ᠠᠯᠠᠱᠠ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠡᠭᠦᠷᠭᠡ ᠴᠢᠳᠠᠮᠵᠢ ᠶᠢᠨ ᠲᠣᠬᠢᠷᠠᠭᠤᠯᠤᠯᠲᠠ᠂ ᠳᠣᠳᠣᠭᠠᠳᠣ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ ᠶᠢᠨ ᠳᠣᠬᠠᠢ ᠲᠣᠭᠲᠠᠭᠠᠯ
ᠨᠡᠶᠢᠲᠡᠯᠡᠭᠰᠡᠨ ᠴᠠᠭ᠄
2020/2/13
       ᠨᠢᠭᠡᠳᠦᠭᠡᠷ ᠵᠦᠶᠯ   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠭᠰᠡᠨ ︽ᠠᠯᠠᠱᠨ ᠠᠶᠢᠮᠠᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠠ ᠠᠯᠠᠱᠨ ᠠᠶᠢᠮᠠᠭ ᠤᠨ ᠳᠠᠷᠤᠮᠠᠯᠯᠠᠨ ᠲᠠᠷᠬᠠᠭᠠᠭᠰᠠᠨ ︽ᠠᠯᠠᠱᠨ ᠠᠶᠢᠮᠠᠭ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃        ᠬᠤᠶᠠᠳᠤᠭᠠᠷ ᠵᠦᠢᠯ   ᠠᠯᠠᠱᠠ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠪᠣᠯ ᠠᠶᠢᠮᠠᠭ ᠤᠨ ᠵᠠᠬᠢᠷᠭ᠎ᠠ ᠶᠢᠨ ᠠᠵᠢᠯ ᠤᠨ ᠰᠠᠯᠠᠭ᠎ᠠ ᠮᠥᠴᠢᠷ ᠪᠠᠶᠢᠵᠦ ᠵᠢᠩᠬᠢᠨᠢ ᠭᠠᠵᠠᠷ ᠤᠨ ᠲᠡᠰ ᠤᠨ ᠪᠠᠶᠢᠭᠤᠯᠣᠯᠭ᠎ᠠ ᠪᠣᠯᠤᠨ᠎ᠠ᠃        ᠭᠤᠷᠪᠠᠳᠤᠭᠠᠷ ᠵᠦᠢᠯ  ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠨᠢ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠤᠳᠤᠯᠭ᠎ᠠ ᠪᠣᠯᠤᠨ ᠥᠪᠡᠷᠲᠡᠭᠡᠨ ᠵᠠᠰᠠᠬᠤ ᠣᠷᠣᠨ   ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠬᠠᠮᠢᠶ᠎ᠠ ᠪᠥᠬᠦᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠣᠯᠳᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠲᠤᠭ᠎ᠠ ᠪᠦᠷᠢᠳᠬᠡᠯ ᠤᠨ ᠠᠵᠢᠯ ᠳᠠᠬᠢ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠳᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄        ( ᠨᠢᠭᠡ ) ᠲᠤᠭ᠎ᠠ ᠪᠦᠷᠢᠳᠬᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠣᠯᠤᠨ ᠲᠤᠭ᠎ᠠ ᠪᠦᠷᠢᠳᠬᠡᠯ ᠤᠨ ᠳᠦᠷᠢᠮ᠂ ᠲᠤᠭ᠎ᠠ ᠪᠦᠷᠢᠳᠬᠡᠯ ᠤᠨ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠬᠦᠯᠦᠨ᠎ᠡ᠃ ᠲᠤᠭ᠎ᠠ ᠪᠦᠷᠢᠳᠬᠡᠯ ᠤᠨ ᠥᠭᠡᠷᠡᠴᠢᠯᠡᠯᠲᠡ ᠪᠠᠶᠢᠭᠤᠯᠤᠯᠲᠠ ᠶᠢᠨ ᠲᠥᠯᠥᠪᠵᠢᠭᠦᠯᠭᠡ ᠵᠢᠴᠢ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠯᠥᠪᠯᠡᠭᠡ ᠶᠢ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠨᠠᠶᠢᠷᠠᠭᠤᠯᠣᠨ᠎ᠠ᠃ ᠲᠤᠭ᠎ᠠ ᠪᠦᠷᠢᠳᠬᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠣᠯᠤᠨ ᠲᠤᠭ᠎ᠠ ᠪᠦᠷᠢᠳᠬᠡᠯ ᠤᠨ ᠳᠦᠷᠢᠮ᠂ ᠲᠤᠭ᠎ᠠ ᠪᠦᠷᠢᠳᠬᠡᠯ ᠤᠨ ᠪᠠᠷᠢᠮᠵᠢᠶ᠎ᠠ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠪᠠᠶᠢᠴᠠᠭᠠᠨ᠎ᠠ᠃ ᠪᠦᠬᠦ ᠠᠶᠢᠮᠠᠭ ᠤᠨ ᠲᠤᠭ᠎ᠠ ᠪᠦᠷᠢᠳᠬᠡᠯ ᠤᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃        ( ᠬᠤᠶᠠᠷ ) ᠤᠯᠤᠰ ᠠᠷᠠᠳ ᠤᠨ ᠠᠵᠤ ᠠᠬᠤᠢ ᠶᠢᠨ ᠬᠠᠷᠭᠤᠭᠤᠯᠣᠨ ᠪᠣᠳᠣᠬᠤ ᠰᠢᠰᠲ᠋ᠧᠮᠵᠢ ᠶᠢ ᠲᠤᠤᠱᠯᠠᠭᠤᠯᠤᠨ ᠬᠡᠷᠡᠭᠵᠢᠬᠦᠯᠵᠦ᠂ ᠪᠦᠬᠦ ᠠᠶᠢᠮᠠᠭ ᠵᠢᠴᠢ ᠡᠯ᠎ᠡ ᠬᠤᠰᠢᠭᠤ ᠲᠣᠭᠤᠷᠢᠭ ᠤᠨ ᠤᠯᠤᠰ ᠠᠷᠠᠳ ᠤᠨ ᠠᠵᠤ ᠠᠬᠤᠢ ᠶᠢᠨ  ᠬᠠᠷᠭᠤᠭᠤᠯᠣᠨ ᠪᠣᠳᠣᠬᠤ ᠳᠦᠷᠢᠮ ᠪᠣᠯᠤᠨ ᠪᠦᠬᠦ ᠠᠶᠢᠮᠠᠭ ᠤᠨ ᠣᠷᠣᠭᠤᠯᠤᠯᠲᠠ ᠭᠠᠷᠭᠠᠯᠲᠠ  ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠬᠦᠯᠵᠦ᠂ ᠪᠦᠬᠦ ᠠᠶᠢᠮᠠᠭ ᠵᠢᠴᠢ ᠡᠯ᠎ᠡ ᠬᠤᠰᠢᠭᠤ ᠣᠷᠣᠨ ᠤ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠢ ᠬᠠᠷᠭᠤᠭᠤᠯᠣᠨ ᠪᠣᠳᠣᠵᠦ᠂ ᠤᠯᠤᠰ ᠠᠷᠠᠳ ᠤᠨ ᠠᠵᠤ ᠠᠬᠤᠢ ᠶᠢᠨ ᠬᠠᠷᠭᠤᠭᠤᠯᠣᠨ ᠪᠣᠳᠣᠬᠤ ᠮᠠᠲ᠋ᠧᠷᠢᠶᠠᠯ ᠢ ᠡᠮᠬᠢᠳᠬᠡᠨ ᠨᠠᠶᠢᠷᠠᠭᠤᠯᠵᠤ᠂ ᠡᠯ᠎ᠡ ᠬᠤᠰᠢᠭᠤ ᠣᠷᠣᠨ ᠤ ᠤᠯᠤᠰ ᠠᠷᠠᠳ ᠤᠨ ᠠᠵᠤ ᠠᠬᠤᠢ ᠶᠢᠨ  ᠬᠠᠷᠭᠤᠭᠤᠯᠣᠨ ᠪᠣᠳᠣᠬᠤ ᠠᠵᠢᠯ ᠢ ᠬᠢᠨᠠᠨ ᠬᠠᠮᠢᠶᠠᠷᠤᠨ᠎ᠠ᠃        ( ᠭᠤᠷᠪᠠ ) ᠪᠥᠬᠦ ᠠᠶᠢᠮᠠᠭ ᠤᠨ ᠬᠥᠮᠦᠨ ᠠᠮᠠ᠂ ᠠᠵᠤ ᠠᠬᠤᠶ᠂ ᠲᠠᠷᠢᠶᠠᠯᠠᠩ ᠮᠠᠯ ᠠᠵᠤ ᠠᠬᠤᠶ ᠵᠡᠷᠭᠡ ᠠᠶᠢᠮᠠᠭ ᠤᠨ ᠴᠢᠬᠤᠯᠠ ᠶᠡᠭᠡ ᠪᠠᠶᠢᠳᠠᠯ ᠠᠶᠢᠮᠠᠭ ᠤᠨ ᠴᠢᠬᠤᠯᠠ ᠶᠡᠭᠡ ᠬᠦᠴᠦᠨ ᠤ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠬᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠶᠢᠮᠠᠭ ᠤᠨ ᠴᠢᠬᠤᠯᠠ ᠶᠡᠭᠡ ᠪᠠᠶᠢᠳᠠᠯ ᠠᠶᠢᠮᠠᠭ ᠤᠨ ᠴᠢᠬᠤᠯᠠ ᠶᠡᠭᠡ ᠬᠦᠴᠦᠨ ᠤ ᠨᠡᠶᠢᠳᠡᠮ ᠪᠠᠶᠢᠴᠠᠭᠠᠯᠲᠠ ᠵᠢᠴᠢ ᠲᠤᠰᠬᠠᠶ ᠳᠦᠷᠦᠯ ᠤᠨ ᠪᠠᠶᠢᠴᠠᠭᠠᠯᠲᠠ ᠶᠢᠨ ᠲᠥᠯᠥᠪᠯᠡᠭᠡ᠂ ᠲᠥᠰᠦᠯ ᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠬᠦᠯᠦᠨ᠎ᠡ᠃ ᠠᠶᠢᠮᠠᠭ ᠤᠨ ᠪᠠᠶᠢᠳᠠᠯ ᠠᠶᠢᠮᠠᠭ ᠤᠨ ᠬᠦᠴᠦᠨ ᠤ ᠲᠠᠯ᠎ᠠ ᠪᠠᠷ ᠬᠢ ᠪᠦᠷᠢᠳᠬᠡᠯ ᠤᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠡᠮᠬᠢᠳᠬᠡᠵᠦ ᠬᠠᠩᠭᠠᠨ᠎ᠠ᠃        ( ᠳᠥᠷᠪᠡ ) ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ᠂ ᠠᠵᠤ ᠦᠶᠯᠡᠳᠪᠦᠷᠢ᠂ ᠪᠠᠷᠢᠯᠭ᠎ᠠ ᠶᠢᠨ ᠦᠶᠯᠡᠰ᠂ ᠦᠶᠯᠡᠴᠢᠯᠡᠭᠡᠨ ᠤ ᠦᠶᠯᠡᠰ ᠵᠡᠷᠭᠡ ᠪᠦᠬᠦ ᠠᠶᠢᠮᠠᠭ ᠤᠨ ᠤᠯᠤᠰ ᠠᠷᠠᠳ  ᠤᠨ ᠠᠵᠤ ᠠᠬᠤᠶ ᠶᠢᠨ ᠡᠯ᠎ᠡ ᠠᠵᠢᠯ ᠲᠥᠷᠥᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠯᠪᠣᠭᠳᠠᠯ ᠪᠦᠬᠦᠢ ᠪᠠᠶᠢᠴᠠᠭᠠᠯᠲᠠ ᠶᠢᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ  ᠶᠢ ᠴᠤᠭᠯᠠᠭᠤᠯᠵᠤ᠂ ᠬᠤᠷᠢᠶᠠᠩᠭᠤᠶᠢᠯᠠᠨ ᠡᠮᠬᠢᠳᠬᠡᠵᠦ᠂ ᠬᠠᠩᠭᠠᠵᠦ᠂ ᠵᠢᠭᠤᠯᠴᠢᠯᠠᠯ᠂ ᠵᠠᠮ ᠬᠠᠷᠢᠯᠴᠠᠭ᠎ᠠ ᠲᠡᠭᠡᠭᠡᠪᠦᠷᠢ᠂ ᠰᠢᠦᠳᠠᠨ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ᠂ ᠨᠡᠶᠢᠲᠡ ᠶᠢᠨ ᠬᠡᠷᠡᠭᠯᠡᠭᠡᠨ ᠤ ᠦᠶᠯᠡᠰ ᠵᠡᠷᠭᠡ ᠪᠦᠬᠦ ᠠᠶᠢᠮᠠᠭ ᠤᠨ ᠴᠢᠨᠠᠷᠲᠠᠶ  ᠲᠤᠭ᠎ᠠ ᠪᠦᠷᠢᠳᠬᠡᠯ ᠤᠨ ᠦᠨᠳᠦᠰᠦᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠡᠮᠬᠢᠳᠬᠡᠵᠦ᠂ ᠬᠠᠩᠭᠠᠨ᠎ᠠ᠃        ( ᠲᠠᠪᠤ ) ᠪᠦᠬᠦ ᠠᠶᠢᠮᠠᠭ ᠤᠨ ᠡᠨᠧᠷᠭᠢ᠂ ᠪᠡᠯᠡ ᠣᠷᠣᠭᠤᠯᠤᠯᠲᠠ᠂ ᠬᠡᠷᠡᠭᠯᠡᠭᠡ᠂ ᠰᠢᠨᠵᠢᠯᠡᠬᠦ ᠤᠬᠠᠭᠠᠨ ᠮᠡᠷᠭᠡᠵᠢᠯ᠂ ᠬᠥᠮᠦᠨ ᠠᠮᠠ᠂ ᠬᠥᠳᠡᠯᠮᠦᠷᠢ ᠬᠦᠴᠦᠨ᠂ ᠨᠡᠶᠢᠭᠡᠮ ᠤᠨ ᠬᠥᠭᠵᠢᠯᠲᠡ ᠶᠢᠨ ᠦᠨᠳᠦᠰᠦᠨ ᠪᠠᠶᠢᠳᠠᠯ᠂ ᠣᠷᠴᠢᠨ ᠲᠣᠭᠤᠷᠢᠨ ᠤ ᠦᠨᠳᠦᠰᠦᠨ ᠪᠠᠶᠢᠳᠠᠯ ᠵᠡᠷᠭᠡ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠣᠨ ᠬᠡᠷᠡᠭᠵᠢᠭᠦᠯᠵᠦ᠂ ᠬᠤᠯᠪᠣᠭᠳᠠᠯ ᠪᠦᠬᠦᠢ ᠪᠠᠶᠢᠴᠠᠭᠠᠯᠲᠠ ᠶᠢᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ  ᠶᠢ ᠴᠤᠭᠯᠠᠭᠤᠯᠵᠤ᠂ ᠬᠤᠷᠢᠶᠠᠩᠭᠤᠶᠢᠯᠠᠵᠤ᠂ ᠡᠮᠬᠢᠳᠬᠡᠵᠦ᠂ ᠬᠠᠩᠭᠠᠵᠤ᠂ ᠡᠬᠢ ᠪᠠᠶᠠᠯᠢᠭ᠂ ᠭᠡᠷ ᠪᠠᠶᠢᠰᠢᠩ᠂ ᠭᠠᠳᠠᠭᠠᠳᠤ ᠠᠷᠠᠯᠵᠢᠶ᠎ᠠ᠂ ᠭᠠᠳᠠᠭᠠᠳᠤ ᠠᠵᠤ ᠠᠬᠤᠶ ᠵᠡᠷᠭᠡ ᠪᠦᠬᠦ ᠠᠶᠢᠮᠠᠭ ᠤᠨ ᠴᠢᠨᠠᠷᠲᠠᠶ ᠲᠤᠭ᠎ᠠ ᠪᠦᠷᠢᠳᠬᠡᠯ ᠤᠨ ᠦᠨᠳᠦᠰᠦᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠨ᠂ ᠡᠮᠬᠢᠳᠬᠡᠵᠦ᠂ ᠬᠠᠩᠭᠠᠨ᠎ᠠ᠃        ( ᠵᠢᠷᠭᠤᠭ᠎ᠠ ) ᠡᠯ᠎ᠡ ᠬᠤᠰᠢᠭᠤ ᠲᠣᠭᠤᠷᠢᠭ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠠᠵᠤ ᠠᠬᠤᠶ᠂ ᠨᠡᠶᠢᠭᠡᠮ᠂ ᠰᠢᠨᠵᠢᠯᠡᠭᠡ ᠮᠡᠷᠭᠡᠵᠢᠯ ᠪᠣᠯᠤᠨ ᠡᠬᠢ ᠪᠠᠶᠠᠯᠢᠭ ᠣᠷᠴᠢᠨ ᠲᠣᠭᠤᠷᠢᠨ ᠤ ᠲᠤᠭ᠎ᠠ ᠪᠦᠷᠢᠳᠬᠡᠯ ᠤᠨ ᠪᠠᠶᠢᠴᠠᠭᠠᠯᠳᠠ   ᠶᠢ ᠵᠣᠬᠢᠶᠠᠨ ᠪᠠᠶᠢᠭᠤᠯᠵᠤ᠂ ᠪᠦᠬᠦ ᠠᠶᠢᠮᠠᠭ ᠤᠨ ᠴᠢᠨᠠᠷᠲᠠᠶ ᠲᠤᠭ᠎ᠠ ᠪᠦᠷᠢᠳᠬᠡᠯ ᠤᠨ ᠦᠨᠳᠦᠰᠦᠨ ᠮᠠᠲ᠋ᠧᠷᠢᠶᠠᠯ ᠢ ᠨᠢᠭᠡᠳᠦᠯᠲᠡᠶ ᠬᠢᠨᠠᠨ ᠲᠣᠭᠲᠠᠭᠠᠵᠤ᠂ ᠬᠠᠮᠢᠶᠠᠷᠴᠤ᠂ ᠨᠡᠶᠢᠲᠡᠯᠡᠵᠦ᠂ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠪᠠᠶᠢᠳᠠᠯ ᠤᠨ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ᠎ᠡ᠃        ( ᠳᠣᠯᠤᠭ᠎ᠠ ) ᠪᠦᠬᠦ ᠠᠶᠢᠮᠠᠭ ᠤᠨ ᠤᠯᠤᠰ ᠠᠷᠠᠳ ᠤᠨ ᠠᠵᠤ ᠠᠬᠤᠶ᠂ ᠨᠡᠶᠢᠭᠡᠮ ᠤᠨ ᠬᠥᠭᠵᠢᠯᠲᠡ᠂ ᠰᠢᠨᠵᠢᠯᠡᠭᠡ ᠮᠡᠷᠭᠡᠵᠢᠯ ᠤᠨ ᠳᠠᠪᠰᠢᠯᠲᠠ ᠪᠣᠯᠤᠨ ᠡᠬᠢ ᠪᠠᠶᠠᠯᠢᠭ ᠣᠷᠴᠢᠨ ᠲᠣᠭᠤᠷᠢᠨ ᠵᠡᠷᠭᠡ ᠪᠠᠶᠢᠳᠠᠯ ᠳᠤ ᠲᠤᠭ᠎ᠠ ᠪᠦᠷᠢᠳᠬᠡᠯ ᠤᠨ ᠵᠠᠳᠠᠯᠤᠯᠲᠠ᠂ ᠲᠤᠭ᠎ᠠ ᠪᠦᠷᠢᠳᠬᠡᠯ ᠤᠨ ᠬᠢᠨᠠᠨ ᠬᠡᠮᠵᠢᠯᠲᠡ ᠪᠣᠯᠤᠨ ᠲᠤᠭ᠎ᠠ ᠪᠦᠷᠢᠳᠬᠡᠯ ᠤᠨ ᠬᠢᠨᠠᠯᠲᠠ ᠲᠠᠯᠪᠢᠯᠲᠠ ᠶᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠠᠶᠢᠮᠠᠭ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠣᠨ ᠤ ᠦᠨᠡᠯᠡᠯᠲᠡ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠬᠦᠯᠵᠦ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠤᠭ᠎ᠠ ᠪᠦᠷᠢᠳᠬᠡᠯ ᠤᠨ ᠮᠡᠳᠡᠭᠡ ᠵᠠᠩᠭᠢ ᠪᠣᠯᠤᠨ ᠵᠥᠪᠯᠡᠯᠭᠡ ᠥᠭᠬᠦ ᠰᠠᠨᠠᠭᠤᠯᠭ᠎ᠠ ᠬᠠᠩᠭᠠᠨ᠎ᠠ᠃         ( ᠨᠠᠶᠮᠠ ) ᠠᠶᠢᠮᠠᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠪᠠᠶᠢᠴᠠᠭᠠᠯᠳᠠ ᠶᠢᠨ ᠲᠥᠷᠥᠯ ᠵᠦᠶᠯ᠂ ᠡᠯ᠎ᠡ ᠬᠤᠰᠢᠭᠤ ᠲᠣᠭᠤᠷᠢᠭ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠶᠯ ᠢ ᠬᠠᠤᠯᠢ ᠶᠣᠰᠣᠭᠠᠷ ᠳᠠᠩᠰᠠᠯᠠᠵᠤ᠂ ᠡᠯ᠎ᠡ ᠬᠤᠰᠢᠭᠤ ᠲᠣᠭᠤᠷᠢᠭ ᠤᠨ ᠲᠤᠰᠬᠠᠶ ᠮᠡᠷᠭᠡᠵᠢᠯ ᠤᠨ ᠲᠤᠭ᠎ᠠ ᠪᠦᠷᠢᠳᠬᠡᠯ ᠤᠨ ᠰᠠᠭᠤᠷᠢ ᠠᠵᠢᠯ᠂ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠲᠤᠬᠠᠶᠢᠯᠠᠭᠰᠠᠨ ᠠᠵᠢᠯ ᠤᠨ ᠰᠠᠭᠤᠷᠢ ᠪᠠᠶᠢᠭᠤᠯᠤᠯᠲᠠ ᠶᠢ ᠵᠢᠯᠣᠭᠤᠳᠴᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠢᠨᠠᠨ ᠬᠠᠷᠭᠤᠭᠤᠯᠬᠤ᠂ ᠬᠢᠨᠠᠨ ᠡᠵᠡᠮᠳᠡᠬᠦ ᠪᠠ ᠦᠨᠡᠯᠡᠨ ᠵᠢᠱᠢᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠲᠤᠭ᠎ᠠ ᠪᠦᠷᠢᠳᠬᠡᠯ ᠤᠨ ᠴᠢᠬᠤᠯᠠ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ᠂ ᠬᠢᠨᠠᠨ ᠡᠵᠡᠮᠳᠡᠬᠦ ᠪᠠ ᠦᠨᠡᠯᠡᠨ ᠵᠢᠱᠢᠬᠦ ᠠᠵᠢᠯ ᠢ ᠥᠷᠨᠢᠭᠦᠯᠵᠦ᠂ ᠭᠠᠳᠠᠭᠠᠳᠤ ᠳᠤ ᠬᠤᠯᠪᠣᠭᠳᠠᠬᠤ ᠪᠠᠶᠢᠴᠠᠭᠠᠯᠲᠠ ᠶᠢᠨ ᠠᠵᠢᠯᠯᠠᠭ᠎ᠠ ᠶᠢ ᠬᠠᠤᠯᠢ ᠶᠣᠰᠣᠭᠠᠷ ᠬᠢᠨᠠᠨ ᠬᠠᠮᠢᠶᠠᠷᠤᠨ᠎ᠠ᠃         ( ᠶᠢᠰᠦ ) ᠡᠯ᠎ᠡ ᠬᠤᠰᠢᠭᠤ ᠲᠣᠭᠤᠷᠢᠭ ᠢ ᠬᠠᠮᠵᠢᠨ ᠬᠤᠰᠢᠭᠤ ᠲᠣᠭᠤᠷᠢᠭ ᠤᠨ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠢ ᠬᠠᠪᠰᠤᠷᠴᠤ᠂ ᠪᠦᠬᠦ ᠠᠶᠢᠮᠠᠭ ᠤᠨ ᠲᠤᠭ᠎ᠠ ᠪᠦᠷᠢᠳᠬᠡᠯ ᠤᠨ ᠰᠢᠨᠵᠢᠯᠡᠬᠦ ᠤᠬᠠᠭᠠᠨ ᠤ ᠰᠤᠳᠤᠯᠤᠯ᠂ ᠺᠠᠳ᠋ᠷ ᠤᠨ ᠪᠣᠯᠪᠠᠰᠤᠷᠠᠭᠤᠯᠤᠯ᠂ ᠲᠤᠭ᠎ᠠ ᠪᠦᠷᠢᠳᠬᠡᠯ ᠤᠨ ᠲᠤᠰᠬᠠᠶ ᠮᠡᠷᠭᠡᠵᠢᠯ  ᠤᠨ ᠡᠩᠨᠡᠭᠡᠨ ᠤ ᠪᠠᠶᠢᠭᠤᠯᠤᠯᠲᠠ ᠵᠡᠷᠭᠡ ᠠᠵᠢᠯ ᠢ ᠵᠢᠯᠣᠭᠤᠳᠤᠨ᠎ᠠ᠃ ᠲᠣᠭᠲᠠᠭᠠᠯ ᠶᠣᠰᠣᠭᠠᠷ ᠬᠤᠰᠢᠭᠤ ᠰᠢᠶᠠᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠬᠢᠨ ᠤ ᠲᠥᠪ  ᠤᠨ ᠡᠳ᠋ ᠤᠨ ᠵᠠᠰᠠᠭ ᠤᠨ ᠲᠤᠭ᠎ᠠ ᠪᠦᠷᠢᠳᠬᠡᠯ ᠤᠨ ᠠᠵᠢᠯ ᠦᠢᠯᠡᠰ ᠤᠨ ᠵᠠᠷᠤᠳᠠᠯ ᠢ ᠬᠠᠮᠢᠶᠠᠷᠣᠨ᠎ᠠ᠃         ( ᠠᠷᠪᠠ ) ᠪᠦᠬᠦ ᠠᠶᠢᠮᠠᠭ ᠤᠨ ᠲᠤᠭ᠎ᠠ ᠪᠦᠷᠢᠳᠬᠡᠯ ᠤᠨ ᠮᠡᠳᠡᠭᠡ ᠵᠠᠩᠬᠢᠴᠢᠯᠠᠯᠳᠠ ᠶᠢᠨ ᠢᠨᠵᠧᠨᠧᠷᠢᠩ  ᠤᠨ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠬᠤ ᠶᠢ ᠬᠠᠷᠢᠭᠤᠴᠠᠵᠤ᠂ ᠪᠦᠬᠦ ᠠᠶᠢᠮᠠᠭ ᠤᠨ ᠲᠤᠭ᠎ᠠ ᠪᠦᠷᠢᠳᠬᠡᠯ ᠤᠨ ᠮᠡᠳᠡᠭᠡ ᠵᠠᠩᠬᠢᠴᠢᠯᠠᠯᠳᠠ ᠶᠢᠨ ᠰᠢᠰᠲ᠋ᠧᠮ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠬᠥᠮᠥᠷᠭᠡ ᠶᠢᠨ ᠰᠢᠰᠲ᠋ᠧᠮ᠂ ᠪᠦᠬᠦ ᠠᠶᠢᠮᠠᠭ ᠤᠨ ᠬᠤᠷᠸ᠎ᠠ ᠠᠵᠤ ᠠᠬᠤᠶ ᠬᠢᠭᠡᠳ ᠨᠡᠶᠢᠭᠡᠮ ᠤᠨ ᠬᠥᠭᠵᠢᠯᠲᠡ ᠶᠢᠨ ᠰᠠᠭᠤᠷᠢ ᠳᠤᠭ᠎ᠠ ᠪᠠᠷᠢᠮᠳᠠ ᠶᠢᠨ ᠬᠥᠮᠥᠷᠭᠡ ᠶᠢ ᠪᠠᠶᠢᠭᠤᠯᠵᠤ᠂ ᠬᠠᠮᠢᠶᠠᠷᠬᠤ ᠪᠠ ᠬᠠᠮᠠᠭᠠᠯᠠᠨ᠎ᠠ᠃ ᠡᠯ᠎ᠡ ᠬᠤᠰᠢᠭᠤ ᠲᠣᠭᠤᠷᠢᠭ ᠤᠨ ᠲᠤᠭ᠎ᠠ ᠪᠦᠷᠢᠳᠬᠡᠯ ᠤᠨ ᠮᠡᠳᠡᠭᠡ ᠵᠠᠩᠬᠢᠴᠢᠯᠠᠯᠳᠠ ᠶᠢᠨ ᠰᠢᠰᠲ᠋ᠧᠮ ᠤᠨ ᠪᠠᠶᠢᠭᠤᠯᠤᠯᠲᠠ ᠶᠢ ᠵᠢᠯᠣᠭᠤᠳᠤᠨ᠎ᠠ᠃        ( ᠠᠷᠪᠠᠨ ᠨᠢᠭᠡ ) ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠲᠤᠰᠢᠶᠠᠭᠰᠠᠨ ᠪᠤᠰᠤᠳ ᠡᠭᠦᠷᠭᠡ  ᠶᠢ ᠪᠡᠶᠡᠯᠡᠬᠦᠯᠦᠨ᠎ᠡ᠃        ᠳᠥᠷᠪᠡᠳᠦᠭᠡᠷ ᠵᠦᠢᠯ  ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠳᠤ ᠳᠣᠣᠷᠠᠬᠢ ᠮᠡᠲᠦ ᠳᠣᠲᠣᠭᠠᠳᠤ ᠪᠠᠶᠢᠭᠤᠯᠣᠮᠵᠢ ᠶᠢ ᠳᠣᠬᠢᠷᠠᠭᠤᠯᠣᠨ᠎ᠠ᠄        ( ᠨᠢᠭᠡ ) ᠠᠯᠪᠠᠨ ᠭᠡᠷ᠃ ᠪᠠᠶᠢᠭᠤᠯᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠬᠢ᠂ ᠵᠠᠰᠠᠭ ᠤᠨ ᠶᠠᠪᠤᠳᠠᠯ ᠢ ᠢᠯᠡ ᠪᠠᠶᠢᠯᠭᠠᠬᠤ᠂ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ᠂ ᠬᠤᠷᠠᠯ ᠤᠨ ᠶᠠᠪᠣᠳᠠᠯ ᠢ ᠵᠣᠬᠢᠶᠠᠨ ᠪᠠᠶᠢᠭᠤᠯᠬᠤ᠂ ᠠᠮᠤᠷ ᠲᠦᠪᠰᠢᠨ ᠢ ᠪᠠᠳᠣᠯᠠᠬᠤ ᠵᠡᠷᠭᠡ ᠠᠵᠢᠯ ᠢ ᠡᠭᠦᠷᠭᠡᠯᠡᠨ᠎ᠡ᠃ ᠪᠠᠶᠢᠭᠤᠯᠤᠯᠭ᠎ᠠ ᠶᠢᠨ ᠠᠵᠢᠯ ᠤᠨ ᠳᠦᠷᠢᠮ ᠢ ᠲᠣᠭᠲᠠᠭᠠᠬᠤ ᠶᠢ ᠬᠠᠷᠢᠭᠤᠴᠠᠨ᠎ᠠ᠃ ᠴᠢᠬᠤᠯᠠ ᠠᠵᠢᠯ  ᠢ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠬᠦᠢᠴᠡᠳᠭᠡᠬᠦᠯᠬᠦ ᠵᠡᠷᠭᠡ ᠶᠢ ᠬᠠᠷᠢᠭᠤᠴᠠᠬᠤ ᠬᠡᠷᠡᠭᠲᠡᠶ᠃ ᠺᠠᠳ᠋ᠷ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠪᠣᠯᠤᠨ ᠬᠥᠮᠦᠵᠢᠯ ᠪᠣᠯᠪᠠᠰᠤᠷᠠᠭᠤᠯᠤᠯ ᠤᠨ ᠳᠦᠯᠦᠪᠵᠢᠬᠦᠯᠬᠡ ᠶᠢ ᠬᠠᠷᠢᠭᠤᠴᠠᠨ ᠲᠣᠭᠲᠠᠭᠠᠬᠤ ᠶᠢᠨ ᠬᠠᠮᠲᠤ ᠰᠢᠮᠳᠠᠭᠤᠯᠤᠨ ᠬᠡᠷᠡᠭᠵᠢᠬᠦᠯᠦᠨ᠎ᠡ᠃ ᠪᠠᠶᠢᠭᠤᠯᠤᠯᠭ᠎ᠠ ᠵᠢᠴᠢ ᠬᠠᠷᠢᠶ᠎ᠠ ᠨᠢᠭᠡᠴᠡ ᠶᠢᠨ ᠢᠶᠠᠨ ᠪᠠᠶᠢᠭᠤᠯᠤᠮᠵᠢ ᠶᠢᠨ ᠣᠷᠣᠨ ᠲᠤᠭ᠎ᠠ᠂ ᠵᠣᠬᠢᠶᠠᠨ ᠪᠠᠶᠢᠭᠤᠯᠤᠯᠲᠠ ᠠᠵᠢᠯᠳᠠᠨ ᠤ ᠶᠠᠪᠣᠳᠠᠯ ᠤᠨ ᠬᠠᠮᠢᠶᠠᠷᠤᠯᠲᠠ ᠪᠣᠯᠤᠨ ᠴᠢᠳᠠᠪᠤᠷᠢᠲᠠᠨ ᠤ ᠠᠵᠢᠯ ᠢ ᠬᠠᠷᠢᠭᠤᠴᠠᠨ᠎ᠠ᠃ ᠡᠯ᠎ᠡ ᠬᠤᠰᠢᠭᠤ ᠲᠣᠭᠤᠷᠢᠭ ᠢ ᠬᠠᠮᠵᠢᠨ ᠬᠤᠰᠢᠭᠤ ᠲᠣᠭᠤᠷᠢᠭ ᠤᠨ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠤ ᠬᠤᠯᠪᠣᠭᠳᠠᠯ ᠪᠦᠬᠦᠢ ᠠᠵᠢᠯ ᠢ ᠳᠠᠭᠠᠭᠠᠴᠢᠯᠠᠨ ᠭᠦᠢᠴᠡᠳᠬᠡᠨ᠎ᠡ᠃ ᠪᠦᠬᠦ ᠠᠶᠢᠮᠠᠭ ᠤᠨ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠬᠢᠨ ᠤ ᠲᠥᠪ ᠤᠨ ᠡᠳ᠋ ᠤᠨ ᠵᠠᠰᠠᠭ ᠤᠨ ᠲᠤᠭ᠎ᠠ ᠪᠦᠷᠢᠳᠬᠡᠯ ᠤᠨ ᠠᠵᠢᠯ ᠦᠢᠯᠡᠰ ᠤᠨ ᠵᠠᠷᠤᠳᠠᠯ ᠪᠣᠯᠤᠨ ᠪᠠᠶᠢᠭᠤᠯᠤᠯᠭ᠎ᠠ ᠶᠢᠨ  ᠱᠠᠲᠤᠨ ᠤ ᠵᠠᠷᠤᠳᠠᠯ ᠢ ᠲᠣᠭᠲᠠᠭᠠᠯ ᠶᠣᠰᠣᠭᠠᠷ ᠬᠠᠮᠢᠶᠠᠷᠣᠨ᠎ᠠ᠃ ᠪᠠᠶᠢᠭᠤᠯᠣᠯᠭ᠎ᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠪᠠ ᠲᠣᠭᠲᠠᠮᠠᠯ ᠬᠦᠷᠦᠩᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠠᠶᠢᠭᠤᠯᠤᠯᠭ᠎ᠠ ᠶᠢᠨ ᠨᠢᠭᠲᠠᠯᠠᠨ ᠪᠣᠳᠣᠯᠳᠠ ᠶᠢᠨ ᠬᠠᠷᠭᠤᠭᠤᠯᠣᠨ ᠪᠣᠳᠣᠯᠳᠠ ᠪᠠ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠲᠠᠢ ᠬᠠᠮᠵᠢᠯᠴᠠᠨ ᠠᠶᠢᠮᠠᠭ ᠤᠨ ᠲᠤᠭ᠎ᠠ ᠪᠦᠷᠢᠳᠬᠡᠯ ᠤᠨ ᠰᠢᠰᠲ᠋ᠧᠮ ᠤᠨ ᠡᠳ᠋ ᠤᠨ ᠶᠠᠪᠣᠳᠠᠯ ᠤᠨ ᠳᠣᠲᠣᠭᠠᠳᠤ ᠶᠢᠨ ᠬᠢᠨᠠᠨ ᠪᠣᠳᠣᠯᠳᠠ ᠳᠤ ᠬᠢᠨᠠᠯᠲᠠ ᠲᠠᠯᠪᠢᠬᠤ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠵᠦ᠂ ᠬᠠᠷᠢᠶ᠎ᠠ ᠨᠢᠭᠡᠴᠡ ᠶᠢᠨ ᠢᠶᠠᠨ ᠡᠳ᠋ ᠤᠨ ᠶᠠᠪᠤᠳᠠᠯ ᠤᠨ ᠠᠵᠢᠯ ᠢ ᠬᠢᠨᠠᠨ ᠬᠠᠮᠢᠶᠠᠷᠤᠨ᠎ᠠ᠃        ( ᠬᠤᠶᠠᠷ ) ᠲᠥᠷᠥ ᠶᠢᠨ ᠪᠣᠳᠣᠯᠭ᠎ᠠ ᠬᠠᠤᠯᠢ ᠳᠦᠷᠢᠮ ᠬᠢᠭᠡᠳ ᠵᠢᠷᠤᠭ ᠲᠥᠯᠥᠪᠯᠡᠭᠡ ᠶᠢᠨ ᠬᠠᠮᠢᠶᠠᠷᠤᠯᠲᠠ  ᠶᠢᠨ ᠰᠠᠯᠠᠭ᠎ᠠ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠪᠦᠬᠦ ᠠᠶᠢᠮᠠᠭ ᠤᠨ ᠲᠤᠭ᠎ᠠ ᠪᠦᠷᠢᠳᠬᠡᠯ ᠤᠨ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠵᠣᠬᠢᠶᠠᠨ ᠪᠠᠶᠢᠭᠤᠯᠣᠨ ᠬᠡᠷᠡᠭᠵᠢᠭᠦᠯᠵᠦ᠂ ᠲᠤᠭ᠎ᠠ ᠪᠦᠷᠢᠳᠬᠡᠯ ᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠪᠠ ᠲᠤᠭ᠎ᠠ ᠪᠦᠷᠢᠳᠬᠡᠯ ᠤᠨ ᠬᠠᠤᠯᠢ ᠠᠴᠠ ᠵᠥᠷᠢᠴᠡᠭᠰᠡᠨ ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠢᠶᠳᠪᠦᠷᠢᠯᠡᠬᠦ ᠶᠢ ᠬᠦᠯᠢᠶᠡᠨ ᠠᠪᠴᠤ ᠰᠢᠶᠳᠪᠦᠷᠢᠯᠡᠵᠦ᠂ ᠲᠤᠭ᠎ᠠ ᠪᠦᠷᠢᠳᠬᠡᠯ ᠤᠨ ᠬᠤᠳᠠᠯ ᠬᠠᠭᠤᠷᠮᠠᠭ ᠵᠣᠬᠢᠶᠠᠬᠤ ᠠᠵᠢᠯᠯᠠᠭ᠎ᠠ ᠶᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠵᠤ᠂ ᠲᠤᠭ᠎ᠠ ᠪᠦᠷᠢᠳᠬᠡᠯ ᠤᠨ ᠢᠲᠡᠭᠡᠮᠵᠢ ᠶᠢᠨ ᠳᠦᠷᠢᠮ ᠢ ᠳᠡᠬᠦᠯᠳᠡᠷᠵᠢᠬᠦᠯᠦᠨ᠎ᠡ᠃ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠳᠣᠬᠠᠢ《ᠬᠤᠶᠠᠷ ᠢ ᠲᠠᠰᠢᠷᠠᠮ ᠳᠠᠭᠠᠤ》 ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠤᠬᠠᠭᠤᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ᠂ ᠭᠡᠷᠡᠴᠢᠯᠡᠭᠡ ᠰᠣᠨᠣᠰᠬᠤ ᠵᠡᠷᠭᠡ ᠬᠠᠤᠯᠢ ᠴᠠᠭᠠᠵᠠ ᠶᠢᠨ ᠬᠡᠷᠡᠭ ᠶᠠᠪᠤᠳᠠᠯ ᠢ ᠬᠠᠷᠢᠭᠤᠴᠠᠵᠤ᠂ ᠪᠠᠶᠢᠭᠤᠯᠤᠯᠭ᠎ᠠ ᠶᠢᠨ ᠴᠢᠬᠤᠯᠠ ᠶᠡᠭᠡ ᠬᠡᠷᠡᠭ ᠶᠠᠪᠣᠳᠠᠯ ᠪᠣᠯᠤᠨ  ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠢ ᠡᠭᠦᠷᠭᠡᠯᠡᠨ᠎ᠡ᠃ ᠪᠦᠬᠦ ᠠᠶᠢᠮᠠᠭ ᠤᠨ ᠲᠤᠭ᠎ᠠ ᠪᠦᠷᠢᠳᠬᠡᠯ ᠤᠨ ᠳᠦᠷᠢᠮ ᠤᠨ ᠥᠭᠡᠷᠡᠴᠢᠯᠡᠯᠲᠡ ᠶᠢᠨ ᠳᠦᠯᠦᠪᠵᠢᠬᠦᠯᠬᠡ ᠪᠣᠯᠤᠨ ᠲᠥᠰᠦᠯ ᠢ ᠲᠤᠭᠤᠷᠪᠢᠨ ᠲᠣᠭᠲᠠᠭᠠᠵᠤ᠂ ᠤᠯᠤᠰ ᠤᠨ ᠲᠤᠭ᠎ᠠ ᠪᠦᠷᠢᠳᠬᠡᠯ ᠤᠨ ᠳᠦᠷᠢᠮ᠂ ᠲᠤᠭ᠎ᠠ ᠪᠦᠷᠢᠳᠬᠡᠯ ᠤᠨ ᠪᠠᠷᠢᠮᠵᠢᠶ᠎ᠠ ᠶᠢ ᠬᠡᠷᠡᠭᠵᠢᠭᠦᠯᠦᠨ᠎ᠡ᠃ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠦᠷᠢᠮ᠂ ᠪᠠᠶᠢᠴᠠᠭᠠᠯᠲᠠ  ᠶᠢᠨ ᠲᠥᠰᠦᠯ ᠢ ᠬᠢᠨᠠᠨ ᠬᠠᠷᠭᠤᠭᠤᠯᠣᠨ᠎ᠠ᠃ ᠪᠦᠬᠦ ᠠᠶᠢᠮᠠᠭ ᠤᠨ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠲᠤᠬᠠᠶᠢᠯᠠᠭᠰᠠᠨ ᠠᠵᠢᠯ ᠤᠨ ᠰᠠᠭᠤᠷᠢ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠶᠯ ᠤᠨ ᠬᠠᠮᠢᠶᠠᠷᠤᠯᠲᠠ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠵᠦ᠂ ᠬᠠᠮᠢᠶᠠᠷᠬᠤ ᠪᠠ ᠬᠠᠮᠠᠭᠠᠯᠠᠨ᠎ᠠ᠃         ( ᠭᠤᠷᠪᠠ ) ᠤᠯᠤᠰ ᠠᠷᠠᠳ ᠤᠨ ᠠᠵᠤ ᠠᠬᠤᠶ ᠶᠢᠨ ᠬᠢᠨᠠᠨ ᠬᠠᠷᠭᠤᠭᠤᠯᠬᠤ ᠶᠡᠷᠦᠩᠬᠡᠶᠢᠯᠡᠭᠰᠡᠨ ᠠᠵᠢᠯ ᠤᠨ ᠰᠠᠯᠠᠭ᠎ᠠ᠃ ᠤᠯᠤᠰ ᠠᠷᠠᠳ ᠤᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠪᠦᠷᠢᠳᠬᠡᠨ ᠬᠢᠨᠠᠨ ᠬᠡᠮᠵᠢᠬᠦ᠂ ᠳᠤᠭ᠎ᠠ ᠪᠦᠷᠢᠳᠬᠡᠯ ᠤᠨ ᠳᠦᠰᠦᠭᠡᠯᠡᠯᠳᠡ ᠪᠠ ᠶᠡᠷᠦᠩᠬᠡᠶᠢᠯᠡᠭᠰᠡᠨ ᠵᠠᠳᠠᠯᠤᠨ ᠰᠣᠳᠣᠯᠣᠯᠳᠠ ᠶᠢ ᠬᠠᠷᠢᠭᠤᠴᠠᠵᠤ᠂ ᠬᠤᠷᠸ᠎ᠠ ᠲᠣᠬᠢᠷᠠᠭᠤᠯᠭ᠎ᠠ ᠡᠵᠡᠮᠰᠢᠯ ᠳᠤ ᠵᠥᠪᠯᠡᠯᠭᠡ ᠦᠭᠴᠦ ᠰᠠᠨᠠᠭᠤᠯᠭ᠎ᠠ ᠳᠣᠷᠠᠳᠣᠨ᠎ᠠ᠃ ᠡᠯ᠎ᠡ ᠲᠤᠰᠬᠠᠶ ᠮᠡᠷᠭᠡᠵᠢᠯ ᠤᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠦᠨᠡᠯᠡᠨ ᠵᠢᠱᠢᠯᠳᠡ ᠶᠢ ᠬᠠᠷᠢᠭᠤᠴᠠᠨ᠎ᠠ᠃ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠨᠡᠶᠢᠲᠡᠯᠡᠬᠦ ᠵᠢᠴᠢ ᠳᠣᠲᠣᠭᠠᠳᠤ ᠰᠦᠯᠵᠢᠶ᠎ᠡ᠂ ᠭᠠᠳᠠᠷ ᠰᠦᠯᠵᠢᠶ᠎ᠡ ᠶᠢᠨ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢ ᠬᠢᠨᠠᠨ ᠬᠠᠷᠭᠤᠭᠤᠯᠬᠤ᠂ ᠨᠡᠶᠢᠲᠡᠯᠡᠬᠦ ᠶᠢ ᠬᠠᠷᠢᠭᠤᠴᠠᠵᠤ᠂ ᠤᠯᠠᠷᠢᠯ ᠤᠨ ᠠᠵᠤ ᠠᠬᠤᠢ ᠶᠢᠨ ᠪᠠᠶᠢᠳᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠢ ᠬᠤᠷᠠᠯᠳᠣᠭᠤᠯᠣᠨ᠎ᠠ᠃ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ ᠬᠢᠨᠠᠨ ᠰᠢᠯᠭᠠᠯᠳᠠ ᠳᠠᠬᠢ ᠠᠵᠤ ᠠᠬᠤᠢ ᠶᠢᠨ ᠬᠦᠢᠴᠡᠳᠬᠡᠯ ᠲᠤᠭ᠎ᠠ ᠶᠢ ᠬᠢᠨᠠᠨ ᠬᠡᠮᠵᠢᠬᠦ ᠠᠵᠢᠯ ᠢ ᠡᠭᠦᠷᠭᠡᠯᠡᠨ᠎ᠡ᠃ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ᠂ ᠠᠷᠭᠠᠴᠠᠭᠠᠨ ᠰᠢᠶᠳᠪᠦᠷᠢᠯᠡᠬᠦ ᠠᠵᠢᠯ ᠢ ᠬᠠᠷᠢᠭᠤᠴᠠᠨ᠎ᠠ᠃ ᠪᠥᠬᠦ ᠠᠶᠢᠮᠠᠭ ᠤᠨ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ᠂ ᠣᠷᠣᠭᠤᠯᠤᠯᠲᠠ ᠭᠠᠷᠭᠠᠯᠲᠠ ᠶᠢᠨ ᠬᠠᠷᠭᠤᠭᠤᠯᠣᠨ ᠪᠣᠳᠣᠯᠳᠠ ᠶᠢ ᠬᠠᠷᠢᠭᠤᠴᠠᠨ᠎ᠠ᠃ ᠪᠦᠬᠦ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠷᠢ ᠰᠢᠷᠢ ᠶᠢᠨ ᠬᠦᠰᠦᠨᠦᠭᠲᠦ ᠶᠢ ᠨᠠᠶᠢᠷᠠᠭᠤᠯᠣᠨ᠎ᠠ᠃ ᠬᠤᠰᠢᠭᠤ ᠲᠣᠭᠤᠷᠢᠭ ᠤᠨ ᠤᠯᠤᠰ ᠠᠷᠠᠳ ᠤᠨ ᠠᠵᠤ ᠠᠬᠤᠢ ᠶᠢᠨ ᠬᠠᠷᠭᠤᠭᠤᠯᠣᠨ ᠪᠣᠳᠣᠯᠳᠠ ᠶᠢ ᠵᠣᠬᠢᠶᠠᠨ ᠪᠠᠶᠢᠭᠤᠯᠤᠨ ᠵᠢᠯᠣᠭᠤᠳᠣᠨ᠎ᠠ᠃ ᠤᠯᠤᠰ ᠠᠷᠠᠳ ᠤᠨ ᠠᠵᠤ ᠠᠬᠤᠶ ᠶᠢᠨ ᠬᠠᠷᠭᠤᠭᠤᠯᠣᠨ ᠪᠣᠳᠣᠬᠤ ᠮᠠᠲ᠋ᠧᠷᠢᠶᠠᠯ ᠢ ᠵᠠᠳᠠᠯᠤᠨ ᠰᠤᠳᠤᠯᠬᠤ ᠶᠢ ᠦᠷᠨᠢᠬᠦᠯᠦᠨ᠎ᠡ᠃《ᠭᠤᠷᠪᠠᠨ ᠰᠢᠨ᠎ᠡ》ᠠᠵᠤ ᠠᠬᠤᠶ ᠪᠠ ᠡᠭᠦᠰᠦᠮᠡᠯ ᠠᠵᠤ ᠦᠶᠯᠡᠰ ᠤᠨ ᠨᠡᠮᠡᠭᠳᠡᠯ ᠦᠷᠲᠡᠭ ᠤᠨ ᠬᠠᠷᠭᠤᠭᠤᠯᠣᠨ ᠪᠣᠳᠣᠯᠳᠠ ᠶᠢ ᠦᠷᠨᠢᠬᠦᠯᠦᠨ᠎ᠡ᠃         ( ᠲᠦᠷᠪᠡ ) ᠠᠵᠤ ᠦᠶᠯᠡᠳᠪᠦᠷᠢ ᠶᠢᠨ ᠲᠤᠭ᠎ᠠ ᠪᠦᠷᠢᠳᠬᠡᠯ ᠤᠨ ᠰᠠᠯᠠᠭ᠎ᠠ᠃ ᠠᠵᠤ ᠦᠶᠯᠡᠳᠪᠦᠷᠢ ᠶᠢᠨ ᠦᠶᠯᠡᠳᠪᠦᠷᠢᠯᠡᠯ᠂ ᠡᠳ᠋ ᠤᠨ ᠶᠠᠪᠤᠳᠠᠯ᠂ ᠡᠵᠡᠩᠨᠡᠯᠲᠡ ᠶᠢᠨ ᠪᠠᠶᠢᠳᠠᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠯᠪᠣᠭᠳᠠᠯ ᠪᠦᠬᠦᠢ ᠪᠠᠶᠢᠴᠠᠭᠠᠯᠲᠠ ᠶᠢᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠴᠤᠭᠯᠠᠭᠤᠯᠵᠤ᠂ ᠡᠮᠬᠢᠯᠡᠬᠦ ᠪᠠ ᠬᠠᠩᠭᠠᠨ᠎ᠠ᠃ ᠦᠶᠯᠡᠳᠪᠦᠷᠢᠯᠡᠯ ᠤᠨ ᠠᠵᠢᠯᠯᠠᠭᠠᠨ᠂ ᠠᠵᠤ ᠠᠬᠤᠶ ᠶᠢᠨ ᠦᠷ᠎ᠡ ᠠᠰᠢᠭ᠂ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠵᠡᠷᠭᠡ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ  ᠶᠢ ᠬᠤᠷᠢᠶᠠᠩᠭᠤᠶᠢᠯᠠᠵᠤ᠂ ᠡᠮᠬᠢᠳᠬᠡᠬᠦ ᠪᠠ ᠬᠠᠩᠭᠠᠨ᠎ᠠ᠃ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠬᠤᠯᠪᠣᠯᠳᠣᠨ ᠰᠢᠭᠤᠳ ᠮᠡᠳᠡᠭᠦᠯᠬᠦ ᠠᠵᠢᠯ ᠢ ᠦᠷᠨᠢᠬᠦᠯᠬᠦ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠶᠢᠴᠠᠭᠠᠬᠤ ᠪᠠ ᠦᠨᠡᠯᠡᠨ ᠵᠢᠱᠢᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠢᠯ ᠲᠥᠷᠥᠯ ᠪᠣᠯᠤᠨ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠰᠠᠭᠤᠷᠢ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃         ( ᠲᠠᠪᠤ ) ᠪᠡᠯᠡ ᠣᠷᠣᠭᠤᠯᠤᠯᠲᠠ ᠬᠢᠭᠡᠳ ᠡᠨᠧᠷᠭᠢ ᠣᠷᠴᠢᠨ ᠲᠣᠭᠤᠷᠢᠨ   ᠤ ᠲᠤᠭ᠎ᠠ ᠪᠦᠷᠢᠳᠬᠡᠯ ᠤᠨ ᠰᠠᠯᠠᠭ᠎ᠠ᠃ ᠪᠦᠬᠦ ᠠᠶᠢᠮᠠᠭ   ᠤᠨ ᠲᠣᠭᠲᠠᠮᠠᠯ ᠬᠥᠷᠥᠩᠭᠡ   ᠶᠢᠨ ᠪᠡᠯᠡ ᠣᠷᠣᠭᠤᠯᠤᠯᠲᠠ᠂ ᠪᠠᠷᠢᠯᠭ᠎ᠠ ᠶᠢᠨ ᠦᠶᠯᠡᠰ᠂ ᠭᠡᠷ ᠪᠠᠶᠢᠰᠢᠩ ᠭᠠᠵᠠᠷ ᠬᠥᠷᠥᠩᠭᠡ   ᠶᠢᠨ ᠦᠢᠯᠡᠰ   ᠤᠨ ᠲᠤᠭ᠎ᠠ ᠪᠦᠷᠢᠳᠬᠡᠯ   ᠤᠨ ᠪᠠᠶᠢᠴᠠᠭᠠᠯᠲᠠ   ᠶᠢ ᠬᠠᠷᠢᠭᠤᠴᠠᠨ ᠵᠣᠬᠢᠶᠠᠨ ᠪᠠᠶᠢᠭᠤᠯᠵᠦ᠂ ᠬᠤᠯᠪᠣᠭᠳᠠᠯ ᠪᠦᠬᠦᠢ ᠪᠠᠶᠢᠴᠠᠭᠠᠯᠲᠠ   ᠶᠢᠨ ᠲᠤᠭ᠎ᠠ ᠪᠦᠷᠢᠳᠬᠡᠯ   ᠤᠨ ᠲᠤᠭ᠎ᠠ ᠪᠠᠷᠢᠮᠲᠠ   ᠶᠢ ᠴᠤᠭᠯᠠᠭᠤᠯᠵᠤ᠂ ᠡᠮᠬᠢᠯᠡᠬᠦ ᠪᠠ ᠬᠠᠩᠭᠠᠨ᠎ᠠ᠃ ᠪᠦᠬᠦ ᠠᠶᠢᠮᠠᠭ ᠤᠨ ᠡᠨᠧᠷᠭᠢ   ᠶᠢᠨ ᠲᠤᠭ᠎ᠠ ᠪᠦᠷᠢᠳᠬᠡᠯ   ᠤᠨ ᠪᠠᠶᠢᠴᠠᠭᠠᠯᠲᠠ   ᠶᠢ ᠵᠣᠬᠢᠶᠠᠨ ᠪᠠᠶᠢᠭᠤᠯᠤᠨ ᠶᠠᠪᠣᠭᠳᠠᠭᠤᠯᠵᠦ᠂ ᠬᠤᠯᠪᠣᠭᠳᠠᠯ ᠪᠦᠬᠦᠢ ᠪᠠᠶᠢᠴᠠᠭᠠᠯᠲᠠ   ᠶᠢᠨ ᠲᠤᠭ᠎ᠠ ᠪᠦᠷᠢᠳᠬᠡᠯ   ᠤᠨ ᠲᠤᠭ᠎ᠠ ᠪᠠᠷᠢᠮᠲᠠ   ᠶᠢ  ᠴᠣᠭᠯᠠᠭᠤᠯᠬᠤ᠂ ᠡᠮᠬᠢᠳᠬᠡᠬᠦ ᠪᠠ ᠬᠠᠩᠭᠠᠬᠤ   ᠶᠢ ᠬᠠᠷᠢᠭᠤᠴᠠᠨ᠎ᠠ᠃ ᠡᠨᠧᠷᠭᠢ ᠬᠤᠷᠣᠭᠳᠠᠭᠤᠯᠬᠤ ᠭᠤᠣᠯ ᠪᠣᠯᠬᠤ ᠠᠵᠢᠯ ᠲᠥᠷᠥᠯ   ᠤᠨ ᠡᠨᠧᠷᠭᠢ ᠠᠷᠪᠢᠯᠠᠬᠤ ᠪᠠ ᠡᠨᠧᠷᠭᠢ ᠬᠤᠷᠣᠭᠳᠠᠭᠤᠯᠬᠤ ᠭᠤᠤᠯᠳᠠᠯᠭ᠎ᠠ ᠲᠠᠢ ᠠᠵᠤ ᠠᠬᠤᠶᠢᠯᠠᠯ   ᠤᠨ ᠡᠨᠧᠷᠭᠢ ᠬᠡᠷᠡᠭᠯᠡᠬᠦ   ᠶᠢ ᠪᠦᠷᠢᠳᠬᠡᠨ ᠬᠢᠨᠠᠨ ᠬᠡᠮᠵᠢᠬᠦ   ᠶᠢ ᠬᠠᠷᠢᠭᠤᠴᠠᠨ᠎ᠠ᠃ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ᠂ ᠠᠭᠤᠷ ᠠᠮᠢᠰᠬᠤᠯ   ᠤᠨ ᠬᠤᠪᠢᠷᠠᠯᠲᠠ   ᠶᠢ ᠠᠷᠭᠠᠴᠠᠭᠠᠬᠤ ᠬᠢᠭᠡᠳ ᠪᠣᠬᠢᠷᠳᠣᠯ ᠥᠬᠡᠶ ᠬᠥᠭᠵᠢᠯᠲᠡ   ᠶᠢ ᠦᠨᠡᠯᠡᠬᠦ ᠠᠵᠢᠯ   ᠤᠨ ᠪᠦᠷᠢᠳᠬᠡᠯ ᠬᠢᠨᠠᠨ ᠬᠡᠮᠵᠢᠯᠳᠡ   ᠶᠢ ᠵᠣᠬᠢᠶᠠᠨ ᠪᠠᠶᠢᠭᠤᠯᠤᠨ ᠬᠡᠷᠡᠭᠵᠢᠬᠦᠯᠵᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠣᠬᠢᠷᠲᠤᠯ ᠥᠬᠡᠶ ᠬᠥᠭᠵᠢᠯᠲᠡ   ᠶᠢᠨ ᠬᠦᠢᠴᠡᠳᠬᠡᠯ ᠲᠤᠭ᠎ᠠ   ᠶᠢᠨ ᠰᠢᠰᠲ᠋ᠧᠮᠵᠢ ᠪᠣᠯᠤᠨ ᠠᠮᠢ ᠠᠬᠤᠶ   ᠶᠢᠨ ᠪᠣᠯᠪᠠᠰᠤᠨ   ᠤ ᠪᠠᠶᠢᠭᠤᠯᠤᠯᠲᠠ ᠶᠢᠨ ᠣᠨ   ᠤ ᠦᠨᠡᠯᠡᠯᠳᠡ   ᠶᠢᠨ ᠠᠵᠢᠯ   ᠢ ᠥᠷᠨᠢᠭᠦᠯᠦᠨ᠎ᠡ᠃ ᠬᠤᠯᠪᠣᠭᠳᠠᠯ ᠪᠦᠬᠦᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠶᠢᠴᠠᠭᠠᠬᠤ ᠪᠠ ᠦᠨᠡᠯᠡᠨ ᠵᠢᠱᠢᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠢᠯ ᠲᠥᠷᠥᠯ ᠪᠣᠯᠤᠨ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠰᠠᠭᠤᠷᠢ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃         ( ᠵᠢᠷᠭᠤᠭ᠎ᠠ )  ᠠᠷᠠᠯᠵᠢᠶ᠎ᠠ ᠭᠠᠳᠠᠭᠠᠳᠣ ᠳᠤ ᠴᠢᠭᠯᠡᠭᠦᠯᠦᠭᠰᠡᠨ ᠠᠵᠦ ᠠᠬᠤᠢ ᠶᠢᠨ ᠲᠤᠭ᠎ᠠ ᠪᠦᠷᠢᠳᠬᠡᠯ  ᠤᠨ ᠰᠠᠯᠠᠭ᠎ᠠ᠃ ᠪᠥᠭᠡᠮ ᠢᠶᠠᠷ ᠪᠣᠷᠣᠯᠠᠭᠤᠯᠬᠤ ᠪᠠ ᠵᠢᠵᠢᠭᠯᠡᠨ ᠪᠣᠷᠣᠯᠠᠭᠤᠯᠬᠤ ᠦᠶᠯᠡᠰ᠂ ᠪᠠᠭᠤᠳᠠᠯ ᠪᠠ ᠢᠳᠡᠭᠡᠨ ᠤᠮᠳᠠᠭᠠᠨ ᠤ ᠦᠶᠯᠡᠰ ᠤᠨ ᠠᠵᠢᠯ ᠲᠥᠷᠥᠯ ᠤᠨ ᠬᠥᠭᠵᠢᠯᠲᠡ ᠬᠤᠪᠢᠷᠠᠯᠲᠠ᠂ ᠪᠦᠬᠦ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠪᠣᠷᠣᠯᠠᠭᠤᠯᠣᠭᠰᠠᠨ ᠶᠡᠷᠦᠩᠬᠡᠶ ᠦᠷᠳᠡᠭ᠂ ᠬᠤᠳᠠᠯᠳᠤᠭᠠᠨ ᠤ ᠡᠵᠡᠩᠨᠡᠯᠲᠡ ᠶᠢᠨ ᠪᠠᠶᠢᠳᠠᠯ ᠬᠢᠭᠡᠳ ᠵᠠᠬ᠎ᠠ ᠳᠡᠯᠭᠡᠭᠦᠷ ᠤᠨ ᠠᠵᠢᠯᠯᠠᠭᠠᠨ ᠤ ᠪᠠᠶᠢᠳᠠᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠬᠦᠯᠵᠦ᠂ ᠬᠤᠯᠪᠣᠭᠳᠠᠯ ᠪᠦᠬᠦᠢ ᠪᠠᠶᠢᠴᠠᠭᠠᠯᠲᠠ ᠶᠢᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ  ᠶᠢ ᠬᠠᠩᠭᠠᠨ᠎ᠠ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠳ᠋ ᠪᠠᠷᠠᠭ᠎ᠠ᠂ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠯᠲᠠ᠂ ᠭᠠᠳᠠᠭᠠᠳᠤ ᠳᠤ ᠴᠢᠭᠯᠡᠬᠦᠯᠦᠭᠰᠡᠨ ᠠᠵᠤ ᠠᠬᠤᠶ ᠶᠢᠨ ᠲᠠᠯ᠎ᠠ ᠪᠠᠷ ᠬᠠᠮᠲᠤᠷᠠᠨ ᠠᠵᠢᠯᠯᠠᠬᠤ ᠵᠡᠷᠭᠡ ᠳᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠠᠩᠭᠠᠨ᠎ᠠ᠃ ᠬᠤᠯᠪᠣᠭᠳᠠᠯ ᠪᠦᠬᠦᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠶᠢᠴᠠᠭᠠᠬᠤ ᠪᠠ ᠦᠨᠡᠯᠡᠨ ᠵᠢᠱᠢᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠢᠯ ᠲᠥᠷᠥᠯ ᠪᠣᠯᠤᠨ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠰᠠᠭᠤᠷᠢ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃         ( ᠳᠣᠯᠤᠭ᠎ᠠ ) ᠦᠶᠯᠡᠴᠢᠯᠡᠭᠡᠨ ᠤ ᠦᠶᠯᠡᠰ ᠬᠢᠭᠡᠳ ᠨᠡᠶᠢᠭᠡᠮ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠭ᠎ᠠ ᠪᠦᠷᠢᠳᠬᠡᠯ ᠤᠨ ᠰᠠᠯᠠᠭ᠎ᠠ᠃ ᠪᠦᠬᠦ ᠠᠶᠢᠮᠠᠭ ᠤᠨ ᠦᠶᠯᠡᠴᠢᠯᠡᠭᠡᠨ ᠤ ᠦᠶᠯᠡᠰ᠂ ᠵᠠᠮ ᠬᠠᠷᠢᠯᠴᠠᠭ᠎ᠠ ᠲᠡᠭᠡᠭᠡᠪᠦᠷᠢ  ᠰᠢᠦᠳᠠᠨ ᠬᠤᠯᠪᠣᠭ᠎ᠠ ᠵᠥᠭᠡᠯᠡᠨ ᠲᠣᠨᠤᠭ ᠤᠨ ᠦᠶᠯᠡᠰ᠂ ᠢᠨᠲ᠋ᠧᠷ ᠰᠦᠯᠵᠢᠶᠡᠨ ᠤ ᠠᠵᠤ ᠠᠬᠤᠢ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠦᠶᠯᠡᠴᠢᠯᠡᠭᠡᠨ ᠤ ᠦᠶᠯᠡᠰ ᠤᠨ ᠠᠵᠤ ᠠᠬᠤᠶ ᠶᠢᠨ ᠠᠵᠢᠯᠯᠠᠭᠠᠨ ᠢ ᠵᠠᠳᠠᠯᠤᠨ ᠰᠣᠳᠣᠯᠣᠨ᠎ᠠ᠃ ᠨᠡᠶᠢᠭᠡᠮ ᠤᠨ ᠬᠥᠭᠵᠢᠯᠲᠡ ᠶᠢᠨ ᠦᠨᠳᠦᠰᠦᠨ ᠪᠠᠶᠢᠳᠠᠯ ᠢ ᠪᠦᠷᠢᠳᠬᠡᠨ ᠪᠠᠶᠢᠴᠠᠭᠠᠬᠤ ᠪᠠ ᠡᠮᠡᠭᠲᠡᠶᠢᠴᠦᠳ ᠬᠡᠦᠬᠡᠳ ᠤᠨ ᠬᠥᠭᠵᠢᠯᠲᠡ ᠶᠢᠨ ᠬᠤᠶᠠᠷ ᠶᠡᠷᠦᠩᠬᠡᠢ ᠬᠦᠳᠦᠯᠪᠦᠷᠢ ᠶᠢ ᠬᠡᠷᠡᠭᠵᠢᠭᠦᠯᠦᠭᠰᠡᠨ ᠪᠠᠶᠢᠳᠠᠯ ᠢ ᠪᠦᠷᠢᠳᠬᠡᠨ ᠬᠢᠨᠠᠨ ᠬᠡᠮᠵᠢᠬᠦ ᠶᠢ ᠵᠣᠬᠢᠶᠠᠨ ᠪᠠᠶᠢᠭᠤᠯᠤᠨ ᠬᠡᠷᠡᠭᠵᠢᠬᠦᠯᠦᠨ᠎ᠡ᠃ ᠪᠦᠬᠦ ᠠᠶᠢᠮᠠᠭ ᠤᠨ ᠰᠣᠶᠣᠯ ᠤᠨ ᠠᠵᠤ ᠦᠶᠯᠡᠰ ᠤᠨ ᠲᠤᠭ᠎ᠠ ᠪᠦᠷᠢᠳᠬᠡᠯ ᠪᠣᠯᠤᠨ ᠰᠢᠨᠵᠢᠯᠡᠭᠡ ᠮᠡᠷᠭᠡᠵᠢᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠭᠡᠮ ᠪᠣᠯᠤᠨ ᠰᠢᠨᠵᠢᠯᠡᠭᠡ ᠮᠡᠷᠭᠡᠵᠢᠯ ᠤᠨ ᠪᠠᠶᠢᠴᠠᠭᠠᠯᠲᠠ ᠶᠢᠨ ᠲᠤᠭ᠎ᠠ ᠪᠦᠷᠢᠳᠬᠡᠯ ᠤᠨ ᠬᠤᠯᠪᠣᠭᠳᠠᠯ ᠪᠦᠬᠦᠢ ᠲᠤᠭ᠎ᠠ ᠪᠠᠷᠢᠮᠲᠠ ᠶᠢ ᠬᠠᠩᠭᠠᠵᠤ᠂ ᠲᠤᠭ᠎ᠠ ᠪᠦᠷᠢᠳᠬᠡᠯ ᠤᠨ ᠬᠤᠯᠪᠣᠭᠳᠠᠯ ᠪᠦᠬᠦᠢ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠶᠢᠴᠠᠭᠠᠬᠤ ᠪᠠ ᠦᠨᠡᠯᠡᠨ ᠵᠢᠱᠢᠨ᠎ᠡ᠃ ᠬᠤᠯᠪᠣᠭᠳᠠᠯ ᠪᠦᠬᠦᠢ ᠲᠤᠰᠬᠠᠶ ᠵᠦᠶᠯ ᠤᠨ ᠪᠠᠶᠢᠴᠠᠭᠠᠯᠲᠠ ᠪᠠ ᠨᠡᠶᠢᠳᠡᠮ ᠪᠠᠶᠢᠴᠠᠭᠠᠯᠲᠠ ᠶᠢᠨ ᠠᠵᠢᠯ ᠢ ᠡᠭᠦᠷᠭᠡᠯᠡᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠢᠯ ᠲᠥᠷᠥᠯ ᠪᠣᠯᠤᠨ ᠦᠨᠳᠦᠰᠦᠨ ᠱᠠᠲᠤᠨ  ᠤ ᠲᠤᠭ᠎ᠠ ᠪᠦᠷᠢᠳᠬᠡᠯ ᠤᠨ ᠰᠠᠭᠤᠷᠢ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃         ( ᠨᠠᠶᠮᠠ )  ᠬᠦᠳᠡᠭᠡ ᠳᠣᠰᠬᠤᠨ ᠮᠠᠯᠵᠢᠬᠤ ᠣᠷᠣᠨ ᠤ ᠠᠵᠤ ᠠᠬᠤᠢ ᠶᠢᠨ ᠲᠤᠭ᠎ᠠ ᠪᠦᠷᠢᠳᠬᠡᠯ ᠤᠨ ᠰᠠᠯᠠᠭ᠎ᠠ᠃ ᠪᠦᠬᠦ ᠠᠶᠢᠮᠠᠭ ᠤᠨ ᠬᠦᠳᠡᠭᠡ ᠳᠣᠰᠬᠤᠨ ᠮᠠᠯᠵᠢᠬᠤ ᠣᠷᠣᠨ ᠤ ᠨᠡᠶᠢᠭᠡᠮ ᠠᠵᠤ ᠠᠬᠤᠶ ᠶᠢᠨ ᠪᠠᠶᠢᠴᠠᠭᠠᠯᠲᠠ ᠶᠢ  ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠠᠶᠢᠮᠠᠭ ᠤᠨ ᠲᠠᠷᠢᠶᠠᠯᠠᠩ᠂ ᠣᠶ ᠰᠢᠭᠤᠶ᠂ ᠮᠠᠯ ᠠᠵᠤ ᠠᠬᠤᠶ᠂ ᠵᠢᠭᠠᠰᠤᠨ ᠠᠵᠤ ᠠᠬᠤᠶ ᠶᠢᠨ ᠦᠶᠯᠡᠳᠪᠦᠷᠢᠯᠡᠯ ᠡᠵᠡᠩᠨᠡᠯᠲᠡ᠂ ᠦᠨᠳᠦᠰᠦᠨ ᠪᠠᠶᠢᠳᠠᠯ ᠤᠨ ᠳᠣᠬᠠᠢ ᠪᠦᠷᠢᠳᠬᠡᠯ ᠪᠣᠯᠤᠨ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠶᠡᠷᠦᠩᠬᠡᠶ ᠥᠷᠲᠡᠭ᠂ ᠨᠡᠮᠡᠭᠳᠡᠯ ᠥᠷᠲᠡᠭ ᠤᠨ ᠬᠠᠷᠭᠤᠭᠤᠯᠣᠨ ᠪᠣᠳᠣᠯᠳᠠ ᠶᠢ ᠬᠠᠷᠢᠭᠤᠴᠠᠨ᠎ᠠ᠃ ᠪᠦᠬᠦ ᠠᠶᠢᠮᠠᠭ ᠤᠨ ᠮᠠᠯ ᠠᠵᠤ ᠠᠬᠤᠢ  ᠶᠢᠨ ᠣᠨ ᠤ ᠨᠡᠶᠢᠳᠡᠮ ᠪᠠᠶᠢᠴᠠᠭᠠᠯᠲᠠ ᠶᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ  ᠤᠨ ᠲᠣᠪᠴᠢᠶ᠎ᠠ ᠶᠢᠨ ᠳᠣᠬᠢᠷᠠᠭᠤᠯᠣᠭᠰᠠᠨ ᠰᠢᠶᠠᠨ ᠤ ᠺᠠᠷᠲ᠂ ᠰᠢᠶᠠᠩ ᠤᠨ ᠺᠠᠷᠲ᠂ ᠲᠣᠰᠬᠤᠨ ᠤ ᠺᠠᠷᠲ ᠤᠨ ᠲᠤᠭ᠎ᠠ ᠪᠦᠷᠢᠳᠬᠡᠯ ᠤᠨ ᠡᠭᠦᠷᠭᠡ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠪᠠᠶᠢᠴᠠᠭᠠᠯᠲᠠ ᠶᠢᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠴᠤᠭᠯᠠᠭᠤᠯᠬᠤ᠂ ᠡᠮᠬᠢᠯᠡᠬᠦ ᠪᠠ ᠬᠠᠩᠭᠠᠬᠤ ᠶᠢ ᠬᠠᠷᠢᠭᠤᠴᠠᠵᠤ᠂ ᠬᠤᠯᠪᠣᠭᠳᠠᠯ ᠪᠦᠬᠦᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠶᠢᠴᠠᠭᠠᠬᠤ ᠪᠠ ᠦᠨᠡᠯᠡᠨ ᠵᠢᠱᠢᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠢᠯ ᠲᠥᠷᠥᠯ ᠪᠣᠯᠤᠨ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠰᠠᠭᠤᠷᠢ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ  ᠤᠨ ᠰᠠᠯᠠᠭ᠎ᠠ ᠮᠥᠴᠢᠷ ᠲᠠᠢ ᠬᠠᠮᠵᠢᠯᠴᠠᠨ ᠬᠦᠳᠡᠭᠡ ᠳᠣᠰᠬᠤᠨ ᠮᠠᠯᠵᠢᠬᠤ ᠣᠷᠣᠨ ᠤ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠴᠤᠭᠯᠠᠭᠤᠯᠬᠤ᠂ ᠡᠮᠬᠢᠳᠬᠡᠬᠦ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠨ᠎ᠡ᠃         ( ᠶᠢᠰᠦ ) ᠨᠡᠶᠢᠳᠡᠮ ᠪᠠᠶᠢᠴᠠᠭᠠᠯᠲᠠ ᠶᠢᠨ ᠰᠠᠯᠠᠭ᠎ᠠ᠃ ᠪᠦᠬᠦ ᠠᠶᠢᠮᠠᠭ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ᠂ ᠲᠠᠷᠢᠶᠠᠯᠠᠩ ᠮᠠᠯ ᠠᠵᠤ ᠠᠬᠤᠶ ᠶᠢᠨ ᠨᠡᠶᠢᠳᠡᠮ ᠪᠠᠶᠢᠴᠠᠭᠠᠯᠲᠠ᠂ ᠠᠵᠤ ᠠᠬᠤᠶ ᠶᠢᠨ ᠨᠡᠶᠢᠳᠡᠮ ᠪᠠᠶᠢᠴᠠᠭᠠᠯᠲᠠ᠂ 1% ᠶᠢᠨ ᠬᠥᠮᠦᠨ ᠠᠮᠠ ᠶᠢᠨ ᠦᠯᠢᠭᠡᠷ ᠠᠪᠬᠤ ᠪᠠᠶᠢᠴᠠᠭᠠᠯᠲᠠ᠂ ᠣᠨ ᠤ ᠬᠥᠮᠦᠨ ᠠᠮᠠ ᠶᠢᠨ ᠬᠤᠪᠢᠷᠠᠯᠲᠠ ᠶᠢᠨ ᠳᠣᠬᠠᠢ ᠦᠯᠢᠭᠡᠷ ᠠᠪᠬᠤ ᠪᠠᠶᠢᠴᠠᠭᠠᠯᠲᠠ᠂ ᠬᠥᠳᠡᠯᠮᠦᠷᠢ ᠴᠠᠯᠢᠩ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠪᠠ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ( ᠨᠢᠭᠡᠴᠡ ) ᠤᠨ ᠴᠢᠳᠠᠪᠤᠷᠢᠲᠠᠨ ᠤ ᠡᠬᠢ ᠪᠠᠶᠠᠯᠢᠭ ᠤᠨ ᠪᠠᠶᠢᠳᠠᠯ ᠤᠨ ᠳᠣᠬᠠᠢ ᠦᠯᠢᠭᠡᠷ ᠠᠪᠬᠤ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠥᠮᠦᠨ ᠠᠮᠠ᠂ ᠠᠵᠢᠯ ᠣᠯᠭᠤᠯᠲᠠ ᠪᠣᠯᠤᠨ ᠬᠥᠳᠡᠯᠮᠦᠷᠢ ᠴᠠᠯᠢᠩ ᠵᠡᠷᠭᠡ ᠲᠤᠭ᠎ᠠ ᠪᠦᠷᠢᠳᠬᠡᠯ  ᠤᠨ ᠲᠤᠭ᠎ᠠ ᠪᠠᠷᠢᠮᠲᠠ ᠶᠢ ᠴᠤᠭᠯᠠᠭᠤᠯᠬᠤ᠂ ᠡᠮᠬᠢᠳᠬᠡᠬᠦ ᠪᠠ ᠬᠠᠩᠭᠠᠨ᠎ᠠ᠃ ᠬᠤᠯᠪᠣᠭᠳᠠᠯ ᠪᠦᠬᠦᠢ ᠲᠤᠭ᠎ᠠ ᠪᠦᠷᠢᠳᠬᠡᠯ  ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠶᠢᠴᠠᠭᠠᠬᠤ ᠪᠠ ᠦᠨᠡᠯᠡᠨ ᠵᠢᠱᠢᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠢᠯ ᠲᠥᠷᠥᠯ ᠪᠣᠯᠤᠨ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠰᠠᠭᠤᠷᠢ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃         ᠳᠠᠪᠣᠳᠣᠭᠠᠷ ᠵᠦᠢᠯ   ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠬᠠᠷᠢᠶ᠎ᠠ ᠪᠦᠬᠦᠢ ᠠᠵᠢᠯ ᠦᠢᠯᠡᠰ ᠤᠨ ᠨᠢᠭᠡᠴᠡ ᠶᠢᠨ ᠳᠣᠬᠢᠷᠠᠭᠤᠯᠣᠯᠳᠠ᠂ ᠡᠭᠦᠷᠭᠡ ᠬᠠᠷᠢᠭᠤᠴᠠᠯᠭ᠎ᠠ ᠪᠣᠯᠤᠨ ᠤᠷᠣᠨ ᠳᠤᠭ᠎ᠠ ᠶᠢᠨ ᠳᠣᠬᠠᠢ ᠬᠡᠷᠡᠭ ᠶᠠᠪᠣᠳᠠᠯ ᠢ ᠠᠰᠳᠠᠭᠠᠨ ᠲᠣᠭᠲᠠᠭᠠᠨ᠎ᠠ᠃         ᠵᠢᠷᠭᠤᠳᠣᠭᠠᠷ ᠵᠦᠢᠯ    ᠲᠤᠰ ᠲᠣᠭᠲᠠᠭᠠᠯ ᠤᠨ ᠳᠠᠶᠢᠯᠪᠣᠷᠢᠯᠠᠯᠳᠠ ᠶᠢ ᠬᠦᠢᠴᠡᠳᠬᠡᠬᠦ ᠠᠵᠢᠯ ᠢ ᠠᠶᠢᠮᠠᠭ  ᠤᠨ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠣᠭᠠᠨ ᠤ ᠬᠤᠷᠢᠶᠠᠨ ᠤ ᠠᠯᠪᠠᠨ ᠭᠡᠷ ᠠᠴᠠ ᠬᠠᠷᠢᠭᠤᠴᠠᠵᠤ᠂ ᠲᠤᠬᠢᠷᠠᠭᠤᠯᠤᠯᠳᠠ ᠬᠢᠬᠦ ᠶᠢ ᠠᠶᠢᠮᠠᠭ ᠤᠨ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠣᠭᠠᠨ ᠤ ᠬᠤᠷᠢᠶᠠᠨ ᠤ ᠠᠯᠪᠠᠨ ᠭᠡᠷ ᠠᠴᠠ ᠲᠣᠭᠲᠠᠭᠠᠭᠰᠠᠨ ᠲᠡᠰ ᠳᠠᠷᠠᠭᠠᠯᠠᠯ ᠶᠣᠰᠣᠭᠠᠷ ᠭᠦᠢᠴᠡᠳᠬᠡᠨ᠎ᠡ᠃         ᠳᠣᠯᠣᠳᠣᠭᠠᠷ ᠵᠦᠶᠯ     ᠲᠣᠰ ᠲᠣᠭᠲᠠᠭᠠᠯ ᠢ 2019 ᠣᠨ ᠤ 3 ᠰᠠᠷ᠎ᠠ ᠶᠢᠨ 29 ᠤ ᠡᠳᠦᠷ ᠠᠴᠠ ᠡᠬᠢᠯᠡᠵᠦ ᠬᠡᠷᠡᠭᠵᠢᠬᠦᠯᠦᠨ᠎ᠡ᠃         ᠰᠦᠯᠵᠢᠶᠡᠨ ᠤ ᠬᠠᠶ᠋ᠢᠭ᠄ http://tjj.als.gov.cn/
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号