᠨᠡᠭᠦᠯᠬᠦ ᠭᠠᠵᠠᠷ ᠢᠶᠠᠨ ᠰᠣᠩᠭᠤᠵᠤ ᠡᠮ ᠤᠨ ᠰᠦᠢᠳᠬᠡᠯ ᠢᠶᠠᠨ ᠲᠤᠰᠢᠶᠠᠳᠠᠭ ᠮᠥᠷᠲᠡᠭᠡᠨ ᠵᠥᠪᠬᠡᠨ ᠡᠪᠡᠳᠴᠢᠨ ᠬᠦᠨᠳᠦᠷᠡᠭᠡᠳ ᠡᠮᠨᠡᠯᠭᠡ ᠳᠤ ᠰᠠᠭᠤᠵᠤ ᠡᠮᠴᠢᠯᠡᠭᠦᠯᠪᠡᠯ ᠰᠠᠶ᠋ᠢ ᠳᠠᠩᠰᠠ ᠶᠢ ᠨᠢ ᠴᠠᠶᠢᠷᠠᠭᠤᠯᠳᠠᠭ ᠪᠠᠶᠢᠭᠰᠠᠨ ᠠᠴᠠ ᠪᠠᠨ ᠣᠳᠣ ᠤᠯᠤᠰ ᠠᠴᠠ ᠣᠵᠢᠭ ᠡᠪᠡᠳᠴᠢᠨ ᠤ ᠳᠠᠩᠰᠠ ᠴᠠᠶᠢᠷᠠᠭᠤᠯᠬᠤ ᠶᠢ ᠡᠭᠦᠳᠡᠨ ᠡᠮᠨᠡᠯᠭᠡ ᠶᠢᠨ ᠬᠡᠪᠴᠢᠶᠡᠨ ᠳᠤ ᠣᠷᠣᠭᠤᠯᠣᠭᠰᠠᠨ ᠠᠴᠠ ᠪᠢᠳᠠᠨ ᠤ ᠠᠵᠤ ᠠᠬᠤᠢ ᠶᠢᠨ ᠳᠠᠷᠤᠭᠠᠰᠤ ᠶᠢ ᠶᠡᠭᠡ ᠪᠠᠷ ᠬᠦᠩᠭᠡᠯᠡᠪᠡ︾ ᠭᠡᠵᠦ ᠯᠢ ᠮᠢᠩ ᠶᠠᠷᠢᠯ᠎ᠠ᠃        ᠠᠯᠠᠱᠠ ᠶᠢᠨ ᠯᠥᠩ ᠰᠢᠶᠠᠩ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠣᠯ ᠠᠯᠠᠱᠠ ᠵᠡᠭᠦᠨ ᠬᠤᠰᠢᠭᠤᠨ ᠤ ᠣᠵᠢᠭ ᠡᠪᠡᠳᠴᠢᠨ ᠤ ᠲᠤᠭᠲᠠᠮᠠᠯ ᠪᠠᠶᠢᠴᠠᠭᠠᠯᠲᠠ ᠶᠢᠨ ᠡᠮᠨᠡᠯᠭᠡ ᠶᠢᠨ ᠬᠤᠷᠢᠶ᠎ᠠ ᠪᠤᠯᠤᠨ᠎ᠠ᠃ ᠦᠨ᠎ᠡ ᠲᠦᠯᠦᠪᠦᠷᠢ ᠦᠭᠡᠢ ᠪᠠᠷ ᠰᠢᠭᠰᠢᠨ ᠪᠠᠶᠢᠴᠠᠭᠠᠯᠲᠠ ᠶᠢᠨ ᠶᠠᠪᠤᠴᠠ ᠳᠤ ᠢᠯᠡᠷᠡᠭᠰᠡᠨ ᠣᠵᠢᠭ ᠡᠪᠡᠳᠴᠢᠨ ᠤ ᠪᠠᠷᠢᠮᠵᠢᠶ᠎ᠠ ᠳᠤ ᠨᠡᠶᠢᠴᠠᠬᠦ ᠡᠪᠡᠳᠴᠢᠳᠡᠨ ᠠᠯᠠᠱᠠ ᠵᠡᠭᠦᠨ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠬᠠᠮᠢᠶᠠᠷᠤᠯᠲᠠ ᠶᠢᠨ ᠲᠦᠪ ᠲᠠᠢ ᠬᠠᠷᠢᠯᠴᠠᠨ ᠲᠤᠭ᠎ᠠ ᠪᠠᠷᠢᠮᠲᠠ ᠪᠠᠨ ᠳᠠᠩᠰᠠᠯᠠᠭᠤᠯᠵᠤ ᠭᠦᠢᠴᠡᠳᠭᠡᠨ᠂ ᠲᠤᠬᠠᠢ ᠶᠢᠨ ᠲᠠᠯᠠᠪᠤᠷ ᠲᠤ ︽ᠥᠷᠲᠡᠭᠡᠴᠢᠯᠡᠭᠰᠡᠨ︾ ᠬᠡᠯᠪᠡᠷᠢ ᠶᠢᠨ ᠲᠠᠩᠰᠠᠯᠠᠯᠲᠠ ᠶᠢ ᠪᠠᠶᠡᠯᠡᠭᠦᠯᠬᠦ ᠨᠢ ᠣᠵᠢᠭ ᠡᠪᠡᠳᠴᠢᠲᠠᠨ ᠤ ᠭᠤᠶᠤᠴᠢᠯᠠᠬᠤ᠂ ᠬᠢᠨᠠᠨ ᠵᠦᠪᠰᠢᠶᠡᠷᠡᠬᠦ ᠪᠦᠬᠦᠯᠢ ᠴᠤᠭᠴᠠ ᠶᠢᠨ ᠶᠠᠪᠤᠴᠠ ᠶᠢ ᠲᠦᠷᠭᠡᠳᠬᠡᠪᠡ᠃        ᠪᠠᠶᠠᠨᠬᠤᠲᠠ ᠶᠢᠨ ᠬᠤᠲᠠ ᠶᠢᠨ ᠲᠤᠭᠤᠷᠢᠭ ᠤᠨ ᠡᠮᠦᠨ᠎ᠡ ᠵᠠᠮ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪ ᠲᠤ ᠵᠠᠩ ᠵᠢᠶᠦ᠋ᠨ ᠹᠠᠩ ᠶᠠᠭ ᠡᠭᠦᠳᠡᠨ ᠡᠮᠨᠡᠯᠭᠡ ᠶᠢᠨ ᠣᠵᠢᠭ ᠡᠪᠡᠳᠴᠢᠨ ᠤ ᠭᠤᠶᠤᠴᠢᠯᠠᠯ ᠢ ᠳᠠᠩᠰᠠᠯᠠᠵᠤ ᠪᠠᠶᠢᠬᠤ ᠳᠤ ᠠᠳᠡᠬᠢ ᠶᠢᠨ ᠠᠵᠢᠯᠲᠠᠨ ᠲᠡᠭᠦᠨ ᠳᠤ ᠭᠤᠶᠤᠴᠢᠯᠠᠯ ᠢᠶᠠᠨ ᠭᠦᠢᠴᠡᠳᠬᠡᠵᠤ ᠳᠠᠭᠤᠰᠬᠠᠭᠰᠠᠨ ᠤ ᠳᠠᠷᠠᠭ᠎ᠠ ᠭᠡᠷ ᠤᠨ ᠢᠶᠠᠨ ᠬᠠᠮᠤᠭ ᠤᠨ ᠣᠶᠢᠷ᠎ᠠ ᠡᠭᠦᠳᠡᠨ ᠡᠮᠨᠡᠯᠭᠡ ᠪᠤᠶᠤ ᠡᠮ ᠤᠨ ᠳᠡᠯᠭᠡᠭᠦᠷ ᠠᠴᠠ ᠡᠮ ᠠᠪᠴᠤ ᠳᠠᠩᠰᠠ ᠴᠠᠶᠢᠷᠠᠭᠤᠯᠵᠤ ᠪᠤᠯᠤᠨ᠎ᠠ ᠭᠡᠵᠦ ᠬᠡᠯᠡᠵᠡᠢ᠃        ︽ᠠᠷᠪᠠᠨ ᠭᠤᠷᠪᠠᠲᠤᠭᠠᠷ ᠲᠠᠪᠤᠨ ᠵᠢᠯ︾ ᠠᠴᠠ ᠨᠠᠰᠢ᠂ ᠠᠯᠠᠱᠠ ᠵᠡᠭᠦᠨ ᠬᠤᠰᠢᠭᠤ ᠡᠮ ᠡᠮᠨᠡᠯᠬᠡ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠯ᠎ᠡ ᠲᠦᠷᠦᠯ ᠤᠨ ᠬᠢᠨᠠᠨ ᠵᠥᠪᠰᠢᠶᠡᠷᠡᠬᠦ ᠲᠦᠰᠦᠯ ᠢ ᠳᠦᠷᠢᠮᠵᠢᠬᠦᠯᠵᠦ᠂ ᠤᠶᠤᠨᠴᠢ ᠲᠠᠪᠴᠠᠩ ᠳᠤ ᠲᠦᠰᠢᠭᠯᠡᠠ          ︽ᠰᠦᠯᠵᠢᠶᠡᠨ ᠳᠤ ᠬᠦᠢᠴᠡᠳᠭᠡᠬᠦ᠂ ᠲᠦᠷᠭᠡᠨ ᠭᠦᠢᠴᠡᠳᠭᠡᠬᠦ︾ ᠶᠢ ᠪᠡᠶᠡᠯᠡᠭᠦᠯᠵᠡᠢ᠃ ᠰᠤᠮᠤ ᠪᠠᠯᠭᠠᠰᠤ ᠨᠡᠶᠢᠬᠡᠮ ᠲᠤᠭᠤᠷᠢᠭ ᠤᠨ ᠡᠪᠡᠳᠴᠢᠲᠡᠨ ᠢ ᠨᠡᠶᠢᠬᠡᠮ ᠲᠤᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪ ᠪᠤᠯᠤᠨ ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠲᠦᠰᠢᠭᠯᠡᠭᠦᠯᠦᠨ ︽ᠨᠢᠭᠡ ᠯᠡ ᠤᠳᠠᠭ᠎ᠠ ᠪᠠᠷ ᠪᠦᠬᠦᠨ ᠢ ᠭᠦᠢᠴᠡᠳᠭᠡᠬᠦ᠂ ᠤᠶᠢᠷ᠎ᠠ ᠬᠠᠪᠢ ᠳᠠᠭᠠᠨ ᠭᠦᠢᠴᠡᠳᠭᠡᠬᠦ︾ ᠶᠢ ᠪᠡᠶᠡᠯᠡᠭᠦᠯᠵᠤ᠂ ᠥᠩᠭᠡᠷᠡᠭᠰᠡᠨ ᠤ ᠨᠠᠰᠢ ᠴᠠᠰᠢ ᠶᠠᠪᠤᠵᠤ ᠣᠯᠠᠨ ᠭᠠᠵᠠᠷ ᠢᠶᠠᠷ ᠳᠠᠮᠵᠢᠨ ᠭᠦᠢᠴᠡᠳᠭᠡᠬᠦ᠂ ᠭᠦᠢᠴᠡᠳᠭᠡᠬᠦ ᠬᠤᠭᠤᠴᠠᠭ᠎ᠠ ᠨᠢ ᠤᠷᠲᠤ ᠵᠡᠷᠭᠡ ᠡᠯ᠎ᠡ ᠵᠦᠢᠯ ᠤᠨ ᠠᠰᠠᠭᠤᠳᠠᠯ ᠢ ᠰᠢᠢᠳᠪᠤᠷᠢᠯᠡᠵᠦ᠂ ᠡᠯ᠎ᠡ ᠵᠦᠢᠯ ᠤᠨ ᠠᠵᠢᠯ ᠠᠬᠢᠴᠠ ᠲᠠᠢ ᠪᠣᠯᠤᠭᠰᠠᠨ ᠪᠠᠶᠢᠨ᠎ᠠ᠃        ︽ᠠᠷᠪᠠᠨ ᠭᠤᠷᠪᠠᠲᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠤ ᠠᠯᠠᠱᠠ ᠵᠡᠭᠦᠨ ᠬᠤᠰᠢᠭᠤᠨ ᠤ ᠳᠠᠭᠠᠳᠬᠠᠯ ᠳᠤ ᠣᠷᠤᠯᠴᠠᠭᠰᠠᠳ ᠨᠡᠶᠢᠲᠡ 11019 ᠬᠦᠮᠦᠨ ᠨᠡᠮᠡᠭᠳᠡᠵᠦ᠂ ᠵᠢᠯ ᠤᠨ ᠲᠤᠮᠳᠠᠴᠢ ᠨᠡᠮᠡᠭᠳᠡᠯ ᠤᠨ ᠬᠤᠷᠳᠤᠴᠠ ᠨᠢ 2.27% ᠳᠤ ᠬᠦᠷᠪᠡ᠃ ᠦᠩᠭᠡᠷᠡᠭᠰᠡᠨ ᠤ ᠬᠤᠲᠠ ᠪᠠᠯᠭᠠᠰᠤᠨ ᠤ ᠠᠵᠢᠯᠴᠢᠨ ᠤ 15 ᠵᠦᠢᠯ ᠤᠨ ᠣᠵᠢᠭ ᠡᠪᠡᠳᠴᠢᠨ ᠤ ᠲᠦᠷᠦᠯ ᠨᠢ ᠨᠡᠮᠡᠭᠳᠡᠨ 34 ᠵᠦᠢᠯ ᠪᠣᠯᠵᠤ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ 4 ᠵᠦᠢᠯ ᠤᠨ ᠣᠵᠢᠭ ᠡᠪᠡᠳᠴᠢᠨ ᠤ ᠲᠦᠷᠦᠯ ᠵᠦᠢᠯ ᠨᠢ 25 ᠵᠦᠢᠯ ᠪᠣᠯᠤᠨ ᠨᠡᠮᠡᠭᠳᠡᠪᠡ᠂ ᠭᠡᠲᠡᠯ᠎ᠡ ᠡᠮ ᠡᠮᠨᠡᠯᠭᠡ ᠶᠢᠨ ᠳᠠᠭᠠᠳᠬᠠᠯ ᠤᠨ ᠣᠵᠢᠭ ᠡᠪᠡᠳᠴᠢᠨ ᠢ ᠭᠦᠢᠴᠡᠳᠭᠡᠬᠦ ᠶᠢ ᠦᠷᠭᠦᠯᠵᠢᠯᠡᠨ ᠳᠦᠷᠭᠡᠳᠬᠡᠵᠦ᠂ ᠳᠠᠭᠠᠳᠬᠠᠯ ᠳᠤ ᠤᠷᠤᠯᠴᠠᠭᠰᠠᠨ ᠤᠯᠠᠨ ᠲᠦᠮᠡᠨ ᠳᠤ ᠳᠦᠬᠦᠮ ᠲᠦᠲᠡ᠂ ᠴᠢᠨᠠᠷ ᠰᠠᠶᠢᠲᠠᠢ ᠡᠮ ᠡᠮᠨᠡᠯᠭᠡ ᠶᠢᠨ ᠪᠠᠲᠤᠯᠠᠭ᠎ᠠ ᠶᠢᠨ ᠦᠢᠯᠡᠴᠢᠯᠡᠭᠡ ᠬᠠᠩᠭᠠᠵᠡᠢ᠃ ᠠᠯᠠᠱᠠ ᠵᠡᠬᠦᠨ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠪᠠᠲᠤᠯᠠᠭᠠᠨ ᠤ ᠲᠤᠪᠴᠢᠶᠠᠨ ᠤ ᠨᠠᠮ ᠤᠨ ᠳᠤᠭᠤᠶᠢᠯᠠᠩ ᠤᠨ ᠬᠡᠰᠢᠭᠦᠨ ᠵᠣᠣ ᠵᠢᠩ ︽︿ᠠᠷᠪᠠᠨ ᠳᠦᠷᠪᠡᠳᠦᠭᠡᠷ ᠲᠠᠪᠤᠨ ᠵᠢᠯ ﹀ ᠤᠨ ᠬᠤᠭᠤᠴᠠᠭᠠᠨ ᠳᠤ᠂ ᠪᠢᠳᠠ ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠦᠩᠭᠦᠨ ᠤ ᠬᠢᠨᠠᠨ ᠬᠠᠮᠢᠶᠠᠷᠤᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠤ᠂ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠤᠨ ᠲᠥᠷᠦ ᠶᠢᠨ ᠪᠣᠳᠤᠯᠭ᠎ᠠ ᠶᠢ ᠲᠤᠭᠲᠠᠭᠤᠨ ᠡᠷᠬᠡ ᠲᠡᠭᠰᠢ ᠪᠠᠶᠢᠯᠭᠠᠬᠤ ᠶᠢ ᠪᠠᠲᠤᠯᠠᠨ᠂ ᠡᠮ ᠪᠠ ᠡᠮᠴᠢᠯᠡᠭᠡᠨ ᠤ ᠪᠠᠭᠠᠵᠢ ᠬᠡᠷᠡᠭᠰᠡᠯ ᠢ ᠬᠡᠮᠵᠢᠶ᠎ᠡ ᠲᠠᠢ ᠬᠤᠳᠠᠯᠳᠤᠨ ᠠᠪᠬᠤ ᠶᠢ ᠲᠤᠭᠲᠠᠭᠤᠨ ᠢᠶᠠᠷ ᠠᠬᠢᠭᠤᠯᠵᠤ᠂ ᠡᠮ ᠡᠮᠨᠡᠯᠬᠡ ᠶᠢᠨ ᠪᠠᠲᠤᠯᠠᠭᠠᠨ ᠤ ᠦᠢᠯᠡᠴᠢᠯᠡᠭᠡᠨ ᠤ ᠬᠢᠷᠢ ᠬᠡᠮ ᠪᠠ ᠦᠢᠯᠡᠴᠢᠯᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠪᠠᠷ ᠪᠠᠶᠢᠨ᠎ᠠ︾ ᠭᠡᠪᠡ᠃                                         ︵ᠵᠣᠬᠢᠶᠠᠭᠴᠢ᠄ ᠫᠠᠨ ᠲᠢᠩ    ᠨᠠᠷᠠᠨᠳᠣᠶᠠᠭ᠎ᠠ︶
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号