ᠵᠠᠮ ᠬᠠᠷᠢᠯᠴᠠᠭ᠎ᠠ ᠳᠡᠭᠡᠭᠡᠪᠦᠷᠢ — ᠲᠡᠮᠤᠷ ᠵᠠᠮ
ᠨᠡᠶᠢᠲᠡᠯᠡᠭᠰᠡᠨ ᠴᠠᠭ᠄
2020/2/11
        2018 ᠤᠨ ᠪᠣᠯᠳᠠᠯ᠎ᠠ᠂ ᠪᠦᠬᠦ ᠠᠶᠢᠮᠠᠭ ᠤᠨ ᠲᠡᠮᠤᠷ ᠵᠠᠮ ᠤᠨ ᠳᠡᠭᠡᠭᠡᠪᠦᠷᠢᠯᠡᠨ ᠡᠵᠡᠩᠨᠡᠭᠰᠡᠨ ᠵᠠᠮ ᠤᠨ ᠪᠦᠬᠦ ᠤᠷᠲᠤ ᠨᠢ 1691 ᠺᠢᠯᠤᠮᠧᠲᠷ ᠪᠤᠯᠤᠨ᠎ᠠ᠃ ᠲᠤᠰ ᠪᠦᠷᠢ ᠦᠬᠠᠢ ᠶᠢᠨ ᠪᠠᠷᠠᠭᠤᠨ ᠠᠴᠠ ᠵᠢᠷᠠᠲᠡᠢ ᠬᠦᠷᠬᠦ ᠲᠡᠮᠤᠷ ᠵᠠᠮ ᠤᠨ ᠪᠦᠬᠦ ᠤᠷᠲᠤ ᠨᠢ 130 ᠺᠢᠯᠤᠮᠧᠲᠷ ᠪᠠᠶᠢᠵᠦ᠂ ᠬᠢᠯᠢ ᠶᠢᠨ ᠲᠤᠲᠤᠷᠠᠬᠢ ᠵᠠᠮ ᠤᠨ ᠪᠦᠬᠦ ᠤᠷᠲᠤ  ᠨᠢ 128 ᠺᠢᠯᠤᠮᠧᠲᠷ︔ ᠭᠠᠨ ᠲᠠᠩ ᠠᠴᠠ ᠡᠤ ᠸᠧᠢ ᠬᠦᠷᠬᠦ ᠲᠡᠮᠤᠷ ᠵᠠᠮ ᠤᠨ ᠪᠦᠬᠦ ᠤᠷᠲᠤ ᠨᠢ 172.2 ᠺᠢᠯᠤᠮᠧᠲᠷ ᠪᠠᠶᠢᠵᠦ᠂ ᠬᠢᠯᠢ ᠶᠢᠨ ᠲᠤᠲᠤᠷᠠᠬᠢ ᠵᠠᠮ ᠤᠨ ᠤᠷᠲᠤ ᠨᠢ 58 ᠺᠢᠯᠤᠮᠧᠲᠷ᠂ ᠬᠢᠯᠢ ᠶᠢᠨ ᠲᠤᠲᠤᠷ᠎ᠠ ᠨᠡᠮᠡᠨ ᠵᠠᠰᠠᠭᠰᠠᠨ ᠬᠤᠶᠠᠲᠤᠭᠠᠷ ᠱᠤᠭᠤᠮ ᠤᠨ ᠤᠷᠲᠤ ᠨᠢ 52 ᠺᠢᠯᠤᠮᠧᠲᠷ︔ ᠯᠢᠨ ᠡᠾᠧ ᠠᠴᠠ ᠬᠠᠮᠢ ᠬᠦᠷᠬᠦ ᠲᠡᠮᠤᠷ ᠵᠠᠮ ᠤᠨ ᠪᠦᠬᠦ ᠤᠷᠲᠤ ᠨᠢ 1313 ᠺᠢᠯᠤᠮᠧᠲᠷ ᠪᠠᠶᠢᠵᠦ᠂ ᠬᠢᠯᠢ ᠶᠢᠨ ᠲᠤᠲᠤᠷᠠᠬᠢ ᠵᠠᠮ ᠤᠨ ᠤᠷᠲᠤ ᠨᠢ 851 ᠺᠢᠯᠤᠮᠧᠲᠷ ᠪᠤᠯᠤᠨ᠎ᠠ︔ ᠬᠤᠨᠲᠤ ᠨᠠᠭᠤᠷ ᠤᠨ ᠪᠠᠷᠠᠭᠤᠨ ᠦᠷᠳᠡᠭᠡ ᠠᠴᠠ ᠴᠡᠭᠡ ᠪᠤᠭᠤᠮᠳᠠ ᠬᠦᠷᠬᠦ ᠲᠡᠮᠤᠷ ᠵᠠᠮ ᠤᠨ ᠬᠤᠯᠪᠣᠬᠤ ᠱᠤᠭᠤᠮ ᠤᠨ ᠪᠦᠬᠦ ᠤᠷᠲᠤ ᠨᠢ 71 ᠺᠢᠯᠤᠮᠧᠲᠷ︔  ᠰᠠᠶᠢᠬᠠᠨ ᠵᠠᠪᠠᠢ ᠪᠣᠭᠤᠮᠳᠠ ᠶᠢᠨ ᠬᠤᠶᠢᠲᠤ ᠦᠷᠳᠡᠭᠡ ᠠᠴᠠ ᠴᠡᠭᠡ ᠪᠤᠭᠤᠮᠳᠠ ᠬᠦᠷᠬᠦ ᠲᠡᠮᠤᠷ ᠵᠠᠮ ᠤᠨ ᠪᠦᠬᠦ ᠤᠷᠲᠤ ᠨᠢ 452.3 ᠺᠢᠯᠤᠮᠧᠲᠷ ᠪᠠᠶᠢᠵᠦ᠂ ᠬᠢᠯᠢ  ᠶᠢᠨ ᠲᠤᠲᠤᠷᠠᠬᠢ ᠵᠠᠮ ᠤᠨ ᠤᠷᠲᠤ ᠨᠢ 344.9 ᠺᠢᠯᠤᠮᠧᠲᠷ ᠪᠤᠯᠤᠨ᠎ᠠ︔ ᠴᠢᠩ ᠱᠦᠢ ᠠᠴᠠ ᠰᠠᠶᠢᠬᠠᠨᠲᠤᠤᠷᠠᠢ ᠬᠦᠷᠬᠦ ᠲᠡᠮᠤᠷ ᠵᠠᠮ ᠤᠨ ᠪᠦᠬᠦ ᠤᠷᠲᠤ ᠨᠢ 331 ᠺᠢᠯᠤᠮᠧᠲᠷ ᠪᠠᠶᠢᠵᠦ᠂ ᠬᠢᠯᠢ ᠶᠢᠨ ᠲᠤᠲᠤᠷᠠᠬᠢ ᠵᠠᠮ ᠤᠨ ᠤᠷᠲᠤ  ᠨᠢ 170 ᠺᠢᠯᠤᠮᠧᠲᠷ ᠪᠤᠯᠤᠨ᠎ᠠ︔ ᠰᠠᠶᠢᠬᠠᠨᠲᠤᠤᠷᠠᠢ ᠠᠴᠠ ᠰᠠᠶᠢᠬᠠᠨ ᠵᠠᠪᠠᠢ ᠪᠣᠭᠤᠮᠳᠠ ᠴᠡᠭᠡ ᠪᠤᠭᠤᠮᠳᠠ ᠶᠢᠨ ᠱᠤᠭᠤᠮ ᠢ ᠬᠤᠯᠪᠣᠭᠰᠠᠨ ᠵᠠᠮ ᠤᠨ ᠪᠦᠬᠦ ᠤᠷᠲᠤ ᠨᠢ 12.5 ᠺᠢᠯᠤᠮᠧᠲᠷ ᠪᠠᠶᠢᠵᠦ᠂ ᠴᠢᠩ ᠬᠤᠸ᠋ᠨ ᠶᠢᠨ ᠪᠠᠷᠠᠭᠠᠨ  ᠤ ᠬᠦᠢᠯᠭᠡᠭᠡᠨ ᠤ ᠲᠦᠪ ᠤᠨ ᠲᠡᠮᠤᠷ ᠵᠠᠮ ᠤᠨ ᠲᠤᠰᠬᠠᠢ ᠭᠡᠷᠡᠭᠯᠡᠭᠡᠨ ᠤ ᠱᠤᠭᠤᠮ ᠨᠢ 3.88 ᠺᠢᠯᠤᠮᠧᠲᠷ ᠪᠤᠯᠤᠨ᠎ᠠ᠃ ᠪᠦᠬᠦ ᠠᠶᠢᠮᠠᠭ ᠤᠨ ᠲᠡᠮᠤᠷ ᠵᠠᠮ ᠤᠨ ᠲᠤᠤᠷᠵᠢᠯ ᠤᠨ ᠨᠢᠭᠳᠠᠴᠠ ᠨᠢ 62.6 ᠺᠢᠯᠤᠮᠧᠲᠷ / ᠲᠦᠮᠠᠨ ᠲᠡᠭᠰᠢ ᠲᠦᠷᠪᠠᠯᠵᠢᠨ ᠺᠢᠯᠤᠮᠧᠲᠷ ᠪᠠᠶᠢᠵᠦ᠂ ᠴᠠᠬᠢᠯᠭᠠᠨᠵᠢᠭᠤᠯᠣᠭᠰᠠᠨ ᠨᠤᠷᠮ᠎ᠠ ᠨᠢ 6.5% ᠪᠠᠶᠢᠵᠦ᠂ ᠱᠤᠭᠤᠮ ᠢᠶᠠᠷ ᠳᠡᠷᠭᠡ ᠨᠡᠪᠳᠡᠷᠡᠭᠰᠡᠨ ᠨᠤᠷᠮ᠎ᠠ ᠨᠢ 3.1% ᠪᠤᠯᠤᠨ᠎ᠠ᠃ 2018 ᠤᠨ ᠳᠤ ᠲᠡᠮᠤᠷ ᠵᠠᠮ ᠤᠨ ᠪᠠᠷᠠᠭᠠᠨ ᠤ ᠲᠡᠭᠡᠭᠡᠪᠤᠷᠢ ᠶᠢᠨ ᠶᠠᠷᠤᠩᠭᠡᠢ ᠭᠡᠮᠵᠢᠶ᠎ᠠ ᠨᠢ 1284.3 ᠲᠦᠮᠠᠨ ᠲᠤᠨ ᠢ ᠪᠠᠶᠠᠯᠡᠬᠦᠯᠵᠦ᠂ ᠵᠢᠭᠤᠯᠴᠢᠯᠠᠭᠴᠢᠳ ᠢ ᠳᠡᠭᠡᠭᠡᠪᠦᠷᠢᠯᠡᠭᠰᠡᠨ ᠶᠠᠷᠤᠩᠭᠡᠢ ᠭᠡᠮᠵᠢᠶ᠎ᠠ ᠨᠢ 10.6 ᠲᠦᠮᠠᠨ ᠬᠦᠮᠦᠨ ᠤᠳᠠᠭ᠎ᠠ ᠳᠤ ᠬᠦᠷᠪᠠ  ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号