ᠸᠠᠨ ᠴᠤᠤ ᠴᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠪᠠ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠭᠰᠡᠨ ᠪᠠᠶᠢᠳᠠᠯ ᠢ ᠪᠠᠶᠢᠴᠠᠭᠠᠨ ᠰᠤᠳᠤᠯᠵᠦ  ᠰᠢᠮᠳᠠᠭᠤᠯᠣᠨ ᠵᠢᠯᠤᠭᠤᠤᠠᠪᠠ
ᠨᠡᠶᠢᠲᠡᠯᠡᠭᠰᠡᠨ ᠴᠠᠭ᠄
2020/12/8
      12 ᠰᠠᠷ᠎ᠠ  ᠶᠢᠨ 3 ᠤ ᠡᠳᠦᠷ᠂ ᠠᠶᠢᠮᠠᠭ  ᠤᠨ ᠨᠠᠮ  ᠤᠨ ᠬᠤᠷᠢᠶᠠᠨ  ᠤ ᠱᠦᠵᠢ ᠸᠠᠨ ᠴᠤᠤ ᠴᠢ᠂ ᠠᠶᠢᠮᠠᠭ  ᠤᠨ ᠨᠠᠮ ᠤᠨ ᠬᠤᠷᠢᠶᠠᠨ  ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ  ᠶᠢᠨ ᠬᠤᠷᠢᠶᠠᠨ ᠤ ᠱᠦᠵᠢ ᠰᠦᠬᠡ᠂ ᠠᠶᠢᠮᠠᠭ  ᠤᠨ ᠳᠡᠳ᠋ ᠳᠠᠷᠤᠭ᠎ᠠ᠂ ᠠᠶᠢᠮᠠᠭ  ᠤᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠵᠢᠶᠠ ᠵᠢᠩ ᠸᠧᠨ ᠠᠶᠢᠮᠠᠭ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ  ᠢ ᠪᠠᠶᠢᠴᠠᠭᠠᠨ ᠰᠤᠳᠤᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ  ᠶᠢ ᠰᠣᠨᠣᠰᠴᠤ᠂ ᠵᠠᠬᠢᠳᠠᠯ ᠰᠤᠷᠪᠤᠯᠵᠢᠯᠠᠭ᠎ᠠ  ᠶᠢᠨ ᠵᠦᠢᠯᠡᠰ ᠢ ᠰᠢᠢᠳᠪᠦᠷᠢᠯᠡᠬᠦ ᠠᠵᠢᠯ ᠢ ᠰᠢᠮᠳᠠᠭᠤᠯᠣᠨ ᠵᠢᠯᠣᠭᠤᠳᠪᠠ᠃ ᠸᠠᠨ ᠴᠤᠤ ᠴᠢ᠂ ᠶᠡᠷᠦᠩᠬᠡᠶ ᠱᠦᠵᠢ ᠰᠢ ᠶᠢᠨ ᠫᠢᠩ ᠤᠨ ᠵᠠᠬᠢᠳᠠᠯ ᠰᠤᠷᠪᠤᠯᠵᠢᠯᠠᠭ᠎ᠠ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠳᠣᠣᠱᠯᠠᠭᠤᠯᠣᠨ ᠨᠠᠶᠢᠳᠠᠪᠤᠷᠢᠵᠢᠭᠤᠯᠵᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠲᠡᠬᠡᠲᠦ ᠬᠡᠮᠵᠢᠶ᠎ᠡ ᠪᠠᠷ ᠴᠢᠬᠤᠯᠠᠴᠢᠯᠠᠨ᠂ ᠣᠯᠠᠨ ᠲᠦᠮᠡᠨ  ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠬᠠᠤᠯᠢ ᠶᠣᠰᠣᠭᠠᠷ ᠵᠣᠬᠢᠰᠲᠠᠢ ᠰᠢᠢᠳᠪᠦᠷᠢᠯᠡᠵᠦ᠂ ᠣᠯᠠᠨ ᠲᠦᠮᠡᠨ  ᠤ ᠬᠠᠤᠯᠢ ᠶᠣᠰᠣᠨ  ᠤ ᠡᠷᠬᠡ ᠠᠰᠢᠭ  ᠢ ᠬᠠᠮᠠᠭᠠᠯᠠᠨ᠂ ᠪᠦᠬᠦ ᠠᠶᠢᠮᠠᠭ  ᠤᠨ ᠨᠡᠶᠢᠭᠡᠮ  ᠤᠨ ᠡᠶ᠎ᠡ ᠵᠣᠬᠢᠴᠠᠩᠭᠤᠢ ᠲᠣᠭᠲᠠᠭᠤᠨ  ᠢ ᠪᠠᠲᠤᠯᠠᠬᠤ ᠬᠡᠷᠡᠭᠳᠡᠢ ᠬᠡᠵᠦ ᠱᠠᠭᠠᠷᠳᠠᠭᠰᠠᠨ ᠪᠠᠶᠢᠨ᠎ᠠ᠃       ᠪᠠᠶᠢᠴᠠᠭᠠᠨ ᠰᠤᠳᠤᠯᠤᠯᠲᠠ ᠳᠤ᠂ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠠᠶᠢᠮᠠᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠠᠶᠢᠮᠠᠭ ᠤᠨ ᠠᠷᠠᠳ ᠤᠨ ᠳᠣᠮᠳᠠᠳᠣ ᠵᠡᠷᠭᠡ ᠶᠢᠨ ᠰᠢᠭᠦᠬᠦ ᠬᠤᠷᠢᠶ᠎ᠠ᠂ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ ᠪᠠ ᠠᠶᠢᠮᠠᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠵᠢᠴᠢ ᠠᠶᠢᠮᠠᠭ ᠤᠨ ᠬᠠᠷᠢᠶ᠎ᠠ ᠠᠵᠤ ᠠᠬᠤᠶᠢᠯᠠᠯ᠂ ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠬᠠᠷᠢᠭᠤᠴᠠᠯᠭᠠᠲᠠᠨ ᠨᠥᠬᠦᠳ ᠲᠣᠰ ᠲᠣᠰ ᠪᠥᠬᠦ ᠠᠶᠢᠮᠠᠭ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠠᠶᠢᠳᠠᠯ ᠪᠠ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠤᠷᠢᠯᠡᠭᠰᠡᠨ ᠠᠵᠢᠯ ᠢᠶᠠᠨ ᠬᠠᠷᠢᠭᠤ ᠮᠡᠳᠡᠭᠦᠯᠪᠡ᠃         ᠸᠠᠨ ᠴᠤᠤ ᠴᠢ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠨ᠂ ᠤᠯᠤᠰ ᠲᠥᠷᠥ ᠶᠢ ᠡᠷᠬᠢᠮᠯᠡᠬᠦ᠂ ᠡᠶ᠎ᠡ ᠵᠣᠬᠢᠴᠠᠯ ᠢ ᠠᠬᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠲᠣᠭᠲᠠᠭᠤᠨ ᠢ ᠪᠠᠲᠤᠯᠠᠬᠤ ᠥᠨᠳᠥᠷᠴᠡ ᠠᠴᠠ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠬᠦ ᠠᠵᠢᠯ ᠢ ᠰᠠᠶᠢᠳᠦᠷ ᠬᠢᠵᠦ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠤᠨ ᠢᠷᠡᠯᠲᠡ ᠶᠢ ᠲᠣᠳᠣᠷᠬᠠᠶᠢᠯᠠᠨ᠂ ᠵᠠᠬᠢᠳᠠᠯ ᠰᠤᠷᠪᠤᠯᠵᠢᠯᠠᠭ᠎ᠠ ᠬᠢᠭᠰᠡᠳ ᠲᠠᠢ ᠨᠢᠭᠤᠷᠳᠠᠨ ᠶᠠᠷᠢᠯᠴᠠᠵᠤ᠂ ᠵᠠᠬᠢᠳᠠᠯ ᠰᠤᠷᠪᠤᠯᠵᠢᠯᠠᠭ᠎ᠠ ᠬᠢᠭᠰᠡᠳ ᠤᠨ ᠪᠦᠬᠦ ᠲᠠᠯ᠎ᠠ ᠶᠢᠨ ᠪᠠᠶᠢᠳᠠᠯ ᠪᠠ ᠭᠤᠣᠯ ᠬᠦᠰᠡᠯ ᠱᠠᠭᠠᠷᠳᠠᠯᠭ᠎ᠠ ᠶᠢ ᠣᠶᠢᠯᠠᠭᠠᠨ᠂ ᠠᠰᠠᠭᠤᠳᠠᠯ ᠤᠨ ᠵᠠᠩᠭᠢᠷᠠᠭ᠎ᠠ ᠶᠢ ᠡᠷᠢᠵᠦ᠂ ᠵᠣᠬᠢᠴᠠᠭᠤᠯᠭ᠎ᠠ ᠪᠠᠨ ᠴᠢᠩᠭᠠᠳᠬᠠᠵᠤ᠂ ᠪᠤᠳᠠᠲᠦ ᠦᠷ᠎ᠡ ᠪᠦᠲᠦᠮᠵᠢ ᠣᠯᠬᠤ ᠬᠡᠷᠡᠭᠳᠡᠢ᠃ ᠠᠷᠠᠳ ᠤᠨ ᠠᠮᠢᠳᠤᠷᠠᠯ ᠤᠨ ᠲᠥᠷᠥᠯ ᠤᠨ ᠵᠠᠬᠢᠳᠠᠯ  ᠰᠣᠷᠪᠣᠯᠵᠢᠯᠠᠭ᠎ᠠ ᠶᠢᠨ ᠵᠦᠢᠯᠡᠰ ᠨᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠬᠦ ᠪᠤᠶᠤ ᠰᠢᠢᠳᠪᠦᠷᠢᠯᠡᠬᠦ ᠴᠢᠬᠤᠯᠠᠲᠠᠶ ᠪᠠᠶᠢᠪᠠᠯ᠂ ᠬᠠᠤᠯᠢ ᠶᠣᠰᠣᠭᠠᠷ ᠲᠥᠷᠥ ᠶᠢᠨ ᠪᠣᠳᠣᠯᠭ᠎ᠠ ᠶᠣᠰᠣᠭᠠᠷ ᠳᠠᠷᠦ᠋ᠢᠬᠠᠨ ᠰᠢᠢᠳᠪᠦᠷᠢᠯᠡᠬᠦ ᠬᠡᠷᠡᠭᠲᠡᠶ᠃ ᠲᠦᠷ ᠰᠢᠢᠳᠪᠦᠷᠢᠯᠡᠵᠦ ᠳᠡᠶᠢᠯᠬᠦ ᠦᠭᠡᠢ ᠪᠠᠶᠢᠪᠠᠯ᠂ ᠵᠠᠪᠠᠯ ᠰᠢᠯᠲᠠᠭᠠᠨ ᠢ ᠨᠢ ᠲᠣᠳᠣᠷᠬᠠᠶ ᠶᠠᠷᠢᠵᠤ᠂ ᠰᠢᠢᠳᠪᠤᠷᠢᠯᠡᠬᠦ ᠴᠠᠭ ᠬᠤᠭᠤᠴᠠᠭ᠎ᠠ ᠶᠢ ᠨᠢ ᠲᠣᠳᠣᠷᠬᠠᠶ ᠪᠣᠯᠭᠠᠬᠤ ᠬᠡᠷᠡᠭᠲᠡᠶ᠃ ᠵᠦᠶ ᠵᠤᠬᠢᠰ ᠦᠭᠡᠢ ᠬᠠᠤᠯᠢ ᠳᠤ ᠨᠡᠶᠢᠴᠡᠬᠦ ᠦᠬᠡᠢ ᠪᠠᠶᠢᠪᠠᠯ᠂ ᠲᠦᠷᠦ ᠶᠢᠨ ᠪᠤᠳᠤᠯᠭ᠎ᠠ ᠪᠠ ᠦᠵᠡᠯ ᠰᠠᠨᠠᠭᠠᠨ ᠤ ᠲᠠᠯ᠎ᠠ ᠪᠠᠷ ᠬᠥᠲᠥᠯᠥᠨ ᠵᠢᠯᠣᠭᠤᠳᠴᠦ ᠰᠢᠢᠳᠪᠤᠷᠢᠯᠡᠬᠦ ᠬᠡᠷᠡᠭᠳᠡᠢ᠃ ᠬᠠᠤᠯᠢ ᠴᠠᠭᠠᠵᠠ ᠳᠤ ᠬᠤᠯᠪᠣᠭᠳᠠᠭᠰᠠᠨ ᠵᠠᠷᠭᠤ ᠳᠤ ᠬᠤᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠲᠤᠰᠢᠶᠠᠨ ᠰᠢᠢᠳᠪᠦᠷᠢᠯᠡᠭᠦᠯᠬᠦ ᠪᠠ ᠨᠠᠶᠢᠳᠠᠨ ᠰᠢᠢᠳᠪᠤᠷᠢᠯᠡᠬᠦᠯᠬᠦ ᠲᠦᠷᠢᠮ ᠢ ᠰᠠᠶᠢᠲᠤᠷ ᠨᠠᠶᠢᠳᠠᠪᠤᠷᠢᠵᠢᠭᠤᠯᠵᠦ᠂ ᠯᠠᠪᠳᠠᠭᠤᠨ ᠪᠠᠲᠤᠲᠠᠢ ᠰᠠᠶᠢᠲᠤᠷ ᠦᠷᠨᠢᠬᠦᠯᠬᠦ ᠬᠡᠷᠡᠭᠳᠡᠢ᠃ ᠨᠠᠮ ᠤᠨ ᠭᠡᠰᠢᠭᠦᠨ ᠺᠠᠳ᠋ᠷ᠂ ᠠᠯᠪᠠᠨ ᠲᠤᠰᠢᠶᠠᠯᠲᠠᠨ ᠵᠢᠴᠢ ᠦᠨᠳᠦᠰᠦᠨ ᠱᠠᠲᠤᠨ ᠤ ᠢᠯᠵᠠᠷᠠᠯ ᠳᠤ ᠬᠤᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠣᠯᠭ᠎ᠠ ᠶᠢᠨ ᠬᠢᠨ ᠭᠦᠨᠵᠡᠭᠡᠢ ᠬᠠᠷᠭᠤᠭᠤᠯᠤᠨ ᠪᠠᠶᠢᠴᠠᠭᠠᠵᠤ᠂ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠨ᠂ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ᠬᠢᠨ ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠭᠤᠤᠯ ᠬᠠᠷᠢᠭᠤᠴᠠᠯᠭᠠᠲᠠᠨ ᠨᠥᠬᠦᠳ ᠪᠡᠶ᠎ᠡ ᠪᠠᠷ ᠢᠶᠠᠨ ᠰᠢᠢᠳᠪᠦᠷᠢᠯᠡᠬᠦ ᠲᠥᠰᠦᠯ ᠢ ᠰᠤᠳᠤᠯᠤᠨ᠂ ᠨᠠᠶᠢᠳᠠᠪᠤᠷᠢᠵᠢᠭᠤᠯᠬᠤ ᠶᠢ ᠪᠡᠶ᠎ᠡ ᠪᠠᠷ ᠢᠶᠠᠨ ᠪᠠᠶᠢᠷᠢᠯᠠᠭᠤᠯᠵᠤ᠂ ᠠᠰᠠᠭᠤᠳᠠᠯ ᠢ ᠰᠢᠢᠳᠪᠦᠷᠢᠯᠡᠬᠦ ᠠᠵᠢᠯ ᠢ ᠪᠡᠶ᠎ᠡ ᠪᠠᠷ ᠢᠶᠠᠨ ᠠᠬᠢᠭᠤᠯᠤᠨ᠂ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠶᠢ ᠬᠦᠴᠦᠯᠡᠨ ᠠᠬᠢᠭᠤᠯᠵᠤ᠂ ᠵᠠᠬᠢᠳᠠᠯ ᠰᠤᠷᠪᠤᠯᠵᠢᠯᠠᠭ᠎ᠠ ᠬᠢᠭᠰᠡᠳ ᠲᠤ ᠬᠠᠨᠤᠮᠵᠢᠲᠠᠶ ᠬᠠᠷᠢᠭᠤᠯᠲᠠ ᠦᠭᠬᠦ ᠬᠡᠷᠡᠭᠳᠡᠢ ᠬᠡᠵᠦ ᠱᠠᠭᠠᠷᠳᠠᠪᠠ᠃       ᠸᠠᠨ ᠴᠤᠤ ᠴᠢ᠂ ᠭᠤᠣᠯᠳᠠᠯᠭ᠎ᠠ ᠲᠠᠢ ᠬᠦᠷᠢᠶᠡᠨ ᠳᠠᠬᠢ ᠵᠥᠷᠢᠴᠡᠯ ᠵᠢᠭᠤᠷᠠᠭᠠᠨ ᠢ ᠪᠠᠶᠢᠴᠠᠭᠠᠨ ᠨᠠᠮᠳᠠᠭᠤᠯᠬᠤ ᠡᠷᠴᠢᠮ ᠢᠶᠠᠨ ᠴᠢᠩᠭᠠᠳᠬᠠᠵᠦ᠂ ᠢᠯᠠᠩᠭᠤᠶ᠎ᠠ ᠣᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ ᠬᠦᠰᠡᠯ ᠱᠠᠭᠠᠷᠳᠠᠯᠭ᠎ᠠ ᠶᠢ ᠰᠠᠶᠢᠲᠤᠷ ᠰᠢᠢᠳᠪᠦᠷᠢᠯᠡᠬᠦ ᠶᠢ ᠴᠢᠩᠭᠠᠳᠬᠠᠵᠦ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠨ᠂ ᠠᠷᠠᠳ ᠤᠯᠠᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠬᠤ ᠬᠡᠷᠡᠭᠳᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠢᠨ ᠬᠢᠨᠠᠨ ᠵᠠᠳᠠᠯᠤᠯᠲᠠ ᠪᠠᠨ ᠴᠢᠩᠭᠠᠳᠬᠠᠵᠤ᠂ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠢ ᠣᠨᠣᠪᠴᠢᠲᠠᠶ ᠡᠵᠡᠮᠳᠡᠨ᠂ ᠦᠨᠳᠦᠰᠦᠨ ᠱᠠᠲᠤᠨ ᠤ ᠰᠠᠭᠤᠷᠢ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠰᠠᠨᠠᠭᠠᠴᠢᠯᠠᠭ᠎ᠠ ᠠᠴᠠ ᠪᠠᠨ ᠵᠢᠭᠰᠠᠭᠠᠨ ᠪᠠᠶᠢᠴᠠᠭᠠᠵᠤ᠂ ᠴᠠᠭ ᠲᠤᠬᠠᠶ ᠳᠤᠨᠢ ᠤᠷᠢᠳᠴᠢᠯᠠᠨ ᠰᠡᠷᠡᠮᠵᠢᠯᠡᠭᠦᠯᠵᠦ᠂ ᠵᠥᠷᠢᠴᠡᠯ ᠵᠢᠭᠤᠷᠠᠭᠠᠨ ᠢ ᠪᠠᠭ᠎ᠠ ᠲᠡᠬᠡᠷ᠎ᠠ ᠨᠢ ᠰᠢᠢᠳᠪᠤᠷᠢᠯᠡᠨ᠂ ᠪᠦᠬᠦ ᠠᠶᠢᠮᠠᠭ ᠤᠨ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠡᠮᠬᠢ ᠳᠢᠭᠯᠢᠮ ᠲᠠᠢ ᠪᠠᠶᠢᠬᠤ ᠶᠢ ᠪᠠᠲᠤᠯᠠᠬᠤ ᠬᠡᠷᠡᠭᠳᠡᠢ ᠬᠡᠵᠦ ᠴᠢᠬᠤᠯᠠᠴᠢᠯᠠᠪᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号