ᠵᠠᠮ ᠬᠠᠷᠢᠯᠴᠠᠭ᠎ᠠ ᠲᠡᠭᠡᠭᠡᠪᠤᠷᠢ — ᠵᠠᠰᠠᠮᠠᠯ ᠵᠠᠮ
ᠨᠡᠶᠢᠲᠡᠯᠡᠭᠰᠡᠨ ᠴᠠᠭ᠄
2020/2/10
        2018 ᠤᠨ ᠤ ᠡᠴᠤᠰ ᠪᠣᠯᠳᠠᠯ᠎ᠠ᠂ ᠠᠯᠠᠱᠨ ᠠᠶᠢᠮᠠᠭ ᠤᠨ ᠵᠠᠰᠠᠮᠠᠯ ᠵᠠᠮ ᠤᠨ ᠪᠦᠬᠦ ᠤᠷᠲᠤ ᠨᠢ 10738 ᠺᠢᠯᠤᠮᠧᠲᠷ ᠪᠤᠯᠤᠨ᠎ᠠ᠃ ᠡᠬᠦᠨ ᠳᠤ ᠮᠡᠷᠭᠡᠵᠢᠯ ᠤᠨ ᠵᠡᠷᠭᠡ ᠲᠡᠰ ᠢᠶᠠᠷ ᠬᠤᠪᠢᠶᠠᠪᠠᠯ᠄ ᠲᠡᠭᠡᠲᠤ ᠬᠤᠷᠲᠤᠴᠠᠲᠤ ᠵᠠᠰᠠᠮᠠᠯ ᠵᠠᠮ ᠤᠨ ᠤᠷᠲᠤ ᠨᠢ 972 ᠺᠢᠯᠤᠮᠧᠲᠷ᠂ ᠨᠢᠭᠡᠲᠤᠭᠡᠷ ᠲᠡᠰ ᠤᠨ ᠵᠠᠰᠠᠮᠠᠯ ᠵᠠᠮ ᠤᠨ ᠤᠷᠲᠤ  ᠨᠢ 459 ᠺᠢᠯᠤᠮᠧᠲᠷ᠂ ᠬᠤᠶᠠᠲᠤᠭᠠᠷ ᠲᠡᠰ ᠤᠨ ᠵᠠᠰᠠᠮᠠᠯ ᠵᠠᠮ ᠤᠨ ᠤᠷᠲᠤ ᠨᠢ 784 ᠺᠢᠯᠤᠮᠧᠲᠷ᠂ ᠭᠤᠷᠪᠠᠲᠤᠭᠠᠷ ᠲᠡᠰ ᠤᠨ ᠵᠠᠰᠠᠮᠠᠯ ᠵᠠᠮ ᠤᠨ ᠤᠷᠲᠤ ᠨᠢ 3835 ᠺᠢᠯᠤᠮᠧᠲᠷ᠂ ᠲᠦᠷᠪᠠᠲᠤᠭᠡᠷ ᠲᠡᠰ ᠤᠨ ᠵᠠᠰᠠᠮᠠᠯ ᠵᠠᠮ ᠤᠨ ᠤᠷᠲᠤ  ᠨᠢ 4688 ᠺᠢᠯᠤᠮᠧᠲᠷ ᠪᠤᠯᠤᠨ᠎ᠠ᠃ ᠵᠠᠰᠠᠭ ᠵᠠᠬᠢᠷᠭᠠᠨ ᠤ ᠵᠡᠷᠭᠡ ᠲᠡᠰ ᠢᠶᠠᠷ ᠬᠤᠪᠢᠶᠠᠪᠠᠯ᠄ ᠤᠯᠤᠰ ᠤᠨ ᠲᠡᠰ ᠤᠨ ᠵᠠᠰᠠᠮᠠᠯ ᠵᠠᠮ ᠤᠨ ᠤᠷᠲᠤ ᠨᠢ 2592 ᠺᠢᠯᠤᠮᠧᠲᠷ᠂ ᠮᠤᠵᠢ ᠶᠢᠨ ᠲᠡᠰ ᠤᠨ ᠵᠠᠰᠠᠮᠠᠯ ᠵᠠᠮ ᠤᠨ ᠤᠷᠲᠤ ᠨᠢ 2197 ᠺᠢᠯᠤᠮᠧᠲᠷ᠂ ᠰᠢᠶᠠᠨ ᠤ ᠲᠡᠰ ᠤᠨ ᠵᠠᠰᠠᠮᠠᠯ ᠵᠠᠮ ᠤᠨ ᠤᠷᠲᠤ ᠨᠢ 2029 ᠺᠢᠯᠤᠮᠧᠲᠷ᠂ ᠰᠢᠶᠠᠩ ᠤᠨ ᠲᠡᠰ ᠤᠨ ᠵᠠᠰᠠᠮᠠᠯ ᠵᠠᠮ ᠤᠨ ᠤᠷᠲᠤ ᠨᠢ 1664 ᠺᠢᠯᠤᠮᠧᠲᠷ᠂ ᠲᠤᠰᠬᠤᠨ ᠤ ᠲᠡᠰ ᠤᠨ ᠵᠠᠰᠠᠮᠠᠯ ᠵᠠᠮ ᠤᠨ ᠤᠷᠲᠤ ᠨᠢ 2256 ᠺᠢᠯᠤᠮᠧᠲᠷ ᠪᠤᠯᠤᠨ᠎ᠠ᠃ ᠴᠡᠷᠳᠠᠮᠠᠯ ᠵᠠᠮ ᠤᠨ ᠤᠷᠲᠤ ᠨᠢ 8742 ᠺᠢᠯᠤᠮᠧᠲᠷ ᠪᠠᠶᠢᠵᠦ᠂ ᠪᠦᠬᠦ ᠠᠶᠢᠮᠠᠭ  ᠤᠨ ᠵᠠᠮ ᠤᠨ ᠪᠦᠬᠦ ᠤᠷᠲᠤ ᠶᠢᠨ 81.4% ᠶᠢ ᠡᠵᠡᠯᠠᠨ᠎ᠠ᠃ ᠪᠦᠬᠦ ᠠᠶᠢᠮᠠᠭ ᠤᠨ ᠰᠤᠮᠤ ᠪᠠᠯᠭᠠᠰᠤ᠂ ᠭᠠᠴᠠᠭ᠎ᠠ ᠲᠤᠰᠬᠤᠨ ᠤ ᠲᠤᠰᠤᠨ ᠵᠠᠮ ᠨᠡᠪᠳᠡᠷᠡᠭᠰᠡᠨ ᠨᠤᠷᠮ᠎ᠠ ᠨᠢ 96.7% ᠪᠠ 97.5% ᠪᠤᠯᠤᠨ᠎ᠠ᠃ 2018 ᠤᠨ ᠳᠤ᠂ ᠪᠠᠷᠠᠭ᠎ᠠ ᠲᠡᠭᠡᠭᠡᠪᠤᠷᠢᠯᠡᠭᠰᠡᠨ ᠶᠠᠷᠤᠩᠭᠡᠢ ᠭᠡᠮᠵᠢᠶ᠎ᠠ ᠨᠢ 5627 ᠲᠦᠮᠠᠨ ᠲᠤᠨ ᠳᠤ ᠬᠦᠷᠴᠦ᠂ ᠵᠢᠭᠤᠯᠴᠢᠳ ᠢ ᠲᠡᠭᠡᠭᠡᠪᠤᠷᠢᠯᠡᠭᠰᠡᠨ ᠶᠠᠷᠤᠩᠭᠡᠢ ᠭᠡᠮᠵᠢᠶ᠎ᠠ ᠨᠢ 39.64 ᠲᠦᠮᠠᠨ ᠬᠦᠮᠦᠨ ᠤᠳᠠᠭ᠎ᠠ ᠬᠦᠷᠪᠡ᠃         ᠪᠡᠭᠡᠵᠢᠩ ᠠᠴᠠ ᠰᠢᠨᠵᠢᠶᠠᠩ ᠬᠦᠷᠬᠦ ᠲᠡᠭᠡᠲᠤ ᠬᠤᠷᠲᠤᠴᠠᠲᠤ ︵G7︶ ᠵᠠᠰᠠᠮᠠᠯ ᠵᠠᠮ ᠨᠢ ᠠᠯᠠᠱᠨ ᠠᠶᠢᠮᠠᠭ ᠤᠨ ᠬᠤᠶᠢᠳᠣ ᠬᠡᠰᠡᠭ ᠢᠶᠠᠷ ᠦᠩᠭᠡᠷᠡᠵᠦ᠂ ᠠᠯᠠᠱᠨ ᠵᠡᠬᠦᠨ ᠬᠤᠰᠢᠭᠤ᠂ ᠠᠯᠠᠱᠨ ᠪᠠᠷᠠᠭᠤᠨ ᠬᠤᠰᠢᠭᠤ᠂ ᠡᠵᠡᠨ᠎ᠠ ᠬᠤᠰᠢᠭᠤ ᠶᠢ ᠳᠠᠭᠠᠷᠢᠨ᠂ ᠬᠢᠯᠢ ᠲᠤᠲᠤᠷᠠᠬᠢ ᠪᠦᠬᠦ ᠤᠷᠲᠤ ᠨᠢ 814 ᠺᠢᠯᠤᠮᠧᠲᠷ ᠪᠠᠶᠢᠵᠦ᠂ ᠲᠡᠯᠡᠭᠡᠢ ᠲᠡᠭᠡᠷ᠎ᠠ ᠡᠯᠡᠰᠤ ᠮᠠᠩᠬ᠎ᠠ᠂ ᠭᠤᠪᠢ ᠶᠢ ᠳᠣᠭᠤᠯᠣᠭᠰᠠᠨ ᠬᠠᠮᠤᠭ ᠤᠨ ᠤᠷᠲᠤ ᠲᠡᠭᠡᠲᠤ ᠬᠤᠷᠲᠤᠴᠠᠲᠤ ᠵᠠᠰᠠᠮᠠᠯ ᠵᠠᠮ ᠪᠤᠯᠤᠨ᠎ᠠ᠃ ᠪᠠᠶ᠋ᠬᠠᠠᠤᠳᠠ ᠠᠴᠠ ᠢᠷᠭᠠᠢ ᠬᠦᠷᠬᠦ ᠲᠡᠭᠡᠲᠤ ᠬᠤᠷᠲᠤᠴᠠᠲᠤ ᠵᠠᠰᠠᠮᠠᠯ ᠵᠠᠮ ᠤᠨ ᠠᠯᠠᠱᠨ ᠠᠶᠢᠮᠠᠭ ᠤᠨ ᠬᠢᠯᠢ ᠲᠤᠲᠤᠷᠠᠬᠢ ᠤᠷᠲᠤ ᠨᠢ 69 ᠺᠢᠯᠤᠮᠧᠲᠷ ᠪᠠᠶᠢᠵᠦ᠂ ᠠᠯᠠᠱᠨ ᠵᠡᠬᠦᠨ ᠬᠤᠰᠢᠭᠤᠨ ᠤ ᠪᠠᠶ᠋ᠬᠠᠠᠤᠳᠠ ᠪᠠᠯᠭᠠᠰᠤ ᠪᠠ ᠨᠢᠩᠰᠢᠶ᠋ᠨ ᠶᠢᠨ ᠬᠤᠲᠤᠩ ᠦᠨᠲᠤᠰᠦᠳᠠᠨ ᠤ ᠦᠪᠠᠷᠳᠡᠭᠡᠨ ᠵᠠᠰᠠᠬᠤ ᠤᠷᠤᠨ ᠤ ᠢᠷᠭᠠᠢ ᠬᠤᠳᠠ ᠶᠢ ᠬᠤᠯᠪᠣᠭᠰᠠᠨ ᠭᠤᠤᠯ ᠪᠣᠯᠬᠤ ᠲᠡᠭᠡᠲᠤ ᠲᠡᠰ ᠤᠨ ᠵᠠᠰᠠᠮᠠᠯ ᠵᠠᠮ ᠪᠤᠯᠤᠨ᠎ᠠ᠃ ᠦᠬᠠᠢ ᠠᠴᠠ ᠪᠠᠶ᠋ᠬᠠᠠᠤᠳᠠ ᠬᠦᠷᠬᠦ ᠨᠢᠭᠡᠲᠤᠭᠡᠷ ᠲᠡᠰ  ᠤᠨ ᠵᠠᠰᠠᠮᠠᠯ ᠵᠠᠮ ᠤᠨ ᠠᠯᠠᠱᠨ ᠠᠶᠢᠮᠠᠭ ᠤᠨ ᠬᠢᠯᠢ ᠲᠤᠲᠤᠷᠠᠬᠢ ᠤᠷᠲᠤ ᠨᠢ 130 ᠺᠢᠯᠤᠮᠧᠲᠷ ᠪᠠᠶᠢᠵᠦ᠂ ᠬᠤᠶᠠᠷ ᠭᠠᠵᠠᠷ ᠤᠷᠤᠨ ᠤ ᠲᠡᠭᠡᠭᠡᠪᠤᠷᠢ ᠶᠢᠨ ᠴᠢᠬᠤᠯᠨ ᠵᠠᠮ ᠪᠤᠯᠤᠨ᠎ᠠ᠃ ᠪᠦᠬᠦ ᠠᠶᠢᠮᠠᠭ ᠤᠨ ᠡᠯ᠎ᠠ ᠬᠤᠰᠢᠭᠤᠨ ᠤ ᠰᠠᠭᠤᠭ᠎ᠠ ᠭᠠᠵᠠᠷ ᠲᠤ ᠲᠡᠭᠡᠲᠤ ᠲᠡᠰ ᠤᠨ ᠵᠠᠰᠠᠮᠠᠯ ᠵᠠᠮ ᠨᠡᠪᠳᠡᠷᠡᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号