ᠨᠢᠭᠡᠳᠦᠭᠡᠷ ᠵᠦᠶᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ | ᠤᠨ ᠵᠠᠰᠠᠭ ᠤᠨ ᠣᠷᠳᠣᠨ ᠤ ᠵᠥᠪᠰᠢᠶᠡᠷᠡᠭᠰᠡᠨ ︽ᠠᠯᠠᠱᠨ ᠠᠶᠢᠮᠠᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ | ᠲᠥᠰᠦᠯ︾ ᠪᠠ ᠠᠯᠠᠱᠨ ᠠᠶᠢᠮᠠᠭ ᠤᠨ ᠳᠠᠷᠤᠮᠠᠯᠯᠠᠨ ᠲᠠᠷᠬᠠᠭᠠᠭᠰᠠᠨ ︽ᠠᠯᠠᠱᠨ ᠠᠶᠢᠮᠠᠭ ᠤᠨ ᠪᠠᠶᠢᠭᠤᠯᠤᠮᠵᠢ ᠶᠢᠨ | ᠦᠭᠡᠷᠡᠴᠢᠯᠡᠯᠳᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠶᠯ ᠠᠯᠠᠱᠠ ᠠᠶᠢᠮᠠᠭ ᠤᠨ ᠡᠨᠧᠷᠭᠢ ᠶᠢᠨ ᠲᠣᠪᠴᠢᠶ᠎ᠠ ᠪᠣᠯ ᠠᠶᠢᠮᠠᠭ ᠤᠨ ᠵᠠᠬᠢᠷᠭ᠎ᠠ ᠶᠢᠨ | ᠠᠵᠢᠯ ᠤᠨ ᠰᠠᠯᠠᠭ᠎ᠠ ᠮᠥᠴᠢᠷ ᠪᠠᠶᠢᠵᠦ᠂ ᠵᠢᠩᠬᠢᠨᠢ ᠭᠠᠵᠠᠷ ᠤᠨ ᠲᠠᠰ ᠤᠨ ᠪᠠᠶᠢᠭᠤᠯᠣᠯᠭ᠎ᠠ ᠪᠣᠯᠤᠨ᠎ᠠ᠃ | ᠭᠤᠷᠪᠠᠳᠤᠭᠠᠷ ᠵᠦᠶᠯ ᠠᠶᠢᠮᠠᠭ ᠤᠨ ᠡᠨᠧᠷᠭᠢ ᠶᠢᠨ ᠲᠣᠪᠴᠢᠶ᠎ᠠ ᠶᠢᠨ ᠬᠢᠨ ᠡᠨᠧᠷᠭᠢ ᠶᠢᠨ ᠠᠵᠢᠯ ᠤᠨ | ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠬᠠᠮᠢᠶ᠎ᠠ ᠪᠥᠬᠦᠶ ᠰᠢᠶᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ | ᠶᠠᠪᠤᠴᠠ ᠳᠤ ᠡᠨᠧᠷᠭᠢ ᠶᠢᠨ ᠠᠵᠢᠯ ᠤᠨ ᠲᠤᠬᠠᠶ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ | ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄ | ( ᠨᠢᠭᠡ ) ᠪᠦᠬᠦ ᠠᠶᠢᠮᠠᠭ ᠤᠨ ᠣᠳᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠬᠥᠭᠵᠢᠯᠲᠡ ᠶᠢᠨ | ᠪᠠᠶᠢᠯᠳᠣᠬᠤ ᠪᠣᠳᠣᠯᠭ᠎ᠠ ᠪᠣᠯᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠡᠨᠧᠷᠭᠢ | ᠶᠢᠨ ᠭᠦᠭᠵᠢᠯᠳᠡ ᠶᠢᠨ ᠲᠥᠯᠥᠪᠵᠢᠭᠦᠯᠭᠡ ᠪᠣᠯᠤᠨ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ | ᠬᠡᠷᠡᠭᠵᠢᠬᠦᠯᠬᠦ ᠶᠢ ᠵᠣᠬᠢᠶᠠᠨ ᠪᠠᠶᠢᠭᠤᠯᠣᠨ᠎ᠠ᠃ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠠᠯ᠎ᠠ ᠪᠠᠷ ᠬᠢ | ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠲᠤᠤᠱᠯᠠᠭᠤᠯᠤᠨ | ᠨᠠᠶᠢᠳᠠᠪᠣᠷᠢᠵᠢᠭᠤᠯᠣᠨ᠎ᠠ᠃ ᠡᠨᠧᠷᠭᠢ ᠶᠢᠨ ᠡᠬᠢ ᠰᠤᠷᠪᠤᠯᠵᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠵᠤ᠂ | ᠬᠤᠯᠪᠣᠭᠳᠠᠯ ᠪᠦᠬᠦᠢ ᠥᠭᠡᠷᠡᠴᠢᠯᠡᠯᠲᠡ ᠶᠢᠨ ᠲᠥᠰᠦᠯ ᠢ ᠳᠣᠭᠤᠷᠪᠢᠬᠤ ᠶᠢ ᠵᠣᠬᠢᠶᠠᠨ ᠪᠠᠶᠢᠭᠤᠯᠵᠦ᠂ ᠡᠨᠧᠷᠭᠢ ᠶᠢᠨ | ᠡᠬᠢ ᠰᠤᠷᠪᠤᠯᠵᠢ ᠶᠢᠨ ᠬᠦᠭᠵᠢᠯᠳᠡ ᠪᠠ ᠥᠭᠡᠷᠡᠴᠢᠯᠡᠯᠲᠡ ᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃ | ( ᠬᠤᠶᠠᠷ ) ᠪᠦᠬᠦ ᠠᠶᠢᠮᠠᠭ ᠤᠨ ᠨᠡᠭᠦᠷᠡᠰᠦ᠂ ᠴᠠᠬᠢᠯᠭᠠᠨ ᠬᠦᠴᠦᠨ᠂ ᠴᠢᠯᠠᠭᠤᠨ ᠲᠣᠰᠣ᠂ ᠪᠠᠶᠢᠭᠠᠯᠢ ᠶᠢᠨ | ᠰᠢᠳᠠᠮᠠᠬᠠᠢ ᠬᠡᠢ᠂ ᠰᠢᠨ᠎ᠡ ᠡᠨᠧᠷᠭᠢ ᠪᠣᠯᠤᠨ ᠳᠠᠬᠢᠨ ᠡᠭᠦᠰᠴᠦ ᠪᠣᠯᠬᠤ ᠡᠨᠧᠷᠭᠢ ᠵᠢᠴᠢ ᠲᠣᠰᠣ ᠪᠣᠯᠪᠠᠰᠤᠷᠠᠭᠤᠯᠬᠤ᠂ | ᠨᠡᠭᠦᠷᠡᠰᠦ ᠪᠠᠷ ᠲᠦᠯᠡᠰᠢ ᠬᠢᠬᠦ ᠪᠠ ᠳᠦᠯᠡᠰᠢᠨ ᠳᠤ ᠬᠡᠷᠡᠭᠯᠡᠬᠦ ᠡᠲ᠋ᠢᠯ ᠠᠯᠺᠣᠣᠯ ᠵᠡᠷᠭᠡ ᠠᠵᠢᠯ ᠲᠥᠷᠥᠯ ᠤᠨ | ᠬᠠᠮᠢᠶᠠᠷᠤᠯᠲᠠ ᠶᠢ ᠡᠭᠦᠷᠭᠡᠯᠡᠵᠦ᠂ ᠠᠵᠤ ᠦᠶᠯᠡᠰ ᠤᠨ ᠲᠥᠷᠥ ᠶᠢᠨ ᠪᠣᠳᠣᠯᠭ᠎ᠠ ᠶᠢ ᠲᠣᠭᠲᠠᠭᠠᠨ᠎ᠠ᠃ ᠲᠣᠭᠲᠠᠭᠠᠭᠰᠠᠨ | ᠡᠷᠬᠡ ᠮᠡᠳᠡᠯ ᠤᠨ ᠬᠡᠪᠴᠢᠶᠡᠨ ᠳᠤ ᠪᠦᠬᠦ ᠠᠶᠢᠮᠠᠭ ᠤᠨ ᠡᠨᠧᠷᠭᠢ ᠶᠢᠨ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢᠨ ᠲᠥᠷᠥᠯ ᠵᠦᠶᠯ ᠢ ᠬᠢᠨᠠᠨ ᠵᠥᠪᠰᠢᠶᠡᠷᠡᠬᠦ᠂ ᠬᠢᠨᠠᠨ ᠬᠠᠷᠭᠤᠭᠤᠯᠬᠤ᠂ ᠳᠠᠩᠰᠠᠯᠠᠬᠤ᠂ ᠬᠢᠨᠠᠨ | ᠬᠠᠷᠭᠤᠭᠤᠯᠵᠤ ᠪᠦᠬᠦ ᠠᠶᠢᠮᠠᠭ ᠤᠨ ᠡᠨᠧᠷᠬᠢ ᠶᠢᠨ ᠳᠣᠭᠳᠠᠮᠠᠯ ᠬᠦᠷᠦᠩᠬᠡ ᠶᠢᠨ ᠪᠡᠯᠡ ᠣᠷᠣᠭᠤᠯᠣᠯᠳᠠ ᠶᠢᠨ ᠳᠦᠷᠦᠯ | ᠵᠦᠢᠯ ᠳᠤ ᠳᠠᠮᠵᠢᠭᠤᠯᠤᠨ ᠮᠡᠳᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠡᠨᠧᠷᠭᠢ ᠶᠢᠨ ᠬᠥᠭᠵᠢᠯᠲᠡ ᠶᠢᠨ | ᠠᠵᠢᠯ ᠢ ᠵᠢᠯᠣᠭᠤᠳᠤᠨ ᠵᠣᠬᠢᠴᠠᠭᠤᠯᠤᠨ᠎ᠠ᠃ | ( ᠭᠤᠷᠪᠠ ) ᠪᠦᠬᠦ ᠠᠶᠢᠮᠠᠭ ᠤᠨ ᠡᠨᠧᠷᠭᠢ ᠶᠢᠨ ᠴᠢᠬᠤᠯᠠ ᠶᠡᠭᠡ ᠲᠣᠨᠤᠭ ᠲᠥᠬᠦᠭᠡᠷᠦᠮᠵᠢ ᠶᠢᠨ ᠮᠡᠷᠭᠡᠵᠢᠯ | ᠤᠨ ᠰᠤᠳᠤᠯᠤᠨ ᠨᠡᠭᠡᠭᠡᠬᠦ ᠵᠢᠴᠢ ᠬᠠᠮᠢᠶ᠎ᠠ ᠪᠦᠬᠦᠢ ᠰᠢᠨᠵᠢᠯᠡᠬᠦ ᠤᠬᠠᠭᠠᠨ ᠤ ᠰᠤᠳᠤᠯᠤᠯ ᠤᠨ ᠴᠢᠬᠤᠯᠠ ᠶᠡᠭᠡ ᠲᠥᠷᠥᠯ | ᠵᠦᠶᠯ ᠢ ᠵᠣᠬᠢᠶᠠᠨ ᠪᠠᠶᠢᠭᠤᠯᠤᠨ ᠠᠬᠢᠭᠤᠯᠵᠤ᠂ ᠡᠨᠧᠷᠭᠢ ᠶᠢᠨ ᠰᠢᠨᠵᠢᠯᠡᠭᠡ ᠮᠡᠷᠭᠡᠵᠢᠯ ᠤᠨ ᠳᠠᠪᠰᠢᠯᠲᠠ᠂ ᠢᠵᠢ | ᠪᠦᠷᠢᠨ ᠲᠥᠬᠦᠭᠡᠷᠦᠮᠵᠢ ᠶᠢ ᠣᠷᠣᠭᠤᠯᠤᠨ ᠠᠪᠴᠢᠷᠠᠵᠤ ᠰᠢᠩᠭᠡᠭᠡᠨ ᠰᠢᠨᠡᠴᠢᠯᠡᠬᠦ ᠶᠢ ᠵᠢᠯᠣᠭᠤᠳᠴᠦ᠂ ᠬᠠᠮᠢᠶ᠎ᠠ ᠪᠦᠬᠦᠢ | ᠵᠢᠱᠢᠶ᠎ᠡ ᠦᠵᠡᠭᠦᠯᠬᠦ ᠴᠢᠬᠤᠯᠠ ᠶᠡᠭᠡ ᠢᠨᠵᠧᠨᠧᠷᠢᠩ ᠪᠣᠯᠤᠨ ᠰᠢᠨ᠎ᠡ ᠦᠶᠯᠡᠳᠬᠦᠨ᠂ ᠰᠢᠨ᠎ᠡ ᠮᠡᠷᠭᠡᠵᠢᠯ᠂ ᠰᠢᠨ᠎ᠡ | ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠣᠨ᠎ᠠ᠃ | ( ᠳᠥᠷᠪᠡ ) ᠪᠦᠬᠦ ᠠᠶᠢᠮᠠᠭ ᠤᠨ ᠡᠨᠧᠷᠭᠢ ᠶᠢᠨ ᠠᠵᠢᠯ ᠲᠥᠷᠥᠯ ᠤᠨ ᠡᠨᠧᠷᠭᠢ ᠠᠷᠪᠢᠯᠠᠬᠤ ᠪᠠ ᠡᠬᠢ | ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠬᠠᠷᠢᠭᠤᠴᠠᠵᠤ᠂ ᠡᠨᠧᠷᠭᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠶᠢ | ᠬᠢᠵᠠᠭᠠᠷᠯᠠᠬᠤ ᠬᠠᠷᠠᠯᠲᠠ ᠶᠢᠨ ᠳᠣᠬᠠᠢ ᠰᠠᠨᠠᠭᠤᠯᠭ᠎ᠠ ᠶᠢ ᠰᠤᠳᠤᠯᠬᠤ ᠳᠤ ᠣᠷᠣᠯᠴᠠᠵᠤ᠂ ᠡᠨᠧᠷᠭᠢ ᠶᠢᠨ ᠬᠡᠷᠡᠭᠯᠡᠭᠡᠨ ᠤ | ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠬᠤᠯᠪᠣᠭᠳᠠᠯ ᠪᠦᠬᠦᠢ ᠠᠵᠢᠯ ᠢ ᠵᠢᠯᠣᠭᠤᠳᠤᠨ ᠵᠣᠬᠢᠴᠠᠭᠤᠯᠵᠤ᠂ ᠡᠨᠧᠷᠭᠢ ᠶᠢᠨ | ᠦᠶᠯᠡᠳᠪᠦᠷᠢᠯᠡᠯ ᠪᠦᠲᠦᠭᠡᠨ ᠪᠠᠶᠢᠭᠤᠯᠤᠯᠲᠠ ᠪᠣᠯᠤᠨ ᠬᠠᠩᠭᠠᠯᠭ᠎ᠠ ᠬᠡᠷᠡᠭᠴᠡᠭᠡ ᠶᠢᠨ ᠲᠡᠩᠴᠡᠭᠦᠷᠢ ᠶᠢ | ᠠᠪᠣᠴᠠᠯᠳᠣᠭᠤᠯᠣᠨᠠ᠃ | ( ᠲᠠᠪᠤ ) ᠪᠦᠬᠦ ᠠᠶᠢᠮᠠᠭ ᠤᠨ ᠨᠡᠭᠦᠷᠡᠰᠦᠨ ᠠᠭᠤᠷᠬᠠᠶ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠢ | ᠶᠢ ᠠᠯᠣᠰ ᠲᠤ ᠳᠠᠮᠵᠢᠭᠤᠯᠬᠤ ᠬᠤᠭᠤᠯᠠᠶ ᠶᠢᠨ ᠠᠶᠤᠯ ᠦᠭᠡᠶ ᠦᠶᠯᠡᠳᠪᠦᠷᠢᠯᠡᠯ ᠤᠨ ᠬᠢᠨᠠᠠ ᠬᠠᠮᠢᠶᠠᠷᠤᠯᠲᠠ᠂ ᠬᠠᠣᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠲᠤᠰᠬᠠᠶ ᠳᠦᠷᠦᠯ ᠢᠶᠠᠷ ᠴᠡᠭᠴᠡᠯᠡᠨ ᠵᠠᠰᠠᠬᠤ ᠠᠵᠢᠯ ᠢ ᠬᠠᠷᠢᠭᠤᠴᠠᠵᠦ᠂ | ᠠᠶᠤᠯ ᠦᠭᠡᠶ ᠦᠶᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠬᠢᠨᠠᠯᠲᠠ ᠲᠠᠯᠪᠢᠨ ᠨᠠᠶᠢᠳᠠᠪᠣᠷᠢᠵᠢᠭᠤᠯᠵᠦ᠂ | ᠨᠡᠭᠦᠷᠡᠰᠦᠨ ᠠᠭᠤᠷᠬᠠᠶ ᠶᠢᠨ ᠠᠶᠤᠯ ᠦᠭᠡᠶ ᠶᠢᠨ ᠰᠠᠭᠤᠷᠢ ᠪᠦᠲᠦᠭᠡᠨ ᠪᠠᠶᠢᠭᠤᠯᠤᠯᠲᠠ ᠪᠣᠯᠤᠨ ᠪᠣᠯᠪᠠᠰᠣᠷᠠᠯ ᠤᠨ | ᠠᠵᠢᠯ ᠢ ᠵᠢᠯᠣᠭᠤᠳᠤᠨ᠎ᠠ᠃ ᠪᠦᠬᠦ ᠠᠶᠢᠮᠠᠭ ᠤᠨ ᠨᠡᠭᠦᠷᠡᠰᠦᠨ ᠠᠭᠤᠷᠬᠠᠶ᠂ ᠴᠢᠯᠠᠭᠤᠨ ᠲᠣᠰᠣ ᠪᠠᠶᠢᠭᠠᠯᠢ ᠶᠢᠨ | ᠰᠢᠲᠠᠮᠠᠬᠠᠶ ᠬᠡᠢ ᠶᠢ ᠠᠯᠣᠰ ᠲᠤ ᠳᠠᠮᠵᠢᠭᠤᠯᠬᠤ ᠬᠤᠭᠤᠯᠠᠶ ᠶᠢᠨ ᠬᠦᠨᠳᠦ ᠣᠨᠴᠠ ᠶᠡᠭᠡ ᠦᠶᠯᠡᠳᠪᠦᠷᠢᠯᠡᠯ ᠤᠨ ᠠᠶᠤᠯ | ᠦᠭᠡᠶ ᠶᠢᠨ ᠠᠳᠡᠯ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠨ ᠲᠤᠰᠠᠯᠠᠬᠤ᠂ ᠠᠶᠤᠯ ᠠᠴᠠ ᠠᠪᠤᠷᠠᠵᠤ | ᠭᠠᠮᠰᠢᠭ ᠠᠴᠠ ᠠᠪᠤᠷᠠᠬᠤ᠂ ᠪᠠᠶᠢᠴᠠᠭᠠᠨ ᠰᠢᠶᠳᠪᠦᠷᠢᠯᠡᠬᠦ ᠵᠡᠷᠭᠡ ᠠᠵᠢᠯ ᠢ ᠬᠠᠮᠵᠢᠯᠴᠠᠨ ᠵᠣᠬᠢᠴᠠᠭᠤᠯᠤᠨ᠎ᠠ᠃ ᠪᠦᠬᠦ | ᠠᠶᠢᠮᠠᠭ ᠤᠨ ᠡᠨᠧᠷᠭᠢ ᠶᠢᠨ ᠤᠷᠢᠳᠴᠢᠯᠠᠨ ᠲᠥᠰᠦᠭᠡᠯᠡᠵᠦ ᠰᠡᠷᠡᠮᠵᠢᠯᠡᠭᠦᠯᠬᠦ᠂ ᠮᠡᠳᠡᠭᠡ ᠵᠠᠩᠭᠢ ᠨᠡᠶᠢᠳᠡᠯᠡᠬᠦ ᠶᠢ | ᠬᠠᠷᠢᠭᠤᠴᠠᠵᠤ᠂ ᠡᠨᠧᠷᠭᠢ ᠶᠢᠨ ᠠᠵᠢᠯᠯᠠᠭᠠᠨ ᠢ ᠲᠣᠬᠢᠷᠠᠭᠤᠯᠬᠤ ᠪᠠ ᠪᠠᠴᠢᠮ ᠪᠠᠶᠢᠳᠠᠯ ᠢ ᠠᠷᠭᠠᠴᠠᠭᠠᠬᠤ ᠪᠠᠳᠣᠯᠠᠭ᠎ᠠ | ᠳᠤ ᠣᠷᠣᠯᠴᠠᠨ᠎ᠠ᠃ | ( ᠵᠢᠷᠭᠤᠭ᠎ᠠ ) ᠪᠦᠬᠦ ᠠᠶᠢᠮᠠᠭ ᠤᠨ ᠡᠨᠧᠷᠭᠢ ᠶᠢᠨ ᠦᠶᠯᠡᠳᠪᠦᠷᠢᠯᠡᠯ᠂ ᠠᠵᠢᠯᠯᠠᠭᠠᠨ ᠪᠣᠯᠤᠨ ᠬᠠᠮᠢᠶᠠᠷᠤᠯᠲᠠ | ᠶᠢ ᠬᠠᠷᠢᠭᠤᠴᠠᠵᠤ᠂ ᠡᠨᠧᠷᠭᠢ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠳᠦᠷᠢᠮᠵᠢᠬᠦᠯᠦᠨ ᠬᠠᠮᠠᠭᠠᠯᠠᠨ᠎ᠠ᠃ | ᠲᠣᠭᠲᠠᠭᠠᠭᠰᠠᠨ ᠡᠷᠬᠡ ᠮᠡᠳᠡᠯ ᠤᠨ ᠬᠡᠪᠴᠢᠶᠡᠨ ᠳᠤ ᠡᠨᠧᠷᠭᠢ ᠶᠢᠨ ᠡᠬᠢ ᠰᠤᠷᠪᠤᠯᠵᠢ ᠲᠠᠢ ᠬᠤᠯᠪᠣᠭᠳᠠᠬᠤ ᠡᠬᠢ | ᠪᠠᠶᠠᠯᠢᠭ᠂ ᠡᠳ᠋ ᠤᠨ ᠵᠠᠰᠠᠭ ᠭᠠᠶᠢᠯᠢ ᠳᠠᠳᠠᠪᠣᠷᠢ᠂ ᠣᠷᠴᠢᠨ ᠠᠬᠤᠶ ᠶᠢᠨ ᠬᠠᠮᠠᠭᠠᠯᠠᠯᠲᠠ ᠵᠡᠷᠭᠡ ᠲᠦᠷᠦ ᠶᠢᠨ | ᠪᠤᠳᠤᠯᠭ᠎ᠠ ᠶᠢ ᠳᠣᠭᠳᠠᠭᠠᠬᠤ ᠳᠤ ᠣᠷᠣᠯᠴᠠᠵᠤ᠂ ᠡᠨᠧᠷᠭᠢ ᠶᠢᠨ ᠡᠬᠢ ᠰᠤᠷᠪᠤᠯᠵᠢ ᠶᠢᠨ ᠦᠨ᠎ᠡ ᠬᠠᠩᠰᠢ ᠶᠢ | ᠲᠣᠬᠢᠷᠠᠭᠤᠯᠬᠤ ᠵᠡᠷᠭᠡ ᠰᠠᠨᠠᠭᠤᠯᠭ᠎ᠠ ᠶᠢ ᠳᠣᠷᠠᠳᠣᠨ᠎ᠠ᠃ | ( ᠳᠣᠯᠤᠭ᠎ᠠ ) ᠪᠦᠬᠦ ᠠᠶᠢᠮᠠᠭ ᠤᠨ ᠡᠨᠧᠷᠭᠢ ᠶᠢᠨ ᠭᠠᠳᠠᠭᠠᠳᠤ ᠯᠤᠭ᠎ᠠ ᠶᠢᠨ ᠬᠤᠷᠰᠢᠯᠴᠠᠭ᠎ᠠ ᠶᠢ ᠬᠠᠷᠢᠭᠤᠴᠠᠨ | ᠥᠷᠨᠢᠭᠦᠯᠵᠦ᠂ ᠠᠶᠢᠮᠠᠭ ᠤᠨ ᠭᠠᠳᠠᠨᠠᠬᠢ ᠡᠨᠧᠷᠭᠢ ᠶᠢᠨ ᠬᠤᠷᠰᠢᠯᠴᠠᠨ ᠨᠡᠭᠡᠭᠡᠨ ᠠᠰᠢᠭᠯᠠᠬᠤ ᠠᠵᠢᠯ ᠢ | ᠵᠣᠬᠢᠴᠠᠭᠤᠯᠣᠨ ᠠᠬᠢᠭᠤᠯᠤᠨ᠎ᠠ᠃ | ( ᠨᠠᠶᠮᠠ ) ᠪᠦᠬᠦ ᠠᠶᠢᠮᠠᠭ ᠤᠨ ᠴᠠᠬᠢᠯᠭᠠᠨ ᠬᠦᠴᠦᠨ ᠤ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠦ | ᠵᠠᠳᠠᠯᠬᠤ ᠶᠢ ᠬᠠᠷᠢᠭᠤᠴᠠᠵᠤ᠂ ᠴᠠᠬᠢᠯᠭᠠᠨ ᠬᠦᠴᠦᠨ ᠤ ᠠᠵᠢᠯᠯᠠᠭᠠᠨ ᠪᠣᠯᠤᠨ ᠴᠠᠬᠢᠯᠭᠠᠨ ᠤ ᠲᠣᠤᠷ ᠤᠨ ᠠᠵᠢᠯᠯᠠᠭᠠᠨ | ᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠶᠳᠪᠦᠷᠢᠯᠡᠨ᠎ᠡ᠃ ᠪᠦᠬᠦ ᠠᠶᠢᠮᠠᠭ ᠤᠨ ᠴᠠᠬᠢᠯᠭᠠᠨ ᠬᠦᠴᠦᠨ | ᠤ ᠠᠵᠢᠯ ᠲᠥᠷᠥᠯ ᠤᠨ ᠠᠵᠢᠯᠯᠠᠭᠠᠨ ᠤ ᠠᠮᠤᠷ ᠲᠦᠪᠰᠢᠨ ᠪᠠ ᠴᠠᠬᠢᠯᠭᠠᠨ ᠬᠦᠴᠦᠨ ᠤ ᠮᠡᠷᠭᠡᠵᠢᠯ ᠤᠨ ᠬᠢᠨᠠᠯᠲᠠ | ᠲᠠᠯᠪᠢᠬᠤ ᠠᠵᠢᠯ ᠢ ᠵᠢᠯᠣᠭᠤᠳᠤᠨ᠎ᠠ᠃ ᠪᠦᠬᠦ ᠠᠶᠢᠮᠠᠭ ᠤᠨ ᠴᠠᠬᠢᠯᠭᠠᠨ ᠬᠦᠴᠦᠨ ᠤ ᠳᠦᠭᠦᠭᠡᠷᠦᠮᠵᠢ ᠶᠢᠨ | ᠬᠠᠮᠠᠭᠠᠯᠠᠯᠲᠠ ᠪᠣᠯᠤᠨ ᠴᠠᠬᠢᠯᠭᠠᠨ ᠬᠦᠴᠦᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠤᠯᠢ | ᠶᠣᠰᠣᠭᠠᠷ ᠥᠷᠨᠢᠭᠦᠯᠵᠦ᠂ ᠴᠠᠬᠢᠯᠭᠠᠨ ᠬᠦᠴᠦᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ | ᠪᠠᠶᠢᠳᠠᠯ ᠳᠤ ᠬᠢᠨᠠᠯᠲᠠ ᠲᠠᠯᠪᠢᠨ᠎ᠠ᠃ | ( ᠶᠢᠰᠦ ) ᠪᠦᠬᠦ ᠠᠶᠢᠮᠠᠭ ᠤᠨ ᠨᠡᠭᠦᠷᠡᠰᠦᠨ ᠠᠭᠤᠷᠬᠠᠶ ᠶᠢᠨ ᠳᠦᠢᠮᠡᠷ ᠡᠭᠦᠰᠦᠭᠰᠡᠨ ᠣᠷᠣᠨ᠂ ᠮᠠᠯᠲᠠᠵᠤ | ᠬᠥᠨᠳᠡᠶᠢᠷᠡᠭᠦᠯᠦᠭᠰᠡᠨ ᠣᠷᠣᠨ᠂ ᠳᠣᠷᠣᠭᠰᠢ ᠰᠠᠭᠤᠭᠰᠠᠨ ᠣᠷᠣᠨ ᠵᠡᠷᠭᠡ ᠭᠠᠮᠰᠢᠭ ᠢ ᠶᠡᠷᠦᠩᠬᠡᠶᠢᠯᠡᠨ ᠵᠠᠰᠠᠬᠤ ᠠᠵᠢᠯ | ᠢ ᠨᠢᠭᠡᠳᠦᠯᠲᠡᠶ ᠲᠥᠯᠥᠪᠯᠡᠨ᠎ᠡ᠃ | ( ᠠᠷᠪᠠ ) ᠲᠣᠰ ᠠᠵᠢᠯ ᠲᠥᠷᠥᠯ ᠤᠨ ᠢᠶᠠᠨ ᠠᠶᠤᠯ ᠦᠭᠡᠢ ᠦᠶᠯᠡᠳᠪᠦᠷᠢᠯᠡᠯ ᠤᠨ ᠬᠠᠮᠢᠶ᠎ᠠ ᠪᠦᠬᠦᠢ ᠠᠵᠢᠯ | ᠢ ᠬᠠᠷᠢᠭᠤᠴᠠᠨ᠎ᠠ᠃ | ( ᠠᠷᠪᠠᠨ ᠨᠢᠭᠡ ) ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠲᠤᠰᠢᠶᠠᠭᠰᠠᠨ ᠪᠤᠰᠤᠳ ᠡᠭᠦᠷᠭᠡ ᠶᠢ | ᠪᠡᠶᠡᠯᠡᠬᠦᠯᠦᠨ᠎ᠡ᠃ | ( ᠠᠷᠪᠠᠨ ᠬᠤᠶᠠᠷ ) ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | 1. ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠯᠦᠭᠡ ᠶᠢᠨ ᠡᠭᠦᠷᠭᠡ ᠬᠠᠷᠢᠭᠤᠴᠠᠯᠭ᠎ᠠ | ᠶᠢᠨ ᠬᠤᠪᠢᠶᠠᠷᠢᠯᠠᠯ᠃ ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠡᠨᠧᠷᠭᠢ ᠶᠢᠨ | ᠬᠥᠭᠵᠢᠯᠲᠡ ᠶᠢᠨ ᠳᠦᠯᠦᠪᠵᠢᠬᠦᠯᠬᠡ ᠬᠢᠭᠡᠳ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ | ᠶᠢᠨ ᠲᠥᠯᠥᠪᠵᠢᠭᠦᠯᠭᠡ᠂ ᠲᠥᠯᠥᠪᠯᠡᠭᠡ ᠶᠢᠨ ᠵᠣᠯᠭᠠᠭᠤᠯᠤᠯᠲᠠ ᠲᠡᠩᠴᠡᠭᠦᠷᠢ ᠶᠢ ᠨᠢᠭᠡᠳᠦᠯᠲᠡᠶ ᠲᠥᠯᠥᠪᠯᠡᠬᠦ ᠶᠢ | ᠬᠠᠷᠢᠭᠤᠴᠠᠨ᠎ᠠ᠃ ᠠᠶᠢᠮᠠᠭ ᠤᠨ ᠡᠨᠧᠷᠭᠢ ᠶᠢᠨ ᠲᠣᠪᠴᠢᠶ᠎ᠠ ᠨᠢ ᠡᠨᠧᠷᠭᠢ ᠶᠢᠨ ᠠᠵᠢᠯ ᠲᠥᠷᠥᠯ ᠤᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠪᠣᠯᠬᠤ ᠪᠥᠭᠡᠳ ᠪᠦᠬᠦ ᠠᠶᠢᠮᠠᠭ ᠤᠨ ᠡᠨᠧᠷᠭᠢ ᠶᠢᠨ ᠬᠠᠮᠢᠶᠠᠷᠤᠯᠲᠠ ᠶᠢᠨ ᠠᠵᠢᠯ ᠢ | ᠬᠠᠷᠢᠭᠤᠴᠠᠵᠤ᠂ ᠡᠨᠧᠷᠭᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ᠂ ᠥᠭᠡᠷᠡᠴᠢᠯᠡᠯᠲᠡ | ᠶᠢᠨ ᠲᠥᠰᠦᠯ ᠪᠣᠯᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠴᠤ᠂ ᠡᠨᠧᠷᠭᠢ ᠶᠢᠨ | ᠭᠦᠭᠵᠢᠯᠳᠡ ᠶᠢᠨ ᠲᠥᠯᠥᠪᠯᠡᠭᠡ ᠲᠣᠭᠲᠠᠭᠠᠬᠤ ᠶᠢᠨ ᠬᠠᠮᠲᠤ ᠬᠡᠷᠡᠭᠵᠢᠭᠦᠯᠬᠦ ᠶᠢ ᠵᠣᠬᠢᠶᠠᠨ ᠪᠠᠶᠢᠭᠤᠯᠣᠨ᠎ᠠ᠃ | 2. ᠠᠶᠢᠮᠠᠭ ᠤᠨ ᠠᠵᠤ ᠦᠶᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠣᠪᠴᠢᠶ᠎ᠠ ᠯᠤᠭ᠎ᠠ ᠶᠢᠨ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ᠃ ᠠᠶᠢᠮᠠᠭ ᠤᠨ ᠠᠵᠤ ᠦᠶᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ | ᠲᠣᠪᠴᠢᠶ᠎ᠠ ᠨᠢ ᠠᠶᠢᠮᠠᠭ ᠤᠨ ᠡᠨᠧᠷᠬᠢ ᠶᠢᠨ ᠲᠣᠪᠴᠢᠶ᠎ᠠ ᠲᠠᠢ ᠵᠥᠪᠳᠡᠯᠴᠡᠨ ᠪᠦᠬᠦ ᠣᠷᠣᠨ ᠤ ᠴᠠᠬᠢᠯᠭᠠᠨ ᠭᠠᠷᠭᠠᠬᠤ | ᠠᠵᠤ ᠠᠬᠤᠶᠢᠯᠠᠯ ᠤᠨ ᠣᠨ ᠤ ᠴᠠᠬᠢᠯᠭᠠᠨ ᠭᠠᠷᠭᠠᠬᠤ ᠬᠡᠮᠵᠢᠶ᠎ᠡ ᠶᠢᠨ ᠵᠢᠱᠢᠭᠰᠡᠨ ᠲᠣᠬᠢᠷᠠᠭᠤᠯᠭ᠎ᠠ ᠡᠵᠡᠮᠰᠢᠯ ᠤᠨ | ᠬᠠᠷᠠᠯᠲᠠ ᠶᠢᠨ ᠲᠥᠯᠥᠪᠯᠡᠭᠡ ᠪᠠᠨ ᠬᠡᠷᠡᠭᠵᠢᠬᠦᠯᠬᠦ ᠳᠤᠨᠢ ᠬᠢᠨᠠᠯᠲᠠ ᠳᠠᠯᠪᠢᠵᠦ᠂ ᠪᠦᠬᠦ ᠣᠷᠣᠨ ᠤ ᠴᠠᠬᠢᠯᠭᠠᠨ ᠬᠦᠴᠦᠨ | ᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠲᠥᠰᠦᠯ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠎ᠠ᠃ | ᠳᠥᠷᠪᠡᠳᠦᠭᠡᠷ ᠵᠦᠢᠯ ᠠᠶᠢᠮᠠᠭ ᠤᠨ ᠡᠨᠧᠷᠭᠢ ᠶᠢᠨ ᠲᠣᠪᠴᠢᠶ᠎ᠠ ᠳᠤ ᠳᠣᠣᠷᠠᠬᠢ ᠮᠡᠲᠦ ᠳᠣᠲᠣᠭᠠᠳᠤ | ᠪᠠᠶᠢᠭᠤᠯᠤᠮᠵᠢ ᠶᠢ ᠳᠣᠬᠢᠷᠠᠭᠤᠯᠣᠨ᠎ᠠ᠄ | ( ᠨᠢᠭᠡ ) ᠠᠯᠪᠠᠨ ᠭᠡᠷ᠃ ᠪᠠᠶᠢᠭᠤᠯᠣᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠵᠤ᠂ | ᠪᠠᠶᠢᠭᠤᠯᠣᠯᠭ᠎ᠠ ᠶᠢᠨ ᠵᠠᠰᠠᠭ ᠤᠨ ᠶᠠᠪᠤᠳᠠᠯ ᠢ ᠢᠯᠡ ᠪᠠᠶᠢᠯᠭᠠᠬᠤ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ | ᠵᠠᠬᠢᠳᠠᠯ ᠰᠤᠷᠪᠤᠯᠵᠢᠯᠠᠭ᠎ᠠ᠂ ᠰᠢᠮᠳᠠᠭᠤᠯᠣᠨ ᠬᠦᠢᠴᠡᠳᠬᠡᠬᠦᠯᠬᠦ ᠵᠢᠴᠢ ᠲᠦᠷᠢᠮ ᠤᠨ ᠪᠠᠶᠢᠭᠤᠯᠤᠯᠲᠠ ᠵᠡᠷᠭᠡ ᠠᠵᠢᠯ ᠢ | ᠡᠭᠦᠷᠭᠡᠯᠡᠨ᠎ᠡ᠃ ᠪᠠᠶᠢᠭᠤᠯᠤᠯᠭ᠎ᠠ ᠶᠢᠨ ᠡᠳ᠋ ᠤᠨ ᠶᠠᠪᠤᠳᠠᠯ᠂ ᠡᠳ᠋ ᠬᠥᠷᠥᠩᠭᠡ ᠶᠢᠨ ᠬᠠᠮᠢᠶᠠᠷᠤᠯᠲᠠ᠂ ᠳᠣᠲᠣᠭᠠᠳᠤ ᠶᠢᠨ | ᠬᠢᠨᠠᠨ ᠪᠣᠳᠣᠯᠲᠠ᠂ ᠠᠷᠤ ᠲᠠᠯ᠎ᠠ ᠶᠢᠨ ᠦᠶᠯᠡᠴᠢᠯᠡᠭᠡᠨ ᠤ ᠪᠠᠲᠤᠯᠠᠭ᠎ᠠ᠂ ᠰᠣᠨᠢᠨ ᠮᠡᠳᠡᠭᠡᠨ ᠤ ᠤᠬᠠᠭᠤᠯᠭ᠎ᠠ ᠵᠡᠷᠭᠡ | ᠠᠵᠢᠯ ᠢ ᠡᠭᠦᠷᠭᠡᠯᠡᠨ᠎ᠡ᠃ ᠪᠠᠶᠢᠭᠤᠯᠤᠯᠭ᠎ᠠ ᠵᠢᠴᠢ ᠬᠠᠷᠢᠶ᠎ᠠ ᠨᠢᠭᠡᠴᠡ ᠶᠢᠨ ᠢᠶᠠᠨ ᠨᠠᠮ ᠪᠠ ᠣᠯᠠᠨ ᠲᠦᠮᠡᠨ ᠤ ᠠᠵᠢᠯ᠂ | ᠰᠠᠬᠢᠯᠭ᠎ᠠ ᠪᠠᠲᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠵᠤ᠂ ᠪᠠᠶᠢᠭᠤᠯᠤᠯᠭ᠎ᠠ ᠵᠢᠴᠢ ᠬᠠᠷᠢᠶ᠎ᠠ ᠨᠢᠭᠡᠴᠡ ᠶᠢᠨ ᠢᠶᠠᠨ | ᠠᠵᠢᠯᠲᠠᠨ ᠤ ᠶᠠᠪᠤᠳᠠᠯ ᠤᠨ ᠬᠠᠮᠢᠶᠠᠷᠣᠯᠳᠠ᠂ ᠪᠠᠶᠢᠭᠤᠯᠤᠮᠵᠢ ᠶᠢᠨ ᠣᠷᠣᠨ ᠲᠤᠭ᠎ᠠ᠂ ᠺᠠᠳ᠋ᠷ ᠤᠨ ᠬᠢᠨᠠᠨ ᠰᠢᠯᠭᠠᠯᠳᠠ᠂ | ᠬᠥᠳᠡᠯᠮᠦᠷᠢ ᠴᠠᠯᠢᠩ᠂ ᠠᠵᠢᠯ ᠠᠴᠠ ᠪᠠᠨ ᠠᠮᠠᠷᠠᠭᠰᠠᠳ ᠤᠨ ᠳᠣᠬᠠᠢ ᠠᠵᠢᠯ ᠢ ᠡᠭᠦᠷᠭᠡᠯᠡᠨ᠎ᠡ᠃ ᠡᠨᠧᠷᠭᠢ ᠶᠢᠨ ᠡᠬᠢ | ᠰᠤᠷᠪᠤᠯᠵᠢ ᠶᠢᠨ ᠲᠤᠮᠤ ᠳ᠋ᠠᠶᠢᠲ᠋ᠠ ᠶᠢ ᠵᠢᠯᠣᠭᠤᠳᠤᠨ ᠪᠠᠶᠢᠭᠤᠯᠵᠤ᠂ ᠪᠠᠶᠢᠭᠤᠯᠣᠯᠭ᠎ᠠ ᠶᠢᠨ ᠮᠡᠳᠡᠭᠡ ᠵᠠᠩᠬᠢᠴᠢᠯᠠᠯᠳᠠ ᠶᠢᠨ | ᠪᠠᠶᠢᠭᠤᠯᠤᠯᠲᠠ ᠶᠢ ᠬᠠᠷᠢᠭᠤᠴᠠᠨ᠎ᠠ᠃ | ( ᠬᠤᠶᠠᠷ ) ᠴᠠᠬᠢᠯᠭᠠᠨ ᠬᠦᠴᠦᠨ ᠪᠠ ᠰᠢᠨ᠎ᠡ ᠡᠨᠧᠷᠭᠢ ᠶᠢᠨ ᠳᠣᠬᠠᠢ ᠠᠵᠢᠯ ᠤᠨ ᠰᠠᠯᠠᠭ᠎ᠠ᠃ ᠴᠠᠬᠢᠯᠭᠠᠨ | ᠬᠦᠴᠦᠨ ᠤ ᠠᠵᠢᠯ ᠲᠥᠷᠥᠯ ᠤᠨ ᠬᠥᠭᠵᠢᠯᠲᠡ ᠶᠢᠨ ᠳᠦᠯᠦᠪᠵᠢᠬᠦᠯᠬᠡ᠂ ᠲᠥᠯᠥᠪᠯᠡᠭᠡ ᠪᠠ ᠲᠥᠷᠥ ᠶᠢᠨ ᠪᠣᠳᠣᠯᠭ᠎ᠠ | ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠬᠦᠯᠬᠦ ᠶᠢ ᠵᠣᠬᠢᠶᠠᠨ ᠪᠠᠶᠢᠭᠤᠯᠣᠨ᠎ᠠ᠃ ᠪᠦᠬᠦ ᠠᠶᠢᠮᠠᠭ ᠤᠨ | ᠴᠠᠬᠢᠯᠭᠠᠨ ᠬᠦᠴᠦᠨ ᠤ ᠠᠵᠢᠯ ᠲᠥᠷᠥᠯ ᠤᠨ ᠬᠠᠮᠢᠶᠠᠷᠤᠯᠲᠠ᠂ ᠪᠠᠶᠢᠭᠤᠯᠤᠯ ᠤᠨ ᠥᠭᠡᠷᠡᠴᠢᠯᠡᠯᠲᠡ ᠵᠡᠷᠭᠡ ᠠᠵᠢᠯ ᠢ | ᠡᠭᠦᠷᠭᠡᠯᠡᠵᠦ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠵᠤ᠂ ᠴᠠᠬᠢᠯᠭᠠᠨ ᠬᠦᠴᠦᠨ | ᠤ ᠠᠵᠢᠯ ᠲᠥᠷᠥᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠬᠢᠨᠠᠨ ᠰᠢᠨᠵᠢᠵᠦ ᠵᠠᠳᠠᠯᠣᠨ᠎ᠠ᠃ | ᠲᠣᠭᠲᠠᠭᠠᠭᠰᠠᠨ ᠡᠷᠬᠡ ᠮᠡᠳᠡᠯ ᠤᠨ ᠬᠡᠪᠴᠢᠶᠡᠨ ᠳᠤ ᠪᠦᠬᠦ ᠠᠶᠢᠮᠠᠭ ᠤᠨ ᠢᠯᠴᠢ ᠶᠢᠨ ᠴᠠᠬᠢᠯᠭᠠᠨ᠂ ᠴᠠᠬᠢᠯᠭᠠᠨ ᠤ | ᠲᠣᠤᠷ ᠤᠨ ᠳᠣᠭᠳᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠴᠢᠬᠤᠯᠠ ᠶᠡᠭᠡ ᠲᠥᠷᠥᠯ ᠵᠦᠶᠯ ᠢ ᠬᠢᠨᠠᠨ | ᠵᠥᠪᠰᠢᠶᠡᠷᠡᠬᠦ᠂ ᠬᠢᠨᠠᠨ ᠬᠠᠷᠭᠤᠭᠤᠯᠬᠤ ᠵᠢᠴᠢ ᠬᠢᠨᠠᠨ ᠬᠠᠷᠭᠤᠭᠤᠯᠵᠤ ᠳᠠᠮᠵᠢᠭᠤᠯᠤᠨ ᠮᠡᠳᠡᠭᠦᠯᠬᠦ ᠵᠡᠷᠭᠡ ᠠᠵᠢᠯ ᠢ | ᠡᠭᠦᠷᠭᠡᠯᠡᠨ᠎ᠡ᠃ ᠴᠠᠬᠢᠯᠭᠠᠨ ᠤ ᠦᠨ᠎ᠡ ᠶᠢ ᠲᠣᠬᠢᠷᠠᠭᠤᠯᠬᠤ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ ᠪᠦᠬᠦ | ᠠᠶᠢᠮᠠᠭ ᠤᠨ ᠰᠢᠨ᠎ᠡ ᠡᠨᠧᠷᠭᠢ᠂ ᠳᠠᠬᠢᠨ ᠡᠭᠦᠰᠴᠦ ᠪᠣᠯᠬᠤ ᠡᠨᠧᠷᠭᠢ ᠪᠣᠯᠤᠨ ᠮᠠᠯᠵᠢᠬᠤ ᠲᠠᠷᠢᠶᠠᠯᠠᠬᠤ ᠣᠷᠣᠨ ᠤ | ᠡᠨᠧᠷᠭᠢ ᠶᠢᠨ ᠬᠥᠭᠵᠢᠯᠲᠡ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠰᠢᠨ᠎ᠡ ᠡᠨᠧᠷᠭᠢ᠂ ᠤᠰᠤᠨ ᠤ | ᠡᠨᠧᠷᠭᠢ᠂ ᠠᠮᠢᠳᠤ ᠪᠣᠳᠠᠰ ᠤᠨ ᠡᠨᠧᠷᠭᠢ ᠪᠣᠯᠤᠨ ᠳᠠᠬᠢᠨ ᠡᠭᠦᠰᠴᠦ ᠪᠣᠯᠬᠤ ᠪᠣᠰᠣᠳ ᠡᠨᠧᠷᠭᠢ ᠶᠢᠨ ᠬᠥᠭᠵᠢᠯᠲᠡ | ᠶᠢᠨ ᠳᠦᠯᠦᠪᠵᠢᠬᠦᠯᠬᠡ᠂ ᠲᠥᠯᠥᠪᠯᠡᠭᠡ ᠪᠣᠯᠤᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ | ᠭᠡᠷᠡᠭᠵᠢᠬᠦᠯᠬᠦ ᠶᠢ ᠵᠣᠬᠢᠶᠠᠨ ᠪᠠᠶᠢᠭᠤᠯᠣᠨ᠎ᠠ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶᠡᠨ ᠳᠤ ᠪᠦᠬᠦ ᠠᠶᠢᠮᠠᠭ ᠤᠨ | ᠰᠢᠨ᠎ᠡ ᠡᠨᠧᠷᠭᠢ ᠪᠣᠯᠤᠨ ᠳᠠᠬᠢᠨ ᠡᠭᠦᠰᠴᠦ ᠪᠣᠯᠬᠤ ᠡᠨᠧᠷᠭᠢ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ | ᠶᠢᠨ ᠲᠥᠷᠥᠯ ᠵᠦᠶᠯ ᠢ ᠬᠢᠨᠠᠨ ᠵᠥᠪᠰᠢᠶᠡᠷᠡᠬᠦ᠂ ᠬᠢᠨᠠᠨ ᠬᠠᠷᠭᠤᠭᠤᠯᠬᠤ᠂ ᠳᠠᠩᠰᠠᠯᠠᠭᠤᠯᠬᠤ ᠵᠢᠴᠢ ᠬᠢᠨᠠᠨ | ᠬᠠᠷᠭᠤᠭᠤᠯᠵᠤ ᠳᠠᠮᠵᠢᠭᠤᠯᠣᠨ ᠮᠡᠳᠡᠭᠦᠯᠬᠦ ᠠᠵᠢᠯ ᠢ ᠡᠭᠦᠷᠭᠡᠯᠡᠵᠦ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠪᠣᠯᠤᠨ | ᠲᠥᠷᠥᠯ ᠵᠦᠶᠯ ᠤᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠳᠠ ᠶᠢ ᠡᠭᠦᠷᠭᠡᠯᠡᠨ᠎ᠡ᠃ | ( ᠭᠤᠷᠪᠠ ) ᠨᠡᠭᠦᠷᠡᠰᠦᠨ ᠤ ᠳᠣᠬᠠᠢ ᠠᠵᠢᠯ ᠤᠨ ᠰᠠᠯᠠᠭ᠎ᠠ᠃ ᠪᠦᠬᠦ ᠠᠶᠢᠮᠠᠭ ᠤᠨ ᠨᠡᠭᠦᠷᠡᠰᠦᠨ ᠤ ᠠᠵᠢᠯ | ᠲᠥᠷᠥᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠳᠣᠭᠤᠷᠢᠪᠢᠬᠤ ᠶᠢ ᠵᠣᠬᠢᠶᠠᠨ ᠪᠠᠶᠢᠭᠤᠯᠵᠦ᠂ ᠲᠣᠭᠲᠠᠭᠠᠭᠰᠠᠨ | ᠡᠷᠬᠡ ᠮᠡᠳᠡᠯ ᠤᠨ ᠬᠡᠪᠴᠢᠶᠡᠨ ᠳᠤ ᠪᠦᠬᠦ ᠠᠶᠢᠮᠠᠭ ᠤᠨ ᠨᠡᠭᠦᠷᠡᠰᠦᠨ ᠠᠭᠤᠷᠬᠠᠶ᠂ ᠨᠡᠭᠦᠷᠡᠰᠦ ᠤᠬᠢᠶᠠᠬᠤ ᠦᠶᠯᠡᠳᠪᠦᠷᠢ᠂ | ᠨᠡᠭᠦᠷᠡᠰᠦᠨ ᠳᠠᠪᠬᠤᠷᠭ᠎ᠠ ᠶᠢᠨ ᠬᠡᠢ ᠵᠡᠷᠭᠡ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠶᠯ | ᠢ ᠬᠢᠨᠠᠨ ᠵᠥᠪᠰᠢᠶᠡᠷᠡᠬᠦ᠂ ᠬᠢᠨᠠᠨ ᠬᠠᠷᠭᠤᠭᠤᠯᠬᠤ᠂ ᠳᠠᠩᠰᠠᠯᠠᠭᠤᠯᠬᠤ ᠵᠢᠴᠢ ᠬᠢᠨᠠᠨ ᠬᠠᠷᠭᠤᠭᠤᠯᠵᠤ ᠳᠠᠮᠵᠢᠭᠤᠯᠤᠨ | ᠮᠡᠳᠡᠭᠦᠯᠬᠦ ᠠᠵᠢᠯ ᠢ ᠡᠭᠦᠷᠭᠡᠯᠡᠵᠦ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠪᠣᠯᠤᠨ ᠲᠥᠷᠥᠯ ᠵᠦᠶᠯ ᠤᠨ ᠬᠠᠤᠯᠢ | ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠡᠭᠦᠷᠭᠡᠯᠡᠨ᠎ᠡ᠃ ᠨᠡᠭᠦᠷᠡᠰᠦᠨ ᠠᠭᠤᠷᠬᠠᠢ ᠶᠢᠨ ᠮᠠᠯᠲᠠᠵᠤ | ᠬᠥᠨᠳᠡᠶᠢᠷᠡᠭᠦᠯᠦᠭᠰᠡᠨ ᠣᠷᠣᠨ ᠤ ᠭᠠᠮᠰᠢᠭ ᠢ ᠶᠡᠷᠦᠩᠬᠡᠶᠢᠯᠡᠨ ᠵᠠᠰᠠᠬᠤ ᠵᠡᠷᠭᠡ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ | ᠲᠣᠭᠲᠠᠭᠠᠭᠰᠠᠨ ᠡᠷᠬᠡ ᠮᠡᠳᠡᠯ ᠤᠨ ᠬᠡᠪᠴᠢᠶᠡᠨ ᠳᠤ ᠭᠠᠰ ᠢ ᠰᠤᠭᠤᠯᠵᠤ ᠮᠠᠯᠲᠠᠬᠤ᠂ ᠪᠣᠬᠢᠷᠲᠤᠯ ᠥᠬᠡᠶ ᠪᠠᠷ | ᠪᠥᠭᠯᠡᠵᠦ ᠨᠡᠭᠡᠭᠡᠨ ᠮᠠᠯᠲᠠᠬᠤ᠂ ᠵᠠᠳᠠᠭᠠᠶ ᠨᠡᠭᠦᠷᠡᠰᠦᠨ ᠠᠭᠤᠷᠬᠠᠶ ᠶᠢ ᠬᠠᠪᠰᠤᠷᠤᠨ ᠨᠡᠭᠦᠷᠡᠰᠦ ᠶᠢ ᠡᠭᠡᠭᠦᠯᠦᠨ | ᠬᠤᠷᠢᠶᠠᠬᠤ ᠵᠡᠷᠭᠡ ᠲᠥᠷᠥᠯ ᠵᠦᠶᠯ ᠢ ᠬᠢᠨᠠᠨ ᠵᠥᠪᠰᠢᠶᠡᠷᠡᠬᠦ᠂ ᠰᠢᠯᠭᠠᠨ ᠠᠪᠬᠤ ᠵᠢᠴᠢ ᠬᠢᠨᠠᠨ ᠬᠠᠷᠭᠤᠭᠤᠯᠵᠤ | ᠳᠠᠮᠵᠢᠭᠤᠯᠣᠨ ᠮᠡᠳᠡᠭᠦᠯᠬᠦ ᠠᠵᠢᠯ ᠢ ᠡᠭᠦᠷᠭᠡᠯᠡᠨ᠎ᠡ᠃ ᠨᠡᠭᠦᠷᠡᠰᠦᠨ ᠤ ᠠᠵᠢᠯ ᠲᠥᠷᠥᠯ ᠤᠨ ᠰᠢᠨᠵᠢᠯᠡᠭᠡ ᠮᠡᠷᠭᠡᠵᠢᠯ ᠤᠨ | ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠵᠢᠴᠢ ᠲᠡᠷᠢᠭᠦᠨ ᠤ ᠮᠡᠷᠭᠡᠵᠢᠯ᠂ ᠣᠷ᠎ᠠ ᠮᠡᠷᠭᠡᠰᠢᠯ᠂ ᠲᠥᠬᠦᠭᠡᠷᠦᠮᠵᠢ ᠶᠢ | ᠳᠡᠯᠭᠡᠷᠡᠭᠦᠯᠦᠨ ᠬᠡᠷᠡᠭᠯᠡᠬᠦ ᠶᠢ ᠬᠠᠷᠢᠭᠤᠴᠠᠨ᠎ᠠ᠃ ᠪᠦᠬᠦ ᠠᠶᠢᠮᠠᠭ ᠤᠨ ᠨᠡᠭᠦᠷᠡᠰᠦᠨ ᠠᠭᠤᠷᠬᠠᠢ ᠶᠢᠨ ᠪᠦᠲᠦᠭᠡᠨ | ᠪᠠᠶᠢᠭᠤᠯᠤᠯᠲᠠ ᠪᠣᠯᠤᠨ ᠦᠶᠯᠡᠳᠪᠦᠷᠢᠯᠡᠯ ᠤᠨ ᠡᠮᠬᠢ ᠵᠢᠷᠣᠮ ᠤᠨ ᠬᠢᠨᠠᠨ ᠬᠠᠮᠢᠶᠠᠷᠣᠯᠳᠠ ᠶᠢᠨ ᠠᠵᠢᠯ ᠢ | ᠬᠠᠷᠢᠭᠤᠴᠠᠨ᠎ᠠ᠃ ᠪᠦᠬᠦ ᠠᠶᠢᠮᠠᠭ ᠤᠨ ᠨᠡᠭᠦᠷᠡᠰᠦᠨ ᠤ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ | ᠠᠵᠢᠯ ᠢ ᠬᠠᠷᠢᠭᠤᠴᠠᠨ᠎ᠠ᠃ ᠨᠡᠭᠦᠷᠡᠰᠦᠨ ᠤ ᠦᠶᠯᠡᠳᠪᠦᠷᠢᠯᠡᠯ ᠲᠡᠭᠡᠭᠡᠪᠦᠷᠢ ᠶᠢᠨ ᠬᠡᠷᠡᠭᠴᠡᠭᠡ ᠶᠢ ᠵᠣᠯᠭᠠᠭᠤᠯᠬᠤ ᠠᠵᠢᠯ | ᠢ ᠬᠠᠷᠢᠭᠤᠴᠠᠵᠤ᠂ ᠨᠡᠭᠦᠷᠡᠰᠦᠨ ᠤ ᠬᠠᠩᠭᠠᠯᠭ᠎ᠠ ᠶᠢᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠪᠦᠬᠦ | ᠠᠶᠢᠮᠠᠭ ᠤᠨ ᠨᠡᠭᠦᠷᠡᠰᠦᠨ ᠤ ᠠᠵᠢᠯ ᠲᠥᠷᠥᠯ ᠤᠨ ᠠᠵᠤ ᠠᠬᠤᠢ ᠶᠢᠨ ᠠᠵᠢᠯᠯᠠᠭᠠᠨ ᠢ ᠬᠢᠨᠠᠨ ᠬᠡᠮᠵᠢᠬᠦ ᠶᠢ | ᠬᠠᠷᠢᠭᠤᠴᠠᠵᠦ᠂ ᠨᠡᠭᠦᠷᠡᠰᠦᠨ ᠤ ᠠᠵᠢᠯ ᠲᠥᠷᠥᠯ ᠤᠨ ᠪᠦᠷᠢᠳᠬᠡᠨ ᠵᠠᠳᠠᠯᠬᠤ᠂ ᠠᠵᠢᠯᠯᠠᠭᠠᠨ ᠢ ᠬᠢᠨᠠᠨ ᠬᠡᠮᠵᠢᠵᠦ | ᠣᠷᠢᠳᠴᠢᠯᠠᠨ ᠰᠡᠷᠡᠮᠵᠢᠯᠡᠭᠦᠯᠬᠦ ᠵᠡᠷᠭᠡ ᠠᠵᠢᠯ ᠢ ᠡᠭᠦᠷᠭᠡᠯᠡᠨ᠎ᠡ᠃ | ( ᠳᠥᠷᠪᠡ ) ᠶᠡᠷᠦᠩᠬᠡᠶᠢᠯᠡᠨ ᠳᠦᠯᠦᠪᠵᠢᠬᠦᠯᠬᠦ ᠪᠠ ᠰᠢᠲᠠᠮᠠᠬᠠᠶ ᠬᠡᠶ ᠶᠢᠨ ᠳᠣᠬᠠᠢ ᠠᠵᠢᠯ ᠤᠨ ᠰᠠᠯᠠᠭ᠎ᠠ᠃ | ᠡᠨᠧᠷᠭᠢ ᠶᠢᠨ ᠬᠥᠭᠵᠢᠯᠲᠡ ᠥᠭᠡᠷᠡᠴᠢᠯᠡᠯᠲᠡ ᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠵᠤ᠂ ᠡᠨᠧᠷᠭᠢ ᠶᠢᠨ | ᠪᠠᠶᠢᠭᠤᠯᠤᠯ ᠤᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠠᠵᠢᠯ ᠢ ᠨᠢᠭᠡᠳᠦᠯᠲᠡᠶ ᠲᠥᠯᠥᠪᠯᠡᠨ᠂ ᠪᠦᠬᠦ ᠠᠶᠢᠮᠠᠭ | ᠤᠨ ᠣᠳᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ | ᠰᠠᠨᠠᠭᠤᠯᠭ᠎ᠠ ᠶᠢ ᠳᠤᠷᠠᠳᠴᠤ᠂ ᠡᠨᠧᠷᠭᠢ ᠶᠢ ᠨᠡᠭᠡᠭᠡᠨ ᠠᠰᠢᠭᠯᠠᠬᠤ ᠪᠠ ᠬᠤᠷᠰᠢᠯᠴᠠᠬᠤ ᠶᠢ ᠵᠣᠬᠢᠶᠠᠨ ᠪᠠᠶᠢᠭᠤᠯᠤᠨ | ᠵᠣᠬᠢᠴᠠᠭᠤᠯᠤᠨ᠎ᠠ᠃ ᠡᠨᠧᠷᠭᠢ ᠶᠢᠨ ᠡᠬᠢ ᠰᠤᠷᠪᠤᠯᠵᠢ ᠶᠢᠨ ᠬᠥᠭᠵᠢᠯᠲᠡ ᠶᠢᠨ ᠲᠥᠯᠥᠪᠵᠢᠭᠦᠯᠭᠡ᠂ ᠣᠨ ᠤ | ᠲᠥᠯᠥᠪᠯᠡᠭᠡ ᠪᠠ ᠠᠵᠤ ᠦᠶᠯᠡᠰ ᠤᠨ ᠳᠦᠷᠦ ᠶᠢᠨ ᠪᠤᠳᠤᠯᠭ᠎ᠠ ᠶᠢ ᠳᠣᠭᠤᠷᠪᠢᠬᠤ ᠶᠢ ᠵᠣᠬᠢᠶᠠᠨ ᠪᠠᠶᠢᠭᠤᠯᠣᠨ᠎ᠠ᠃ | ᠪᠦᠬᠦ ᠠᠶᠢᠮᠠᠭ ᠤᠨ ᠡᠨᠧᠷᠭᠢ ᠶᠢᠨ ᠶᠡᠷᠦᠩᠬᠡᠶ ᠬᠡᠮᠵᠢᠶ᠎ᠡ ᠶᠢ ᠲᠡᠩᠴᠡᠭᠦᠯᠬᠦ ᠪᠠ ᠪᠦᠲᠦᠴᠡ ᠶᠢᠨ ᠳᠣᠬᠢᠷᠠᠭᠤᠯᠣᠯᠳᠠ ᠶᠢᠨ | ᠬᠠᠷᠠᠯᠲᠠ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠤᠨ᠎ᠠ᠃ ᠪᠦᠬᠦ ᠠᠶᠢᠮᠠᠭ ᠤᠨ ᠡᠨᠧᠷᠭᠢ ᠶᠢᠨ ᠠᠵᠢᠯ ᠲᠥᠷᠥᠯ ᠤᠨ | ᠡᠨᠧᠷᠭᠢ ᠠᠷᠪᠢᠯᠠᠬᠤ ᠪᠠ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠵᠢᠯᠣᠭᠤᠳᠤᠨ᠎ᠠ᠃ ᠡᠨᠧᠷᠭᠢ ᠶᠢᠨ | ᠨᠡᠭᠡᠭᠡᠯᠲᠡ ᠬᠢᠬᠦ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠠᠶᠢᠮᠠᠭ ᠤᠨ ᠭᠠᠳᠠᠨᠠᠬᠢ ᠡᠨᠧᠷᠭᠢ ᠶᠢ ᠨᠡᠭᠡᠭᠡᠨ | ᠠᠰᠢᠭᠯᠠᠬᠤ ᠪᠠ ᠬᠠᠮᠲᠤᠷᠠᠨ ᠠᠵᠢᠯᠯᠠᠬᠤ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠡᠨᠧᠷᠭᠢ ᠶᠢᠨ ᠡᠬᠢ | ᠰᠤᠷᠪᠤᠯᠵᠢ ᠶᠢᠨ ᠰᠢᠨᠵᠢᠯᠡᠭᠡ ᠮᠡᠷᠭᠡᠵᠢᠯ ᠤᠨ ᠳᠠᠪᠰᠢᠯᠲᠠ ᠪᠠ ᠲᠣᠨᠤᠭ ᠲᠥᠬᠦᠭᠡᠷᠦᠮᠵᠢ ᠶᠢᠨ ᠬᠠᠮᠢᠶ᠎ᠠ ᠪᠦᠬᠦᠢ ᠠᠵᠢᠯ | ᠢ ᠡᠭᠦᠷᠭᠡᠯᠡᠨ᠎ᠡ᠃ ᠡᠨᠧᠷᠭᠢ ᠶᠢᠨ ᠮᠥᠩᠭᠦᠨ ᠭᠦᠶᠯᠭᠡᠭᠡᠨ ᠤ ᠬᠥᠭᠵᠢᠯᠲᠡ᠂ ᠣᠯᠠᠨ ᠵᠦᠶᠯ ᠤᠨ ᠡᠨᠧᠷᠭᠢ ᠶᠢ | ᠶᠡᠷᠦᠩᠬᠡᠶᠢᠯᠡᠨ ᠠᠰᠢᠭᠯᠠᠬᠤ ᠪᠠᠶᠢᠯᠳᠤᠬᠤ ᠪᠣᠳᠣᠯᠭ᠎ᠠ ᠶᠢ ᠰᠤᠳᠤᠯᠬᠤ ᠶᠢᠨ ᠬᠠᠮᠲᠤ ᠬᠡᠷᠡᠭᠵᠢᠭᠦᠯᠬᠦ ᠶᠢ ᠵᠣᠬᠢᠶᠠᠨ | ᠪᠠᠶᠢᠭᠤᠯᠬᠤ ᠶᠢ ᠬᠠᠷᠢᠭᠤᠴᠠᠨ᠎ᠠ᠃ ᠡᠨᠧᠷᠭᠢ ᠶᠢᠨ ᠡᠬᠢ ᠰᠤᠷᠪᠤᠯᠵᠢ ᠶᠢᠨ ᠴᠢᠬᠤᠯᠠ ᠶᠡᠭᠡ ᠬᠡᠷᠡᠭ ᠶᠠᠪᠤᠳᠠᠯ ᠢ | ᠮᠥᠷᠳᠡᠬᠦ᠂ ᠲᠣᠬᠢᠷᠠᠭᠤᠯᠬᠤ ᠪᠠ ᠨᠠᠶᠢᠳᠠᠪᠣᠷᠢᠵᠢᠭᠤᠯᠬᠤ ᠶᠢ ᠵᠣᠬᠢᠴᠠᠩᠭᠤᠶ ᠪᠠᠷ ᠠᠬᠢᠭᠤᠯᠤᠨ᠎ᠠ᠃ ᠪᠦᠬᠦ ᠠᠶᠢᠮᠠᠭ ᠤᠨ | ᠡᠨᠧᠷᠭᠢ ᠶᠢᠨ ᠲᠤᠭ᠎ᠠ ᠪᠦᠷᠢᠳᠬᠡᠯ ᠤᠨ ᠲᠣᠬᠢᠷᠠᠭᠤᠯᠤᠯᠲᠠ᠂ ᠲᠥᠰᠦᠭᠡᠯᠡᠵᠦ ᠰᠡᠷᠡᠮᠵᠢᠯᠡᠭᠦᠯᠬᠦ᠂ ᠪᠠᠶᠢᠳᠠᠯ ᠤᠨ | ᠵᠠᠳᠠᠯᠤᠯᠲᠠ᠂ ᠮᠡᠳᠡᠭᠡ ᠵᠠᠩᠭᠢ ᠨᠡᠶᠢᠲᠡᠯᠡᠬᠦ ᠵᠡᠷᠭᠡ ᠠᠵᠢᠯ ᠢ ᠬᠠᠷᠢᠭᠤᠴᠠᠨ᠎ᠠ᠃ ᠴᠢᠯᠠᠭᠤᠨ ᠲᠣᠰᠣ᠂ ᠪᠠᠶᠢᠭᠠᠯᠢ ᠶᠢᠨ | ᠰᠢᠲᠠᠮᠠᠬᠠᠶ ᠬᠡᠢ ᠶᠢ ᠨᠡᠭᠡᠭᠡᠨ ᠠᠰᠢᠭᠯᠠᠬᠤ ᠪᠠ ᠠᠵᠢᠯᠯᠠᠭᠠᠨ ᠤ ᠬᠠᠮᠢᠶᠠᠷᠣᠯᠳᠠ ᠶᠢᠨ ᠠᠵᠢᠯ ᠢ ᠡᠭᠦᠷᠭᠡᠯᠡᠵᠦ᠂ | ᠦᠶᠯᠡᠳᠪᠦᠷᠢᠯᠡᠯ ᠬᠡᠷᠡᠭᠴᠡᠭᠡ ᠶᠢ ᠲᠡᠩᠴᠡᠭᠦᠯᠦᠨ ᠵᠣᠯᠭᠠᠭᠤᠯᠬᠤ ᠪᠠ ᠡᠳᠦᠷ ᠲᠤᠲᠤᠮ ᠤᠨ ᠲᠣᠬᠢᠷᠠᠭᠤᠯᠤᠯᠲᠠ ᠬᠢᠬᠦ ᠶᠢ | ᠬᠠᠷᠢᠭᠤᠴᠠᠵᠤ᠂ ᠴᠢᠯᠠᠭᠤᠨ ᠲᠣᠰᠣ ᠪᠣᠯᠤᠨ ᠪᠠᠶᠢᠭᠠᠯᠢ ᠶᠢᠨ ᠰᠢᠳᠠᠮᠠᠬᠠᠢ ᠬᠡᠢ ᠶᠢᠨ ᠠᠵᠢᠯ ᠲᠥᠷᠥᠯ ᠤᠨ ᠬᠥᠭᠵᠢᠯᠲᠡ | ᠶᠢᠨ ᠲᠥᠯᠥᠪᠵᠢᠭᠦᠯᠭᠡ ᠶᠢ ᠳᠣᠭᠤᠷᠪᠢᠬᠤ ᠶᠢᠨ ᠬᠠᠮᠲᠤ ᠭᠡᠷᠡᠭᠵᠢᠬᠦᠯᠬᠦ ᠶᠢ ᠵᠣᠬᠢᠶᠠᠨ ᠪᠠᠶᠢᠭᠤᠯᠣᠨ᠎ᠠ᠃ ᠲᠣᠭᠲᠠᠭᠠᠭᠰᠠᠨ | ᠡᠷᠬᠡ ᠮᠡᠳᠡᠯ ᠤᠨ ᠬᠡᠪᠴᠢᠶᠡᠨ ᠳᠤ ᠪᠦᠬᠦ ᠠᠶᠢᠮᠠᠭ ᠤᠨ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠶ ᠬᠡᠢ ᠵᠢᠴᠢ | ᠲᠣᠰᠣ ᠪᠣᠯᠪᠠᠰᠤᠷᠠᠭᠤᠯᠬᠤ᠂ ᠨᠡᠭᠦᠷᠡᠰᠦ ᠪᠠᠷ ᠲᠦᠯᠡᠰᠢ ᠬᠢᠬᠦ ᠪᠠ ᠲᠦᠯᠡᠰᠢᠨ ᠳᠤ ᠬᠡᠷᠡᠭᠯᠡᠬᠦ ᠡᠲ᠋ᠢᠯ ᠠᠯᠺᠣᠣᠯ ᠤᠨ | ᠠᠵᠢᠯ ᠳᠦᠷᠦᠯ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠴᠢᠬᠤᠯᠠ ᠶᠡᠭᠡ ᠲᠥᠷᠥᠯ ᠵᠦᠶᠯ ᠢ | ᠬᠢᠨᠠᠨ ᠵᠦᠪᠰᠢᠶᠡᠷᠡᠬᠦ᠂ ᠬᠢᠨᠠᠨ ᠬᠠᠷᠭᠤᠭᠤᠯᠬᠤ ᠵᠢᠴᠢ ᠬᠢᠨᠠᠨ ᠬᠠᠷᠭᠤᠭᠤᠯᠵᠤ ᠳᠠᠮᠵᠢᠭᠤᠯᠣᠨ ᠮᠡᠳᠡᠭᠦᠯᠬᠦ ᠵᠡᠷᠭᠡ ᠠᠵᠢᠯ | ᠢ ᠡᠭᠦᠷᠭᠡᠯᠡᠨ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠪᠣᠯᠤᠨ ᠲᠥᠷᠥᠯ ᠵᠦᠶᠯ ᠤᠨ ᠬᠠᠤᠯᠢ ᠶᠣᠰᠣᠴᠢ | ᠴᠢᠨᠠᠷ ᠤᠨ ᠬᠢᠨᠠᠨ ᠪᠠᠶᠢᠴᠠᠭᠠᠯᠲᠠ ᠶᠢ ᠡᠭᠦᠷᠭᠡᠯᠡᠨ᠎ᠡ᠃ | ( ᠲᠠᠪᠤ ) ᠠᠶᠣᠯ ᠦᠬᠡᠢ ᠦᠶᠯᠡᠳᠪᠦᠷᠢᠯᠡᠯ ᠳᠤ ᠬᠢᠨᠠᠯᠲᠠ ᠲᠠᠯᠪᠢᠬᠤ ᠠᠵᠢᠯ ᠤᠨ ᠰᠠᠯᠠᠭ᠎ᠠ᠃ ᠪᠦᠬᠦ | ᠠᠶᠢᠮᠠᠭ ᠤᠨ ᠨᠡᠭᠦᠷᠡᠰᠦᠨ ᠠᠭᠤᠷᠬᠠᠶ᠂ ᠴᠠᠬᠢᠯᠭᠠᠨ ᠬᠦᠴᠦᠨ ᠤ ᠠᠵᠢᠯᠯᠠᠭᠠᠨ᠂ ᠴᠢᠯᠠᠭᠤᠨ ᠲᠣᠰᠣ ᠪᠠᠶᠢᠭᠠᠯᠢ ᠶᠢᠨ | ᠰᠢᠲᠠᠮᠠᠬᠠᠶ ᠬᠡᠢ ᠶᠢ ᠠᠯᠣᠰ ᠲᠤ ᠳᠠᠮᠵᠢᠭᠤᠯᠬᠤ ᠬᠤᠭᠤᠯᠠᠶ ᠶᠢᠨ ᠠᠶᠤᠯ ᠦᠭᠡᠶ ᠦᠶᠯᠡᠳᠪᠦᠷᠢᠯᠡᠯ ᠤᠨ ᠬᠢᠨᠠᠠ | ᠬᠠᠮᠢᠶᠠᠷᠤᠯᠲᠠ ᠪᠣᠯᠤᠨ ᠲᠤᠰᠬᠠᠶ ᠳᠦᠷᠦᠯ ᠢᠶᠠᠷ ᠴᠡᠭᠴᠡᠯᠡᠨ ᠵᠠᠰᠠᠬᠤ ᠠᠵᠢᠯ ᠤᠨ ᠵᠢᠯᠣᠭᠤᠳᠣᠯᠭ᠎ᠠ ᠪᠣᠯᠤᠨ ᠬᠢᠨᠠᠯᠲᠠ | ᠲᠠᠯᠪᠢᠯᠲᠠ ᠶᠢ ᠬᠠᠷᠢᠭᠤᠴᠠᠵᠤ᠂ ᠠᠶᠤᠯ ᠦᠭᠡᠶ ᠦᠶᠯᠡᠳᠪᠦᠷᠢᠯᠡᠯ ᠤᠨ ᠲᠥᠯᠥᠪᠵᠢᠭᠦᠯᠭᠡ ᠶᠢ ᠳᠣᠭᠤᠷᠪᠢᠨ | ᠲᠣᠭᠲᠠᠭᠠᠬᠤ ᠶᠢᠨ ᠬᠠᠮᠲᠤ ᠬᠡᠷᠡᠭᠵᠢᠬᠦᠯᠬᠦ ᠶᠢ ᠵᠣᠬᠢᠶᠠᠨ ᠪᠠᠶᠢᠭᠤᠯᠣᠨ᠎ᠠ᠃ ᠪᠦᠬᠦ ᠠᠶᠢᠮᠠᠭ ᠤᠨ ᠨᠡᠭᠦᠷᠡᠰᠦᠨ ᠠᠭᠤᠷᠬᠠᠶ | ᠂ ᠴᠠᠬᠢᠯᠭᠠᠨ ᠬᠦᠴᠦᠨ ᠤ ᠠᠵᠢᠯᠯᠠᠭᠠᠨ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠢ ᠶᠢ ᠠᠯᠣᠰ ᠲᠤ | ᠳᠠᠮᠵᠢᠭᠤᠯᠬᠤ ᠬᠤᠭᠤᠯᠠᠶ ᠶᠢᠨ ᠠᠶᠤᠯ ᠦᠭᠡᠶ ᠪᠠᠶᠢᠳᠠᠯ ᠤᠨ ᠬᠢᠨᠠᠠ ᠬᠠᠮᠢᠶᠠᠷᠣᠯᠳᠠ ᠶᠢ ᠬᠠᠷᠢᠭᠤᠴᠠᠬᠤ ᠰᠠᠯᠠᠭ᠎ᠠ | ᠮᠥᠴᠢᠷ ᠵᠢᠴᠢ ᠠᠵᠤ ᠠᠬᠤᠶᠢᠯᠠᠯ ᠤᠨ ᠠᠶᠤᠯ ᠦᠭᠡᠶ ᠦᠶᠯᠡᠳᠪᠦᠷᠢᠯᠡᠯ ᠤᠨ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠲᠠ ᠳᠤ ᠬᠢᠨᠠᠯᠲᠠ ᠲᠠᠯᠪᠢᠵᠤ ᠪᠠᠶᠢᠴᠠᠭᠠᠨ᠎ᠠ᠃ ᠪᠦᠬᠦ ᠠᠶᠢᠮᠠᠭ ᠤᠨ ᠨᠡᠭᠦᠷᠡᠰᠦᠨ ᠠᠭᠤᠷᠬᠠᠶ ᠶᠢᠨ | ᠭᠠᠰ ᠵᠡᠷᠭᠡ ᠬᠦᠨᠳᠦ ᠶᠡᠭᠡ ᠭᠠᠮᠰᠢᠭ ᠢ ᠰᠡᠷᠭᠡᠶᠢᠯᠡᠨ ᠵᠠᠰᠠᠬᠤ᠂ ᠠᠶᠤᠯ ᠦᠭᠡᠶ ᠦᠶᠯᠡᠳᠪᠦᠷᠢᠯᠡᠯ ᠤᠨ | ᠪᠠᠷᠢᠮᠵᠢᠶᠠᠵᠢᠭᠤᠯᠤᠯᠲᠠ ᠵᠡᠷᠭᠡ ᠠᠶᠤᠯ ᠦᠭᠡᠶ ᠪᠠᠶᠢᠳᠠᠯ ᠤᠨ ᠰᠠᠭᠤᠷᠢ ᠪᠦᠲᠦᠭᠡᠨ ᠪᠠᠶᠢᠭᠤᠯᠤᠯᠲᠠ ᠶᠢ ᠵᠢᠯᠣᠭᠤᠳᠬᠤ | ᠪᠠ ᠬᠢᠨᠠᠯᠲᠠ ᠲᠠᠯᠪᠢᠨ᠎ᠠ᠃ ᠠᠵᠤ ᠠᠬᠤᠶᠢᠯᠠᠯ ᠤᠨ ᠠᠵᠢᠯ ᠡᠷᠬᠢᠯᠡᠭᠰᠡᠳ ᠤᠨ ᠠᠶᠤᠯ ᠦᠭᠡᠢ ᠶᠢᠨ ᠳᠣᠬᠠᠢ | ᠪᠣᠯᠪᠠᠰᠤᠷᠠᠯ ᠤᠨ ᠬᠠᠮᠢᠶᠠᠷᠤᠯᠲᠠ ᠪᠣᠯᠤᠨ ᠬᠢᠨᠠᠨ ᠰᠢᠯᠭᠠᠵᠤ ᠦᠨᠡᠮᠯᠡᠯ ᠣᠯᠭᠤᠬᠤ ᠠᠵᠢᠯ ᠢ ᠬᠠᠷᠢᠭᠤᠴᠠᠨ᠎ᠠ᠃ ᠪᠦᠬᠦ | ᠠᠶᠢᠮᠠᠭ ᠤᠨ ᠡᠨᠧᠷᠭᠢ ᠶᠢᠨ ᠠᠵᠢᠯ ᠲᠥᠷᠥᠯ ᠤᠨ ᠬᠦᠨᠳᠦ ᠣᠨᠴᠠ ᠶᠡᠭᠡ ᠦᠶᠯᠡᠳᠪᠦᠷᠢᠯᠡᠯ ᠤᠨ ᠠᠶᠤᠯ ᠦᠭᠡᠶ ᠶᠢᠨ | ᠠᠳᠡᠯ ᠭᠡᠷᠡᠭ ᠤᠨ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠨ ᠲᠤᠰᠠᠯᠠᠬᠤ᠂ ᠠᠶᠤᠯ ᠭᠠᠮᠰᠢᠭ ᠠᠴᠠ ᠠᠪᠤᠷᠠᠬᠤ᠂ | ᠪᠠᠶᠢᠴᠠᠭᠠᠨ ᠰᠢᠶᠳᠪᠦᠷᠢᠯᠡᠬᠦ ᠵᠡᠷᠭᠡ ᠠᠵᠢᠯ ᠢ ᠬᠠᠮᠵᠢᠯᠴᠠᠨ ᠵᠣᠬᠢᠴᠠᠭᠤᠯᠤᠨ᠎ᠠ᠃ ᠪᠥᠬᠦ ᠠᠶᠢᠮᠠᠭ ᠤᠨ ᠡᠨᠧᠷᠭᠢ ᠶᠢᠨ | ᠠᠵᠢᠯ ᠲᠥᠷᠥᠯ ᠤᠨ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠭᠡᠷᠡᠭᠵᠢᠬᠦᠯᠦᠭᠰᠡᠨ ᠳᠣᠬᠠᠢ ᠪᠠᠶᠢᠴᠠᠭᠠᠯᠲᠠ | ᠵᠢᠴᠢ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠬᠠᠤᠯᠢ ᠴᠠᠭᠠᠵᠠ ᠶᠢᠨ | ᠬᠡᠷᠡᠭ ᠶᠠᠪᠤᠳᠠᠯ ᠤᠨ ᠴᠢᠨᠠᠷᠲᠠᠶ ᠠᠵᠢᠯ ᠢ ᠵᠢᠯᠣᠭᠤᠳᠤᠨ ᠳᠦᠷᠢᠮᠵᠢᠬᠦᠯᠦᠨ᠎ᠡ᠃ | ᠳᠠᠪᠣᠳᠣᠭᠠᠷ ᠵᠦᠶᠯ ᠠᠶᠢᠮᠠᠭ ᠤᠨ ᠡᠨᠧᠷᠭᠢ ᠶᠢᠨ ᠲᠣᠪᠴᠢᠶ᠎ᠠ ᠶᠢᠨ ᠬᠠᠷᠢᠶ᠎ᠠ ᠪᠦᠬᠦᠢ ᠠᠵᠢᠯ ᠦᠶᠯᠡᠰ ᠤᠨ | ᠨᠢᠭᠡᠴᠡ ᠶᠢᠨ ᠳᠣᠬᠢᠷᠠᠭᠤᠯᠣᠯᠳᠠ᠂ ᠡᠭᠦᠷᠭᠡ ᠬᠠᠷᠢᠭᠤᠴᠠᠯᠭ᠎ᠠ ᠪᠠ ᠣᠷᠣᠨ ᠳᠣᠭᠠᠨ ᠤ ᠳᠣᠬᠠᠢ ᠬᠡᠷᠡᠭ ᠶᠠᠪᠣᠳᠠᠯ ᠢ | ᠠᠰᠳᠠᠭᠠᠨ ᠲᠣᠭᠲᠠᠭᠠᠨ᠎ᠠ᠃ | ᠵᠢᠷᠭᠤᠳᠣᠭᠠᠷ ᠵᠦᠢᠯ ᠲᠤᠰ ᠲᠣᠭᠲᠠᠭᠠᠯ ᠤᠨ ᠳᠠᠶᠢᠯᠪᠣᠷᠢᠯᠠᠯᠳᠠ ᠶᠢ ᠬᠦᠢᠴᠡᠳᠭᠡᠬᠦ ᠠᠵᠢᠯ ᠢ ᠠᠶᠢᠮᠠᠭ ᠤᠨ | ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠣᠭᠠᠨ ᠤ ᠬᠤᠷᠢᠶ᠎ᠠ ᠶᠢᠨ ᠠᠯᠪᠠᠨ ᠭᠡᠷ ᠠᠴᠠ ᠬᠠᠷᠢᠭᠤᠴᠠᠵᠤ᠂ | ᠲᠤᠬᠢᠷᠠᠭᠤᠯᠤᠯᠳᠠ ᠬᠢᠬᠦ ᠶᠢ ᠠᠶᠢᠮᠠᠭ ᠤᠨ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠣᠭᠠᠨ ᠤ ᠬᠤᠷᠢᠶ᠎ᠠ | ᠶᠢᠨ ᠠᠯᠪᠠᠨ ᠭᠡᠷ ᠠᠴᠠ ᠲᠣᠭᠲᠠᠭᠠᠭᠰᠠᠨ ᠲᠡᠰ ᠳᠠᠷᠠᠭᠠᠯᠠᠯ ᠶᠣᠰᠣᠭᠠᠷ ᠭᠦᠢᠴᠡᠳᠬᠡᠨ᠎ᠡ᠃ | ᠳᠣᠯᠣᠳᠤᠭᠠᠷ ᠵᠦᠶᠯ ᠲᠣᠰ ᠲᠣᠭᠲᠠᠭᠠᠯ ᠢ 2019 ᠣᠨ ᠤ 3 ᠰᠠᠷ᠎ᠠ ᠶᠢᠨ 28 ᠤ ᠡᠳᠦᠷ ᠠᠴᠠ | ᠡᠬᠢᠯᠡᠵᠦ ᠭᠡᠷᠡᠭᠵᠢᠬᠦᠯᠦᠨ᠎ᠡ᠃ | ᠰᠦᠯᠵᠢᠶᠡᠨ ᠤ ᠬᠠᠶ᠋ᠢᠭ᠄ http://nyj.als.gov.cn |