ᠠᠵᠦ ᠠᠬᠤᠢ — ᠨᠢᠭᠡᠲᠤᠭᠡᠷ ᠠᠵᠤ ᠦᠢᠯᠡᠰ
ᠨᠡᠶᠢᠲᠡᠯᠡᠭᠰᠡᠨ ᠴᠠᠭ᠄
2020/2/28
      2018 ᠤᠨ ᠳᠤ᠂ ᠠᠯᠠᠱᠨ ᠠᠶᠢᠮᠠᠭ ᠤᠨ ᠲᠠᠷᠢᠮᠠᠯ ᠤᠨ ᠵᠦᠢᠯ ᠤᠨ ᠶᠠᠷᠤᠩᠭᠡᠢ ᠲᠠᠯᠠᠪᠠᠢ ᠨᠢ 8.2 ᠲᠦᠮᠠᠨ ᠡᠾᠧᠺᠲ᠋ᠠᠷ ᠪᠣᠯᠣᠨ᠎ᠠ᠃ ᠡᠬᠦᠨ ᠳᠤ᠂ ᠠᠮᠤ ᠪᠤᠳᠠᠭᠠᠨ ᠤ ᠲᠠᠷᠢᠮᠠᠯ ᠤᠨ ᠲᠠᠯᠠᠪᠠᠢ ᠨᠢ 1.7 ᠲᠦᠮᠠᠨ ᠡᠾᠧᠺᠲ᠋ᠠᠷ︔ ᠠᠵᠤ ᠠᠬᠤᠢ ᠶᠢᠨ ᠲᠠᠷᠢᠮᠠᠯ ᠤᠨ ᠵᠦᠢᠯ ᠤᠨ ᠲᠠᠯᠠᠪᠠᠢ ᠨᠢ 6.5  ᠲᠦᠮᠠᠨ ᠡᠾᠧᠺᠲ᠋ᠠᠷ  ᠃ ᠪᠦᠬᠦ ᠵᠢᠯ ᠤᠨ ᠠᠮᠤ ᠪᠤᠳᠠᠭᠠᠨ ᠤ ᠶᠠᠷᠤᠩᠭᠡᠢ ᠭᠠᠷᠤᠯᠳᠠ ᠨᠢ 18.8 ᠲᠦᠮᠠᠨ ᠲᠤᠨ ᠪᠠᠶᠢᠵᠦ  ᠂ 18.0% ᠪᠠᠷ ᠨᠡᠮᠡᠭᠳᠡᠪᠠ︔ ᠳᠣᠰᠣᠯᠢᠭ ᠳᠠᠷᠢᠮᠠᠯ ᠤᠨ ᠭᠠᠷᠤᠯᠳᠠ ᠨᠢ 0.94 ᠲᠦᠮᠠᠨ ᠲᠤᠨ ᠪᠠᠶᠢᠵᠦ᠂ 49.1% ᠪᠠᠷ ᠪᠠᠭᠤᠷᠠᠪᠠ︔ ᠢᠳᠡᠰᠢᠨ ᠨᠤᠭᠤᠭ᠎ᠠ ᠶᠢᠨ ᠭᠠᠷᠣᠯᠳᠠ ᠨᠢ 5.0 ᠲᠦᠮᠠᠨ ᠲᠤᠨ ᠪᠠᠶᠢᠵᠦ᠂ 100% ᠪᠠᠷ ᠨᠡᠮᠡᠭᠳᠡᠪᠠ︔ ᠬᠦᠪᠤᠩ ᠤᠨ ᠭᠠᠷᠤᠯᠳᠠ ᠨᠢ 105.5 ᠲᠤᠨ ᠪᠠᠶᠢᠵᠦ᠂ 63% ᠪᠠᠷ ᠪᠠᠭᠤᠷᠠᠪᠠ︔ ᠵᠢᠮᠢᠰ ᠤᠨ ᠭᠠᠷᠤᠯᠳᠠ ᠨᠢ 3140 ᠲᠤᠨ ᠪᠠᠶᠢᠵᠦ᠂ 47.1% ᠪᠠᠷ ᠨᠠᠮᠡᠭᠳᠡᠪᠠ᠃ ᠮᠠᠯ ᠠᠵᠤ ᠠᠬᠤᠢ ᠶᠢᠨ ᠳᠠᠯ᠎ᠠ ᠪᠠᠷ᠂ ᠵᠢᠯ ᠤᠨ ᠪᠦᠷᠢᠳᠭᠡᠭᠰᠡᠨ ᠮᠠᠯ ᠤᠨ ᠲᠤᠭ᠎ᠠ ᠨᠢ 102.6 ᠳᠦᠮᠡ ᠳᠤ ᠬᠦᠷᠴᠦ᠂ ᠲᠡᠭᠡᠷ᠎ᠠ ᠵᠢᠯ ᠠᠴᠠ 26.8% ᠪᠠᠷ ᠪᠠᠭᠤᠷᠠᠪᠠ︔ ᠨᠡᠮᠡᠭᠳᠡᠭᠰᠡᠨ ᠮᠠᠯ ᠤᠨ ᠶᠠᠷᠤᠩᠭᠡᠢ ᠲᠤᠭ᠎ᠠ ᠨᠢ 35 ᠳᠦᠮᠡ ᠳᠤ ᠬᠦᠷᠴᠦ᠂ ᠶᠠᠷᠤᠩᠭᠡᠢ ᠨᠡᠮᠡᠭᠳᠡᠭᠰᠡᠨ ᠨᠤᠷᠮ᠎ᠠ ᠨᠢ 24.9% ᠪᠣᠯᠣᠨ᠎ᠠ᠃ ᠮᠠᠯ ᠠᠵᠤ ᠠᠬᠤᠢ ᠶᠢᠨ ᠳᠠᠯ᠎ᠠ ᠪᠠᠷ᠂ ᠵᠢᠯ ᠤᠨ ᠪᠦᠷᠢᠳᠭᠡᠭᠰᠡᠨ ᠰᠠᠶᠢᠨ ᠡᠬᠦᠯᠳᠡᠷ ᠤᠨ ᠮᠠᠯ ᠤᠨ ᠶᠠᠷᠤᠩᠭᠡᠢ ᠲᠤᠭ᠎ᠠ ᠨᠢ73.4 ᠳᠦᠮᠡ ᠳᠤ ᠬᠦᠷᠴᠦ᠂ ᠡᠬᠦᠯᠳᠡᠷ ᠤᠨ ᠮᠠᠯ ᠤᠨ ᠡᠵᠡᠯᠡᠬᠦ ᠬᠠᠷᠢᠴᠠᠯ ᠨᠢ 71.6% ᠪᠤᠯᠪᠠ᠃       2018 ᠤᠨ ᠳᠤ᠂ ᠠᠯᠠᠱᠨ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠬᠡᠷᠡᠭᠰᠡᠭᠰᠡᠨ ᠶᠠᠷᠤᠩᠭᠡᠢ ᠬᠦᠳᠡᠯᠭᠡᠭᠴᠢ ᠬᠦᠴᠦᠨ ᠨᠢ 27.5 ᠲᠦᠮᠠᠨ ᠺᠢᠯᠤᠸᠠᠲ ᠲᠤ ᠬᠦᠷᠴᠦ᠂ 6285 ᠲᠷᠠᠺᠲ᠋ᠤᠷ ᠤᠨ ᠪᠠᠲᠤᠯᠠᠭ᠎ᠠ ᠬᠠᠩᠭᠠᠵᠦ᠂ ᠡᠯ᠎ᠠ ᠲᠦᠷᠦᠯ ᠤᠨ ᠢᠵᠢ ᠪᠦᠷᠢᠳᠦᠬᠦᠯᠦᠭᠰᠡᠨ ᠮᠠᠰᠢᠨ ᠭᠡᠷᠡᠭᠰᠡᠯ ᠨᠢ 10068 ᠰᠠᠣᠷᠢ ᠪᠣᠯᠪᠠ︔ 46.6 ᠲᠦᠮᠠᠨ ᠮᠤ᠋ ᠲᠠᠷᠢᠶ᠎ᠠ ᠶᠢ ᠮᠠᠰᠢᠨ ᠢᠶᠠᠷ ᠬᠠᠭᠠᠯᠪᠤᠷᠢᠯᠠᠵᠦ᠂  38 ᠲᠦᠮᠠᠨ ᠮᠤ᠋ ᠳᠠᠷᠢᠶᠠᠨ ᠭᠠᠵᠠᠷ  ᠲᠤ ᠮᠠᠰᠢᠨ ᠢᠶᠠᠷ ᠦᠷ᠎ᠡ ᠰᠠᠴᠣᠵᠦ᠂  34.2 ᠲᠦᠮᠠᠨ ᠮᠤ᠋ ᠲᠠᠷᠢᠶ᠎ᠠ ᠶᠢ ᠮᠠᠰᠢᠨ ᠢᠶᠠᠷ ᠬᠤᠷᠢᠶᠠᠵᠦ᠂ ᠲᠠᠷᠢᠮᠠᠯ ᠤᠨ ᠵᠦᠢᠯ ᠢ ᠲᠠᠷᠢᠵᠦ ᠬᠤᠷᠢᠶᠠᠬᠤ ᠶᠠᠷᠤᠩᠭᠡᠶᠢᠯᠡᠭᠰᠡᠨ ᠮᠠᠰᠢᠨᠴᠢᠯᠠᠯᠳᠠ ᠶᠢᠨ ᠬᠢᠷᠢ ᠲᠦᠪᠰᠢᠨ ᠨᠢ 86.5% ᠳᠤ ᠬᠦᠷᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号